ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠤᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠩᠬᠠᠳᠤᠭᠠᠷ ᠤᠳᠠᠭᠠᠨ ᠤ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/4/11
     4 ᠰᠠᠷ᠎ᠠ ᠶᠢᠨ 10 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠤᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠩᠬᠠᠳᠤᠭᠠᠷ ᠤᠳᠠᠭᠠᠨ ᠤ ᠬᠤᠷᠠᠯ ᠢ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ 3 ᠰᠠᠷ᠎ᠠ ᠶᠢᠨ 30 ᠤ ᠡᠳᠦᠷ ᠤᠨ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ᠂ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠳᠥᠷᠪᠡᠳᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠤᠯ ᠰᠡᠳᠦᠪᠲᠦ ᠬᠥᠮᠦᠵᠢᠯ ᠤᠨ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ ᠤᠨ ᠪᠠᠶᠢᠭᠤᠯᠭ᠎ᠠ ᠪᠠ ᠪᠥᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ  ᠬᠢᠨ ᠭᠤᠤᠯ ᠰᠡᠳᠦᠪᠲᠦ ᠬᠥᠮᠦᠵᠢᠯ ᠢ ᠥᠷᠨᠢᠭᠦᠯᠬᠦ ᠲᠤᠬᠠᠢ ᠡᠯ᠎ᠡ ᠵᠦᠢᠯ ᠤᠨ ᠠᠵᠢᠯ ᠢ ᠲᠣᠬᠢᠷᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠱᠦᠵᠢ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠬᠤᠸᠠᠩ ᠶᠠ ᠯᠢ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃

     ᠬᠤᠷᠠᠯ ᠠᠴᠠ᠂ ᠤᠯᠤᠰ ᠲᠥᠷᠥ ᠶᠢᠨ ᠵᠣᠭᠰᠣᠴᠠ ᠪᠠᠨ ᠤᠯᠠᠮ ᠴᠠᠭᠠᠰᠢᠲᠠ ᠳᠡᠭᠡᠭᠰᠢᠯᠡᠭᠦᠯᠵᠦ᠂ ᠪᠥᠬᠦ ᠣᠷᠣᠨ ᠤ

ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠭᠤᠤᠯ ᠰᠡᠳᠦᠪᠲᠦ ᠬᠥᠮᠦᠵᠢᠯ ᠢ ᠡᠬᠢᠯᠡᠭᠦᠯᠬᠦ ᠠᠵᠢᠯ ᠢ ᠰᠠᠶᠢᠲᠤᠷ

ᠠᠳᠬᠤᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶ᠎ᠠ᠂

ᠰᠤᠷᠭᠠᠨ ᠬᠥᠮᠦᠵᠢᠯ ᠤᠨ ᠲᠢᠩᠬᠢᠮ ᠤᠨ ᠰᠢᠰᠲ᠋ᠧᠮ᠂ ᠡᠯ᠎ᠡ ᠳᠡᠭᠡᠳᠦ ᠰᠤᠷᠭᠠᠭᠤᠯᠢ ᠶᠢᠨ ᠬᠢᠨ ᠵᠣᠬᠢᠬᠤ ᠤᠳᠤᠷᠢᠳᠬᠤ

ᠪᠠᠶᠢᠭᠤᠯᠤᠮᠵᠢ ᠪᠠ ᠠᠵᠢᠯ ᠤᠨ ᠪᠠᠶᠢᠭᠤᠯᠤᠮᠵᠢ ᠪᠠᠶᠢᠭᠤᠯᠬᠤ ᠶᠢ ᠠᠬᠢᠭᠤᠯᠵᠤ᠂ ᠲᠣᠰ ᠰᠢᠰᠲ᠋ᠧᠮ ᠲᠣᠰ ᠨᠢᠭᠡᠴᠢ

 ᠶᠢᠨ ᠢᠶᠠᠨ ᠭᠤᠤᠯ ᠰᠡᠳᠦᠪᠲᠦ ᠬᠥᠮᠦᠵᠢᠯ ᠤᠨ ᠠᠵᠢᠯ ᠢ ᠪᠥᠬᠦ ᠲᠠᠯ᠎ᠠ ᠪᠠᠷ ᠬᠠᠷᠢᠭᠤᠴᠠᠵᠤ᠂ ᠰᠤᠷᠤᠯᠴᠠᠨ

ᠲᠤᠭᠤᠰᠢᠯᠠᠭᠤᠯᠬᠤ ᠬᠠᠯᠠᠭᠤᠨ ᠥᠷᠨᠢᠯᠲᠡ ᠶᠢ ᠦᠳᠲᠡᠷ ᠲᠦᠷᠭᠡᠨ ᠭᠠᠷᠭᠠᠬᠤ ᠬᠡᠷᠡᠭᠲᠡᠶ᠃ ︽ᠦᠵᠡᠯ ᠰᠠᠨᠠᠭ᠎ᠠ ᠶᠢ

ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾

ᠶᠡᠷᠦᠩᠬᠡᠢ ᠱᠠᠭᠠᠷᠳᠠᠯᠭ᠎ᠠ ᠶᠢ ᠪᠦᠬᠦ ᠲᠠᠯ᠎ᠠ ᠪᠠᠷ ᠡᠵᠡᠮᠰᠢᠨ ᠣᠨᠣᠪᠴᠢᠲᠠᠢ ᠣᠶᠢᠯᠠᠭᠠᠵᠤ᠂ ᠭᠤᠣᠯ ᠰᠡᠳᠦᠪᠲᠦ

ᠬᠥᠮᠦᠵᠢᠯ ᠢ ᠥᠷᠨᠢᠭᠦᠯᠬᠦ ᠶᠢ ᠭᠤᠣᠯᠳᠠᠯᠭ᠎ᠠ ᠲᠠᠢ ᠠᠵᠢᠯ ᠢ ᠠᠬᠢᠭᠤᠯᠬᠤ᠂ ᠳᠤᠪᠤᠶᠢᠮ᠎ᠠ ᠠᠰᠠᠭᠤᠳᠠᠯ ᠢ ᠰᠢᠢᠳᠪᠦᠷᠢᠯᠡᠬᠦ᠂

ᠤᠯᠠᠨ ᠲᠦᠮᠡᠨ ᠤ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠬᠦ ᠲᠠᠢ ᠤᠶᠠᠯᠳᠤᠭᠤᠯᠤᠨ᠂ ᠶᠡᠷᠦᠩᠬᠡᠢ ᠱᠦᠵᠢ ᠰᠢ ᠶᠢᠨ

ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠰᠠᠶᠢᠲᠤᠷ ᠪᠡᠶᠡᠯᠡᠭᠦᠯᠬᠦ ᠪᠠ ︽ᠵᠢᠱᠢᠶᠡᠴᠢ

ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠳᠦᠬᠡᠨ ᠪᠠᠶᠢᠭᠤᠯᠬᠤ ᠳᠤ ᠰᠤᠷᠭᠠᠨ ᠬᠥᠮᠦᠵᠢᠯ ᠤᠨ ᠬᠦᠴᠦᠨ

ᠴᠢᠳᠠᠯ ᠢᠶᠠᠨ ᠡᠷᠭᠦᠬᠦ ᠬᠡᠷᠡᠭᠲᠡᠢ᠃ ᠭᠤᠤᠯᠳᠠᠯᠭ᠎ᠠ ᠲᠠᠢ ᠠᠷᠭ᠎ᠠ ᠬᠡᠮᠵᠢᠶ᠎ᠡ ᠳᠤ ᠠᠩᠬᠠᠷᠤᠯ ᠢᠶᠠᠨ ᠬᠠᠨᠳᠤᠭᠤᠯᠵᠤ᠂

ᠬᠠᠷᠠᠯᠲᠠ ᠪᠠᠷ ᠤᠳᠤᠷᠢᠳᠤᠮᠵᠢ ᠪᠣᠯᠭᠠᠬᠤ ᠪᠠ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠲᠠᠢ ᠤᠶᠠᠯᠳᠤᠭᠤᠯᠤᠨ᠂

ᠣᠨᠣᠯ ᠰᠤᠷᠤᠯᠴᠠᠬᠤ᠂ ᠪᠠᠶᠢᠴᠠᠭᠠᠨ ᠰᠣᠳᠤᠯᠬᠤ᠂ ᠬᠥᠭᠵᠢᠯᠲᠡ ᠶᠢ ᠠᠬᠢᠭᠤᠯᠬᠤ᠂ ᠪᠠᠶᠢᠴᠠᠭᠠᠵᠤ ᠴᠡᠭᠴᠡᠯᠡᠨ

ᠰᠠᠶᠢᠵᠢᠷᠠᠭᠤᠯᠬᠤ ᠶᠢ ᠨᠡᠪᠲᠡᠷᠡᠭᠦᠯᠵᠦ᠂ ᠣᠷᠭᠠᠨᠢᠭ ᠢᠶᠠᠷ ᠠᠭᠤᠰᠬᠠᠨ᠂ ᠨᠢᠭᠡ ᠴᠣᠭᠴᠠᠵᠢᠭᠤᠯᠤᠨ ᠠᠬᠢᠭᠤᠯᠵᠤ᠂ ᠭᠤᠤᠯ

ᠰᠡᠳᠦᠪᠲᠦ ᠬᠥᠮᠦᠵᠢᠯ ᠤᠨ ᠦᠨᠡᠨ ᠪᠣᠳᠠᠲᠠᠶ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠶ ᠭᠡᠵᠦ ᠵᠢᠭᠠᠵᠤ

ᠭᠠᠷᠭᠠᠪᠠ᠃

     ᠬᠤᠷᠠᠯ ᠠᠴᠠ ︽ᠪᠦᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠰᠢ ᠶᠢᠨ ᠫᠢᠩ ᠤᠨ ᠰᠢᠨ᠎ᠡ

ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ

ᠲᠤᠭᠤᠰᠢᠯᠠᠭᠤᠯᠬᠤ ᠭᠤᠤᠯ ᠰᠡᠳᠦᠪᠲᠦ ᠬᠥᠮᠦᠵᠢᠯ ᠢ ᠭᠦᠨᠵᠡᠭᠡᠶ ᠥᠷᠨᠢᠭᠦᠯᠬᠦ ᠲᠤᠬᠠᠶ ᠬᠡᠷᠡᠭᠵᠢᠭᠦᠯᠬᠦ ᠲᠥᠰᠦᠯ︾ ᠵᠡᠷᠭᠡ

ᠳᠥᠷᠪᠡᠨ ᠲᠥᠰᠦᠯ ᠢ ᠬᠢᠨᠠᠨ ᠵᠥᠪᠯᠡᠵᠦ ᠪᠠᠲᠤᠯᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ

ᠰᠤᠷᠭᠠᠨ ᠬᠥᠮᠦᠵᠢᠯ ᠤᠨ ᠠᠵᠢᠯ ᠤᠨ ᠬᠤᠷᠢᠶ᠎ᠠ᠂ ᠰᠤᠷᠭᠠᠨ ᠬᠥᠮᠦᠵᠢᠯ ᠤᠨ ᠲᠢᠩᠬᠢᠮ ᠤᠨ ᠤᠳᠤᠷᠢᠳᠬᠤ ᠪᠠᠭ ᠤᠨ

ᠭᠡᠰᠢᠭᠦᠨ᠂ ᠨᠢᠭᠡᠳᠦᠭᠡᠷ ᠳᠡᠰ᠂ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ᠂ ᠲᠢᠩᠬᠢᠮ ᠳᠤ ᠰᠠᠭᠤᠭ᠎ᠠ

ᠰᠠᠬᠢᠯᠭ᠎ᠠ ᠪᠠᠲᠤ ᠶᠢ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ᠂ ᠥᠪᠡᠷᠲᠡᠭᠡᠨ ᠵᠠᠰᠠᠬᠤ ᠣᠷᠣᠨ ᠤ ᠨᠠᠮ ᠤᠨ

ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶ᠎ᠠ᠂ ᠰᠤᠷᠭᠠᠨ ᠬᠥᠮᠦᠵᠢᠯ ᠤᠨ ᠲᠢᠩᠬᠢᠮ ᠤᠨ ᠪᠠᠶᠢᠭᠤᠯᠭ᠎ᠠ

ᠵᠢᠴᠢ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号