| ᠪᠠᠶᠢᠭᠤᠯᠭ᠎ᠠ ᠪᠣᠯᠤᠨ ᠬᠠᠷᠢᠶᠠᠯᠠᠭᠳᠠᠬᠤ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ ᠶᠠᠪᠤᠳᠠᠯ | ᠬᠥᠳᠡᠯᠮᠦᠷᠢ ᠴᠠᠯᠢᠩ᠂ ᠪᠠᠶᠢᠭᠤᠯᠤᠮᠵᠢ ᠶᠢᠨ ᠣᠷᠣᠨ ᠲᠤᠭ᠎ᠠ᠂ ᠺᠠᠳ᠋ᠷᠴᠤᠳ ᠤᠨ ᠡᠩᠨᠡᠭᠡᠨ ᠤ ᠬᠠᠮᠢᠶᠠᠷᠤᠯᠲᠠ ᠶᠢᠨ | ᠠᠵᠢᠯ ᠢ ᠬᠠᠷᠢᠭᠤᠴᠠᠨ᠎ᠠ᠃ ᠰᠤᠷᠭᠠᠨ ᠬᠥᠮᠦᠵᠢᠯ ᠤᠨ ᠲᠢᠩᠬᠢᠮ ᠠᠴᠠ ᠬᠠᠮᠢᠶᠠᠷᠴᠤ ᠪᠠᠶᠢᠭ᠎ᠠ ᠨᠡᠶᠢᠭᠡᠮ ᠤᠨ ᠪᠦᠯᠬᠦᠮ᠂ | ᠰᠠᠭᠤᠷᠢ ᠮᠥᠩᠭᠦᠨ ᠤ ᠨᠡᠶᠢᠭᠡᠮᠯᠢᠭ ᠵᠡᠷᠭᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠵᠢᠯ ᠤᠨ ᠪᠠᠶᠢᠴᠠᠭᠠᠯᠲᠠ ᠶᠢ | ᠬᠢᠨᠠᠬᠤ ᠠᠵᠢᠯ ᠢ ᠬᠠᠷᠢᠭᠤᠴᠠᠵᠤ᠂ ᠨᠠᠮ ᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠠᠵᠢᠯ ᠢ | ᠰᠠᠶᠢᠲᠤᠷ ᠬᠢᠬᠦ ᠶᠢ ᠵᠢᠯᠣᠭᠤᠳᠤᠨ᠎ᠠ᠃ ᠬᠤᠯᠪᠤᠭᠳᠠᠬᠤ ᠰᠠᠯᠠᠭ᠎ᠠ ᠮᠥᠴᠢᠷ ᠲᠠᠢ ᠬᠠᠮᠲᠤᠷᠠᠨ ᠳᠡᠭᠡᠳᠦ ᠰᠤᠷᠭᠠᠭᠤᠯᠢ ᠶᠢᠨ | ᠺᠠᠳ᠋ᠷᠴᠤᠳ ᠤᠨ ᠡᠩᠨᠡᠭᠡᠨ ᠤ ᠪᠠᠶᠢᠭᠤᠯᠤᠯᠲᠠ ᠪᠠ ᠳᠡᠭᠡᠳᠦ ᠰᠤᠷᠭᠠᠭᠤᠯᠢ ᠶᠢᠨ ᠤᠳᠤᠷᠢᠳᠬᠤ ᠪᠠᠭ᠂ ᠤᠳᠤᠷᠢᠳᠬᠤ | ᠺᠠᠳ᠋ᠷ ᠢ ᠬᠢᠨᠠᠨ ᠰᠢᠯᠭᠠᠬᠤ ᠠᠵᠢᠯ ᠢ ᠬᠠᠷᠢᠭᠤᠴᠠᠨ᠎ᠠ᠃ ᠰᠤᠷᠭᠠᠨ ᠬᠥᠮᠦᠵᠢᠯ ᠤᠨ ᠰᠢᠰᠲ᠋ᠧᠮ ᠤᠨ ᠴᠢᠳᠠᠪᠤᠷᠢᠲᠠᠨ ᠤ | ᠡᠩᠨᠡᠭᠡᠨ ᠤ ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ᠃ ᠳᠡᠭᠡᠳᠦ ᠰᠤᠷᠭᠠᠭᠤᠯᠢ ᠪᠠ ᠣᠷᠣᠨ ᠨᠤᠲᠤᠭ ᠤᠨ | ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ ᠤᠳᠤᠷᠢᠳᠬᠤ ᠺᠠᠳ᠋ᠷᠴᠤᠳ ᠢ ᠪᠣᠯᠪᠠᠰᠤᠷᠠᠭᠤᠯᠬᠤ ᠠᠵᠢᠯ ᠢ | ᠨᠢᠭᠡᠳᠦᠯᠲᠡᠢ ᠲᠥᠯᠥᠪᠯᠡᠨ᠎ᠡ᠃ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠶ᠎ᠠ ᠨᠢ ᠰᠤᠷᠭᠠᠨ ᠬᠥᠮᠦᠵᠢᠯ ᠤᠨ | ᠠᠵᠢᠯ ᠤᠨ ᠬᠤᠷᠢᠶ᠎ᠠ ᠳᠤ ᠬᠠᠷᠢᠶᠠᠯᠠᠭᠳᠠᠬᠤ ᠳᠡᠭᠡᠳᠦ ᠰᠤᠷᠭᠠᠭᠤᠯᠢ ᠶᠢᠨ ᠦᠨᠳᠦᠰᠦᠨ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ᠂ ᠨᠠᠮ ᠤᠨ ᠭᠡᠰᠢᠭᠦᠨ ᠤ ᠡᠯᠰᠡᠯᠲᠡ ᠬᠥᠮᠦᠵᠢᠯ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠡᠯ᠎ᠡ | ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢᠨ ᠨᠠᠮ ᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ | ᠠᠵᠢᠯ ᠢ ᠵᠢᠯᠣᠭᠤᠳᠤᠨ᠎ᠠ᠃ | ᠬᠠᠷᠢᠯᠴᠠᠬᠤ ᠬᠥᠮᠦᠨ᠄ ᠸᠠᠩ ᠶᠠ ᠳ᠋ᠠᠩ | ᠬᠠᠷᠢᠯᠴᠠᠬᠤ ᠤᠲᠠᠰᠤ᠄ 0471 - 2856827 | ᠠᠵᠢᠯᠯᠠᠬᠤ ᠭᠠᠵᠠᠷ᠄ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠭᠤᠤᠯᠳᠤ ᠪᠣᠷᠣ ︵ᠳ᠋ᠢᠩ ᠰᠢᠶᠠᠩ︶ | ᠵᠠᠮ ᠤᠨ 5 ᠳ᠋ᠤᠭᠠᠷ ᠨᠣᠮᠧᠷ | ᠰᠢᠤᠳᠠᠨ ᠨᠣᠮᠧᠷ᠄ 010011 | ᠠᠵᠢᠯᠯᠠᠬᠤ ᠴᠠᠭ᠄ ᠠᠵᠢᠯ ᠤᠨ ᠡᠳᠦᠷ ᠤᠨ 9᠄ 00-12᠄ 00-14᠄ 00-17᠄ 30 |