| | ᠰᠤᠷᠭᠠᠨ ᠬᠥᠮᠦᠵᠢᠯ ᠤᠨ ᠦᠢᠯᠡᠰ ᠤᠨ ᠬᠥᠭᠵᠢᠭᠦᠯᠦᠯᠲᠡ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠨ᠎ᠠ᠃ | ᠰᠤᠷᠭᠠᠨ ᠬᠥᠮᠦᠵᠢᠯ ᠤᠨ ᠦᠢᠯᠡᠰ ᠤᠨ ᠪᠦᠷᠢᠳᠬᠡᠬᠦ᠂ ᠵᠠᠳᠠᠯᠬᠤ᠂ ᠨᠡᠶᠢᠲᠡᠯᠡᠬᠦ᠂ ᠬᠢᠨᠠᠨ ᠰᠢᠯᠭᠠᠬᠤ ᠠᠵᠢᠯ ᠢ | ᠬᠠᠷᠢᠭᠤᠴᠠᠨ᠎ᠠ᠃ ᠪᠦᠬᠦ ᠣᠷᠣᠨ ᠤ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠪᠠᠶᠢᠷᠢᠰᠢᠯᠠᠭᠤᠯᠤᠯᠲᠠ ᠶᠢᠨ | ᠪᠦᠲᠦᠴᠡ ᠶᠢ ᠲᠣᠬᠢᠷᠠᠭᠤᠯᠬᠤ ᠠᠵᠢᠯ ᠢ ᠬᠠᠷᠢᠭᠤᠴᠠᠨ᠎ᠠ᠃ ᠪᠦᠬᠦ ᠣᠷᠣᠨ ᠤ ᠡᠯ᠎ᠡ ᠲᠥᠷᠥᠯ ᠤᠨ ᠰᠤᠷᠭᠠᠨ | ᠬᠥᠮᠦᠵᠢᠯ ᠤᠨ ᠪᠠᠶᠢᠷᠢᠰᠢᠯᠠᠭᠤᠯᠤᠯᠲᠠ ᠶᠢᠨ ᠪᠦᠲᠦᠴᠡ ᠶᠢ ᠲᠣᠬᠢᠷᠠᠭᠤᠯᠬᠤ ᠠᠵᠢᠯ ᠢ ᠶᠡᠷᠦᠩᠬᠡᠶᠢᠯᠡᠨ ᠵᠣᠬᠢᠴᠠᠭᠤᠯᠤᠨ᠎ᠠ᠃ | ᠵᠢᠯ ᠤᠨ ᠰᠤᠷᠤᠭᠴᠢ ᠡᠯᠰᠡᠬᠦ ᠲᠥᠯᠥᠪᠯᠡᠭᠡ ᠶᠢ ᠰᠤᠳᠤᠯᠤᠨ ᠲᠣᠭᠲᠠᠭᠠᠨ᠎ᠠ᠃ ᠠᠮᠢ ᠠᠬᠤᠢ ᠶᠢᠨ ᠪᠣᠯᠪᠠᠰᠤᠨ ᠤ | ᠬᠥᠮᠦᠵᠢᠯ ᠵᠢᠴᠢ ᠡᠨᠧᠷᠭᠢ ᠶᠢ ᠠᠷᠪᠢᠯᠠᠨ ᠪᠣᠬᠢᠷᠲᠤᠯ ᠲᠠᠢ ᠪᠣᠳᠠᠰ ᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ᠂ | ᠢᠳᠡᠭᠡᠨ ᠤᠮᠳᠠᠭᠠᠨ ᠢ ᠪᠦᠷᠢᠯᠭᠡᠨ ᠰᠦᠢᠳᠬᠡᠬᠦ ᠶᠢ ᠬᠤᠷᠢᠭᠯᠠᠬᠤ ᠵᠡᠷᠭᠡ ᠠᠵᠢᠯ ᠢ ᠨᠢᠭᠡᠳᠦᠯᠲᠡᠢ ᠲᠥᠯᠥᠪᠯᠡᠨ | ᠵᠢᠯᠣᠭᠤᠳᠤᠨ᠎ᠠ᠃ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠳᠡᠭᠡᠳᠦ ᠰᠤᠷᠭᠠᠭᠤᠯᠢ ᠶᠢᠨ ᠦᠨᠳᠦᠰᠦᠨ | ᠪᠦᠲᠦᠭᠡᠨ ᠪᠠᠶᠢᠭᠤᠯᠤᠯᠲᠠ ᠶᠢᠨ ᠬᠤᠷᠸ᠎ᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠡᠯ᠎ᠡ ᠱᠠᠲᠤᠨ ᠤ ᠡᠯ᠎ᠡ | ᠲᠥᠷᠥᠯ ᠤᠨ ᠰᠤᠷᠭᠠᠭᠤᠯᠢ ᠶᠢᠨ ᠠᠷᠤ ᠲᠠᠯ᠎ᠠ ᠶᠢᠨ ᠦᠢᠯᠡᠴᠢᠯᠡᠭᠡᠨ ᠤ ᠬᠤᠷᠸ᠎ᠠ ᠬᠠᠮᠢᠶᠠᠷᠤᠯᠲᠠ ᠶᠢᠨ ᠠᠵᠢᠯ ᠢ | ᠵᠢᠯᠣᠭᠤᠳᠤᠨ᠎ᠠ᠃ ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ ᠢ ᠨᠢᠭᠡᠳᠦᠯᠲᠡᠶ ᠲᠥᠯᠥᠪᠵᠢᠭᠦᠯᠬᠦ᠂ ᠶᠡᠷᠦᠩᠬᠡᠶᠢᠯᠡᠨ | ᠵᠣᠬᠢᠴᠠᠭᠤᠯᠬᠤ ᠪᠠ ᠬᠤᠷᠸ᠎ᠠ ᠬᠠᠮᠢᠶᠠᠷᠤᠯᠲᠠ ᠳᠤ ᠬᠤᠯᠪᠤᠭᠳᠠᠬᠤ ᠠᠵᠢᠯ ᠢ ᠬᠠᠷᠢᠭᠤᠴᠠᠨ᠎ᠠ᠃ ᠰᠤᠷᠭᠠᠨ ᠬᠥᠮᠦᠵᠢᠯ ᠤᠨ | ᠰᠢᠰᠲ᠋ᠧᠮ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠢᠯᠢ ᠬᠢᠵᠠᠭᠠᠷ ᠢ ᠬᠥᠭᠵᠢᠭᠦᠯᠦᠨ ᠠᠷᠠᠳ ᠢ | ᠪᠠᠶᠠᠵᠢᠭᠤᠯᠬᠤ ᠠᠵᠢᠯ ᠢ ᠵᠢᠯᠣᠭᠤᠳᠴᠤ᠂ ᠰᠤᠷᠭᠠᠨ ᠬᠥᠮᠦᠵᠢᠯ ᠢᠶᠠᠷ ᠳᠡᠮᠵᠢᠨ ᠬᠠᠮᠵᠢᠯᠴᠠᠬᠤ ᠠᠵᠢᠯ ᠢ ᠵᠣᠬᠢᠶᠠᠨ | ᠪᠠᠶᠢᠭᠤᠯᠤᠨ ᠵᠣᠬᠢᠴᠠᠭᠤᠯᠤᠨ᠎ᠠ᠃ | ᠬᠠᠷᠢᠯᠴᠠᠬᠤ ᠬᠥᠮᠦᠨ᠄ ᠵᠣᠣ ᠫᠧᠩ | ᠬᠠᠷᠢᠯᠴᠠᠬᠤ ᠤᠲᠠᠰᠤ᠄ 0471 - 2856816 | ᠠᠵᠢᠯᠯᠠᠬᠤ ᠭᠠᠵᠠᠷ᠄ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠭᠤᠤᠯᠳᠤ ᠪᠣᠷᠣ ︵ᠳ᠋ᠢᠩ ᠰᠢᠶᠠᠩ︶ | ᠵᠠᠮ ᠤᠨ 5 ᠳ᠋ᠤᠭᠠᠷ ᠨᠣᠮᠧᠷ | ᠰᠢᠤᠳᠠᠨ ᠨᠣᠮᠧᠷ᠄ 010011 | ᠠᠵᠢᠯᠯᠠᠬᠤ ᠴᠠᠭ᠄ ᠠᠵᠢᠯ ᠤᠨ ᠡᠳᠦᠷ ᠤᠨ 9᠄ 00-12᠄ 00-14᠄ 00-17᠄ 30 | | |