ᠰᠤᠷᠭᠠᠭᠤᠯᠢ ᠶᠢᠨ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠭᠠᠵᠠᠷ
ᠨᠡᠶᠢᠲᠡᠯᠡᠭᠰᠡᠨ ᠴᠠᠭ᠄
2023/6/29
      ᠪᠦᠬᠦ ᠣᠷᠣᠨ ᠤ ᠰᠤᠷᠭᠠᠭᠤᠯᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠨᠢᠭᠡᠳᠦᠯᠲᠡᠢ ᠲᠥᠯᠥᠪᠯᠡᠨ ᠵᠣᠬᠢᠴᠠᠭᠤᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠰᠤᠷᠭᠠᠭᠤᠯᠢ ᠶᠢᠨ ᠤᠯᠤᠰ ᠤᠨ ᠠᠮᠤᠷ ᠲᠦᠪᠰᠢᠨ ᠤ ᠠᠵᠢᠯ ᠢ ᠵᠢᠯᠣᠭᠤᠳᠴᠤ᠂ ᠰᠤᠷᠭᠠᠭᠤᠯᠢ ᠶᠢᠨ ᠬᠦᠷᠢᠶ᠎ᠡ ᠵᠢᠴᠢ ᠡᠷᠭᠢᠨ ᠲᠣᠭᠤᠷᠢᠨ ᠤ ᠶᠡᠷᠦᠩᠬᠡᠶᠢᠯᠡᠨ ᠵᠠᠰᠠᠬᠤ ᠠᠵᠢᠯ ᠪᠠ ᠭᠠᠵᠢᠭᠤ ᠨᠣᠮᠯᠠᠯ ᠢ ᠰᠡᠷᠭᠡᠶᠢᠯᠡᠨ ᠴᠣᠬᠢᠯᠲᠠ ᠥᠭᠬᠦ ᠠᠵᠢᠯ ᠢ ᠵᠣᠬᠢᠴᠠᠭᠤᠯᠤᠨ ᠵᠢᠯᠣᠭᠤᠳᠤᠨ᠎ᠠ᠃ ᠰᠤᠷᠭᠠᠭᠤᠯᠢ ᠶᠢ ᠵᠢᠯᠣᠭᠤᠳᠤᠨ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠳᠣᠭᠲᠠᠯᠴᠠᠭ᠎ᠠ ᠪᠠ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠲᠣᠭᠲᠠᠭᠠᠯ ᠢ ᠪᠠᠶᠢᠭᠤᠯᠤᠨ ᠲᠡᠭᠦᠯᠳᠡᠷᠵᠢᠭᠦᠯᠵᠦ᠂ ᠰᠤᠷᠭᠠᠭᠤᠯᠢ ᠶᠢᠨ ︽ᠠᠮᠤᠷ ᠲᠠᠶᠢᠪᠤᠩ ᠰᠤᠷᠭᠠᠭᠤᠯᠢ ᠶᠢᠨ           ᠬᠦᠷᠢᠶ᠎ᠡ︾᠎ ᠶᠢ ᠡᠭᠦᠳᠦᠨ ᠪᠠᠶᠢᠭᠤᠯᠬᠤ᠂ ᠭᠠᠯ ᠰᠡᠷᠭᠡᠶᠢᠯᠡᠬᠦ ᠠᠮᠤᠷ ᠲᠦᠪᠰᠢᠨ᠂ ᠢᠳᠡᠭᠡᠨ ᠤ ᠠᠮᠤᠷ ᠲᠦᠪᠰᠢᠨ ᠤ ᠠᠵᠢᠯ ᠥᠷᠨᠢᠭᠦᠯᠬᠦ ᠶᠢ ᠵᠣᠬᠢᠴᠠᠭᠤᠯᠤᠨ ᠠᠬᠢᠭᠤᠯᠤᠨ᠎ᠠ᠃ ᠰᠤᠷᠭᠠᠨ ᠬᠥᠮᠦᠵᠢᠯ ᠤᠨ ᠰᠢᠰᠲ᠋ᠧᠮ ᠤᠨ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠰᠤᠷᠭᠠᠭᠤᠯᠢ ᠶᠢᠨ ᠴᠢᠬᠤᠯᠠ ᠶᠡᠭᠡ ᠠᠮᠤᠷ ᠲᠦᠪᠰᠢᠨ ᠪᠣᠯᠤᠨ ᠠᠮᠤᠷ ᠲᠣᠭᠲᠠᠭᠤᠨ ᠤ ᠬᠡᠷᠡᠭ ᠢ ᠰᠢᠢᠳᠪᠦᠷᠢᠯᠡᠬᠦ ᠪᠠ ᠬᠤᠯᠪᠣᠭᠳᠠᠯ ᠪᠦᠬᠦᠢ ᠲᠤᠰᠬᠠᠢ ᠴᠡᠭᠴᠡᠯᠡᠨ ᠵᠠᠰᠠᠬᠤ ᠠᠵᠢᠯ ᠢ ᠵᠣᠬᠢᠴᠠᠭᠤᠯᠤᠨ ᠵᠣᠬᠢᠶᠠᠨ ᠪᠠᠶᠢᠭᠤᠯᠤᠨ᠎ᠠ᠃ ᠰᠤᠷᠭᠠᠨ ᠬᠥᠮᠦᠵᠢᠯ ᠤᠨ ᠰᠢᠰᠲ᠋ᠧᠮ ᠤᠨ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠵᠢᠯᠣᠭᠤᠳᠬᠤ᠂ ᠬᠢᠨᠠᠯᠲᠠ ᠲᠠᠯᠪᠢᠬᠤ ᠪᠠ ᠪᠠᠶᠢᠴᠠᠭᠠᠬᠤ ᠶᠢ ᠬᠠᠷᠢᠭᠤᠴᠠᠨ᠎ᠠ᠃      ᠰᠤᠷᠭᠠᠭᠤᠯᠢ ᠶᠢᠨ ᠠᠮᠤᠷ ᠲᠦᠪᠰᠢᠨ ᠤ ᠠᠵᠢᠯ ᠤᠨ ᠳᠤᠰᠬᠠᠢ ᠪᠣᠯᠤᠩ       ᠬᠠᠷᠢᠯᠴᠠᠬᠤ ᠬᠥᠮᠦᠨ᠄ ᠭᠦᠸᠧ  ᠴᠢᠶᠠᠩ      ᠬᠠᠷᠢᠯᠴᠠᠬᠤ ᠤᠲᠠᠰᠤ᠄ 0471 - 2857042      ᠠᠵᠢᠯᠯᠠᠬᠤ ᠭᠠᠵᠠᠷ᠄ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠭᠤᠤᠯᠳᠤ ᠪᠣᠷᠣ ︵ᠳ᠋ᠢᠩ ᠰᠢᠶᠠᠩ︶ ᠵᠠᠮ ᠤᠨ 5 ᠳ᠋ᠤᠭᠠᠷ ᠨᠣᠮᠧᠷ      ᠰᠢᠤᠳᠠᠨ ᠨᠣᠮᠧᠷ᠄ 010011      ᠠᠵᠢᠯᠯᠠᠬᠤ ᠴᠠᠭ᠄ ᠠᠵᠢᠯ ᠤᠨ ᠡᠳᠦᠷ ᠤᠨ 9᠄ 00-12᠄ 00-14᠄ 00-17᠄ 30
 
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号