ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠪᠥᠬᠦ ᠣᠷᠣᠨ ᠤ ᠠᠩᠬᠠᠳᠠᠭᠴᠢ ᠪᠦᠯᠦᠭ ᠤᠨ ᠰᠢᠨ᠎ᠡ ᠡᠩ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠶ ᠰᠢᠯᠭᠠᠯᠲᠠ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠲᠥᠷᠥᠯ ᠵᠦᠢᠯ ᠤᠨ ᠡᠬᠢᠯᠡᠯᠲᠡ ᠶᠢᠨ ᠶᠣᠰᠣᠯᠠᠯ ᠢ ᠶᠠᠪᠤᠭᠤᠯᠪᠠ
ᠨᠡᠶᠢᠲᠡᠯᠡᠭᠰᠡᠨ ᠴᠠᠭ᠄
2023/4/14
     4 ᠰᠠᠷ᠎ᠠ ᠶᠢᠨ 12 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠪᠥᠬᠦ ᠣᠷᠣᠨ ᠤ ᠠᠩᠬᠠᠳᠠᠭᠴᠢ ᠪᠦᠯᠦᠭ ᠤᠨ ᠰᠢᠨ᠎ᠡ ᠡᠩ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠲᠥᠷᠥᠯ ᠵᠦᠢᠯ ᠤᠨ ᠡᠬᠢᠯᠡᠯᠲᠡ ᠶᠢᠨ ᠶᠣᠰᠣᠯᠠᠯ ᠢ ᠶᠠᠪᠤᠭᠤᠯᠪᠠ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠬᠡᠰᠢᠭᠦᠨ᠂ ᠶᠡᠷᠦᠩᠬᠡᠢ ᠰᠤᠷᠭᠠᠭᠤᠯᠢ ᠪᠠᠶᠢᠴᠠᠭᠠᠭᠴᠢ ᠵᠦ ᠪᠦᠦ ᠵᠢᠶᠠᠩ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠠᠢ᠃      ᠬᠤᠷᠠᠯ ᠳᠤ ᠣᠷᠣᠯᠴᠠᠭᠰᠠᠳ ᠬᠥᠬᠡᠬᠤᠲᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠳᠤ ᠭᠦᠨᠵᠡᠭᠡᠶᠢᠷᠡᠨ᠂ ᠲᠤᠬᠠᠶ ᠶᠢᠨ ᠭᠠᠵᠠᠷ ᠢ ᠲᠣᠭᠤᠷᠢᠨ ᠦᠵᠡᠬᠦ᠂ ᠲᠠᠰᠢᠷᠠᠮ ᠢᠶᠠᠷ ᠬᠢᠴᠢᠶᠡᠯ ᠰᠣᠨᠣᠰᠬᠤ᠂ ᠰᠠᠨᠠᠯ ᠢᠶᠠᠨ ᠰᠣᠯᠢᠯᠴᠠᠨ ᠶᠠᠷᠢᠶ᠎ᠠ ᠲᠠᠯᠪᠢᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠲᠥᠷᠥᠯ ᠵᠦᠢᠯ ᠤᠨ ᠰᠤᠷᠭᠠᠭᠤᠯᠢ  ᠨᠢᠭᠡ ᠪᠦᠷᠢ ᠶᠢᠨ ᠰᠢᠨ᠎ᠡ ᠡᠩ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠶ ᠰᠢᠯᠭᠠᠯᠲᠠ ᠶᠢᠨ ᠠᠬᠤᠶ ᠪᠠᠶᠢᠳᠠᠯ ᠳᠠᠬᠢ ᠰᠢᠨ᠎ᠡ ᠬᠢᠴᠢᠶᠡᠯ ᠰᠢᠨ᠎ᠡ ᠵᠢᠭᠠᠬᠤ ᠮᠠᠲ᠋ᠧᠷᠢᠶᠠᠯ ᠤᠨ ᠬᠡᠷᠡᠭᠵᠢᠭᠦᠯᠦᠯᠲᠡ᠂ ᠬᠢᠴᠢᠶᠡᠯᠯᠡᠭᠡ ᠵᠢᠭᠠᠨ ᠰᠤᠷᠭᠠᠯᠲᠠ ᠶᠢᠨ ᠥᠭᠡᠷᠡᠴᠢᠯᠡᠯᠲᠡ᠂ ᠠᠮᠢᠳᠤᠷᠠᠬᠤᠢ ᠶᠢ ᠲᠥᠯᠦᠪᠵᠢᠭᠦᠯᠬᠦ ᠰᠤᠷᠭᠠᠨ ᠬᠥᠮᠦᠵᠢᠯ᠂ ᠬᠢᠴᠢᠶᠡᠯ ᠰᠣᠩᠭᠤᠨ ᠠᠩᠭᠢ ᠰᠢᠯᠵᠢᠬᠦ ᠠᠮᠵᠢᠯᠲᠠ ᠲᠠᠢ ᠲᠤᠷᠰᠢᠯᠭ᠎ᠠ ᠪᠠ ᠪᠦᠲᠦᠮᠵᠢᠲᠡᠶ ᠠᠷᠭ᠎ᠠ ᠪᠠᠷᠢᠯ ᠢ ᠭᠦᠢᠴᠡᠳ ᠰᠣᠨᠣᠰᠴᠤ᠂ ᠲᠣᠰ ᠰᠤᠷᠭᠠᠭᠤᠯᠢ ᠶᠢᠨ ᠲᠥᠷᠥᠯ ᠵᠦᠢᠯ ᠢ ᠨᠠᠶᠢᠳᠠᠪᠤᠷᠢᠵᠢᠭᠤᠯᠬᠤ ᠳᠤ ᠰᠠᠭᠤᠷᠢ ᠲᠠᠯᠪᠢᠪᠠ᠃

     ᠬᠤᠷᠠᠯ ᠠᠴᠠ᠂ ᠡᠩ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠶ

ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ᠂ ᠰᠢᠨ᠎ᠡ ᠬᠢᠴᠢᠶᠡᠯ ᠤᠨ ᠥᠭᠡᠷᠡᠴᠢᠯᠡᠯᠲᠡ ᠨᠢ ᠠᠷᠠᠳ ᠣᠯᠠᠨ ᠤ

ᠠᠰᠢᠭ ᠲᠤᠰᠠ ᠲᠠᠢ ᠬᠤᠯᠪᠣᠭᠳᠠᠵᠤ᠂ ᠡᠩ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠪᠥᠬᠦ ᠤᠯᠤᠰ ᠤᠨ

ᠨᠢᠭᠡᠳᠦᠯᠲᠡᠶ ᠰᠢᠯᠭᠠᠯᠲᠠ ᠶᠢᠨ ᠲᠣᠭᠲᠠᠪᠤᠷᠢᠲᠤ ᠴᠢᠨᠠᠷ ᠢ ᠪᠠᠲᠤᠯᠠᠬᠤ ᠮᠥᠷᠲᠡᠭᠡᠨ ᠥᠭᠡᠷᠡᠴᠢᠯᠡᠯᠲᠡ ᠶᠢ ᠡᠷᠡᠰ

ᠭᠤᠶᠢᠪᠢᠰᠢ ᠥᠬᠡᠶ ᠠᠬᠢᠭᠤᠯᠬᠤ ᠬᠡᠷᠡᠭᠲᠡᠢ᠃ ᠡᠯ᠎ᠡ ᠠᠶᠢᠮᠠᠭ ᠬᠤᠲᠠ ᠶᠢᠨ ᠬᠢᠨ ᠤᠯᠤᠰ ᠲᠥᠷᠥ ᠶᠢᠨ ᠵᠣᠭᠰᠣᠴᠠ ᠪᠠᠨ

ᠳᠡᠭᠡᠭᠰᠢᠯᠡᠭᠦᠯᠵᠦ᠂ ᠰᠢᠰᠲ᠋ᠧᠮ ᠲᠠᠢ ᠠᠬᠢᠭᠤᠯᠬᠤ᠂ ᠬᠦᠷᠦᠯᠴᠡᠬᠦ ᠦᠭᠡᠢ ᠲᠠᠯ᠎ᠠ ᠪᠠ ᠪᠠᠭᠤᠷᠠᠶ ᠲᠠᠯ᠎ᠠ ᠪᠠᠨ

ᠨᠥᠬᠦᠪᠥᠷᠢᠯᠡᠬᠦ ᠶᠢ ᠪᠠᠷᠢᠮᠲᠠᠯᠠᠨ᠂ ᠰᠢᠨ᠎ᠡ ᠡᠩ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠪᠥᠬᠦ ᠤᠯᠤᠰ ᠤᠨ

ᠨᠢᠭᠡᠳᠦᠯᠲᠡᠢ ᠰᠢᠯᠭᠠᠯᠲᠠ᠂ ᠰᠢᠨ᠎ᠡ ᠬᠢᠴᠢᠶᠡᠯ ᠤᠨ ᠥᠭᠡᠷᠡᠴᠢᠯᠡᠯᠲᠡ ᠶᠢᠨ ᠠᠵᠢᠯ ᠢ ᠡᠮᠬᠢ ᠵᠢᠷᠤᠮ ᠲᠠᠢ ᠠᠮᠤᠷ

ᠳᠣᠭᠲᠠᠭᠤᠨ ᠢᠶᠠᠷ ᠠᠬᠢᠭᠤᠯᠵᠤ᠂ ᠲᠥᠷᠥᠯ ᠵᠦᠢᠯ ᠤᠨ ᠰᠤᠷᠭᠠᠭᠤᠯᠢ ᠨᠤᠭᠤᠳ ᠤᠨ ᠬᠢᠴᠢᠶᠡᠯ ᠰᠣᠩᠭᠤᠨ ᠠᠩᠭᠢ

ᠰᠢᠯᠵᠢᠬᠦ᠂ ᠰᠤᠷᠤᠯᠭ᠎ᠠ ᠶᠢᠨ ᠬᠤᠪᠢ ᠶᠢᠨ ᠲᠦᠷᠢᠮ᠂ ᠠᠮᠢᠳᠤᠷᠠᠬᠤᠢ ᠶᠢ ᠲᠥᠯᠦᠪᠵᠢᠭᠦᠯᠬᠦ ᠰᠤᠷᠭᠠᠨ ᠬᠥᠮᠦᠵᠢᠯ᠂

ᠰᠣᠩᠭᠤᠨ ᠰᠤᠷᠬᠤ ᠬᠢᠴᠢᠶᠡᠯ ᠨᠡᠭᠡᠭᠡᠬᠦ ᠪᠠ ᠶᠡᠷᠦᠩᠬᠡᠶᠢᠯᠡᠭᠰᠡᠨ ᠬᠡᠪ ᠴᠢᠨᠠᠷ ᠢ ᠦᠨᠡᠯᠡᠬᠦ ᠵᠡᠷᠭᠡ ᠲᠠᠯ᠎ᠠ ᠪᠠᠷ ᠢᠯᠡᠭᠦᠬᠡᠨ

ᠰᠦᠪᠡᠭᠴᠢᠯᠡᠬᠦ ᠶᠢ ᠵᠣᠷᠢᠭᠵᠢᠭᠤᠯᠵᠤ᠂ ᠰᠤᠷᠭᠠᠭᠤᠯᠢ ᠡᠷᠭᠢᠯᠡᠬᠦ ᠨᠥᠬᠦᠴᠡᠯ᠂ ᠪᠠᠭᠰᠢ ᠶᠢᠨ ᠪᠣᠯᠪᠠᠰᠤᠷᠠᠭᠤᠯᠤᠯ᠂

ᠬᠢᠴᠢᠶᠡᠯ ᠤᠨ ᠪᠠᠶᠢᠭᠤᠯᠤᠯᠲᠠ᠂ ᠰᠤᠷᠭᠠᠭᠤᠯᠢ ᠶᠢᠨ ᠵᠢᠭᠠᠬᠤ ᠶᠢ ᠰᠣᠳᠤᠯᠬᠤ ᠵᠡᠷᠭᠡ ᠲᠠᠯ᠎ᠠ ᠪᠠᠷ ᠢᠳᠡᠪᠬᠢᠲᠡᠶ

ᠤᠷᠤᠭᠰᠢᠯᠠᠨ ᠳᠡᠪᠰᠢᠵᠦ᠂ ᠥᠪᠡᠷᠲᠡᠭᠡᠨ ᠵᠠᠰᠠᠬᠤ ᠣᠷᠣᠨ ᠤ ᠪᠤᠰᠤᠳ ᠡᠩ ᠤᠨ ᠳᠡᠭᠡᠳᠦ ᠵᠡᠷᠭᠡ ᠶᠢᠨ ᠳᠤᠮᠳᠠᠳᠤ

ᠰᠤᠷᠭᠠᠭᠤᠯᠢ ᠳᠤ ᠲᠣᠯᠢᠯᠠᠭᠤᠯᠬᠤ ᠪᠠ ᠯᠠᠪᠯᠠᠯᠲᠠ ᠬᠠᠩᠭᠠᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠰᠤᠷᠭᠠᠨ

ᠬᠥᠮᠦᠵᠢᠯ ᠤᠨ ᠲᠢᠩᠬᠢᠮ ᠰᠢᠨ᠎ᠡ ᠡᠩ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠪᠥᠬᠦ ᠤᠯᠤᠰ ᠤᠨ

ᠨᠢᠭᠡᠳᠦᠯᠲᠡᠶ ᠰᠢᠯᠭᠠᠯᠲᠠ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠲᠥᠷᠥᠯ ᠵᠦᠢᠯ ᠤᠨ ᠠᠵᠢᠯ ᠢ ᠠᠬᠢᠭᠤᠯᠬᠤ

ᠲᠤᠬᠠᠶ ᠨᠢᠭᠡᠳᠦᠯᠲᠡᠶ ᠪᠠᠶᠢᠷᠢᠯᠠᠭᠤᠯᠵᠤ᠂ ᠡᠯ᠎ᠡ ᠲᠥᠷᠥᠯ ᠵᠦᠢᠯ ᠤᠨ ᠰᠤᠷᠭᠠᠭᠤᠯᠢ ᠨᠢ ᠲᠣᠰ ᠰᠤᠷᠭᠠᠭᠤᠯᠢ ᠶᠢᠨ ᠢᠶᠠᠨ

ᠥᠭᠡᠷᠡᠴᠢᠯᠡᠯᠲᠡ ᠶᠢᠨ ᠲᠥᠷᠥᠯ ᠵᠦᠢᠯ ᠢᠶᠠᠷ ᠰᠣᠳᠤᠯᠤᠭᠳᠠᠬᠤᠨ ᠪᠣᠯᠭᠠᠭᠰᠠᠨ ︽ᠠᠷᠪᠠᠨ ᠳᠥᠷᠪᠡᠳᠦᠭᠡᠷ ᠲᠠᠪᠤᠨ

ᠵᠢᠯ ᠤᠨ ᠲᠥᠯᠦᠪᠵᠢᠭᠦᠯᠭᠡ︾ ᠶᠢᠨ ᠰᠡᠳᠦᠪ ᠢ ᠢᠳᠡᠪᠬᠢᠲᠡᠶ ᠭᠤᠶᠤᠴᠢᠯᠠᠨ ᠮᠡᠳᠡᠭᠦᠯᠵᠦ᠂ ᠪᠠᠶᠢᠩᠭᠤᠵᠢᠭᠰᠠᠨ

ᠨᠡᠪᠲᠡᠷᠡᠯᠴᠡᠨ ᠰᠣᠯᠢᠯᠴᠠᠬᠤ ᠲᠣᠭᠲᠠᠴᠠ ᠶᠢ ᠪᠠᠶᠢᠭᠤᠯᠵᠤ᠂ ︽ᠬᠤᠶᠠᠷ ᠰᠠᠷ᠎ᠠ ᠪᠠᠷ ᠵᠢᠵᠢᠭᠦᠷᠯᠡᠨ ᠡᠭᠡᠯᠵᠢᠯᠡᠬᠦ

ᠲᠡᠷᠢᠭᠦᠯᠡᠭᠴᠢ︾ ᠶᠢᠨ ᠲᠦᠷᠢᠮ ᠢ ᠬᠡᠷᠡᠭᠵᠢᠭᠦᠯᠵᠦ᠂ ᠲᠤᠷᠰᠢᠯᠲᠠ ᠶᠢᠨ ᠰᠤᠷᠭᠠᠭᠤᠯᠢ ᠶᠢᠨ ᠳᠠᠪᠠᠭᠤᠯᠢᠭ ᠢ ᠭᠦᠢᠴᠡᠳ

ᠪᠠᠳᠠᠷᠠᠭᠤᠯᠵᠤ᠂ ᠨᠢᠭᠡ ᠨᠢ ᠣᠯᠠᠨ ᠢ ᠳᠠᠭᠠᠭᠤᠯᠬᠤ᠂ ᠬᠦᠴᠦᠷᠬᠡᠭ ᠨᠢ ᠪᠠᠭᠤᠷᠠᠶ ᠪᠠᠨ ᠳᠠᠭᠠᠭᠤᠯᠬᠤ᠂ ᠡᠯ᠎ᠡ

ᠰᠤᠷᠭᠠᠭᠤᠯᠢ ᠲᠡᠩᠴᠡᠭᠦᠷᠢᠲᠡᠶ ᠬᠥᠭᠵᠢᠬᠦ ᠪᠠᠶᠢᠳᠠᠯ ᠢ ᠪᠣᠶ ᠪᠣᠯᠭᠠᠬᠤ ᠬᠡᠷᠡᠭᠲᠡᠶ ᠭᠡᠵᠦ ᠱᠠᠭᠠᠷᠳᠠᠪᠠ᠃ ᠡᠭᠦᠨ ᠤ ᠬᠠᠮᠲᠤ

ᠡᠯ᠎ᠡ ᠰᠤᠷᠭᠠᠭᠤᠯᠢ ᠬᠤᠷᠠᠯ ᠤᠨ ᠵᠣᠷᠢᠭ ᠰᠠᠨᠠᠭ᠎ᠠ ᠵᠢᠴᠢ ᠠᠵᠢᠯ ᠤᠨ ᠱᠠᠭᠠᠷᠳᠠᠯᠭ᠎ᠠ ᠶᠢ ᠳᠠᠷᠤᠢ ᠳᠤ ᠨᠢ ᠣᠨᠣᠪᠴᠢᠲᠠᠶ

ᠤᠯᠠᠮᠵᠢᠯᠠᠵᠤ᠂ ᠰᠢᠨ᠎ᠡ ᠠᠷᠭ᠎ᠠ᠂ ᠪᠣᠳᠠᠲᠠᠶ ᠠᠷᠭ᠎ᠠ ᠶᠢ ᠢᠯᠡᠭᠦᠬᠡᠨ ᠳᠤᠷᠠᠳᠴᠤ᠂ ᠪᠥᠬᠦ ᠣᠷᠣᠨ ᠤ ᠡᠩ ᠤᠨ ᠳᠡᠭᠡᠳᠦ

ᠰᠤᠷᠭᠠᠭᠤᠯᠢ ᠳᠤ ᠰᠣᠷᠣᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠶᠡᠷᠦᠩᠬᠡᠶᠢᠯᠡᠭᠰᠡᠨ

ᠥᠭᠡᠷᠡᠴᠢᠯᠡᠯᠲᠡ ᠶᠢ ᠦᠷᠭᠦᠯᠵᠢᠯᠡᠨ ᠠᠮᠤᠷ ᠳᠣᠭᠲᠠᠭᠤᠨ ᠡᠮᠬᠢ ᠵᠢᠷᠤᠮ ᠲᠠᠢ ᠪᠣᠳᠠᠲᠠᠶᠢᠵᠢᠭᠤᠯᠤᠨ

ᠨᠠᠶᠢᠳᠠᠪᠤᠷᠢᠵᠢᠭᠤᠯᠬᠤ ᠶᠢ ᠢᠳᠡᠪᠬᠢᠲᠡᠶ ᠯᠠᠪᠳᠠᠭᠤᠨ ᠢᠶᠠᠷ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃

     ᠶᠠᠷᠢᠯᠴᠠᠬᠤ ᠬᠤᠷᠠᠯ ᠳᠡᠭᠡᠷ᠎ᠡ᠂ 14 ᠲᠥᠷᠥᠯ ᠵᠦᠢᠯ ᠤᠨ ᠰᠤᠷᠭᠠᠭᠤᠯᠢ ᠲᠣᠰ ᠲᠣᠰ ᠤᠨ ᠢᠶᠠᠨ ᠠᠵᠢᠯ ᠤᠨ

ᠠᠷᠭ᠎ᠠ ᠬᠡᠮᠵᠢᠶ᠎ᠡ ᠪᠠ ᠳᠠᠷᠠᠭ᠎ᠠ ᠠᠯᠬᠤᠮ ᠤᠨ ᠠᠵᠢᠯ ᠤᠨ ᠰᠡᠳᠬᠢᠮᠵᠢ ᠪᠠᠨ ᠲᠠᠨᠢᠯᠴᠠᠭᠤᠯᠪᠠ᠃ ᠥᠪᠡᠷᠲᠡᠭᠡᠨ ᠵᠠᠰᠠᠬᠤ

ᠣᠷᠣᠨ ᠤ ᠰᠤᠷᠭᠠᠨ ᠬᠥᠮᠦᠵᠢᠯ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠵᠢᠭᠠᠬᠤ ᠶᠢ ᠰᠤᠳᠤᠯᠬᠤ ᠲᠠᠰᠤᠭ ᠤᠨ

ᠬᠠᠷᠢᠭᠤᠴᠠᠯᠭᠠᠲᠠᠳ ᠣᠷᠣᠯᠴᠠᠪᠠ᠃

 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号