| | 4 ᠰᠠᠷ᠎ᠠ ᠶᠢᠨ 11 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠣᠨᠣᠯ | ᠰᠤᠷᠤᠯᠴᠠᠬᠤ ᠭᠤᠤᠯ ᠳᠤᠭᠤᠶᠢᠯᠠᠩ ᠬᠠᠮᠲᠤ ᠶᠢᠨ ᠰᠤᠷᠤᠯᠴᠠᠯᠭ᠎ᠠ ᠬᠢᠵᠦ᠂ ᠶᠡᠷᠦᠩᠬᠡᠶ ᠱᠦᠵᠢ ᠰᠢ ᠶᠢᠨ ᠫᠢᠩ ᠤᠨ | ᠭᠤᠤᠯ ᠰᠡᠳᠦᠪᠲᠦ ᠬᠥᠮᠦᠵᠢᠯ ᠤᠨ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶ᠎ᠠ ᠪᠣᠯᠣᠨ ᠨᠠᠮ ᠤᠨ ᠲᠥᠪ | ᠬᠤᠷᠢᠶ᠎ᠠ ᠶᠢᠨ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠰᠤᠷᠤᠯᠴᠠᠨ | ᠲᠤᠭᠤᠰᠢᠯᠠᠭᠤᠯᠬᠤ ᠶᠢᠨ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠰᠦᠨ ᠱᠤᠤ ᠴᠧᠩ | ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃ ᠲᠥᠪ ᠤᠨ ᠨᠢᠭᠡᠳᠦᠭᠡᠷ ᠵᠢᠯᠣᠭᠤᠳᠬᠤ ᠳᠤᠭᠤᠶᠢᠯᠠᠩ ᠤᠨ | ᠳᠠᠷᠤᠭ᠎ᠠ ᠴᠧ ᠵᠢᠶᠦ᠋ᠨ᠂ ᠳᠡᠳ᠋ ᠳᠤᠭᠤᠶᠢᠯᠠᠩ ᠤᠨ ᠳᠠᠷᠤᠭ᠎ᠠ ᠯᠢ ᠰᠢᠶᠣᠤ ᠰᠠᠨ ᠵᠢᠴᠢ ᠪᠦᠬᠦ ᠪᠦᠷᠢᠯᠳᠦᠭᠦᠨ | ᠬᠤᠷᠠᠯ ᠳᠤ ᠣᠷᠣᠯᠴᠠᠵᠤ ᠵᠢᠭᠠᠨ ᠵᠢᠯᠤᠭᠤᠳᠪᠠ᠃ | ᠰᠦᠨ ᠱᠤᠤ ᠴᠧᠩ᠂ ᠡᠨᠡ ᠤᠳᠠᠭ᠎ᠠ ᠶᠢᠨ ᠭᠤᠣᠯ ᠰᠡᠳᠦᠪᠲᠦ ᠬᠥᠮᠦᠵᠢᠯ ᠢ ᠰᠠᠶᠢᠲᠤᠷ ᠠᠳᠬᠤᠬᠤ ᠳᠤ ᠡᠩ | ᠲᠡᠷᠢᠭᠦᠨ ᠳᠤ ᠨᠠᠮ ᠤᠨ ᠲᠥᠪ ᠬᠤᠷᠢᠶ᠎ᠠ ᠶᠢᠨ ᠴᠢᠬᠤᠯᠠ ᠶᠡᠭᠡ ᠪᠣᠳᠣᠯᠬᠢᠯᠠᠯ ᠢ ᠬᠦᠨᠵᠡᠭᠡᠢ ᠣᠶᠢᠯᠠᠭᠠᠨ ᠡᠵᠡᠮᠳᠡᠵᠦ᠂ | ᠤᠯᠤᠰ ᠲᠦᠷᠥ ᠪᠠ ᠪᠦᠬᠦ ᠲᠠᠯ᠎ᠠ ᠶᠢᠨ ᠦᠨᠳᠦᠷᠴᠡ ᠠᠴᠠ ᠭᠤᠣᠯ ᠰᠡᠳᠦᠪᠲᠦ ᠬᠥᠮᠦᠵᠢᠯ ᠤᠨ ᠴᠢᠬᠤᠯᠠ ᠶᠡᠭᠡ ᠠᠴᠢ | ᠬᠤᠯᠪᠣᠭᠳᠠᠯ ᠢ ᠲᠠᠨᠢᠵᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ | ᠡᠭᠦᠷᠭᠡᠯᠡᠯ ᠢᠶᠠᠨ ᠴᠢᠩᠭᠠᠳᠬᠠᠵᠤ᠂ ᠦᠵᠡᠯ ᠰᠠᠨᠠᠭᠠᠨ ᠤ ᠵᠡᠪᠰᠡᠭᠯᠡᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ | ᠠᠬᠢᠭᠤᠯᠵᠤ᠂ ᠪᠦᠬᠦ ᠣᠷᠣᠨ ᠤ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢᠯᠠᠩᠭᠤᠶ᠎ᠠ ᠤᠳᠤᠷᠢᠳᠬᠤ | ᠺᠠᠳ᠋ᠷᠴᠤᠳ ᠢ ᠬᠦᠳᠦᠯᠦᠨ ᠵᠢᠯᠤᠭᠤᠳᠴᠤ ᠪᠠᠶᠢᠭᠠᠳ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠴᠢᠨᠠᠭᠰᠢᠳᠠ ᠭᠦᠨᠵᠡᠭᠡᠢ ᠰᠤᠷᠤᠯᠴᠠᠨ | ᠲᠤᠭᠤᠰᠢᠯᠠᠭᠤᠯᠵᠤ᠂ ︽ᠬᠤᠶᠠᠷ ᠢ ᠲᠣᠭᠲᠠᠭᠠᠬᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ | ᠡᠷᠡᠰ ᠪᠡᠶᠡᠯᠡᠭᠦᠯᠵᠦ᠂ ᠠᠯᠬᠤᠭ᠎ᠠ ᠨᠢᠭᠡᠲᠡᠢ ᠪᠠᠷ ᠶᠡᠷᠦᠩᠬᠡᠢ ᠱᠦᠵᠢ ᠰᠢ ᠶᠢᠨ ᠫᠢᠩ ᠢ ᠡᠷᠡᠰ ᠲᠠᠭᠠᠨ ᠤᠷᠤᠭᠰᠢᠯᠠᠬᠤ | ᠬᠡᠷᠡᠭᠲᠡᠢ ᠭᠡᠵᠦ ᠬᠡᠯᠡᠪᠡ᠃ | ᠰᠦᠨ ᠱᠤᠤ ᠴᠧᠩ᠂ ᠤᠨᠤᠯ ᠤᠨ ᠰᠤᠷᠤᠯᠴᠠᠯᠭ᠎ᠠ ᠶᠢᠨ ᠦᠷ᠎ᠡ ᠪᠦᠲᠦᠮᠵᠢ ᠨᠢ ᠭᠤᠣᠯ ᠰᠡᠳᠦᠪᠲᠦ | ᠬᠥᠮᠦᠵᠢᠯ ᠢ ᠥᠷᠨᠢᠭᠦᠯᠦᠭᠰᠡᠨ ᠦᠷ᠎ᠡ ᠪᠦᠲᠦᠮᠵᠢ ᠶᠢ ᠰᠢᠭᠤᠳ ᠲᠣᠭᠲᠠᠭᠠᠵᠦ᠂ ᠡᠷᠬᠡᠪᠰᠢ ᠤᠨᠤᠯ ᠤᠨ ᠰᠤᠷᠤᠯᠴᠠᠯᠭ᠎ᠠ | ᠭᠡᠬᠦ ᠡᠨᠡ ᠬᠦ ᠲᠡᠷᠢᠭᠦᠨ ᠴᠢᠬᠤᠯᠠ ᠡᠭᠦᠷᠭᠡ ᠪᠣᠯᠤᠨ ᠰᠠᠭᠤᠷᠢ ᠶᠢ ᠪᠠᠲᠤ ᠴᠣᠭᠴᠠᠯᠠᠬᠤ ᠶᠢ ᠰᠠᠶᠢᠲᠤᠷ ᠠᠳᠬᠤᠬᠤ | ᠬᠡᠷᠡᠭᠲᠡᠢ᠃ ᠦᠨᠡᠨ ᠬᠦ ᠬᠦᠴᠦ ᠣᠷᠣᠭᠤᠯᠵᠤ᠂ ᠨᠠᠷᠢᠯᠢᠭ ᠬᠦᠴᠦᠯᠡᠵᠦ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠤᠯ ᠠᠭᠤᠯᠭ᠎ᠠ ᠶᠢ | ᠪᠥᠬᠦ ᠲᠠᠯ᠎ᠠ ᠪᠠᠷ ᠰᠢᠰᠲ᠋ᠧᠮ ᠲᠠᠢ ᠰᠤᠷᠤᠯᠴᠠᠨ ᠡᠵᠡᠮᠰᠢᠵᠦ᠂ ᠡᠨᠡ ᠬᠦ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ | ᠰᠢᠰᠲ᠋ᠧᠮ ᠢ ᠪᠦᠬᠦᠯᠢ ᠴᠣᠭᠴᠠ ᠪᠠᠷ ᠨᠢ ᠡᠵᠡᠮᠳᠡᠵᠦ᠂ ᠡᠨᠡ ᠬᠦ ᠦᠵᠡᠯ ᠰᠠᠨᠠᠭᠠᠨ ᠤ ᠶᠢᠷᠲᠢᠨᠴᠦ ᠶᠢᠨ ᠦᠵᠡᠯᠲᠡ᠂ | ᠠᠷᠭ᠎ᠠ ᠶᠢᠨ ᠣᠨᠣᠯ ᠪᠣᠯᠤᠨ ᠡᠭᠦᠨ ᠲᠤ ᠲᠤᠭᠤᠰᠢᠯᠠᠭᠳᠠᠵᠤ ᠪᠠᠶᠢᠭ᠎ᠠ ᠵᠣᠭᠰᠣᠯᠲᠠ ᠦᠵᠡᠯᠲᠡ ᠠᠷᠭ᠎ᠠ ᠶᠢ ᠰᠠᠶᠢᠲᠤᠷ | ᠡᠵᠡᠮᠰᠢᠨ ᠬᠡᠷᠡᠭᠯᠡᠵᠦ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ᠋ᠢᠯᠡ ᠰᠢᠨᠵᠢᠯᠡᠬᠦ ᠤᠬᠠᠭᠠᠨ ᠤ ᠰᠢᠰᠲ᠋ᠧᠮ ᠳᠤ ᠳᠡᠯᠪᠢᠨ ᠲᠠᠨᠢᠵᠤ | ᠡᠵᠡᠮᠳᠡᠬᠦ ᠶᠢ ᠪᠠᠷᠢᠮᠲᠠᠯᠠᠵᠤ᠂ ᠮᠠᠷᠺᠰ ᠤᠨ ᠦᠵᠡᠯ ᠤᠨ ᠥᠪᠡᠷᠮᠢᠴᠡ ᠴᠢᠳᠠᠪᠤᠷᠢ ᠶᠢ ᠦᠨᠡᠨ ᠬᠦ ᠰᠤᠷᠴᠤ ᠡᠵᠡᠮᠰᠢᠬᠦ | ᠬᠡᠷᠡᠭᠲᠡᠢ ᠭᠡᠵᠦ ᠬᠡᠯᠡᠪᠡ᠃ | ᠰᠦᠨ ᠱᠤᠤ ᠴᠧᠩ᠂ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠳᠤ ᠠᠰᠠᠭᠤᠳᠠᠯ ᠢ ᠰᠢᠢᠳᠪᠦᠷᠢᠯᠡᠵᠦ | ᠳᠡᠶᠢᠯᠬᠦ ᠡᠰᠡᠬᠦ ᠪᠠᠷ ︽ᠰᠢᠯᠭᠠᠭᠤᠷ︾ ᠪᠣᠯᠭᠠᠵᠤ᠂ ᠰᠤᠷᠤᠯᠴᠠᠬᠤ᠂ ᠰᠤᠳᠤᠯᠬᠤ᠂ ᠪᠠᠶᠢᠴᠠᠭᠠᠬᠤ᠂ ᠰᠠᠶᠢᠵᠢᠷᠠᠭᠤᠯᠬᠤ | ᠳᠤ ᠴᠥᠮ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠳᠤᠪᠤᠶᠢᠯᠭᠠᠵᠤ᠂ ᠠᠰᠠᠭᠤᠳᠠᠯ ᠢ ᠰᠶᠢᠳᠪᠦᠷᠢᠯᠡᠬᠦ ᠠᠷᠭ᠎ᠠ | ᠤᠬᠠᠭᠠᠨ ᠭᠠᠷᠭᠠᠵᠤ᠂ ᠬᠥᠭᠵᠢᠯᠲᠡ ᠳᠤ ᠵᠠᠮ ᠨᠡᠭᠡᠭᠡᠵᠦ ᠥᠭᠬᠦ ᠬᠡᠷᠡᠭᠲᠡᠢ᠃ ᠭᠤᠣᠯ ᠰᠡᠳᠦᠪᠲᠦ ᠬᠥᠮᠦᠵᠢᠯ ᠤᠨ | ᠳᠤᠮᠳᠠ ᠪᠠᠶᠢᠴᠠᠭᠠᠵᠤ ᠳᠡᠯᠭᠡᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠲᠣᠭᠤᠷᠢᠨ ᠪᠠᠶᠢᠴᠠᠭᠠᠵᠤ ᠴᠠᠭᠳᠠᠨ | ᠪᠠᠶᠢᠴᠠᠭᠠᠬᠤ᠂ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ᠂ ᠬᠢᠨᠠᠨ ᠪᠤᠳᠤᠬᠤ ᠬᠢᠨᠠᠯᠲᠠ | ᠲᠠᠯᠪᠢᠬᠤ᠂ ︽ᠨᠡᠭᠦᠷᠡᠰᠦᠨ ᠤ ᠬᠦᠷᠢᠶ᠎ᠡ ᠴᠠᠷᠠᠭᠠᠨ ᠳᠠᠬᠢ ᠢᠯᠵᠠᠷᠠᠯ ᠤᠨ ᠠᠰᠠᠭᠤᠳᠠᠯ ᠢ ᠬᠤᠷᠢᠨ ᠵᠢᠯ ᠭᠡᠳᠡᠷᠬᠦ | ᠪᠠᠶᠢᠴᠠᠭᠠᠬᠤ︾᠂ ︽ᠲᠠᠪᠤ ᠶᠢ ᠳᠦᠢᠯᠪᠤᠷᠢᠳᠠᠢ ᠪᠠᠶᠢᠴᠠᠭᠠᠬᠤ︾ ᠵᠡᠷᠭᠡ ᠡᠯ᠎ᠡ ᠲᠦᠷᠦᠯ ᠤᠨ ᠬᠢᠨᠠᠯᠲᠠ ᠪᠠᠶᠢᠴᠠᠭᠠᠯᠲᠠ᠂ | ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ ᠲᠠᠢ ᠤᠶᠠᠯᠳᠤᠭᠤᠯᠵᠤ᠂ ᠪᠣᠳᠠᠲᠠᠢ | ᠠᠰᠠᠭᠤᠳᠠᠯ ᠢ ᠰᠢᠢᠳᠪᠦᠷᠢᠯᠡᠬᠦ ᠶᠢ ︽ᠲᠤᠯᠤᠭ᠎ᠠ ᠶᠢ ᠲᠠᠶᠠᠭᠳᠠᠬᠤ︾ ᠳᠤ ᠵᠢᠭᠠᠭᠰᠠᠨ ᠦᠵᠡᠯ ᠰᠠᠨᠠᠭ᠎ᠠ ᠦᠵᠡᠯᠲᠡ ᠶᠢᠨ | ᠠᠰᠠᠭᠤᠳᠠᠯ᠂ ︽ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ︾ ᠳᠤ ᠲᠤᠰᠬᠠᠬᠰᠡᠨ ᠠᠵᠢᠯ ᠤᠨ | ᠰᠤᠷᠲᠠᠯ ᠤᠨ ᠠᠰᠠᠭᠤᠳᠠᠯ ᠢ ᠰᠢᠢᠳᠪᠦᠷᠢᠯᠡᠬᠦ ᠲᠠᠢ ᠤᠶᠠᠯᠳᠤᠭᠤᠯᠵᠤ᠂ ᠭᠤᠣᠯ ᠰᠡᠳᠦᠪᠲᠦ ᠬᠥᠮᠦᠵᠢᠯ ᠤᠨ ᠦᠨᠡᠨ | ᠪᠣᠳᠠᠲᠠᠢ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠭᠡᠵᠦ ᠬᠡᠯᠡᠪᠡ᠃ | ᠰᠦᠨ ᠱᠤᠤ ᠴᠧᠩ᠂ ᠤᠳᠤᠷᠢᠳᠬᠤ ᠺᠠᠳ᠋ᠷᠴᠤᠳ ᠢᠯᠠᠩᠭᠤᠶ᠎ᠠ ᠮᠤᠵᠢ ᠶᠢᠨ ᠲᠡᠰ ᠤᠨ ᠤᠳᠤᠷᠢᠳᠬᠤ | ᠨᠥᠬᠦᠳ ᠮᠣᠩᠭᠤᠯ ᠮᠤᠷᠢᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠪᠡᠶ᠎ᠡ ᠪᠠᠷ ᠢᠶᠠᠨ ᠬᠡᠪ ᠳᠠᠭᠤᠷᠢᠶᠠᠯ | ᠪᠤᠯᠵᠤ᠂ ᠳᠡᠭᠡᠷ᠎ᠡ ᠱᠠᠳᠤ ᠨᠢ ᠳᠣᠣᠷ᠎ᠠ ᠱᠠᠳᠤ ᠪᠠᠨ ᠳᠠᠭᠠᠭᠤᠯᠵᠤ᠂ ᠤᠨᠤᠯ ᠤᠨ ᠰᠤᠷᠤᠯᠴᠠᠯᠭ᠎ᠠ᠂ ᠪᠠᠶᠢᠴᠠᠭᠠᠨ | ᠰᠤᠳᠤᠯᠤᠯᠲᠠ᠂ ᠠᠰᠠᠭᠤᠳᠠᠯ ᠢ ᠪᠠᠶᠢᠴᠠᠭᠠᠨ ᠦᠵᠡᠬᠦ ᠪᠠ ᠴᠡᠭᠴᠡᠯᠡᠨ ᠰᠠᠶᠢᠵᠢᠷᠠᠭᠤᠯᠬᠤ ᠶᠢ ᠲᠦᠷᠦᠭᠦᠯᠡᠨ ᠰᠠᠶᠢᠲᠤᠷ | ᠠᠳᠬᠤᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠨ ᠭᠦᠨᠵᠡᠭᠡᠢ ᠰᠤᠷᠤᠯᠴᠠᠵᠤ᠂ ᠨᠡᠪᠲᠡᠷᠡᠲᠡᠯ᠎ᠡ | ᠣᠶᠢᠯᠠᠭᠠᠵᠤ᠂ ᠪᠣᠳᠠᠲᠠᠢ ᠠᠵᠢᠯᠯᠠᠬᠤ ᠳᠤ ᠵᠢᠱᠢᠶ᠎ᠡ ᠦᠵᠡᠭᠦᠯᠦᠨ ᠲᠠᠶᠢᠴᠢᠯᠠᠵᠤ᠂ ᠭᠤᠣᠯ ᠰᠡᠳᠦᠪᠲᠦ ᠬᠥᠮᠦᠵᠢᠯ ᠢ | ᠥᠨᠳᠥᠷ ᠪᠠᠷᠢᠮᠵᠢᠶ᠎ᠠ ᠪᠠᠷ ᠥᠷᠨᠢᠭᠦᠯᠵᠦ᠂ ᠴᠢᠨᠠᠷ ᠰᠠᠶᠢᠲᠠᠢ ᠠᠬᠢᠭᠤᠯᠬᠤ ᠬᠡᠷᠡᠭᠲᠡᠢ ᠭᠡᠵᠦ ᠬᠡᠯᠡᠪᠡ᠃ | ᠸᠠᠩ ᠯᠢ ᠰᠢᠶᠠ᠂ ᠶᠠᠩ ᠸᠧᠢ ᠳ᠋ᠦᠩ᠂ ᠯᠢᠦ ᠱᠤᠸᠠᠩ᠂ ᠵᠧᠩ ᠬᠤᠩ ᠹᠠᠨ᠂ ᠳ᠋ᠢᠩ ᠰᠢᠤ ᠹᠧᠩ᠂ ᠮᠧᠩ | ᠰᠢᠶᠠᠨ ᠳ᠋ᠦᠩ᠂ ᠬᠤᠸᠠᠩ ᡁᠢ ᠴᠢᠶᠠᠩ᠂ ᠯᠢ ᠢᠦᠢ ᠭᠠᠩ᠂ ᠬᠦᠦᠳᠠᠭᠤᠯᠠ ᠦᠭᠡ ᠬᠡᠯᠡᠪᠡ᠃ | | |