ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ ᠳᠡᠭᠡᠳᠦ ᠰᠢᠨ᠎ᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠠᠬᠤᠶᠢᠯᠠᠯ ᠳᠤ ᠬᠦᠷᠪᠡ
ᠨᠡᠶᠢᠲᠡᠯᠡᠭᠰᠡᠨ ᠴᠠᠭ᠄
2023/4/17
     ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠤᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢᠨ ᠲᠥᠯᠥᠭᠡ᠂ 4 ᠰᠠᠷ᠎ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠬᠤ ᠭᠤᠤᠯ ᠰᠡᠳᠦᠪᠲᠦ ᠬᠥᠮᠦᠵᠢᠯ ᠤᠨ ᠨᠣᠮ ᠤᠩᠰᠢᠬᠤ ᠠᠩᠭᠢ ︵ᠨᠢᠭᠡᠳᠦᠭᠡᠷ ᠬᠤᠭᠤᠴᠠᠭ᠎ᠠ︶ ᠵᠢᠴᠢ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ ︵ᠥᠷᠭᠡᠳᠬᠡᠭᠰᠡᠨ︶ ᠤᠨ ᠰᠤᠷᠤᠯᠴᠠᠯᠭ᠎ᠠ ᠶᠢᠨ ᠬᠤᠷᠠᠯ ᠢ ᠥᠪᠥᠷ ᠮᠣᠩᠭᠤᠯ ᠤᠨ ᠰᠢᠶᠠᠨ ᠾᠥᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠳᠤ ᠶᠠᠪᠤᠭᠳᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠱᠦᠵᠢ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠬᠤᠸᠠᠩ ᠶᠠ ᠯᠢ ᠰᠤᠷᠤᠯᠴᠠᠯᠭ᠎ᠠ ᠶᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃

     ᠬᠤᠸᠠᠩ ᠶᠠ ᠯᠢ ᠨᠡᠷ ᠤᠷᠢᠳ ᠬᠤᠵᠢᠳ ︽ᠮᠧᠩ ᠰᠢᠨ ᠪᠣᠳᠠᠰ ᠤᠨ ᠢᠨᠲ᠋ᠧᠷ ᠰᠦᠯᠵᠢᠶᠡᠨ ᠤ

ᠦᠵᠡᠭᠦᠯᠭᠡ ᠶᠢᠨ ᠲᠥᠪ︾᠂ ︽ᠨᠠᠮ ᠤᠨ ᠪᠠᠶᠢᠭᠤᠯᠤᠯᠲᠠ ᠶᠢᠨ ᠦᠵᠡᠭᠦᠯᠭᠡ ᠶᠢᠨ ᠲᠢᠩᠬᠢᠮ︾᠂ ︽ᠤᠶᠤᠨᠲᠤ

ᠪᠣᠳᠠᠰ ᠤᠨ ᠬᠤᠯᠪᠣᠭᠠᠨ ᠤ ᠦᠢᠯᠡᠳᠬᠦ ᠲᠥᠪ︾ ᠵᠡᠷᠭᠡ ᠶᠢ ᠲᠣᠭᠤᠷᠢᠨ ᠦᠵᠡᠵᠦ᠂ ᠲᠤᠬᠠᠢ ᠶᠢᠨ ᠭᠠᠵᠠᠷ ᠢ

ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠶᠢ ᠰᠣᠨᠣᠰᠬᠤ ᠠᠷᠭ᠎ᠠ ᠬᠡᠯᠪᠡᠷᠢ ᠪᠠᠷ ᠳᠠᠮᠵᠢᠭᠤᠯᠤᠨ ᠬᠤᠷᠢᠨᠭᠡᠷ ᠰᠢᠨ᠎ᠡ

ᠲᠣᠭᠤᠷᠢᠭ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠬᠥᠭᠵᠢᠯᠲᠡ ᠶᠢᠨ ᠪᠠᠶᠢᠳᠠᠯ᠂ ᠨᠠᠮ ᠤᠨ

ᠪᠠᠶᠢᠭᠤᠯᠤᠯᠲᠠ ᠶᠢᠨ ᠲᠦᠷᠦᠯ ᠲᠡᠮᠲᠡᠭᠲᠦ ᠵᠢᠴᠢ ᠨᠠᠮ ᠤᠨ ᠪᠠᠶᠢᠭᠤᠯᠤᠯᠲᠠ ᠶᠢᠨ ᠠᠵᠢᠯ ᠢ ᠥᠷᠨᠢᠭᠦᠯᠵᠦ ᠪᠠᠶᠢᠭ᠎ᠠ

ᠪᠠᠶᠢᠳᠠᠯ ᠢ ᠨᠠᠷᠢᠨ ᠣᠶᠢᠯᠠᠭᠠᠪᠠ᠃

   

     ᠲᠠᠷᠠᠭ᠎ᠠ ᠨᠢ᠂ ᠤᠨᠤᠯ ᠰᠤᠷᠤᠯᠴᠠᠬᠤ ᠭᠤᠣᠯ ᠳᠤᠭᠤᠶᠢᠯᠠᠩ ᠠᠴᠠ ᠶᠡᠷᠦᠩᠬᠡᠢ ᠱᠦᠵᠢ ᠰᠢ ᠶᠢᠨ ᠫᠢᠩ ᠤᠨ

ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠤᠬᠠᠢ ᠴᠢᠬᠤᠯᠠ ᠥᠭᠦᠯᠡᠯᠲᠡ ᠪᠣᠯᠤᠨ

ᠲᠥᠪ ᠤᠨ ᠤᠯᠤᠰ ᠲᠦᠷᠦ ᠶᠢᠨ ᠲᠣᠪᠴᠢᠶᠠᠨ ᠤ ᠭᠤᠷᠪᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠳᠠᠬᠢ

ᠴᠢᠬᠤᠯᠠ ᠶᠠᠷᠢᠶᠠᠨ ᠤ ᠵᠣᠷᠢᠭ ᠰᠠᠨᠠᠭᠠᠨ ᠤ ᠲᠣᠭᠤᠷᠢᠨ ᠳᠤ ᠰᠤᠷᠤᠯᠴᠠᠯᠭ᠎ᠠ ᠥᠷᠨᠢᠭᠦᠯᠪᠡ᠃ ᠰᠢᠶᠠᠨ ᠾᠥᠩ

ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠷᠡᠭ ᠮᠡᠳᠡᠭᠴᠢᠳ ᠤᠨ ᠳᠠᠷᠤᠭ᠎ᠠ ᠦ᠋ ᠺᠦᠢ ᠱᠧᠩ ᠪᠠᠶᠠᠷ ᠤᠨ ᠦᠭᠡ

ᠬᠡᠯᠡᠪᠡ᠃ ᠲᠥᠪ ᠤᠨ ᠨᠠᠮ ᠤᠨ ᠰᠤᠷᠭᠠᠭᠤᠯᠢ ᠶᠢᠨ ᠬᠢᠴᠢᠶᠡᠯ ᠬᠥᠮᠦᠵᠢᠯ ᠤᠨ ᠬᠡᠯᠲᠡᠰ ᠤᠨ ᠳᠡᠳ᠋ ᠡᠷᠬᠢᠯᠡᠭᠴᠢ᠂

ᠳ᠋ᠣᠺᠲ᠋ᠣᠷᠠᠨᠲ ᠤᠨ ᠵᠢᠯᠣᠭᠤᠳᠣᠭᠴᠢ ᠪᠠᠭᠰᠢ ᠴᠧᠨ ᠢᠦᠶ ᠰᠢᠤᠸᠠᠢ ᠫᠷᠣᠹᠧᠰᠰᠤᠷ ︽ᠰᠢᠨᠵᠢᠯᠡᠬᠦ ᠤᠬᠠᠭᠠᠨ ᠰᠤᠷᠭᠠᠨ

ᠬᠥᠮᠦᠵᠢᠯ ᠢᠶᠠᠷ ᠤᠯᠤᠰ ᠢᠶᠠᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠣᠳᠣᠬᠢᠴᠢᠯᠠᠭᠰᠠᠨ

ᠪᠥᠲᠥᠭᠡᠨ ᠪᠠᠶᠢᠭᠤᠯᠤᠯᠲᠠ ᠶᠢᠨ ᠴᠢᠳᠠᠪᠤᠷᠢᠲᠠᠨ ᠤ ᠲᠦᠰᠢᠭ ᠲᠤᠯᠭᠠᠭᠤᠷᠢ ᠶᠢ ᠴᠢᠩᠭᠠᠳᠬᠠᠬᠤ︾ ᠪᠠᠷ ᠰᠡᠳᠦᠪ

ᠪᠣᠯᠭᠠᠵᠤ᠂ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠰᠠᠶᠢᠲᠤᠷ ᠡᠷᠭᠢᠯᠡᠬᠦ᠂ ᠰᠢᠨᠵᠢᠯᠡᠬᠦ

ᠤᠬᠠᠭᠠᠨ ᠪᠠ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠣᠭᠲᠠᠯᠴᠠᠭ᠎ᠠ ᠶᠢ ᠲᠡᠭᠦᠯᠳᠡᠷᠵᠢᠭᠦᠯᠬᠦ᠂ ᠰᠢᠨ᠎ᠡ ᠶᠢ

ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ ᠪᠣᠳᠣᠯᠭ᠎ᠠ ᠶᠢ ᠥᠳᠲᠡᠷ ᠲᠦᠷᠭᠡᠨ

ᠬᠡᠷᠡᠭᠵᠢᠭᠦᠯᠬᠦ᠂ ᠴᠢᠳᠠᠪᠤᠷᠢᠲᠠᠨ ᠢᠶᠠᠷ ᠤᠯᠤᠰ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠭᠦᠨᠵᠡᠭᠡᠶ

ᠬᠡᠷᠡᠭᠵᠢᠭᠦᠯᠬᠦ ᠵᠡᠷᠭᠡ ᠳᠥᠷᠪᠡᠨ ᠲᠠᠯ᠎ᠠ ᠪᠠᠷ ᠲᠤᠰᠬᠠᠶ ᠰᠡᠳᠦᠪᠲᠦ ᠬᠠᠪᠰᠤᠷᠤᠨ ᠵᠢᠯᠣᠭᠤᠳᠣᠯᠭ᠎ᠠ ᠬᠢᠪᠠ᠃

     ᠬᠤᠷᠠᠯ ᠠᠴᠠ᠂ ᠪᠦᠬᠦ ᠨᠠᠮ ᠤᠨ ᠭᠡᠰᠢᠭᠦᠨ ᠺᠠᠳ᠋ᠷ ᠰᠢᠨᠵᠢᠯᠡᠬᠦ ᠤᠬᠠᠭᠠᠨ ᠤ ᠬᠡᠪ ᠪᠣᠯᠪᠠᠰᠤᠷᠠᠯ ᠢᠶᠠᠨ

ᠳᠡᠭᠡᠭᠰᠢᠯᠡᠭᠦᠯᠵᠦ᠂ ᠤᠳᠤ ᠦᠶ᠎ᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠠᠭᠤᠷᠢ ᠮᠡᠳᠡᠯᠭᠡ ᠪᠣᠯᠤᠨ

ᠦᠨᠳᠦᠰᠦᠨ ᠣᠶᠢᠯᠠᠭᠠᠭᠳᠠᠬᠤᠨ ᠢ ᠴᠢᠷᠮᠠᠶᠢᠨ ᠡᠵᠡᠮᠰᠢᠵᠦ᠂ ᠰᠢᠨᠵᠢᠯᠡᠬᠦ ᠤᠬᠠᠭᠠᠨᠴᠢ ᠠᠷᠭ᠎ᠠ ᠪᠠᠷ ᠳᠡᠯᠡᠬᠡᠢ

ᠶᠢᠷᠲᠢᠨᠴᠦ ᠶᠢ ᠠᠵᠢᠭᠯᠠᠬᠤ ᠪᠠ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠪᠠᠨ ᠴᠢᠩᠭᠠᠳᠬᠠᠬᠤ ᠬᠡᠷᠡᠭᠲᠡᠢ᠃ ᠮᠡᠳᠡᠭᠡ

ᠵᠠᠩᠭᠢ ᠤᠯᠬᠤ ᠴᠢᠳᠠᠪᠤᠷᠢ ᠪᠠᠨ ᠳᠡᠭᠡᠭᠰᠢᠯᠡᠭᠦᠯᠵᠦ᠂ ᠢᠨᠲ᠋ᠧᠷ ᠰᠦᠯᠵᠢᠶᠡᠨ ᠤ ᠮᠡᠷᠭᠡᠵᠢᠯ ᠪᠠ ᠮᠡᠳᠡᠭᠡ

ᠵᠠᠩᠭᠢᠴᠢᠯᠠᠯᠲᠠ ᠶᠢᠨ ᠠᠷᠭ᠎ᠠ ᠪᠠᠷᠢᠯ ᠢ ᠴᠢᠳᠠᠮᠠᠭᠠᠢ ᠬᠡᠷᠡᠭᠯᠡᠨ ᠠᠵᠢᠯ ᠢᠶᠠᠨ ᠥᠷᠨᠢᠭᠦᠯᠵᠦ᠂ ᠳᠠᠯᠳᠠ ᠰᠢᠨᠵᠢᠯᠡᠬᠦ ᠤᠬᠠᠭᠠᠨ

ᠲᠧᠭᠨᠢᠭ ᠮᠡᠷᠭᠡᠵᠢᠯ ᠤᠨ ᠮᠡᠳᠡᠯᠭᠡ ᠶᠢ ᠢᠯᠡ ᠪᠣᠳᠠᠰ ᠤᠨ ᠡᠳ᠋ ᠪᠠᠶᠠᠯᠢᠭ ᠪᠣᠯᠭᠠᠬᠤ ᠬᠡᠷᠡᠭᠲᠡᠢ᠃ ᠪᠠᠶᠢᠴᠠᠭᠠᠨ

ᠰᠣᠳᠤᠯᠬᠤ ᠶᠢ ᠴᠢᠩᠭᠠᠳᠬᠠᠵᠤ᠂ ᠰᠢᠨᠵᠢᠯᠡᠬᠦ ᠤᠬᠠᠭᠠᠨᠴᠢ ᠲᠠᠨᠢᠯᠲᠠ ᠪᠠᠨ ᠲᠠᠰᠤᠷᠠᠯᠳᠠ ᠦᠭᠡᠢ ᠭᠦᠨᠵᠡᠭᠡᠶᠢᠷᠡᠭᠦᠯᠦᠨ᠂

ᠰᠢᠨᠵᠢᠯᠡᠬᠦ ᠤᠬᠠᠭᠠᠨ ᠤ ᠮᠡᠳᠡᠯᠭᠡ ᠪᠠ ᠰᠢᠨᠵᠢᠯᠡᠬᠦ ᠤᠬᠠᠭᠠᠨᠴᠢ ᠦᠵᠡᠯᠲᠡ ᠶᠢ ᠴᠢᠬᠤᠯᠠᠴᠢᠯᠠᠨ ᠬᠡᠷᠡᠭᠯᠡᠵᠦ᠂

ᠠᠰᠠᠭᠤᠳᠠᠯ ᠢ ᠢᠯᠡᠷᠡᠭᠦᠯᠬᠦ᠂ ᠠᠰᠠᠭᠤᠳᠠᠯ ᠢ ᠪᠣᠳᠣᠯᠬᠢᠯᠠᠬᠤ᠂ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠪᠠᠨ

ᠳᠡᠭᠡᠭᠰᠢᠯᠡᠭᠦᠯᠬᠦ ᠬᠡᠷᠡᠭᠲᠡᠢ᠃ ᠡᠯ᠎ᠡ ᠳᠡᠭᠡᠳᠦ ᠰᠤᠷᠭᠠᠭᠤᠯᠢ ᠪᠣᠯᠤᠨ ᠥᠷᠭᠡᠨ ᠣᠯᠠᠨ ᠰᠢᠨᠵᠢᠯᠡᠬᠦ ᠤᠬᠠᠭᠠᠨ ᠲᠧᠭᠨᠢᠭ

ᠮᠡᠷᠭᠡᠵᠢᠯ ᠤᠨ ᠠᠵᠢᠯᠲᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠥᠪᠡᠷ ᠢ ᠪᠠᠨ

ᠬᠦᠴᠦᠷᠬᠡᠭᠵᠢᠭᠦᠯᠬᠦ ᠭᠤᠤᠯ ᠠᠭᠤᠯᠭ᠎ᠠ ᠶᠢ ᠰᠢᠨᠵᠢᠯᠡᠬᠦ ᠤᠬᠠᠭᠠᠨᠴᠢ ᠪᠠᠷ ᠣᠨᠣᠪᠴᠢᠲᠠᠶ ᠡᠵᠡᠮᠳᠡᠵᠦ᠂

ᠰᠠᠨᠠᠭᠠᠴᠢᠯᠠᠭ᠎ᠠ ᠠᠴᠠ ᠪᠠᠨ ᠬᠤᠪᠢᠷᠠᠯᠲᠠ ᠶᠢ ᠪᠣᠳᠣᠯᠬᠢᠯᠠᠵᠤ᠂ ᠬᠤᠪᠢᠷᠠᠯᠲᠠ ᠶᠢ ᠠᠷᠭᠠᠴᠠᠵᠤ᠂ ᠬᠤᠪᠢᠷᠠᠯᠲᠠ ᠶᠢ

ᠡᠷᠢᠯᠬᠢᠯᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠨᠠᠷ ᠴᠢᠨᠰᠠᠭ᠎ᠠ ᠶᠢ ᠲᠠᠰᠤᠷᠠᠯᠲᠠ

ᠥᠬᠡᠶ ᠳᠡᠭᠡᠭᠰᠢᠯᠡᠭᠦᠯᠵᠦ᠂ ᠠᠵᠤ ᠦᠢᠯᠡᠳᠪᠦᠷᠢ ᠪᠠ ᠰᠤᠷᠭᠠᠨ ᠬᠥᠮᠦᠵᠢᠯ ᠤᠨ ᠠᠭᠤᠰᠤᠯᠴᠠᠭ᠎ᠠ᠂ ᠰᠢᠨᠵᠢᠯᠡᠬᠦ ᠤᠬᠠᠭᠠᠨ

ᠰᠤᠷᠭᠠᠨ ᠬᠥᠮᠦᠵᠢᠯ ᠤᠨ ᠠᠭᠤᠰᠤᠯᠴᠠᠭ᠎ᠠ ᠶᠢ ᠠᠬᠢᠭᠤᠯᠵᠤ᠂ ᠴᠢᠬᠤᠯᠠ ᠶᠡᠭᠡ ᠠᠩᠬᠠᠨ ᠤ ᠰᠢᠨ᠎ᠡ ᠡᠭᠦᠳᠦᠯᠲᠡ ᠶᠢᠨ

ᠦᠷ᠎ᠡ ᠪᠦᠲᠦᠭᠡᠯ ᠢ ᠵᠠᠩᠭᠢᠯᠠᠭ᠎ᠠ ᠶᠢᠨ ᠭᠤᠤᠯ ᠬᠦᠷᠢᠶᠡᠨ ᠳᠤ ᠤᠯᠠᠷᠢᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ

ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠴᠢᠷᠮᠠᠶᠢᠨ ᠪᠡᠶᠡᠯᠡᠭᠦᠯᠵᠦ᠂ ᠥᠪᠡᠷᠲᠡᠭᠡᠨ ᠵᠠᠰᠠᠬᠤ

ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠶᠠᠪᠤᠴᠠ ᠳᠤ ᠲᠤᠯᠭᠠᠭᠤᠷᠢᠯᠠᠵᠤ ᠬᠥᠲᠥᠯᠥᠨ

ᠳᠠᠭᠠᠭᠤᠯᠬᠤ ᠦᠢᠯᠡᠳᠦᠯ ᠢ ᠪᠠᠳᠠᠷᠠᠭᠤᠯᠬᠤ ᠬᠡᠷᠡᠭᠲᠡᠶ ᠭᠡᠵᠦ ᠱᠠᠭᠠᠷᠳᠠᠪᠠ᠃

     ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶ᠎ᠠ᠂

ᠰᠤᠷᠭᠠᠨ ᠬᠥᠮᠦᠵᠢᠯ ᠤᠨ ᠲᠢᠩᠬᠢᠮ ᠤᠨ ᠤᠳᠤᠷᠢᠳᠬᠤ ᠪᠠᠭ ᠤᠨ ᠬᠡᠰᠢᠭᠦᠨ᠂ ᠨᠢᠭᠡᠳᠦᠭᠡᠷ ᠳᠡᠰ᠂ ᠬᠤᠶᠠᠳᠤᠭᠠᠷ

ᠳᠡᠰ ᠤᠨ ᠲᠣᠭᠤᠷᠢᠨ ᠪᠠᠶᠢᠴᠠᠭᠠᠭᠴᠢ᠂ ᠲᠢᠩᠬᠢᠮ ᠳᠤ ᠰᠠᠭᠤᠭ᠎ᠠ ᠰᠠᠬᠢᠯᠭ᠎ᠠ ᠪᠠᠲᠤ ᠶᠢ ᠪᠠᠶᠢᠴᠠᠭᠠᠬᠤ ᠬᠢᠨᠠᠨ

ᠪᠠᠶᠢᠴᠠᠭᠠᠬᠤ ᠳᠤᠭᠤᠶᠢᠯᠠᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ

ᠠᠵᠢᠯ ᠤᠨ ᠬᠤᠷᠢᠶ᠎ᠠ᠂ ᠰᠤᠷᠭᠠᠨ ᠬᠥᠮᠦᠵᠢᠯ ᠤᠨ ᠲᠢᠩᠬᠢᠮ ᠤᠨ ᠪᠠᠶᠢᠭᠤᠯᠭ᠎ᠠ ᠵᠢᠴᠢ ᠰᠢᠭᠤᠳ ᠬᠠᠷᠢᠶ᠎ᠠ ᠠᠵᠢᠯ

ᠦᠢᠯᠡᠰ ᠤᠨ ᠨᠢᠭᠡᠴᠢ ᠶᠢᠨ ᠭᠤᠤᠯ ᠬᠠᠷᠢᠭᠤᠴᠯᠠᠭᠠᠲᠠᠳ ᠬᠤᠷᠠᠯ ᠳᠤ ᠣᠷᠣᠯᠴᠠᠵᠠᠶ᠃ ᠥᠪᠡᠷᠲᠡᠭᠡᠨ ᠵᠠᠰᠠᠬᠤ ᠣᠷᠣᠨ ᠤ

ᠬᠤᠯᠪᠣᠭᠳᠠᠯ ᠪᠥᠬᠦᠶ ᠳᠡᠭᠡᠳᠦ ᠰᠤᠷᠭᠠᠭᠤᠯᠢ ᠶᠢᠨ 2400 ᠭᠠᠷᠤᠶ ᠭᠠᠵᠠᠷ ᠤᠨ ᠲᠠᠰ ᠠᠴᠠ ᠳᠡᠭᠡᠭᠰᠢᠬᠢ ᠺᠠᠳ᠋ᠷ

ᠰᠦᠯᠵᠢᠶᠡᠨ ᠳᠤ ᠬᠤᠷᠠᠯ ᠳᠤ ᠣᠷᠣᠯᠴᠠᠵᠠᠶ᠃

 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号