ᠰᠤᠷᠭᠠᠨ ᠬᠥᠮᠦᠵᠢᠯ ᠤᠨ ᠲᠢᠩᠬᠢᠮ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠤᠯ ᠰᠡᠳᠦᠪᠲᠦ ᠬᠥᠮᠦᠵᠢᠯ ᠤᠨ ᠠᠵᠢᠯ ᠤᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/4/17
     4 ᠰᠠᠷ᠎ᠠ ᠶᠢᠨ 14 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠤᠯ ᠰᠡᠳᠦᠪᠲᠦ ᠬᠥᠮᠦᠵᠢᠯ ᠤᠨ ᠠᠵᠢᠯ ᠤᠨ ᠬᠤᠷᠠᠯ ᠢ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠱᠦᠵᠢ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠬᠤᠸᠠᠩ ᠶᠠ ᠯᠢ ᠲᠣᠬᠢᠷᠠᠭᠤᠯᠤᠯᠲᠠ ᠪᠠ ᠪᠠᠶᠢᠷᠢᠯᠠᠭᠤᠯᠤᠯᠲᠠ ᠬᠢᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠭᠤᠣᠯ ᠰᠡᠳᠦᠪᠲᠦ ᠬᠥᠮᠦᠵᠢᠯ ᠤᠨ ᠭᠤᠷᠪᠠᠳᠤᠭᠠᠷ ᠲᠣᠭᠤᠷᠢᠨ ᠵᠢᠯᠣᠭᠤᠳᠬᠤ ᠳᠤᠭᠤᠶᠢᠯᠠᠩ ᠤᠨ ᠳᠠᠷᠤᠭ᠎ᠠ ᠯᠢ ᠭᠠᠩ᠂ ᠳᠡᠳ᠋ ᠳᠤᠭᠤᠶᠢᠯᠠᠩ ᠤᠨ ᠳᠠᠷᠤᠭ᠎ᠠ ᠮᠠ ᠴᠧᠨ ᠵᠢᠴᠢ ᠵᠢᠯᠣᠭᠤᠳᠬᠤ ᠳᠤᠭᠤᠶᠢᠯᠠᠩ ᠤᠨ ᠬᠡᠰᠢᠭᠦᠨ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠭᠡᠰᠢᠭᠦᠨ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠬᠡᠰᠢᠭᠦᠨ᠂ ᠲᠢᠩᠬᠢᠮ ᠤᠨ ᠳᠡᠳ᠋ ᠳᠠᠷᠤᠭ᠎ᠠ ᠯᠢ ᠶᠢᠩ ᠬᠤᠷᠠᠯ ᠢ ᠡᠷᠭᠢᠯᠡᠪᠡ᠃

     ᠬᠤᠷᠠᠯ ᠠᠴᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ

ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠤᠯ ᠰᠡᠳᠦᠪᠲᠦ ᠬᠥᠮᠦᠵᠢᠯ ᠢ

ᠭᠦᠨᠵᠡᠭᠡᠶ ᠥᠷᠨᠢᠭᠦᠯᠬᠦ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ

ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠰᠢᠨ᠎ᠡ ᠠᠭᠤᠤ

ᠶᠡᠭᠡ ᠢᠨᠵᠧᠨᠧᠷᠢᠩ ᠢ ᠭᠦᠨᠵᠡᠭᠡᠶ ᠠᠬᠢᠭᠤᠯᠤᠨ᠂ ᠪᠥᠬᠦ ᠨᠠᠮ ᠢ ᠳᠠᠶᠢᠴᠢᠯᠠᠨ ᠨᠠᠮ ᠤᠨ ᠭᠤᠤᠯ ᠡᠭᠦᠷᠭᠡ ᠶᠢ ᠪᠡᠶᠡᠯᠡᠭᠦᠯᠬᠦ

 ᠶᠢᠨ ᠲᠥᠯᠥᠭᠡ ᠪᠦᠯᠬᠦᠮᠳᠡᠨ ᠲᠡᠮᠡᠴᠡᠬᠦ ᠴᠢᠬᠤᠯᠠ ᠶᠡᠭᠡ ᠠᠷᠭ᠎ᠠ ᠬᠡᠮᠵᠢᠶ᠎ᠡ ᠪᠣᠯᠤᠨ᠎ᠠ ᠭᠡᠵᠦ ᠵᠢᠭᠠᠵᠤ ᠭᠠᠷᠭᠠᠪᠠ᠃

   

     ᠬᠤᠸᠠᠩ ᠶᠠ ᠯᠢ᠂ ᠪᠥᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠤᠯᠤᠰ ᠲᠥᠷᠥ ᠶᠢᠨ

ᠵᠣᠭᠰᠣᠴᠠ ᠪᠠᠨ ᠳᠡᠭᠡᠭᠰᠢᠯᠡᠭᠦᠯᠵᠦ᠂ ᠢᠲᠡᠭᠡᠯ ᠪᠢᠰᠢᠷᠡᠯ ᠢᠲᠡᠭᠡᠯ ᠵᠣᠷᠢᠭ ᠢᠶᠠᠨ ᠪᠠᠲᠤᠳᠬᠠᠬᠤ᠂ ᠣᠨᠣᠯ ᠢᠶᠠᠷ

ᠵᠡᠪᠰᠡᠭᠯᠡᠬᠦ ᠶᠢ ᠴᠢᠩᠭᠠᠳᠬᠠᠬᠤ ᠤᠯᠤᠰ ᠲᠥᠷᠥ ᠶᠢᠨ ᠦᠨᠳᠦᠷᠴᠡ ᠠᠴᠠ᠂ ᠨᠠᠮ ᠤᠨ ᠥᠪᠡᠷ ᠪᠡᠶ᠎ᠡ ᠳᠤ ᠪᠠᠨ

ᠬᠤᠪᠢᠰᠬᠠᠯ ᠬᠢᠬᠦ ᠶᠢ ᠠᠬᠢᠭᠤᠯᠬᠤ᠂ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ

ᠵᠣᠷᠢᠭᠵᠢᠭᠤᠯᠬᠤ ᠡᠭᠦᠷᠭᠡ ᠬᠠᠷᠢᠭᠤᠴᠠᠯᠭ᠎ᠠ ᠠᠴᠠ᠂ ︽ᠬᠤᠶᠠᠷ ᠶᠡᠭᠡ ᠶᠠᠪᠤᠳᠠᠯ︾ ᠢ ᠪᠥᠬᠦ ᠬᠦᠴᠦᠨ ᠢᠶᠠᠷ ᠢᠶᠠᠨ

ᠪᠡᠶᠡᠯᠡᠭᠦᠯᠬᠦ ᠠᠴᠠ᠂ ᠰᠤᠷᠭᠠᠨ ᠬᠥᠮᠦᠵᠢᠯ ᠢ ᠴᠢᠨᠠᠷᠯᠢᠭ ᠬᠥᠭᠵᠢᠭᠦᠯᠬᠦ ᠤᠷᠤᠭᠰᠢᠯᠠᠨ ᠳᠠᠪᠰᠢᠬᠤ ᠴᠢᠭᠯᠡᠯ ᠢ ᠲᠠᠰᠤᠷᠠᠯᠲᠠ

ᠥᠬᠡᠶ ᠠᠬᠢᠭᠤᠯᠵᠤ᠂ ᠭᠤᠤᠯ ᠰᠡᠳᠦᠪᠲᠦ ᠬᠥᠮᠦᠵᠢᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠠᠨᠢᠬᠤ

ᠬᠡᠷᠡᠭᠲᠡᠶ᠃ ᠤᠯᠤᠰ ᠲᠦᠷᠦ ᠶᠢᠨ ᠡᠭᠦᠷᠭᠡᠯᠡᠯ ᠢᠶᠠᠨ ᠴᠢᠩᠭᠠᠳᠬᠠᠵᠤ᠂ ︽ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ

ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠢ

ᠱᠠᠭᠠᠷᠳᠠᠯᠭ᠎ᠠ ᠶᠢ ᠪᠠᠲᠤ ᠡᠵᠡᠮᠳᠡᠵᠦ᠂ ᠨᠠᠮ ᠤᠨ ᠭᠡᠰᠢᠭᠦᠨ ᠺᠠᠳ᠋ᠷ ᠤᠨ ︽ᠰᠤᠷᠤᠯᠴᠠᠬᠤ ᠪᠠᠷ ᠰᠦᠭ ᠢ ᠱᠤᠭᠤᠬᠤ᠂

ᠰᠤᠷᠤᠯᠴᠠᠬᠤ ᠪᠠᠷ ᠤᠶᠤᠨ ᠤᠬᠠᠭᠠᠨ ᠢ ᠨᠡᠮᠡᠭᠳᠡᠭᠦᠯᠬᠦ᠂ ᠰᠤᠷᠤᠯᠴᠠᠬᠤ ᠪᠠᠷ ᠰᠤᠷᠲᠠᠯ ᠢ ᠲᠥᠪ ᠪᠣᠯᠭᠠᠬᠤ᠂

ᠰᠤᠷᠤᠯᠴᠠᠬᠤ ᠪᠠᠷ ᠠᠵᠢᠯᠯᠠᠬᠤ ᠶᠢ ᠠᠬᠢᠭᠤᠯᠬᠤ︾ ᠶᠢ ᠬᠥᠮᠦᠵᠢᠭᠦᠯᠦᠨ ᠵᠢᠯᠣᠭᠤᠳᠴᠤ᠂ ᠤᠨᠤᠯ ᠤᠨ ᠰᠤᠷᠤᠯᠴᠠᠯᠭ᠎ᠠ ᠶᠢ

ᠲᠠᠷᠢᠬᠢ ᠲᠣᠯᠣᠭᠠᠢ ᠪᠠ ᠰᠡᠳᠬᠢᠯ ᠳᠤ ᠪᠠᠨ ᠬᠠᠳᠠᠩᠰᠢᠭᠤᠯᠬᠤ᠂ ᠪᠠᠶᠢᠴᠠᠭᠠᠨ ᠰᠣᠳᠤᠯᠵᠤ ᠦᠨᠡᠨ ᠢ ᠪᠠᠷᠢᠮᠲᠠᠯᠠᠨ

ᠪᠣᠳᠠᠲᠠᠢ ᠶᠢ ᠡᠷᠬᠢᠮᠯᠡᠬᠦ ᠶᠢ ᠦᠨᠡᠨ ᠬᠦ ᠪᠡᠶᠡᠯᠡᠭᠦᠯᠦᠨ᠂ ᠬᠥᠭᠵᠢᠯᠲᠡ ᠶᠢ ᠠᠬᠢᠭᠤᠯᠤᠨ ᠪᠣᠳᠠᠲᠤ ᠦᠷ᠎ᠡ ᠪᠦᠲᠦᠮᠵᠢ

ᠭᠠᠷᠭᠠᠵᠤ᠂ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠳᠤ ᠪᠠᠨ ᠬᠠᠲᠠᠭᠤ ᠲᠠᠢ ᠬᠠᠯᠳᠠᠵᠤ᠂ ᠭᠤᠣᠯ ᠰᠡᠳᠦᠪᠲᠦ

ᠬᠥᠮᠦᠵᠢᠯ ᠢ ᠴᠢᠨᠠᠷᠯᠢᠭ ᠥᠷᠨᠢᠭᠦᠯᠬᠦ ᠬᠡᠷᠡᠭᠲᠡᠢ᠃ ᠤᠯᠤᠰ ᠲᠥᠷᠥ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠨᠠᠷᠢᠨ

ᠨᠢᠮᠪᠠᠶ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠨ᠂

ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠨᠢᠭᠡᠳᠦᠯᠲᠡᠶ ᠲᠥᠯᠥᠪᠵᠢᠭᠦᠯᠦᠨ ᠠᠬᠢᠭᠤᠯᠬᠤ ᠶᠢ

ᠴᠢᠩᠭᠠᠳᠬᠠᠨ᠂ ᠡᠭᠦᠷᠭᠡ ᠶᠢ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠤᠯᠤᠰ ᠲᠥᠷᠥ ᠶᠢᠨ

ᠵᠢᠯᠣᠭᠤᠳᠤᠮᠵᠢ ᠶᠢ ᠴᠢᠩᠭᠠᠳᠬᠠᠨ᠂ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠭᠤᠤᠯ ᠰᠡᠳᠦᠪᠲᠦ

ᠬᠥᠮᠦᠵᠢᠯ ᠤᠨ ᠰᠤᠷᠤᠯᠴᠠᠯᠭ᠎ᠠ ᠶᠢᠨ ᠦᠷ᠎ᠡ  ᠪᠥᠲᠦᠮᠵᠢ ᠶᠢ ᠠᠰᠠᠭᠤᠳᠠᠯ ᠢ ᠰᠢᠢᠳᠪᠦᠷᠢᠯᠡᠬᠦ᠂ ᠠᠵᠢᠯ ᠬᠢᠵᠦ ᠦᠢᠯᠡᠰ

ᠪᠤᠰᠬᠠᠬᠤ ᠴᠢᠳᠠᠪᠤᠷᠢ ᠪᠠ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠦᠢᠯᠡᠰ ᠢ ᠴᠢᠨᠠᠷᠯᠢᠭ

ᠬᠥᠭᠵᠢᠭᠦᠯᠬᠦ ᠪᠣᠳᠠᠲᠤ ᠦᠷ᠎ᠡ ᠪᠦᠲᠦᠮᠵᠢ ᠪᠣᠯᠭᠠᠨ ᠬᠠᠮᠤᠭ ᠤᠨ ᠶᠡᠭᠡ ᠬᠡᠮᠵᠢᠶ᠎ᠡ ᠪᠠᠷ ᠬᠤᠪᠢᠷᠠᠭᠤᠯᠬᠤ ᠶᠢ ᠪᠠᠲᠤᠯᠠᠬᠤ

ᠬᠡᠷᠡᠭᠲᠡᠶ ᠭᠡᠵᠦ ᠴᠢᠬᠤᠯᠠᠴᠢᠯᠠᠪᠠ᠃

     ᠯᠢ ᠭᠠᠩ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠨᠠᠮ ᠤᠨ

ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ᠂ ᠥᠪᠡᠷᠲᠡᠭᠡᠨ ᠵᠠᠰᠠᠬᠤ ᠣᠷᠣᠨ ᠤ ᠨᠠᠮ ᠤᠨ

ᠬᠤᠷᠢᠶᠠᠨ ᠤ ᠱᠠᠭᠠᠷᠳᠠᠯᠭ᠎ᠠ ᠶᠢ ᠰᠤᠷᠤᠯᠴᠠᠨ ᠲᠤᠭᠤᠰᠢᠯᠠᠭᠤᠯᠬᠤ ᠲᠣᠭᠤᠷᠢᠨ ᠳᠤ᠂ ᠭᠤᠣᠯ ᠰᠡᠳᠦᠪᠲᠦ ᠬᠥᠮᠦᠵᠢᠯ ᠤᠨ

ᠡᠯ᠎ᠡ ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠬᠤ ᠲᠤᠬᠠᠢ ᠰᠠᠨᠠᠯ ᠳᠤᠷᠠᠳᠴᠠᠢ᠃ ᠡᠯ᠎ᠡ ᠱᠠᠲᠤᠨ ᠤ ᠨᠠᠮ ᠤᠨ

ᠭᠡᠰᠢᠭᠦᠨ ᠺᠠᠳ᠋ᠷ ︽ᠬᠤᠶᠠᠷ ᠢ ᠳᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠶ ᠠᠴᠢ ᠬᠤᠯᠪᠣᠭᠳᠠᠯ ᠢ ᠭᠦᠨᠵᠡᠭᠡᠶ

ᠣᠶᠢᠯᠠᠭᠠᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂

︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠭᠤᠤᠯ ᠰᠡᠳᠦᠪᠲᠦ ᠬᠥᠮᠦᠵᠢᠯ ᠤᠨ ᠡᠯ᠎ᠡ ᠵᠦᠢᠯ ᠤᠨ ᠡᠭᠦᠷᠭᠡ ᠬᠠᠷᠠᠯᠲᠠ

ᠱᠠᠭᠠᠷᠳᠠᠯᠭ᠎ᠠ ᠶᠢ ᠨᠠᠷᠢᠯᠢᠭ ᠣᠨᠣᠴᠠᠲᠠᠢ ᠡᠵᠡᠮᠳᠡᠵᠦ᠂ ᠭᠤᠤᠯ ᠰᠡᠳᠦᠪᠲᠦ ᠬᠥᠮᠦᠵᠢᠯ ᠪᠣᠯᠤᠨ ᠰᠤᠷᠭᠠᠨ ᠬᠥᠮᠦᠵᠢᠯ ᠤᠨ

ᠰᠢᠰᠲ᠋ᠧᠮ ᠤᠨ ᠭᠤᠤᠯ ᠠᠵᠢᠯ ᠪᠠ ᠡᠭᠦᠷᠭᠡ ᠴᠢᠳᠠᠮᠵᠢ ᠲᠤᠰᠢᠶᠠᠯ ᠬᠠᠷᠢᠭᠤᠴᠠᠯᠭ᠎ᠠ ᠲᠠᠢ ᠤᠶᠠᠯᠳᠤᠭᠤᠯᠤᠨ᠂ ᠶᠡᠷᠦᠩᠬᠡᠶ

ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠤᠨ ︽ᠵᠢᠱᠢᠶᠡᠴᠢ

ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠤᠨ

ᠲᠣᠭᠤᠷᠢᠨ ᠳᠤ ᠴᠢᠨᠠᠷᠯᠢᠭ ᠬᠥᠭᠵᠢᠯᠲᠡ ᠶᠢ ᠠᠬᠢᠭᠤᠯᠬᠤ ᠪᠠ ᠦᠢᠯᠡᠴᠢᠯᠡᠬᠦ ᠡᠯ᠎ᠡ ᠵᠦᠢᠯ ᠤᠨ ᠠᠵᠢᠯ ᠢ ᠨᠢᠭᠡᠳᠦᠯᠲᠡᠶ

ᠲᠥᠯᠥᠪᠵᠢᠭᠦᠯᠦᠨ ᠰᠠᠶᠢᠲᠤᠷ ᠬᠢᠬᠦ ᠬᠡᠷᠡᠭᠲᠡᠶ᠃ ᠭᠤᠷᠪᠠᠳᠤᠭᠠᠷ ᠲᠣᠭᠤᠷᠢᠨ ᠵᠢᠯᠣᠭᠤᠳᠬᠤ ᠳᠤᠭᠤᠶᠢᠯᠠᠩ ᠨᠢ

ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠲᠠᠢ

ᠬᠠᠮᠲᠤ ᠳᠤ ᠪᠠᠨ ᠰᠤᠷᠤᠯᠴᠠᠵᠤ᠂ ᠬᠠᠮᠲᠤ ᠳᠤ ᠪᠠᠨ ᠳᠡᠭᠡᠭᠰᠢᠯᠡᠭᠦᠯᠵᠦ᠂ ᠬᠠᠮᠲᠤ ᠳᠤ ᠪᠠᠨ ᠤᠷᠤᠭᠰᠢᠯᠠᠵᠤ᠂

ᠬᠠᠮᠲᠤ ᠳᠤ ᠪᠠᠨ ᠰᠡᠳᠦᠪ ᠬᠠᠷᠢᠭᠤᠯᠵᠤ᠂ ᠵᠢᠯᠣᠭᠤᠳᠬᠤ ᠠᠵᠢᠯ ᠢ ᠬᠠᠪᠰᠤᠷᠤᠨ ᠦᠢᠯᠡᠴᠢᠯᠡᠬᠦ ᠶᠠᠪᠤᠴᠠ ᠳᠤ

ᠠᠭᠤᠰᠬᠠᠵᠤ᠂ ᠪᠠᠶᠢᠳᠠᠯ ᠢ ᠭᠦᠨᠵᠡᠭᠡᠶ ᠣᠶᠢᠯᠠᠭᠠᠨ᠂ ᠠᠵᠢᠯ ᠤᠨ ᠰᠠᠨᠠᠭᠤᠯᠭ᠎ᠠ ᠳᠤᠷᠠᠳᠴᠤ᠂ ᠪᠥᠬᠦ ᠶᠠᠪᠤᠴᠠ ᠳᠤ

ᠵᠢᠯᠣᠭᠤᠳᠴᠤ᠂ ᠪᠥᠬᠦ ᠲᠠᠯ᠎ᠠ ᠪᠠᠷ ᠵᠢᠯᠣᠭᠤᠳᠬᠤ ᠶᠢᠨ ᠬᠠᠮᠲᠤ ᠵᠠᠷᠴᠢᠮ ᠢ ᠪᠠᠷᠢᠮᠲᠠᠯᠠᠵᠤ᠂ ᠪᠠᠷᠢᠮᠵᠢᠶ᠎ᠠ ᠶᠢ

ᠴᠢᠩᠳᠠᠯᠠᠵᠤ᠂ ᠭᠤᠤᠯ ᠰᠡᠳᠦᠪᠲᠦ ᠬᠥᠮᠦᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ

ᠭᠡᠪᠡ᠃

    ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶ᠎ᠠ᠂

ᠰᠤᠷᠭᠠᠨ ᠬᠥᠮᠦᠵᠢᠯ ᠤᠨ ᠲᠢᠩᠬᠢᠮ ᠤᠨ ᠤᠳᠤᠷᠢᠳᠬᠤ ᠪᠠᠭ ᠤᠨ ᠬᠡᠰᠢᠭᠦᠨ᠂ ᠨᠢᠭᠡᠳᠦᠭᠡᠷ ᠳᠡᠰ᠂ ᠬᠤᠶᠠᠳᠤᠭᠠᠷ

ᠳᠡᠰ ᠤᠨ ᠲᠣᠭᠤᠷᠢᠨ ᠪᠠᠶᠢᠴᠠᠭᠠᠭᠴᠢ᠂ ᠲᠢᠩᠬᠢᠮ ᠳᠤ ᠰᠠᠭᠤᠭ᠎ᠠ ᠰᠠᠬᠢᠯᠭ᠎ᠠ ᠪᠠᠲᠤ ᠶᠢ ᠪᠠᠶᠢᠴᠠᠭᠠᠬᠤ ᠬᠢᠨᠠᠨ ᠪᠠᠶᠢᠴᠠᠭᠠᠬᠤ

ᠳᠤᠭᠤᠶᠢᠯᠠᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ

ᠬᠤᠷᠢᠶ᠎ᠠ᠂ ᠰᠤᠷᠭᠠᠨ ᠬᠥᠮᠦᠵᠢᠯ ᠤᠨ ᠲᠢᠩᠬᠢᠮ ᠤᠨ ᠪᠠᠶᠢᠭᠤᠯᠭ᠎ᠠ ᠵᠢᠴᠢ ᠰᠢᠭᠤᠳ ᠬᠠᠷᠢᠶ᠎ᠠ ᠠᠵᠢᠯ ᠦᠢᠯᠡᠰ ᠤᠨ

ᠨᠢᠭᠡᠴᠢ ᠶᠢᠨ ᠪᠦᠬᠦ ᠨᠠᠮ ᠤᠨ ᠭᠡᠰᠢᠭᠦᠨ ᠺᠠᠳ᠋ᠷ ᠬᠤᠷᠠᠯ ᠳᠤ ᠣᠷᠣᠯᠴᠠᠵᠠᠢ᠃

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号