ᠡᠩ ᠤᠨ ᠵᠢᠩᠬᠢᠨᠢ ᠠᠩᠭᠢ ᠶᠢᠨ ᠰᠤᠷᠭᠠᠨ ᠬᠥᠮᠦᠵᠢᠯ ᠤᠨ ᠠᠵᠢᠯ ᠢ ᠨᠢᠭᠡᠳᠦᠯᠲᠡᠢ ᠲᠥᠯᠥᠪᠯᠡᠨ ᠬᠠᠮᠢᠶᠠᠷᠤᠨ᠎ᠠ᠃ | ᠶᠡᠭᠡ ᠳᠡᠭᠡᠳᠦ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ | ᠬᠠᠷᠢᠭᠤᠴᠠᠨ᠎ᠠ︔ ᠵᠢᠩᠬᠢᠨᠢ ᠠᠩᠭᠢᠲᠤ ᠶᠡᠭᠡ ᠳᠡᠭᠡᠳᠦ ᠰᠤᠷᠭᠠᠭᠤᠯᠢ ︵ᠠᠷᠠᠳ ᠠᠴᠠ ᠡᠷᠬᠢᠯᠡᠭᠰᠡᠨ ᠳᠡᠭᠡᠳᠦ | ᠰᠤᠷᠭᠠᠭᠤᠯᠢ ᠶᠢ ᠪᠠᠭᠲᠠᠭᠠᠨ᠎ᠠ︶ ᠶᠢᠨ ᠲᠤᠰᠬᠠᠢ ᠮᠡᠷᠭᠡᠵᠢᠯ ᠤᠨ ᠪᠠᠶᠢᠷᠢᠯᠠᠭᠤᠯᠤᠯᠲᠠ ᠲᠣᠬᠢᠷᠠᠭᠤᠯᠤᠯᠲᠠ᠂ ᠰᠤᠷᠭᠠᠨ | ᠬᠥᠮᠦᠵᠢᠯ ᠵᠢᠭᠠᠨ ᠰᠤᠷᠭᠠᠯᠲᠠ ᠶᠢᠨ ᠬᠠᠮᠢᠶᠠᠷᠤᠯᠲᠠ ᠵᠢᠴᠢ ᠰᠤᠷᠭᠠᠭᠤᠯᠢ ᠡᠷᠬᠢᠯᠡᠬᠦ ᠬᠢᠷᠢ ᠲᠦᠪᠰᠢᠨ ᠪᠣᠯᠤᠨ ᠰᠤᠷᠭᠠᠨ | ᠬᠥᠮᠦᠵᠢᠯ ᠤᠨ ᠴᠢᠨᠠᠷ ᠴᠢᠨᠰᠠᠭ᠎ᠠ ᠶᠢ ᠪᠠᠶᠢᠴᠠᠭᠠᠵᠤ ᠦᠨᠡᠯᠡᠨ ᠵᠢᠱᠢᠬᠦ ᠠᠵᠢᠯ ᠢ ᠬᠠᠷᠢᠭᠤᠴᠠᠨ᠎ᠠ᠃ ᠵᠢᠩᠬᠢᠨᠢ ᠠᠩᠭᠢᠲᠤ | ᠰᠤᠷᠭᠠᠭᠤᠯᠢ ᠶᠢᠨ ᠰᠢᠨ᠎ᠡ ᠶᠢ ᠡᠭᠦᠳᠦᠨ ᠦᠢᠯᠡᠰ ᠪᠣᠰᠬᠠᠬᠤ ᠰᠤᠷᠭᠠᠨ ᠬᠥᠮᠦᠵᠢᠯ ᠤᠨ ᠠᠵᠢᠯ ᠢ ᠵᠢᠯᠣᠭᠤᠳᠴᠤ᠂ | ᠵᠢᠩᠬᠢᠨᠢ ᠠᠩᠭᠢᠲᠤ ᠶᠡᠭᠡ ᠳᠡᠭᠡᠳᠦ ᠰᠤᠷᠭᠠᠭᠤᠯᠢ ᠶᠢ ᠵᠢᠯᠣᠭᠤᠳᠴᠤ ᠦᠨᠳᠦᠰᠦᠲᠡᠨ ᠤ ᠰᠤᠷᠭᠠᠨ ᠬᠥᠮᠦᠵᠢᠯ ᠤᠨ | ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠶᠡᠭᠡ ᠳᠡᠭᠡᠳᠦ ᠰᠤᠷᠭᠠᠭᠤᠯᠢ ᠶᠢᠨ ᠨᠣᠮ ᠤᠨ | ᠰᠠᠩ ᠤᠨ ᠪᠠᠶᠢᠭᠤᠯᠤᠯᠲᠠ ᠶᠢᠨ ᠡᠭᠦᠷᠭᠡ ᠬᠠᠷᠢᠭᠤᠴᠠᠯᠭ᠎ᠠ ᠶᠢ ᠵᠢᠯᠣᠭᠤᠳᠤᠨ᠎ᠠ᠃ ᠡᠩ ᠤᠨ ᠵᠢᠩᠬᠢᠨᠢ ᠠᠩᠭᠢᠲᠤ ᠶᠡᠭᠡ | ᠳᠡᠭᠡᠳᠦ ᠰᠤᠷᠭᠠᠭᠤᠯᠢ ᠶᠢᠨ ᠵᠢᠩᠬᠢᠨᠢ ᠠᠩᠭᠢ ᠶᠢᠨ ᠰᠤᠷᠤᠭᠴᠢᠳ ᠤᠨ ᠡᠳᠦᠷ ᠲᠤᠲᠤᠮ ᠤᠨ ᠠᠮᠤᠷ ᠲᠣᠭᠲᠠᠭᠤᠨ ᠪᠠ | ᠠᠮᠤᠷ ᠲᠦᠪᠰᠢᠨ ᠤ ᠬᠥᠮᠦᠵᠢᠯ ᠤᠨ ᠠᠵᠢᠯ ᠢ ᠬᠠᠷᠢᠭᠤᠴᠠᠨ᠎ᠠ᠃ | ᠬᠠᠷᠢᠯᠴᠠᠬᠤ ᠬᠥᠮᠦᠨ᠄ ᠯᠠᠩ ᠾᠦᠢ ᠽᠧ | ᠬᠠᠷᠢᠯᠴᠠᠬᠤ ᠤᠲᠠᠰᠤ᠄ 0471 - 2856606 | ᠠᠵᠢᠯᠯᠠᠬᠤ ᠭᠠᠵᠠᠷ᠄ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠭᠤᠤᠯᠳᠤ ᠪᠣᠷᠣ ︵ᠳ᠋ᠢᠩ ᠰᠢᠶᠠᠩ︶ | ᠵᠠᠮ ᠤᠨ 5 ᠳ᠋ᠤᠭᠠᠷ ᠨᠣᠮᠧᠷ | ᠰᠢᠤᠳᠠᠨ ᠨᠣᠮᠧᠷ᠄ 010011 | ᠠᠵᠢᠯᠯᠠᠬᠤ ᠴᠠᠭ᠄ ᠠᠵᠢᠯ ᠤᠨ ᠡᠳᠦᠷ ᠤᠨ 9᠄ 00-12᠄ 00-14᠄ 00-17᠄ 30 |