ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠥᠬᠦ ᠣᠷᠣᠨ ᠤ ᠳᠡᠭᠡᠳᠦ ᠰᠤᠷᠭᠠᠭᠤᠯᠢ ᠳᠤᠮᠳᠠᠳᠤ ᠪᠠᠭ᠎ᠠ ᠰᠤᠷᠭᠠᠭᠤᠯᠢ ᠶᠢ ᠵᠣᠬᠢᠶᠠᠨ ᠪᠠᠶᠢᠭᠤᠯᠵᠤ ︽ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠰᠤᠷᠭᠠᠭᠤᠯᠢ ᠶᠢᠨ ᠬᠦᠷᠢᠶᠡᠨ ᠤ ᠤᠬᠠᠭᠤᠯᠭ᠎ᠠ ᠶᠢᠨ ᠡᠳᠦᠷ︾ ᠤᠨ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2023/4/17
     ᠨᠠᠢᠮᠠᠳᠠᠭᠢ ︽ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ︾ ᠬᠦᠷᠴᠦ ᠢᠷᠡᠬᠦ ᠲᠠᠰᠢᠷᠠᠮ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠦᠬᠦ ᠣᠷᠣᠨ ᠤ ᠳᠡᠬᠡᠳᠦ ᠰᠤᠷᠭᠠᠭᠤᠯᠢ ᠳᠤᠮᠳᠠᠳᠤ ᠪᠠᠭ᠎ᠠ ᠰᠤᠷᠭᠠᠭᠤᠯᠢ ᠶᠢ ᠵᠣᠬᠢᠶᠠᠨ ᠪᠠᠶᠢᠭᠤᠯᠵᠤ ︽ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠰᠤᠷᠭᠠᠭᠤᠯᠢ ᠶᠢᠨ ᠬᠦᠷᠢᠶᠡᠨ ᠤ ᠤᠬᠠᠭᠤᠯᠭ᠎ᠠ ᠶᠢᠨ ᠡᠳᠦᠷ︾ ᠤᠨ ᠠᠵᠢᠯᠯᠠᠭ᠎ᠠ ᠶᠢ ᠥᠷᠨᠢᠭᠦᠯᠪᠡ᠃ 4 ᠰᠠᠷ᠎ᠠ ᠶᠢᠨ 15 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠠᠯᠪᠠᠨ ᠬᠡᠷ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂ ᠤᠯᠤᠰ ᠤᠨ ᠨᠢᠭᠤᠴᠠ ᠶᠢ ᠬᠠᠮᠠᠭᠠᠯᠠᠬᠤ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ᠂ ᠬᠠᠤᠯᠢ ᠴᠠᠭᠠᠵᠠ ᠶᠢᠨ ᠲᠢᠩᠬᠢᠮ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠲᠢᠩᠬᠢᠮ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠬᠥᠬᠡᠬᠤᠲᠠ ᠶᠢᠨ ᠦᠨᠳᠦᠰᠦᠲᠡᠨ ᠤ ᠳᠡᠭᠡᠳᠦ ᠰᠤᠷᠭᠠᠭᠤᠯᠢ ᠳᠤ ᠡᠬᠢᠯᠡᠯᠲᠡ ᠶᠢᠨ ᠶᠣᠰᠣᠯᠠᠯ ᠢ ᠶᠠᠪᠤᠭᠳᠠᠭᠤᠯᠪᠠ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠬᠡᠰᠢᠭᠦᠨ᠂ ᠲᠢᠩᠬᠢᠮ ᠤᠨ ᠳᠡᠳ᠋ ᠳᠠᠷᠤᠭ᠎ᠠ ᠵᠠᠩ ᠵᠢᠶᠦ᠋ᠨ ᠰᠢ ᠡᠬᠢᠯᠡᠯᠲᠡ ᠶᠢᠨ ᠶᠣᠰᠣᠯᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ᠃ ᠪᠥᠬᠦ ᠣᠷᠣᠨ ᠤ 12 ᠠᠶᠢᠮᠠᠭ ᠬᠤᠲᠠ᠂ 58 ᠳᠡᠭᠡᠳᠦ ᠰᠤᠷᠭᠠᠭᠤᠯᠢ ᠶᠢᠨ 300 ᠭᠠᠷᠤᠶ ᠲᠦᠮᠡᠨ ᠪᠠᠭᠰᠢ ᠰᠤᠷᠤᠭᠴᠢ ᠰᠤᠷᠭᠠᠭᠤᠯᠢ ᠶᠢᠨ ᠬᠦᠷᠢᠶᠡᠨ ᠳᠤ ᠤᠯᠤᠰ ᠤᠨ ᠠᠮᠤᠷ ᠲᠦᠪᠰᠢᠨ ᠤ ᠮᠡᠳᠡᠯᠭᠡ ᠶᠢᠨ ᠮᠥᠷᠦᠶᠢᠴᠡᠯᠳᠦᠭᠡᠨ᠂ ᠤᠷᠠᠨ ᠰᠠᠶᠢᠬᠠᠨ ᠤ ᠲᠣᠭᠯᠠᠯᠲᠠ᠂ ᠠᠬᠤᠢ ᠲᠠᠯᠠᠪᠠᠶ ᠶᠢᠨ ᠤᠬᠠᠭᠤᠯᠭ᠎ᠠ ᠵᠡᠷᠭᠡ ᠠᠯᠢ ᠣᠯᠠᠨ ᠪᠠᠶᠠᠯᠢᠭ ᠠᠭᠤᠯᠭ᠎ᠠ ᠪᠥᠬᠦᠶ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠵᠡᠷᠭᠡ ᠳᠤ ᠪᠠᠨ ᠥᠷᠨᠢᠭᠦᠯᠪᠡ᠃

     ᠰᠤᠷᠭᠠᠨ ᠬᠥᠮᠦᠵᠢᠯ ᠤᠨ ᠶᠠᠮᠤᠨ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ

ᠤᠯᠤᠰ ᠤᠨ ᠠᠮᠤᠷ ᠲᠦᠪᠰᠢᠨ ᠤ ᠠᠵᠢᠯ ᠤᠨ ᠠᠯᠪᠠᠨ ᠬᠡᠷ ᠤᠨ ᠠᠵᠢᠯ ᠤᠨ ᠪᠠᠶᠢᠷᠢᠯᠠᠭᠤᠯᠤᠯᠲᠠ ᠶᠢ ᠦᠨᠳᠦᠰᠦᠯᠡᠨ᠂

ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠮᠡᠳᠡᠭᠳᠡᠯ ᠳᠠᠷᠤᠮᠠᠯᠯᠠᠨ ᠲᠠᠷᠬᠠᠭᠠᠵᠤ᠂ ᠪᠥᠬᠦ

ᠣᠷᠣᠨ ᠤ ᠳᠡᠭᠡᠳᠦ ᠰᠤᠷᠭᠠᠭᠤᠯᠢ ᠳᠤᠮᠳᠠᠳᠤ ᠪᠠᠭ᠎ᠠ ᠰᠤᠷᠭᠠᠭᠤᠯᠢ ᠶᠢᠨ ᠪᠥᠬᠦ ᠠᠷᠠᠳ ᠤᠨ ᠤᠯᠤᠰ ᠤᠨ ᠠᠮᠤᠷ

ᠲᠦᠪᠰᠢᠨ ᠤ ᠬᠥᠮᠦᠵᠢᠯ ᠤᠨ ᠡᠳᠦᠷ ᠤᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠥᠷᠨᠢᠭᠦᠯᠬᠦ ᠶᠢ ᠲᠣᠬᠢᠷᠠᠭᠤᠯᠪᠠ᠃

ᠡᠯ᠎ᠡ ᠭᠠᠵᠠᠷ ᠤᠨ ᠡᠯ᠎ᠡ ᠰᠤᠷᠭᠠᠭᠤᠯᠢ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠰᠤᠷᠭᠠᠭᠤᠯᠢ ᠶᠢᠨ

ᠬᠦᠷᠢᠶᠡᠨ ᠤ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠡᠯ᠎ᠡ ᠭᠠᠵᠠᠷ ᠤᠨ ᠡᠯ᠎ᠡ ᠰᠤᠷᠭᠠᠭᠤᠯᠢ ᠳᠤ

︽ᠪᠥᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠬᠠᠤᠯᠢ︾᠂

︽ᠪᠥᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠩᠨᠠᠭᠤᠯ ᠢ ᠡᠰᠡᠷᠭᠦᠴᠡᠬᠦ ᠬᠠᠤᠯᠢ︾᠂ ︽ᠪᠥᠭᠦᠳᠡ

ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠣᠬᠢᠶᠠᠨ ᠪᠠᠶᠢᠭᠤᠯᠤᠯᠲᠠ ᠲᠠᠢ ᠶᠠᠯᠠᠲᠤ ᠠᠵᠢᠯᠯᠠᠭ᠎ᠠ ᠶᠢ ᠡᠰᠡᠷᠭᠦᠴᠡᠬᠦ

ᠬᠠᠤᠯᠢ︾ ᠵᠡᠷᠭᠡ ᠬᠠᠤᠯᠢ ᠴᠠᠭᠠᠵᠠ ᠬᠠᠤᠯᠢ ᠳᠦᠷᠢᠮ ᠢ ᠤᠬᠠᠭᠤᠯᠬᠤ ᠮᠠᠲ᠋ᠧᠷᠢᠶᠠᠯ᠂ ᠤᠯᠤᠰ ᠤᠨ ᠠᠮᠤᠷ ᠲᠦᠪᠰᠢᠨ ᠤ

ᠬᠠᠤᠯᠢ ᠶᠢᠨ ᠮᠡᠳᠡᠯᠭᠡ ᠶᠢᠨ ᠤᠷᠤᠯᠳᠤᠭᠠᠨ ᠤ ᠰᠡᠳᠦᠪ ᠤᠨ ᠬᠥᠮᠥᠷᠭᠡ᠂ ᠤᠬᠠᠭᠤᠯᠭ᠎ᠠ ᠬᠥᠮᠦᠵᠢᠯ ᠤᠨ ᠵᠠᠷᠯᠠᠯ ᠵᠡᠷᠭᠡ ᠶᠢ

ᠬᠠᠩᠭᠠᠵᠤ᠂ ᠪᠥᠬᠦ ᠣᠷᠣᠨ ᠤ ᠳᠡᠭᠡᠲᠦ ᠰᠤᠷᠭᠠᠭᠤᠯᠢ ᠳᠤᠮᠳᠠᠳᠤ ᠪᠠᠭ᠎ᠠ ᠰᠤᠷᠭᠠᠭᠤᠯᠢ ᠤᠨ ᠬᠢᠨ ᠰᠤᠷᠭᠠᠭᠤᠯᠢ ᠶᠢᠨ

ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠢᠳᠡᠪᠬᠢᠲᠡᠶ

ᠥᠷᠨᠢᠭᠦᠯᠪᠡ᠃

     ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ᠂ ᠪᠦᠬᠦ ᠣᠷᠣᠨ ᠤ ᠰᠤᠷᠭᠠᠨ

ᠬᠥᠮᠦᠵᠢᠯ ᠤᠨ ᠰᠢᠰᠲ᠋ᠧᠮ ᠤᠨ ᠬᠢᠨ ᠤᠯᠤᠰ ᠤᠨ ᠠᠮᠤᠷ ᠲᠦᠪᠰᠢᠨ ᠤ ᠬᠥᠮᠦᠵᠢᠯ ᠢ ᠭᠦᠨᠵᠡᠭᠡᠢ ᠥᠷᠨᠢᠭᠦᠯᠵᠦ᠂

ᠤᠯᠤᠰ ᠤᠨ ᠶᠡᠷᠦᠩᠬᠡᠶᠢᠯᠡᠭᠰᠡᠨ ᠠᠮᠤᠷ ᠲᠦᠪᠰᠢᠨ ᠤ ᠦᠵᠡᠯᠲᠡ ᠶᠢ ᠪᠠᠲᠤ ᠪᠠᠬᠢ ᠪᠤᠢ ᠪᠣᠯᠭᠠᠵᠤ᠂ ᠲᠦᠭᠰᠢᠭᠦᠷᠢ ᠶᠢ

ᠰᠡᠷᠭᠡᠶᠢᠯᠡᠬᠦ ᠤᠬᠠᠮᠰᠠᠷ ᠢᠶᠠᠨ ᠴᠢᠩᠭᠠᠳᠬᠠᠵᠤ᠂ ᠤᠯᠤᠰ ᠤᠨ ᠠᠮᠤᠷ ᠲᠦᠪᠰᠢᠨ ᠤ ᠴᠢᠳᠠᠪᠤᠷᠢ ᠶᠢᠨ ᠪᠠᠶᠢᠭᠤᠯᠤᠯᠲᠠ ᠶᠢ

ᠴᠢᠩᠭᠠᠳᠬᠠᠵᠤ᠂ ᠤᠯᠤᠰ ᠤᠨ ᠠᠮᠤᠷ ᠲᠦᠪᠰᠢᠨ ᠤ ᠰᠠᠭᠤᠷᠢ ᠶᠢ ᠦᠨᠡᠨ ᠬᠦ ᠪᠠᠬᠢᠵᠢᠭᠦᠯᠬᠦ ᠬᠡᠷᠡᠭᠲᠡᠢ᠃ ᠥᠷᠭᠡᠨ ᠤᠯᠠᠨ

ᠨᠠᠮ ᠤᠨ ᠭᠡᠰᠢᠭᠦᠨ ᠺᠠᠳ᠋ᠷ ᠶᠡᠷᠦᠩᠬᠡᠢ ᠱᠦᠵᠢ ᠰᠢ ᠶᠢᠨ ᠫᠢᠩ ᠤᠨ ᠤᠯᠤᠰ ᠤᠨ ᠶᠡᠷᠦᠩᠬᠡᠶᠢᠯᠡᠭᠰᠡᠨ ᠠᠮᠤᠷ

ᠲᠦᠪᠰᠢᠨ ᠤ ᠦᠵᠡᠯᠲᠡ ᠶᠢᠨ ᠲᠤᠬᠠᠢ ᠰᠢᠷᠢᠰ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠣᠶᠢᠯᠠᠭᠠᠵᠤ᠂

ᠰᠤᠷᠭᠠᠨ ᠬᠥᠮᠦᠵᠢᠯ ᠪᠣᠯ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠤ ᠵᠢᠭᠰᠠᠭᠠᠯ ᠤᠨ ᠭᠠᠵᠠᠷ᠂ ᠤᠯᠤᠰ ᠤᠨ

ᠤᠯᠤᠰ ᠲᠦᠷᠦ ᠶᠢᠨ ᠠᠮᠤᠷ ᠲᠦᠪᠰᠢᠨ ᠲᠠᠢ ᠬᠤᠯᠪᠣᠭᠳᠠᠬᠤ ᠤᠬᠠᠮᠰᠠᠷ ᠢ ᠢᠮᠠᠭᠲᠠ ᠴᠢᠩᠭᠠᠳᠬᠠᠨ᠂ ᠤᠯᠤᠰ ᠤᠨ

ᠤᠯᠤᠰ ᠲᠦᠷᠦ ᠶᠢᠨ ᠠᠮᠤᠷ ᠲᠦᠪᠰᠢᠨ ᠢ ᠬᠠᠮᠠᠭᠠᠯᠠᠬᠤ ᠦᠨᠳᠦᠷᠴᠡ ᠠᠴᠠ ᠰᠤᠷᠭᠠᠨ ᠬᠥᠮᠦᠵᠢᠯ ᠤᠨ ᠥᠭᠡᠷᠡᠴᠢᠯᠡᠯᠲᠡ

ᠬᠥᠭᠵᠢᠭᠦᠯᠦᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ᠃ ᠰᠤᠷᠭᠠᠭᠤᠯᠢ ᠨᠢ ᠪᠦᠬᠦ ᠠᠷᠠᠳ ᠤᠨ

ᠤᠯᠤᠰ ᠤᠨ ᠠᠮᠤᠷ ᠲᠦᠪᠰᠢᠨ ᠤ ᠬᠥᠮᠦᠵᠢᠯ ᠢ ᠪᠠᠶᠢᠭᠤᠯᠬᠤ ᠭᠤᠣᠯ ᠵᠢᠭᠰᠠᠭᠠᠯ ᠤᠨ ᠭᠠᠵᠠᠷ ᠪᠤᠯᠵᠤ᠂ ᠶᠣᠰᠣ

ᠰᠤᠷᠲᠠᠬᠤᠨ ᠪᠠ ᠤᠶᠤᠨ ᠰᠠᠨᠠᠭᠠᠨ ᠤ ᠬᠥᠮᠦᠵᠢᠯ ᠢ ᠰᠠᠶᠢᠲᠤᠷ ᠬᠢᠵᠦ᠂ ᠰᠤᠷᠤᠭᠴᠢᠳ ᠤᠨ ᠤᠯᠤᠰ ᠪᠠ ᠨᠡᠶᠢᠭᠡᠮ ᠳᠤ

ᠬᠠᠨᠳᠤᠬᠤ ᠬᠠᠷᠢᠭᠤᠴᠠᠯᠭᠠᠲᠤ ᠰᠡᠳᠬᠢᠯᠭᠡ ᠶᠢ ᠪᠤᠢ ᠪᠣᠯᠭᠠᠨ᠂ ᠡᠬᠡ ᠣᠷᠣᠨᠴᠢ ᠰᠡᠳᠬᠢᠯᠭᠡ ᠶᠢ ᠵᠤᠵᠠᠭᠠᠳᠬᠠᠵᠤ᠂

ᠤᠯᠤᠰ ᠤᠨ ᠠᠮᠤᠷ ᠲᠦᠪᠰᠢᠨ ᠤ ᠤᠬᠠᠮᠰᠠᠷ ᠢ ᠪᠠᠬᠢᠵᠢᠭᠦᠯᠬᠦ ᠬᠡᠷᠡᠭᠲᠡᠢ᠃ ᠰᠤᠷᠤᠭᠴᠢᠳ ᠤᠯᠤᠰ ᠤᠨ ᠠᠮᠤᠷ

ᠲᠦᠪᠰᠢᠨ ᠤ ᠰᠢᠳᠤᠷᠭᠤ ᠬᠠᠮᠠᠭᠠᠯᠠᠭᠴᠢ ᠪᠤᠯᠵᠤ᠂ ᠤᠯᠤᠰ ᠤᠨ ᠰᠡᠷᠭᠦᠨ ᠮᠠᠨᠳᠤᠯᠲᠠ ᠶᠢᠨ ᠬᠦᠨᠳᠦ ᠡᠭᠦᠷᠭᠡ ᠶᠢ

ᠡᠭᠦᠷᠭᠡᠯᠡᠵᠦ᠂ ᠤᠯᠤᠰ ᠤᠨ ᠠᠮᠤᠷ ᠲᠦᠪᠰᠢᠨ ᠪᠣᠯᠤᠨ ᠬᠥᠭᠵᠢᠯᠲᠡ ᠶᠢ ᠭᠦᠨᠵᠡᠭᠡᠢ ᠠᠩᠬᠠᠷᠴᠤ᠂ ᠤᠯᠤᠰ ᠤᠨ ᠠᠮᠤᠷ

ᠲᠦᠪᠰᠢᠨ ᠪᠣᠯᠤᠨ ᠠᠰᠢᠭ ᠲᠤᠰᠠ ᠠᠯᠢᠪᠠ ᠠᠴᠠ ᠡᠷᠬᠢᠮ ᠪᠠᠶᠢᠬᠤ ᠦᠵᠡᠯ ᠤᠬᠠᠮᠰᠠᠷ ᠢ ᠪᠤᠢ ᠪᠣᠯᠭᠠᠨ᠂ ᠤᠯᠤᠰ ᠤᠨ

ᠲᠡᠦᠬᠡ ᠪᠣᠯᠤᠨ ᠤᠯᠤᠰ ᠤᠨ ᠬᠥᠭᠵᠢᠯᠲᠡ ᠶᠢᠨ ᠲᠤᠬᠠᠢ ᠲᠠᠨᠢᠯᠲᠠ ᠪᠠᠨ ᠭᠦᠨᠵᠡᠭᠡᠶᠢᠷᠡᠭᠦᠯᠵᠦ᠂ ᠡᠬᠡ ᠤᠯᠤᠰ ᠲᠠᠢ ᠪᠠᠨ

ᠰᠡᠳᠬᠢᠯ ᠨᠢᠭᠡᠳᠴᠦ᠂ ᠴᠠᠭ ᠦᠶ᠎ᠡ ᠲᠠᠢ ᠵᠡᠷᠭᠡᠴᠡᠨ ᠤᠷᠤᠭᠰᠢᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ

ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠰᠠᠶᠢᠲᠤᠷ ᠪᠡᠶᠡᠯᠡᠭᠦᠯᠬᠦ ᠪᠠ ︽ᠵᠢᠱᠢᠶᠡᠴᠢ ᠥᠪᠡᠷᠲᠡᠭᠡᠨ

ᠵᠠᠰᠠᠬᠤ ᠣᠷᠣᠨ︾ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠬᠦ

ᠬᠡᠷᠡᠭᠲᠡᠢ ᠭᠡᠵᠦ ᠱᠠᠭᠠᠷᠳᠠᠪᠠ᠃

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号