ᠬᠤᠷᠰᠢᠶᠠᠯᠠᠵᠤ ᠬᠠᠮᠲᠤᠷᠠᠨ ᠪᠠᠶᠢᠭᠤᠯᠵᠤ ᠨᠠᠮ ᠤᠨ ᠡᠭᠦᠷ ᠬᠠᠮᠲᠤᠷᠠᠨ ᠪᠠᠶᠢᠭᠤᠯᠵᠤ ᠰᠣᠯᠢᠯᠴᠠᠭ᠎ᠠ ᠶᠢ ᠠᠬᠢᠭᠤᠯᠤᠨ᠂ ᠦᠨᠳᠦᠰᠦᠨ ᠱᠠᠲᠤ ᠪᠠᠶᠢᠴᠠᠭᠠᠨ ᠰᠣᠳᠤᠯᠵᠤ ᠬᠥᠭᠵᠢᠯᠲᠡ ᠶᠢ ᠰᠦᠪᠡᠭᠴᠢᠯᠡᠨᠡᠮ — ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠪᠡᠶ᠎ᠡ ᠶᠢᠨ ᠲᠠᠮᠢᠷ ᠡᠷᠡᠭᠦᠯ ᠬᠠᠮᠠᠭᠠᠯᠠᠯ ᠤᠷᠠᠯᠢᠭ ᠬᠢᠭᠡᠳ ᠬᠥᠳᠡᠯᠮᠦᠷᠢ ᠶᠢᠨ ᠬᠥᠮᠥᠵᠢᠯ ᠤᠨ ᠭᠠᠵᠠᠷ ᠤᠨ ᠨᠠᠮ ᠤᠨ ᠡᠭᠦᠷ ᠪᠣᠯᠤᠨ ᠰᠠᠶᠢᠬᠠᠨ ᠲᠣᠭᠤᠷᠢᠭ ᠤᠨ ᠪᠠᠷᠠᠭᠤᠨ ᠪᠠᠶᠠᠨ ᠪᠡᠯᠴᠢᠭᠡᠷ ᠭᠤᠤᠯ ᠰᠤᠷᠭᠠᠭᠤᠯᠢ ᠶᠢᠨ ᠨᠠᠮ ᠤᠨ ᠡᠭᠦᠷ ᠬᠤᠷᠰᠢᠶᠠᠯᠠᠵᠤ ᠬᠠᠮᠲᠤᠷᠠᠨ ᠪᠠᠶᠢᠭᠤᠯᠬᠤ ᠠᠵᠢᠯᠯᠠᠭ᠎ᠠ ᠢ ᠥᠷᠨᠢᠭᠦᠯᠪᠡ
ᠨᠡᠶᠢᠲᠡᠯᠡᠭᠰᠡᠨ ᠴᠠᠭ᠄
2023/4/10
     ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠵᠣᠬᠢᠶᠠᠨ ᠪᠠᠶᠢᠭᠤᠯᠤᠯᠲᠠ ᠬᠠᠮᠲᠤᠷᠠᠨ ᠪᠠᠶᠢᠭᠤᠯᠬᠤ᠂ ᠨᠠᠮ ᠤᠨ ᠭᠡᠰᠢᠭᠦᠨ ᠦᠢᠯᠡᠳᠦᠯᠴᠡᠬᠦ᠂ ᠠᠵᠢᠯᠯᠠᠭ᠎ᠠ ᠪᠠᠷ ᠬᠤᠯᠪᠤᠯᠳᠤᠬᠤ᠂ ᠡᠬᠢ ᠪᠠᠶᠠᠯᠢᠭ ᠢ ᠬᠠᠮᠲᠤ ᠳᠤ ᠪᠠᠨ ᠬᠤᠪᠢᠶᠠᠯᠴᠠᠨ ᠡᠳ᠋ᠯᠡᠬᠦ ᠪᠦᠲᠦᠮᠵᠢᠲᠡᠶ ᠠᠷᠭ᠎ᠠ ᠵᠠᠮ ᠢ ᠰᠦᠪᠡᠭᠴᠢᠯᠡᠵᠦ᠂ ︽ᠯᠧᠢ ᠹᠧᠩ ᠤᠨ ᠵᠣᠷᠢᠭ ᠰᠠᠨᠠᠭ᠎ᠠ︾ ᠶᠢᠨ ᠡᠳᠦᠷ ᠲᠤᠲᠤᠮ ᠤᠨ ᠠᠮᠢᠳᠤᠷᠠᠯ ᠳᠤ ᠠᠭᠤᠰᠬᠠᠨ᠂ ᠡᠳᠦᠷ ᠳᠤᠲᠤᠮ ᠤᠨ ᠪᠣᠯᠭᠠᠵᠤ᠂ ᠨᠠᠮ ᠤᠨ ᠪᠠᠶᠢᠭᠤᠯᠤᠯᠲᠠ ᠶᠢᠨ ᠠᠵᠢᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠶᠢᠨ ᠲᠥᠯᠦᠭᠡ᠂ 4 ᠰᠠᠷ᠎ᠠ ᠶᠢᠨ 6 ᠤ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠪᠡᠶ᠎ᠡ ᠶᠢᠨ ᠲᠠᠮᠢᠷ ᠡᠷᠡᠭᠦᠯ ᠬᠠᠮᠠᠭᠠᠯᠠᠯ ᠤᠷᠠᠯᠢᠭ ᠬᠢᠭᠡᠳ ᠬᠥᠳᠡᠯᠮᠦᠷᠢ ᠶᠢᠨ ᠬᠥᠮᠥᠵᠢᠯ ᠤᠨ ᠭᠠᠵᠠᠷ ᠤᠨ ᠨᠠᠮ ᠤᠨ ᠡᠭᠦᠷ ᠪᠣᠯᠤᠨ ᠰᠠᠶᠢᠬᠠᠨ ᠲᠣᠭᠤᠷᠢᠭ ᠤᠨ ᠪᠠᠷᠠᠭᠤᠨ ᠪᠠᠶᠠᠨ ᠪᠡᠯᠴᠢᠭᠡᠷ ᠭᠤᠤᠯ ᠰᠤᠷᠭᠠᠭᠤᠯᠢ ᠶᠢᠨ ᠨᠠᠮ ᠤᠨ ᠡᠭᠦᠷ ᠬᠠᠮᠲᠤᠷᠠᠨ ︽ᠨᠠᠮ ᠤᠨ ᠡᠭᠦᠷ ᠬᠠᠮᠲᠤᠷᠠᠨ ᠪᠠᠶᠢᠭᠤᠯᠵᠤ ᠰᠣᠯᠢᠯᠴᠠᠭ᠎ᠠ ᠶᠢ ᠠᠬᠢᠭᠤᠯᠤᠨ᠂ ᠦᠨᠳᠦᠰᠦᠨ ᠱᠠᠲᠤ ᠪᠠᠶᠢᠴᠠᠭᠠᠨ ᠰᠣᠳᠤᠯᠵᠤ ᠬᠥᠭᠵᠢᠯᠲᠡ ᠶᠢ ᠰᠦᠪᠡᠭᠴᠢᠯᠡᠨᠡᠮ︾ ᠬᠤᠷᠰᠢᠶᠠᠯᠠᠵᠤ ᠬᠠᠮᠲᠤᠷᠠᠨ ᠪᠠᠶᠢᠭᠤᠯᠬᠤ ᠠᠵᠢᠯᠯᠠᠭ᠎ᠠ ᠶᠢ ᠥᠷᠨᠢᠭᠦᠯᠵᠦ᠂ ᠨᠠᠮ ᠤᠨ ᠡᠭᠦᠷ ᠬᠠᠮᠲᠤᠷᠠᠨ ᠪᠠᠶᠢᠭᠤᠯᠬᠤ ᠠᠵᠢᠯ ᠤᠨ ᠬᠠᠨᠳᠤᠯᠭᠠᠲᠤ ᠴᠢᠨᠠᠷ ᠪᠣᠯᠤᠨ ᠦᠷ᠎ᠡ ᠪᠦᠳᠦᠮᠵᠢᠳᠦ ᠴᠢᠨᠠᠷ ᠢ ᠦᠨᠡᠨ ᠬᠦ ᠴᠢᠩᠭᠠᠳᠬᠠᠵᠤ᠂ ᠨᠠᠮ ᠤᠨ ᠡᠭᠦᠷ ᠤᠨ ᠲᠠᠶᠢᠴᠢᠨ ᠪᠠᠬᠢᠯᠡᠯᠲᠡ ᠪᠠ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠭᠦᠢᠴᠡᠳ ᠪᠠᠳᠠᠷᠠᠭᠤᠯᠪᠠ᠃

     ᠪᠠᠶᠢᠴᠠᠭᠠᠨ ᠰᠣᠳᠤᠯᠵᠤ ᠶᠠᠷᠢᠯᠴᠠᠬᠤ ᠬᠤᠷᠠᠯ ᠨᠢ ᠬᠠᠮᠲᠤ ᠶᠢᠨ ᠲᠠᠨᠢᠯᠲᠠ ᠶᠢ ᠨᠢᠭᠲᠠᠷᠠᠭᠤᠯᠪᠠ

     ᠨᠠᠮ ᠤᠨ ᠡᠭᠦᠷ ᠬᠠᠮᠲᠤᠷᠠᠨ ᠪᠠᠶᠢᠭᠤᠯᠬᠤ ᠶᠠᠷᠢᠯᠴᠠᠬᠤ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ

ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ

ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠠᠵᠢᠯ ᠤᠨ ᠬᠤᠷᠠᠯ ᠳᠡᠭᠡᠷᠡᠬᠢ

ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠠᠮᠲᠤ ᠳᠤ ᠪᠠᠨ ᠰᠤᠷᠤᠯᠴᠠᠪᠠ︔ ᠬᠤᠶᠠᠷ ᠲᠠᠯ᠎ᠠ ᠶᠢᠨ ᠨᠠᠮ ᠤᠨ ᠡᠭᠦᠷ

ᠤᠨᠤᠯ ᠰᠤᠷᠤᠯᠴᠠᠬᠤ ᠠᠷᠭ᠎ᠠ ᠬᠡᠯᠪᠡᠷᠢ᠂ ᠨᠠᠮ ᠤᠨ ᠡᠭᠦᠷ ᠤᠨ ᠠᠵᠢᠯ ᠤᠨ ᠬᠢᠯᠠᠰ ᠴᠡᠭ ᠪᠣᠯᠤᠨ ᠬᠦᠷᠦᠯᠴᠡᠬᠦ ᠦᠭᠡᠢ

ᠲᠠᠯ᠎ᠠ ᠶᠢᠨ ᠲᠤᠬᠠᠢ ᠰᠣᠯᠢᠯᠴᠠᠭ᠎ᠠ ᠬᠢᠵᠡᠢ᠃ ᠡᠭᠦᠨ ᠤ ᠬᠠᠮᠲᠤ ᠰᠤᠷᠭᠠᠭᠤᠯᠢ ᠶᠢᠨ ᠪᠡᠶ᠎ᠡ ᠶᠢᠨ ᠲᠠᠮᠢᠷ᠂ ᠡᠷᠡᠭᠦᠯ

ᠬᠠᠮᠠᠭᠠᠯᠠᠯ᠂ ᠤᠷᠠᠯᠢᠭ ᠪᠠ ᠬᠥᠳᠡᠯᠮᠦᠷᠢ ᠶᠢᠨ ᠬᠥᠮᠦᠵᠢᠯ ᠤᠨ ᠠᠵᠢᠯ ᠳᠠᠬᠢ ᠬᠦᠴᠢᠷᠳᠡᠯ ᠤᠨ ᠲᠣᠭᠤᠷᠢᠨ ᠳᠤ

ᠭᠦᠨᠵᠡᠭᠡᠶ ᠰᠤᠳᠤᠯᠤᠨ ᠶᠠᠷᠢᠯᠴᠠᠵᠤ᠂ ᠰᠤᠷᠭᠠᠭᠤᠯᠢ ᠶᠢᠨ ᠬᠥᠭᠵᠢᠯᠲᠡ ᠶᠢ ᠠᠬᠢᠭᠤᠯᠬᠤ ᠨᠡᠶᠢᠯᠡᠬᠦ ᠴᠡᠭ᠂ ᠭᠠᠷᠳᠠᠬᠤ

ᠴᠡᠭ ᠵᠢᠴᠢ ᠨᠠᠮ ᠤᠨ ᠡᠭᠦᠷ ᠤᠨ ᠬᠤᠭᠤᠷᠣᠨᠳᠣᠬᠢ ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠬᠤ ᠲᠤᠬᠠᠶ ᠭᠦᠢᠴᠡᠳ

ᠨᠡᠪᠲᠡᠷᠡᠯᠴᠡᠪᠡ᠃

     ᠬᠥᠮᠥᠵᠢᠭᠦᠯᠦᠨ ᠰᠤᠷᠭᠠᠭᠤᠯᠢ ᠳᠤ ᠣᠷᠣᠭᠤᠯᠵᠤ ᠵᠢᠭᠠᠨ ᠰᠤᠷᠭᠠᠯᠲᠠ ᠶᠢ ᠳᠤᠰᠠᠯᠠᠪᠠ

     ︽ᠪᠢ ᠣᠯᠠᠨ ᠲᠦᠮᠡᠨ ᠳᠤ ᠪᠣᠳᠠᠲᠤ ᠠᠵᠢᠯ ᠬᠢᠵᠦ ᠥᠭᠬᠦ︾ ᠪᠠᠶᠢᠩᠭᠤ ᠶᠢᠨ ᠬᠥᠮᠦᠵᠢᠯ ᠲᠠᠢ

ᠤᠶᠠᠯᠳᠤᠭᠤᠯᠤᠨ᠂ ᠰᠤᠷᠭᠠᠨ ᠬᠥᠮᠦᠵᠢᠯ ᠤᠨ ᠲᠢᠩᠬᠢᠮ ᠤᠨ ᠪᠡᠶ᠎ᠡ ᠶᠢᠨ ᠲᠠᠮᠢᠷ ᠡᠷᠡᠭᠦᠯ ᠬᠠᠮᠠᠭᠠᠯᠠᠯ ᠤᠷᠠᠯᠢᠭ ᠬᠢᠭᠡᠳ

ᠬᠥᠳᠡᠯᠮᠦᠷᠢ ᠶᠢᠨ ᠬᠥᠮᠥᠵᠢᠯ ᠤᠨ ᠭᠠᠵᠠᠷ ᠤᠨ ᠨᠠᠮ ᠤᠨ ᠡᠭᠦᠷ ᠠᠴᠠ ᠥᠪᠡᠷᠲᠡᠭᠡᠨ ᠵᠠᠰᠠᠬᠤ ᠣᠷᠣᠨ ᠤ ᠤᠯᠠᠭᠠᠨ

ᠵᠠᠭᠠᠯᠮᠠᠶᠢᠲᠠᠨ ᠤ ᠨᠡᠶᠢᠭᠡᠮᠯᠢᠭ ᠤᠨ ᠬᠤᠶᠠᠳᠤᠭᠠᠷ ᠨᠠᠮ ᠤᠨ ᠡᠭᠦᠷ ᠢ ᠤᠷᠢᠵᠤ᠂ ᠡᠨᠡ ᠤᠳᠠᠭᠠᠨ ᠤ ᠬᠠᠮᠲᠤᠷᠠᠨ

ᠪᠠᠶᠢᠭᠤᠯᠬᠤ ᠠᠵᠢᠯᠯᠠᠭ᠎ᠠ ᠳᠤ ᠣᠷᠣᠯᠴᠠᠭᠤᠯᠵᠤ᠂ ᠪᠠᠴᠢᠮ ᠪᠠᠶᠢᠳᠠᠯ ᠢ ᠠᠷᠭᠠᠴᠠᠵᠤ ᠠᠪᠤᠷᠬᠠᠤ ᠪᠣᠯᠪᠠᠰᠤᠷᠠᠭᠤᠯᠤᠯ ᠢ

ᠰᠤᠷᠭᠠᠭᠤᠯᠢ ᠳᠤ ᠣᠷᠣᠭᠤᠯᠵᠤ᠂ ᠪᠠᠭᠰᠢ ᠰᠤᠷᠤᠭᠴᠢᠳ ᠤᠨ ᠰᠤᠷᠭᠠᠭᠤᠯᠢ ᠶᠢᠨ ᠬᠦᠷᠢᠶᠡᠨ ᠤ ᠭᠡᠨᠡᠳᠲᠡ ᠶᠢᠨ ᠬᠡᠷᠡᠭ

ᠪᠠ ᠰᠠᠨᠠᠭᠠᠨ ᠳᠤ ᠥᠬᠡᠶ ᠭᠡᠮᠲᠦᠯ ᠢ ᠠᠷᠭᠠᠴᠠᠬᠤ ᠪᠠᠴᠢᠮ ᠪᠠᠶᠢᠳᠠᠯ ᠢ ᠠᠷᠭᠠᠴᠠᠵᠤ ᠠᠪᠤᠷᠬᠠᠤ ᠴᠢᠳᠠᠪᠤᠷᠢ ᠶᠢ ᠦᠨᠡᠨ

ᠬᠦ ᠳᠡᠭᠡᠭᠰᠢᠯᠡᠭᠦᠯᠦᠨ᠂ ᠠᠮᠤᠷ ᠲᠠᠶᠢᠪᠤᠩ ᠰᠤᠷᠭᠠᠭᠤᠯᠢ ᠶᠢᠨ ᠬᠦᠷᠢᠶᠡᠨ ᠤ ᠪᠥᠲᠥᠭᠡᠨ ᠪᠠᠶᠢᠭᠤᠯᠤᠯᠲᠠ ᠶᠢ

ᠠᠬᠢᠭᠤᠯᠬᠤ ᠳᠤ ᠪᠦᠲᠦᠮᠵᠢᠲᠡᠶ ᠪᠠᠲᠤᠯᠠᠭ᠎ᠠ ᠬᠠᠩᠭᠠᠪᠠ᠃

     ᠲᠤᠰᠠᠯᠠᠭᠴᠢ ᠪᠠᠭᠰᠢ ᠬᠠᠨᠳᠢᠪᠯᠠᠵᠤ ᠬᠠᠮᠲᠤᠷᠠᠨ ᠪᠠᠶᠢᠭᠤᠯᠬᠤ ᠶᠢ ᠠᠬᠢᠭᠤᠯᠪᠠ

     ᠠᠵᠢᠯᠯᠠᠭᠠᠨ ᠤ ᠶᠠᠪᠤᠴᠠ ᠳᠤ᠂ ᠰᠤᠷᠭᠠᠨ ᠬᠥᠮᠦᠵᠢᠯ ᠤᠨ ᠲᠢᠩᠬᠢᠮ ᠤᠨ ᠪᠡᠶ᠎ᠡ ᠶᠢᠨ ᠲᠠᠮᠢᠷ ᠡᠷᠡᠭᠦᠯ ᠬᠠᠮᠠᠭᠠᠯᠠᠯ

ᠤᠷᠠᠯᠢᠭ ᠬᠢᠭᠡᠳ ᠬᠥᠳᠡᠯᠮᠦᠷᠢ ᠶᠢᠨ ᠬᠥᠮᠥᠵᠢᠯ ᠤᠨ ᠭᠠᠵᠠᠷ ᠤᠨ ᠨᠠᠮ ᠤᠨ ᠡᠭᠦᠷ ᠥᠪᠡᠷᠲᠡᠭᠡᠨ ᠵᠠᠰᠠᠬᠤ ᠣᠷᠣᠨ ᠤ

ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠬᠤᠶᠠᠳᠤᠭᠠᠷ ᠨᠠᠮ ᠤᠨ ᠡᠭᠦᠷ ᠲᠠᠢ ᠬᠠᠮᠵᠢᠯᠴᠠᠨ ᠪᠡᠶ᠎ᠡ ᠶᠢᠨ ᠲᠠᠮᠢᠷ ᠤᠨ

ᠪᠠᠭᠠᠵᠢ ᠬᠡᠷᠡᠭᠰᠡᠯ᠂ ᠲᠦᠷᠭᠡᠨ ᠠᠪᠤᠷᠠᠯᠳᠠ ᠶᠢᠨ ᠬᠠᠶᠢᠷᠴᠠᠭ ᠵᠡᠷᠭᠡ ᠶᠢ ᠰᠤᠷᠭᠠᠭᠤᠯᠢ ᠳᠤ ᠬᠦᠷᠭᠡᠵᠦ᠂ ᠰᠤᠷᠭᠠᠭᠤᠯᠢ ᠶᠢᠨ

ᠪᠡᠶ᠎ᠡ ᠶᠢᠨ ᠲᠠᠮᠢᠷ ᠡᠷᠡᠭᠦᠯ ᠬᠠᠮᠠᠭᠠᠯᠠᠯ ᠤᠷᠠᠯᠢᠭ ᠬᠢᠭᠡᠳ ᠬᠥᠳᠡᠯᠮᠦᠷᠢ ᠶᠢᠨ ᠬᠥᠮᠦᠵᠢᠯ ᠵᠢᠭᠠᠨ ᠰᠤᠷᠭᠠᠯᠲᠠ ᠳᠤ

ᠬᠦᠴᠦᠨ ᠨᠡᠮᠡᠷᠢᠯᠡᠬᠦ᠂ ᠵᠠᠯᠠᠭᠤᠴᠤᠳ ᠪᠠᠭᠠᠴᠤᠳ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠳᠤ ᠳᠡᠮᠵᠢᠯᠭᠡ

ᠦᠵᠡᠭᠦᠯᠪᠡ᠃

     ᠮᠣᠳᠣ ᠲᠠᠷᠢᠵᠤ ᠨᠣᠭᠤᠭᠠᠷᠠᠭᠤᠯᠤᠯᠲᠠ ᠳᠤ ᠬᠦᠴᠦᠨ ᠨᠡᠮᠡᠷᠢᠯᠡᠪᠡ

     ᠨᠠᠮ ᠤᠨ ᠡᠭᠦᠷ ᠬᠠᠮᠲᠤᠷᠠᠨ ᠪᠠᠶᠢᠭᠤᠯᠬᠤ ᠪᠠᠷ ᠠᠵᠠ ᠲᠣᠬᠢᠶᠠᠯ ᠪᠣᠯᠭᠠᠵᠤ᠂ ᠰᠤᠷᠭᠠᠭᠤᠯᠢ ᠶᠢᠨ ᠬᠦᠷᠢᠶᠡᠨ ᠤ

ᠬᠥᠳᠡᠯᠮᠦᠷᠢ ᠶᠢᠨ ᠬᠥᠮᠦᠵᠢᠯ ᠤᠨ ᠰᠠᠭᠤᠷᠢᠨ ᠭᠠᠵᠠᠷ ᠲᠤ ᠪᠠᠭᠰᠢ ᠰᠤᠷᠤᠭᠴᠢᠳ ᠲᠠᠢ ᠬᠠᠮᠲᠤ ᠪᠠᠷ ᠮᠣᠳᠣ ᠲᠠᠷᠢᠵᠤ᠂

ᠤᠯᠠᠨ ᠢᠶᠠᠷ ᠢᠶᠠᠨ ᠣᠷᠭᠢᠯᠤᠮ᠎ᠠ ᠬᠠᠯᠠᠭᠤᠨ ᠰᠡᠳᠬᠢᠯᠭᠡ ᠪᠠᠷ ᠢᠳᠡᠪᠬᠢᠲᠡᠢ ᠣᠷᠣᠯᠴᠠᠪᠠ᠃ ᠨᠢᠭᠡ ᠨᠢ ᠬᠥᠷᠥᠰᠦ ᠶᠢ

ᠰᠤᠯᠠᠷᠠᠭᠤᠯᠵᠤ᠂ ᠨᠥᠭᠦᠭᠡ ᠨᠢ ᠨᠦᠬᠡ ᠮᠠᠯᠲᠠᠪᠠ︔ ᠨᠢᠭᠡ ᠨᠢ ᠨᠢᠯᠬ᠎ᠠ ᠴᠢᠬᠢ ᠶᠢ ᠲᠤᠯᠤᠨ᠂ ᠨᠥᠭᠦᠭᠡ ᠨᠢ ᠰᠢᠷᠣᠶ

ᠨᠡᠮᠡᠪᠡ︔ ᠨᠢᠭᠡ ᠨᠢ ᠤᠰᠤ ᠳᠠᠮᠨᠠᠵᠤ᠂ ᠨᠥᠭᠦᠭᠡ ᠨᠢ ᠤᠰᠤᠯᠠᠨ᠂ ᠰᠤᠷᠭᠠᠭᠤᠯᠢ ᠶᠢᠨ ᠬᠦᠷᠢᠶ᠎ᠡ ᠶᠢ ᠨᠣᠭᠤᠭᠠᠷᠠᠭᠤᠯᠵᠤ

ᠭᠤᠶᠣᠯᠠᠬᠤ ᠶᠢᠨ ᠲᠥᠯᠥᠭᠡ ᠬᠦᠴᠦᠨ ᠴᠢᠳᠠᠯ ᠢᠶᠠᠨ ᠡᠷᠭᠦᠪᠡ᠃

 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号