| | 4 ᠰᠠᠷ᠎ᠠ ᠶᠢᠨ 9 ᠤ ᠡᠳᠦᠷ᠂ 58·59 ᠳ᠋ᠦ᠋ᠭᠡᠷ ᠬᠤᠭᠤᠴᠠᠭᠠᠨ ᠤ ᠳᠤᠮᠳᠠᠳᠤ ᠤᠯᠤᠰ ᠤᠨ ᠳᠡᠭᠡᠳᠦ | ᠵᠡᠷᠭᠡ ᠶᠢᠨ ᠰᠤᠷᠭᠠᠨ ᠬᠥᠮᠦᠵᠢᠯ ᠤᠨ ᠦᠵᠡᠰᠬᠦᠯᠡᠩ ᠤᠨ ᠴᠤᠭᠯᠠᠭᠠᠨ ᠤ ︽ᠭᠤᠷᠪᠠᠳᠤᠭᠠᠷ ᠬᠤᠭᠤᠴᠠᠭᠠᠨ ᠤ ᠣᠷᠣᠨ | ᠪᠦᠰᠡ ᠶᠢᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠭᠦᠯᠦᠯᠲᠡ ᠶᠢᠨ ᠶᠡᠭᠡ ᠬᠤᠷᠠᠯ︾ | ᠢ ᠴᠦᠩᠴᠢᠩ ᠳᠤ ᠬᠤᠷᠠᠯᠳᠤᠭᠤᠯᠪᠠ᠃ ᠴᠦᠩᠴᠢᠩ᠂ ᠥᠪᠥᠷ ᠮᠣᠩᠭᠤᠯ᠂ ᠱᠠᠨᠰᠢ᠂ ᠠᠨᠾᠦ᠋ᠢ᠂ ᠵᠢᠶᠠᠩᠰᠦ᠂ ᠹᠦᠵᠢᠶᠠᠨ᠂ | ᠱᠠᠨᠳᠦ᠋ᠩ᠂ ᠬᠠᠷᠠᠮᠥ᠋ᠷᠡᠨ ᠵᠡᠷᠭᠡ 8 ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶ ᠶᠢᠨ | ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠶᠡᠭᠡ ᠬᠤᠷᠠᠯ ᠳᠡᠭᠡᠷ᠎ᠡ | ᠰᠠᠨᠠᠯ ᠢᠶᠠᠨ ᠰᠣᠯᠢᠯᠴᠠᠪᠠ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠬᠤᠸᠠᠩ ᠶᠠ ᠯᠢ ᠤᠷᠢᠯᠭ᠎ᠠ ᠪᠠᠷ ᠣᠷᠣᠯᠴᠠᠭᠰᠠᠨ | ᠪᠥᠭᠡᠳ ︽ᠡᠬᠡ ᠤᠯᠤᠰ ᠤᠨ ᠤᠮᠠᠷᠠᠲᠤ ᠬᠢᠯᠢ ᠳᠤ ᠦᠨᠳᠦᠰᠦᠯᠡᠵᠦ ᠣᠷᠣᠨ ᠪᠦᠰᠡ ᠶᠢᠨ ᠬᠥᠭᠵᠢᠯᠲᠡ ᠳᠤ | ᠦᠢᠯᠡᠴᠢᠯᠡᠨ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢᠶᠠᠨ ᠪᠥᠲᠥᠭᠡᠨ ᠪᠠᠶᠢᠭᠤᠯᠬᠤ ᠳᠤ ᠰᠤᠷᠭᠠᠨ | ᠬᠥᠮᠦᠵᠢᠯ ᠤᠨ ᠬᠦᠴᠦᠨ ᠴᠢᠳᠠᠯ ᠢᠶᠠᠨ ᠡᠷᠭᠦᠰᠦᠭᠡᠢ︾ ᠭᠡᠬᠦ ᠰᠡᠳᠦᠪ ᠢᠶᠠᠷ ᠭᠤᠤᠯ ᠰᠡᠳᠦᠪᠲᠦ ᠮᠡᠳᠡᠭᠦᠯᠦᠯᠲᠡ ᠬᠢᠪᠠ᠃ | | | | | | ᠬᠤᠸᠠᠩ ᠶᠠ ᠯᠢ᠂ ᠣᠶᠢᠷ᠎ᠠ ᠶᠢᠨ ᠵᠢᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠶᠡᠷᠦᠩᠬᠡᠶ | ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠪᠣᠯᠤᠨ ︽ᠵᠢᠱᠢᠶᠡᠴᠢ | ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠡᠨᠡ ᠬᠤᠶᠠᠷ ᠶᠡᠭᠡ ᠶᠠᠪᠤᠳᠠᠯ ᠤᠨ | ᠲᠣᠭᠤᠷᠢᠨ ᠳᠤ ᠶᠣᠰᠣ ᠰᠤᠷᠲᠠᠬᠤᠨ ᠢ ᠪᠣᠢ ᠪᠣᠯᠭᠠᠵᠤ ᠬᠥᠮᠦᠨ ᠬᠥᠮᠦᠵᠢᠭᠦᠯᠬᠦ ᠦᠨᠳᠦᠰᠦᠨ ᠡᠭᠦᠷᠭᠡ ᠶᠢ ᠪᠥᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ | ᠭᠤᠤᠯ ᠱᠤᠭᠤᠮ ᠢ ᠳᠣᠪᠤᠶᠢᠯᠭᠠᠨ ᠪᠠᠲᠤ ᠴᠣᠭᠴᠠᠯᠠᠵᠤ᠂ ᠥᠷᠭᠡᠨ ᠣᠯᠠᠨ ᠵᠠᠯᠠᠭᠤ ᠰᠤᠷᠤᠭᠴᠢ ᠶᠢ ᠬᠥᠮᠦᠵᠢᠭᠦᠯᠦᠨ | ᠵᠢᠯᠣᠭᠤᠳᠴᠤ᠂ ᠨᠠᠮ ᠤᠨ ᠠᠴᠢ ᠶᠢ ᠬᠠᠷᠢᠭᠤᠯᠤᠨ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠨ᠂ ᠬᠥᠮᠦᠨ | ᠬᠥᠮᠦᠵᠢᠭᠦᠯᠬᠦ ᠦᠷ᠎ᠡ ᠪᠦᠲᠦᠮᠵᠢ ᠶᠢ ᠢᠯᠡᠳᠲᠡ ᠳᠡᠭᠡᠭᠰᠢᠯᠡᠭᠦᠯᠪᠡ︔ ᠤᠯᠤᠰ ᠪᠠ ᠣᠷᠣᠨ ᠪᠦᠰᠡ ᠶᠢᠨ | ᠬᠥᠭᠵᠢᠯᠲᠡ ᠳᠤ ᠦᠢᠯᠡᠴᠢᠯᠡᠬᠦ ᠶᠢ ᠪᠠᠷᠢᠮᠲᠠᠯᠠᠨ᠂ ᠴᠢᠳᠠᠪᠤᠷᠢᠲᠠᠨ ᠤ ᠲᠤᠬᠠᠢ ᠢᠳᠡᠪᠬᠢᠲᠡᠢ᠂ ᠨᠡᠭᠡᠭᠡᠯᠲᠡᠲᠦ᠂ | ᠪᠦᠲᠦᠮᠵᠢᠲᠡᠢ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ᠂ ᠰᠢᠨᠵᠢᠯᠡᠭᠡᠨ ᠤ ᠰᠠᠯᠠᠭᠠᠨ ᠤ ᠲᠤᠰᠬᠠᠢ ᠮᠡᠷᠭᠡᠵᠢᠯ ᠤᠨ | ᠪᠦᠲᠦᠴᠡ ᠶᠢ ᠶᠡᠭᠡ ᠪᠠᠷ ᠰᠢᠯᠢᠳᠡᠭᠵᠢᠭᠦᠯᠦᠨ ᠲᠤᠬᠢᠷᠠᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠷᠬᠡ | ᠰᠡᠳᠦᠪ ᠢ ᠰᠢᠢᠳᠪᠦᠷᠢᠯᠡᠬᠦ ᠠᠵᠢᠯ ᠢ ᠬᠦᠴᠦ ᠪᠠᠨ ᠲᠥᠪᠯᠡᠷᠡᠭᠦᠯᠦᠨ ᠬᠠᠮᠵᠢᠯᠴᠠᠨ ᠥᠷᠨᠢᠭᠦᠯᠵᠦ᠂ ᠴᠢᠳᠠᠪᠤᠷᠢᠲᠠᠨ | ᠬᠥᠮᠦᠵᠢᠭᠦᠯᠬᠦ ᠶᠢᠨ ᠢᠵᠢᠯᠢᠰᠢᠬᠦ᠂ ᠵᠣᠬᠢᠴᠠᠬᠤ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠪᠡ ᠭᠡᠵᠡᠢ᠃ | ᠬᠤᠸᠠᠩ ᠶᠠ ᠯᠢ᠂ ᠥᠪᠥᠷ ᠮᠣᠩᠭᠤᠯ ᠤᠯᠤᠰ ᠤᠨ ᠠᠮᠤᠷ ᠲᠦᠪᠰᠢᠨ᠂ ᠡᠨᠧᠷᠭᠢ ᠶᠢᠨ ᠬᠠᠩᠭᠠᠯᠭ᠎ᠠ᠂ ᠠᠮᠢ | ᠠᠬᠤᠢ ᠣᠷᠴᠢᠨ ᠲᠣᠭᠤᠷᠢᠨ᠂ ᠦᠨᠳᠦᠰᠦᠲᠡᠨ ᠤ ᠪᠦᠯᠬᠦᠮᠳᠡᠯ ᠵᠡᠷᠭᠡ ᠲᠠᠯ᠎ᠠ ᠪᠠᠷ ᠴᠢᠬᠤᠯᠠ ᠡᠭᠦᠷᠭᠡ ᠶᠢ ᠡᠭᠦᠷᠭᠡᠯᠡᠵᠦ᠂ | ᠥᠪᠥᠷ ᠮᠣᠩᠭᠤᠯ ᠳᠤ ᠦᠨᠳᠦᠰᠦᠯᠡᠭᠰᠡᠨ᠂ ᠥᠪᠥᠷ ᠮᠣᠩᠭᠤᠯ ᠳᠤ ᠦᠢᠯᠡᠴᠢᠯᠡᠭᠰᠡᠨ ᠡᠯ᠎ᠡ ᠲᠦᠷᠦᠯ ᠤᠨ | ᠴᠢᠳᠠᠪᠤᠷᠢᠲᠠᠨ ᠢ ᠦᠯᠡᠮᠵᠢᠬᠡᠨ ᠬᠥᠮᠦᠵᠢᠭᠦᠯᠬᠦ ᠨᠢ ᠬᠥᠮᠦᠨ ᠠᠮᠠ ᠲᠥᠪᠯᠡᠷᠡᠭᠰᠡᠨ ᠬᠢᠯᠢ ᠬᠢᠵᠠᠭᠠᠷ ᠢ ᠰᠠᠬᠢᠬᠤ᠂ ᠬᠢᠯᠢ | ᠬᠢᠵᠠᠭᠠᠷ ᠢ ᠪᠠᠬᠢᠵᠢᠭᠦᠯᠬᠦ᠂ ᠬᠢᠯᠢ ᠬᠢᠵᠠᠭᠠᠷ ᠢ ᠲᠣᠭᠲᠠᠪᠤᠷᠢᠵᠢᠭᠤᠯᠬᠤ᠂ ᠬᠢᠯᠢ ᠬᠢᠵᠠᠭᠠᠷ ᠢ ᠬᠥᠭᠵᠢᠭᠦᠯᠬᠦ ᠳᠤ ᠴᠢᠬᠤᠯᠠ | ᠶᠡᠭᠡ ᠠᠴᠢ ᠬᠤᠯᠪᠣᠭᠳᠠᠯ ᠲᠠᠢ ᠶᠤᠮ᠃ ᠥᠪᠥᠷ ᠮᠣᠩᠭᠤᠯ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ | ᠴᠢᠨᠠᠷᠯᠢᠭ ᠬᠥᠭᠵᠢᠯᠲᠡ ᠶᠢ ᠠᠬᠢᠭᠤᠯᠬᠤ ᠳᠤ ᠣᠷᠣᠨ ᠨᠤᠲᠤᠭ ᠲᠤ ᠰᠠᠭᠤᠷᠢᠯᠠᠨ᠂ ᠣᠷᠣᠨ ᠪᠦᠰᠡ ᠶᠢᠨ ᠠᠵᠤ | ᠠᠬᠤᠶ ᠶᠢᠨ ᠴᠢᠨᠠᠷᠯᠢᠭ ᠬᠥᠭᠵᠢᠯᠲᠡ ᠳᠤ ᠦᠢᠯᠡᠴᠢᠯᠡᠬᠦ᠂ ᠲᠤᠯᠭᠠᠭᠤᠷᠢᠯᠠᠬᠤ᠂ ᠬᠥᠲᠥᠯᠥᠨ ᠳᠠᠭᠠᠭᠤᠯᠬᠤ ᠰᠢᠨ᠎ᠡ | ᠵᠠᠮ ᠢᠶᠠᠷ ᠵᠠᠮᠨᠠᠬᠤ ᠬᠡᠷᠡᠭᠲᠡᠶ᠃ ᠨᠢᠭᠡ ᠳᠤ᠂ ︽ᠲᠠᠪᠤᠨ ᠶᠡᠭᠡ ᠡᠭᠦᠷᠭᠡ︾ ᠳᠤ ᠦᠢᠯᠡᠴᠢᠯᠡᠬᠦ ᠴᠢᠳᠠᠪᠤᠷᠢ ᠪᠠᠨ | ᠦᠷᠭᠦᠯᠵᠢᠯᠡᠨ ᠳᠡᠭᠡᠭᠰᠢᠯᠡᠭᠦᠯᠦᠨ᠎ᠡ᠃ ︽ᠳᠥᠷᠪᠡᠨ ᠬᠠᠨᠳᠤᠰᠢ︾ ᠶᠢ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ | 4 ᠶᠡᠭᠡ ᠲᠤᠯᠭᠠᠭᠤᠷᠢ ᠠᠵᠤ ᠦᠢᠯᠡᠰ ᠪᠣᠯᠤᠨ 16 ᠭᠤᠤᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠳᠤ | ᠠᠩᠬᠠᠷᠤᠯ ᠢᠶᠠᠨ ᠬᠠᠨᠳᠤᠭᠤᠯᠤᠨ᠂ ᠰᠤᠷᠭᠠᠨ ᠬᠥᠮᠦᠵᠢᠯ ᠤᠨ ᠬᠡᠯᠬᠢᠶ᠎ᠡ᠂ ᠴᠢᠳᠠᠪᠤᠷᠢᠲᠠᠨ ᠤ ᠬᠡᠯᠬᠢᠶ᠎ᠡ ᠶᠢ ᠨᠠᠷᠢᠯᠢᠭ | ᠣᠨᠣᠴᠠᠲᠠᠢ ᠪᠠᠶᠢᠷᠢᠯᠠᠭᠤᠯᠵᠤ᠂ ᠰᠢᠨᠵᠢᠯᠡᠭᠡᠨ ᠤ ᠰᠠᠯᠠᠭᠠᠨ ᠤ ᠲᠤᠰᠬᠠᠶ ᠮᠡᠷᠭᠡᠵᠢᠯ ᠤᠨ ᠪᠦᠲᠦᠴᠡ ᠶᠢ ᠦᠷᠭᠦᠯᠵᠢᠯᠡᠨ | ᠰᠢᠯᠢᠳᠡᠭᠵᠢᠭᠦᠯᠵᠦ᠂ ᠴᠢᠳᠠᠪᠤᠷᠢᠲᠠᠨ ᠬᠥᠮᠦᠵᠢᠭᠦᠯᠬᠦ ᠶᠢᠨ ᠵᠣᠬᠢᠴᠠᠬᠤ ᠬᠡᠮᠵᠢᠶ᠎ᠡ ᠶᠢ ᠲᠠᠰᠤᠷᠠᠯᠲᠠ ᠥᠬᠡᠶ | ᠳᠡᠭᠡᠭᠰᠢᠯᠡᠭᠦᠯᠦᠨ᠎ᠡ᠃ ᠬᠤᠶᠠᠷ ᠲᠤ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠪᠥᠯᠦᠭᠯᠡᠨ ᠬᠥᠭᠵᠢᠬᠦ ᠶᠢ | ᠦᠷᠭᠦᠯᠵᠢᠯᠡᠨ ᠠᠬᠢᠭᠤᠯᠤᠨ᠎ᠠ᠃ ᠡᠪᠡᠰᠦᠨ ᠤ ᠦᠢᠯᠡᠰ᠂ ᠰᠦᠨ ᠤ ᠦᠢᠯᠡᠰ᠂ ᠬᠤᠪᠣᠷ ᠰᠢᠷᠣᠶ᠂ ᠡᠨᠧᠷᠭᠢ ᠵᠡᠷᠭᠡ | ᠳᠠᠪᠠᠭᠤᠯᠢᠭ ᠣᠨᠴᠠᠯᠢᠭᠲᠤ ᠰᠢᠨᠵᠢᠯᠡᠭᠡᠨ ᠤ ᠰᠠᠯᠠᠭᠠᠨ ᠤ ᠲᠤᠰᠬᠠᠶ ᠮᠡᠷᠭᠡᠵᠢᠯ ᠢ ᠪᠣᠶ ᠪᠣᠯᠭᠠᠬᠤ ᠪᠠᠷ ᠦᠷᠭᠦᠯᠵᠢᠯᠡᠨ | ᠬᠦᠴᠦᠯᠡᠵᠦ᠂ ᠣᠷᠣᠨ ᠪᠦᠰᠡ ᠠᠯᠤᠰᠯᠠᠭᠰᠠᠨ᠂ ᠰᠤᠷᠭᠠᠭᠤᠯᠢ ᠠᠯᠤᠰᠯᠠᠭᠰᠠᠨ ᠬᠠᠮᠲᠤᠷᠠᠯᠴᠠᠭ᠎ᠠ ᠶᠢ ᠢᠳᠡᠪᠬᠢᠲᠡᠶ | ᠥᠷᠨᠢᠭᠦᠯᠦᠨ᠂ ᠣᠷᠣᠨ ᠪᠦᠰᠡ ᠶᠢᠨ ᠴᠢᠨᠠᠷᠯᠢᠭ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠪᠥᠯᠦᠭᠵᠢᠯ ᠤᠨ | ᠣᠷᠣᠨ ᠢ ᠪᠣᠶ ᠪᠣᠯᠭᠠᠬᠤ ᠶᠢ ᠠᠬᠢᠭᠤᠯᠤᠨ᠎ᠠ᠃ ᠭᠤᠷᠪᠠ ᠳᠤ᠂ ᠵᠡᠭᠦᠨ ᠪᠠᠷᠠᠭᠤᠨ ᠣᠷᠣᠨ ᠤ ᠳᠡᠭᠡᠳᠦ ᠵᠡᠷᠭᠡ ᠶᠢᠨ | ᠰᠤᠷᠭᠠᠨ ᠬᠥᠮᠦᠵᠢᠯ ᠤᠨ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ ᠠᠵᠢᠯ | ᠲᠥᠷᠥᠯ ᠢᠶᠠᠷ ᠲᠤᠰᠠᠯᠠᠬᠤ ᠲᠣᠭᠲᠠᠴᠠ ᠶᠢ ᠰᠠᠶᠢᠲᠤᠷ ᠬᠡᠷᠡᠭᠯᠡᠵᠦ᠂ ᠪᠡᠭᠡᠵᠢᠩ ᠥᠪᠥᠷ ᠮᠣᠩᠭᠤᠯ᠂ ᠱᠠᠩᠬᠠᠶ ᠥᠪᠥᠷ | ᠮᠣᠩᠭᠤᠯ᠂ ᠱᠠᠨᠰᠢ ᠥᠪᠥᠷ ᠮᠣᠩᠭᠤᠯ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠬᠦᠷᠢᠶᠡᠨ ᠳᠠᠬᠢ | ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠦᠨ᠂ ᠴᠢᠳᠠᠪᠤᠷᠢᠲᠠᠨ ᠬᠥᠮᠥᠵᠢᠭᠦᠯᠵᠦ | ᠬᠠᠷᠢᠯᠴᠠᠨ ᠨᠡᠪᠲᠡᠷᠡᠯᠴᠡᠬᠦ ᠳᠣᠭᠲᠠᠯᠴᠠᠭ᠎ᠠ ᠪᠠ ᠲᠠᠪᠴᠠᠩ ᠢ ᠪᠠᠶᠢᠭᠤᠯᠵᠤ᠂ ᠬᠤᠶᠠᠷ ᠲᠠᠯ᠎ᠠ ᠶᠢᠨ ᠳᠡᠭᠡᠳᠦ ᠰᠤᠷᠭᠠᠭᠤᠯᠢ᠂ | ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ︽ᠪᠦᠯᠬᠦᠮ ᠪᠠᠶᠢᠭᠤᠯᠤᠨ ᠬᠠᠮᠵᠢᠯᠴᠠᠬᠤ︾ ᠶᠢ ᠠᠬᠢᠭᠤᠯᠤᠨ᠂ | ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ ᠬᠠᠷᠢᠯᠴᠠᠨ ᠠᠰᠢᠭ ᠬᠦᠷᠲᠡᠭᠡᠵᠦ ᠬᠠᠮᠲᠤ ᠪᠠᠷ ᠠᠰᠢᠭ ᠭᠥᠷᠳᠡᠬᠦ ᠶᠢ | ᠪᠡᠶᠡᠯᠡᠭᠦᠯᠦᠨ᠎ᠡ ᠭᠡᠵᠦ ᠢᠯᠡᠷᠬᠡᠶᠢᠯᠡᠪᠡ᠃ | | |