ᠬᠥᠭᠵᠢᠭᠦᠯᠦᠯᠲᠡ ᠲᠥᠯᠥᠪᠵᠢᠭᠦᠯᠭᠡ ᠶᠢᠨ ᠭᠠᠵᠠᠷ
ᠨᠡᠶᠢᠲᠡᠯᠡᠭᠰᠡᠨ ᠴᠠᠭ᠄
2023/6/29
      ᠰᠤᠷᠭᠠᠨ ᠬᠥᠮᠦᠵᠢᠯ ᠤᠨ ᠦᠢᠯᠡᠰ ᠤᠨ ᠬᠥᠭᠵᠢᠭᠦᠯᠦᠯᠲᠡ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠨ᠎ᠠ᠃ ᠰᠤᠷᠭᠠᠨ ᠬᠥᠮᠦᠵᠢᠯ ᠤᠨ ᠦᠢᠯᠡᠰ ᠤᠨ ᠪᠦᠷᠢᠳᠬᠡᠬᠦ᠂ ᠵᠠᠳᠠᠯᠬᠤ᠂ ᠨᠡᠶᠢᠲᠡᠯᠡᠬᠦ᠂ ᠬᠢᠨᠠᠨ ᠰᠢᠯᠭᠠᠬᠤ ᠠᠵᠢᠯ ᠢ ᠬᠠᠷᠢᠭᠤᠴᠠᠨ᠎ᠠ᠃ ᠪᠦᠬᠦ ᠣᠷᠣᠨ ᠤ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠪᠠᠶᠢᠷᠢᠰᠢᠯᠠᠭᠤᠯᠤᠯᠲᠠ ᠶᠢᠨ ᠪᠦᠲᠦᠴᠡ ᠶᠢ ᠲᠣᠬᠢᠷᠠᠭᠤᠯᠬᠤ ᠠᠵᠢᠯ ᠢ ᠬᠠᠷᠢᠭᠤᠴᠠᠨ᠎ᠠ᠃ ᠪᠦᠬᠦ ᠣᠷᠣᠨ ᠤ ᠡᠯ᠎ᠡ ᠲᠥᠷᠥᠯ ᠤᠨ ᠰᠤᠷᠭᠠᠨ ᠬᠥᠮᠦᠵᠢᠯ ᠤᠨ ᠪᠠᠶᠢᠷᠢᠰᠢᠯᠠᠭᠤᠯᠤᠯᠲᠠ ᠶᠢᠨ ᠪᠦᠲᠦᠴᠡ ᠶᠢ ᠲᠣᠬᠢᠷᠠᠭᠤᠯᠬᠤ ᠠᠵᠢᠯ ᠢ ᠶᠡᠷᠦᠩᠬᠡᠶᠢᠯᠡᠨ ᠵᠣᠬᠢᠴᠠᠭᠤᠯᠤᠨ᠎ᠠ᠃ ᠵᠢᠯ ᠤᠨ ᠰᠤᠷᠤᠭᠴᠢ ᠡᠯᠰᠡᠬᠦ ᠲᠥᠯᠥᠪᠯᠡᠭᠡ ᠶᠢ ᠰᠤᠳᠤᠯᠤᠨ ᠲᠣᠭᠲᠠᠭᠠᠨ᠎ᠠ᠃ ᠠᠮᠢ ᠠᠬᠤᠢ ᠶᠢᠨ ᠪᠣᠯᠪᠠᠰᠤᠨ ᠤ ᠬᠥᠮᠦᠵᠢᠯ ᠵᠢᠴᠢ ᠡᠨᠧᠷᠭᠢ ᠶᠢ ᠠᠷᠪᠢᠯᠠᠨ ᠪᠣᠬᠢᠷᠲᠤᠯ ᠲᠠᠢ ᠪᠣᠳᠠᠰ ᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ᠂ ᠢᠳᠡᠭᠡᠨ ᠤᠮᠳᠠᠭᠠᠨ ᠢ ᠪᠦᠷᠢᠯᠭᠡᠨ ᠰᠦᠢᠳᠬᠡᠬᠦ ᠶᠢ ᠬᠤᠷᠢᠭᠯᠠᠬᠤ ᠵᠡᠷᠭᠡ ᠠᠵᠢᠯ ᠢ ᠨᠢᠭᠡᠳᠦᠯᠲᠡᠢ ᠲᠥᠯᠥᠪᠯᠡᠨ ᠵᠢᠯᠣᠭᠤᠳᠤᠨ᠎ᠠ᠃ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠳᠡᠭᠡᠳᠦ ᠰᠤᠷᠭᠠᠭᠤᠯᠢ ᠶᠢᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠬᠤᠷᠸ᠎ᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢᠨ ᠠᠷᠤ ᠲᠠᠯ᠎ᠠ ᠶᠢᠨ ᠦᠢᠯᠡᠴᠢᠯᠡᠭᠡᠨ ᠤ ᠬᠤᠷᠸ᠎ᠠ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ᠃ ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ ᠢ ᠨᠢᠭᠡᠳᠦᠯᠲᠡᠶ ᠲᠥᠯᠥᠪᠵᠢᠭᠦᠯᠬᠦ᠂ ᠶᠡᠷᠦᠩᠬᠡᠶᠢᠯᠡᠨ ᠵᠣᠬᠢᠴᠠᠭᠤᠯᠬᠤ ᠪᠠ ᠬᠤᠷᠸ᠎ᠠ ᠬᠠᠮᠢᠶᠠᠷᠤᠯᠲᠠ ᠳᠤ ᠬᠤᠯᠪᠤᠭᠳᠠᠬᠤ ᠠᠵᠢᠯ ᠢ ᠬᠠᠷᠢᠭᠤᠴᠠᠨ᠎ᠠ᠃ ᠰᠤᠷᠭᠠᠨ ᠬᠥᠮᠦᠵᠢᠯ ᠤᠨ ᠰᠢᠰᠲ᠋ᠧᠮ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠢᠯᠢ ᠬᠢᠵᠠᠭᠠᠷ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯ ᠢ ᠵᠢᠯᠣᠭᠤᠳᠴᠤ᠂ ᠰᠤᠷᠭᠠᠨ ᠬᠥᠮᠦᠵᠢᠯ ᠢᠶᠠᠷ ᠳᠡᠮᠵᠢᠨ ᠬᠠᠮᠵᠢᠯᠴᠠᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃      ᠬᠠᠷᠢᠯᠴᠠᠬᠤ ᠬᠥᠮᠦᠨ᠄ ᠵᠣᠣ ᠫᠧᠩ     ᠬᠠᠷᠢᠯᠴᠠᠬᠤ ᠤᠲᠠᠰᠤ᠄ 0471 - 2856816     ᠠᠵᠢᠯᠯᠠᠬᠤ ᠭᠠᠵᠠᠷ᠄ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠭᠤᠤᠯᠳᠤ ᠪᠣᠷᠣ ︵ᠳ᠋ᠢᠩ ᠰᠢᠶᠠᠩ︶ ᠵᠠᠮ ᠤᠨ 5 ᠳ᠋ᠤᠭᠠᠷ ᠨᠣᠮᠧᠷ     ᠰᠢᠤᠳᠠᠨ ᠨᠣᠮᠧᠷ᠄ 010011     ᠠᠵᠢᠯᠯᠠᠬᠤ ᠴᠠᠭ᠄ ᠠᠵᠢᠯ ᠤᠨ ᠡᠳᠦᠷ ᠤᠨ 9᠄ 00-12᠄ 00-14᠄ 00-17᠄ 30
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号