2.7 ᠲᠦᠮᠡ ᠭᠠᠷᠤᠶ ᠠᠵᠢᠯ ᠤᠨ ᠪᠠᠶᠢᠷᠢ ᠬᠠᠩᠭᠠᠪᠠ — ᠥᠪᠡᠷᠲᠡᠭᠡᠨ ᠵᠠᠰᠠᠬᠤ ᠣᠷᠣᠨ ᠤ ᠳᠥᠷᠪᠡᠨ ᠲᠠᠯᠠᠪᠤᠷ ᠰᠦᠯᠵᠢᠶᠡᠨ ᠭᠠᠳᠠᠨᠠᠬᠢ ᠰᠤᠷᠭᠠᠭᠤᠯᠢ ᠶᠢᠨ ᠬᠦᠷᠢᠶᠡᠨ ᠳᠤ ᠠᠵᠢᠯᠲᠠᠨ ᠡᠯᠰᠡᠬᠦ ᠴᠤᠭᠯᠠᠭᠠᠨ ᠨᠢ ᠡᠨᠡ ᠬᠤᠭᠤᠴᠠᠭ᠎ᠠ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠡᠷᠢᠬᠦ ᠶᠢ ᠲᠦᠷᠭᠡᠳᠭᠡᠪᠡ
ᠨᠡᠶᠢᠲᠡᠯᠡᠭᠰᠡᠨ ᠴᠠᠭ᠄
2023/4/11
     ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢᠨ ᠦᠷ᠎ᠡ ᠪᠦᠲᠦᠮᠵᠢ ᠤᠯᠬᠤ ᠶᠢ ᠦᠨᠡᠨ ᠬᠦ ᠠᠬᠢᠭᠤᠯᠵᠤ᠂ ᠬᠠᠪᠤᠷ ᠤᠨ ᠡᠯᠰᠡᠯᠲᠡ ᠶᠢᠨ ᠵᠠᠩᠭᠢᠯᠠᠭ᠎ᠠ ᠶᠢᠨ ᠬᠤᠭᠤᠴᠠᠭ᠎ᠠ ᠶᠢ ᠵᠠᠪᠳᠤᠨ᠂ ᠪᠥᠬᠦ ᠬᠦᠴᠦᠨ ᠢᠶᠠᠷ ᠢᠶᠠᠨ ᠪᠣᠭᠤᠮᠲᠠ ᠰᠢᠪᠲᠤᠯᠤᠨ ᠠᠵᠢᠯ ᠣᠯᠭᠤᠯᠲᠠ ᠶᠢ ᠠᠬᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ 4 ᠰᠠᠷ᠎ᠠ ᠶᠢᠨ 7 — 9 ᠤ ᠡᠳᠦᠷ ᠪᠣᠯᠲᠠᠯ᠎ᠠ ᠰᠦᠯᠵᠢᠶᠡᠨ ᠭᠠᠳᠠᠨᠠᠬᠢ ᠰᠤᠷᠭᠠᠭᠤᠯᠢ ᠶᠢᠨ ᠬᠦᠷᠢᠶᠡᠨ ᠳᠤ ᠠᠵᠢᠯᠲᠠᠨ ᠡᠯᠰᠡᠬᠦ ᠴᠤᠭᠯᠠᠭᠠᠨ ᠢ ᠵᠠᠯᠭᠠᠭ᠎ᠠ ᠪᠠᠷ ᠳᠥᠷᠪᠡᠨ ᠤᠳᠠᠭ᠎ᠠ ᠡᠷᠭᠢᠯᠡᠵᠦ᠂ ᠴᠤᠭᠯᠠᠭᠠᠨ ᠳᠤ 672 ᠬᠥᠮᠦᠨ ᠬᠡᠷᠡᠭᠯᠡᠬᠦ ᠨᠢᠭᠡᠴᠢ ᠶᠢ ᠤᠷᠢᠵᠤ᠂ 2 . 7 ᠲᠦᠮᠡ ᠭᠠᠷᠤᠶ ᠠᠵᠢᠯ ᠤᠨ ᠪᠠᠶᠢᠷᠢ ᠶᠢ ᠬᠠᠩᠭᠠᠨ᠂ ᠪᠥᠬᠦ ᠣᠷᠣᠨ ᠤ 1 . 7 ᠲᠦᠮᠡ ᠰᠢᠬᠠᠮ ᠳᠡᠭᠡᠳᠦ ᠰᠤᠷᠭᠠᠭᠤᠯᠢ ᠲᠡᠭᠦᠰᠦᠭᠰᠡᠳ ᠠᠬᠤᠢ ᠲᠠᠯᠠᠪᠠᠢ ᠳᠤ ᠤᠷᠢᠭᠲᠠᠨ ᠲᠣᠪᠴᠢ ᠨᠠᠮᠲᠠᠷ ᠢᠶᠠᠨ ᠳᠤᠰᠢᠶᠠᠪᠠ᠃

     ᠡᠨᠡ ᠤᠳᠠᠭᠠᠨ ᠤ ᠤᠷᠢᠬᠤ ᠰᠢᠷᠢᠰ ᠠᠵᠢᠯᠯᠠᠭ᠎ᠠ ᠨᠢ ︽ᠠᠷᠪᠠᠨ ᠲᠦᠮᠡᠨ ᠣᠶᠤᠲᠠᠨ ᠢ ᠥᠪᠥᠷ ᠮᠣᠩᠭᠤᠯ ᠳᠤ

ᠦᠯᠡᠳᠡᠬᠦ ᠢᠨᠵᠧᠨᠧᠷᠢᠩ︾᠂ ︽ᠬᠥᠬᠡᠬᠤᠲᠠ ᠪᠤᠭᠤᠲᠤ ᠣᠷᠳᠣᠰ ᠤᠯᠠᠭᠠᠨᠴᠠᠪ ᠢ ᠨᠢᠭᠡ ᠴᠣᠭᠴᠠᠵᠢᠭᠤᠯᠬᠤ︾

ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠲᠣᠭᠤᠷᠢᠨ ᠳᠤ᠂ ᠡᠳ᠋ ᠤᠨ ᠵᠠᠰᠠᠭ ᠠᠵᠤ ᠠᠬᠤᠶ ᠶᠢᠨ ᠲᠥᠷᠥᠯ᠂

ᠲᠠᠷᠢᠶᠠᠯᠠᠩ ᠮᠠᠯ ᠠᠵᠤ ᠠᠬᠤᠶ ᠶᠢᠨ ᠲᠥᠷᠥᠯ᠂ ᠠᠮᠢᠳᠤ ᠪᠣᠳᠠᠰ ᠡᠮ ᠦᠢᠯᠡᠳᠬᠦ ᠲᠥᠷᠥᠯ᠂ ᠰᠤᠷᠭᠠᠨ ᠬᠥᠮᠦᠵᠢᠯ ᠤᠨ

ᠲᠥᠷᠥᠯ᠂ ᠡᠨᠧᠷᠭᠢ ᠶᠢᠨ ᠬᠡᠷᠡᠯ ᠴᠡᠨᠡᠭ ᠤᠨ ᠲᠥᠷᠥᠯ ᠵᠡᠷᠭᠡ ᠠᠵᠤ ᠦᠢᠯᠡᠰ ᠤᠨ ᠴᠢᠳᠠᠪᠤᠷᠢᠲᠠᠨ ᠤ ᠬᠡᠷᠡᠭᠴᠡᠭᠡ

ᠱᠠᠭᠠᠷᠳᠠᠯᠭ᠎ᠠ ᠳᠤ ᠠᠩᠬᠠᠷᠤᠯ ᠢᠶᠠᠨ ᠬᠠᠨᠳᠤᠭᠤᠯᠤᠨ᠂ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠠᠵᠤ

ᠦᠢᠯᠡᠰ ᠤᠨ ᠬᠥᠭᠵᠢᠯᠲᠡ ᠳᠤ ᠭᠦᠨᠵᠡᠭᠡᠶ ᠦᠢᠯᠡᠴᠢᠯᠡᠵᠦ᠂ ᠰᠤᠷᠭᠠᠭᠤᠯᠢ ᠶᠢᠨ ᠬᠦᠷᠢᠶᠡᠨ ᠳᠤ ᠤᠷᠢᠬᠤ ᠭᠤᠤᠯ

ᠠᠷᠭ᠎ᠠ ᠵᠠᠮ ᠤᠨ ᠦᠢᠯᠡᠳᠦᠯ ᠢ ᠭᠦᠢᠴᠡᠳ ᠪᠠᠳᠠᠷᠠᠭᠤᠯᠤᠨ᠂ ᠬᠥᠮᠦᠨ ᠬᠡᠷᠡᠭᠯᠡᠬᠦ ᠨᠢᠭᠡᠴᠢ ᠵᠢᠴᠢ ᠲᠡᠭᠦᠰᠦᠭᠰᠡᠳ ᠲᠤ

ᠨᠠᠷᠢᠯᠢᠭ ᠣᠨᠣᠴᠠᠲᠠᠢ ᠪᠠᠷ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠲᠠᠪᠴᠠᠩ ᠢ ᠪᠠᠶᠢᠭᠤᠯᠵᠤ ᠥᠭᠴᠡᠶ᠃

     ᠳᠠᠷᠠᠭ᠎ᠠ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠦᠷᠭᠦᠯᠵᠢᠯᠡᠨ

ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠢᠨᠵᠧᠨᠧᠷᠢᠩ᠂ ᠴᠢᠬᠤᠯᠠ ᠶᠡᠭᠡ ᠲᠥᠷᠥᠯ ᠵᠦᠢᠯ᠂ ᠴᠢᠬᠤᠯᠠ

ᠬᠦᠷᠢᠶᠡᠨ ᠤ ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠬᠠᠨᠳᠤᠭᠤᠯᠵᠤ᠂ ︽ᠠᠵᠤ ᠠᠬᠤᠶᠢᠯᠠᠯ ᠢ

ᠰᠤᠷᠪᠤᠯᠵᠢᠯᠠᠨ ᠠᠵᠢᠯ ᠤᠨ ᠪᠠᠶᠢᠷᠢ ᠶᠢ ᠥᠷᠭᠡᠳᠬᠡᠬᠦ︾᠂ ︽ᠲᠦᠮᠡᠨ ᠠᠵᠤ ᠠᠬᠤᠶᠢᠯᠠᠯ ᠢ ᠰᠤᠷᠭᠠᠭᠤᠯᠢ ᠳᠤ

ᠣᠷᠣᠭᠤᠯᠬᠤ︾ ᠵᠡᠷᠭᠡ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠲᠡᠭᠦᠰᠦᠭᠰᠡᠳ ᠤᠨ ᠲᠤᠰᠬᠠᠶ ᠮᠡᠷᠭᠡᠵᠢᠯ ᠪᠠ

ᠰᠣᠷᠣᠭᠴᠢ ᠶᠢᠨ ᠢᠷᠡᠯᠲᠡ ᠶᠢᠨ ᠪᠠᠶᠢᠳᠠᠯ ᠲᠠᠢ ᠤᠶᠠᠯᠳᠤᠭᠤᠯᠤᠨ᠂ ᠲᠠᠰ ᠳᠠᠪᠬᠤᠷᠭ᠎ᠠ ᠬᠤᠪᠢᠶᠠᠨ᠂ ᠠᠵᠢᠯ ᠲᠥᠷᠥᠯ

ᠬᠤᠪᠢᠶᠠᠵᠤ᠂ ᠭᠠᠵᠠᠷ ᠣᠷᠣᠨ ᠠᠯᠤᠰᠯᠠᠨ ᠡᠯ᠎ᠡ ᠲᠥᠷᠥᠯ ᠤᠨ ᠰᠤᠷᠭᠠᠭᠤᠯᠢ ᠶᠢᠨ ᠬᠦᠷᠢᠶᠡᠨ ᠳᠤ ᠤᠷᠢᠬᠤ

ᠠᠵᠢᠯᠯᠠᠭ᠎ᠠ ᠶᠢ ᠣᠯᠠᠨ ᠤᠳᠠᠭ᠎ᠠ ᠥᠷᠨᠢᠭᠦᠯᠦᠨ᠎ᠡ᠂ ᠵᠢᠱᠢᠶᠡᠯᠡᠪᠡᠯ᠂ ︽ᠲᠠᠷᠢᠶᠠᠯᠠᠩ ᠮᠠᠯ ᠠᠵᠤ ᠠᠬᠤᠶ ᠶᠢᠨ ᠲᠥᠷᠥᠯ︾᠂

︽ᠠᠮᠢᠳᠤ ᠪᠣᠳᠠᠰ ᠤᠨ ᠡᠮ ᠦᠢᠯᠡᠳᠬᠦ︾᠂ ︽ᠲᠣᠨᠤᠭ ᠲᠥᠬᠦᠭᠡᠷᠦᠮᠵᠢ ᠦᠢᠯᠡᠳᠬᠦ︾ ᠵᠡᠷᠭᠡ ᠰᠦᠯᠵᠢᠶᠡᠨ

ᠭᠠᠳᠠᠨᠠᠬᠢ ᠰᠤᠷᠭᠠᠭᠤᠯᠢ ᠶᠢᠨ ᠬᠦᠷᠢᠶᠡᠨ ᠳᠤ ᠲᠤᠰᠬᠠᠶ ᠤᠷᠢᠬᠤ ᠬᠤᠷᠠᠯ ᠢ ᠬᠤᠷᠠᠯᠳᠤᠭᠤᠯᠵᠤ᠂ ᠲᠡᠭᠦᠰᠦᠭᠰᠡᠳ ᠲᠤ

ᠨᠠᠩ ᠣᠯᠠᠨ ᠠᠵᠢᠯ ᠤᠯᠬᠤ ᠰᠣᠩᠭᠤᠯᠲᠠ ᠬᠠᠩᠭᠠᠨ᠎ᠠ᠃ ᠡᠭᠦᠨ ᠤ ᠬᠠᠮᠲᠤ᠂ ᠪᠥᠬᠦ ᠣᠷᠣᠨ ᠤ ᠵᠠᠰᠠᠭ ᠵᠠᠬᠢᠷᠭ᠎ᠠ

ᠰᠤᠷᠭᠠᠭᠤᠯᠢ ᠠᠵᠤ ᠠᠬᠤᠶᠢᠯᠠᠯ ᠤᠨ ᠪᠦᠲᠦᠮᠵᠢᠲᠡᠶ ᠬᠤᠯᠪᠣᠭᠠᠯᠠᠨ ᠬᠥᠳᠡᠯᠦᠯᠴᠡᠬᠦ ᠶᠢ ᠤᠯᠠᠮ ᠨᠢᠭᠡ ᠠᠯᠬᠤᠮ

ᠴᠢᠩᠭᠠᠷᠠᠭᠤᠯᠵᠤ᠂ ᠣᠯᠠᠨ ᠲᠠᠯ᠎ᠠ ᠪᠠᠷ ᠠᠵᠢᠯ ᠣᠯᠭᠤᠯᠲᠠ ᠶᠢ ᠠᠬᠢᠭᠤᠯᠬᠤ ᠬᠠᠮ ᠬᠦᠴᠦᠨ ᠢ ᠪᠦᠷᠢᠯᠳᠦᠭᠦᠯᠦᠨ᠂

ᠬᠥᠮᠦᠨ ᠬᠡᠷᠡᠭᠯᠡᠬᠦ ᠨᠢᠭᠡᠴᠢ ᠪᠠ ᠥᠷᠭᠡᠨ ᠣᠯᠠᠨ ᠲᠡᠭᠦᠰᠦᠭᠰᠡᠳ ᠤᠨ ᠬᠠᠩᠭᠠᠯᠭ᠎ᠠ ᠬᠡᠷᠡᠭᠴᠡᠭᠡ ᠶᠢ ᠨᠠᠷᠢᠯᠢᠭ

ᠣᠨᠣᠴᠠᠲᠠᠢ ᠪᠠᠷ ᠵᠣᠯᠭᠠᠭᠤᠯᠬᠤ ᠲᠠᠪᠴᠠᠩ ᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ 2023 ᠣᠨ ᠳᠤ

ᠳᠡᠭᠡᠳᠦ ᠰᠤᠷᠭᠠᠭᠤᠯᠢ ᠲᠡᠭᠦᠰᠦᠭᠰᠡᠳ ᠤᠨ ᠤᠷᠤᠭᠰᠢᠲᠠᠶ ᠲᠡᠭᠦᠰᠬᠦ᠂ ᠡᠷᠲᠡᠬᠡᠨ ᠠᠵᠢᠯ ᠤᠯᠬᠤ᠂ ᠴᠢᠨᠠᠷᠯᠢᠭ ᠠᠵᠢᠯ

ᠤᠯᠬᠤ ᠶᠢ ᠪᠥᠬᠦ ᠬᠦᠴᠦᠨ ᠢᠶᠠᠷ ᠠᠬᠢᠭᠤᠯᠤᠨ᠎ᠠ᠃

 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号