ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ 2023 ᠣᠨ ᠤ ᠪᠥᠬᠦ ᠣᠷᠣᠨ ᠤ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠠᠷᠢᠯᠴᠠᠬᠤ ᠬᠤᠷᠠᠯ ᠵᠢᠴᠢ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠥᠪᠯᠡᠯ ᠤᠨ 2023 ᠣᠨ ᠤ ᠪᠥᠬᠦᠳᠡ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/4/18
     ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠴᠢᠳᠠᠪᠤᠷᠢᠲᠠᠨ ᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠦᠷ᠎ᠡ ᠪᠦᠲᠦᠮᠵᠢ ᠶᠢᠨ ᠲᠤᠷᠰᠢᠯᠭ᠎ᠠ ᠪᠠᠨ ᠳ᠋ᠦᠩᠨᠡᠨ᠂ ᠴᠠᠭ ᠤᠨ ᠪᠠᠶᠢᠳᠠᠯ ᠪᠠ ᠡᠭᠦᠷᠭᠡ ᠶᠢ ᠰᠤᠳᠤᠯᠤᠨ ᠮᠠᠭᠠᠳᠯᠠᠵᠤ᠂ ᠵᠢᠯ ᠤᠨ ᠠᠵᠢᠯ ᠢ ᠲᠣᠬᠢᠷᠠᠭᠤᠯᠬᠤ ᠶᠢᠨ ᠲᠥᠯᠥᠭᠡ᠂ 4 ᠰᠠᠷ᠎ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠬᠥᠬᠡᠬᠤᠲᠠ ᠳᠤ 2023 ᠣᠨ ᠤ ᠪᠥᠬᠦ ᠣᠷᠣᠨ ᠤ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠠᠷᠢᠯᠴᠠᠬᠤ ᠬᠤᠷᠠᠯ ᠵᠢᠴᠢ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ  ᠤᠨ ᠵᠥᠪᠯᠡᠯ ᠤᠨ 2023 ᠣᠨ ᠤ ᠪᠥᠬᠦᠳᠡ ᠬᠤᠷᠠᠯ ᠢ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠬᠡᠰᠢᠭᠦᠨ᠂ ᠲᠢᠩᠬᠢᠮ ᠤᠨ ᠳᠡᠳ᠋ ᠳᠠᠷᠤᠭ᠎ᠠ ᠯᠢ ᠶᠢᠩ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠬᠤᠷᠠᠯ ᠢ ᠳᠠᠭᠠᠭᠠᠴᠢᠯᠠᠨ ᠡᠷᠭᠢᠯᠡᠭᠰᠡᠨ ᠨᠢᠭᠡᠴᠢ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠨᠠᠮ ᠤᠨ ᠬᠤᠷᠢᠶᠠᠨ ᠤ ᠱᠦᠵᠢ᠂ ᠰᠤᠷᠭᠠᠭᠤᠯᠢ ᠶᠢᠨ ᠵᠠᠬᠢᠷᠤᠯ ᠵᠣᠣ ᠶᠦᠨ ᠱᠠᠨ ᠪᠠᠶᠠᠷ ᠤᠨ ᠦᠭᠡ ᠳᠡᠪᠰᠢᠭᠦᠯᠪᠡ᠃    

     ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠤᠨ ᠲᠥᠷᠥ ᠶᠢᠨ

ᠪᠣᠳᠣᠯᠭ᠎ᠠ ᠬᠠᠤᠯᠢ ᠳᠦᠷᠢᠮ ᠪᠣᠯᠤᠨ ᠬᠢᠨᠠᠯᠲᠠ ᠲᠠᠯᠪᠢᠬᠤ ᠭᠠᠵᠠᠷ ᠤᠨ ᠳᠡᠳ᠋ ᠳᠠᠷᠤᠭ᠎ᠠ ᠵᠠᠩ ᠰᠢᠶᠣᠤ ᠶᠢᠩ

︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠤᠷᠮᠠᠰᠢᠭᠤᠯᠬᠤ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ

ᠠᠷᠭ᠎ᠠ ᠬᠡᠮᠵᠢᠶ᠎ᠡ ᠨᠦᠭᠦᠳ︾ ᠪᠣᠯᠤᠨ ︽ᠡᠷᠳᠡᠮ ᠰᠢᠨᠵᠢᠯᠡᠭᠡᠨ ᠤ ᠠᠵᠢᠯᠲᠠᠨ ᠤ ᠳᠠᠷᠤᠭᠠᠰᠤ ᠶᠢ ᠬᠥᠩᠭᠡᠷᠡᠭᠦᠯᠬᠦ ᠲᠤᠰᠬᠠᠶ

ᠠᠵᠢᠯᠯᠠᠭᠠᠨ ᠤ ᠠᠵᠢᠯ ᠤᠨ ᠲᠥᠰᠦᠯ︾ ᠤᠨ ᠲᠣᠭᠤᠷᠢᠨ ᠳᠤ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠵᠦ᠂ ᠥᠪᠥᠷ

ᠮᠣᠩᠭᠤᠯ ᠤᠨ ᠶᠠᠨ ᠬᠥ᠋ ᠹᠠᠩ ᠠᠮᠢ ᠠᠬᠤᠶ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ︵ᠪᠦᠯᠦᠭᠯᠡᠯ︶

 ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠳᠡᠳ᠋ ᠶᠡᠷᠦᠩᠬᠡᠶ ᠵᠠᠬᠢᠷᠤᠭᠴᠢ ᠯᠦ ᠮᠢᠨ ᠠᠴᠠ ᠰᠤᠷᠭᠠᠭᠤᠯᠢ

ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠵᠢᠴᠢ ᠦᠷ᠎ᠡ ᠪᠦᠲᠦᠭᠡᠯ ᠢ ᠤᠯᠠᠷᠢᠯᠠᠭᠤᠯᠤᠭᠰᠠᠨ ᠨᠡᠶᠢᠲᠡᠯᠢᠭ

ᠲᠤᠷᠰᠢᠯᠭ᠎ᠠ ᠶᠢ ᠬᠤᠪᠢᠶᠠᠯᠴᠠᠵᠤ᠂ ᠲᠥᠪ ᠤᠨ ᠨᠠᠮ ᠤᠨ ᠰᠤᠷᠭᠠᠭᠤᠯᠢ ᠶᠢᠨ ᠴᠧᠨ ᠢᠦᠶ ᠰᠢᠤᠸᠠᠢ ᠫᠷᠤᠹᠧᠰᠰᠤᠷ

︽ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠤᠯᠤᠰ ᠢᠶᠠᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ

ᠬᠡᠷᠡᠭᠵᠢᠭᠦᠯᠵᠦ᠂ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠴᠢᠳᠠᠪᠤᠷᠢᠲᠠᠨ ᠤ ᠲᠤᠯᠭᠠᠭᠤᠷᠢᠯᠠᠯ ᠢ

ᠴᠢᠩᠭᠠᠳᠬᠠᠶ᠎ᠠ︾ ᠭᠡᠬᠦ ᠰᠡᠳᠦᠪ ᠢᠶᠠᠷ ᠲᠤᠰᠬᠠᠶ ᠮᠡᠷᠭᠡᠵᠢᠯᠲᠡᠨ ᠤ ᠬᠠᠪᠰᠤᠷᠤᠨ ᠵᠢᠯᠣᠭᠤᠳᠣᠯᠭ᠎ᠠ ᠬᠢᠪᠠ᠃ ᠥᠪᠡᠷᠲᠡᠭᠡᠨ

ᠵᠠᠰᠠᠬᠤ ᠣᠷᠣᠨ ᠤ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠥᠪᠯᠡᠯ ᠤᠨ ᠪᠥᠬᠦᠳᠡ

ᠬᠤᠷᠠᠯ ᠠᠴᠠ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠥᠪᠯᠡᠯ ᠤᠨ 2023

ᠣᠨ ᠤ ᠭᠤᠤᠯᠳᠠᠯᠭ᠎ᠠ ᠲᠠᠢ ᠠᠵᠢᠯ ᠢ ᠰᠤᠳᠤᠯᠤᠨ ᠪᠠᠶᠢᠷᠢᠯᠠᠭᠤᠯᠪᠠ᠃

     ᠬᠤᠷᠠᠯ ᠠᠴᠠ᠂ ᠪᠥᠬᠦ ᠣᠷᠣᠨ ᠤ ᠡᠯ᠎ᠡ ᠳᠡᠭᠡᠳᠦ ᠰᠤᠷᠭᠠᠭᠤᠯᠢ ᠶᠢᠨ ᠬᠢᠨ ᠰᠢᠨᠵᠢᠯᠡᠬᠦ ᠤᠬᠠᠭᠠᠨ ᠲᠧᠭᠨᠢᠭ

ᠮᠡᠷᠭᠡᠵᠢᠯ ᠤᠨ ᠬᠠᠮᠢᠶᠠᠷᠤᠯᠲᠠ ᠶᠢᠨ ᠪᠠᠶᠢᠭᠤᠯᠤᠯ ᠢ ᠰᠢᠯᠢᠳᠡᠭᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ

ᠤᠷᠮᠠᠰᠢᠭᠤᠯᠬᠤ ᠲᠥᠷᠥ ᠶᠢᠨ ᠪᠣᠳᠣᠯᠭ᠎ᠠ ᠶᠢ ᠨᠠᠷᠢᠯᠢᠭ ᠣᠨᠣᠴᠠᠲᠠᠶ ᠨᠠᠶᠢᠳᠠᠪᠤᠷᠢᠵᠢᠭᠤᠯᠵᠤ᠂ ᠳᠡᠭᠡᠳᠦ ᠰᠤᠷᠭᠠᠭᠤᠯᠢ ᠶᠢᠨ

ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠨ ᠳᠠᠬᠢ ︽ᠲᠠᠯᠪᠢᠬᠤ ᠬᠠᠮᠢᠶᠠᠷᠬᠤ ᠦᠢᠯᠡᠴᠢᠯᠡᠬᠦ︾

ᠥᠭᠡᠷᠡᠴᠢᠯᠡᠯᠲᠡ ᠶᠢ ᠠᠬᠢᠭᠤᠯᠬᠤ ᠬᠡᠷᠡᠭᠲᠡᠶ᠃ ᠵᠠᠩᠭᠢᠯᠠᠭ᠎ᠠ ᠶᠢᠨ ᠬᠦᠷᠢᠶᠡᠨ ᠤ ᠠᠵᠤ ᠦᠢᠯᠡᠰ ᠤᠨ ᠬᠡᠯᠬᠢᠶᠡᠨ ᠤ

ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠬᠠᠨᠳᠤᠭᠤᠯᠤᠨ᠂ ︽ᠪᠣᠭᠤᠮᠢ︾ ᠶᠢᠨ ᠠᠰᠠᠭᠤᠳᠠᠯ ᠢ ᠡᠮᠬᠢᠯᠡᠵᠦ᠂

ᠤᠤᠭᠠᠯ ᠡᠭᠦᠳᠦᠯᠲᠡ ᠶᠢᠨ ᠴᠢᠨᠠᠷᠲᠠᠢ ᠬᠦᠳᠦᠯᠥᠨ ᠳᠠᠭᠠᠭᠤᠯᠬᠤ ᠴᠢᠨᠠᠷᠲᠠᠢ ᠰᠢᠨᠵᠢᠯᠡᠬᠦ ᠤᠬᠠᠭᠠᠨ ᠲᠧᠭᠨᠢᠭ

ᠮᠡᠷᠭᠡᠵᠢᠯ ᠤᠨ ᠪᠣᠭᠤᠮᠲᠠ ᠰᠢᠪᠲᠤᠯᠤᠯᠲᠠ ᠶᠢ ᠬᠦᠴᠦ ᠪᠠᠨ ᠲᠥᠪᠯᠡᠷᠡᠭᠦᠯᠦᠨ ᠥᠷᠨᠢᠭᠦᠯᠵᠦ᠂ ᠵᠠᠩᠭᠢᠯᠠᠭ᠎ᠠ ᠶᠢᠨ

ᠭᠤᠣᠯᠯᠠᠬᠤ ᠮᠡᠷᠭᠡᠵᠢᠯ ᠤᠨ ᠰᠢᠪᠲᠤᠯᠤᠯᠲᠠ ᠶᠢ ᠠᠬᠢᠭᠤᠯᠬᠤ ᠬᠡᠷᠡᠭᠲᠡᠢ᠃ ᠳᠡᠭᠡᠳᠦ ᠰᠤᠷᠭᠠᠭᠤᠯᠢ ᠶᠢᠨ ᠰᠠᠭᠤᠷᠢ

ᠰᠣᠳᠤᠯᠭᠠᠨ ᠢ ᠴᠢᠩᠭᠠᠷᠠᠭᠤᠯᠤᠨ᠂ ᠰᠠᠭᠤᠷᠢ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢ ᠴᠢᠩᠭᠠᠳᠬᠠᠵᠤ᠂ ᠣᠯᠠᠨ

ᠰᠢᠨᠵᠢᠯᠡᠭᠡᠨ ᠤ ᠰᠠᠯᠠᠭᠠᠨ ᠤ ᠰᠣᠯᠪᠢᠴᠠᠨ ᠠᠭᠤᠰᠬᠤ ᠶᠢ ᠠᠬᠢᠭᠤᠯᠤᠨ᠂ ᠤᠯᠤᠰ ᠪᠠ ᠥᠪᠡᠷᠲᠡᠭᠡᠨ ᠵᠠᠰᠠᠬᠤ ᠣᠷᠣᠨ ᠤ

ᠴᠢᠬᠤᠯᠠ ᠶᠡᠭᠡ ᠬᠡᠷᠡᠭᠴᠡᠭᠡ ᠱᠠᠭᠠᠷᠳᠠᠯᠭ᠎ᠠ ᠳᠠᠬᠢ ᠰᠠᠭᠤᠷᠢ ᠰᠢᠨᠵᠢᠯᠡᠬᠦ ᠤᠬᠠᠭᠠᠨ ᠤ ᠠᠰᠠᠭᠤᠳᠠᠯ ᠢ ᠰᠦᠪᠡᠭᠴᠢᠯᠡᠨ

ᠰᠢᠢᠳᠪᠦᠷᠢᠯᠡᠬᠦ ᠬᠡᠷᠡᠭᠲᠡᠶ᠃ ᠳᠡᠭᠡᠳᠦ ᠰᠤᠷᠭᠠᠭᠤᠯᠢ ᠶᠢᠨ ᠡᠷᠳᠡᠮ ᠰᠢᠨᠵᠢᠯᠡᠭᠡᠨ ᠤ ᠲᠠᠪᠴᠠᠩ ᠤᠨ

ᠪᠠᠶᠢᠷᠢᠰᠢᠭᠤᠯᠤᠯᠲᠠ ᠶᠢ ᠲᠡᠭᠦᠯᠳᠡᠷᠵᠢᠭᠦᠯᠵᠦ᠂ ᠤᠯᠤᠰ ᠤᠨ ᠪᠠᠶᠢᠯᠳᠤᠬᠤ ᠪᠤᠳᠤᠯᠭ᠎ᠠ᠂ ᠥᠪᠡᠷᠲᠡᠭᠡᠨ ᠵᠠᠰᠠᠬᠤ ᠣᠷᠣᠨ ᠤ

ᠪᠠᠴᠢᠮ ᠬᠡᠷᠡᠭᠴᠡᠭᠡ ᠶᠢᠨ ᠲᠣᠭᠤᠷᠢᠨ ᠳᠤ ᠬᠦᠴᠦ ᠪᠠᠨ ᠲᠥᠪᠯᠡᠷᠡᠭᠦᠯᠦᠨ ᠳᠡᠭᠡᠳᠦ ᠰᠤᠷᠭᠠᠭᠤᠯᠢ ᠶᠢᠨ ᠲᠥᠪᠯᠡᠷᠡᠭᠦᠯᠦᠨ

ᠪᠣᠭᠤᠮᠲᠠ ᠰᠢᠪᠲᠤᠯᠬᠤ ᠶᠡᠭᠡ ᠲᠠᠪᠴᠠᠩ ᠢ ᠪᠠᠶᠢᠭᠤᠯᠤᠨ ᠬᠦᠴᠦᠷᠬᠡᠭᠵᠢᠭᠦᠯᠵᠦ᠂ ᠳᠡᠭᠡᠳᠦ ᠰᠤᠷᠭᠠᠭᠤᠯᠢ ᠶᠢᠨ ᠡᠷᠳᠡᠮ

ᠰᠢᠨᠵᠢᠯᠡᠭᠡᠨ ᠤ ᠲᠠᠪᠴᠠᠩ ᠤᠨ ᠰᠢᠰᠲ᠋ᠧᠮᠵᠢᠭᠰᠡᠨ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ᠃

ᠦᠷ᠎ᠡ ᠪᠦᠲᠦᠭᠡᠯ ᠢ ᠤᠯᠠᠷᠢᠭᠤᠯᠬᠤ ᠠᠷᠭ᠎ᠠ ᠵᠠᠮ ᠢ ᠰᠢᠯᠤᠭᠤᠳᠬᠠᠵᠤ᠂ ︽ᠮᠢᠩᠭᠠᠨ ᠰᠤᠷᠭᠠᠭᠤᠯᠢ ᠲᠦᠮᠡᠨ ᠠᠵᠤ

ᠠᠬᠤᠶᠢᠯᠠᠯ︾ ᠤᠨ ᠬᠠᠮᠵᠢᠯᠴᠠᠨ ᠰᠢᠨ᠎ᠡ ᠶᠢ ᠡᠭᠦᠳᠬᠦ ᠬᠠᠨᠢᠲᠠᠨ ᠤ ᠠᠵᠢᠯᠯᠠᠭ᠎ᠠ ᠪᠣᠯᠤᠨ ︽ᠵᠠᠭᠤᠨ ᠰᠤᠷᠭᠠᠭᠤᠯᠢ

ᠮᠢᠩᠭᠠᠨ ᠲᠥᠷᠦᠯ ᠵᠦᠢᠯ︾ ᠤᠨ ᠥᠨᠳᠥᠷ ᠥᠷᠲᠡᠭᠲᠦ ᠲᠤᠰᠬᠠᠶ ᠠᠰᠢᠭ ᠢ ᠪᠤᠶᠢᠵᠢᠭᠤᠯᠤᠨ ᠤᠯᠠᠷᠢᠭᠤᠯᠬᠤ

ᠠᠵᠢᠯᠯᠠᠭ᠎ᠠ ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠪᠣᠯᠤᠨ

ᠦᠷ᠎ᠡ ᠪᠦᠲᠦᠭᠡᠯ ᠢ ᠤᠯᠠᠷᠢᠭᠤᠯᠬᠤ ᠶᠢ ᠠᠬᠢᠭᠤᠯᠬᠤ ᠬᠡᠷᠡᠭᠲᠡᠶ᠃ ᠲᠤᠷᠰᠢᠯᠲᠠ ᠶᠢᠨ ᠲᠠᠰᠤᠭ ᠤᠨ ᠠᠮᠤᠷ ᠲᠦᠪᠰᠢᠨ᠂

ᠠᠮᠢᠳᠤ ᠪᠣᠳᠠᠰ ᠤᠨ ᠠᠮᠤᠷ ᠲᠦᠪᠰᠢᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠮᠤᠷ ᠲᠦᠪᠰᠢᠨ ᠵᠡᠷᠭᠡ

ᠬᠦᠷᠢᠶᠡᠨ ᠤ ᠡᠯ᠎ᠡ ᠲᠥᠷᠥᠯ ᠤᠨ ᠠᠶᠤᠯ ᠲᠦᠭᠰᠢᠭᠦᠷᠢ ᠬᠡᠮ ᠰᠣᠭᠤᠭ ᠢ ᠴᠠᠭ ᠢᠮᠠᠭᠲᠠ ᠠᠩᠬᠠᠷᠴᠤ᠂ ᠲᠤᠰᠬᠠᠶ

ᠪᠠᠶᠢᠴᠠᠭᠠᠬᠤ ᠠᠵᠢᠯ ᠢ ᠥᠷᠨᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠮᠤᠷ ᠲᠦᠪᠰᠢᠨ ᠤ

ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ

ᠲᠠᠯ᠎ᠠ ᠪᠠᠷ ᠪᠣᠳᠠᠲᠠᠶ ᠠᠷᠭ᠎ᠠ ᠬᠡᠮᠵᠢᠶ᠎ᠡ ᠠᠪᠴᠤ᠂ ᠦᠷ᠎ᠡ ᠪᠦᠲᠦᠮᠵᠢ ᠣᠯᠵᠤ᠂ ᠶᠡᠷᠦᠩᠬᠡᠶ ᠱᠦᠵᠢ ᠰᠢ ᠶᠢᠨ ᠫᠢᠩ ᠤᠨ

ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠠᠬᠢᠭᠤᠯᠬᠤ᠂ ︽ᠵᠢᠱᠢᠶᠡᠴᠢ ᠥᠪᠡᠷᠲᠡᠭᠡᠨ ᠵᠠᠰᠠᠬᠤ

ᠣᠷᠣᠨ︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠣᠯᠤᠨ

ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠬᠤ ᠬᠡᠷᠡᠭᠲᠡᠶ ᠭᠡᠵᠦ ᠱᠠᠭᠠᠷᠳᠠᠪᠠ᠃

     ᠬᠤᠷᠠᠯ ᠳᠡᠭᠡᠷ᠎ᠡ᠂ ᠥᠪᠥᠷ ᠮᠣᠩᠭᠤᠯ ᠤᠨ ᠶᠡᠭᠡ ᠰᠤᠷᠭᠠᠭᠤᠯᠢ ᠵᠡᠷᠭᠡ 6 ᠳᠡᠭᠡᠳᠦ ᠰᠤᠷᠭᠠᠭᠤᠯᠢ ᠶᠢᠨ ᠬᠢᠨ

ᠳᠡᠭᠡᠳᠦ ᠰᠤᠷᠭᠠᠭᠤᠯᠢ ᠶᠢᠨ ᠵᠣᠬᠢᠶᠠᠨ ᠪᠠᠶᠢᠭᠤᠯᠤᠯᠲᠠ ᠲᠠᠢ ᠡᠷᠳᠡᠮ ᠰᠢᠨᠵᠢᠯᠡᠭᠡᠨ ᠢ ᠠᠬᠢᠭᠤᠯᠬᠤ᠂ ᠰᠢᠨᠵᠢᠯᠡᠬᠦ ᠤᠬᠠᠭᠠᠨ

ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠶᠢ ᠠᠬᠢᠭᠤᠯᠬᠤ᠂ ᠠᠵᠤ ᠠᠬᠤᠢ ᠨᠡᠶᠢᠭᠡᠮ ᠤᠨ

ᠬᠥᠭᠵᠢᠯᠲᠡ ᠳᠤ ᠦᠢᠯᠡᠴᠢᠯᠡᠬᠦ ᠵᠡᠷᠭᠡ ᠲᠠᠯ᠎ᠠ ᠪᠠᠷ ᠲᠤᠷᠰᠢᠯᠭ᠎ᠠ ᠪᠠᠨ ᠰᠣᠯᠢᠯᠴᠠᠪᠠ᠃ ᠪᠥᠬᠦ ᠣᠷᠣᠨ ᠤ ᠳᠡᠭᠡᠳᠦ

ᠰᠤᠷᠭᠠᠭᠤᠯᠢ ᠶᠢᠨ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠳ᠂ ᠰᠢᠨᠵᠢᠯᠡᠬᠦ ᠤᠬᠠᠭᠠᠨ ᠤ ᠰᠤᠳᠤᠯᠭᠠᠨ ᠤ

ᠭᠠᠵᠠᠷ ᠤᠨ ᠳᠠᠷᠤᠭ᠎ᠠ᠂ ᠬᠠᠮᠢᠶ᠎ᠠ ᠪᠥᠬᠦᠶ ᠡᠭᠦᠷᠭᠡ ᠴᠢᠳᠠᠮᠵᠢᠲᠤ ᠰᠠᠯᠠᠭ᠎ᠠ ᠮᠥᠴᠢᠷ ᠤᠨ ᠬᠠᠷᠢᠭᠤᠴᠠᠯᠭᠠᠲᠠᠳ

ᠬᠤᠷᠠᠯ ᠳᠤ ᠣᠷᠣᠯᠴᠠᠵᠠᠶ᠃

 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号