| | 4 ᠳ᠋ᠦ᠋ᠭᠡᠷ ᠰᠠᠷ᠎ᠠ ᠶᠢᠨ 3 ᠤ ᠡᠳᠦᠷ᠂ ᠭᠤᠴᠢᠨ ᠲᠠᠪᠤᠳᠠᠭᠢ ᠤᠯᠤᠰ ᠢᠶᠠᠨ ᠬᠠᠶᠢᠷᠠᠯᠠᠬᠤ ᠡᠷᠡᠭᠦᠯ | ᠬᠠᠮᠠᠭᠠᠯᠠᠯ ᠤᠨ ᠰᠠᠷ᠎ᠠ ᠵᠢᠴᠢ ᠬᠥᠬᠡᠬᠤᠲᠠ ᠶᠢᠨ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢᠨ ᠣᠷᠳᠣ | ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢ ᠳᠠᠬᠢᠨ ᠳᠡᠭᠡᠭᠰᠢᠯᠡᠭᠦᠯᠬᠦ ᠠᠵᠢᠯᠯᠠᠭᠠᠨ ᠤ ᠡᠬᠢᠯᠡᠯᠲᠡ ᠶᠢᠨ ᠶᠣᠰᠣᠯᠠᠯ | ᠬᠥᠬᠡᠬᠤᠲᠠ ᠳᠤ ᠶᠠᠪᠤᠭᠳᠠᠵᠤ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠦᠦ ᠰᠢᠶᠠᠨ ᠬᠤᠸᠠ | ᠶᠣᠰᠣᠯᠠᠯ ᠳᠤ ᠣᠷᠣᠯᠴᠠᠭᠰᠠᠨ ᠪᠥᠭᠡᠳ ᠶᠣᠰᠣᠯᠠᠯ ᠡᠬᠢᠯᠡᠭᠰᠡᠨ ᠢ ᠵᠠᠷᠯᠠᠪᠠ᠃ | ᠡᠨᠡ ᠵᠢᠯ ᠤᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠰᠠᠷ᠎ᠠ ᠶᠢᠨ ᠭᠤᠣᠯ ᠰᠡᠳᠦᠪ ᠪᠣᠯ | ︽ᠣᠷᠣᠰᠢᠨ ᠰᠠᠭᠤᠬᠤ ᠳᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠭᠡᠷ ᠣᠷᠣᠨ ᠡᠷᠡᠭᠦᠯ ᠰᠠᠷᠠᠭᠤᠯ ᠥᠭᠡᠳᠡᠷᠬᠡᠭ | ᠰᠠᠶᠢᠬᠠᠨ ᠰᠢᠨ᠎ᠡ ᠠᠮᠢᠳᠤᠷᠠᠯ︾ ᠪᠣᠯᠣᠨ᠎ᠠ᠃ ᠡᠬᠢᠯᠡᠯᠲᠡ ᠶᠢᠨ ᠶᠣᠰᠣᠯᠠᠯ ᠳᠡᠭᠡᠷ᠎ᠡ ᠭᠤᠴᠢᠨ ᠲᠠᠪᠤᠳᠠᠭᠢ ᠤᠯᠤᠰ ᠢᠶᠠᠨ | ᠬᠠᠶᠢᠷᠠᠯᠠᠬᠤ ᠡᠷᠡᠭᠦᠯ ᠬᠠᠮᠠᠭᠠᠯᠠᠯ ᠤᠨ ᠰᠠᠷ᠎ᠠ ᠶᠢᠨ ᠰᠠᠨᠠᠭᠠᠴᠢᠯᠠᠭ᠎ᠠ ᠶᠢᠨ ᠪᠢᠴᠢᠭ ᠢ ᠤᠩᠰᠢᠨ ᠨᠡᠶᠢᠲᠡᠯᠡᠵᠦ᠂ ᠪᠦᠬᠦ | ᠣᠷᠣᠨ ᠤ ᠠᠷᠠᠳ ᠲᠦᠮᠡᠨ ᠤ ᠵᠢᠵᠢᠭ ᠰᠠᠵᠢᠭ ᠵᠦᠢᠯ ᠠᠴᠠ ᠡᠬᠢᠯᠡᠨ ᠬᠢᠵᠦ᠂ ᠥᠪᠡᠷ ᠤᠨ ᠪᠡᠶ᠎ᠡ ᠠᠴᠠ ᠪᠠᠨ ᠡᠬᠢᠯᠡᠨ | ᠬᠢᠵᠦ᠂ ᠤᠳᠤ ᠠᠴᠠ ᠡᠬᠢᠯᠡᠨ ᠬᠢᠵᠦ᠂ ᠳᠡᠷᠭᠡᠲᠡᠬᠢ ᠶᠠᠪᠤᠳᠠᠯ ᠠᠴᠠ ᠪᠠᠨ ᠡᠬᠢᠯᠡᠨ ᠬᠢᠵᠦ᠂ ᠤᠯᠤᠰ ᠢᠶᠠᠨ ᠬᠠᠶᠢᠷᠠᠯᠠᠬᠤ | ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠥᠷᠨᠢᠭᠦᠯᠦᠨ᠂ ᠣᠷᠣᠰᠢᠨ ᠰᠠᠭᠤᠬᠤ ᠳᠤ ᠲᠣᠬᠢᠷᠠᠮᠵᠢᠲᠠᠢ ᠦᠵᠡᠰᠬᠦᠯᠡᠩᠲᠦ | ᠰᠠᠶᠢᠬᠠᠨ ᠭᠡᠷ ᠣᠷᠣᠨ ᠢ ᠴᠣᠭᠴᠠᠯᠠᠨ ᠪᠠᠶᠢᠭᠤᠯᠵᠤ᠂ ᠡᠷᠡᠭᠦᠯ ᠰᠠᠷᠠᠭᠤᠯ ᠥᠭᠡᠳᠡᠷᠬᠡᠭ ᠰᠠᠶᠢᠬᠠᠨ ᠰᠢᠨ᠎ᠡ ᠠᠮᠢᠳᠤᠷᠠᠯ ᠢ | ᠬᠥᠭᠡᠭᠡᠴᠡᠯᠳᠦᠬᠦ ᠶᠢ ᠰᠠᠨᠠᠭᠠᠴᠢᠯᠠᠵᠠᠢ᠃ | ᠠᠵᠢᠯᠯᠠᠭ᠎ᠠ ᠶᠢᠨ ᠠᠬᠤᠢ ᠲᠠᠯᠠᠪᠠᠢ ᠳᠤ᠂ ᠬᠥᠬᠡᠬᠤᠲᠠ ᠶᠢᠨ ᠡᠮᠴᠢᠯᠡᠭᠡᠨ ᠤ ᠪᠠᠶᠢᠭᠤᠯᠤᠮᠵᠢ ᠶᠢᠨ ᠬᠡᠰᠡᠭ ᠡᠮᠴᠢ | ᠰᠤᠪᠢᠯᠠᠭᠴᠢᠳ ᠪᠠᠰᠠ ᠡᠷᠡᠭᠦᠯ ᠮᠡᠨᠳᠦ ᠶᠢᠨ ᠵᠥᠪᠯᠡᠯᠭᠡ ᠥᠭᠬᠦ ᠠᠯᠪᠠᠨ ᠵᠢᠷᠤᠮ ᠤᠨ ᠡᠮᠴᠢᠯᠡᠭᠡ᠂ ᠲᠦᠷᠭᠡᠨ | ᠠᠪᠤᠷᠠᠯᠲᠠ ᠶᠢᠨ ᠤᠬᠠᠭᠤᠯᠭ᠎ᠠ ᠪᠣᠯᠪᠠᠰᠤᠷᠠᠯ ᠵᠡᠷᠭᠡ ᠠᠵᠢᠯᠯᠠᠭ᠎ᠠ ᠥᠷᠨᠢᠭᠦᠯᠵᠡᠢ᠃ |