| | 4 ᠰᠠᠷ᠎ᠠ ᠶᠢᠨ 15 ᠤ ᠡᠳᠦᠷ᠂ 2023 ᠣᠨ ᠤ ᠪᠥᠬᠦ ᠣᠷᠣᠨ ᠤ ᠦᠭᠡ ᠬᠡᠯᠡ ᠥᠰᠥᠭ ᠪᠢᠴᠢᠭ ᠤᠨ | ᠠᠵᠢᠯ ᠤᠨ ᠬᠤᠷᠠᠯ ᠢ ᠬᠥᠬᠡᠬᠤᠲᠠ ᠳᠤ ᠬᠤᠷᠠᠯᠳᠤᠭᠤᠯᠪᠠ᠃ ᠬᠤᠷᠠᠯ ᠠᠴᠠ 2023 ᠣᠨ ᠤ ᠪᠦᠬᠦ ᠤᠯᠤᠰ ᠤᠨ | ᠦᠭᠡ ᠬᠡᠯᠡ ᠦᠰᠦᠭ ᠪᠢᠴᠢᠭ ᠤᠨ ᠠᠵᠢᠯ ᠤᠨ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ ᠦᠭᠡ ᠬᠡᠯᠡ | ᠦᠰᠦᠭ ᠪᠢᠴᠢᠭ ᠤᠨ ᠵᠥᠪᠯᠡᠯ ᠤᠨ ᠪᠦᠬᠦ ᠭᠡᠰᠢᠭᠦᠳ ᠤᠨ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠵᠤ᠂ | ᠤᠯᠤᠰ ᠤᠨ ᠦᠭᠡ ᠬᠡᠯᠡ ᠦᠰᠦᠭ ᠪᠢᠴᠢᠭ ᠤᠨ ᠦᠢᠯᠡᠰ ᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠬᠥᠭᠵᠢᠭᠦᠯᠦᠯᠲᠡ ᠶᠢᠨ ᠲᠥᠯᠥᠪᠵᠢᠭᠦᠯᠭᠡ ᠪᠣᠯᠤᠨ ᠥᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠬᠦ ᠲᠥᠰᠦᠯ ᠢ | ᠨᠠᠶᠢᠳᠠᠪᠤᠷᠢᠵᠢᠭᠤᠯᠵᠤ᠂ 2022 ᠣᠨ ᠤ ᠠᠵᠢᠯ ᠢ ᠳ᠋ᠦᠩᠨᠡᠨ ᠰᠣᠯᠢᠯᠴᠠᠵᠤ᠂ 2023 ᠣᠨ ᠤ ᠭᠤᠣᠯᠳᠠᠯᠭ᠎ᠠ ᠲᠠᠢ | ᠡᠭᠦᠷᠭᠡ ᠶᠢ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ | ᠤᠳᠤᠷᠢᠳᠬᠤ ᠳᠤᠭᠤᠶᠢᠯᠠᠩ ᠤᠨ ᠬᠡᠰᠢᠭᠦᠨ᠂ ᠲᠢᠩᠬᠢᠮ ᠤᠨ ᠳᠡᠳ᠋ ᠳᠠᠷᠤᠭ᠎ᠠ ᠸᠠᠩ ᠮᠢᠨ ᠬᠤᠷᠠᠯ ᠳᠤ ᠣᠷᠣᠯᠴᠠᠵᠤ | ᠶᠠᠷᠢᠶ᠎ᠠ ᠲᠠᠯᠪᠢᠪᠠ᠃ | | | | | | ᠬᠤᠷᠠᠯ ᠠᠴᠠ᠂ ᠪᠦᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠤᠯᠤᠰ ᠲᠦᠷᠦ ᠶᠢᠨ | ᠵᠣᠭᠰᠣᠴᠠ ᠪᠠᠨ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ ᠦᠭᠡ ᠬᠡᠯᠡ ᠦᠰᠦᠭ ᠪᠢᠴᠢᠭ ᠤᠨ ᠠᠵᠢᠯ ᠢ ᠰᠠᠶᠢᠲᠤᠷ | ᠬᠢᠬᠦ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠰᠡᠳᠬᠢᠯᠭᠡ ᠪᠠᠨ ᠤᠯᠠᠮ ᠴᠠᠭᠠᠰᠢᠲᠠ ᠴᠢᠩᠭᠠᠳᠬᠠᠵᠤ᠂ ᠦᠭᠡ | ᠬᠡᠯᠡ ᠦᠰᠦᠭ ᠪᠢᠴᠢᠭ ᠤᠨ ᠠᠵᠢᠯ ᠳᠠᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠨ᠂ | ᠪᠠᠶᠢᠴᠠᠭᠠᠨ ᠰᠤᠳᠤᠯᠤᠯᠲᠠ ᠶᠢ ᠭᠦᠨᠵᠡᠭᠡᠢ ᠥᠷᠨᠢᠭᠦᠯᠵᠦ᠂ ᠠᠮᠤᠷ ᠲᠦᠪᠰᠢᠨ ᠤ ᠤᠬᠠᠮᠰᠠᠷ ᠢ ᠪᠠᠲᠤ ᠪᠠᠬᠢ ᠪᠤᠢ | ᠪᠣᠯᠭᠠᠵᠤ᠂ ᠦᠭᠡ ᠬᠡᠯᠡ ᠦᠰᠦᠭ ᠪᠢᠴᠢᠭ ᠤᠨ ᠲᠣᠮᠤ ᠠᠵᠢᠯ ᠤᠨ ᠪᠠᠶᠢᠷᠢᠰᠢᠯᠠᠭᠤᠯᠤᠯᠲᠠ ᠶᠢ ᠪᠠᠶᠢᠭᠤᠯᠬᠤ ᠬᠡᠷᠡᠭᠲᠡᠢ | ᠭᠡᠵᠦ ᠴᠢᠬᠤᠯᠠᠴᠢᠯᠠᠪᠠ᠃ | ᠬᠤᠷᠠᠯ ᠠᠴᠠ᠂ ᠪᠦᠬᠦ ᠣᠷᠣᠨ ᠤ ᠦᠭᠡ ᠬᠡᠯᠡ ᠦᠰᠦᠭ ᠪᠢᠴᠢᠭ ᠤᠨ ᠠᠵᠢᠯ ᠤᠨ ᠹᠷᠣᠨᠲ ᠤᠨ ᠬᠢᠨ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠡᠨᠡ ᠬᠦ ᠭᠤᠣᠯ | ᠰᠢᠵᠢᠮ ᠲᠠᠢ ᠨᠢᠭᠲᠠ ᠤᠶᠠᠯᠳᠤᠭᠤᠯᠵᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠠᠰᠠᠭᠤᠳᠠᠯ ᠢᠶᠠᠷ ᠤᠳᠤᠷᠢᠳᠤᠮᠵᠢ | ᠪᠣᠯᠭᠠᠬᠤ ᠶᠢ ᠪᠠᠷᠢᠮᠲᠠᠯᠠᠨ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠡᠯ᠎ᠡ ᠵᠦᠢᠯ ᠤᠨ ᠡᠭᠦᠷᠭᠡ ᠶᠢ | ᠪᠣᠳᠠᠲᠠᠶᠢᠵᠢᠭᠤᠯᠤᠨ ᠨᠠᠶᠢᠳᠠᠪᠤᠷᠢᠵᠢᠭᠤᠯᠵᠤ᠂ ᠦᠷ᠎ᠡ ᠪᠦᠲᠦᠮᠵᠢ ᠭᠠᠷᠭᠠᠬᠤ ᠶᠢ ᠯᠠᠪᠳᠠᠭᠤᠨ ᠪᠠᠲᠤᠲᠠᠢ ᠠᠬᠢᠭᠤᠯᠬᠤ | ᠬᠡᠷᠡᠭᠲᠡᠢ᠃ ᠠᠭᠤᠯᠤᠭᠳᠠᠬᠤᠨ ᠤ ᠪᠠᠶᠢᠭᠤᠯᠤᠯᠲᠠ ᠶᠢ ᠨᠡᠩ ᠴᠢᠬᠤᠯᠠᠴᠢᠯᠠᠵᠤ᠂ ᠬᠦᠷᠦᠯᠴᠡᠬᠦ ᠦᠭᠡᠢ ᠲᠠᠯ᠎ᠠ ᠳᠤ | ᠠᠩᠬᠠᠷᠤᠯ ᠢᠶᠠᠨ ᠬᠠᠨᠳᠤᠭᠤᠯᠤᠨ᠂ ᠭᠤᠣᠯᠳᠠᠯᠭ᠎ᠠ ᠲᠠᠢ ᠪᠣᠭᠤᠮᠲᠠ ᠶᠢ ᠰᠢᠪᠲᠤᠯᠵᠤ᠂ ᠤᠯᠤᠰ ᠤᠨ ᠨᠡᠶᠢᠳᠡᠮ ᠬᠡᠷᠡᠭᠯᠡᠬᠦ | ᠦᠭᠡ ᠬᠡᠯᠡ ᠦᠰᠦᠭ ᠪᠢᠴᠢᠭ ᠢ ᠲᠦᠭᠡᠮᠡᠯᠵᠢᠭᠦᠯᠬᠦ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠬᠡᠷᠡᠭᠲᠡᠢ᠃ ᠤᠯᠤᠰ ᠤᠨ | ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢ ᠰᠠᠶᠢᠲᠤᠷ | ᠠᠳᠬᠤᠵᠤ᠂ ᠰᠤᠷᠭᠠᠭᠤᠯᠢ ᠶᠢᠨ ᠦᠭᠡ ᠬᠡᠯᠡ ᠦᠰᠦᠭ ᠪᠢᠴᠢᠭ ᠤᠨ ᠠᠵᠢᠯ ᠢ ᠪᠠᠷᠢᠮᠵᠢᠶ᠎ᠠ ᠳᠤ ᠬᠦᠷᠭᠡᠬᠦ | ᠪᠠᠶᠢᠭᠤᠯᠤᠯᠲᠠ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠬᠡᠦᠬᠡᠳ ᠤᠨ ᠨᠡᠶᠢᠲᠡᠯᠢᠭ ᠬᠡᠯᠡᠨ ᠤ ᠰᠤᠷᠭᠠᠨ | ᠬᠥᠮᠦᠵᠢᠯ ᠤᠨ ᠲᠤᠰᠬᠠᠢ ᠲᠥᠯᠥᠪᠯᠡᠭᠡ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠳᠤᠮᠳᠠᠳᠤ ᠶᠢᠨ | ᠰᠣᠩᠭᠤᠳᠠᠭ ᠵᠣᠬᠢᠶᠠᠯ ᠢ ᠤᠶᠠᠩᠭᠠᠯᠠᠨ ᠤᠩᠰᠢᠵᠤ ᠲᠠᠶᠢᠯᠪᠤᠷᠢᠯᠠᠬᠤ᠂ ᠵᠠᠯᠠᠭᠤᠴᠤᠳ ᠪᠠᠭᠠᠴᠤᠳ ᠤᠨ ᠨᠣᠮ ᠤᠩᠰᠢᠬᠤ | ᠠᠵᠢᠯᠯᠠᠭ᠎ᠠ ᠵᠡᠷᠭᠡ ᠲᠦᠷᠦᠯ ᠲᠡᠮᠳᠡᠭᠲᠦ ᠶᠢᠨ ᠠᠵᠢᠯᠯᠠᠭ᠎ᠠ ᠪᠠᠷ ᠳᠠᠮᠵᠢᠭᠤᠯᠤᠨ᠂ ᠡᠯ᠎ᠡ ᠵᠦᠢᠯ ᠤᠨ ᠦᠭᠡ ᠬᠡᠯᠡ | ᠰᠣᠶᠣᠯ ᠤᠨ ᠡᠬᠢ ᠪᠠᠶᠠᠯᠢᠭ ᠤᠨ ᠡᠯᠧᠮᠧᠨ᠋ᠲ ᠢ ᠤᠯᠠᠨ ᠡᠰᠢᠵᠢᠭᠦᠯᠦᠨ ᠴᠤᠭᠯᠠᠭᠤᠯᠬᠤ ᠶᠢ ᠠᠬᠢᠭᠤᠯᠵᠤ᠂ | ᠳᠤᠮᠳᠠᠳᠤ ᠶᠢᠨ ᠰᠢᠯᠢᠳᠡᠭ ᠦᠭᠡ ᠬᠡᠯᠡ ᠰᠣᠶᠣᠯ ᠢ ᠤᠯᠠᠮᠵᠢᠯᠠᠨ ᠪᠠᠳᠠᠷᠠᠭᠤᠯᠬᠤ ᠶᠢ ᠨᠡᠩ ᠤᠯᠠᠨ ᠬᠦᠷᠢᠶ᠎ᠡ᠂ ᠨᠡᠩ | ᠭᠦᠨ ᠳᠠᠪᠬᠤᠷᠭ᠎ᠠ ᠳᠤ ᠬᠦᠷᠭᠡᠬᠦ ᠬᠡᠷᠡᠭᠲᠡᠢ᠃ ᠨᠡᠶᠢᠲᠡᠯᠢᠭ ᠬᠡᠯᠡᠨ ᠤ ᠬᠢᠷᠢ ᠲᠦᠪᠰᠢᠨ ᠤ ᠪᠣᠯᠪᠠᠰᠤᠷᠠᠭᠤᠯᠤᠯ | ᠰᠣᠷᠢᠯᠲᠠ ᠶᠢᠨ ᠠᠵᠢᠯ ᠢ ᠴᠢᠩᠭᠠᠳᠬᠠᠵᠤ᠂ ᠰᠤᠷᠭᠠᠨ ᠬᠥᠮᠦᠵᠢᠯ ᠤᠨ ᠶᠠᠮᠤᠨ ᠤ ᠰᠢᠨ᠎ᠡ ᠪᠠᠷ ᠨᠡᠶᠢᠲᠡᠯᠡᠭᠰᠡᠨ | ︽ᠨᠡᠶᠢᠲᠡᠯᠢᠭ ᠬᠡᠯᠡᠨ ᠤ ᠬᠢᠷᠢ ᠲᠦᠪᠰᠢᠨ ᠤ ᠰᠣᠷᠢᠯᠲᠠ ᠶᠢᠨ ᠲᠦᠷᠢᠮ︾ ᠢ ᠨᠠᠶᠢᠳᠠᠪᠤᠷᠢᠵᠢᠭᠤᠯᠤᠨ᠂ ᠠᠵᠢᠯᠯᠠᠭᠠᠨ ᠤ | ᠪᠠᠲᠤᠯᠠᠭᠠᠨ ᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠤᠬᠠᠭᠤᠯᠭ᠎ᠠ ᠬᠥᠮᠦᠵᠢᠯ ᠪᠠ ᠬᠦᠳᠤᠯᠤᠨ | ᠵᠢᠯᠣᠭᠤᠳᠬᠤ ᠪᠠᠨ ᠴᠢᠩᠭᠠᠳᠬᠠᠨ᠂ ᠡᠯ᠎ᠡ ᠭᠠᠵᠠᠷ ᠵᠢᠴᠢ ᠳᠡᠭᠡᠳᠦ ᠰᠤᠷᠭᠠᠭᠤᠯᠢ᠂ ᠳᠤᠮᠳᠠ ᠵᠡᠷᠭᠡ ᠶᠢᠨ ᠠᠵᠢᠯ | ᠮᠡᠷᠭᠡᠵᠢᠯ ᠤᠨ ᠰᠤᠷᠭᠠᠭᠤᠯᠢ ᠶᠢ ᠵᠢᠭᠠᠨ ᠵᠢᠯᠣᠭᠤᠳᠴᠤ ᠨᠡᠶᠢᠲᠡᠯᠢᠭ ᠬᠡᠯᠡᠨ ᠤ ᠬᠢᠷᠢ ᠲᠦᠪᠰᠢᠨ ᠤ ᠪᠣᠯᠪᠠᠰᠤᠷᠠᠭᠤᠯᠤᠯ | ᠰᠣᠷᠢᠯᠲᠠ ᠶᠢ ᠰᠠᠶᠢᠲᠤᠷ ᠥᠷᠨᠢᠭᠦᠯᠬᠦ ᠬᠡᠷᠡᠭᠲᠡᠢ᠃ ᠨᠡᠶᠢᠭᠡᠮ ᠤᠨ ᠦᠭᠡ ᠬᠡᠯᠡᠨ ᠤ ᠠᠮᠢᠳᠤᠷᠠᠯ ᠢ ᠬᠦᠳᠦᠯᠦᠨ | ᠵᠢᠯᠣᠭᠤᠳᠬᠤ ᠪᠠ ᠵᠢᠷᠤᠮᠵᠢᠭᠤᠯᠵᠤ᠂ ᠡᠷᠡᠭᠦᠯ ᠪᠣᠯᠪᠠᠰᠤᠨ ᠰᠦᠯᠵᠢᠶᠡᠨ ᠤ ᠦᠭᠡ ᠬᠡᠯᠡᠨ ᠤ ᠣᠷᠴᠢᠨ ᠲᠣᠭᠤᠷᠢᠨ ᠢ | ᠪᠠᠶᠢᠭᠤᠯᠬᠤ ᠬᠡᠷᠡᠭᠲᠡᠢ᠃ ᠺᠠᠳ᠋ᠷ ᠤᠨ ᠡᠩᠨᠡᠭᠡᠨ ᠤ ᠪᠣᠯᠪᠠᠰᠤᠷᠠᠭᠤᠯᠤᠯ ᠪᠠ ᠰᠠᠭᠤᠷᠢᠨ ᠭᠠᠵᠠᠷ ᠤᠨ ᠪᠦᠳᠦᠭᠡᠨ | ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠨᠥᠯᠥᠭᠡᠯᠡᠨ ᠳᠠᠶᠢᠴᠢᠯᠠᠬᠤ ᠦᠢᠯᠡᠳᠦᠯ ᠢ ᠴᠢᠩᠭᠠᠳᠬᠠᠵᠤ᠂ ᠮᠠᠨ ᠤ ᠣᠷᠣᠨ ᠤ | ᠦᠭᠡ ᠬᠡᠯᠡ ᠦᠰᠦᠭ ᠪᠢᠴᠢᠭ ᠤᠨ ᠦᠢᠯᠡᠰ ᠤᠨ ᠥᠭᠡᠷᠡᠴᠢᠯᠡᠯᠲᠡ ᠬᠥᠭᠵᠢᠭᠦᠯᠦᠯᠲᠡ ᠶᠢᠨ ᠲᠠᠰᠤᠷᠠᠯᠳᠠ ᠦᠭᠡᠢ | ᠰᠢᠨ᠎ᠡ ᠳᠡᠭᠲᠡᠷ ᠲᠤ ᠭᠠᠷᠬᠤ ᠶᠢ ᠠᠬᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ | ᠲᠤᠰᠢᠶᠠᠭᠰᠠᠨ ᠲᠠᠪᠤᠨ ᠶᠡᠭᠡ ᠡᠭᠦᠷᠭᠡ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠵᠦ᠂ ︽ᠵᠢᠱᠢᠶᠡᠴᠢ ᠥᠪᠡᠷᠲᠡᠭᠡᠨ ᠵᠠᠰᠠᠬᠤ | ᠣᠷᠣᠨ︾ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠳᠤ ᠦᠢᠯᠡᠴᠢᠯᠡᠬᠦ ᠬᠡᠷᠡᠭᠲᠡᠢ ᠭᠡᠵᠦ ᠱᠠᠭᠠᠷᠳᠠᠪᠠ᠃ | | | | | | ᠬᠤᠷᠠᠯ ᠳᠡᠭᠡᠷ᠎ᠡ᠂ ᠪᠥᠬᠦ ᠣᠷᠣᠨ ᠤ ᠳᠥᠷᠪᠡᠳᠦᠭᠡᠷ ᠬᠤᠭᠤᠴᠠᠭᠠᠨ ᠤ ᠳᠤᠮᠳᠠᠳᠤ ᠶᠢᠨ ᠰᠣᠩᠭᠤᠳᠠᠭ | ᠪᠦᠲᠦᠭᠡᠯ ᠤᠨ ᠤᠩᠰᠢᠯᠭ᠎ᠠ ᠶᠢᠨ ᠤᠷᠤᠯᠳᠤᠭᠠᠨ ᠤ ᠰᠢᠯᠢᠳᠡᠭ ᠵᠣᠬᠢᠶᠠᠨ ᠪᠠᠶᠢᠭᠤᠯᠤᠭᠰᠠᠨ ᠪᠦᠯᠬᠦᠮ ᠤᠨ | ᠲᠥᠯᠥᠭᠡᠯᠡᠭᠴᠢ᠂ ᠱᠠᠩᠨᠠᠯ ᠭᠥᠷᠳᠡᠭᠰᠡᠨ ᠰᠤᠷᠤᠭᠴᠢᠳ ᠤᠨ ᠲᠥᠯᠥᠭᠡᠯᠡᠭᠴᠢ ᠳᠤ ᠢᠷᠠᠭᠤ ᠠᠯᠳᠠᠷ ᠤᠨ ᠦᠨᠡᠮᠯᠡᠯ | ᠣᠯᠭᠤᠪᠠ᠃ ᠬᠢᠩᠭᠠᠨ ᠠᠶᠢᠮᠠᠭ ᠤᠨ ᠰᠤᠷᠭᠠᠨ ᠬᠥᠮᠦᠵᠢᠯ ᠤᠨ ᠲᠣᠪᠴᠢᠶ᠎ᠠ᠂ ᠣᠷᠳᠣᠰ ᠬᠤᠲᠠ ᠶᠢᠨ ᠰᠤᠷᠭᠠᠨ | ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠥᠪᠥᠷ ᠮᠣᠩᠭᠤᠯ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ | ᠪᠠᠭᠰᠢ ᠶᠢᠨ ᠶᠡᠭᠡ ᠰᠤᠷᠭᠠᠭᠤᠯᠢ᠂ ᠤᠯᠠᠭᠠᠨᠬᠠᠳᠠ ᠳᠡᠭᠡᠳᠦ ᠰᠤᠷᠭᠠᠭᠤᠯᠢ ᠪᠣᠯᠤᠨ ᠥᠪᠥᠷ ᠮᠣᠩᠭᠤᠯ ᠤᠨ ᠪᠠᠷᠢᠯᠭ᠎ᠠ ᠶᠢᠨ | ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠵᠡᠷᠭᠡ 6 ᠨᠢᠭᠡᠴᠢ ᠰᠠᠨᠠᠯ ᠢᠶᠠᠨ ᠰᠣᠯᠢᠯᠴᠠᠪᠠ᠃ | | |