| ᠥᠪᠥᠷ ᠰᠤᠷᠭᠠᠨ ᠲᠠᠮᠢᠷ ᠤᠷᠠᠯᠢᠭ ᠪᠢᠴᠢᠭ ﹇2023﹈ 81 ᠳ᠋ᠦ᠋ᠭᠡᠷ ᠲᠣᠭᠠᠲᠤ | | | ᠡᠯ᠎ᠡ ᠠᠶᠢᠮᠠᠭ ᠬᠤᠲᠠ ᠶᠢᠨ ᠰᠤᠷᠭᠠᠨ ᠬᠥᠮᠦᠵᠢᠯ ︵ᠰᠤᠷᠭᠠᠨ ᠬᠥᠮᠦᠵᠢᠯ ᠪᠡᠶ᠎ᠡ ᠶᠢᠨ ᠲᠠᠮᠢᠷ︶ ᠤᠨ ᠲᠣᠪᠴᠢᠶ᠎ᠠ ᠳᠤ᠄ | ᠥᠪᠡᠷᠲᠡᠭᠡᠨ ᠵᠠᠰᠠᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠳᠠᠭᠤᠤ ᠬᠥᠭᠵᠢᠮ᠂ ᠪᠥᠵᠢᠭ᠂ | ᠤᠷᠠᠨ ᠪᠢᠴᠢᠯᠭᠡ ︵ᠤᠷᠠᠨ ᠵᠢᠷᠤᠭ︶ ᠵᠡᠷᠭᠡ ᠲᠤᠰᠬᠠᠶ ᠮᠡᠷᠭᠡᠵᠢᠯ ᠤᠨ ᠭᠤᠸ᠎ᠠ ᠰᠠᠶᠢᠬᠠᠨ ᠤ ᠬᠥᠮᠦᠵᠢᠯ ᠤᠨ ᠪᠠᠭᠰᠢ ᠶᠢᠨ | ᠬᠡᠪ ᠪᠣᠯᠪᠠᠰᠤᠷᠠᠯ ᠪᠠ ᠵᠢᠭᠠᠨ ᠰᠤᠷᠭᠠᠯᠲᠠ ᠶᠢᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠭᠤᠸ᠎ᠠ | ᠰᠠᠶᠢᠬᠠᠨ ᠤ ᠬᠥᠮᠦᠵᠢᠯ ᠤᠨ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠠᠬᠢᠭᠤᠯᠬᠤ ᠶᠢᠨ ᠲᠥᠯᠦᠭᠡ᠂ | ᠰᠤᠳᠤᠯᠬᠤ ᠪᠠᠷ ᠳᠡᠮᠵᠢᠨ᠂ 2023 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠤᠮᠳᠠᠳᠤ | ᠪᠠᠭ᠎ᠠ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠭᠤᠤᠯᠯᠠᠭᠴᠢ ᠪᠠᠭᠰᠢ ᠶᠢᠨ ᠲᠤᠰᠬᠠᠶ | ᠪᠣᠯᠪᠠᠰᠤᠷᠠᠭᠤᠯᠤᠯ ᠵᠢᠴᠢ ᠵᠢᠭᠠᠨ ᠰᠤᠷᠭᠠᠯᠲᠠ ᠶᠢᠨ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠬᠦ ᠪᠠᠷ ᠲᠣᠭᠲᠠᠪᠠ᠂ | ᠡᠳᠦᠭᠡ ᠪᠣᠳᠠᠲᠠᠶ ᠵᠦᠢᠯ ᠢ ᠳᠤᠤᠷᠠᠬᠢ ᠮᠡᠲᠦ ᠮᠡᠳᠡᠭᠳᠡᠪᠡ᠄ | ᠨᠢᠭᠡ᠂ ᠪᠣᠯᠪᠠᠰᠤᠷᠠᠭᠤᠯᠬᠤ ᠬᠠᠷᠠᠯᠲᠠ | ᠶᠡᠷᠦᠩᠬᠡᠶ ᠱᠦᠵᠢ ᠰᠢ ᠶᠢᠨ ᠫᠢᠩ ᠤᠨ ᠰᠤᠷᠭᠠᠨ ᠬᠥᠮᠦᠵᠢᠯ ᠤᠨ ᠲᠤᠬᠠᠶ ᠴᠢᠬᠤᠯᠠ ᠥᠭᠦᠯᠡᠯᠲᠡ ᠶᠢ | ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠣᠨᠣᠯ ᠤᠨ ᠰᠤᠷᠤᠯᠴᠠᠯᠭ᠎ᠠ ᠪᠣᠯᠤᠨ ᠠᠬᠤᠢ ᠲᠠᠯᠠᠪᠠᠶ ᠶᠢᠨ ᠵᠢᠭᠠᠨ | ᠰᠤᠷᠭᠠᠯᠲᠠ ᠵᠡᠷᠭᠡ ᠭᠤᠭᠴᠤᠭ᠎ᠠ ᠪᠠᠷ ᠳᠠᠮᠵᠢᠭᠤᠯᠤᠨ᠂ ᠳᠤᠮᠳᠠᠳᠤ ᠪᠠᠭ᠎ᠠ ᠰᠤᠷᠭᠠᠭᠤᠯᠢ ᠶᠢᠨ ᠭᠤᠸ᠎ᠠ ᠰᠠᠶᠢᠬᠠᠨ ᠤ | ᠬᠥᠮᠦᠵᠢᠯ ᠤᠨ ᠪᠠᠭᠰᠢ ᠶᠢᠨ ᠰᠤᠷᠭᠠᠨ ᠬᠥᠮᠦᠵᠢᠯ ᠤᠨ ᠣᠨᠣᠯᠵᠢᠬᠤᠨ ᠢ ᠤᠯᠠᠮ ᠨᠢᠭᠡ ᠠᠯᠬᠤᠮ ᠰᠢᠨᠡᠳᠬᠡᠵᠦ᠂ | ᠰᠤᠷᠭᠠᠨ ᠬᠥᠮᠦᠵᠢᠯ ᠤᠨ ᠬᠠᠷᠠᠭᠠᠰᠤ ᠶᠢ ᠥᠷᠭᠡᠳᠬᠡᠨ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠬᠢᠷᠢ | ᠲᠦᠪᠰᠢᠨ ᠪᠠ ᠬᠡᠪ ᠴᠢᠨᠠᠷ ᠤᠨ ᠬᠥᠮᠦᠵᠢᠯ ᠢ ᠬᠡᠷᠡᠭᠵᠢᠭᠦᠯᠬᠦ ᠴᠢᠳᠠᠪᠤᠷᠢ ᠶᠢ ᠳᠡᠭᠡᠭᠰᠢᠯᠡᠭᠦᠯᠵᠦ᠂ ᠪᠠᠭᠰᠢ ᠶᠢᠨ | ᠲᠤᠰᠬᠠᠶᠢᠵᠢᠭᠰᠠᠨ ᠬᠥᠭᠵᠢᠯᠲᠡ ᠶᠢ ᠠᠬᠢᠭᠤᠯᠤᠨ᠂ ᠬᠡᠪ ᠴᠢᠨᠠᠷ ᠡᠷᠡᠰ ᠴᠢᠩᠭ᠎ᠠ᠂ ᠵᠠᠩ ᠮᠣᠷᠠᠯ ᠡᠷᠬᠢᠮ ᠳᠡᠭᠡᠳᠦ᠂ | ᠲᠤᠬᠠᠶᠢᠯᠠᠭᠰᠠᠨ ᠠᠵᠢᠯ ᠳᠤ ᠪᠠᠨ ᠴᠠᠭᠠᠷᠠᠭᠰᠠᠨ᠂ ᠵᠢᠭᠠᠬᠤ ᠠᠷᠭ᠎ᠠ ᠳᠡᠮ ᠲᠠᠢ ᠨᠢᠭᠡ ᠪᠦᠯᠦᠭ ᠳᠤᠮᠳᠠᠳᠤ ᠪᠠᠭ᠎ᠠ | ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠭᠤᠤᠯᠯᠠᠭᠴᠢ ᠪᠠᠭᠰᠢ ᠶᠢ ᠬᠥᠮᠦᠵᠢᠭᠦᠯᠦᠨ᠎ᠡ᠃ | ᠬᠤᠶᠠᠷ᠂ ᠪᠣᠯᠪᠠᠰᠤᠷᠠᠭᠤᠯᠤᠯ ᠳᠤ ᠣᠷᠣᠯᠴᠠᠬᠤ ᠡᠲᠡᠭᠡᠳ ᠪᠣᠯᠤᠨ ᠨᠥᠬᠦᠴᠡᠯ | ︵ᠨᠢᠭᠡ︶ ᠪᠣᠯᠪᠠᠰᠤᠷᠠᠭᠤᠯᠤᠯ ᠳᠤ ᠣᠷᠣᠯᠴᠠᠬᠤ ᠡᠲᠡᠭᠡᠳ᠄ ᠪᠦᠬᠦ ᠣᠷᠣᠨ ᠤ ᠡᠯ᠎ᠡ ᠱᠠᠲᠤᠨ ᠤ ᠡᠯ᠎ᠡ | ᠲᠥᠷᠥᠯ ᠤᠨ ᠳᠤᠮᠳᠠᠳᠤ ᠪᠠᠭ᠎ᠠ ᠰᠤᠷᠭᠠᠭᠤᠯᠢ ᠶᠢᠨ ᠣᠷᠣᠨ ᠲᠤᠭ᠎ᠠ ᠲᠠᠢ ᠠᠵᠢᠯ ᠤᠨ ᠪᠠᠶᠢᠷᠢ ᠳᠤ ᠪᠠᠶᠢᠭ᠎ᠠ᠂ 45 | ᠪᠦᠬᠦᠯᠢ ᠨᠠᠰᠤᠨ ᠠᠴᠠ ᠳᠣᠷᠣᠭᠰᠢᠬᠢ ᠳᠠᠭᠤᠤ ᠬᠥᠭᠵᠢᠮ᠂ ᠪᠥᠵᠢᠭ᠂ ᠤᠷᠠᠨ ᠪᠢᠴᠢᠯᠭᠡ ︵ᠤᠷᠠᠨ ᠵᠢᠷᠤᠭ︶ ᠶᠢᠨ | ᠬᠢᠴᠢᠶᠡᠯ ᠲᠥᠷᠥᠯ ᠤᠨ ᠭᠤᠣᠯᠯᠠᠭᠴᠢ ᠪᠠᠭᠰᠢ᠂ ᠵᠠᠷᠴᠢᠮ ᠳᠡᠭᠡᠷ᠎ᠡ ᠪᠠᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠱᠠᠲᠤᠨ ᠤ ᠪᠠᠭᠰᠢ ᠪᠣᠯᠤᠨ ᠵᠢᠭᠠᠬᠤ ᠶᠢ ᠰᠤᠳᠤᠯᠤᠭᠴᠢ ᠪᠠᠶᠢᠵᠤ᠂ ᠣᠷᠣᠨ ᠲᠤᠭ᠎ᠠ ᠶᠢ ᠳᠠᠭᠠᠯᠳᠤᠭᠤᠯᠤᠯ 1 ᠳᠤ | ᠦᠵᠡᠭᠡᠷᠡᠢ᠃ | ︵ᠬᠤᠶᠠᠷ︶ ᠰᠤᠷᠤᠯᠭᠠᠲᠠᠨ ᠢ ᠪᠠᠲᠤᠯᠠᠨ ᠲᠠᠨᠢᠯᠴᠠᠭᠤᠯᠬᠤ ᠨᠥᠬᠦᠴᠡᠯ᠄ ᠪᠠᠲᠤ ᠴᠢᠩᠭ᠎ᠠ ᠤᠯᠤᠰ ᠲᠥᠷᠥ ᠶᠢᠨ | ᠵᠣᠭᠰᠣᠯᠲᠠ ᠪᠣᠯᠤᠨ ᠨᠡᠯᠢᠶᠡᠳ ᠥᠨᠳᠥᠷ ᠡᠷᠬᠢᠯᠡᠭᠰᠡᠨ ᠠᠵᠢᠯ ᠤᠨ ᠮᠣᠷᠠᠯ ᠤᠨ ᠬᠡᠪ ᠪᠣᠯᠪᠠᠰᠤᠷᠠᠯ ᠲᠠᠢ᠂ ᠰᠤᠷᠭᠠᠨ | ᠬᠥᠮᠦᠵᠢᠯ ᠤᠨ ᠦᠢᠯᠡᠰ ᠲᠤ ᠬᠠᠶᠢᠷᠠᠲᠠᠶ᠂ ᠬᠤᠪᠢ ᠨᠡᠮᠡᠷᠢ ᠦᠵᠡᠭᠦᠯᠬᠦ ᠵᠣᠷᠢᠭ ᠰᠠᠨᠠᠭ᠎ᠠ ᠲᠠᠢ ᠪᠠᠶᠢᠬᠤ ᠬᠡᠷᠡᠭᠲᠡᠶ᠃ | ᠳᠠᠭᠤᠤ ᠬᠥᠭᠵᠢᠮ ᠤᠨ ᠪᠠᠭᠰᠢ ᠰᠠᠶᠢᠨ ᠰᠠᠶᠢᠬᠠᠨ ᠳᠠᠭᠤᠤ ᠬᠥᠭᠵᠢᠮ ᠤᠨ ᠲᠤᠰᠬᠠᠶ ᠮᠡᠷᠭᠡᠵᠢᠯ ᠤᠨ ᠬᠡᠪ ᠪᠣᠯᠪᠠᠰᠤᠷᠠᠯ | ᠪᠠ ᠳᠠᠭᠤᠯᠠᠬᠤ ᠪᠤᠶᠤ ᠬᠥᠭᠵᠢᠮᠳᠡᠬᠦ ᠴᠢᠳᠠᠪᠤᠷᠢ ᠲᠠᠢ ᠪᠠᠶᠢᠬᠤ ᠬᠡᠷᠡᠭᠲᠡᠶ︔ ᠪᠥᠵᠢᠭ ᠤᠨ ᠪᠠᠭᠰᠢ ᠵᠣᠬᠢᠬᠤ ᠬᠡᠮᠵᠢᠶᠡᠨ ᠤ | ᠪᠦᠵᠢᠭᠯᠡᠬᠦ ᠠᠪᠢᠶᠠᠰ ᠪᠠ ᠵᠣᠬᠢᠶᠠᠨ ᠪᠦᠲᠦᠭᠡᠬᠦ ᠴᠢᠳᠠᠪᠤᠷᠢ ᠶᠢ ᠪᠦᠷᠢᠯᠳᠦᠭᠦᠯᠬᠦ ᠬᠡᠷᠡᠭᠲᠡᠶ︔ ᠤᠷᠠᠨ ᠪᠢᠴᠢᠯᠭᠡ ︵ᠤᠷᠠᠨ | ᠵᠢᠷᠤᠭ︶ ᠶᠢᠨ ᠪᠠᠭᠰᠢ ᠤᠷᠠᠨ ᠪᠢᠴᠢᠯᠭᠡ ᠶᠢᠨ ᠦᠨᠳᠦᠰᠦᠨ ᠴᠢᠳᠠᠪᠤᠷᠢ ᠶᠢ ᠪᠦᠷᠢᠯᠳᠦᠭᠦᠯᠵᠦ᠂ ᠤᠷᠠᠨ ᠪᠢᠴᠢᠯᠭᠡ ᠶᠢᠨ | ᠵᠢᠭᠠᠨ ᠰᠤᠷᠭᠠᠯᠲᠠ ᠶᠢᠨ ᠦᠨᠳᠦᠰᠦᠨ ᠶᠡᠷᠦ ᠶᠢᠨ ᠮᠡᠳᠡᠯᠭᠡ ᠶᠢ ᠣᠶᠢᠯᠠᠭᠠᠵᠤ᠂ ᠤᠷᠠᠨ ᠪᠢᠴᠢᠯᠭᠡ ᠶᠢᠨ ᠳᠠᠭᠤᠷᠢᠶᠠᠨ | ᠵᠢᠷᠤᠬᠤ ᠪᠠ ᠵᠣᠬᠢᠶᠠᠨ ᠪᠦᠲᠦᠭᠡᠬᠦ ᠦᠨᠳᠦᠰᠦᠨ ᠠᠷᠭ᠎ᠠ ᠶᠢ ᠣᠶᠢᠯᠠᠭᠠᠬᠤ ᠬᠡᠷᠡᠭᠲᠡᠶ︔ ᠤᠷᠠᠨ ᠵᠢᠷᠤᠭ ᠤᠨ ᠪᠠᠭᠰᠢ | ᠰᠠᠶᠢᠨ ᠰᠠᠶᠢᠬᠠᠨ ᠤᠷᠠᠨ ᠵᠢᠷᠤᠭ ᠤᠨ ᠲᠤᠰᠬᠠᠶ ᠮᠡᠷᠭᠡᠵᠢᠯ ᠤᠨ ᠬᠡᠪ ᠪᠣᠯᠪᠠᠰᠤᠷᠠᠯ᠂ ᠳᠦᠷᠰᠦ ᠪᠥᠲᠦᠭᠡᠬᠦ ᠦᠨᠳᠦᠰᠦᠨ | ᠰᠠᠭᠤᠷᠢ ᠵᠢᠴᠢ ᠵᠢᠭᠠᠨ ᠰᠤᠷᠭᠠᠯᠲᠠ ᠶᠢᠨ ᠰᠤᠳᠤᠯᠭᠠᠨ ᠤ ᠴᠢᠳᠠᠪᠤᠷᠢ ᠶᠢ ᠪᠦᠷᠢᠯᠳᠦᠭᠦᠯᠬᠦ ᠶᠢᠨ ᠬᠠᠮᠲᠤ ᠨᠡᠯᠢᠶᠡᠳ | ᠰᠠᠶᠢᠨ ᠤᠷᠠᠨ ᠵᠢᠷᠤᠭ ᠤᠨ ᠬᠢᠴᠢᠶᠡᠯ ᠤᠨ ᠵᠢᠭᠠᠨ ᠰᠤᠷᠭᠠᠯᠲᠠ ᠶᠢᠨ ᠬᠢᠷᠢ ᠲᠦᠪᠰᠢᠨ ᠢ ᠪᠦᠷᠢᠯᠳᠦᠭᠦᠯᠬᠦ ᠬᠡᠷᠡᠭᠲᠡᠶ᠃ | ︵ᠭᠤᠷᠪᠠ︶ ᠪᠠᠲᠤᠯᠠᠨ ᠲᠠᠨᠢᠯᠴᠠᠭᠤᠯᠤᠭᠰᠠᠨ ᠪᠣᠯᠪᠠᠰᠤᠷᠠᠭᠤᠯᠤᠯ ᠳᠤ ᠣᠷᠤᠯᠴᠠᠬᠤ ᠰᠤᠷᠤᠯᠭᠠᠲᠠᠨ ᠲᠤᠰ | ᠰᠤᠷᠭᠠᠭᠤᠯᠢ᠂ ᠲᠤᠰ ᠭᠠᠵᠠᠷ ᠣᠷᠣᠨ ᠤ ᠪᠠᠨ ᠭᠤᠸ᠎ᠠ ᠰᠠᠶᠢᠬᠠᠨ ᠤ ᠬᠥᠮᠦᠵᠢᠯ ᠤᠨ ᠵᠢᠭᠠᠨ ᠰᠤᠷᠭᠠᠯᠲᠠ ᠶᠢᠨ | ᠦᠢᠯᠡᠳᠦᠯᠭᠡ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠬᠤ ᠠᠵᠢᠯ ᠢ ᠰᠠᠶᠢᠨ ᠳᠤᠷ᠎ᠠ ᠠᠴᠠ ᠪᠠᠨ ᠡᠭᠦᠷᠭᠡᠯᠡᠬᠦ ᠬᠡᠷᠡᠭᠲᠡᠶ | ᠪᠥᠭᠡᠳ ᠲᠤᠬᠠᠶ ᠶᠢᠨ ᠭᠠᠵᠠᠷ ᠤᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠠᠢ ᠬᠠᠮᠵᠢᠯᠴᠠᠨ | ᠬᠡᠯᠪᠡᠷᠢ ᠮᠠᠶ᠋ᠢᠭ ᠣᠯᠠᠨ ᠶᠠᠩᠵᠤ ᠶᠢᠨ᠂ ᠥᠷᠭᠡᠨ ᠳᠡᠯᠭᠡᠷ ᠣᠷᠣᠯᠴᠠᠳᠠᠭ ᠰᠤᠷᠤᠭᠴᠢᠳ ᠤᠨ ᠭᠤᠸ᠎ᠠ ᠰᠠᠶᠢᠬᠠᠨ ᠤ | ᠬᠥᠮᠦᠵᠢᠯ ᠤᠨ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠵᠦ᠂ ᠵᠣᠬᠢᠶᠠᠨ ᠪᠠᠶᠢᠭᠤᠯᠤᠨ ᠵᠣᠬᠢᠴᠠᠭᠤᠯᠬᠤ | ᠦᠢᠯᠡᠳᠦᠯ ᠢᠶᠠᠨ ᠪᠠᠳᠠᠷᠠᠭᠤᠯᠬᠤ ᠶᠢᠨ ᠬᠠᠮᠲᠤ ᠭᠤᠸ᠎ᠠ ᠰᠠᠶᠢᠬᠠᠨ ᠤ ᠬᠥᠮᠦᠵᠢᠯ ᠤᠨ ᠦᠢᠯᠡᠳᠦᠯᠭᠡ ᠶᠢᠨ ᠰᠢᠯᠢᠳᠡᠭ | ᠦᠷ᠎ᠡ ᠪᠦᠲᠦᠭᠡᠯ ᠢ ᠳᠡᠯᠭᠡᠷᠡᠭᠦᠯᠦᠨ ᠤᠬᠠᠭᠤᠯᠤᠨ᠎ᠠ᠃ | ᠭᠤᠷᠪᠠ᠂ ᠪᠣᠯᠪᠠᠰᠤᠷᠠᠭᠤᠯᠬᠤ ᠠᠭᠤᠯᠭ᠎ᠠ ᠪᠣᠯᠤᠨ ᠬᠡᠯᠪᠡᠷᠢ | ︵ᠨᠢᠭᠡ︶ ᠪᠣᠯᠪᠠᠰᠤᠷᠠᠭᠤᠯᠬᠤ ᠠᠭᠤᠯᠭ᠎ᠠ | 1. ᠳᠠᠭᠤᠤ ᠬᠥᠭᠵᠢᠮ᠂ ᠪᠥᠵᠢᠭ | ︽ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠤᠷᠠᠯᠢᠭ ᠤᠨ ᠬᠢᠴᠢᠶᠡᠯ ᠤᠨ ᠪᠠᠷᠢᠮᠵᠢᠶ᠎ᠠ ︵2022︶︾ | ᠲᠠᠢ ᠨᠢᠭᠲᠠ ᠤᠶᠠᠯᠳᠤᠭᠤᠯᠤᠨ᠂ ︽ᠵᠢᠭᠠᠨ ᠰᠤᠷᠭᠠᠯᠲᠠ ᠶᠢᠨ ᠦᠨᠳᠦᠰᠦᠨ ᠪᠣᠯᠪᠠᠰᠤᠷᠠᠯ︾ ᠪᠠ ︽ᠰᠤᠷᠭᠠᠨ | ᠬᠥᠮᠦᠵᠢᠯ ᠵᠢᠭᠠᠨ ᠰᠤᠷᠭᠠᠯᠲᠠ ᠶᠢᠨ ᠤᠨᠤᠯ ᠪᠣᠯᠤᠨ ᠦᠢᠯᠡᠳᠦᠯᠭᠡ︾ ᠭᠡᠬᠦ ᠬᠤᠶᠠᠷ ᠶᠡᠭᠡ ᠬᠡᠰᠡᠭ ᠲᠤ ᠬᠤᠪᠢᠶᠠᠨ᠎ᠠ᠂ | ᠡᠭᠦᠨ ᠳᠤ ᠳᠠᠭᠤᠤ ᠬᠥᠭᠵᠢᠮ ᠤᠨ ᠬᠢᠴᠢᠶᠡᠯ ᠳᠤ ᠨᠠᠶᠢᠷᠠᠯ ᠳᠠᠭᠤᠤ ᠶᠢᠨ ᠤᠳᠤᠷᠢᠳᠤᠭᠠᠴᠢ᠂ ᠲᠡᠭᠦᠯᠳᠡᠷ ᠬᠤᠭᠤᠷ ᠢᠶᠠᠷ | ᠪᠡᠯᠡᠨ ᠬᠠᠪᠰᠤᠷᠤᠨ ᠬᠥᠭᠵᠢᠮᠳᠡᠬᠦ᠂ ᠪᠠᠭ᠎ᠠ ᠬᠥᠭᠵᠢᠮ ᠤᠨ ᠠᠩᠬᠢ ᠶᠢ ᠪᠠᠶᠢᠭᠤᠯᠤᠨ ᠵᠣᠬᠢᠴᠠᠭᠤᠯᠬᠤ᠂ ᠲᠠᠶᠢᠰᠠᠨ ᠤ | ᠤᠷᠠᠯᠢᠭ ᠤᠨ ᠦᠢᠯᠡᠳᠦᠯᠭᠡ᠂ ᠰᠢᠯᠢᠳᠡᠭ ᠬᠢᠴᠢᠶᠡᠯ ᠤᠨ ᠠᠬᠤᠢ ᠲᠠᠯᠠᠪᠠᠢ ᠶᠢᠨ ᠦᠵᠡᠭᠦᠯᠭᠡ᠂ ᠳᠤᠮᠳᠠᠳᠤ ᠪᠠᠭ᠎ᠠ | ᠰᠤᠷᠭᠠᠭᠤᠯᠢ ᠶᠢᠨ ᠳᠠᠭᠤᠤ ᠬᠥᠭᠵᠢᠮ ᠵᠢᠭᠠᠬᠤ ᠠᠷᠭ᠎ᠠ ᠵᠡᠷᠭᠡ ᠶᠢ ᠪᠠᠭᠲᠠᠭᠠᠨ᠎ᠠ︔ ᠪᠥᠵᠢᠭ ᠤᠨ ᠬᠢᠴᠢᠶᠡᠯ ᠳᠤ | ᠪᠥᠵᠢᠭ ᠤᠨ ᠦᠨᠳᠦᠰᠦᠨ ᠴᠢᠳᠠᠪᠤᠷᠢ ᠶᠢᠨ ᠪᠣᠯᠪᠠᠰᠤᠷᠠᠯ᠂ ᠪᠠᠭᠠᠴᠤᠳ ᠬᠡᠦᠬᠡᠳ ᠤᠨ ᠪᠥᠵᠢᠭ ᠢ ᠨᠠᠶᠢᠷᠠᠭᠤᠯᠤᠨ | ᠵᠣᠬᠢᠶᠠᠬᠤ᠂ ᠦᠨᠳᠦᠰᠦᠲᠡᠨ ᠤ ᠪᠥᠵᠢᠭ ᠢ ᠰᠣᠨᠢᠷᠬᠠᠬᠤ ᠪᠠ ᠵᠢᠭᠠᠬᠤ ᠶᠢ ᠪᠠᠭᠲᠠᠭᠠᠵᠤ᠂ ᠪᠣᠳᠠᠲᠠᠢ ᠬᠢᠴᠢᠶᠡᠯ ᠤᠨ | ᠪᠠᠶᠢᠷᠢᠯᠠᠭᠤᠯᠤᠯᠲᠠ ᠶᠢ ᠳᠠᠭᠠᠯᠳᠤᠭᠤᠯᠤᠯ 2 ᠲᠤ ᠦᠵᠡᠭᠡᠷᠡᠢ᠃ | 2 . ᠤᠷᠠᠨ ᠪᠢᠴᠢᠯᠭᠡ ︵ᠤᠷᠠᠨ ᠵᠢᠷᠤᠭ︶ | ︽ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠤᠷᠠᠯᠢᠭ ᠤᠨ ᠬᠢᠴᠢᠶᠡᠯ ᠤᠨ ᠪᠠᠷᠢᠮᠵᠢᠶ᠎ᠠ ︵2022︶︾ | ᠲᠠᠢ ᠨᠢᠭᠲᠠ ᠤᠶᠠᠯᠳᠤᠭᠤᠯᠤᠨ᠂ ︽ᠵᠢᠭᠠᠨ ᠰᠤᠷᠭᠠᠯᠲᠠ ᠶᠢᠨ ᠣᠨᠣᠯ︾ ᠪᠠ ︽ᠵᠢᠭᠠᠨ ᠰᠤᠷᠭᠠᠯᠲᠠ ᠶᠢᠨ | ᠦᠢᠯᠡᠳᠦᠯᠭᠡ︾ ᠭᠡᠵᠦ ᠬᠤᠶᠠᠷ ᠶᠡᠭᠡ ᠬᠡᠰᠡᠭ ᠬᠤᠪᠢᠶᠠᠵᠤ᠂ ᠬᠢᠴᠢᠶᠡᠯᠯᠡᠬᠦ ᠠᠭᠤᠯᠭ᠎ᠠ ᠳᠤ ᠰᠤᠷᠭᠠᠨ ᠬᠥᠮᠦᠵᠢᠯ ᠤᠨ | ᠲᠥᠷᠥ ᠶᠢᠨ ᠪᠣᠳᠣᠯᠭ᠎ᠠ ᠶᠢᠨ ᠲᠠᠶᠢᠯᠤᠮᠵᠢ᠂ ᠣᠷᠣᠨ ᠨᠤᠲᠤᠭ ᠤᠨ ᠰᠣᠶᠣᠯ ᠢ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠱᠠᠲᠤᠨ ᠤ ᠭᠤᠸ᠎ᠠ ᠰᠠᠶᠢᠬᠠᠨ ᠤ ᠬᠥᠮᠦᠵᠢᠯ ᠤᠨ ᠲᠤᠷᠰᠢᠯᠲᠠ ᠶᠢᠨ ᠰᠤᠳᠤᠯᠭᠠᠨ ᠳᠤ ᠠᠭᠤᠰᠬᠠᠬᠤ᠂ | ᠤᠷᠠᠨ ᠪᠢᠴᠢᠯᠭᠡ ᠶᠢᠨ ᠰᠠᠭᠤᠷᠢ ᠣᠨᠣᠯ ᠪᠠ ᠤᠷ᠎ᠠ ᠮᠡᠷᠭᠡᠵᠢᠯ᠂ ᠰᠢᠯᠢᠳᠡᠭ ᠵᠢᠭᠠᠨ ᠰᠤᠷᠭᠠᠯᠲᠠ ᠶᠢᠨ ᠬᠡᠷᠡᠭ ᠤᠨ | ᠵᠢᠱᠢᠶ᠎ᠡ ᠶᠢ ᠬᠤᠪᠢᠶᠠᠯᠴᠠᠨ ᠡᠳ᠋ᠯᠡᠬᠦ ᠵᠡᠷᠭᠡ ᠶᠢ ᠪᠠᠭᠲᠠᠭᠠᠨ᠎ᠠ᠂ ᠪᠣᠳᠠᠲᠠᠶ ᠬᠢᠴᠢᠶᠡᠯ ᠤᠨ ᠲᠣᠬᠢᠷᠠᠭᠤᠯᠤᠯᠲᠠ ᠶᠢ | ᠳᠠᠭᠠᠯᠳᠤᠭᠤᠯᠤᠯ 3 ᠳᠤ ᠦᠵᠡᠭᠡᠷᠡᠢ᠃ ᠪᠣᠯᠪᠠᠰᠤᠷᠠᠭᠤᠯᠤᠯ ᠤᠨ ᠬᠢᠴᠢᠶᠡᠯ ᠣᠷᠣᠬᠤ ᠬᠤᠭᠤᠴᠠᠭᠠᠨ ᠳᠤ ᠬᠡᠷᠡᠭᠰᠡᠬᠦ | ᠪᠢᠴᠢᠬᠦ᠂ ᠵᠢᠷᠤᠬᠤ ᠬᠡᠷᠡᠭᠰᠡᠯ ᠢ ᠳᠠᠭᠠᠭᠠᠴᠢᠯᠠᠨ ᠡᠷᠬᠢᠯᠡᠬᠦ ᠲᠠᠯ᠎ᠠ ᠠᠴᠠ ᠨᠢᠭᠡᠳᠦᠯᠲᠡᠶ ᠬᠠᠩᠭᠠᠵᠤ᠂ ᠬᠢᠴᠢᠶᠡᠯ ᠤᠨ | ᠭᠠᠳᠠᠨᠠᠬᠢ ᠬᠤᠭᠤᠴᠠᠭᠠᠨ ᠳᠤ ᠪᠣᠯᠪᠠᠰᠤᠷᠠᠭᠤᠯᠤᠯ ᠳᠤ ᠣᠷᠣᠯᠴᠠᠬᠤ ᠪᠠᠭᠰᠢ ᠨᠠᠷ ᠬᠡᠷᠪᠡ ᠵᠣᠬᠢᠶᠠᠨ ᠪᠦᠲᠦᠭᠡᠬᠦ | ᠦᠢᠯᠡᠳᠦᠯᠭᠡ ᠬᠢᠬᠦ ᠴᠢᠬᠤᠯᠠᠲᠠᠶ ᠪᠣᠯ ᠬᠠᠮᠢᠶ᠎ᠠ ᠪᠥᠬᠦᠶ ᠬᠡᠷᠡᠭᠰᠡᠯ ᠢ ᠥᠪᠡᠰᠦᠪᠡᠨ ᠪᠡᠯᠡᠳᠭᠡᠨ᠎ᠡ᠃ | ︵ᠬᠤᠶᠠᠷ︶ ᠪᠣᠯᠪᠠᠰᠤᠷᠠᠭᠤᠯᠬᠤ ᠬᠡᠯᠪᠡᠷᠢ ᠮᠠᠶ᠋ᠢᠭ | ᠲᠥᠪᠯᠡᠷᠡᠭᠦᠯᠦᠨ ᠪᠣᠯᠪᠠᠰᠤᠷᠠᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠤᠰᠬᠠᠶ ᠮᠡᠷᠭᠡᠵᠢᠯᠲᠡᠨ ᠬᠢᠴᠢᠶᠡᠯ | ᠣᠷᠣᠬᠤ᠂ ᠡᠷᠳᠡᠮ ᠰᠢᠨᠵᠢᠯᠡᠭᠡᠨ ᠤ ᠲᠠᠶᠢᠯᠤᠮᠵᠢ ᠬᠢᠬᠦ᠂ ᠪᠠᠭᠰᠢ ᠰᠤᠷᠤᠭᠴᠢᠳ ᠦᠢᠯᠡᠳᠦᠯᠴᠡᠬᠦ ᠵᠢᠴᠢ | ᠦᠢᠯᠡᠳᠦᠯᠭᠡ ᠶᠢᠨ ᠵᠢᠭᠠᠨ ᠰᠤᠷᠭᠠᠯᠲᠠ ᠶᠢᠨ ᠦᠵᠡᠭᠦᠯᠭᠡ ᠬᠢᠬᠦ ᠵᠡᠷᠭᠡ ᠬᠡᠯᠪᠡᠷᠢ ᠪᠠᠷ ᠥᠷᠨᠢᠭᠦᠯᠵᠦ᠂ ᠠᠰᠠᠭᠤᠳᠠᠯ ᠢᠶᠠᠷ | ᠭᠤᠤᠯ ᠪᠣᠯᠭᠠᠨ᠂ ᠬᠡᠷᠡᠭ ᠤᠨ ᠵᠢᠱᠢᠶ᠎ᠡ ᠪᠠᠷ ᠠᠴᠢᠶᠠᠯᠠᠪᠤᠷᠢ ᠪᠣᠯᠭᠠᠵᠤ᠂ ᠪᠣᠯᠪᠠᠰᠤᠷᠠᠭᠤᠯᠤᠯ ᠳᠤ ᠣᠷᠣᠯᠴᠠᠬᠤ | ᠪᠠᠭᠰᠢ ᠶᠢᠨ ᠲᠤᠰᠬᠠᠶ ᠮᠡᠷᠭᠡᠵᠢᠯ ᠤᠨ ᠬᠢᠷᠢ ᠲᠦᠪᠰᠢᠨ ᠪᠣᠯᠤᠨ ᠦᠢᠯᠡᠳᠦᠯᠭᠡ ᠶᠢᠨ ᠴᠢᠳᠠᠪᠤᠷᠢ ᠶᠢ ᠬᠦᠴᠦᠯᠡᠨ | ᠳᠡᠭᠡᠭᠰᠢᠯᠡᠭᠦᠯᠦᠨ᠎ᠡ᠃ | ᠳᠥᠷᠪᠡ᠂ ᠪᠣᠯᠪᠠᠰᠤᠷᠠᠭᠤᠯᠬᠤ ᠴᠠᠭ ᠪᠣᠯᠤᠨ ᠭᠠᠵᠠᠷ | ︵ᠨᠢᠭᠡ︶ ᠪᠣᠯᠪᠠᠰᠤᠷᠠᠭᠤᠯᠬᠤ ᠴᠠᠭ | 1 . ᠳᠠᠭᠤᠤ ᠬᠥᠭᠵᠢᠮ᠂ ᠪᠥᠵᠢᠭ ᠤᠨ ᠪᠣᠯᠪᠠᠰᠤᠷᠠᠭᠤᠯᠤᠯ᠄ 2023 ᠣᠨ ᠤ 7 ᠳ᠋ᠤᠭᠠᠷ ᠰᠠᠷ᠎ᠠ ᠶᠢᠨ | 12-7 ᠳ᠋ᠤᠭᠠᠷ ᠰᠠᠷ᠎ᠠ ᠶᠢᠨ 20 ᠤ ᠡᠳᠦᠷ᠃ 7 ᠰᠠᠷ᠎ᠠ ᠶᠢᠨ 12 ᠤᠨ ᠡᠳᠦᠷ ᠪᠦᠬᠦᠯᠢ ᠡᠳᠦᠷ ᠨᠡᠷ᠎ᠡ ᠮᠡᠳᠡᠭᠦᠯᠵᠦ᠂ | 7 ᠰᠠᠷ᠎ᠠ ᠶᠢᠨ 20 ᠤ ᠡᠳᠦᠷ ᠬᠤᠷᠠᠯ ᠤᠨ ᠲᠠᠯᠠᠪᠠᠢ ᠠᠴᠠ ᠰᠠᠯᠤᠨ᠎ᠠ᠃ ᠵᠠᠮ ᠬᠠᠷᠢᠯᠴᠠᠭ᠎ᠠ ᠵᠥᠪᠰᠢᠶᠡᠷᠡᠬᠦ | ᠪᠠᠶᠢᠳᠠᠯ ᠳᠤ ᠥᠪᠡᠷ ᠤᠨ ᠬᠥᠭᠵᠢᠮ ︵ᠬᠢᠴᠢᠶᠡᠯ ᠤᠨ ᠲᠠᠩᠬᠢᠮ ᠤᠨ ᠵᠢᠵᠢᠭ ᠬᠦᠭᠵᠢᠮᠳᠡᠬᠦᠷ ᠢ ᠪᠠᠭᠲᠠᠭᠠᠨ᠎ᠠ︶ ᠢᠶᠠᠨ | ᠠᠪᠴᠤ᠂ ᠵᠢᠵᠢᠭ ᠬᠥᠭᠵᠢᠮ ᠤᠨ ᠠᠩᠭᠢ ᠳᠤ ᠬᠢᠴᠢᠶᠡᠯ ᠲᠣᠬᠢᠷᠠᠭᠤᠯᠬᠤ ᠳᠤ ᠬᠡᠷᠡᠭᠯᠡᠨ᠎ᠡ᠃ | 2 . ᠤᠷᠠᠨ ᠪᠢᠴᠢᠯᠭᠡ ︵ᠤᠷᠠᠨ ᠵᠢᠷᠤᠭ︶ ᠶᠢᠨ ᠪᠣᠯᠪᠠᠰᠤᠷᠠᠭᠤᠯᠤᠯ᠄ 2023 ᠣᠨ ᠤ 7 ᠳ᠋ᠤᠭᠠᠷ | ᠰᠠᠷ᠎ᠠ ᠶᠢᠨ 16-7 ᠳ᠋ᠤᠭᠠᠷ ᠰᠠᠷ᠎ᠠ ᠶᠢᠨ 24 ᠤ ᠡᠳᠦᠷ᠃ 7 ᠰᠠᠷ᠎ᠠ ᠶᠢᠨ 16 ᠤ ᠡᠳᠦᠷ ᠪᠦᠬᠦᠯᠢ ᠡᠳᠦᠷ ᠨᠡᠷ᠎ᠡ | ᠮᠡᠳᠡᠭᠦᠯᠵᠦ᠂ 7 ᠰᠠᠷ᠎ᠠ ᠶᠢᠨ 24 ᠤ ᠡᠳᠦᠷ ᠬᠤᠷᠠᠯ ᠤᠨ ᠲᠠᠯᠠᠪᠠᠢ ᠠᠴᠠ ᠰᠠᠯᠤᠨ᠎ᠠ᠃ | ︵ᠬᠤᠶᠠᠷ︶ ᠨᠡᠷ᠎ᠡ ᠮᠡᠳᠡᠭᠦᠯᠬᠦ ᠪᠠ ᠪᠣᠯᠪᠠᠰᠤᠷᠠᠭᠤᠯᠬᠤ ᠭᠠᠵᠠᠷ | 1 . ᠳᠠᠭᠤᠤ ᠬᠥᠭᠵᠢᠮ᠂ ᠪᠥᠵᠢᠭ ᠤᠨ ᠪᠣᠯᠪᠠᠰᠤᠷᠠᠭᠤᠯᠤᠯ | ᠨᠡᠷ᠎ᠡ ᠮᠡᠳᠡᠭᠦᠯᠬᠦ ᠭᠠᠵᠠᠷ᠄ ᠤᠯᠠᠭᠠᠨᠴᠠᠪ ᠬᠤᠲᠠ ᠶᠢᠨ ᠶᠢᠨ ᠵᠢᠶᠠᠩ ᡁᠢ ᠰᠢᠩ ᠵᠢᠶᠠᠨ ᠴᠢᠶᠣᠤ ᠵᠡᠭᠡᠯᠢ ᠶᠢᠨ | ᠳᠡᠯᠭᠡᠭᠦᠷ ︵ᠤᠯᠠᠭᠠᠨᠴᠠᠪ ᠬᠤᠲᠠ ᠶᠢᠨ ᠵᠢᠨᠢᠩ ᠲᠣᠭᠤᠷᠢᠭ ᠤᠨ ᠵᠢᠶᠠᠨ ᠴᠢᠶᠣᠤ ᠵᠡᠭᠡᠯᠢ ᠶᠢᠨ 18 ᠳ᠋ᠤᠭᠠᠷ ᠨᠣᠮᠧᠷ︶᠂ | ᠪᠣᠯᠪᠠᠰᠤᠷᠠᠭᠤᠯᠬᠤ ᠭᠠᠵᠠᠷ᠄ ᠤᠯᠠᠭᠠᠨᠴᠠᠪ ᠬᠤᠲᠠ ᠶᠢᠨ ᠤᠷᠠᠯᠢᠭ ᠤᠨ ᠰᠤᠷᠭᠠᠭᠤᠯᠢ ︵ᠤᠯᠠᠭᠠᠨᠴᠠᠪ ᠬᠤᠲᠠ ᠶᠢᠨ | ᠵᠢᠨᠢᠩ ᠲᠣᠭᠤᠷᠢᠭ ᠤᠨ ᠰᠣᠶᠣᠯ ᠵᠠᠮ ᠤᠨ 1 ᠳ᠋ᠦ᠋ᠭᠡᠷ ᠨᠣᠮᠧᠷ︶᠃ | 2 . ᠤᠷᠠᠨ ᠪᠢᠴᠢᠯᠭᠡ ︵ᠤᠷᠠᠨ ᠵᠢᠷᠤᠭ︶ ᠶᠢᠨ ᠪᠣᠯᠪᠠᠰᠤᠷᠠᠭᠤᠯᠤᠯ | ᠨᠡᠷ᠎ᠡ ᠮᠡᠳᠡᠭᠦᠯᠬᠦ ᠭᠠᠵᠠᠷ᠄ ᠥᠪᠥᠷ ᠮᠣᠩᠭᠤᠯ ᠤᠨ ᠲᠦᠩᠯᠢᠶᠣᠤ ᠬᠤᠲᠠ ᠶᠢᠨ ᠬᠤᠷᠴᠢᠨ ᠲᠣᠭᠤᠷᠢᠭ ᠤᠨ ᠬᠠᠶ | ᠫᠥᠸᠧ ᠯᠢ ᠠᠩ ᠪᠠᠭᠤᠳᠠᠯ ︵ᠲᠦᠩᠯᠢᠶᠣᠤ ᠬᠤᠲᠠ ᠶᠢᠨ ᠬᠤᠷᠴᠢᠨ ᠲᠣᠭᠤᠷᠢᠭ ᠤᠨ ᠨᠠᠨ ᠱᠦᠨ ᠶᠡᠭᠡ ᠵᠡᠭᠡᠯᠢ ᠶᠢᠨ | ᠲᠦᠩᠯᠢᠶᠣᠤ ᠬᠤᠲᠠ ᠶᠢᠨ ᠭᠠᠯᠲᠤ ᠲᠡᠷᠭᠡᠨ ᠥᠷᠲᠡᠭᠡᠨ ᠠᠴᠠ ᠪᠠᠷᠠᠭᠤᠨᠰᠢ 150 ᠮᠧᠲᠷ︶᠂ ᠪᠣᠯᠪᠠᠰᠤᠷᠠᠭᠤᠯᠬᠤ | ᠭᠠᠵᠠᠷ᠄ ᠬᠠᠶ ᠫᠥᠸᠧ ᠯᠢ ᠠᠩ ᠪᠠᠭᠤᠳᠠᠯ ᠤᠨ ᠲᠣᠮᠤ ᠬᠤᠷᠠᠯ ᠤᠨ ᠬᠡᠷ᠃ | 3 . ᠨᠡᠷ᠎ᠡ ᠮᠡᠳᠡᠭᠦᠯᠬᠦ ᠦᠶ᠎ᠡ ᠳᠤ ᠰᠤᠷᠤᠯᠭᠠᠲᠠᠳ ᠥᠪᠡᠷ ᠤᠨ ᠨᠢᠭᠡ ᠢᠮᠠᠬᠤ ᠶᠢᠨ ᠬᠡᠷᠡᠯ ᠵᠢᠷᠤᠭ ᠢᠶᠠᠨ 3 | ᠬᠤᠪᠢ ᠠᠪᠬᠤ ᠬᠡᠷᠡᠭᠲᠡᠢ᠃ | ᠲᠠᠪᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠣᠯᠤᠨ ᠬᠠᠮᠢᠶᠠᠷᠤᠯᠲᠠ ᠰᠢᠯᠭᠠᠨ ᠬᠢᠨᠠᠯᠲᠠ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ | ᠪᠣᠯᠪᠠᠰᠤᠷᠠᠭᠤᠯᠬᠤ ᠠᠵᠢᠯ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ | ᠬᠥᠮᠦᠵᠢᠯ ᠤᠨ ᠲᠢᠩᠬᠢᠮ ᠠᠴᠠ ᠭᠤᠣᠯᠯᠠᠨ ᠡᠷᠬᠢᠯᠡᠵᠦ᠂ ᠪᠣᠯᠪᠠᠰᠤᠷᠠᠭᠤᠯᠤᠯ ᠢ ᠨᠢᠭᠡᠳᠦᠯᠲᠡᠶ ᠲᠥᠯᠦᠪᠯᠡᠨ ᠵᠣᠬᠢᠶᠠᠨ | ᠪᠠᠶᠢᠭᠤᠯᠬᠤ ᠪᠠ ᠰᠤᠷᠤᠯᠭᠠᠲᠠᠨ ᠢ ᠰᠣᠩᠭᠤᠨ ᠲᠣᠬᠢᠷᠠᠭᠤᠯᠬᠤ ᠶᠢ ᠬᠠᠷᠢᠭᠤᠴᠠᠨ᠎ᠠ︔ ᠥᠪᠥᠷ ᠮᠣᠩᠭᠤᠯ ᠤᠨ | ᠪᠠᠭᠰᠢ ᠶᠢᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠪᠣᠯᠤᠨ ᠤᠯᠠᠭᠠᠨᠴᠠᠪ | ᠬᠤᠲᠠ ᠶᠢᠨ ᠤᠷᠠᠯᠢᠭ ᠤᠨ ᠰᠤᠷᠭᠠᠭᠤᠯᠢ ᠳᠠᠭᠠᠭᠠᠴᠢᠯᠠᠨ ᠡᠷᠬᠢᠯᠡᠵᠦ᠂ ᠪᠣᠳᠠᠲᠠᠶ ᠵᠣᠬᠢᠶᠠᠨ ᠪᠠᠶᠢᠭᠤᠯᠤᠨ | ᠬᠡᠷᠡᠭᠵᠢᠭᠦᠯᠬᠦ ᠶᠢ ᠬᠠᠷᠢᠭᠤᠴᠠᠨ᠂ ᠪᠣᠯᠪᠠᠰᠤᠷᠠᠭᠤᠯᠤᠯ ᠤᠨ ᠬᠤᠭᠤᠴᠠᠭᠠᠨ ᠳᠤ ᠵᠢᠭᠠᠬᠤ ᠲᠥᠯᠥᠪᠯᠡᠭᠡ ᠶᠢ ᠬᠡᠷᠡᠭᠵᠢᠭᠦᠯᠬᠦ᠂ | ᠰᠤᠷᠤᠭᠴᠢᠳ ᠢ ᠬᠠᠮᠢᠶᠠᠷᠴᠤ ᠬᠢᠨᠠᠨ ᠰᠢᠯᠭᠠᠬᠤ ᠵᠡᠷᠭᠡ ᠠᠵᠢᠯ ᠢ ᠰᠠᠶᠢᠲᠤᠷ ᠬᠢᠨ᠎ᠡ᠃ | ︵ᠬᠤᠶᠠᠷ︶ ᠬᠠᠮᠢᠶᠠᠷᠤᠯᠲᠠ ᠬᠢᠨᠠᠨ ᠰᠢᠯᠭᠠᠯᠲᠠ | ᠡᠨᠡ ᠤᠳᠠᠭᠠᠨ ᠤ ᠪᠣᠯᠪᠠᠰᠤᠷᠠᠭᠤᠯᠤᠯ ᠳ᠋ᠤ᠋ᠰᠤᠷᠤᠯᠭᠠᠲᠠᠳ ᠢ ᠪᠣᠯᠪᠠᠰᠤᠷᠠᠭᠤᠯᠤᠭᠰᠠᠨ ᠪᠦᠷᠢᠨ ᠭᠦᠢᠴᠡᠳ | ᠲᠠᠩᠰᠠ ᠡᠪᠬᠡᠮᠡᠯ ᠢ ᠪᠠᠶᠢᠭᠤᠯᠤᠨ᠎ᠠ᠂ ᠡᠭᠦᠨ ᠳᠤ ᠰᠤᠷᠤᠯᠭᠠᠲᠠᠳ ᠢ ᠳᠠᠩᠰᠠᠯᠠᠬᠤ ᠬᠦᠰᠦᠨᠦᠭᠲᠦ᠂ ᠬᠢᠴᠢᠶᠡᠯ ᠤᠨ | ᠬᠦᠰᠦᠨᠦᠭᠲᠦ᠂ ᠰᠤᠷᠤᠯᠭᠠᠲᠠᠳ ᠤᠨ ᠠᠵᠢᠯ ᠳᠤ ᠭᠠᠷᠤᠭᠰᠠᠨ ᠲᠡᠮᠳᠡᠭᠯᠡᠯ᠂ ᠦᠢᠯᠡᠳᠦᠯᠭᠡ ᠶᠢᠨ ᠠᠵᠢᠯᠯᠠᠭᠠᠨ ᠤ | ᠲᠡᠮᠳᠡᠭᠯᠡᠯ ᠵᠡᠷᠭᠡ ᠶᠢ ᠪᠠᠭᠲᠠᠭᠠᠨ᠎ᠠ᠃ ᠰᠤᠷᠤᠯᠭᠠᠲᠠᠳ ᠤᠨ ᠰᠤᠷᠤᠯᠴᠠᠭᠰᠠᠨ ᠢ ᠰᠢᠯᠭᠠᠨ ᠬᠢᠨᠠᠬᠤ ᠳᠤ ᠣᠨᠣᠯ ᠤᠨ | ᠰᠢᠯᠭᠠᠨ ᠬᠢᠨᠠᠬᠤ ᠪᠠ ᠦᠢᠯᠡᠳᠦᠯᠭᠡ ᠶᠢᠨ ᠰᠢᠯᠭᠠᠨ ᠬᠢᠨᠠᠬᠤ ᠶᠢ ᠬᠠᠷᠢᠯᠴᠠᠨ ᠤᠶᠠᠯᠳᠤᠭᠤᠯᠬᠤ ᠬᠡᠯᠪᠡᠷᠢ ᠶᠢ ᠠᠪᠴᠤ᠂ | ᠥᠪᠡᠰᠦᠪᠡᠨ ᠦᠨᠡᠯᠡᠬᠦ᠂ ᠬᠠᠷᠢᠯᠴᠠᠨ ᠦᠨᠡᠯᠡᠬᠦ᠂ ᠲᠤᠰᠬᠠᠶ ᠮᠡᠷᠭᠡᠵᠢᠯᠲᠡᠨ ᠬᠢᠨᠠᠨ ᠲᠣᠭᠲᠠᠭᠠᠬᠤ ᠶᠢ ᠬᠠᠷᠢᠯᠴᠠᠨ | ᠤᠶᠠᠯᠳᠤᠭᠤᠯᠬᠤ ᠠᠷᠭ᠎ᠠ ᠮᠠᠶ᠋ᠢᠭ ᠢᠶᠠᠷ ᠶᠠᠪᠤᠭᠳᠠᠭᠤᠯᠤᠨ᠂ ᠰᠢᠯᠢᠳᠡᠭ᠂ ᠬᠢᠷᠢ ᠲᠡᠩᠴᠡᠭᠰᠡᠨ᠂ ᠬᠢᠷᠢ ᠲᠡᠩᠴᠡᠭᠰᠡᠨ ᠦᠭᠡᠶ | ᠭᠡᠵᠦ ᠭᠤᠷᠪᠠᠨ ᠳᠡᠰ ᠬᠤᠪᠢᠶᠠᠬᠤ ᠶᠢᠨ ᠬᠠᠮᠲᠤ ᠰᠤᠷᠤᠯᠭ᠎ᠠ ᠲᠡᠭᠦᠰᠦᠭᠰᠡᠨ ᠦᠨᠡᠮᠯᠡᠯ ᠣᠯᠭᠤᠨ᠎ᠠ᠃ ᠡᠭᠦᠨ ᠳᠤ᠂ | ᠣᠨᠣᠯ ᠤᠨ ᠰᠢᠯᠭᠠᠨ ᠬᠢᠨᠠᠯᠲᠠ ᠶᠢ ᠰᠤᠷᠤᠯᠴᠠᠯᠭ᠎ᠠ ᠶᠢᠨ ᠣᠯᠤᠯᠲᠠ ᠶᠢ ᠳᠤᠰᠢᠶᠠᠬᠤ ᠬᠡᠯᠪᠡᠷᠢ ᠪᠠᠷ ᠶᠠᠪᠤᠭᠳᠠᠭᠤᠯᠵᠤ᠂ | ᠦᠢᠯᠡᠳᠦᠯᠭᠡ ᠶᠢᠨ ᠬᠢᠨᠠᠨ ᠰᠢᠯᠭᠠᠯᠲᠠ ᠶᠢ ᠵᠢᠭᠠᠨ ᠰᠤᠷᠭᠠᠯᠲᠠ ᠶᠢᠨ ᠲᠥᠯᠥᠪᠯᠡᠭᠡ ᠪᠠ ᠤᠷ᠎ᠠ ᠴᠢᠳᠠᠪᠤᠷᠢ ᠶᠢᠨ | ᠠᠵᠢᠯᠯᠠᠭ᠎ᠠ ᠵᠡᠷᠭᠡ ᠠᠷᠭ᠎ᠠ ᠬᠡᠯᠪᠡᠷᠢ ᠪᠠᠷ ᠶᠠᠪᠤᠭᠳᠠᠭᠤᠯᠤᠨ᠎ᠠ᠂ ᠪᠣᠳᠠᠲᠠᠶ ᠰᠤᠷᠤᠯᠴᠠᠯᠭ᠎ᠠ ᠶᠢᠨ ᠣᠯᠤᠯᠲᠠ᠂ ᠵᠢᠭᠠᠨ | ᠰᠤᠷᠭᠠᠯᠲᠠ ᠶᠢᠨ ᠲᠥᠯᠥᠪᠯᠡᠭᠡ᠂ ᠵᠢᠭᠠᠨ ᠰᠤᠷᠭᠠᠯᠲᠠ ᠶᠢᠨ ᠦᠨᠳᠦᠰᠦᠨ ᠴᠢᠳᠠᠪᠤᠷᠢ ᠶᠢᠨ ᠵᠢᠱᠢᠶ᠎ᠡ ᠦᠵᠡᠭᠦᠯᠬᠦ | ᠬᠢᠴᠢᠶᠡᠯ ᠤᠨ ᠦᠵᠡᠭᠦᠯᠭᠡ ᠶᠢ ᠪᠠᠭᠲᠠᠭᠠᠨ᠎ᠠ᠃ | ᠵᠢᠷᠭᠤᠭ᠎ᠠ᠂ ᠵᠠᠷᠤᠳᠠᠯ ᠤᠨ ᠪᠠᠲᠤᠯᠠᠭ᠎ᠠ | ᠪᠣᠯᠪᠠᠰᠤᠷᠠᠭᠤᠯᠤᠯ ᠳᠤ ᠣᠷᠣᠯᠴᠠᠭᠰᠠᠨ ᠪᠠᠭᠰᠢ ᠶᠢᠨ ᠵᠠᠮ ᠬᠠᠷᠢᠯᠴᠠᠭᠠᠨ ᠤ ᠠᠯᠢᠪᠠ ᠰᠦᠢᠳᠭᠡᠯ ᠢ ᠪᠠᠶᠢᠭ᠎ᠠ | ᠨᠢᠭᠡᠴᠢ ᠠᠴᠠ ᠡᠭᠦᠷᠭᠡᠯᠡᠵᠦ᠂ ᠪᠣᠯᠪᠠᠰᠤᠷᠠᠭᠤᠯᠤᠯ ᠤᠨ ᠬᠤᠭᠤᠴᠠᠭᠠᠨ ᠳᠠᠬᠢ ᠬᠤᠭᠤᠯᠠ ᠬᠤᠨᠤᠭ ᠤᠨ ᠵᠠᠷᠤᠳᠠᠯ ᠵᠡᠷᠭᠡ | ᠬᠠᠮᠢᠶ᠎ᠠ ᠪᠥᠬᠦᠶ ᠵᠠᠷᠤᠳᠠᠯ ᠢ ᠠᠵᠢᠯᠯᠠᠭ᠎ᠠ ᠶᠢ ᠳᠠᠭᠠᠭᠠᠴᠢᠯᠠᠨ ᠡᠷᠬᠢᠯᠡᠬᠦ ᠨᠢᠭᠡᠴᠢ ᠠᠴᠠ ᠬᠠᠷᠢᠭᠤᠴᠠᠨ᠎ᠠ᠃ | ᠪᠣᠯᠪᠠᠰᠤᠷᠠᠭᠤᠯᠤᠯ ᠳᠤ ᠣᠷᠣᠯᠴᠠᠬᠤ ᠰᠤᠷᠤᠯᠭᠠᠲᠠᠨ ᠲᠣᠭᠲᠠᠭᠰᠠᠨ ᠴᠠᠭ ᠲᠤ ᠨᠡᠷ᠎ᠡ ᠮᠡᠳᠡᠭᠦᠯᠬᠦ ᠪᠠ ᠬᠤᠷᠠᠯ ᠤᠨ | ᠲᠠᠯᠠᠪᠠᠢ ᠠᠴᠠ ᠰᠠᠯᠵᠤ᠂ ᠤᠷᠢᠳᠴᠢᠯᠠᠨ ᠬᠦᠷᠬᠦ ᠪᠤᠶᠤ ᠬᠤᠶᠢᠰᠢᠯᠠᠵᠤ ᠶᠠᠪᠤᠬᠤ ᠠᠴᠠ ᠪᠣᠯᠤᠭᠰᠠᠨ ᠵᠠᠷᠤᠳᠠᠯ ᠢᠶᠠᠨ | ᠥᠪᠡᠰᠦᠪᠡᠨ ᠬᠠᠷᠢᠭᠤᠴᠠᠨ᠎ᠠ᠃ | ᠳᠣᠯᠤᠭ᠎ᠠ᠂ ᠬᠠᠮᠢᠶ᠎ᠠ ᠪᠦᠬᠦᠢ ᠱᠠᠭᠠᠷᠳᠠᠯᠭ᠎ᠠ | ︵ᠨᠢᠭᠡ︶ ᠪᠣᠯᠪᠠᠰᠤᠷᠠᠭᠤᠯᠤᠯ ᠤᠨ ᠬᠤᠭᠤᠴᠠᠭᠠᠨ ᠳᠤ᠂ ᠰᠤᠷᠤᠭᠴᠢᠳ ᠲᠥᠪ ᠬᠤᠷᠢᠶ᠎ᠠ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶᠠᠨ ᠤ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠵᠢᠷᠤᠮᠯᠠᠨ᠂ ᠰᠤᠷᠤᠯᠴᠠᠬᠤ | ᠰᠤᠷᠲᠠᠯ ᠪᠣᠯᠤᠨ ᠰᠠᠬᠢᠯᠭ᠎ᠠ ᠪᠠᠲᠤ ᠶᠢ ᠲᠥᠪ ᠴᠢᠩᠭ᠎ᠠ ᠪᠠᠶᠢᠯᠭᠠᠵᠤ᠂ ᠰᠤᠷᠤᠯᠴᠠᠬᠤ ᠰᠠᠬᠢᠯᠭ᠎ᠠ ᠪᠠᠲᠤ ᠶᠢ | ᠤᠬᠠᠮᠰᠠᠷ ᠠᠴᠠ ᠪᠠᠨ ᠵᠢᠷᠤᠮᠯᠠᠨ᠂ ᠠᠵᠢᠯ ᠳᠤ ᠭᠠᠷᠬᠤ ᠶᠢ ᠲᠡᠮᠳᠡᠭᠯᠡᠬᠦ ᠪᠠ ᠴᠢᠯᠥᠭᠡ ᠭᠤᠶᠤᠬᠤ ᠳᠦᠷᠢᠮ ᠢ ᠴᠢᠩᠭ᠎ᠠ | ᠵᠢᠷᠤᠮᠯᠠᠨ᠂ ᠰᠤᠷᠤᠯᠴᠠᠯᠭ᠎ᠠ ᠪᠠ ᠪᠣᠯᠪᠠᠰᠤᠷᠠᠭᠤᠯᠤᠯ ᠤᠨ ᠴᠢᠨᠠᠷ ᠴᠢᠨᠰᠠᠭ᠎ᠠ ᠶᠢ ᠪᠠᠲᠤᠯᠠᠬᠤ ᠬᠡᠷᠡᠭᠲᠡᠶ᠃ ᠣᠨᠴᠠᠭᠠᠢ | ᠪᠠᠶᠢᠳᠠᠯ ᠪᠤᠶᠤ ᠠᠯᠪᠠᠨ ᠶᠠᠪᠤᠳᠠᠯ ᠢᠶᠠᠷ ᠴᠢᠯᠥᠭᠡ ᠭᠤᠶᠤᠬᠤ ᠴᠢᠬᠤᠯᠠ ᠲᠠᠢ ᠰᠤᠷᠤᠯᠭᠠᠲᠠᠨ ᠡᠷᠬᠡᠪᠰᠢ ᠲᠤᠬᠠᠶ ᠶᠢᠨ | ᠭᠠᠵᠠᠷ ᠤᠨ ᠰᠤᠷᠭᠠᠨ ᠬᠥᠮᠦᠵᠢᠯ ᠤᠨ ᠲᠣᠪᠴᠢᠶ᠎ᠠ ᠪᠠᠷ ᠵᠥᠪᠰᠢᠶᠡᠷᠡᠭᠦᠯᠵᠦ᠂ ᠰᠤᠷᠭᠠᠨ ᠬᠥᠮᠦᠵᠢᠯ ᠤᠨ ᠲᠢᠩᠬᠢᠮ ᠤᠨ | ᠡᠷᠡᠭᠦᠯ ᠬᠠᠮᠠᠭᠠᠯᠠ᠊ ᠪᠡᠶ᠎ᠡ ᠶᠢᠨ ᠲᠠᠮᠢᠷ ᠤᠷᠠᠯᠢᠭ ᠪᠠ ᠬᠥᠳᠡᠯᠮᠦᠷᠢ ᠶᠢᠨ ᠬᠥᠮᠥᠵᠢᠯ ᠤᠨ ᠭᠠᠵᠠᠷ ᠲᠤ ᠮᠡᠳᠡᠭᠦᠯᠦᠨ | ᠵᠥᠪᠰᠢᠶᠡᠷᠡᠭᠦᠯᠦᠭᠰᠡᠨ ᠤ ᠳᠠᠷᠠᠭ᠎ᠠ ᠳᠠᠩᠰᠠᠯᠠᠭᠤᠯᠵᠤ᠂ ᠴᠢᠯᠥᠭᠡ ᠭᠤᠶᠤᠬᠤ ᠴᠠᠭ ᠤᠨ ᠤᠷᠲᠤ ᠶᠢ ᠶᠡᠷᠦᠩᠬᠡᠶ | ᠬᠢᠴᠢᠶᠡᠯ ᠤᠨ ᠴᠠᠭ ᠤᠨ 1 / 5 ᠠᠴᠠ ᠬᠡᠲᠦᠷᠡᠭᠦᠯᠵᠦ ᠪᠣᠯᠬᠤ ᠦᠭᠡᠶ᠃ | ︵ᠬᠤᠶᠠᠷ︶ ᠡᠨᠡ ᠤᠳᠠᠭᠠᠨ ᠤ ᠪᠣᠯᠪᠠᠰᠤᠷᠠᠭᠤᠯᠤᠯ ᠳᠤ ᠣᠷᠣᠯᠴᠠᠬᠤ ᠪᠠᠭᠰᠢ ᠨᠠᠷ ︽ᠭᠤᠸ᠎ᠠ ᠰᠠᠶᠢᠬᠠᠨ ᠢᠶᠠᠷ | ᠬᠥᠮᠦᠨ ᠢ ᠬᠥᠮᠦᠵᠢᠭᠦᠯᠬᠦ᠂ ᠭᠤᠸ᠎ᠠ ᠰᠠᠶᠢᠬᠠᠨ ᠢᠶᠠᠷ ᠬᠥᠮᠦᠨ ᠢ ᠬᠤᠪᠢᠷᠠᠭᠤᠯᠬᠤ᠂ ᠭᠤᠸ᠎ᠠ ᠰᠠᠶᠢᠬᠠᠨ ᠢᠶᠠᠷ | ᠦᠨᠳᠦᠰᠦ ᠶᠢ ᠪᠤᠶᠢᠵᠢᠭᠤᠯᠬᠤ︾ ᠪᠠᠷ ᠭᠤᠣᠯ ᠰᠡᠳᠦᠪ ᠪᠣᠯᠭᠠᠨ᠂ ᠥᠪᠡᠷ ᠢᠶᠠᠨ ᠨᠢᠭᠡ ᠪᠦᠲᠦᠭᠡᠯ ᠢ ᠵᠣᠬᠢᠶᠠᠨ | ᠪᠦᠲᠦᠭᠡᠵᠦ ᠳᠠᠭᠤᠰᠬᠠᠨ᠎ᠠ᠂ ᠡᠭᠦᠨ ᠳᠤ ᠤᠷᠠᠨ ᠪᠢᠴᠢᠯᠭᠡ ︵ᠤᠷᠠᠨ ᠵᠢᠷᠤᠭ︶ ᠶᠢᠨ ᠪᠠᠭᠰᠢ ᠨᠠᠷ ᠪᠣᠯᠪᠠᠰᠤᠷᠠᠭᠤᠯᠤᠯ | ᠲᠡᠭᠦᠰᠬᠦ ᠦᠶ᠎ᠡ ᠳᠤ ᠨᠢᠭᠡ ᠤᠷᠠᠨ ᠪᠢᠴᠢᠯᠭᠡ ᠪᠤᠶᠤ ᠤᠷᠠᠨ ᠵᠢᠷᠤᠭ ᠤᠨ ᠪᠦᠲᠦᠭᠡᠯ ᠢ ᠲᠤᠰᠢᠶᠠᠨ᠎ᠠ᠃ | ︵ᠭᠤᠷᠪᠠ︶ ᠡᠯ᠎ᠡ ᠠᠶᠢᠮᠠᠭ ᠬᠤᠲᠠ 2023 ᠣᠨ ᠤ 7 ᠳ᠋ᠤᠭᠠᠷ ᠰᠠᠷ᠎ᠠ ᠶᠢᠨ 9 ᠤ ᠡᠳᠦᠷ ᠠᠴᠠ ᠡᠮᠦᠨ᠎ᠡ᠂ | ᠲᠠᠨᠢᠯᠴᠠᠭᠤᠯᠬᠤ ᠠᠯᠪᠠᠨ ᠵᠠᠬᠢᠳᠠᠯ᠂ ᠪᠣᠯᠪᠠᠰᠤᠷᠠᠭᠤᠯᠤᠯ ᠳᠤ ᠣᠷᠣᠯᠴᠠᠬᠤ ᠪᠠᠭᠰᠢ ᠶᠢᠨ ᠮᠡᠳᠡᠭᠡ ᠵᠠᠩᠭᠢ ᠶᠢᠨ | ᠬᠦᠰᠦᠨᠦᠭᠲᠦ ︵ᠳᠠᠭᠠᠯᠳᠤᠭᠤᠯᠤᠯ 4︶ ᠪᠠ ᠬᠤᠷᠢᠶᠠᠩᠭᠤᠶᠢᠯᠠᠭᠰᠠᠨ ᠬᠦᠰᠦᠨᠦᠭᠲᠦ ︵ᠳᠠᠭᠠᠯᠳᠤᠭᠤᠯᠤᠯ 5︶ ᠶᠢᠨ | WORD ᠬᠡᠪᠯᠡᠯ ᠪᠠ ᠠᠯᠪᠠᠨ ᠲᠠᠮᠠᠭ᠎ᠠ ᠳᠠᠷᠤᠭᠰᠠᠨ ᠤ ᠳᠠᠷᠠᠭᠠᠬᠢ PDF ᠰᠢᠷᠪᠢᠯᠲᠡ ᠬᠡᠪᠯᠡᠯ ᠢ ᠰᠤᠷᠭᠠᠨ | ᠬᠥᠮᠦᠵᠢᠯ ᠤᠨ ᠲᠢᠩᠬᠢᠮ ᠤᠨ ᠳᠣᠭᠲᠠᠭᠰᠠᠨ ᠢᠮᠧᠯ ᠳᠤ ᠮᠡᠳᠡᠭᠦᠯᠦᠨ ᠬᠦᠷᠭᠡᠬᠦ ᠬᠡᠷᠡᠭᠲᠡᠶ᠃ | ᠨᠠᠢᠮᠠ᠂ ᠬᠠᠷᠢᠯᠴᠠᠬᠤ ᠬᠥᠮᠦᠨ ᠵᠢᠴᠢ ᠬᠠᠷᠢᠯᠴᠠᠬᠤ ᠠᠷᠭ᠎ᠠ ᠮᠠᠶ᠋ᠢᠭ | ︵ᠨᠢᠭᠡ︶ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠪᠡᠶ᠎ᠡ ᠶᠢᠨ ᠲᠠᠮᠢᠷ | ᠡᠷᠡᠭᠦᠯ ᠬᠠᠮᠠᠭᠠᠯᠠᠯ ᠤᠷᠠᠯᠢᠭ ᠵᠢᠴᠢ ᠬᠥᠳᠡᠯᠮᠦᠷᠢ ᠶᠢᠨ ᠬᠥᠮᠥᠵᠢᠯ ᠤᠨ ᠭᠠᠵᠠᠷ | ᠬᠠᠷᠢᠯᠴᠠᠬᠤ ᠬᠥᠮᠦᠨ᠄ ᠵᠠᠩ ᠰᠢᠶᠤᠤ ᠶᠢᠩ᠂ 0471 - 2857025᠂ ᠾᠥᠩ ᠯᠢᠩ᠂ 0471 - | 2857003 | ᠢᠮᠧᠯ᠄ nmgmy1002@163.com | ︵ᠬᠤᠶᠠᠷ︶ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ | ᠬᠠᠷᠢᠯᠴᠠᠬᠤ ᠬᠥᠮᠦᠨ᠄ ᠰᠢᠤᠸᠠᠢ ᠯᠢ ᠬᠤᠸᠠ᠂ 15848856696 | ︵ᠭᠤᠷᠪᠠ︶ ᠤᠯᠠᠭᠠᠨᠴᠠᠪ ᠬᠤᠲᠠ ᠶᠢᠨ ᠤᠷᠠᠯᠢᠭ ᠤᠨ ᠰᠤᠷᠭᠠᠭᠤᠯᠢ | ᠬᠠᠷᠢᠯᠴᠠᠬᠤ ᠬᠥᠮᠦᠨ᠄ ᠰᠢ ᠼᠦᠨ ᠳ᠋ᠧ᠂ 1584841110᠃ | ᠳᠠᠭᠤᠤ ᠬᠥᠭᠵᠢᠮ ᠤᠨ ᠪᠣᠯᠪᠠᠰᠤᠷᠠᠭᠤᠯᠤᠯ ᠤᠨ ᠬᠠᠷᠢᠯᠴᠠᠬᠤ ᠬᠥᠮᠦᠨ᠄ ᠯᠢ ᠪᠦᠦ᠂ 13947470550 | ᠪᠥᠵᠢᠭ ᠤᠨ ᠪᠣᠯᠪᠠᠰᠤᠷᠠᠭᠤᠯᠤᠯ ᠤᠨ ᠬᠠᠷᠢᠯᠴᠠᠬᠤ ᠬᠥᠮᠦᠨ᠄ ᠾᠧᠦ ᠴᠢᠶᠠᠨ᠂ 18748404555 | | | ᠳᠠᠭᠠᠯᠳᠤᠭᠤᠯᠤᠯ᠄ | 1 . ᠪᠦᠬᠦ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ | ᠭᠤᠤᠯᠯᠠᠭᠴᠢ ᠪᠠᠭᠰᠢ ᠶᠢᠨ ᠪᠣᠯᠪᠠᠰᠤᠷᠠᠭᠤᠯᠤᠯ ᠤᠨ ᠣᠷᠣᠨ ᠲᠤᠭ᠎ᠠ ᠶᠢ ᠬᠤᠪᠢᠶᠠᠷᠢᠯᠠᠭᠰᠠᠨ ᠬᠦᠰᠦᠨᠦᠭᠲᠦ | 2 . ᠳᠠᠭᠤᠤ ᠬᠥᠭᠵᠢᠮ᠂ ᠪᠥᠵᠢᠭ ᠤᠨ ᠬᠢᠴᠢᠶᠡᠯ ᠤᠨ ᠪᠠᠶᠢᠷᠢᠯᠠᠭᠤᠯᠤᠯᠲᠠ | 3 . ᠤᠷᠠᠨ ᠪᠢᠴᠢᠯᠭᠡ ︵ᠤᠷᠠᠨ ᠵᠢᠷᠤᠭ︶ ᠶᠢᠨ ᠬᠢᠴᠢᠶᠡᠯ ᠤᠨ ᠪᠠᠶᠢᠷᠢᠯᠠᠭᠤᠯᠤᠯᠲᠠ | 4 . ᠪᠥᠬᠦ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ | ᠭᠤᠤᠯᠯᠠᠭᠴᠢ ᠪᠠᠭᠰᠢ ᠶᠢᠨ ᠪᠣᠯᠪᠠᠰᠤᠷᠠᠭᠤᠯᠤᠯ ᠳᠤ ᠣᠷᠣᠯᠴᠠᠬᠤ ᠮᠡᠳᠡᠭᠡ ᠵᠠᠩᠭᠢ ᠶᠢᠨ ᠬᠦᠰᠦᠨᠦᠭᠲᠦ | 5 . ᠪᠥᠬᠦ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ | ᠭᠤᠤᠯᠯᠠᠭᠴᠢ ᠪᠠᠭᠰᠢ ᠶᠢᠨ ᠪᠣᠯᠪᠠᠰᠤᠷᠠᠭᠤᠯᠤᠯ ᠳᠤ ᠣᠷᠣᠯᠴᠠᠭᠰᠠᠨ ᠰᠤᠷᠤᠭᠴᠢᠳ ᠤᠨ ᠬᠤᠷᠢᠶᠠᠩᠭᠤᠶᠢᠯᠠᠭᠰᠠᠨ | ᠬᠦᠰᠦᠨᠦᠭᠲᠦ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ | 2023 ᠣᠨ ᠤ 7 ᠳ᠋ᠤᠭᠠᠷ ᠰᠠᠷ᠎ᠠ ᠶᠢᠨ 5 ᠤ ᠡᠳᠦᠷ | | ᠳᠠᠭᠠᠯᠳᠤᠭᠤᠯᠤᠯ᠄ | 1 . ᠪᠦᠬᠦ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠭᠤᠤᠯᠯᠠᠭᠴᠢ | ᠪᠠᠭᠰᠢ ᠶᠢᠨ ᠪᠣᠯᠪᠠᠰᠤᠷᠠᠭᠤᠯᠤᠯ ᠤᠨ ᠣᠷᠣᠨ ᠲᠤᠭ᠎ᠠ ᠶᠢ ᠬᠤᠪᠢᠶᠠᠷᠢᠯᠠᠭᠰᠠᠨ ᠬᠦᠰᠦᠨᠦᠭᠲᠦ .docx | 2 . ᠳᠠᠭᠤᠤ ᠬᠥᠭᠵᠢᠮ᠂ ᠪᠥᠵᠢᠭ ᠤᠨ ᠬᠢᠴᠢᠶᠡᠯ ᠤᠨ ᠪᠠᠶᠢᠷᠢᠯᠠᠭᠤᠯᠤᠯᠲᠠ.docx | 3 . ᠤᠷᠠᠨ ᠪᠢᠴᠢᠯᠭᠡ ︵ᠤᠷᠠᠨ ᠵᠢᠷᠤᠭ︶ ᠶᠢᠨ ᠬᠢᠴᠢᠶᠡᠯ ᠤᠨ ᠪᠠᠶᠢᠷᠢᠯᠠᠭᠤᠯᠤᠯᠲᠠ.docx | 4 . ᠪᠥᠬᠦ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠭᠤᠤᠯᠯᠠᠭᠴᠢ | ᠪᠠᠭᠰᠢ ᠶᠢᠨ ᠪᠣᠯᠪᠠᠰᠤᠷᠠᠭᠤᠯᠤᠯ ᠳᠤ ᠣᠷᠣᠯᠴᠠᠬᠤ ᠮᠡᠳᠡᠭᠡ ᠵᠠᠩᠭᠢ ᠶᠢᠨ ᠬᠦᠰᠦᠨᠦᠭᠲᠦ.docx | 5 . ᠪᠥᠬᠦ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠭᠤᠤᠯᠯᠠᠭᠴᠢ | ᠪᠠᠭᠰᠢ ᠶᠢᠨ ᠪᠣᠯᠪᠠᠰᠤᠷᠠᠭᠤᠯᠤᠯ ᠳᠤ ᠣᠷᠣᠯᠴᠠᠭᠰᠠᠨ ᠰᠤᠷᠤᠭᠴᠢᠳ ᠤᠨ ᠬᠤᠷᠢᠶᠠᠩᠭᠤᠶᠢᠯᠠᠭᠰᠠᠨ ᠬᠦᠰᠦᠨᠦᠭᠲᠦ . | docx | | |