| | ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠦᠬᠦ ᠬᠦᠴᠦ ᠪᠠᠷ ᠢᠶᠠᠨ ᠰᠠᠶᠢᠲᠤᠷ ᠬᠢᠵᠦ᠂ ᠠᠷᠠᠳ | ᠣᠯᠠᠨ ᠤ ᠰᠤᠷᠭᠠᠨ ᠬᠥᠮᠦᠵᠢᠯ ᠤᠨ ᠲᠤᠬᠠᠢ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠪᠠ | ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠶ ᠳᠡᠭᠡᠭᠰᠢᠯᠡᠭᠦᠯᠦᠨ᠂ ᠭᠡᠷ ᠤᠨ ᠠᠬᠠᠮᠠᠳ ᠤᠨ ᠬᠡᠦᠬᠡᠳ ᠢᠶᠠᠨ | ᠴᠡᠴᠡᠷᠯᠢᠭ ᠲᠤ ᠣᠷᠣᠭᠤᠯᠤᠨ ᠰᠤᠷᠭᠠᠭᠤᠯᠢ ᠳᠤ ᠣᠷᠣᠭᠤᠯᠬᠤ ᠠᠵᠢᠯ ᠶᠠᠪᠤᠳᠠᠯ ᠢ ᠭᠦᠢᠴᠡᠳᠬᠡᠬᠦ ᠳᠤ ᠣᠯᠠᠨ ᠭᠠᠵᠠᠷ | ᠭᠦᠶᠦᠬᠦ᠂ ᠣᠯᠠᠨ ᠤᠳᠠᠭ᠎ᠠ ᠭᠦᠶᠦᠬᠦ᠂ ᠮᠠᠲ᠋ᠧᠷᠢᠶᠠᠯ ᠣᠯᠠᠨ᠂ ᠠᠯᠬᠤᠮ ᠳᠠᠷᠠᠭ᠎ᠠ ᠪᠤᠳᠤᠯᠢᠶᠠᠨᠲᠠᠶ ᠵᠡᠷᠭᠡ ᠠᠰᠠᠭᠤᠳᠠᠯ ᠢ | ᠰᠢᠢᠳᠪᠦᠷᠢᠯᠡᠬᠦ ᠶᠢᠨ ᠲᠤᠰᠠᠳᠠ᠂ 4 ᠳ᠋ᠦ᠋ᠭᠡᠷ ᠰᠠᠷ᠎ᠠ ᠶᠢᠨ 6 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠳᠣᠲᠣᠭᠠᠳᠤ ᠶᠢ ᠬᠠᠮᠠᠭᠠᠯᠠᠬᠤ ᠲᠢᠩᠬᠢᠮ ᠵᠡᠷᠭᠡ 7 ᠰᠠᠯᠠᠭ᠎ᠠ | ᠮᠥᠴᠢᠷ ᠲᠠᠢ ᠬᠤᠯᠪᠣᠭᠠᠯᠠᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠡᠴᠡᠷᠯᠢᠭ ᠲᠤ ᠣᠷᠣᠵᠤ | ᠰᠤᠷᠭᠠᠭᠤᠯᠢ ᠳᠤ ᠣᠷᠣᠬᠤ ᠨᠢᠭᠡ ᠶᠠᠪᠤᠳᠠᠯ ᠢ ᠭᠦᠢᠴᠡᠳᠬᠡᠬᠦ ᠲᠤᠬᠠᠶ ᠵᠢᠯᠣᠭᠤᠳᠬᠤ ᠰᠠᠨᠠᠯ︾ ᠢ ᠳᠠᠷᠤᠮᠠᠯᠯᠠᠨ | ᠲᠠᠷᠬᠠᠭᠠᠵᠤ᠂ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠢ ᠴᠣᠮᠬᠠᠳᠬᠠᠬᠤ᠂ ᠬᠢᠨᠠᠨ ᠵᠥᠪᠰᠢᠶᠡᠷᠡᠬᠦ ᠴᠣᠪᠤᠷᠠᠯ ᠢ | ᠵᠢᠷᠤᠮᠵᠢᠭᠤᠯᠬᠤ᠂ ᠲᠤᠭ᠎ᠠ ᠪᠠᠷᠢᠮᠲᠠ ᠶᠢ ᠬᠠᠮᠲᠤ ᠪᠠᠷ ᠬᠥᠷᠲᠡᠬᠦ ᠶᠢ ᠴᠢᠩᠭᠠᠳᠬᠠᠬᠤ ᠵᠡᠷᠭᠡ ᠠᠷᠭ᠎ᠠ ᠬᠡᠮᠵᠢᠶ᠎ᠡ ᠪᠠᠷ | ᠳᠠᠮᠵᠢᠭᠤᠯᠤᠨ᠂ ᠳᠣᠲᠣᠭᠠᠳᠤ ᠶᠢ ᠬᠠᠮᠠᠭᠠᠯᠠᠬᠤ᠂ ᠪᠠᠶᠢᠭᠠᠯᠢ ᠶᠢᠨ ᠡᠬᠢ ᠪᠠᠶᠠᠯᠢᠭ᠂ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠨᠡᠶᠢᠭᠡᠮ ᠤᠨ ᠪᠠᠲᠤᠯᠠᠭ᠎ᠠ ᠵᠡᠷᠭᠡ ᠰᠠᠯᠠᠭ᠎ᠠ ᠮᠥᠴᠢᠷ ᠤᠨ ᠡᠷᠦᠬᠡ | ᠠᠮᠠ ᠶᠢᠨ ᠬᠠᠷᠢᠶᠠᠯᠠᠯ᠂ ᠥᠯᠥ ᠬᠥᠳᠡᠯᠬᠦ ᠬᠥᠷᠥᠩᠭᠡ᠂ ᠬᠡᠷ ᠪᠠᠶᠢᠰᠢᠩ ᠤᠨ ᠠᠷᠠᠯᠵᠢᠶ᠎ᠠ᠂ ᠨᠡᠶᠢᠭᠡᠮ ᠤᠨ ᠪᠠᠲᠤᠯᠠᠭ᠎ᠠ ᠶᠢᠨ | ᠭᠡᠷᠡᠴᠢᠯᠡᠯ ᠵᠡᠷᠭᠡ ︽ᠲᠤᠭ᠎ᠠ ᠪᠠᠷᠢᠮᠲᠠ ᠶᠢᠨ ᠲᠥᠭᠵᠢᠷᠡᠯ︾ ᠢ ᠨᠡᠪᠲᠡᠷᠡᠭᠦᠯᠵᠦ᠂ ︽ᠴᠡᠴᠡᠷᠯᠢᠭ ᠲᠤ ᠣᠷᠣᠵᠤ | ᠰᠤᠷᠭᠠᠭᠤᠯᠢ ᠳᠤ ᠣᠷᠣᠬᠤ ᠨᠢᠭᠡ ᠶᠠᠪᠤᠳᠠᠯ︾ ᠢ ᠰᠦᠯᠵᠢᠶᠡᠨ ᠳᠡᠭᠡᠷ᠎ᠡ ᠭᠦᠢᠴᠡᠳᠬᠡᠵᠦ ᠪᠣᠯᠬᠤ ᠶᠢ ᠪᠡᠶᠡᠯᠡᠭᠦᠯᠪᠡ᠃ | ᠲᠠᠷᠠᠭᠠᠴᠢ ᠶᠢᠨ ᠠᠯᠬᠤᠮ ᠳᠤ᠂ ᠰᠤᠷᠭᠠᠨ ᠬᠥᠮᠦᠵᠢᠯ ᠤᠨ ᠲᠢᠩᠬᠢᠮ ᠠᠴᠠ ᠡᠯ᠎ᠡ ᠭᠠᠵᠠᠷ ᠤᠨ ᠰᠣᠷᠣᠭᠴᠢ ᠡᠯᠰᠡᠬᠦ | ᠠᠵᠢᠯ ᠤᠨ ᠲᠣᠭᠲᠠᠴᠠ ᠶᠢ ᠲᠡᠭᠦᠯᠳᠡᠷᠵᠢᠭᠦᠯᠬᠦ᠂ ᠰᠢᠰᠲ᠋ᠧᠮ ᠢ ᠨᠡᠭᠡᠭᠡᠨ ᠠᠰᠢᠭᠯᠠᠵᠤ ᠬᠡᠷᠡᠭᠯᠡᠬᠦ ᠶᠢ ᠰᠠᠶᠢᠲᠤᠷ ᠬᠢᠬᠦ᠂ | ᠤᠬᠠᠭᠤᠯᠤᠨ ᠵᠢᠯᠣᠭᠤᠳᠬᠤ ᠵᠡᠷᠭᠡ ᠠᠵᠢᠯ ᠢ ᠤᠯᠠᠮ ᠨᠢᠭᠡ ᠠᠯᠬᠤᠮ ᠵᠢᠯᠣᠭᠤᠳᠴᠤ᠂ ᠠᠰᠠᠭᠤᠨ ᠯᠠᠪᠯᠠᠬᠤ ᠬᠠᠯᠠᠮᠰᠢᠯ | ᠤᠲᠠᠰᠤ ᠶᠢ ᠨᠡᠪᠲᠡᠷᠡᠭᠦᠯᠵᠦ᠂ ᠰᠤᠷᠭᠠᠭᠤᠯᠢ ᠶᠢᠨ ᠳᠣᠲᠣᠷ᠎ᠠ ᠰᠦᠯᠵᠢᠶᠡᠨ ᠠᠴᠠ ᠭᠠᠳᠠᠭᠤᠷᠬᠢ ᠣᠷᠣᠯᠠᠨ ᠭᠦᠢᠴᠡᠳᠬᠡᠬᠦ | ᠴᠡᠭ ᠭᠠᠷᠭᠠᠨ᠂ ᠭᠠᠷ ᠤᠲᠠᠰᠤ᠂ ᠺᠣᠮᠫᠢᠦ᠋ᠲ᠋ᠧᠷ ᠢᠶᠠᠷ ᠭᠦᠢᠴᠡᠳᠬᠡᠬᠦ ᠳᠤ ᠳᠦᠭᠦᠮ ᠥᠬᠡᠶ ᠣᠯᠠᠨ ᠲᠦᠮᠡᠨ ᠤ ᠨᠡᠷ᠎ᠡ | ᠮᠡᠳᠡᠭᠦᠯᠬᠦ ᠳᠤ ᠬᠦᠴᠢᠷᠲᠡᠢ ᠠᠰᠠᠭᠤᠳᠠᠯ ᠢ ᠰᠢᠢᠳᠪᠦᠷᠢᠯᠡᠨ᠂ ︽ᠴᠡᠴᠡᠷᠯᠢᠭ ᠲᠤ ᠣᠷᠣᠵᠤ ᠰᠤᠷᠭᠠᠭᠤᠯᠢ ᠳᠤ ᠣᠷᠣᠬᠤ | ᠨᠢᠭᠡ ᠶᠠᠪᠤᠳᠠᠯ︾ ᠢ ᠭᠦᠢᠴᠡᠳᠬᠡᠬᠦ ᠠᠵᠢᠯ ᠤᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠪᠣᠯᠣᠨ᠎ᠠ᠃ |