ᠰᠤᠷᠭᠠᠨ ᠬᠥᠮᠦᠵᠢᠯ ᠡᠨᠧᠷᠭᠢ ᠣᠯᠭᠤᠵᠤ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠤᠶ᠎ᠠ — ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠰᠦ ᠶᠢᠨ ᠦᠢᠯᠡᠰ ᠤᠨ ᠳᠡᠭᠡᠳᠦ ᠰᠤᠷᠭᠠᠭᠤᠯᠢ ᠶᠢᠨ ᠫᠠᠶᠢᠰᠠ ᠶᠢ ᠰᠡᠬᠦᠪᠡ  ᠪᠦᠦ ᠰᠢᠶᠠᠨ ᠬᠤᠸᠠ ᠣᠷᠣᠯᠴᠠᠭᠰᠠᠨ ᠪᠥᠭᠡᠳ ᠫᠠᠶᠢᠰᠠ ᠶᠢ ᠰᠡᠬᠦᠪᠡ
ᠨᠡᠶᠢᠲᠡᠯᠡᠭᠰᠡᠨ ᠴᠠᠭ᠄
2023/4/10
     4 ᠰᠠᠷ᠎ᠠ ᠶᠢᠨ 6 ᠤ ᠡᠳᠦᠷ ᠤᠨ ᠦᠳᠡ ᠶᠢᠨ ᠬᠤᠶᠢᠨ᠎ᠠ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠪᠣᠯᠤᠨ ᠬᠥᠬᠡᠬᠤᠲᠠ ᠶᠢᠨ ᠵᠠᠰᠠᠭ ᠤᠨ ᠣᠷᠳᠣᠨ᠂ ᠢᠯᠢ ᠪᠦᠯᠦᠭᠯᠡᠯ ᠤᠨ ᠬᠢᠨ ᠰᠤᠷᠭᠠᠭᠤᠯᠢ ᠣᠷᠣᠨ ᠨᠤᠲᠤᠭ ᠠᠵᠤ ᠠᠬᠤᠶᠢᠯᠠᠯ ᠬᠠᠮᠲᠤᠷᠠᠨ ᠪᠠᠶᠢᠭᠤᠯᠤᠭᠰᠠᠨ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠰᠦ ᠶᠢᠨ ᠦᠢᠯᠡᠰ ᠤᠨ ᠳᠡᠭᠡᠳᠦ ᠰᠤᠷᠭᠠᠭᠤᠯᠢ ᠶᠢᠨ ᠫᠠᠶᠢᠰᠠ ᠰᠡᠬᠦᠬᠦ ᠶᠣᠰᠣᠯᠠᠯ ᠢ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠳᠤ ᠶᠠᠪᠤᠭᠳᠠᠭᠤᠯᠪᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ ᠪᠦᠦ ᠰᠢᠶᠠᠨ ᠬᠤᠸᠠ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠬᠤᠸᠠᠩ ᠶᠠ ᠯᠢ᠂ ᠬᠥᠬᠡᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠾᠧ ᠬᠠᠢ ᠳ᠋ᠦᠩ᠂ ᠢᠯᠢ ᠪᠦᠯᠦᠭᠯᠡᠯ ᠤᠨ ᠳᠡᠭᠡᠳᠦ ᠳᠡᠰ ᠤᠨ ᠭᠦᠢᠴᠡᠳᠬᠡᠭᠴᠢ ᠶᠡᠷᠦᠩᠬᠡᠢ ᠵᠠᠬᠢᠷᠤᠭᠴᠢ ᠵᠠᠩ ᠵᠢᠶᠠᠨ ᠴᠢᠦ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠨᠠᠮ ᠤᠨ ᠬᠤᠷᠢᠶᠠᠨ ᠤ ᠱᠦᠵᠢ ᠴᠧᠨ ᠶᠦᠩ ᠱᠧᠩ ᠬᠠᠮᠲᠤ ᠳᠤ ᠪᠠᠨ ᠰᠦ ᠶᠢᠨ ᠦᠢᠯᠡᠰ ᠤᠨ ᠳᠡᠭᠡᠳᠦ ᠰᠤᠷᠭᠠᠭᠤᠯᠢ ᠶᠢᠨ ᠫᠠᠶᠢᠰᠠ ᠶᠢ ᠰᠡᠬᠦᠪᠡ᠃ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠨᠠᠮ ᠤᠨ ᠬᠤᠷᠢᠶᠠᠨ ᠤ ᠳᠡᠳ᠋ ᠱᠦᠵᠢ᠂ ᠰᠤᠷᠭᠠᠭᠤᠯᠢ ᠶᠢᠨ ᠵᠠᠬᠢᠷᠤᠯ ᠭᠤᠤ ᠵᠢᠤᠢ ᠯᠢᠨ ᠫᠠᠶᠢᠰᠠ ᠰᠡᠬᠦᠬᠦ ᠶᠣᠰᠣᠯᠠᠯ ᠢ ᠡᠷᠬᠢᠯᠡᠪᠡ᠃

     ᠬᠤᠸᠠᠩ ᠶᠠ ᠯᠢ ᠪᠠᠶᠠᠷ ᠤᠨ ᠦᠭᠡᠨ ᠳᠤ ᠪᠠᠨ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ

ᠰᠤᠷᠭᠠᠭᠤᠯᠢ ᠶᠢᠨ ᠰᠦ ᠶᠢᠨ ᠦᠢᠯᠡᠰ ᠤᠨ ᠳᠡᠭᠡᠳᠦ ᠰᠤᠷᠭᠠᠭᠤᠯᠢ ᠪᠠᠶᠢᠭᠤᠯᠤᠭᠳᠠᠭᠰᠠᠨ ᠨᠢ ᠮᠠᠨ ᠤ ᠣᠷᠣᠨ ᠤ

ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂

ᠬᠤᠲᠠ ᠶᠢᠨ ᠬᠡᠪᠴᠢᠶᠡᠨ ᠤ ᠠᠵᠤ ᠦᠢᠯᠡᠰ ᠪᠠ ᠰᠤᠷᠭᠠᠨ ᠬᠥᠮᠦᠵᠢᠯ ᠤᠨ ᠬᠤᠯᠪᠣᠭᠠᠲᠤ ᠴᠣᠭᠴᠠ᠂ ᠠᠵᠢᠯ ᠲᠥᠷᠥᠯ

 ᠤᠨ ᠠᠵᠤ ᠦᠢᠯᠡᠰ ᠪᠠ ᠰᠤᠷᠭᠠᠨ ᠬᠥᠮᠦᠵᠢᠯ ᠢ ᠠᠭᠤᠰᠬᠠᠭᠰᠠᠨ ᠬᠠᠮᠲᠤ ᠶᠢᠨ ᠴᠣᠭᠴᠠ ᠶᠢ ᠬᠦᠴᠦᠯᠡᠨ ᠪᠠᠶᠢᠭᠤᠯᠵᠤ᠂

ᠰᠢᠨ᠎ᠡ ᠶᠢ ᠡᠭᠦᠳᠬᠦ ᠬᠡᠯᠪᠡᠷᠢ ᠶᠢᠨ ᠥᠨᠳᠥᠷ ᠬᠡᠪ ᠪᠣᠯᠪᠠᠰᠤᠷᠠᠯ ᠲᠠᠢ ᠴᠢᠳᠠᠪᠤᠷᠢᠲᠠᠨ ᠢ ᠬᠠᠮᠵᠢᠯᠴᠠᠨ ᠬᠥᠮᠦᠵᠢᠭᠦᠯᠬᠦ

ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠪᠣᠯᠬᠤ ᠪᠥᠭᠡᠳ ᠮᠠᠨ ᠤ ᠣᠷᠣᠨ ᠤ ᠳᠡᠭᠡᠳᠦ ᠰᠤᠷᠭᠠᠭᠤᠯᠢ ᠶᠢᠨ ᠥᠪᠡᠷᠲᠡᠭᠡᠨ

ᠵᠠᠰᠠᠬᠤ ᠣᠷᠣᠨ ᠤ ᠠᠵᠤ ᠠᠬᠤᠶ ᠶᠢᠨ ᠴᠢᠨᠠᠷᠯᠢᠭ ᠬᠥᠭᠵᠢᠯᠲᠡ ᠳᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ

ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠲᠡᠷᠡ ᠪᠠᠷ ᠰᠦ ᠶᠢᠨ ᠦᠢᠯᠡᠰ ᠤᠨ ᠳᠡᠭᠡᠳᠦ ᠰᠤᠷᠭᠠᠭᠤᠯᠢ ᠶᠢ ᠰᠠᠶᠢᠲᠤᠷ

ᠪᠦᠳᠦᠭᠡᠨ ᠪᠠᠶᠢᠭᠤᠯᠬᠤ ᠲᠤᠬᠠᠢ ᠭᠤᠷᠪᠠᠨ ᠬᠦᠰᠡᠯ ᠲᠠᠯᠪᠢᠪᠠ᠄ ᠨᠢᠭᠡ ᠳᠤ᠂ ᠤᠯᠤᠰ ᠤᠨ ᠪᠠᠶᠢᠯᠳᠤᠬᠤ ᠪᠤᠳᠤᠯᠭ᠎ᠠ

ᠪᠣᠯᠤᠨ ᠣᠷᠣᠨ ᠪᠦᠰᠡ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠦᠨᠳᠦᠷᠴᠡ ᠠᠴᠠ᠂

ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠰᠦ ᠶᠢᠨ ᠦᠢᠯᠡᠰ ᠤᠨ ᠳᠡᠭᠡᠳᠦ ᠰᠤᠷᠭᠠᠭᠤᠯᠢ ᠶᠢᠨ

ᠪᠦᠳᠦᠭᠡᠨ ᠪᠠᠶᠢᠭᠤᠯᠤᠯᠲᠠ ᠶᠢ ᠤᠷᠢᠳᠴᠢᠯᠠᠨ ᠪᠠᠶᠢᠷᠢᠰᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ

ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠦᠨᠡᠨ ᠬᠦ ᠰᠠᠶᠢᠲᠤᠷ ᠪᠡᠶᠡᠯᠡᠭᠦᠯᠬᠦ ᠬᠡᠷᠡᠭᠲᠡᠢ᠃ ᠬᠤᠶᠠᠷ ᠲᠤ᠂

ᠠᠵᠤ ᠦᠢᠯᠡᠳᠪᠦᠷᠢ ᠪᠠ ᠰᠤᠷᠭᠠᠨ ᠬᠥᠮᠥᠵᠢᠯ ᠢ ᠠᠭᠤᠰᠬᠠᠬᠤ᠂ ᠬᠤᠲᠠ ᠪᠠ ᠰᠤᠷᠭᠠᠭᠤᠯᠢ ᠬᠤᠯᠪᠣᠭᠠᠯᠠᠨ

ᠬᠥᠳᠡᠯᠦᠯᠴᠡᠬᠦ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠵᠦ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ

ᠰᠤᠷᠭᠠᠭᠤᠯᠢ ᠶᠢᠨ ᠰᠦ ᠶᠢᠨ ᠦᠢᠯᠡᠰ ᠤᠨ ᠳᠡᠭᠡᠳᠦ ᠰᠤᠷᠭᠠᠭᠤᠯᠢ ᠶᠢᠨ ᠪᠥᠲᠥᠭᠡᠨ ᠪᠠᠶᠢᠭᠤᠯᠤᠯᠲᠠ ᠶᠢ ᠯᠠᠪᠳᠠᠭᠤᠨ

ᠪᠠᠲᠤᠲᠠᠶ ᠠᠬᠢᠭᠤᠯᠵᠤ᠂ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠳᠤ ᠱᠠᠭᠠᠷᠳᠠᠭᠳᠠᠬᠤ ᠥᠨᠳᠥᠷ ᠬᠡᠪ

ᠪᠣᠯᠪᠠᠰᠤᠷᠠᠯ ᠲᠠᠢ ᠬᠡᠷᠡᠭᠯᠡᠭᠡᠨ ᠤ ᠬᠡᠯᠪᠡᠷᠢ ᠶᠢᠨ᠂ ᠬᠠᠮ ᠬᠡᠯᠪᠡᠷᠢ ᠶᠢᠨ᠂ ᠰᠢᠨ᠎ᠡ ᠶᠢ ᠡᠭᠦᠳᠬᠦ ᠬᠡᠯᠪᠡᠷᠢ ᠶᠢᠨ ᠬᠡᠰᠡᠭ

ᠪᠦᠯᠦᠭ ᠴᠢᠳᠠᠪᠤᠷᠢᠲᠠᠨ ᠢ ᠬᠥᠮᠦᠵᠢᠭᠦᠯᠬᠦ ᠬᠡᠷᠡᠭᠲᠡᠶ᠃ ᠭᠤᠷᠪᠠ ᠳᠤ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ

ᠰᠤᠷᠭᠠᠭᠤᠯᠢ ᠶᠢᠨ ᠰᠦ ᠶᠢᠨ ᠦᠢᠯᠡᠰ ᠤᠨ ᠳᠡᠭᠡᠳᠦ ᠰᠤᠷᠭᠠᠭᠤᠯᠢ ᠶᠢᠨ ᠪᠥᠲᠥᠭᠡᠨ ᠪᠠᠶᠢᠭᠤᠯᠤᠯᠲᠠ ᠪᠠᠷ ᠠᠵᠠ

ᠲᠣᠬᠢᠶᠠᠯ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ᠂ ᠠᠮᠢ

ᠠᠬᠤᠶ ᠶᠢᠨ ᠪᠣᠯᠪᠠᠰᠤᠨ ᠤ ᠪᠠᠶᠢᠭᠤᠯᠤᠯᠲᠠ ᠳᠤ ᠦᠢᠯᠡᠴᠢᠯᠡᠬᠦ ᠪᠠᠷ ᠤᠳᠤᠷᠢᠳᠤᠮᠵᠢ ᠪᠣᠯᠭᠠᠵᠤ᠂ ᠰᠢᠨ᠎ᠡ

ᠲᠠᠷᠢᠶᠠᠯᠠᠩ ᠤᠨ ᠰᠢᠨᠵᠢᠯᠡᠬᠦ ᠤᠬᠠᠭᠠᠨ ᠤ ᠪᠥᠲᠥᠭᠡᠨ ᠪᠠᠶᠢᠭᠤᠯᠤᠯᠲᠠ ᠶᠢ ᠥᠳᠲᠡᠷ ᠲᠦᠷᠭᠡᠨ ᠠᠬᠢᠭᠤᠯᠵᠤ᠂

ᠲᠠᠷᠢᠶᠠᠯᠠᠩ ᠣᠶ ᠰᠢᠭᠤᠶ ᠶᠢᠨ ᠭᠠᠷᠮᠠᠭᠠᠶ ᠴᠢᠳᠠᠪᠤᠷᠢᠲᠠᠨ ᠢ ᠬᠦᠴᠦᠯᠡᠨ ᠬᠥᠮᠦᠵᠢᠭᠦᠯᠵᠦ᠂ ᠤᠯᠤᠰ ᠤᠨ ᠴᠢᠬᠤᠯᠠ

ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ  ᠭᠠᠵᠠᠷ ᠤᠨ

ᠪᠥᠲᠥᠭᠡᠨ ᠪᠠᠶᠢᠭᠤᠯᠤᠯᠲᠠ ᠶᠢ ᠳᠡᠮᠵᠢᠬᠦ᠂ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠴᠢᠨᠰᠠᠭ᠎ᠠ ᠪᠠᠷ ᠣᠷᠣᠨ ᠢᠶᠠᠨ

ᠬᠦᠴᠦᠷᠬᠡᠭᠵᠢᠭᠦᠯᠬᠦ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠳᠤ ᠴᠢᠳᠠᠪᠤᠷᠢᠲᠠᠨ ᠤ ᠬᠦᠴᠦᠲᠡᠶ ᠳᠡᠮᠵᠢᠯᠭᠡ ᠪᠠ

ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠯ ᠢ ᠬᠠᠩᠭᠠᠬᠤ ᠬᠡᠷᠡᠭᠲᠡᠶ ᠭᠡᠵᠡᠢ᠃

     ᠾᠧ ᠬᠠᠶ ᠳ᠋ᠦᠩ᠂ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠪᠣᠯ ᠥᠪᠥᠷ ᠮᠣᠩᠭᠤᠯ ᠤᠨ

ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠬᠢᠭᠤᠯᠵᠤ ᠪᠠᠶᠢᠭ᠎ᠠ ᠵᠠᠰᠠᠭ ᠤᠨ ᠣᠷᠳᠣᠨ ᠤ

ᠭᠤᠤᠯᠳᠠᠯᠭ᠎ᠠ ᠲᠠᠢ ᠠᠵᠢᠯ ᠪᠣᠯᠤᠨ᠎ᠠ᠂ ᠬᠥᠬᠡᠬᠤᠲᠠ ᠶᠢᠨ ᠵᠠᠰᠠᠭ ᠤᠨ ᠣᠷᠳᠣᠨ᠂ ᠥᠪᠥᠷ ᠮᠣᠩᠭᠤᠯ ᠤᠨ ᠲᠠᠷᠢᠶᠠᠯᠠᠩ

 ᠤᠨ ᠶᠡᠭᠡ ᠰᠤᠷᠭᠠᠭᠤᠯᠢ ᠪᠣᠯᠤᠨ ᠢᠯᠢ ᠪᠦᠯᠦᠭᠯᠡᠯ ᠤᠨ ᠴᠢᠩ ᠦᠨᠡᠨᠴᠢ ᠬᠠᠮᠲᠤᠷᠠᠯᠴᠠᠭ᠎ᠠ ᠪᠠᠷ ᠰᠦ ᠶᠢᠨ ᠦᠢᠯᠡᠰ ᠤᠨ

ᠳᠡᠭᠡᠳᠦ ᠰᠤᠷᠭᠠᠭᠤᠯᠢ ᠶᠢ ᠬᠠᠮᠲᠤ ᠳᠤ ᠪᠠᠨ ᠰᠠᠶᠢᠲᠤᠷ ᠡᠷᠭᠢᠯᠡᠵᠦ᠂ ᠥᠪᠡᠷᠮᠢᠴᠡ ᠣᠨᠴᠠᠯᠢᠭᠲᠤ᠂ ᠴᠢᠨᠠᠷᠯᠢᠭ ᠥᠨᠳᠥᠷ

ᠲᠦᠪᠰᠢᠨᠲᠦ ᠰᠤᠷᠭᠠᠨ ᠬᠥᠮᠦᠵᠢᠯ ᠵᠢᠭᠠᠨ ᠰᠤᠷᠭᠠᠯᠲᠠ ᠪᠣᠯᠤᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠢ

ᠬᠥᠮᠦᠵᠢᠭᠦᠯᠬᠦ ᠥᠨᠳᠦᠷᠯᠢᠭ ᠭᠠᠵᠠᠷ ᠪᠣᠯᠬᠤ ᠪᠠᠷ ᠴᠢᠷᠮᠠᠶᠢᠬᠤ ᠶᠢ ᠬᠦᠰᠡᠵᠦ ᠪᠠᠶᠢᠨ᠎ᠠ᠃ ᠬᠥᠬᠡᠬᠤᠲᠠ ᠶᠢᠨ ᠨᠠᠮ ᠤᠨ

ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠰᠦ ᠶᠢᠨ ᠦᠢᠯᠡᠰ ᠤᠨ ᠳᠡᠭᠡᠳᠦ ᠰᠤᠷᠭᠠᠭᠤᠯᠢ ᠶᠢᠨ ᠪᠥᠲᠥᠭᠡᠨ

ᠪᠠᠶᠢᠭᠤᠯᠤᠯᠲᠠ ᠶᠢᠨ ᠡᠯ᠎ᠡ ᠵᠦᠢᠯ ᠤᠨ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠡᠷᠡᠰ ᠭᠤᠶᠢᠪᠢᠰᠢ ᠥᠬᠡᠶ᠂ ᠪᠥᠬᠦ

ᠬᠦᠴᠦᠨ ᠢᠶᠠᠷ ᠢᠶᠠᠨ ᠰᠠᠶᠢᠲᠤᠷ ᠬᠢᠵᠦ᠂ ᠰᠦ ᠶᠢᠨ ᠦᠢᠯᠡᠰ ᠤᠨ ᠳᠡᠭᠡᠳᠦ ᠰᠤᠷᠭᠠᠭᠤᠯᠢ ᠶᠢᠨ ᠲᠥᠷᠥᠯ ᠵᠦᠢᠯ ᠢ

ᠤᠷᠤᠭᠰᠢᠲᠠᠶ ᠠᠬᠢᠭᠤᠯᠤᠨ ᠬᠡᠷᠡᠭᠵᠢᠭᠦᠯᠵᠦ᠂ ᠡᠷᠲᠡᠬᠡᠨ ᠪᠠᠶᠢᠭᠤᠯᠤᠨ ᠳᠠᠭᠤᠰᠬᠠᠵᠤ ᠬᠡᠷᠡᠭᠯᠡᠬᠦ ᠶᠢ ᠦᠨᠡᠨ ᠬᠦ

ᠪᠠᠲᠤᠯᠠᠨ᠎ᠠ ᠭᠡᠵᠦ ᠢᠯᠡᠳᠬᠡᠪᠡ᠃

     ᠵᠠᠩ ᠵᠢᠶᠠᠨ ᠴᠢᠦ᠂ ᠰᠦ ᠶᠢᠨ ᠦᠢᠯᠡᠰ ᠤᠨ ᠳᠡᠭᠡᠳᠦ ᠰᠤᠷᠭᠠᠭᠤᠯᠢ ᠪᠣᠯ ᠥᠪᠡᠷᠲᠡᠭᠡᠨ ᠵᠠᠰᠠᠬᠤ ᠣᠷᠣᠨ

 ᠠᠴᠠ ᠡᠭᠦᠳᠦᠨ ᠪᠠᠶᠢᠭᠤᠯᠤᠭᠰᠠᠨ ᠤᠯᠤᠰ ᠤᠨ ᠳᠣᠲᠣᠭᠠᠳᠤ ᠶᠢᠨ ᠠᠩᠬᠠᠳᠠᠭᠴᠢ ᠰᠦ ᠶᠢᠨ ᠦᠢᠯᠡᠰ ᠤᠨ ᠳᠡᠭᠡᠳᠦ

ᠰᠤᠷᠭᠠᠭᠤᠯᠢ ᠪᠣᠯᠤᠨ᠎ᠠ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠰᠦ ᠶᠢᠨ ᠦᠢᠯᠡᠰ ᠤᠨ

ᠳᠡᠭᠡᠳᠦ ᠰᠤᠷᠭᠠᠭᠤᠯᠢ ᠪᠠᠶᠢᠭᠤᠯᠤᠭᠳᠠᠭᠰᠠᠨ ᠨᠢ ᠯᠠᠪᠲᠠᠶ ᠠᠵᠤ ᠦᠢᠯᠡᠰ ᠤᠨ ᠬᠡᠯᠬᠢᠶᠡᠨ ᠤ ᠳᠡᠭᠡᠳᠦ ᠳᠤᠤᠷᠠᠳᠤ

ᠤᠷᠤᠰᠬᠠᠯ ᠳᠤ ᠪᠥᠬᠦ ᠬᠦᠴᠦᠨ ᠢᠶᠠᠷ ᠢᠶᠠᠨ ᠬᠦᠴᠦᠨ ᠨᠡᠮᠡᠷᠢᠯᠡᠵᠦ᠂ ᠴᠠᠭᠠᠨ ᠢᠳᠡᠭᠡᠨ ᠤ ᠠᠵᠢᠯ ᠲᠥᠷᠥᠯ ᠤᠨ

ᠮᠡᠷᠭᠡᠵᠢᠯ ᠪᠣᠯᠤᠨ ᠴᠢᠳᠠᠪᠤᠷᠢᠲᠠᠨ ᠤ ᠪᠣᠭᠤᠮᠢ ᠶᠢ ᠰᠢᠪᠲᠤᠯᠵᠤ᠂ ᠦᠢᠯᠡᠳᠪᠦᠷᠢᠯᠡᠬᠦ ᠵᠢᠭᠠᠬᠤ ᠰᠤᠳᠤᠯᠬᠤ ᠬᠡᠷᠡᠭᠯᠡᠬᠦ ᠶᠢ

ᠭᠦᠨᠵᠡᠭᠡᠶ ᠠᠭᠤᠰᠬᠠᠬᠤ ᠶᠢ ᠠᠬᠢᠭᠤᠯᠬᠤ ᠪᠣᠯᠤᠨ᠎ᠠ᠃ ᠢᠯᠢ ᠪᠦᠯᠦᠭᠯᠡᠯ ᠦᠷᠭᠦᠯᠵᠢᠯᠡᠨ ᠳᠠᠭᠠᠭᠤᠯᠤᠭᠴᠢ ᠠᠵᠤ

ᠠᠬᠤᠶᠢᠯᠠᠯ ᠤᠨ ᠬᠥᠲᠥᠯᠥᠨ ᠳᠠᠭᠠᠭᠤᠯᠬᠤ ᠦᠢᠯᠡᠳᠦᠯ ᠢᠶᠠᠨ ᠪᠠᠳᠠᠷᠠᠭᠤᠯᠵᠤ᠂ ᠡᠯ᠎ᠡ ᠬᠠᠮᠲᠤᠷᠠᠯᠴᠠᠭᠠᠨ ᠤ

ᠲᠠᠯ᠎ᠠ ᠶᠢᠨ ᠬᠢᠨ ᠲᠠᠢ ᠭᠠᠷ ᠬᠤᠯᠪᠣᠨ ᠬᠠᠮᠲᠤ ᠪᠠᠷ ᠪᠠᠶᠢᠭᠤᠯᠵᠤ᠂ ᠠᠵᠤ ᠦᠢᠯᠡᠰ ᠤᠨ ᠴᠢᠳᠠᠪᠤᠷᠢᠲᠠᠨ ᠢ

ᠬᠥᠮᠦᠵᠢᠭᠦᠯᠬᠦ ᠶᠢ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ᠰᠦ ᠶᠢᠨ ᠦᠢᠯᠡᠰ ᠤᠨ ᠴᠢᠨᠠᠷᠯᠢᠭ

ᠬᠥᠭᠵᠢᠯᠲᠡ ᠪᠠ ᠳᠤᠮᠳᠠᠳᠤ ᠤᠯᠤᠰ ᠤᠨ ᠰᠦ ᠶᠢᠨ ᠦᠢᠯᠡᠰ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ

ᠨᠠᠩ ᠶᠡᠭᠡ ᠬᠤᠪᠢ ᠨᠡᠮᠡᠷᠢ ᠦᠵᠡᠭᠦᠯᠦᠨ᠎ᠡ ᠭᠡᠵᠦ ᠵᠢᠭᠠᠵᠤ ᠭᠠᠷᠭᠠᠪᠠ᠃

     ᠴᠧᠨ ᠶᠦᠩ ᠱᠧᠩ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠨᠢ ︽ᠬᠥᠮᠦᠨ

ᠬᠥᠮᠦᠵᠢᠭᠦᠯᠬᠦ ᠪᠠᠷ ᠦᠨᠳᠦᠰᠦ ᠪᠣᠯᠭᠠᠵᠤ᠂ ᠠᠵᠤ ᠦᠢᠯᠡᠰ ᠲᠤ ᠦᠢᠯᠡᠴᠢᠯᠡᠬᠦ᠂ ᠠᠭᠤᠰᠤᠯᠴᠠᠨ ᠬᠥᠭᠵᠢᠬᠦ᠂

ᠬᠠᠮᠲᠤᠷᠠᠨ ᠪᠠᠶᠢᠭᠤᠯᠵᠤ ᠬᠠᠮᠲᠤᠷᠠᠨ ᠬᠠᠮᠢᠶᠠᠷᠬᠤ᠂ ᠪᠡᠶ᠎ᠡ ᠪᠠᠨ ᠳᠠᠭᠠᠭᠠᠵᠤ ᠰᠤᠷᠭᠠᠭᠤᠯᠢ ᠡᠷᠭᠢᠯᠡᠬᠦ︾ ᠵᠠᠷᠴᠢᠮ ᠶᠣᠰᠤ

 ᠪᠠᠷ ᠰᠤᠷᠭᠠᠭᠤᠯᠢ ᠣᠷᠣᠨ ᠨᠤᠲᠤᠭ ᠠᠵᠤ ᠠᠬᠤᠶᠢᠯᠠᠯ ᠤᠨ ᠬᠠᠮᠲᠤᠷᠠᠯᠴᠠᠭᠠᠨ ᠤ ᠲᠣᠭᠲᠠᠴᠠ ᠶᠢ ᠤᠯᠠᠮ ᠨᠢᠭᠡ

ᠠᠯᠬᠤᠮ ᠲᠡᠭᠦᠯᠳᠡᠷᠵᠢᠭᠦᠯᠵᠦ᠂ ᠰᠦ ᠶᠢᠨ ᠦᠢᠯᠡᠰ ᠤᠨ ᠪᠥᠬᠦ ᠠᠵᠤ ᠦᠢᠯᠡᠰ ᠤᠨ ᠬᠡᠯᠬᠢᠶᠡᠨ ᠳᠤ ᠰᠠᠭᠤᠷᠢᠯᠠᠨ᠂

ᠰᠤᠷᠭᠠᠭᠤᠯᠢ ᠶᠢᠨ ᠣᠯᠠᠨ ᠰᠢᠨᠵᠢᠯᠡᠭᠡᠨ ᠤ ᠰᠠᠯᠠᠭᠠᠨ ᠤ ᠳᠠᠪᠠᠭᠤᠯᠢᠭ ᠢᠶᠠᠨ ᠪᠠᠳᠠᠷᠠᠭᠤᠯᠵᠤ᠂ ᠥᠨᠳᠥᠷ ᠬᠡᠪ

ᠪᠣᠯᠪᠠᠰᠤᠷᠠᠯ ᠲᠠᠢ ᠬᠡᠷᠡᠭᠯᠡᠭᠡᠨ ᠤ ᠬᠡᠯᠪᠡᠷᠢ ᠶᠢᠨ ᠴᠢᠳᠠᠪᠤᠷᠢᠲᠠᠨ ᠢ ᠥᠳᠲᠡᠷ ᠲᠦᠷᠭᠡᠨ ᠬᠥᠮᠦᠵᠢᠭᠦᠯᠵᠦ᠂ ᠰᠦ ᠶᠢᠨ

ᠦᠢᠯᠡᠰ ᠤᠨ ᠳᠡᠭᠡᠳᠦ ᠰᠤᠷᠭᠠᠭᠤᠯᠢ ᠶᠢ ᠥᠪᠡᠷᠮᠢᠴᠡ ᠣᠨᠴᠠᠯᠢᠭ ᠲᠠᠢ᠂ ᠥᠨᠳᠥᠷ ᠲᠦᠪᠰᠢᠨ ᠲᠠᠢ ᠡᠷᠭᠢᠯᠡᠬᠦ ᠪᠠᠷ

ᠴᠢᠷᠮᠠᠶᠢᠨ᠂ ᠥᠪᠡᠷᠲᠡᠭᠡᠨ ᠵᠠᠰᠠᠬᠤ ᠣᠷᠣᠨ ᠤ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠳᠤ ᠬᠦᠴᠦᠷᠬᠡᠭ

ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠡᠮᠵᠢᠯᠭᠡ ᠪᠠ ᠴᠢᠳᠠᠪᠤᠷᠢᠲᠠᠨ ᠤ ᠪᠠᠲᠤᠯᠠᠭ᠎ᠠ ᠬᠠᠩᠭᠠᠨ᠎ᠠ ᠭᠡᠵᠦ

ᠢᠯᠡᠳᠬᠡᠪᠡ᠃

     ᠫᠠᠶᠢᠰᠠ ᠰᠡᠬᠦᠬᠦ ᠶᠣᠰᠣᠯᠠᠯ ᠤᠨ ᠳᠠᠷᠠᠭ᠎ᠠ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠪᠣᠯᠤᠨ

ᠬᠥᠬᠡᠬᠤᠲᠠ ᠶᠢᠨ ᠵᠠᠰᠠᠭ ᠤᠨ ᠣᠷᠳᠣᠨ᠂ ᠢᠯᠢ ᠪᠦᠯᠦᠭᠯᠡᠯ ᠬᠠᠮᠲᠤᠷᠠᠨ ︽ᠥᠪᠥᠷ ᠮᠣᠩᠭᠤᠯ ᠤᠨ ᠲᠠᠷᠢᠶᠠᠯᠠᠩ ᠤᠨ ᠶᠡᠭᠡ

ᠰᠤᠷᠭᠠᠭᠤᠯᠢ ᠶᠢᠨ ᠰᠦ ᠶᠢᠨ ᠦᠢᠯᠡᠰ ᠤᠨ ᠳᠡᠭᠡᠳᠦ ᠰᠤᠷᠭᠠᠭᠤᠯᠢ ᠶᠢᠨ ᠪᠠᠶᠢᠯᠳᠤᠬᠤ ᠪᠣᠳᠣᠯᠭ᠎ᠠ ᠶᠢᠨ

ᠬᠠᠮᠲᠤᠷᠠᠯᠴᠠᠭᠠᠨ ᠤ ᠴᠠᠬᠤᠪᠴᠢ ᠬᠡᠯᠡᠯᠴᠡᠭᠡᠷ︾ ᠢ ᠲᠣᠭᠲᠠᠪᠠ᠃

 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号