ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ 2023-2025 ᠰᠤᠷᠤᠯᠭ᠎ᠠ ᠶᠢᠨ ᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠲᠤ ᠬᠠᠨᠳᠤᠭᠤᠯᠤᠭᠰᠠᠨ ᠪᠥᠬᠦ ᠣᠷᠣᠨ ᠤ ᠴᠢᠨᠠᠷᠲᠠᠶ ᠤᠷᠤᠯᠳᠤᠭᠠᠨ ᠤ ᠠᠵᠢᠯᠯᠠᠭ᠎ᠠ ᠶᠢᠨ ᠨᠡᠷᠡᠰ ᠤᠨ ᠢᠯᠡ ᠨᠡᠶᠢᠲᠡᠯᠡᠯ
ᠨᠡᠶᠢᠲᠡᠯᠡᠭᠰᠡᠨ ᠴᠠᠭ᠄
2023/7/19
     ︽ᠰᠤᠷᠭᠠᠨ ᠬᠥᠮᠦᠵᠢᠯ ᠤᠨ ᠶᠠᠮᠤᠨ ᠤ ᠠᠯᠪᠠᠨ ᠲᠢᠩᠬᠢᠮ ᠵᠡᠷᠭᠡ ᠳᠥᠷᠪᠡᠨ ᠰᠠᠯᠠᠭ᠎ᠠ ᠮᠥᠴᠢᠷ ᠤᠨ ︿ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠲᠤ ᠬᠠᠨᠳᠤᠭᠤᠯᠤᠭᠰᠠᠨ ᠪᠥᠬᠦ ᠤᠯᠤᠰ ᠤᠨ ᠴᠢᠨᠠᠷᠲᠠᠶ ᠤᠷᠤᠯᠳᠤᠭᠠᠨ ᠤ ᠠᠵᠢᠯᠯᠠᠭ᠎ᠠ ᠶᠢᠨ ᠬᠠᠮᠢᠶᠠᠷᠤᠯᠲᠠ ᠶᠢᠨ ᠠᠷᠭ᠎ᠠ﹀᠎ ᠶᠢ ᠳᠠᠷᠤᠮᠠᠯᠯᠠᠨ ᠳᠠᠷᠬᠠᠭᠠᠬᠤ ᠲᠤᠬᠠᠶ ᠮᠡᠳᠡᠭᠳᠡᠯ︾ ︵ᠰᠤᠷᠭᠠᠨ ᠬᠢᠨᠠᠯᠲᠠ ᠬᠠᠮᠢᠶᠠᠷᠤᠯᠲᠠ ᠲᠢᠩᠬᠢᠮ ᠪᠢᠴᠢᠭ ﹇2022﹈ 4 ᠳ᠋ᠦ᠋ᠭᠡᠷ ᠲᠣᠭᠠᠲᠤ︶ ᠪᠣᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠵᠡᠷᠭᠡ ᠳᠥᠷᠪᠡᠨ ᠰᠠᠯᠠᠭ᠎ᠠ ᠮᠥᠴᠢᠷ ᠤᠨ ︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠲᠤ ᠬᠠᠨᠳᠤᠭᠤᠯᠤᠭᠰᠠᠨ ᠪᠥᠬᠦ ᠣᠷᠣᠨ ᠤ ᠴᠢᠨᠠᠷᠲᠠᠶ ᠤᠷᠤᠯᠳᠤᠭᠠᠨ ᠤ ᠠᠵᠢᠯᠯᠠᠭ᠎ᠠ ᠶᠢᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶﹀᠎ ᠶᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ︵ᠥᠪᠥᠷ ᠰᠤᠷᠭᠠᠨ ᠬᠢᠨᠠᠯᠲᠠ ᠬᠠᠮᠢᠶᠠᠷᠤᠯᠲᠠ ᠪᠢᠴᠢᠭ ﹇2022﹈ 76 ᠳ᠋ᠤᠭᠠᠷ ᠲᠣᠭᠠᠲᠤ︶᠎ ᠤᠨ ᠵᠣᠷᠢᠭ ᠰᠠᠨᠠᠭ᠎ᠠ ᠶᠢ ᠦᠨᠳᠦᠰᠦᠯᠡᠨ᠂ ᠪᠡᠶ᠎ᠡ ᠪᠠᠨ ᠳᠠᠭᠠᠭᠠᠵᠤ ᠮᠡᠳᠡᠭᠦᠯᠬᠦ᠂ ᠲᠤᠰᠬᠠᠶ ᠮᠡᠷᠭᠡᠵᠢᠯᠲᠡᠨ ᠬᠢᠨᠠᠨ ᠳᠣᠭᠲᠠᠭᠠᠬᠤ ᠪᠠᠷ ᠳᠠᠮᠵᠢᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠯᠠᠭᠤᠴᠤᠳ ᠪᠠᠭᠠᠴᠤᠳ ᠤᠨ ᠬᠢᠮᠡᠯ ᠣᠶᠤᠨ ᠪᠠ ᠮᠠᠰᠢᠨ ᠬᠥᠮᠦᠨ ᠤ ᠤᠷᠤᠯᠳᠤᠭᠠᠨ ᠵᠡᠷᠭᠡ 10 ᠵᠦᠢᠯ ᠤᠨ ᠤᠷᠤᠯᠳᠤᠭᠠᠨ ᠢ 2023 - 2025 ᠰᠤᠷᠤᠯᠭ᠎ᠠ ᠶᠢᠨ ᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠲᠤ ᠬᠠᠨᠳᠤᠭᠤᠯᠤᠨ ᠥᠷᠨᠢᠭᠦᠯᠬᠦ ᠪᠠᠷ ᠪᠠᠶᠢᠭ᠎ᠠ ᠪᠥᠬᠦ ᠣᠷᠣᠨ ᠤ ᠴᠢᠨᠠᠷᠲᠠᠶ ᠤᠷᠤᠯᠳᠤᠭᠠᠨ ᠤ ᠠᠵᠢᠯᠯᠠᠭ᠎ᠠ ︵ᠵᠥᠪᠬᠡᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠨᠢᠭᠡᠴᠢ ᠶᠢᠨ ᠪᠡᠶ᠎ᠡ ᠪᠠᠨ ᠳᠠᠭᠠᠭᠠᠵᠤ ᠮᠡᠳᠡᠭᠦᠯᠦᠭᠰᠡᠨ ᠤᠷᠤᠯᠳᠤᠭᠠᠨ ᠤ ᠠᠵᠢᠯᠯᠠᠭ᠎ᠠ ᠶᠢᠨ ᠨᠡᠷᠡᠰ ᠢ ᠢᠯᠡ ᠨᠡᠶᠢᠲᠡᠯᠡᠵᠦ᠂ ᠤᠯᠤᠰ ᠤᠨ ᠲᠡᠰ ᠤᠨ ᠤᠷᠤᠯᠳᠤᠭᠠᠨ ᠢ ᠳᠠᠭᠠᠭᠠᠨ ᠡᠷᠬᠢᠯᠡᠬᠦ ᠶᠢ ᠵᠢᠩᠬᠢᠨᠢ ᠪᠠᠷ ᠨᠡᠶᠢᠲᠡᠯᠡᠭᠰᠡᠨ ᠤ ᠳᠠᠷᠠᠭ᠎ᠠ ᠬᠠᠮᠲᠤ ᠳᠤ ᠨᠢ ᠨᠡᠶᠢᠲᠡᠯᠡᠨ᠎ᠡ︶᠎ ᠪᠠᠷ ᠳᠣᠭᠲᠠᠭᠠᠵᠤ᠂ 2023 ᠣᠨ ᠤ 8 - 2026 ᠣᠨ ᠤ 8 ᠰᠠᠷ᠎ᠠ ᠶᠢᠨ ᠰᠡᠭᠦᠯᠴᠢ ᠪᠣᠯᠲᠠᠯ᠎ᠠ ᠡᠷᠬᠢᠯᠡᠵᠦ᠂ ᠡᠨᠡ ᠬᠤᠭᠤᠴᠠᠭᠠᠨ ᠳᠤ ᠵᠢᠯ ᠪᠦᠷᠢ ᠨᠢᠭᠡ ᠤᠳᠠᠭ᠎ᠠ ᠠᠴᠠ ᠢᠯᠡᠭᠦᠦ ᠡᠷᠬᠢᠯᠡᠵᠦ ᠪᠣᠯᠬᠤ ᠦᠭᠡᠢ᠂ ᠨᠡᠶᠢᠲᠡ 3 ᠤᠳᠠᠭ᠎ᠠ ᠠᠴᠠ ᠬᠡᠲᠦᠷᠡᠵᠦ ᠪᠣᠯᠬᠤ ᠦᠭᠡᠢ᠃      ᠣᠳᠤ ᠢᠯᠡ ᠨᠡᠶᠢᠲᠡᠯᠡᠶ᠎ᠡ᠂ ᠢᠯᠡ ᠨᠡᠶᠢᠲᠡᠯᠡᠬᠦ ᠬᠤᠭᠤᠴᠠᠭ᠎ᠠ 5 ᠠᠵᠢᠯ ᠤᠨ ᠡᠳᠦᠷ᠂ 2023 ᠣᠨ ᠤ 7 ᠰᠠᠷ᠎ᠠ ᠶᠢᠨ 13 - 7 ᠰᠠᠷ᠎ᠠ ᠶᠢᠨ 19᠎ ᠤ ᠡᠳᠦᠷ ᠪᠣᠯᠤᠨ᠎ᠠ᠃ ᠢᠯᠡ ᠨᠡᠶᠢᠲᠡᠯᠡᠬᠦ ᠬᠤᠭᠤᠴᠠᠭᠠᠨ ᠳᠤ ᠬᠡᠷᠪᠡ ᠰᠠᠨᠠᠯ ᠲᠠᠢ ᠪᠣᠯ ᠪᠢᠴᠢᠭ ᠤᠨ ᠬᠡᠯᠪᠡᠷᠢ ᠪᠠᠷ ᠲᠤᠰᠬᠠᠭᠠᠷᠠᠢ᠃ ᠨᠢᠭᠡᠴᠢ ᠶᠢᠨ ᠨᠡᠷ᠎ᠡ ᠪᠠᠷ ᠲᠤᠰᠬᠠᠪᠠᠯ ᠡᠷᠬᠡᠪᠰᠢ ᠲᠤᠰ ᠨᠢᠭᠡᠴᠢ ᠶᠢᠨ ᠠᠯᠪᠠᠨ ᠲᠠᠮᠠᠭ᠎ᠠ ᠶᠢ ᠳᠠᠷᠤᠭᠤᠯᠵᠤ᠂ ᠬᠤᠪᠢ ᠬᠥᠮᠦᠨ ᠤ ᠨᠡᠷ᠎ᠡ ᠪᠠᠷ ᠳᠤᠰᠬᠠᠪᠠᠯ ᠦᠨᠡᠨ ᠪᠣᠳᠠᠲᠠᠢ ᠤᠪᠤᠭ ᠨᠡᠷ᠎ᠡ᠂ ᠪᠡᠶ᠎ᠡ ᠶᠢᠨ ᠦᠨᠡᠮᠯᠡᠯ ᠤᠨ ᠨᠣᠮᠧᠷ ᠢᠶᠠᠨ ᠪᠢᠴᠢᠨ᠂ ᠬᠠᠷᠢᠯᠴᠠᠬᠤ ᠤᠲᠠᠰᠤ ᠪᠠᠨ ᠲᠣᠳᠣᠷᠬᠠᠢ ᠪᠢᠴᠢᠬᠦ ᠬᠡᠷᠡᠭᠲᠡᠢ᠃ ᠪᠠᠶᠢᠳᠠᠯ ᠢ ᠲᠤᠰᠬᠠᠭᠰᠠᠨ ᠪᠢᠴᠢᠭ ᠤᠨ ᠬᠡᠯᠪᠡᠷᠢ ᠶᠢᠨ ᠰᠠᠨᠠᠯ ᠢ 2023 ᠣᠨ ᠤ 7 ᠳ᠋ᠤᠭᠠᠷ ᠰᠠᠷ᠎ᠠ ᠶᠢᠨ 19᠎ ᠤ ᠡᠳᠦᠷ ᠤᠨ 24 ᠴᠠᠭ ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ︵ᠰᠤᠷᠭᠠᠭᠤᠯᠢ ᠶᠢᠨ ᠭᠠᠳᠠᠨᠠᠬᠢ ᠰᠤᠷᠭᠠᠨ ᠬᠥᠮᠦᠵᠢᠯ ᠤᠨ ᠪᠣᠯᠪᠠᠰᠤᠷᠠᠭᠤᠯᠤᠯ ᠤᠨ ᠬᠢᠨᠠᠯᠲᠠ ᠬᠠᠮᠢᠶᠠᠷᠤᠯᠲᠠ ᠶᠢᠨ ᠭᠠᠵᠠᠷ︶᠎ ᠳᠤ ᠵᠠᠬᠢᠳᠠᠯ ᠢᠶᠠᠷ ᠢᠯᠡᠭᠡᠬᠦ ᠪᠤᠶᠤ ᠡᠰᠡᠬᠦᠯ᠎ᠡ ᠢᠮᠧᠯ ᠤᠨ ᠬᠡᠯᠪᠡᠷᠢ ᠪᠠᠷ ᠰᠤᠷᠭᠠᠭᠤᠯᠢ ᠶᠢᠨ ᠭᠠᠳᠠᠨᠠᠬᠢ ᠰᠤᠷᠭᠠᠨ ᠬᠥᠮᠦᠵᠢᠯ ᠤᠨ ᠪᠣᠯᠪᠠᠰᠤᠷᠠᠭᠤᠯᠤᠯ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠲᠤ ᠢᠯᠡᠭᠡᠭᠡᠷᠡᠢ᠂ ᠬᠤᠭᠤᠴᠠᠭ᠎ᠠ ᠬᠡᠲᠦᠷᠡᠭᠰᠡᠨ ᠵᠢᠴᠢ ᠨᠡᠷ᠎ᠡ ᠪᠤᠷᠤᠭᠤᠯᠠᠭᠰᠠᠨ ᠲᠤᠰᠬᠠᠯ ᠢ ᠭᠥᠯᠢᠶᠡᠨ ᠠᠪᠴᠤ ᠰᠢᠢᠳᠪᠦᠷᠢᠯᠡᠬᠦ ᠥᠬᠡᠶ᠃      ᠬᠠᠶ᠋ᠢᠭ᠄ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠳ᠋ᠢᠩ ᠰᠢᠶᠠᠩ ᠵᠠᠮ ᠤᠨ 5 ᠳ᠋ᠤᠭᠠᠷ ᠨᠣᠮᠧᠷ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠰᠤᠷᠭᠠᠭᠤᠯᠢ ᠶᠢᠨ ᠭᠠᠳᠠᠨᠠᠬᠢ ᠰᠤᠷᠭᠠᠨ ᠬᠥᠮᠦᠵᠢᠯ ᠤᠨ ᠪᠣᠯᠪᠠᠰᠤᠷᠠᠭᠤᠯᠤᠯ ᠤᠨ ᠬᠢᠨᠠᠯᠲᠠ ᠬᠠᠮᠢᠶᠠᠷᠤᠯᠲᠠ ᠶᠢᠨ ᠭᠠᠵᠠᠷ︔ ᠰᠢᠤᠳᠠᠨ ᠨᠣᠮᠧᠷ᠄ 010011︔ ᠬᠠᠷᠢᠯᠴᠠᠬᠤ ᠤᠲᠠᠰᠤ᠄ 0471 - 2856616︔ ᠢᠮᠧᠯ᠄ 48941254@qq.com      ᠳᠠᠭᠠᠯᠳᠤᠭᠤᠯᠤᠯ᠄ 2023-2025 ᠰᠤᠷᠤᠯᠭ᠎ᠠ ᠶᠢᠨ ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠲᠤ ᠬᠠᠨᠳᠤᠭᠤᠯᠤᠭᠰᠠᠨ ᠪᠥᠬᠦ ᠣᠷᠣᠨ ᠤ ᠴᠢᠨᠠᠷᠲᠠᠶ ᠤᠷᠤᠯᠳᠤᠭᠠᠨ ᠤ ᠠᠵᠢᠯᠯᠠᠭ᠎ᠠ ᠶᠢᠨ ᠪᠠᠲᠤᠯᠠᠬᠤ ᠪᠠᠷ ᠪᠠᠶᠢᠭ᠎ᠠ ᠨᠡᠷᠡᠰ        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ              2023 ᠣᠨ ᠤ 7 ᠳ᠋ᠤᠭᠠᠷ ᠰᠠᠷ᠎ᠠ ᠶᠢᠨ 12᠎ ᠤᠨ ᠡᠳᠦᠷᠳᠠᠭᠠᠯᠳᠤᠭᠤᠯᠤᠯ 1᠄ 2023-2025 ᠰᠤᠷᠤᠯᠭ᠎ᠠ ᠶᠢᠨ ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠲᠤ ᠬᠠᠨᠳᠤᠭᠤᠯᠤᠭᠰᠠᠨ ᠪᠥᠬᠦ ᠣᠷᠣᠨ ᠤ ᠴᠢᠨᠠᠷᠲᠠᠶ ᠤᠷᠤᠯᠳᠤᠭᠠᠨ ᠤ ᠠᠵᠢᠯᠯᠠᠭ᠎ᠠ ᠶᠢᠨ ᠪᠠᠲᠤᠯᠠᠬᠤ ᠪᠠᠷ ᠪᠠᠶᠢᠭ᠎ᠠ ᠨᠡᠷᠡᠰ . docx
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号