ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠵᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠤᠯ ᠰᠡᠳᠦᠪᠲᠦ ᠬᠥᠮᠦᠵᠢᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ
ᠨᠡᠶᠢᠲᠡᠯᠡᠭᠰᠡᠨ ᠴᠠᠭ᠄
2023/4/10
     4 ᠰᠠᠷ᠎ᠠ ᠶᠢᠨ 4 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠱᠦᠵᠢ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠬᠤᠸᠠᠩ ᠶᠠ ᠯᠢ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠤᠯ ᠰᠡᠳᠦᠪᠲᠦ ᠬᠥᠮᠦᠵᠢᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃

     ᠬᠤᠷᠠᠯ ᠠᠴᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ

ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠪᠣᠯ ᠰᠢᠨ᠎ᠡ ᠴᠠᠭ ᠦᠶ᠎ᠡ ᠰᠢᠨ᠎ᠡ

ᠠᠶᠠᠯᠠᠯ ᠳᠤ ᠠᠵᠢᠯ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠬᠦ ᠦᠨᠳᠦᠰᠦᠨ ᠱᠠᠭᠠᠷᠳᠠᠯᠭ᠎ᠠ ᠮᠥᠨ᠃

ᠡᠨᠡ ᠤᠳᠠᠭᠠᠨ ᠤ ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ

ᠵᠣᠷᠢᠭ ᠰᠠᠨᠠᠭ᠎ᠠ ᠶᠢ ᠰᠤᠷᠭᠠᠨ ᠬᠥᠮᠦᠵᠢᠯ ᠤᠨ ᠰᠢᠰᠲ᠋ᠧᠮ ᠤᠨ ᠠᠵᠢᠯ ᠤᠨ ᠪᠦᠬᠦ ᠶᠠᠪᠤᠴᠠ᠂ ᠡᠯ᠎ᠡ ᠲᠠᠯ᠎ᠠ ᠳᠤ ᠦᠨᠡᠨ

ᠬᠦ ᠲᠤᠭᠤᠰᠢᠯᠠᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ ᠭᠡᠵᠦ ᠴᠢᠬᠤᠯᠠᠴᠢᠯᠠᠪᠠ᠃

     ᠬᠤᠷᠠᠯ ᠠᠴᠠ᠂ ᠪᠦᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠤᠯᠤᠰ ᠲᠦᠷᠦ ᠶᠢᠨ

ᠵᠣᠭᠰᠣᠴᠠ ᠪᠠᠨ ᠳᠡᠭᠡᠭᠰᠢᠯᠡᠭᠦᠯᠵᠦ᠂ ᠦᠳᠲᠡᠷ ᠲᠦᠷᠭᠡᠨ ᠵᠣᠬᠢᠶᠠᠨ ᠪᠠᠶᠢᠭᠤᠯᠤᠨ ᠬᠥᠳᠡᠯᠦᠯᠴᠡᠵᠦ᠂ ᠪᠦᠬᠦ ᠨᠠᠮ ᠤᠨ

ᠳᠣᠲᠣᠷ᠎ᠠ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ

ᠭᠦᠨᠵᠡᠭᠡᠢ ᠲᠠᠨᠢᠨ᠂ ᠭᠤᠣᠯ ᠰᠡᠳᠦᠪᠲᠦ ᠬᠥᠮᠦᠵᠢᠯ ᠥᠷᠨᠢᠭᠦᠯᠬᠦ ᠶᠢ ᠲᠡᠷᠢᠭᠦᠨ ᠴᠢᠬᠤᠯᠠ ᠶᠠᠪᠤᠳᠠᠯ ᠪᠣᠯᠭᠠᠵᠤ᠂

ᠣᠨᠴᠠᠭᠠᠢ ᠴᠢᠬᠤᠯᠠ ᠪᠠᠶᠢᠷᠢᠨ ᠳᠤ ᠲᠠᠯᠪᠢᠵᠤ᠂ ᠳᠡᠭᠡᠳᠦ ᠱᠠᠳᠤ ᠨᠢ ᠳᠤᠤᠷᠠᠳᠦ ᠱᠠᠳᠤ ᠪᠠᠨ ᠳᠠᠭᠠᠭᠤᠯᠬᠤ ᠶᠢ

ᠪᠠᠷᠢᠮᠲᠠᠯᠠᠨ᠂ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ

ᠲᠡᠭᠦᠯᠳᠡᠷᠵᠢᠭᠦᠯᠬᠦ ᠬᠡᠷᠡᠭᠲᠡᠢ᠃ ᠭᠤᠤᠯᠳᠠᠯᠭ᠎ᠠ ᠲᠠᠢ ᠠᠭᠤᠯᠭ᠎ᠠ ᠶᠢ ᠲᠣᠳᠣᠷᠬᠠᠶᠢᠯᠠᠵᠤ᠂ ᠬᠠᠷᠠᠯᠲᠠ ᠪᠠ ᠱᠠᠭᠠᠷᠳᠠᠯᠭ᠎ᠠ ᠶᠢ

ᠨᠠᠶᠢᠳᠠᠪᠤᠷᠢᠵᠢᠭᠤᠯᠤᠨ᠂ ᠭᠤᠤᠯ ᠰᠡᠳᠦᠪᠲᠦ ᠬᠥᠮᠦᠵᠢᠯ ᠤᠨ ᠦᠨᠳᠦᠰᠦᠨ ᠡᠭᠦᠷᠭᠡ ᠪᠣᠯᠤᠨ ᠪᠣᠳᠠᠲᠠᠶ ᠬᠠᠷᠠᠯᠲᠠ ᠶᠢ

ᠣᠨᠣᠪᠴᠢᠲᠠᠶ ᠡᠵᠡᠮᠳᠡᠵᠦ᠂ ︽ᠦᠵᠡᠯ ᠰᠠᠨᠠᠭ᠎ᠠ ᠶᠢ ᠰᠤᠷᠤᠯᠴᠠᠵᠤ᠂ ᠨᠠᠮᠴᠢ ᠴᠢᠨᠠᠷ ᠢ ᠴᠢᠩᠭᠠᠳᠬᠠᠵᠤ᠂ ᠦᠢᠯᠡᠳᠦᠯᠭᠡ ᠶᠢ

ᠴᠢᠬᠤᠯᠠᠴᠢᠯᠠᠵᠤ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠶ ᠱᠠᠭᠠᠷᠳᠠᠯᠭ᠎ᠠ ᠶᠢ ᠪᠥᠬᠦ ᠲᠠᠯ᠎ᠠ ᠪᠠᠷ

ᠨᠠᠶᠢᠳᠠᠪᠤᠷᠢᠵᠢᠭᠤᠯᠤᠨ᠂ ᠣᠨᠣᠯ ᠤᠨ ᠰᠤᠷᠤᠯᠴᠠᠯᠭ᠎ᠠ᠂ ᠤᠯᠤᠰ ᠲᠥᠷᠥ ᠶᠢᠨ ᠬᠡᠪ ᠪᠣᠯᠪᠠᠰᠤᠷᠠᠯ᠂ ᠴᠢᠳᠠᠪᠤᠷᠢ ᠪᠠ ᠴᠢᠳᠠᠯ᠂

ᠬᠠᠷᠢᠭᠤᠴᠠᠯᠭ᠎ᠠ ᠡᠭᠦᠷᠭᠡᠯᠡᠯ ᠵᠢᠳᠬᠦᠯ ᠴᠢᠷᠮᠠᠶᠢᠯᠭ᠎ᠠ᠂ ᠠᠵᠢᠯ ᠤᠨ ᠰᠤᠷᠲᠠᠯ᠂ ᠠᠷᠢᠭᠤᠨ ᠴᠢᠬᠡᠴᠢ ᠪᠠᠷ ᠥᠪᠡᠷ ᠢ ᠪᠠᠨ

ᠱᠠᠭᠠᠷᠳᠠᠬᠤ ᠵᠡᠷᠭᠡ 6 ᠲᠠᠯ᠎ᠠ ᠶᠢᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠰᠢ ᠶᠢᠨ ᠫᠢᠩ ᠤᠨ ᠰᠢᠨ᠎ᠡ ᠴᠠᠭ

ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ

ᠲᠤᠭᠤᠰᠢᠯᠠᠭᠤᠯᠬᠤ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠬᠦ ᠬᠡᠷᠡᠭᠲᠡᠶ᠃ ᠪᠠᠶᠢᠴᠠᠭᠠᠨ ᠰᠣᠳᠤᠯᠬᠤ ᠰᠤᠷᠲᠠᠯ ᠢ

ᠶᠡᠭᠡ ᠪᠠᠷ ᠪᠠᠳᠠᠷᠠᠭᠤᠯᠵᠤ᠂ ᠲᠣᠪᠤᠶᠢᠮ᠎ᠠ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠪᠠᠶᠢᠴᠠᠭᠠᠨ ᠰᠣᠳᠤᠯᠬᠤ ᠠᠵᠢᠯ ᠢ

ᠭᠤᠤᠯ ᠰᠡᠳᠦᠪᠲᠦ ᠬᠥᠮᠦᠵᠢᠯ ᠤᠨ ᠪᠥᠬᠦ ᠶᠠᠪᠤᠴᠠ ᠳᠤ ᠲᠤᠭᠤᠰᠢᠯᠠᠭᠤᠯᠵᠤ᠂ ᠦᠨᠡᠨ ᠪᠣᠳᠠᠲᠠᠶ ᠪᠠᠶᠢᠴᠠᠭᠠᠨ ᠰᠣᠳᠤᠯᠵᠤ᠂

ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠤᠨ

︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠡᠨᠡ ᠬᠤᠶᠠᠷ ᠶᠡᠭᠡ

ᠶᠠᠪᠤᠳᠠᠯ ᠢ ᠰᠠᠶᠢᠲᠤᠷ ᠪᠡᠶᠡᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ ᠰᠢᠨ᠎ᠡ ᠶᠢ ᠡᠭᠦᠳᠬᠦ ᠣᠨᠣᠯ ᠢ

ᠡᠵᠡᠮᠳᠡᠵᠦ ᠬᠡᠷᠡᠭᠯᠡᠬᠦ ᠶᠢ ᠴᠢᠩᠭᠠᠳᠬᠠᠵᠤ᠂ ᠰᠤᠷᠤᠯᠴᠠᠬᠤ ᠪᠠ ᠪᠠᠶᠢᠴᠠᠭᠠᠨ ᠰᠣᠳᠤᠯᠬᠤ ᠶᠢ ᠨᠠᠮ ᠤᠨ ᠬᠤᠷᠢᠳᠤᠭᠠᠷ

ᠶᠡᠭᠡ ᠬᠤᠷᠠᠯ ᠠᠴᠠ ᠪᠠᠶᠢᠷᠢᠯᠠᠭᠤᠯᠤᠭᠰᠠᠨ ᠡᠯ᠎ᠡ ᠵᠦᠢᠯ ᠤᠨ ᠡᠭᠦᠷᠭᠡ ᠶᠢ ᠪᠡᠶᠡᠯᠡᠭᠦᠯᠬᠦ ᠶᠠᠪᠤᠴᠠ ᠳᠤ

ᠨᠠᠶᠢᠳᠠᠪᠤᠷᠢᠵᠢᠭᠤᠯᠵᠤ᠂ ᠴᠢᠨᠠᠷᠯᠢᠭ ᠬᠥᠭᠵᠢᠯᠲᠡ ᠶᠢ ᠠᠬᠢᠭᠤᠯᠬᠤ ᠰᠢᠨ᠎ᠡ ᠦᠷ᠎ᠡ ᠪᠦᠲᠦᠮᠵᠢ ᠪᠠᠷ ᠭᠤᠤᠯ ᠰᠡᠳᠦᠪᠲᠦ

ᠬᠥᠮᠦᠵᠢᠯ ᠤᠨ ᠦᠷ᠎ᠡ ᠪᠦᠲᠦᠭᠡᠯ ᠢ ᠰᠢᠯᠭᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃

     ᠬᠤᠷᠠᠯ ᠠᠴᠠ ᠪᠠᠰᠠ ︽ᠭᠤᠷᠪᠠᠨ ᠣᠯᠠᠨ᠂ ᠭᠤᠷᠪᠠᠨ ᠴᠥᠭᠡᠨ᠂ ᠭᠤᠷᠪᠠᠨ ᠤᠳᠠᠭᠠᠨ︾ ᠤ ᠠᠰᠠᠭᠤᠳᠠᠯ ᠳᠤ

ᠠᠩᠬᠠᠷᠤᠯ ᠢᠶᠠᠨ ᠲᠥᠪᠯᠡᠷᠡᠭᠦᠯᠵᠦ᠂ ︽ᠰᠤᠷᠲᠠᠯ ᠢ ᠰᠠᠶᠢᠵᠢᠷᠠᠭᠤᠯᠵᠤ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ︾᠂

︽ᠬᠤᠶᠠᠷ ᠰᠢᠯᠢᠳᠡᠭ︾ ᠲᠤᠰᠬᠠᠶ ᠠᠵᠢᠯᠯᠠᠭ᠎ᠠ ᠶᠢ ᠭᠦᠨᠵᠡᠭᠡᠶ ᠠᠬᠢᠭᠤᠯᠬᠤ ᠵᠡᠷᠭᠡ ᠭᠤᠤᠯᠳᠠᠯᠭ᠎ᠠ ᠲᠠᠢ ᠠᠵᠢᠯ ᠢ

ᠲᠣᠬᠢᠷᠠᠭᠤᠯᠤᠨ ᠪᠠᠶᠢᠷᠢᠯᠠᠭᠤᠯᠪᠠ᠃

     ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶ᠎ᠠ᠂

ᠰᠤᠷᠭᠠᠨ ᠬᠥᠮᠦᠵᠢᠯ ᠤᠨ ᠲᠢᠩᠬᠢᠮ ᠤᠨ ᠤᠳᠤᠷᠢᠳᠬᠤ ᠪᠠᠭ ᠤᠨ ᠬᠡᠰᠢᠭᠦᠨ᠂ ᠨᠢᠭᠡᠳᠦᠭᠡᠷ ᠳᠡᠰ᠂ ᠬᠤᠶᠠᠳᠤᠭᠠᠷ

ᠳᠡᠰ ᠤᠨ ᠲᠣᠭᠤᠷᠢᠨ ᠪᠠᠶᠢᠴᠠᠭᠠᠭᠴᠢ᠂ ᠲᠢᠩᠬᠢᠮ ᠳᠤ ᠰᠠᠭᠤᠭ᠎ᠠ ᠰᠠᠬᠢᠯᠭ᠎ᠠ ᠪᠠᠲᠤ ᠶᠢ ᠪᠠᠶᠢᠴᠠᠭᠠᠬᠤ ᠬᠢᠨᠠᠨ ᠪᠠᠶᠢᠴᠠᠭᠠᠬᠤ

ᠳᠤᠭᠤᠶᠢᠯᠠᠩ᠂ ᠨᠠᠮ ᠤᠨ ᠬᠤᠷᠢᠶᠠᠨ ᠤ ᠲᠢᠩᠬᠢᠮ ᠤᠨ ᠪᠠᠶᠢᠭᠤᠯᠭ᠎ᠠ ᠵᠢᠴᠢ ᠰᠢᠭᠤᠳ ᠬᠠᠷᠢᠶ᠎ᠠ ᠠᠵᠢᠯ ᠦᠢᠯᠡᠰ ᠤᠨ

ᠨᠢᠭᠡᠴᠢ ᠶᠢᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃

 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号