| | ᠪᠦᠬᠦ ᠣᠷᠣᠨ ᠤ ᠰᠤᠷᠭᠠᠭᠤᠯᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ | ᠨᠢᠭᠡᠳᠦᠯᠲᠡᠢ ᠲᠥᠯᠥᠪᠯᠡᠨ ᠵᠣᠬᠢᠴᠠᠭᠤᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ | ᠰᠤᠷᠭᠠᠭᠤᠯᠢ ᠶᠢᠨ ᠤᠯᠤᠰ ᠤᠨ ᠠᠮᠤᠷ ᠲᠦᠪᠰᠢᠨ ᠤ ᠠᠵᠢᠯ ᠢ ᠵᠢᠯᠣᠭᠤᠳᠴᠤ᠂ ᠰᠤᠷᠭᠠᠭᠤᠯᠢ ᠶᠢᠨ ᠬᠦᠷᠢᠶ᠎ᠡ ᠵᠢᠴᠢ | ᠡᠷᠭᠢᠨ ᠲᠣᠭᠤᠷᠢᠨ ᠤ ᠶᠡᠷᠦᠩᠬᠡᠶᠢᠯᠡᠨ ᠵᠠᠰᠠᠬᠤ ᠠᠵᠢᠯ ᠪᠠ ᠭᠠᠵᠢᠭᠤ ᠨᠣᠮᠯᠠᠯ ᠢ ᠰᠡᠷᠭᠡᠶᠢᠯᠡᠨ ᠴᠣᠬᠢᠯᠲᠠ ᠥᠭᠬᠦ | ᠠᠵᠢᠯ ᠢ ᠵᠣᠬᠢᠴᠠᠭᠤᠯᠤᠨ ᠵᠢᠯᠣᠭᠤᠳᠤᠨ᠎ᠠ᠃ ᠰᠤᠷᠭᠠᠭᠤᠯᠢ ᠶᠢ ᠵᠢᠯᠣᠭᠤᠳᠤᠨ ᠰᠤᠷᠭᠠᠭᠤᠯᠢ ᠶᠢᠨ ᠬᠦᠷᠢᠶᠡᠨ ᠤ ᠠᠮᠤᠷ | ᠲᠦᠪᠰᠢᠨ ᠤ ᠰᠡᠷᠭᠡᠶᠢᠯᠡᠯᠲᠡ ᠶᠢᠨ ᠳᠣᠭᠲᠠᠯᠴᠠᠭ᠎ᠠ ᠪᠠ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ | ᠲᠣᠭᠲᠠᠭᠠᠯ ᠢ ᠪᠠᠶᠢᠭᠤᠯᠤᠨ ᠲᠡᠭᠦᠯᠳᠡᠷᠵᠢᠭᠦᠯᠵᠦ᠂ ᠰᠤᠷᠭᠠᠭᠤᠯᠢ ᠶᠢᠨ ︽ᠠᠮᠤᠷ ᠲᠠᠶᠢᠪᠤᠩ ᠰᠤᠷᠭᠠᠭᠤᠯᠢ ᠶᠢᠨ | ᠬᠦᠷᠢᠶ᠎ᠡ︾ ᠶᠢ ᠡᠭᠦᠳᠦᠨ ᠪᠠᠶᠢᠭᠤᠯᠬᠤ᠂ ᠭᠠᠯ ᠰᠡᠷᠭᠡᠶᠢᠯᠡᠬᠦ ᠠᠮᠤᠷ ᠲᠦᠪᠰᠢᠨ᠂ ᠢᠳᠡᠭᠡᠨ ᠤ ᠠᠮᠤᠷ ᠲᠦᠪᠰᠢᠨ ᠤ | ᠠᠵᠢᠯ ᠥᠷᠨᠢᠭᠦᠯᠬᠦ ᠶᠢ ᠵᠣᠬᠢᠴᠠᠭᠤᠯᠤᠨ ᠠᠬᠢᠭᠤᠯᠤᠨ᠎ᠠ᠃ ᠰᠤᠷᠭᠠᠨ ᠬᠥᠮᠦᠵᠢᠯ ᠤᠨ ᠰᠢᠰᠲ᠋ᠧᠮ ᠤᠨ ᠣᠯᠠᠨ | ᠨᠡᠶᠢᠲᠡ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠢ | ᠬᠠᠷᠢᠭᠤᠴᠠᠵᠤ᠂ ᠰᠤᠷᠭᠠᠭᠤᠯᠢ ᠶᠢᠨ ᠴᠢᠬᠤᠯᠠ ᠶᠡᠭᠡ ᠠᠮᠤᠷ ᠲᠦᠪᠰᠢᠨ ᠪᠣᠯᠤᠨ ᠠᠮᠤᠷ ᠲᠣᠭᠲᠠᠭᠤᠨ ᠤ ᠬᠡᠷᠡᠭ ᠢ | ᠰᠢᠢᠳᠪᠦᠷᠢᠯᠡᠬᠦ ᠪᠠ ᠬᠤᠯᠪᠣᠭᠳᠠᠯ ᠪᠦᠬᠦᠢ ᠲᠤᠰᠬᠠᠢ ᠴᠡᠭᠴᠡᠯᠡᠨ ᠵᠠᠰᠠᠬᠤ ᠠᠵᠢᠯ ᠢ ᠵᠣᠬᠢᠴᠠᠭᠤᠯᠤᠨ ᠵᠣᠬᠢᠶᠠᠨ | ᠪᠠᠶᠢᠭᠤᠯᠤᠨ᠎ᠠ᠃ ᠰᠤᠷᠭᠠᠨ ᠬᠥᠮᠦᠵᠢᠯ ᠤᠨ ᠰᠢᠰᠲ᠋ᠧᠮ ᠤᠨ ᠠᠶᠤᠯ ᠦᠭᠡᠢ ᠦᠢᠯᠡᠳᠪᠦᠷᠢᠯᠡᠯ ᠤᠨ ᠠᠵᠢᠯ ᠢ | ᠵᠢᠯᠣᠭᠤᠳᠬᠤ᠂ ᠬᠢᠨᠠᠯᠲᠠ ᠲᠠᠯᠪᠢᠬᠤ ᠪᠠ ᠪᠠᠶᠢᠴᠠᠭᠠᠬᠤ ᠶᠢ ᠬᠠᠷᠢᠭᠤᠴᠠᠨ᠎ᠠ᠃ | ᠰᠤᠷᠭᠠᠭᠤᠯᠢ ᠶᠢᠨ ᠠᠮᠤᠷ ᠲᠦᠪᠰᠢᠨ ᠤ ᠠᠵᠢᠯ ᠤᠨ ᠳᠤᠰᠬᠠᠢ ᠪᠣᠯᠤᠩ | ᠬᠠᠷᠢᠯᠴᠠᠬᠤ ᠬᠥᠮᠦᠨ᠄ ᠭᠦᠸᠧ ᠴᠢᠶᠠᠩ | ᠬᠠᠷᠢᠯᠴᠠᠬᠤ ᠤᠲᠠᠰᠤ᠄ 0471 - 2857042 | ᠠᠵᠢᠯᠯᠠᠬᠤ ᠭᠠᠵᠠᠷ᠄ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠭᠤᠤᠯᠳᠤ ᠪᠣᠷᠣ ︵ᠳ᠋ᠢᠩ ᠰᠢᠶᠠᠩ︶ | ᠵᠠᠮ ᠤᠨ 5 ᠳ᠋ᠤᠭᠠᠷ ᠨᠣᠮᠧᠷ | ᠰᠢᠤᠳᠠᠨ ᠨᠣᠮᠧᠷ᠄ 010011 | ᠠᠵᠢᠯᠯᠠᠬᠤ ᠴᠠᠭ᠄ ᠠᠵᠢᠯ ᠤᠨ ᠡᠳᠦᠷ ᠤᠨ 9᠄ 00-12᠄ 00-14᠄ 00-17᠄ 30 |