ᠠᠵᠢᠯᠲᠠᠨ ᠤ ᠶᠠᠪᠤᠳᠠᠯ ᠤᠨ ᠭᠠᠵᠠᠷ ︵ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ︶
ᠨᠡᠶᠢᠲᠡᠯᠡᠭᠰᠡᠨ ᠴᠠᠭ᠄
2023/6/29
     ᠪᠠᠶᠢᠭᠤᠯᠭ᠎ᠠ ᠪᠣᠯᠤᠨ ᠬᠠᠷᠢᠶᠠᠯᠠᠭᠳᠠᠬᠤ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ ᠶᠠᠪᠤᠳᠠᠯ ᠬᠥᠳᠡᠯᠮᠦᠷᠢ ᠴᠠᠯᠢᠩ᠂ ᠪᠠᠶᠢᠭᠤᠯᠤᠮᠵᠢ ᠶᠢᠨ ᠣᠷᠣᠨ ᠲᠤᠭ᠎ᠠ᠂ ᠺᠠᠳ᠋ᠷᠴᠤᠳ ᠤᠨ ᠡᠩᠨᠡᠭᠡᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠰᠤᠷᠭᠠᠨ ᠬᠥᠮᠦᠵᠢᠯ ᠤᠨ ᠲᠢᠩᠬᠢᠮ ᠠᠴᠠ ᠬᠠᠮᠢᠶᠠᠷᠴᠤ ᠪᠠᠶᠢᠭ᠎ᠠ ᠨᠡᠶᠢᠭᠡᠮ ᠤᠨ ᠪᠦᠯᠬᠦᠮ᠂ ᠰᠠᠭᠤᠷᠢ ᠮᠥᠩᠭᠦᠨ ᠤ ᠨᠡᠶᠢᠭᠡᠮᠯᠢᠭ ᠵᠡᠷᠭᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠵᠢᠯ ᠤᠨ ᠪᠠᠶᠢᠴᠠᠭᠠᠯᠲᠠ ᠶᠢ ᠬᠢᠨᠠᠬᠤ ᠠᠵᠢᠯ ᠢ ᠬᠠᠷᠢᠭᠤᠴᠠᠵᠤ᠂ ᠨᠠᠮ ᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠬᠦ ᠶᠢ ᠵᠢᠯᠣᠭᠤᠳᠤᠨ᠎ᠠ᠃ ᠬᠤᠯᠪᠤᠭᠳᠠᠬᠤ ᠰᠠᠯᠠᠭ᠎ᠠ ᠮᠥᠴᠢᠷ ᠲᠠᠢ ᠬᠠᠮᠲᠤᠷᠠᠨ ᠳᠡᠭᠡᠳᠦ ᠰᠤᠷᠭᠠᠭᠤᠯᠢ ᠶᠢᠨ ᠺᠠᠳ᠋ᠷᠴᠤᠳ ᠤᠨ ᠡᠩᠨᠡᠭᠡᠨ ᠤ ᠪᠠᠶᠢᠭᠤᠯᠤᠯᠲᠠ ᠪᠠ ᠳᠡᠭᠡᠳᠦ ᠰᠤᠷᠭᠠᠭᠤᠯᠢ ᠶᠢᠨ ᠤᠳᠤᠷᠢᠳᠬᠤ ᠪᠠᠭ᠂ ᠤᠳᠤᠷᠢᠳᠬᠤ ᠺᠠᠳ᠋ᠷ ᠢ ᠬᠢᠨᠠᠨ ᠰᠢᠯᠭᠠᠬᠤ ᠠᠵᠢᠯ ᠢ ᠬᠠᠷᠢᠭᠤᠴᠠᠨ᠎ᠠ᠃ ᠰᠤᠷᠭᠠᠨ ᠬᠥᠮᠦᠵᠢᠯ ᠤᠨ ᠰᠢᠰᠲ᠋ᠧᠮ ᠤᠨ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ᠃ ᠳᠡᠭᠡᠳᠦ ᠰᠤᠷᠭᠠᠭᠤᠯᠢ ᠪᠠ ᠣᠷᠣᠨ ᠨᠤᠲᠤᠭ ᠤᠨ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ ᠤᠳᠤᠷᠢᠳᠬᠤ ᠺᠠᠳ᠋ᠷᠴᠤᠳ ᠢ ᠪᠣᠯᠪᠠᠰᠤᠷᠠᠭᠤᠯᠬᠤ ᠠᠵᠢᠯ ᠢ ᠨᠢᠭᠡᠳᠦᠯᠲᠡᠢ ᠲᠥᠯᠥᠪᠯᠡᠨ᠎ᠡ᠃ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠶ᠎ᠠ ᠨᠢ ᠰᠤᠷᠭᠠᠨ ᠬᠥᠮᠦᠵᠢᠯ ᠤᠨ ᠠᠵᠢᠯ ᠤᠨ ᠬᠤᠷᠢᠶ᠎ᠠ ᠳᠤ ᠬᠠᠷᠢᠶᠠᠯᠠᠭᠳᠠᠬᠤ ᠳᠡᠭᠡᠳᠦ ᠰᠤᠷᠭᠠᠭᠤᠯᠢ ᠶᠢᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ᠂ ᠨᠠᠮ ᠤᠨ ᠭᠡᠰᠢᠭᠦᠨ ᠤ ᠡᠯᠰᠡᠯᠲᠡ ᠬᠥᠮᠦᠵᠢᠯ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢᠨ ᠨᠠᠮ ᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ᠃      ᠬᠠᠷᠢᠯᠴᠠᠬᠤ ᠬᠥᠮᠦᠨ᠄ ᠸᠠᠩ ᠶᠠ ᠳ᠋ᠠᠩ      ᠬᠠᠷᠢᠯᠴᠠᠬᠤ ᠤᠲᠠᠰᠤ᠄ 0471 - 2856827      ᠠᠵᠢᠯᠯᠠᠬᠤ ᠭᠠᠵᠠᠷ᠄ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠭᠤᠤᠯᠳᠤ ᠪᠣᠷᠣ ︵ᠳ᠋ᠢᠩ ᠰᠢᠶᠠᠩ︶ ᠵᠠᠮ ᠤᠨ 5 ᠳ᠋ᠤᠭᠠᠷ ᠨᠣᠮᠧᠷ     ᠰᠢᠤᠳᠠᠨ ᠨᠣᠮᠧᠷ᠄ 010011     ᠠᠵᠢᠯᠯᠠᠬᠤ ᠴᠠᠭ᠄ ᠠᠵᠢᠯ ᠤᠨ ᠡᠳᠦᠷ ᠤᠨ 9᠄ 00-12᠄ 00-14᠄ 00-17᠄ 30
 
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号