| | | | | | 8 ᠰᠠᠷ᠎ᠠ ᠶᠢᠨ 16 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ︽ᠬᠤᠶᠠᠷ ᠶᠡᠭᠡ ᠶᠠᠪᠤᠳᠠᠯ ᠢᠶᠠᠷ ᠭᠤᠤᠯ ᠭᠠᠷᠳᠠᠴᠠ ᠪᠣᠯᠭᠠᠨ ᠥᠪᠥᠷ ᠮᠣᠩᠭᠤᠯ ᠤᠨ | ᠣᠳᠣᠬᠢᠴᠢᠯᠠᠭᠰᠠᠨ ᠪᠥᠲᠥᠭᠡᠨ ᠪᠠᠶᠢᠭᠤᠯᠤᠯᠲᠠ ᠶᠢ ᠠᠬᠢᠭᠤᠯᠤᠶ᠎ᠠ︾ ᠭᠡᠬᠦ ᠭᠤᠤᠯ ᠰᠡᠳᠦᠪᠲᠦ ᠰᠢᠷᠢᠰ ᠰᠣᠨᠢᠨ ᠮᠡᠳᠡᠭᠡ | ᠨᠡᠶᠢᠲᠡᠯᠡᠬᠦ ᠬᠤᠷᠠᠯ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ | ᠲᠢᠩᠬᠢᠮ ᠤᠨ ᠲᠤᠰᠬᠠᠶ ᠲᠠᠯᠠᠪᠤᠷ︶ ᠢ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠭᠡᠰᠢᠭᠦᠨ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ | ᠤᠳᠤᠷᠢᠳᠬᠤ ᠳᠤᠭᠤᠶᠢᠯᠠᠩ ᠤᠨ ᠬᠡᠰᠢᠭᠦᠨ᠂ ᠲᠢᠩᠬᠢᠮ ᠤᠨ ᠳᠡᠳ᠋ ᠳᠠᠷᠤᠭ᠎ᠠ ᠯᠢ ᠶᠢᠩ ︽ᠪᠠᠶᠢᠯᠳᠤᠬᠤ | ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠨᠠᠷᠢᠯᠢᠭ ᠣᠨᠣᠴᠠᠲᠠᠢ ᠡᠵᠡᠮᠳᠡᠵᠦ ᠣᠷᠣᠨ ᠪᠦᠰᠡ ᠶᠢᠨ ᠬᠥᠭᠵᠢᠯᠲᠡ ᠳᠤ | ᠪᠥᠬᠦ ᠬᠦᠴᠦᠨ ᠢᠶᠠᠷ ᠦᠢᠯᠡᠴᠢᠯᠡᠨ ᠣᠳᠣᠬᠢᠴᠢᠯᠠᠭᠰᠠᠨ ᠥᠪᠥᠷ ᠮᠣᠩᠭᠤᠯ ᠢ ᠪᠥᠲᠥᠭᠡᠨ ᠪᠠᠶᠢᠭᠤᠯᠬᠤ ᠳᠤ ᠰᠤᠷᠭᠠᠨ | ᠬᠥᠮᠦᠵᠢᠯ ᠤᠨ ᠬᠦᠴᠦᠨ ᠴᠢᠳᠠᠯ ᠢᠶᠠᠨ ᠡᠷᠭᠦᠶ᠎ᠡ︾ ᠭᠡᠬᠦ ᠲᠣᠭᠤᠷᠢᠨ ᠳᠤ ᠭᠤᠤᠯ ᠰᠡᠲᠦᠪᠲᠦ ᠨᠡᠶᠢᠲᠡᠯᠡᠯ ᠬᠢᠪᠡ᠃ | | | | ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠨᠠᠷᠢᠯᠢᠭ ᠣᠨᠣᠴᠠᠲᠠᠢ ᠡᠵᠡᠮᠳᠡᠵᠦ᠂ ᠣᠷᠣᠨ | ᠪᠦᠰᠡ ᠶᠢᠨ ᠬᠥᠭᠵᠢᠯᠲᠡ ᠳᠤ ᠪᠥᠬᠦ ᠬᠦᠴᠦᠨ ᠢᠶᠠᠷ ᠦᠢᠯᠡᠴᠢᠯᠡᠨ᠂ ᠣᠳᠣᠬᠢᠴᠢᠯᠠᠭᠰᠠᠨ ᠥᠪᠥᠷ | ᠮᠣᠩᠭᠤᠯ ᠢ ᠪᠥᠲᠥᠭᠡᠨ ᠪᠠᠶᠢᠭᠤᠯᠬᠤ ᠳᠤ ᠰᠤᠷᠭᠠᠨ ᠬᠥᠮᠦᠵᠢᠯ ᠤᠨ ᠬᠦᠴᠦᠨ ᠴᠢᠳᠠᠯ ᠢᠶᠠᠨ ᠡᠷᠭᠦᠶ᠎ᠡ | ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷᠡᠬᠢ ᠨᠡᠶᠢᠲᠡᠯᠡᠯ ᠤᠨ ᠦᠭᠡ | | | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠤᠷᠭᠠᠨ ᠬᠥᠮᠦᠵᠢᠯ ᠤᠨ ᠠᠵᠢᠯ ᠤᠨ | ᠬᠤᠷᠢᠶ᠎ᠠ ᠶᠢᠨ ᠭᠡᠰᠢᠭᠦᠨ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ | ᠳᠤᠭᠤᠶᠢᠯᠠᠩ ᠤᠨ ᠬᠡᠰᠢᠭᠦᠨ᠂ ᠲᠢᠩᠬᠢᠮ ᠤᠨ ᠳᠡᠳ᠋ ᠳᠠᠷᠤᠭ᠎ᠠ ᠯᠢ ᠶᠢᠩ | ︵2023 ᠣᠨ ᠤ 8 ᠰᠠᠷ᠎ᠠ ᠶᠢᠨ 16 ᠤ ᠡᠳᠦᠷ︶ | | | ᠡᠯ᠎ᠡ ᠵᠠᠭᠤᠴᠢᠯᠠᠭᠤᠷ ᠤᠨ ᠨᠠᠶᠢᠵᠠ ᠨᠠᠷ ᠡ᠄ | ᠰᠠᠶᠢᠨ ᠪᠠᠶᠢᠵᠠᠭᠠᠨ᠎ᠠ ᠦᠦ︕ | ᠥᠨᠥᠳᠦᠷ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠭᠰᠠᠨ ᠳᠤ ᠪᠠᠨ ᠶᠡᠭᠡ ᠪᠠᠶᠠᠷᠯᠠᠵᠤ ᠪᠠᠢᠨ᠎ᠠ᠃ | ᠡᠩ ᠲᠡᠷᠢᠭᠦᠨ ᠳᠤ᠂ ᠪᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠠᠵᠢᠯ ᠢ ᠣᠷᠳᠣ | ᠬᠤᠭᠤᠴᠠᠭ᠎ᠠ ᠪᠠᠷ ᠬᠠᠯᠠᠮᠵᠢᠯᠠᠨ ᠳᠡᠮᠵᠢᠭᠰᠡᠭᠡᠷ ᠢᠷᠡᠭᠰᠡᠨ ᠵᠠᠭᠤᠴᠢᠯᠠᠭᠤᠷ ᠪᠠ ᠨᠠᠶᠢᠵᠠ ᠨᠠᠷ ᠲᠤ ᠪᠠᠨ ᠴᠢᠩ | ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ ᠪᠠᠶᠢᠨ᠎ᠠ᠃ | ᠡᠨᠡ ᠵᠢᠯ ᠠᠴᠠ ᠨᠠᠭᠠᠰᠢ᠂ ᠪᠥᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠤᠭᠤᠯᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠭᠦᠨᠵᠡᠭᠡᠶ ᠲᠤᠭᠤᠰᠢᠯᠠᠭᠤᠯᠤᠨ᠂ ᠶᠣᠰᠣ ᠰᠤᠷᠲᠠᠬᠤᠨ ᠢ ᠪᠣᠢ ᠪᠣᠯᠭᠠᠨ ᠬᠥᠮᠦᠨ ᠬᠥᠮᠦᠵᠢᠭᠦᠯᠬᠦ ᠦᠨᠳᠦᠰᠦᠨ | ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠨ᠂ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ | ᠬᠥᠮᠦᠵᠢᠯ ᠢ ᠰᠠᠶᠢᠲᠤᠷ ᠡᠷᠭᠢᠯᠡᠬᠦ ᠪᠠᠷ ᠬᠠᠷᠠᠯᠲᠠ ᠪᠣᠯᠭᠠᠵᠤ᠂ ᠴᠢᠨᠠᠷᠯᠢᠭ ᠰᠤᠷᠭᠠᠨ ᠬᠥᠮᠦᠵᠢᠯ ᠤᠨ ᠳᠣᠭᠲᠠᠯᠴᠠᠭ᠎ᠠ ᠶᠢ | ᠥᠳᠲᠡᠷ ᠲᠦᠷᠭᠡᠨ ᠪᠠᠶᠢᠭᠤᠯᠵᠤ᠂ ᠰᠤᠷᠭᠠᠨ ᠬᠥᠮᠦᠵᠢᠯ ᠤᠨ ᠬᠦᠴᠦᠨ ᠢᠶᠠᠷ ᠠᠷᠠᠳ ᠲᠦᠮᠡᠨ ᠤ ᠵᠣᠯ ᠵᠢᠷᠭᠠᠯ ᠢ | ᠭᠦᠨ ᠦᠨᠳᠦᠰᠦᠯᠡᠭᠦᠯᠵᠦ᠂ ᠰᠤᠷᠭᠠᠨ ᠬᠥᠮᠦᠵᠢᠯ ᠤᠨ ᠬᠦᠴᠦᠷᠬᠡᠭ ᠢᠶᠠᠷ ᠤᠯᠤᠰ ᠤᠨ ᠪᠠᠶᠠᠵᠢᠯ ᠬᠦᠴᠦᠷᠬᠡᠭᠵᠢᠯ ᠤᠨ | ᠰᠠᠭᠤᠷᠢ ᠶᠢ ᠪᠠᠬᠢᠵᠢᠭᠦᠯᠬᠦ ᠪᠠᠷ ᠴᠢᠷᠮᠠᠶᠢᠨ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠶᠡᠭᠡ ᠶᠠᠪᠤᠳᠠᠯ︾ ᠢ | ᠰᠠᠶᠢᠲᠤᠷ ᠪᠡᠶᠡᠯᠡᠭᠦᠯᠬᠦ ᠳᠤ ᠴᠢᠳᠠᠪᠤᠷᠢᠲᠠᠨ ᠤ ᠲᠤᠯᠭᠠᠭᠤᠷᠢᠯᠠᠯ ᠪᠠ ᠣᠶᠤᠨ ᠤ ᠳᠡᠮᠵᠢᠯᠭᠡ ᠬᠠᠩᠭᠠᠪᠠ᠃ | ᠨᠢᠭᠡ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠰᠦᠭ ᠢ ᠱᠤᠭᠤᠵᠤ ᠬᠥᠮᠦᠨ ᠬᠥᠮᠦᠵᠢᠭᠦᠯᠬᠦ ᠶᠢ ᠪᠠᠷᠢᠮᠲᠠᠯᠠᠪᠠ᠃ ᠵᠢᠱᠢᠶᠡᠴᠢ | ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠳᠤ ᠠᠩᠬᠠᠷᠤᠯ ᠢᠶᠠᠨ ᠬᠠᠨᠳᠤᠭᠤᠯᠤᠨ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ | ᠪᠣᠯᠭᠠᠵᠤ᠂ ︽ᠴᠠᠭ ᠦᠶ᠎ᠡ ᠶᠢᠨ ᠰᠢᠨ᠎ᠡ ᠬᠥᠮᠦᠨ ᠤ ᠰᠦᠭ ᠢ ᠱᠤᠭᠤᠬᠤ ᠢᠨᠵᠧᠨᠧᠷᠢᠩ︾ ᠢ ᠬᠡᠷᠡᠭᠵᠢᠭᠦᠯᠵᠦ᠂ | ︽ᠤᠮᠠᠷᠠᠲᠤ ᠶᠢᠨ ᠰᠤᠷᠭᠠᠨ ᠬᠥᠮᠦᠵᠢᠯ ᠨᠠᠮ ᠢᠶᠠᠨ ᠳᠠᠭᠠᠨᠠᠮ︾ ᠭᠡᠬᠦ ᠭᠤᠤᠯ ᠰᠡᠳᠦᠪᠲᠦ ᠬᠥᠮᠦᠵᠢᠯ ᠤᠨ ᠠᠵᠢᠯᠯᠠᠭ᠎ᠠ ᠶᠢ | ᠥᠷᠨᠢᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠶᠢ ᠵᠢᠭᠠᠬᠤ ᠮᠠᠲ᠋ᠧᠷᠢᠶᠠᠯ ᠳᠤ ᠣᠷᠣᠭᠤᠯᠬᠤ᠂ ᠬᠢᠴᠢᠶᠡᠯ ᠤᠨ ᠲᠠᠩᠬᠢᠮ ᠳᠤ ᠣᠷᠣᠭᠤᠯᠬᠤ᠂ | ᠲᠠᠷᠢᠬᠢ ᠲᠣᠯᠤᠭᠠᠢ ᠳᠤ ᠨᠢ ᠬᠠᠳᠠᠩᠰᠢᠭᠤᠯᠬᠤ ᠶᠢ ᠦᠷᠭᠦᠯᠵᠢᠯᠡᠨ ᠠᠬᠢᠭᠤᠯᠪᠠ᠃ ᠳᠡᠭᠡᠳᠦ ᠰᠤᠷᠭᠠᠭᠤᠯᠢ ᠳᠤᠮᠳᠠᠳᠤ | ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠨᠢᠭᠡ ᠴᠣᠭᠴᠠᠵᠢᠭᠤᠯᠬᠤ | ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠤᠯᠤᠰ ᠤᠨ ᠲᠠᠰ ᠤᠨ ᠬᠢ 1 ᠶᠢ ᠪᠠᠶᠢᠭᠤᠯᠤᠨ᠂ | ᠥᠪᠡᠷᠲᠡᠭᠡᠨ ᠵᠠᠰᠠᠬᠤ ᠣᠷᠣᠨ ᠤ ᠲᠠᠰ ᠤᠨ ᠳᠡᠭᠡᠳᠦ ᠰᠤᠷᠭᠠᠭᠤᠯᠢ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ | ᠰᠠᠨᠠᠭ᠎ᠠ ᠤᠯᠤᠰ ᠲᠥᠷᠥ ᠶᠢᠨ ᠬᠢᠴᠢᠶᠡᠯ ᠢ ᠨᠢᠭᠡ ᠴᠣᠭᠴᠠᠵᠢᠭᠤᠯᠤᠭᠰᠠᠨ ᠬᠠᠮᠲᠤ ᠶᠢᠨ ᠴᠣᠭᠴᠠ ᠶᠢ 12 ᠢ | ᠪᠤᠶᠢᠵᠢᠭᠤᠯᠵᠤ᠂ ᠴᠢᠨᠠᠷᠯᠢᠭ ᠦᠵᠡᠯ ᠰᠠᠨᠠᠭ᠎ᠠ ᠤᠯᠤᠰ ᠲᠥᠷᠥ ᠶᠢᠨ ︽ᠠᠯᠲᠠᠨ ᠬᠢᠴᠢᠶᠡᠯ︾ ᠢ ᠪᠠᠶᠢᠭᠤᠯᠪᠠ᠃ | ︽︿ᠠᠨᠠᠷ ᠤᠨ ᠦᠷ᠎ᠡ﹀ ᠬᠥᠮᠦᠨ ᠢ ᠬᠥᠮᠦᠵᠢᠭᠦᠯᠬᠦ ᠢᠨᠵᠧᠨᠧᠷᠢᠩ︾ ᠢ ᠬᠡᠷᠡᠭᠵᠢᠭᠦᠯᠵᠦ᠂ ᠰᠤᠷᠤᠯᠭ᠎ᠠ ᠶᠢᠨ ᠬᠤᠭᠤᠴᠠᠭ᠎ᠠ | ᠬᠤᠪᠢᠶᠠᠨ ︽︿ᠠᠨᠠᠷ ᠤᠨ ᠦᠷ᠎ᠡ﹀ ᠬᠥᠮᠦᠨ ᠬᠥᠮᠦᠵᠢᠭᠦᠯᠬᠦ ᠪᠢᠴᠢᠯ ᠬᠢᠴᠢᠶᠡᠯ ᠤᠨ ᠲᠠᠩᠬᠢᠮ︾ ᠢ 25 ᠪᠦᠯᠦᠭ | ᠦᠢᠯᠡᠳᠴᠦ᠂ ᠰᠢᠨᠬᠤᠸᠠ ᠬᠤᠷᠢᠶ᠎ᠠ ᠪᠠᠷ ᠳᠠᠮᠵᠢᠭᠤᠯᠤᠨ ᠪᠥᠬᠦ ᠤᠯᠤᠰ ᠲᠤ ᠳᠡᠯᠭᠡᠷᠡᠭᠦᠯᠪᠡ᠃ ︽ᠦᠵᠡᠯ ᠰᠠᠨᠠᠭ᠎ᠠ | ᠤᠯᠤᠰ ᠲᠥᠷᠥ ᠶᠢᠨ ᠲᠣᠮᠤ ᠬᠢᠴᠢᠶᠡᠯ︾ ᠤᠨ ᠦᠢᠯᠡᠳᠦᠯᠭᠡ ᠶᠢᠨ ᠰᠠᠭᠤᠷᠢᠨ ᠭᠠᠵᠠᠷ 60 ᠶᠢ ᠨᠡᠷᠡᠶᠢᠳᠴᠦ᠂ | ︽ᠶᠠᠪᠤᠵᠤ ᠰᠤᠷᠬᠤ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ︾᠂ ︽ᠰᠤᠷᠭᠠᠭᠤᠯᠢ ᠡᠬᠢᠯᠡᠭᠰᠡᠨ ᠠᠩᠬᠠᠨ ᠤ | ᠬᠢᠴᠢᠶᠡᠯ︾ ᠵᠡᠷᠭᠡ ᠨᠠᠷᠠᠲᠤ ᠲᠡᠮᠳᠡᠭᠲᠦ ᠶᠢᠨ ᠠᠵᠢᠯᠯᠠᠭ᠎ᠠ ᠶᠢ ᠪᠣᠶ ᠪᠣᠯᠭᠠᠪᠠ᠃ ︽ᠵᠠᠯᠠᠭᠤᠴᠤᠳ ᠤᠨ ᠬᠤᠪᠢᠰᠬᠠᠯᠲᠤ | ᠬᠥᠮᠦᠵᠢᠯ ᠤᠨ ᠬᠦᠰᠡᠯ ᠢᠶᠠᠨ ᠲᠡᠷᠭᠡᠯᠰᠢᠭᠦᠯᠬᠦ ᠠᠶᠠᠯᠠᠯ︾ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ | 4 ᠲᠦᠮᠡᠨ ᠣᠶᠤᠲᠠᠨ ᠡᠷᠲᠡ ᠴᠢᠯᠥᠭᠡᠯᠡᠭᠳᠡᠭᠰᠡᠨ ᠬᠤᠪᠢᠰᠬᠠᠯ ᠤᠨ ᠣᠷᠣᠨ᠂ ᠬᠤᠳᠠ ᠬᠥᠳᠡᠭᠡ ᠶᠢᠨ ᠨᠡᠶᠢᠭᠡᠮ | ᠲᠣᠭᠤᠷᠢᠭ ᠲᠤ ᠬᠦᠷᠴᠦ᠂ ᠦᠵᠡᠯ ᠰᠠᠨᠠᠭᠠᠨ ᠤ ᠠᠷᠢᠭᠤᠳᠬᠠᠯ ᠭᠦᠷᠲᠡᠨ᠂ ᠦᠢᠯᠡᠳᠦᠯᠭᠡ ᠶᠢᠨ ᠪᠣᠯᠪᠠᠰᠤᠷᠠᠯ ᠢᠶᠠᠨ | ᠴᠢᠩᠭᠠᠳᠬᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠦᠢᠯᠡᠴᠢᠯᠡᠪᠡ᠃ ᠨᠡᠶᠢᠭᠡᠮ ᠵᠢᠷᠤᠮ ᠤᠨ | ᠭᠤᠣᠯᠯᠠᠭᠴᠢ ᠦᠷᠳᠡᠭ ᠤᠨ ᠦᠵᠡᠯᠲᠡ ᠶᠢ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠪᠦᠬᠦ ᠶᠠᠪᠤᠴᠠ ᠳᠤ | ᠲᠤᠭᠤᠰᠢᠯᠠᠭᠤᠯᠵᠤ᠂ ᠬᠢᠴᠢᠶᠡᠯ ᠤᠨ ᠦᠵᠡᠯ ᠰᠠᠨᠠᠭ᠎ᠠ ᠤᠯᠤᠰ ᠲᠦᠷᠦ ᠪᠣᠯᠤᠨ ᠦᠵᠡᠯ ᠰᠠᠨᠠᠭ᠎ᠠ ᠤᠯᠤᠰ ᠲᠦᠷᠦ ᠶᠢᠨ | ᠬᠢᠴᠢᠶᠡᠯ ᠢ ᠬᠤᠷᠰᠢᠶᠠᠯᠠᠨ ᠪᠠᠶᠢᠭᠤᠯᠬᠤ᠂ ᠢᠵᠢᠯ ᠴᠢᠭᠯᠡᠯ ᠢᠶᠠᠷ ᠤᠷᠤᠭᠰᠢᠯᠠᠬᠤ ᠶᠢ ᠠᠬᠢᠭᠤᠯᠤᠨ᠂ ᠦᠵᠡᠯ ᠰᠠᠨᠠᠭ᠎ᠠ | ᠤᠯᠤᠰ ᠲᠦᠷᠦ ᠶᠢᠨ ᠪᠢᠴᠢᠯ ᠬᠢᠴᠢᠶᠡᠯ ᠤᠨ ᠲᠠᠩᠬᠢᠮ ᠪᠣᠯᠤᠨ ᠨᠡᠶᠢᠭᠡᠮ ᠤᠨ ᠲᠣᠮᠤ ᠬᠢᠴᠢᠶᠡᠯ ᠤᠨ ᠲᠠᠩᠬᠢᠮ ᠤᠨ | ᠬᠤᠯᠪᠣᠯᠳᠤᠨ ᠨᠡᠪᠲᠡᠷᠡᠬᠦ ᠶᠢ ᠠᠬᠢᠭᠤᠯᠵᠤ᠂ ︽ᠦᠵᠡᠯ ᠰᠠᠨᠠᠭ᠎ᠠ ᠤᠯᠤᠰ ᠲᠦᠷᠦ ᠶᠢᠨ ᠲᠣᠮᠤ ᠬᠢᠴᠢᠶᠡᠯ︾ ᠤᠨ | ᠪᠠᠶᠢᠷᠢᠰᠢᠯᠠᠭᠤᠯᠤᠯᠲᠠ ᠶᠢ ᠬᠦᠴᠦᠯᠡᠨ ᠪᠠᠶᠢᠭᠤᠯᠪᠠ᠃ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ | ᠮᠠᠲ᠋ᠧᠷᠢᠶᠠᠯ ᠢ ᠡᠷᠡᠰ ᠳᠡᠯᠭᠡᠷᠡᠭᠦᠯᠦᠨ ᠬᠡᠷᠡᠭᠯᠡᠵᠦ᠂ ᠠᠩᠬ᠎ᠠ ᠤᠳᠠᠭ᠎ᠠ ᠠᠩᠬ᠎ᠠ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠲᠠ ᠶᠢᠨ ︽ᠭᠤᠷᠪᠠᠨ ᠬᠢᠴᠢᠶᠡᠯ ᠨᠢᠭᠡ | ᠰᠢᠯᠭᠠᠯᠲᠠ ᠶᠢᠨ ᠬᠠᠭᠤᠳᠠᠰᠤ︾ ᠶᠢ ᠪᠡᠶᠡᠯᠡᠭᠦᠯᠪᠡ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ | ᠪᠢᠴᠢᠭ ᠢ ᠡᠷᠡᠰ ᠭᠤᠶᠢᠪᠢᠰᠢ ᠦᠭᠡᠢ ᠳᠡᠯᠭᠡᠷᠡᠭᠦᠯᠦᠨ ᠲᠦᠭᠡᠮᠡᠯᠵᠢᠭᠦᠯᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ | ᠬᠡᠯᠡ ᠦᠰᠦᠭ ᠪᠢᠴᠢᠭ ᠤᠨ ᠬᠡᠷᠡᠭᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠲᠦᠷᠦᠯ ᠵᠦᠢᠯ ᠢ ᠬᠡᠷᠡᠭᠵᠢᠭᠦᠯᠵᠦ᠂ | ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠵᠢᠷᠤᠮᠵᠢᠭᠤᠯᠤᠨ ᠪᠠᠷᠢᠮᠵᠢᠶ᠎ᠠ ᠳᠤ ᠬᠦᠷᠦᠭᠰᠡᠨ | ᠰᠤᠷᠭᠠᠭᠤᠯᠢ ᠶᠢᠨ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠭᠤᠯᠢ | ︵ᠬᠡᠦᠬᠡᠳ ᠤᠨ ᠴᠡᠴᠡᠷᠯᠢᠭ︶ ᠶᠢᠨ ᠪᠠᠷᠢᠮᠵᠢᠶ᠎ᠠ ᠳᠤ ᠬᠦᠷᠦᠭᠰᠡᠨ ᠨᠤᠷᠮ᠎ᠠ 93 . 3 % ᠲᠤ ᠬᠦᠷᠴᠦ᠂ ᠵᠢᠯ ᠤᠨ | ᠬᠠᠷᠠᠯᠲᠠ ᠪᠠᠨ ᠤᠷᠢᠳᠴᠢᠯᠠᠨ ᠪᠡᠶᠡᠯᠡᠭᠦᠯᠪᠡ᠃ | ᠬᠤᠶᠠᠷ ᠲᠤ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠲᠦᠷᠦᠭᠦᠯᠡᠨ ᠳᠠᠭᠠᠭᠤᠯᠬᠤ ᠦᠢᠯᠡᠳᠦᠯ ᠢ | ᠪᠠᠳᠠᠷᠠᠭᠤᠯᠵᠤ᠂ ︽ᠲᠠᠪᠤᠨ ᠶᠡᠭᠡ ᠡᠭᠦᠷᠭᠡ︾ ᠳᠤ ᠲᠤᠯᠭᠠᠭᠤᠷᠢᠯᠠᠨ ᠦᠢᠯᠡᠴᠢᠯᠡᠬᠦ ᠴᠢᠳᠠᠮᠵᠢ ᠶᠢ ᠦᠷᠭᠦᠯᠵᠢᠯᠡᠨ | ᠳᠡᠭᠡᠭᠰᠢᠯᠡᠭᠦᠯᠪᠡ᠃ ᠦᠨᠡᠯᠡᠯᠲᠡ ᠶᠢᠨ ︽ᠳᠣᠬᠢᠭᠤᠷ︾ ᠤᠨ ᠦᠢᠯᠡᠳᠦᠯ ᠢ ᠪᠠᠳᠠᠷᠠᠭᠤᠯᠵᠤ᠂ ᠳᠡᠭᠡᠳᠦ ᠰᠤᠷᠭᠠᠭᠤᠯᠢ ᠶᠢ | ᠲᠥᠷᠥᠯ ᠬᠤᠪᠢᠶᠠᠨ ᠦᠨᠡᠯᠡᠬᠦ ᠥᠭᠡᠷᠡᠴᠢᠯᠡᠯᠲᠡ ᠶᠢ ᠥᠷᠨᠢᠭᠦᠯᠵᠦ᠂ ᠳᠡᠭᠡᠳᠦ ᠰᠤᠷᠭᠠᠭᠤᠯᠢ ᠶᠢ ᠬᠥᠲᠥᠯᠥᠨ | ᠵᠢᠯᠣᠭᠤᠳᠴᠤ ᠬᠡᠷᠡᠭᠯᠡᠭᠡᠨ ᠤ ᠬᠡᠯᠪᠡᠷᠢ ᠲᠡᠶᠢᠰᠢ ᠬᠤᠪᠢᠷᠠᠭᠤᠯᠵᠤ᠂ ᠠᠳᠠᠯᠢ ᠪᠤᠰᠤ ᠬᠦᠷᠢᠶᠡᠨ ᠳᠤ ᠥᠪᠡᠷᠮᠢᠴᠡ | ᠣᠨᠴᠠᠯᠢᠭ ᠲᠠᠢ᠂ ᠥᠨᠳᠥᠷ ᠲᠦᠪᠰᠢᠨ ᠲᠠᠢ ᠡᠷᠬᠢᠯᠡᠪᠡ᠃ ᠲᠡᠷᠢᠭᠦᠨ ᠤ ᠬᠢ ᠪᠠᠷ ᠪᠠᠷᠢᠮᠵᠢᠶᠠᠯᠠᠵᠤ᠂ ᠵᠡᠷᠭᠡ | ᠳᠡᠪᠰᠢᠬᠦ ᠶᠢ ᠬᠥᠭᠡᠭᠡᠴᠡᠯᠳᠦᠬᠦ ᠵᠠᠷᠴᠢᠮ ᠶᠣᠰᠤ ᠪᠠᠷ ᠨᠢᠭᠡ ᠰᠤᠷᠭᠠᠭᠤᠯᠢ ᠨᠢᠭᠡ ᠠᠷᠭ᠎ᠠ ᠪᠣᠳᠣᠯᠭ᠎ᠠ ᠪᠠᠷ ᠳᠡᠭᠡᠳᠦ | ᠰᠤᠷᠭᠠᠭᠤᠯᠢ ᠶᠢᠨ ᠵᠡᠷᠭᠡ ᠳᠡᠪᠰᠢᠬᠦ ᠪᠠ ᠲᠠᠰ ᠳᠡᠪᠰᠢᠬᠦ ᠶᠢ ᠠᠬᠢᠭᠤᠯᠪᠠ᠃ ᠲᠡᠷᠢᠭᠦᠨ ᠤ ᠰᠢᠨᠵᠢᠯᠡᠭᠡᠨ ᠤ ᠰᠠᠯᠠᠭᠠᠨ ᠤ | ᠪᠠᠶᠢᠭᠤᠯᠤᠯᠲᠠ ᠶᠢ ᠴᠢᠩᠭᠠᠳᠬᠠᠵᠤ᠂ ︽ᠡᠪᠡᠰᠦᠨ ᠤ ᠰᠤᠳᠤᠯᠤᠯ︾ ᠤᠨ ᠰᠢᠨᠵᠢᠯᠡᠭᠡᠨ ᠤ ᠰᠠᠯᠠᠭᠠᠨ ᠤ ᠲᠡᠦᠬᠡᠲᠦ | ᠴᠢᠨᠠᠷᠲᠠᠢ ᠰᠢᠪᠲᠤᠯᠤᠯᠲᠠ ᠶᠢ ᠪᠡᠶᠡᠯᠡᠭᠦᠯᠪᠡ᠃ ᠥᠪᠡᠷᠲᠡᠭᠡᠨ ᠵᠠᠰᠠᠬᠤ ᠣᠷᠣᠨ ᠤ ᠬᠤᠶᠠᠳᠤᠭᠠᠷ ᠡᠭᠡᠯᠵᠢ ᠶᠢᠨ | ︽ᠲᠡᠷᠢᠭᠦᠨ ᠤ ᠰᠢᠨᠵᠢᠯᠡᠭᠡᠨ ᠤ ᠰᠠᠯᠠᠭᠠᠨ︾ ᠤ ᠪᠠᠶᠢᠭᠤᠯᠤᠯᠲᠠ ᠶᠢᠨ ᠰᠢᠨᠵᠢᠯᠡᠭᠡᠨ ᠤ ᠰᠠᠯᠠᠭ᠎ᠠ ᠶᠢ ᠰᠣᠩᠭᠤᠵᠤ᠂ | ᠲᠡᠷᠢᠭᠦᠨ ᠤ ᠣᠷᠦ᠋ᠢᠯᠠᠭᠰᠠᠨ ᠰᠢᠨᠵᠢᠯᠡᠭᠡᠨ ᠤ ᠰᠠᠯᠠᠭ᠎ᠠ 2᠂ ᠲᠡᠷᠢᠭᠦᠨ ᠤ ᠣᠷᠦ᠋ᠢᠯᠠᠭᠰᠠᠨ ᠢᠶᠠᠷ ᠬᠥᠮᠦᠵᠢᠭᠦᠯᠬᠦ | ᠰᠢᠨᠵᠢᠯᠡᠭᠡᠨ ᠤ ᠰᠠᠯᠠᠭ᠎ᠠ 19᠂ ᠲᠡᠷᠢᠭᠦᠨ ᠤ ᠬᠢ ᠪᠠᠷ ᠪᠠᠶᠢᠭᠤᠯᠬᠤ ᠰᠢᠨᠵᠢᠯᠡᠭᠡᠨ ᠤ ᠰᠠᠯᠠᠭ᠎ᠠ 14 ᠶᠢ ᠲᠣᠭᠲᠠᠭᠠᠪᠠ᠃ | ᠰᠠᠭᠤᠷᠢ ᠰᠢᠨᠵᠢᠯᠡᠭᠡᠨ ᠤ ᠰᠠᠯᠠᠭᠠᠨ ᠤ ᠴᠢᠳᠠᠪᠤᠷᠢᠲᠠᠨ ᠬᠥᠮᠦᠵᠢᠭᠦᠯᠬᠦ ᠶᠢ ᠴᠢᠩᠭᠠᠳᠬᠠᠬᠤ ᠠᠷᠭ᠎ᠠ ᠬᠡᠮᠵᠢᠶ᠎ᠡ ᠨᠦᠭᠦᠳ ᠢ | ᠲᠣᠭᠲᠠᠭᠠᠵᠤ᠂ ᠴᠢᠳᠠᠪᠤᠷᠢᠲᠠᠨ ᠢ ᠪᠡᠶ᠎ᠡ ᠪᠠᠨ ᠳᠠᠭᠠᠭᠠᠵᠤ ᠬᠥᠮᠦᠵᠢᠭᠦᠯᠬᠦ ᠴᠢᠨᠠᠷ ᠴᠢᠨᠰᠠᠭ᠎ᠠ ᠶᠢ ᠬᠦᠴᠦᠯᠡᠨ | ᠳᠡᠭᠡᠭᠰᠢᠯᠡᠭᠦᠯᠪᠡ᠃ ᠤᠯᠤᠰ ᠤᠨ ᠪᠠᠶᠢᠯᠳᠤᠬᠤ ᠪᠣᠳᠣᠯᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ | ᠬᠥᠭᠵᠢᠯᠲᠡ ᠶᠢᠨ ᠪᠠᠴᠢᠮ ᠬᠡᠷᠡᠭᠴᠡᠭᠡᠨ ᠤ ᠲᠣᠭᠤᠷᠢᠨ ᠳᠤ᠂ ᠮᠤᠵᠢ ᠪᠠ ᠶᠠᠮᠤᠨ ᠬᠠᠮᠲᠤᠷᠠᠨ ᠪᠠᠶᠢᠭᠤᠯᠤᠭᠰᠠᠨ ᠲᠠᠯ᠎ᠠ | ᠨᠤᠲᠤᠭ ᠤᠨ ᠭᠡᠷ ᠤᠨ ᠲᠡᠵᠢᠭᠡᠪᠦᠷᠢ ᠶᠢᠨ ᠦᠷᠡᠵᠢᠯ ᠢ ᠲᠣᠬᠢᠷᠠᠭᠤᠯᠤᠨ ᠡᠵᠡᠮᠳᠡᠬᠦ ᠪᠠ ᠦᠷᠡᠵᠢᠭᠦᠯᠦᠨ ᠪᠤᠶᠢᠵᠢᠭᠤᠯᠬᠤ | ᠤᠯᠤᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠢ ᠳᠠᠬᠢᠨ ᠵᠣᠬᠢᠶᠠᠨ ᠪᠠᠶᠢᠭᠤᠯᠬᠤ ᠶᠢ ᠲᠦᠷᠭᠡᠳᠬᠡᠨ | ᠠᠬᠢᠭᠤᠯᠵᠤ᠂ ᠪᠦᠬᠦ ᠤᠯᠤᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠤᠨ ᠵᠢᠭᠰᠠᠭᠠᠯᠲᠠ ᠳᠤ | ᠣᠷᠣᠭᠤᠯᠬᠤ ᠪᠠᠷ ᠴᠢᠷᠮᠠᠶᠢᠪᠠ᠃ ︽ᠶᠡᠭᠡ ᠬᠡᠪᠴᠢᠶ᠎ᠡ ᠪᠠᠷ ᠡᠨᠧᠷᠭᠢ ᠬᠠᠳᠠᠭᠠᠯᠠᠬᠤ ᠮᠡᠷᠭᠡᠵᠢᠯ︾ ᠵᠡᠷᠭᠡ ᠰᠤᠷᠭᠠᠨ | ᠬᠥᠮᠦᠵᠢᠯ ᠤᠨ ᠶᠠᠮᠤᠨ ᠤ ᠢᠨᠵᠧᠨᠧᠷᠢᠩ ᠤᠨ ᠰᠤᠳᠤᠯᠭᠠᠨ ᠤ ᠲᠥᠪ᠂ ᠰᠤᠷᠭᠠᠨ ᠬᠥᠮᠦᠵᠢᠯ ᠤᠨ ᠶᠠᠮᠤᠨ ᠤ | ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ ᠢ ᠰᠢᠨ᠎ᠡ ᠪᠠᠷ ᠨᠡᠮᠡᠵᠦ ᠪᠠᠶᠢᠷᠢᠯᠠᠭᠤᠯᠤᠨ᠂ ᠥᠪᠡᠷᠲᠡᠭᠡᠨ ᠵᠠᠰᠠᠬᠤ | ᠣᠷᠣᠨ ᠤ 11 ᠳᠡᠭᠡᠳᠦ ᠰᠤᠷᠭᠠᠭᠤᠯᠢ ᠶᠢᠨ ᠲᠥᠪᠯᠡᠷᠡᠭᠦᠯᠦᠨ ᠪᠣᠭᠤᠮᠲᠠ ᠰᠢᠪᠲᠤᠯᠬᠤ ᠲᠣᠮᠣ ᠲᠠᠪᠴᠠᠩ ᠪᠠ | ᠥᠪᠡᠷᠲᠡᠭᠡᠨ ᠵᠠᠰᠠᠬᠤ ᠣᠷᠣᠨ ᠤ 3 ᠳᠡᠭᠡᠳᠦ ᠰᠤᠷᠭᠠᠭᠤᠯᠢ ᠶᠢᠨ ᠰᠢᠨ᠎ᠡ ᠬᠡᠯᠪᠡᠷᠢ ᠶᠢᠨ ᠣᠶᠤᠨ ᠤ ᠬᠥᠮᠥᠷᠭᠡ ᠶᠢ | ᠪᠠᠶᠢᠭᠤᠯᠪᠠ᠃ ᠣᠳᠣ ᠪᠣᠯᠲᠠᠯ᠎ᠠ᠂ ᠪᠥᠬᠦ ᠣᠷᠣᠨ ᠤ ᠳᠡᠭᠡᠳᠦ ᠰᠤᠷᠭᠠᠭᠤᠯᠢ ᠳᠤ ᠰᠤᠷᠭᠠᠨ ᠬᠥᠮᠦᠵᠢᠯ ᠤᠨ ᠶᠠᠮᠤᠨ ᠤ | ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ 8᠂ ᠢᠨᠵᠧᠨᠧᠷᠢᠩ ᠤᠨ ᠰᠤᠳᠤᠯᠭᠠᠨ ᠤ ᠲᠥᠪ 6᠂ ᠮᠤᠵᠢ ᠪᠠ | ᠶᠠᠮᠤᠨ ᠬᠠᠮᠲᠤᠷᠠᠨ ᠪᠠᠶᠢᠭᠤᠯᠵᠤ ᠬᠠᠮᠵᠢᠯᠴᠠᠨ ᠰᠢᠨ᠎ᠡ ᠶᠢ ᠡᠭᠦᠳᠬᠦ ᠲᠥᠪ 4 ᠪᠠᠶᠢᠵᠤ᠂ ᠳᠡᠭᠡᠳᠦ ᠰᠤᠷᠭᠠᠭᠤᠯᠢ ᠶᠢᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠢᠯᠡᠳᠲᠡ ᠳᠡᠭᠡᠭᠰᠢᠯᠡᠭᠦᠯᠪᠡ᠃ | ᠪᠥᠬᠦ ᠣᠷᠣᠨ ᠤ 48 ᠳᠡᠭᠡᠳᠦ ᠰᠤᠷᠭᠠᠭᠤᠯᠢ᠂ 20 ᠲᠦᠮᠡᠨ ᠰᠣᠷᠣᠭᠴᠢ ᠶᠢ ᠵᠣᠬᠢᠶᠠᠨ ᠪᠠᠶᠢᠭᠤᠯᠤᠨ ᠶᠢᠰᠦᠳᠦᠭᠡᠷ | ᠬᠤᠭᠤᠴᠠᠭᠠᠨ ᠤ ᠳᠤᠮᠳᠠᠳᠤ ᠤᠯᠤᠰ ᠤᠨ ᠣᠯᠠᠨ ᠤᠯᠤᠰ ᠤᠨ ︽ᠢᠨᠲ᠋ᠧᠷ ᠰᠦᠯᠵᠢᠶ᠎ᠡ +︾ ᠤᠶᠤᠲᠠᠳ ᠤᠨ | ᠰᠢᠨ᠎ᠡ ᠶᠢ ᠡᠭᠦᠳᠦᠨ ᠦᠢᠯᠡᠰ ᠪᠣᠰᠬᠠᠬᠤ ᠤᠷᠤᠯᠳᠤᠭᠠᠨ ᠤ ᠥᠪᠥᠷ ᠮᠣᠩᠭᠤᠯ ᠤᠨ ᠤᠷᠤᠯᠳᠤᠭᠠᠨ ᠤ ᠲᠣᠭᠤᠷᠢᠭ ᠤᠨ | ᠰᠢᠯᠭᠠᠷᠠᠭᠤᠯᠬᠤ ᠤᠷᠤᠯᠳᠤᠭᠠᠨ ᠳᠤ ᠣᠷᠣᠯᠴᠠᠭᠤᠯᠵᠤ᠂ ᠤᠶᠤᠲᠠᠳ ᠤᠨ ︽ᠵᠣᠷᠢᠭᠲᠠᠶ ᠭᠠᠪᠰᠢᠭᠠᠶᠢᠯᠠᠵᠤ ᠬᠠᠮᠲᠤᠷᠠᠨ | ᠡᠭᠦᠳᠬᠦ︾ ᠴᠢᠳᠠᠪᠤᠷᠢ ᠪᠠ ᠬᠡᠪ ᠴᠢᠨᠠᠷ ᠢ ᠪᠣᠶᠢᠵᠢᠭᠤᠯᠪᠠ᠃ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ | ᠣᠯᠭᠤᠬᠤ ᠠᠵᠢᠯ ᠢ ᠰᠠᠶᠢᠲᠤᠷ ᠬᠢᠵᠦ᠂ ᠥᠪᠡᠷᠲᠡᠭᠡᠨ ᠵᠠᠰᠠᠬᠤ ᠣᠷᠣᠨ ᠤ ᠳᠡᠭᠡᠳᠦ ᠰᠤᠷᠭᠠᠭᠤᠯᠢ ᠲᠡᠭᠦᠰᠦᠭᠰᠡᠳ ᠤᠨ | ᠠᠵᠢᠯ ᠣᠯᠵᠤ ᠦᠢᠯᠡᠰ ᠪᠣᠰᠬᠠᠬᠤ ᠶᠢ ᠪᠠᠶᠢᠩᠭᠤᠵᠢᠭᠤᠯᠤᠨ ᠠᠬᠢᠭᠤᠯᠬᠤ 26 ᠵᠦᠢᠯ ᠤᠨ ᠠᠷᠭ᠎ᠠ ᠬᠡᠮᠵᠢᠶ᠎ᠡ ᠶᠢ | ᠲᠦᠷᠦᠭᠦᠯᠡᠨ ᠳᠣᠭᠲᠠᠭᠠᠵᠤ᠂ ᠥᠪᠥᠷ ᠮᠣᠩᠭᠤᠯ ᠤᠨ 24365 ᠤᠶᠤᠲᠠᠳ ᠤᠨ ᠠᠵᠢᠯ ᠣᠯᠭᠤᠯᠲᠠ ᠶᠢᠨ | ᠲᠠᠪᠴᠠᠩ ᠤᠨ ᠴᠢᠳᠠᠮᠵᠢ ᠶᠢ ᠦᠷᠭᠦᠯᠵᠢᠯᠡᠨ ᠲᠠᠰ ᠳᠡᠪᠰᠢᠭᠦᠯᠦᠨ᠂ ︽ᠲᠡᠭᠦᠰᠦᠭᠰᠡᠳ ᠲᠤ ᠠᠵᠢᠯ ᠣᠯᠭᠤᠬᠤ ᠨᠢᠭᠡ | ᠶᠠᠪᠤᠳᠠᠯ︾᠂ ︽ᠠᠵᠢᠯᠲᠠᠨ ᠡᠯᠰᠡᠬᠦ ᠨᠢᠭᠡ ᠶᠠᠪᠤᠳᠠᠯ︾ ᠭᠡᠬᠦ ᠲᠤᠰᠬᠠᠶ ᠪᠤᠯᠤᠩ ᠢ ᠰᠦᠯᠵᠢᠶᠡᠨ ᠳᠤ ᠭᠠᠷᠭᠠᠨ᠂ | 2023 ᠣᠨ ᠤ ᠳᠡᠭᠡᠳᠦ ᠰᠤᠷᠭᠠᠭᠤᠯᠢ ᠲᠡᠭᠦᠰᠦᠭᠰᠡᠳ ᠲᠤ ᠵᠣᠷᠢᠭᠤᠯᠤᠭᠰᠠᠨ ᠠᠵᠢᠯᠲᠠᠨ ᠤᠷᠢᠬᠤ ᠲᠤᠰᠬᠠᠶ | ᠠᠵᠢᠯᠯᠠᠭ᠎ᠠ ᠶᠢ 431 ᠲᠠᠯᠠᠪᠤᠷ ᠡᠷᠬᠢᠯᠡᠵᠦ᠂ 8647 ᠬᠥᠮᠦᠨ ᠬᠡᠷᠡᠭᠯᠡᠬᠦ ᠨᠢᠭᠡᠴᠢ ᠶᠢ ᠰᠤᠷᠪᠤᠯᠵᠢᠯᠠᠨ᠂ 97 . 52 | ᠲᠦᠮᠡᠨ ᠠᠵᠢᠯ ᠤᠨ ᠪᠠᠶᠢᠷᠢ ᠬᠠᠩᠭᠠᠵᠤ᠂ 53 ᠤᠳᠠᠭᠠᠨ ᠤ ᠠᠵᠢᠯ ᠣᠯᠭᠤᠵᠤ ᠬᠥᠮᠦᠨ ᠬᠥᠮᠦᠵᠢᠭᠦᠯᠬᠦ | ᠠᠵᠢᠯᠯᠠᠭ᠎ᠠ ᠶᠢ ᠥᠷᠨᠢᠭᠦᠯᠵᠦ᠂ ᠡᠯ᠎ᠡ ᠲᠥᠷᠥᠯ ᠤᠨ ᠨᠡᠶᠢᠲᠡ ᠶᠢᠨ ᠠᠰᠠᠷᠠᠮᠵᠢ ᠶᠢᠨ ᠬᠢᠴᠢᠶᠡᠯ ᠢ 1540 | ᠬᠢᠴᠢᠶᠡᠯ ᠤᠨ ᠴᠠᠭ ᠨᠡᠪᠲᠡᠷᠡᠭᠦᠯᠵᠦ᠂ ᠣᠷᠣᠯᠴᠠᠭᠰᠠᠨ ᠰᠤᠷᠤᠭᠴᠢ 121 ᠲᠦᠮᠡᠨ ᠬᠥᠮᠦᠨ ᠤᠳᠠᠭ᠎ᠠ ᠳᠤ ᠬᠦᠷᠴᠦ᠂ | ᠲᠠᠪᠴᠠᠩ ᠢ ᠰᠤᠷᠪᠤᠯᠵᠢᠯᠠᠭᠰᠠᠨ ᠬᠡᠮᠵᠢᠶ᠎ᠡ 13 ᠳ᠋ᠦᠩᠰᠢᠭᠤᠷ ᠬᠥᠮᠦᠨ ᠤᠳᠠᠭ᠎ᠠ ᠳᠤ ᠬᠦᠷᠦᠨ᠂ ᠳᠠᠩᠰᠠᠯᠠᠭᠤᠯᠤᠭᠰᠠᠨ | ᠰᠤᠷᠤᠭᠴᠢ ᠶᠢᠨ ᠲᠤᠭ᠎ᠠ 192 . 54 ᠲᠦᠮᠡ ᠳᠤ ᠬᠦᠷᠪᠡ᠃ | ᠭᠤᠷᠪᠠ ᠳᠤ᠂ ᠤᠳᠤ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠳᠣᠭᠲᠠᠯᠴᠠᠭ᠎ᠠ ᠶᠢ | ᠥᠳᠲᠡᠷ ᠲᠦᠷᠭᠡᠨ ᠪᠠᠶᠢᠭᠤᠯᠵᠤ᠂ ᠠᠵᠤ ᠠᠬᠤᠢ ᠨᠡᠶᠢᠭᠡᠮ ᠳᠤ ᠤᠯᠠᠨ ᠶᠠᠩᠵᠤᠴᠢᠯᠠᠭᠰᠠᠨ ᠴᠢᠳᠠᠪᠤᠷᠢᠲᠠᠨ ᠤ | ᠬᠡᠷᠡᠭᠴᠡᠭᠡ ᠶᠢ ᠬᠠᠩᠭᠠᠪᠠ᠃ ᠪᠥᠬᠦ ᠣᠷᠣᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠶᠡᠭᠡ ᠬᠤᠷᠠᠯ ᠤᠨ | ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ | ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠠᠵᠤ ᠦᠢᠯᠡᠰ ᠢ | ᠬᠥᠭᠵᠢᠭᠦᠯᠬᠦ᠂ ᠴᠢᠳᠠᠪᠤᠷᠢᠲᠠᠨ ᠬᠡᠷᠡᠭᠰᠡᠬᠦ ᠂ ᠲᠥᠷᠥ ᠶᠢᠨ ᠪᠣᠳᠣᠯᠭ᠎ᠠ ᠳᠡᠮᠵᠢᠬᠦ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ︽ᠭᠤᠷᠪᠠᠨ ᠨᠠᠷᠢᠨ ᠬᠠᠭᠤᠳᠠᠰᠤ︾ ᠶᠢ ᠨᠠᠶᠢᠷᠠᠭᠤᠯᠤᠨ ᠵᠣᠬᠢᠶᠠᠵᠤ᠂ ᠠᠵᠢᠯ ᠮᠡᠷᠭᠡᠵᠢᠯ ᠤᠨ ᠰᠤᠷᠭᠠᠨ | ᠬᠥᠮᠥᠵᠢᠯ ᠪᠠ ᠡᠩ ᠤᠨ ᠰᠤᠷᠭᠠᠨ ᠬᠥᠮᠦᠵᠢᠯ ᠤᠨ ᠠᠭᠤᠰᠤᠯᠴᠠᠭ᠎ᠠ᠂ ᠠᠵᠤ ᠦᠢᠯᠡᠳᠪᠦᠷᠢ ᠪᠠ ᠰᠤᠷᠭᠠᠨ | ᠬᠥᠮᠦᠵᠢᠯ ᠤᠨ ᠠᠭᠤᠰᠤᠯᠴᠠᠭ᠎ᠠ᠂ ᠰᠢᠨᠵᠢᠯᠡᠬᠦ ᠤᠬᠠᠭᠠᠨ ᠪᠠ ᠰᠤᠷᠭᠠᠨ ᠬᠥᠮᠦᠵᠢᠯ ᠤᠨ ᠠᠭᠤᠰᠤᠯᠴᠠᠭ᠎ᠠ ᠶᠢ | ᠠᠬᠢᠭᠤᠯᠪᠠ᠃ ᠠᠵᠤ ᠦᠢᠯᠡᠰ ᠤᠨ ᠬᠡᠯᠬᠢᠶᠡᠰᠦ ᠶᠢ ᠴᠢᠩᠭ᠎ᠠ ᠠᠳᠬᠤᠨ ᠰᠤᠷᠭᠠᠨ ᠬᠥᠮᠦᠵᠢᠯ ᠤᠨ ᠬᠡᠯᠬᠢᠶᠡᠰᠦ ᠶᠢ | ᠪᠠᠶᠢᠷᠢᠯᠠᠭᠤᠯᠵᠤ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠪᠠᠶᠢᠭᠤᠯᠤᠭᠰᠠᠨ | ᠵᠠᠬᠢᠶᠠᠯᠠᠭ᠎ᠠ ᠶᠢᠨ ᠠᠩᠭᠢ᠂ ᠨᠡᠷᠡᠯᠡᠭᠰᠡᠨ ᠠᠩᠭᠢ ᠳᠤ 3400 ᠰᠤᠷᠤᠭᠴᠢ ᠨᠡᠮᠡᠨ ᠡᠯᠰᠡᠵᠦ᠂ ᠥᠪᠡᠷᠲᠡᠭᠡᠨ ᠵᠠᠰᠠᠬᠤ | ᠣᠷᠣᠨ ᠤ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶᠡᠰᠦ ᠶᠢᠨ ᠴᠢᠳᠠᠪᠤᠷᠢᠲᠠᠨ ᠬᠥᠮᠦᠵᠢᠭᠦᠯᠬᠦ ᠳᠤ ᠦᠢᠯᠡᠴᠢᠯᠡᠬᠦ | ᠴᠢᠳᠠᠪᠤᠷᠢ ᠶᠢ ᠪᠦᠲᠦᠮᠵᠢᠲᠡᠢ ᠳᠡᠭᠡᠭᠰᠢᠯᠡᠭᠦᠯᠪᠡ᠃ ︽ᠨᠢᠭᠡ ᠣᠷᠣᠨ ᠪᠦᠰᠡ ᠳᠤ ᠨᠢᠭᠡ ᠪᠦᠯᠦᠭᠵᠢᠯ︾ ᠪᠠ ︽ᠨᠢᠭᠡ | ᠭᠠᠵᠠᠷ ᠣᠷᠣᠨ ᠳᠤ ᠨᠢᠭᠡ ᠲᠥᠷᠥ ᠶᠢᠨ ᠪᠣᠳᠣᠯᠭ᠎ᠠ︾ ᠶᠢᠨ ᠶᠣᠰᠤ ᠪᠠᠷ ᠬᠤᠪᠣᠷ ᠰᠢᠷᠣᠶ᠂ ᠠᠮᠢᠳᠤ ᠪᠣᠳᠠᠰ ᠤᠨ ᠡᠮ | ᠡᠮᠨᠡᠯᠭᠡ᠂ ᠲᠠᠷᠢᠶᠠᠯᠠᠩ ᠮᠠᠯ ᠠᠵᠤ ᠠᠬᠤᠶ᠂ ᠡᠨᠧᠷᠭᠢ ᠵᠡᠷᠭᠡ ᠭᠤᠤᠯᠳᠠᠯᠭ᠎ᠠ ᠲᠠᠢ ᠠᠵᠤ ᠦᠢᠯᠡᠰ ᠤᠨ ᠲᠣᠭᠤᠷᠢᠨ ᠳᠤ | 6 ᠬᠤᠲᠠ ᠶᠢᠨ ᠬᠡᠪᠴᠢᠶᠡᠨ ᠤ ᠠᠵᠤ ᠦᠢᠯᠡᠳᠪᠦᠷᠢ ᠪᠠ ᠰᠤᠷᠭᠠᠨ ᠬᠥᠮᠥᠵᠢᠯ ᠤᠨ ᠬᠤᠯᠪᠣᠭᠠᠲᠤ ᠴᠣᠭᠴᠠ ᠶᠢ | ᠪᠠᠶᠢᠭᠤᠯᠤᠨ᠂ ᠡᠯᠧᠺᠲᠷᠣᠨ᠂ ᠬᠢᠮᠢ ᠶᠢᠨ ᠠᠵᠤ ᠦᠢᠯᠡᠳᠪᠦᠷᠢ᠂ ᠴᠠᠬᠢᠯᠭᠠᠨ ᠬᠦᠴᠦᠨ᠂ ᠮᠠᠯ ᠠᠵᠤ ᠠᠬᠤᠶ ᠵᠡᠷᠭᠡ | ᠬᠦᠷᠢᠶ᠎ᠡ ᠴᠠᠷᠠᠭᠠᠨ ᠳᠤ 11 ᠠᠵᠢᠯ ᠲᠥᠷᠥᠯ ᠤᠨ ᠠᠵᠤ ᠦᠢᠯᠡᠳᠪᠦᠷᠢ ᠪᠠ ᠰᠤᠷᠭᠠᠨ ᠬᠥᠮᠥᠵᠢᠯ ᠢ ᠠᠭᠤᠰᠬᠠᠭᠰᠠᠨ | ᠬᠠᠮᠲᠤ ᠶᠢᠨ ᠴᠣᠭᠴᠠ ᠶᠢ ᠪᠠᠶᠢᠭᠤᠯᠵᠤ᠂ ᠠᠵᠤ ᠦᠢᠯᠡᠳᠪᠦᠷᠢ ᠪᠠ ᠰᠤᠷᠭᠠᠨ ᠬᠥᠮᠥᠵᠢᠯ ᠢ ᠠᠭᠤᠰᠬᠠᠭᠰᠠᠨ 122 | ᠦᠢᠯᠡᠳᠦᠯᠭᠡ ᠶᠢᠨ ᠲᠥᠪ ᠢ ᠪᠠᠶᠢᠭᠤᠯᠪᠠ᠃ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠪᠣᠯᠤᠨ ᠪᠦᠬᠦ ᠤᠯᠤᠰ ᠤᠨ | ᠠᠵᠢᠯ ᠨᠢᠭᠡᠲᠡᠨ ᠤ ᠬᠥᠨᠳᠡᠯᠡᠨ ᠰᠣᠯᠢᠯᠴᠠᠭ᠎ᠠ ᠶᠢ ᠴᠢᠩᠭᠠᠳᠬᠠᠵᠤ᠂ ᠪᠦᠬᠦ ᠤᠯᠤᠰ ᠤᠨ ᠠᠵᠢᠯ ᠮᠡᠷᠭᠡᠵᠢᠯ ᠤᠨ ᠳᠡᠭᠡᠳᠦ | ᠰᠤᠷᠭᠠᠭᠤᠯᠢ ᠶᠢᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ᠂ ᠪᠦᠬᠦ ᠤᠯᠤᠰ ᠤᠨ ᠳᠡᠭᠡᠳᠦ | ᠵᠡᠷᠭᠡ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠤᠯᠠᠨ ᠤᠯᠤᠰ ᠤᠨ ᠰᠤᠷᠭᠠᠨ ᠬᠥᠮᠦᠵᠢᠯ ᠤᠨ | ᠰᠣᠯᠢᠯᠴᠠᠭᠠᠨ ᠤ ᠬᠤᠷᠠᠯ᠂ ᠪᠦᠬᠦ ᠤᠯᠤᠰ ᠤᠨ ᠤᠳᠤ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ | ᠳᠣᠭᠲᠠᠯᠴᠠᠭᠠᠨ ᠤ ᠪᠠᠶᠢᠭᠤᠯᠤᠯᠲᠠ ᠵᠢᠴᠢ ᠡᠨᠧᠷᠭᠢ ᠬᠢᠮᠢ ᠶᠢᠨ ᠠᠵᠤ ᠦᠢᠯᠡᠳᠪᠦᠷᠢ ᠶᠢᠨ ᠲᠣᠨᠣᠭᠯᠠᠯ ᠦᠢᠯᠡᠳᠬᠦ | ᠦᠢᠯᠡᠰ ᠤᠨ ᠲᠤᠰᠬᠠᠢ ᠮᠡᠷᠭᠡᠵᠢᠯ ᠤᠨ ᠴᠤᠭᠯᠠᠷᠠᠯ ᠤᠨ ᠪᠠᠶᠢᠭᠤᠯᠤᠯᠲᠠ ᠶᠢᠨ ᠲᠤᠷᠰᠢᠯᠭ᠎ᠠ ᠰᠣᠯᠢᠯᠴᠠᠭᠠᠨ ᠤ ᠬᠤᠷᠠᠯ | ᠵᠡᠷᠭᠡ ᠪᠦᠬᠦ ᠤᠯᠤᠰ ᠤᠨ ᠴᠢᠨᠠᠷᠲᠠᠢ ᠤᠷᠤᠯᠳᠤᠭᠠᠨ ᠪᠠ ᠬᠤᠷᠠᠯ ᠢ ᠠᠩᠬ᠎ᠠ ᠤᠳᠠᠭ᠎ᠠ ᠳᠠᠭᠠᠭᠠᠴᠢᠯᠠᠨ ᠡᠷᠬᠢᠯᠡᠵᠦ᠂ | ᠬᠠᠮᠲᠤᠷᠠᠨ ᠬᠥᠭᠵᠢᠭᠦᠯᠬᠦ ᠶᠢ ᠬᠠᠮᠲᠤ ᠳᠤ ᠪᠠᠨ ᠵᠥᠪᠳᠡᠯᠴᠡᠵᠦ᠂ ᠬᠤᠷᠰᠢᠶᠠᠯᠠᠨ ᠬᠠᠮᠲᠤ ᠳᠤ ᠪᠠᠨ ᠠᠰᠢᠭ ᠬᠦᠷᠳᠡᠬᠦ ᠶᠢ | ᠡᠷᠢᠯᠬᠢᠯᠡᠪᠡ᠃ | ᠳᠥᠷᠪᠡ ᠳᠤ᠂ ᠰᠠᠭᠤᠷᠢ ᠰᠤᠷᠭᠠᠨ ᠬᠥᠮᠦᠵᠢᠯ ᠤᠨ ᠪᠠᠶᠢᠯᠳᠤᠬᠤ ᠪᠣᠳᠣᠯᠭ᠎ᠠ ᠶᠢᠨ ᠰᠠᠭᠤᠷᠢ ᠴᠡᠭ ᠢ | ᠦᠷᠭᠦᠯᠵᠢᠯᠡᠨ ᠪᠠᠬᠢᠵᠢᠭᠦᠯᠵᠦ᠂ ᠰᠤᠷᠭᠠᠨ ᠬᠥᠮᠦᠵᠢᠯ ᠤᠨ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡ ᠶᠢ | ᠬᠠᠩᠭᠠᠬᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠪᠡ᠃ ᠡᠷᠳᠡᠮ ᠤᠨ ᠴᠣᠯᠠ ᠶᠢᠨ ᠬᠠᠩᠭᠠᠯᠭ᠎ᠠ ᠶᠢ | ᠢᠳᠡᠪᠬᠢᠲᠡᠢ ᠥᠷᠭᠡᠳᠬᠡᠵᠦ᠂ ᠪᠦᠬᠦ ᠣᠷᠣᠨ ᠤ ᠬᠡᠦᠬᠡᠳ ᠤᠨ ᠴᠡᠴᠡᠷᠯᠢᠭ᠂ ᠳᠤᠮᠳᠠᠳᠤ ᠪᠠᠭ᠎ᠠ ᠰᠤᠷᠭᠠᠭᠤᠯᠢ ᠪᠣᠯᠤᠨ | ᠣᠨᠴᠠᠭᠠᠢ ᠰᠤᠷᠭᠠᠨ ᠬᠥᠮᠦᠵᠢᠯ ᠤᠨ ᠰᠤᠷᠭᠠᠭᠤᠯᠢ ᠶᠢ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠵᠦ ᠥᠷᠭᠡᠳᠬᠡᠨ | ᠪᠠᠶᠢᠭᠤᠯᠬᠤ ᠲᠥᠷᠥᠯ ᠵᠦᠢᠯ ᠢ ᠲᠦᠷᠭᠡᠳᠬᠡᠨ ᠠᠬᠢᠭᠤᠯᠵᠤ᠂ ᠨᠢᠭᠡᠨᠲᠡ 687 ᠰᠠᠭᠤᠷᠢ ᠪᠠᠷᠢᠯᠭ᠎ᠠ ᠶᠢ ᠡᠬᠢᠯᠡᠭᠦᠯᠦᠨ | ᠪᠦᠲᠦᠭᠡᠨ ᠪᠠᠶᠢᠭᠤᠯᠪᠠ᠃ ᠲᠦᠭᠡᠮᠡᠯ ᠬᠠᠷᠠᠭᠠᠯᠵᠠᠯᠲᠤ ᠬᠡᠦᠬᠡᠳ ᠤᠨ ᠴᠡᠴᠡᠷᠯᠢᠭ ᠤᠨ ᠪᠦᠷᠬᠦᠴᠡ ᠶᠢᠨ ᠨᠣᠷᠮ᠎ᠠ | 88 . 06 % ᠳᠤ ᠬᠦᠷᠴᠦ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠬᠡᠦᠬᠡᠳ ᠤᠨ | ᠴᠡᠴᠡᠷᠯᠢᠭ ᠲᠤ ᠤᠷᠤᠭᠰᠠᠨ ᠪᠥᠬᠦ ᠨᠣᠷᠮ᠎ᠠ 95 . 0 % ᠳᠤ ᠬᠦᠷᠴᠦ᠂ 9 ᠬᠤᠰᠢᠭᠤ ᠰᠢᠶᠠᠨ ︵ᠬᠤᠲᠠ᠂ | ᠲᠣᠭᠤᠷᠢᠭ︶ ᠤᠯᠤᠰ ᠤᠨ ᠰᠢᠶᠠᠨ ᠤ ᠬᠡᠪᠴᠢᠶᠡᠨ ᠤ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ | ᠬᠥᠮᠦᠵᠢᠯ ᠤᠨ ᠲᠦᠭᠡᠮᠡᠯ ᠬᠠᠷᠠᠭᠠᠯᠵᠠᠯ ᠢ ᠲᠥᠭᠡᠮᠡᠯᠵᠢᠭᠦᠯᠦᠭᠰᠡᠨ ᠢ ᠬᠢᠨᠠᠨ ᠵᠢᠯᠣᠭᠤᠳᠴᠤ ᠦᠨᠡᠯᠡᠨ ᠵᠢᠱᠢᠵᠦ ᠰᠢᠯᠭᠠᠨ | ᠠᠪᠬᠤ ᠳᠤ ᠬᠢᠷᠢ ᠲᠡᠩᠴᠡᠪᠡ᠃ 2647 ᠬᠢᠴᠢᠶᠡᠯ ᠲᠥᠷᠥᠯ ᠤᠨ ᠰᠤᠷᠭᠠᠭᠤᠯᠢ ᠶᠢᠨ ᠭᠠᠳᠠᠨᠠᠬᠢ | ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠬᠠᠰᠤᠵᠤ᠂ ᠲᠣᠭᠲᠠᠭᠠᠯ ᠠᠴᠠ ᠵᠥᠷᠢᠴᠡᠭᠰᠡᠨ 1735 | ᠪᠣᠯᠪᠠᠰᠤᠷᠠᠭᠤᠯᠤᠯ ᠤᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠵᠦ᠂ ︽ᠬᠤᠶᠠᠷ ᠢ ᠬᠥᠩᠭᠡᠷᠡᠭᠦᠯᠬᠦ︾ | ᠶᠠᠪᠤᠴᠠ ᠳᠠᠬᠢ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠦᠢᠯᠡᠳᠦᠯ ᠢ ᠪᠠᠳᠠᠷᠠᠭᠤᠯᠵᠤ᠂ ᠰᠤᠷᠤᠭᠴᠢᠳ ᠤᠨ | ᠰᠦᠪᠡᠭᠴᠢᠯᠡᠬᠦ ᠴᠢᠨᠠᠷᠲᠠᠶ᠂ ᠰᠢᠨ᠎ᠡ ᠶᠢ ᠡᠭᠦᠳᠬᠦ ᠴᠢᠨᠠᠷᠲᠠᠶ ᠰᠡᠳᠬᠢᠬᠦᠶ ᠶᠢᠨ ᠬᠡᠪ ᠴᠢᠨᠠᠷ ᠢ ᠬᠥᠮᠦᠵᠢᠭᠦᠯᠪᠡ᠃ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠤᠭᠴᠢᠳ ᠤᠨ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠶᠢ | ᠪᠦᠬᠦᠨ ᠢ ᠬᠠᠮᠤᠷᠤᠭᠤᠯᠬᠤ ᠶᠢ ᠦᠷᠭᠦᠯᠵᠢᠯᠡᠨ ᠠᠬᠢᠭᠤᠯᠵᠤ᠂ ᠪᠥᠬᠦ ᠣᠷᠣᠨ ᠤ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠱᠠᠲᠤᠨ ᠤ 260 ᠭᠠᠷᠤᠶ ᠲᠦᠮᠡᠨ ᠰᠤᠷᠤᠭᠴᠢ ᠶᠢᠨ ᠬᠠᠷᠠᠭᠠᠨ ᠤ ᠨᠡᠶᠢᠳᠡᠮ ᠪᠠᠶᠢᠴᠠᠭᠠᠯᠲᠠ ᠶᠢᠨ | ᠠᠵᠢᠯ ᠢ ᠪᠡᠶᠡᠯᠡᠭᠦᠯᠪᠡ᠃ ᠠᠷᠠᠳ ᠤᠨ ᠠᠮᠢᠳᠤᠷᠠᠯ ᠤᠨ ᠬᠠᠯᠠᠮᠰᠢᠯ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ | ᠪᠣᠳᠠᠲᠤ ᠠᠵᠢᠯ ᠬᠢᠵᠦ᠂ ᠠᠯᠪᠠᠨ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠤᠨ ︽ᠨᠢᠭᠡ ᠯᠡ ᠳᠠᠷᠤᠪᠴᠢ ᠪᠠᠷ | ᠬᠡᠦᠬᠡᠳ ᠤᠨ ᠴᠡᠴᠡᠷᠯᠢᠭ ᠲᠤ ᠣᠷᠣᠬᠤ︾ ᠪᠠ ᠠᠯᠪᠠᠨ ᠵᠢᠷᠤᠮ ᠤᠨ ᠰᠤᠷᠭᠠᠨ ᠬᠥᠮᠦᠵᠢᠯ ᠤᠨ ︽ᠨᠢᠭᠡ ᠯᠡ | ᠳᠠᠷᠤᠪᠴᠢ ᠪᠠᠷ ᠰᠤᠷᠭᠠᠭᠤᠯᠢ ᠳᠤ ᠣᠷᠣᠬᠤ︾ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠲᠤᠭ᠎ᠠ ᠪᠠᠷᠢᠮᠲᠠ ᠶᠢ | ᠢᠯᠡᠭᠦᠬᠡᠨ ᠭᠦᠶᠦᠯᠭᠡᠵᠦ᠂ ᠣᠯᠠᠨ ᠲᠦᠮᠡᠨ ᠢ ᠳᠤᠲᠠᠭᠤ ᠭᠦᠶᠦᠯᠭᠡᠬᠦ ᠶᠢ ᠪᠡᠶᠡᠯᠡᠭᠦᠯᠪᠡ᠃ | ᠲᠠᠪᠤ ᠳᠤ᠂ ᠴᠢᠨᠠᠷᠯᠢᠭ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠪᠠ᠃ | ᠰᠤᠷᠤᠯᠴᠠᠯᠭ᠎ᠠ ᠬᠥᠮᠦᠵᠢᠯ ᠢ ᠲᠥᠪᠯᠡᠷᠡᠭᠦᠯᠦᠨ ᠥᠷᠨᠢᠭᠦᠯᠬᠦ᠂ ᠶᠡᠷᠦᠩᠬᠡᠶᠢᠯᠡᠨ ᠴᠡᠭᠴᠡᠯᠡᠨ ᠵᠠᠰᠠᠬᠤ ᠶᠢ | ᠭᠦᠨᠵᠡᠭᠡᠶᠢᠷᠡᠭᠦᠯᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠪᠠᠭᠰᠢ ᠶᠢᠨ ᠮᠣᠷᠠᠯ ᠰᠤᠷᠲᠠᠯ ᠤᠨ | ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠨ ᠰᠠᠶᠢᠵᠢᠷᠠᠭᠤᠯᠪᠠ᠃ ᠡᠬᠢ ᠡᠭᠦᠰᠦᠯ ᠠᠴᠠ ᠨᠢ ᠭᠠᠷᠳᠠᠨ᠂ | ᠪᠠᠭᠰᠢ ᠶᠢᠨ ᠰᠤᠷᠭᠠᠭᠤᠯᠢ ᠶᠢᠨ ᠰᠤᠷᠤᠭᠴᠢ ᠶᠢᠨ ᠢᠷᠡᠯᠲᠡ ᠶᠢᠨ ᠴᠢᠨᠠᠷ ᠴᠢᠨᠰᠠᠭ᠎ᠠ ᠶᠢ ᠬᠦᠴᠦᠯᠡᠨ ᠰᠠᠶᠢᠵᠢᠷᠠᠭᠤᠯᠵᠤ᠂ | ᠪᠠᠭᠰᠢ ᠶᠢᠨ ᠲᠥᠷᠥᠯ ᠤᠨ ᠲᠤᠰᠬᠠᠶ ᠮᠡᠷᠭᠡᠵᠢᠯ ᠤᠨ ᠭᠡᠷᠡᠴᠢᠯᠡᠯᠲᠡ ᠶᠢ ᠠᠬᠢᠭᠤᠯᠵᠤ᠂ ᠪᠠᠭᠰᠢ ᠶᠢᠨ ᠰᠤᠷᠭᠠᠨ | ᠬᠥᠮᠦᠵᠢᠯ ᠤᠨ ᠴᠢᠨᠠᠷ ᠴᠢᠨᠰᠠᠭ᠎ᠠ ᠶᠢ ᠬᠠᠮᠵᠢᠯᠴᠠᠨ ᠳᠡᠭᠡᠭᠰᠢᠯᠡᠭᠦᠯᠬᠦ ᠲᠥᠯᠥᠪᠯᠡᠭᠡ ᠶᠢ ᠡᠬᠢᠯᠡᠭᠦᠯᠦᠨ᠂ ᠪᠠᠭᠰᠢ ᠶᠢᠨ | ᠳᠡᠭᠡᠳᠦ ᠰᠤᠷᠭᠠᠭᠤᠯᠢ ᠪᠣᠯᠤᠨ ᠪᠠᠭᠰᠢ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠡᠷᠬᠢᠯᠡᠬᠦ ᠬᠢᠷᠢ ᠲᠦᠪᠰᠢᠨ ᠢ | ᠪᠦᠬᠦᠯᠢ ᠴᠣᠭᠴᠠ ᠪᠠᠷ ᠳᠡᠭᠡᠭᠰᠢᠯᠡᠭᠦᠯᠪᠡ᠃ ᠪᠠᠭᠰᠢ ᠶᠢᠨ ᠴᠢᠳᠠᠪᠤᠷᠢ ᠬᠡᠪ ᠴᠢᠨᠠᠷ ᠢ ᠳᠡᠭᠡᠭᠰᠢᠯᠡᠭᠦᠯᠬᠦ | ᠢᠨᠵᠧᠨᠧᠷᠢᠩ ᠠᠴᠠ ᠭᠠᠷᠳᠠᠵᠤ᠂ ᠡᠯ᠎ᠡ ᠱᠠᠲᠤᠨ ᠤ ᠰᠢᠨ᠎ᠡ ᠪᠠᠷ ᠠᠵᠢᠯ ᠳᠤ ᠣᠷᠣᠬᠤ ᠪᠠᠭᠰᠢ᠂ ᠬᠥᠳᠡᠭᠡ | ᠲᠣᠰᠬᠤᠨ ᠤ ᠪᠠᠭᠰᠢ ᠶᠢᠨ ᠰᠤᠷᠭᠠᠭᠤᠯᠢ ᠶᠢᠨ ᠵᠠᠬᠢᠷᠤᠯ ᠤᠨ ᠪᠣᠯᠪᠠᠰᠤᠷᠠᠭᠤᠯᠤᠯ ᠢᠶᠠᠷ ᠭᠤᠤᠯᠳᠠᠯᠭ᠎ᠠ ᠪᠣᠯᠭᠠᠵᠤ᠂ | ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ︽ᠤᠯᠤᠰ ᠤᠨ ᠪᠣᠯᠪᠠᠰᠤᠷᠠᠭᠤᠯᠤᠯ ᠤᠨ ᠲᠥᠯᠥᠪᠯᠡᠭᠡ︾᠂ | ︽ᠣᠷᠣᠨ ᠤ ᠪᠣᠯᠪᠠᠰᠤᠷᠠᠭᠤᠯᠤᠯ ᠤᠨ ᠲᠥᠯᠥᠪᠯᠡᠭᠡ︾ ᠪᠠ ︽ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ | ᠪᠠᠭᠰᠢ ᠶᠢᠨ ᠬᠡᠪ ᠴᠢᠨᠠᠷ ᠢ ᠳᠡᠭᠡᠭᠰᠢᠯᠡᠭᠦᠯᠬᠦ ᠲᠥᠯᠥᠪᠯᠡᠭᠡ︾ ᠶᠢ ᠴᠢᠨᠠᠷᠯᠢᠭ ᠬᠡᠷᠡᠭᠵᠢᠭᠦᠯᠵᠦ᠂ 23 ᠲᠦᠮᠡ ᠭᠠᠷᠤᠶ | ᠪᠠᠭᠰᠢ ᠶᠢᠨ ᠵᠣᠨ ᠤ ᠠᠮᠠᠷᠠᠯᠲᠠ ᠶᠢᠨ ᠬᠤᠭᠤᠴᠠᠭᠠᠨ ᠤ ᠰᠤᠳᠤᠯᠤᠨ ᠰᠤᠷᠤᠯᠴᠠᠬᠤ ᠠᠵᠢᠯ ᠢ ᠪᠡᠶᠡᠯᠡᠭᠦᠯᠵᠦ᠂ | ᠪᠠᠭᠰᠢ ᠶᠢᠨ ᠴᠢᠳᠠᠪᠤᠷᠢ ᠬᠡᠪ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠠᠯᠪᠠᠨ ᠤ ᠰᠦᠢᠳᠭᠡᠯ ᠢᠶᠠᠷ | ᠪᠠᠭᠰᠢ ᠶᠢ ᠬᠠᠨᠳᠤᠯᠭ᠎ᠠ ᠲᠠᠢ ᠬᠥᠮᠦᠵᠢᠭᠦᠯᠬᠦ ᠵᠡᠷᠭᠡ ᠲᠤᠰᠬᠠᠶ ᠲᠥᠯᠥᠪᠯᠡᠭᠡ ᠶᠢ ᠬᠡᠷᠡᠭᠵᠢᠭᠦᠯᠬᠦ ᠪᠠᠷ ᠳᠠᠮᠵᠢᠭᠤᠯᠤᠨ᠂ | ᠬᠥᠳᠡᠭᠡ ᠲᠣᠰᠬᠤᠨ ᠤ ᠰᠤᠷᠭᠠᠭᠤᠯᠢ ᠳᠤ 1438 ᠰᠢᠯᠢᠳᠡᠭ ᠪᠠᠭᠰᠢ ᠶᠢ ᠨᠥᠬᠦᠪᠦᠷᠢᠯᠡᠨ ᠬᠥᠮᠥᠵᠢᠭᠦᠯᠵᠦ᠂ ᠰᠢᠯᠢᠳᠡᠭ | ᠢᠳᠡᠷ ᠵᠠᠯᠠᠭᠤ ᠪᠠᠭᠰᠢ ᠨᠠᠷ ᠢᠶᠠᠷ ᠬᠥᠳᠡᠭᠡ ᠲᠣᠰᠬᠤᠨ ᠤ ᠰᠤᠷᠭᠠᠨ ᠬᠥᠮᠦᠵᠢᠯ ᠢ ᠳᠡᠮᠵᠢᠭᠦᠯᠬᠦ ᠲᠥᠷᠥᠯ ᠵᠦᠢᠯ ᠢ | ᠦᠷᠭᠦᠯᠵᠢᠯᠡᠨ ᠥᠷᠨᠢᠭᠦᠯᠵᠦ᠂ 1122 ᠪᠠᠭᠰᠢ ᠶᠢ ᠨᠢᠭᠡᠳᠦᠯᠲᠡᠶ ᠲᠥᠯᠥᠪᠯᠡᠨ ᠰᠣᠩᠭᠤᠨ ᠲᠣᠮᠢᠯᠠᠵᠤ ᠬᠥᠳᠡᠭᠡ | ᠲᠣᠰᠬᠤᠨ ᠳᠤ ᠣᠴᠢᠭᠤᠯᠤᠨ᠂ ᠪᠠᠭᠤᠷᠠᠶ ᠰᠤᠷᠭᠠᠭᠤᠯᠢ ᠶᠢᠨ ᠰᠤᠷᠭᠠᠨ ᠬᠥᠮᠦᠵᠢᠯ ᠢ ᠳᠡᠮᠵᠢᠭᠦᠯᠵᠦ᠂ ᠰᠤᠷᠭᠠᠨ | ᠬᠥᠮᠦᠵᠢᠯ ᠤᠨ ᠴᠢᠨᠠᠷ ᠴᠢᠨᠰᠠᠭᠠᠨ ᠤ ᠪᠦᠬᠦᠯᠢ ᠴᠣᠭᠴᠠ ᠶᠢᠨ ᠳᠡᠭᠡᠭᠰᠢᠯᠡᠯᠲᠡ ᠶᠢ ᠳᠠᠭᠤᠷᠢᠶᠠᠯ ᠦᠵᠡᠭᠦᠯᠦᠨ | ᠳᠠᠶᠢᠴᠢᠯᠠᠪᠠ᠃ | ᠵᠢᠷᠭᠤᠭ᠎ᠠ ᠳᠤ᠂ ᠲᠣᠭᠠᠵᠢᠭᠤᠯᠤᠯᠲᠠ ᠲᠡᠶᠢᠰᠢ ᠬᠡᠯᠪᠡᠷᠢ ᠪᠠᠨ ᠬᠤᠪᠢᠷᠠᠭᠤᠯᠬᠤ ᠪᠠᠷ ᠰᠤᠷᠭᠠᠨ ᠬᠥᠮᠦᠵᠢᠯ ᠢ | ᠴᠢᠨᠠᠷᠯᠢᠭ ᠬᠥᠭᠵᠢᠭᠦᠯᠬᠦ ᠳᠤ ᠡᠨᠧᠷᠭᠢ ᠣᠯᠭᠤᠪᠠ᠃ᠰᠤᠷᠭᠠᠨ ᠬᠥᠮᠦᠵᠢᠯ ᠤᠨ ᠲᠣᠭᠠᠵᠢᠭᠤᠯᠤᠭᠰᠠᠨ ᠪᠠᠶᠢᠯᠳᠤᠬᠤ | ᠪᠣᠳᠣᠯᠭ᠎ᠠ ᠶᠢᠨ ᠠᠵᠢᠯᠯᠠᠭ᠎ᠠ ᠶᠢ ᠶᠡᠭᠡ ᠪᠠᠷ ᠠᠬᠢᠭᠤᠯᠵᠤ᠂ ᠤᠯᠤᠰ ᠤᠨ ᠣᠶᠤᠨᠴᠢ ᠰᠤᠷᠭᠠᠨ ᠬᠥᠮᠦᠵᠢᠯ ᠤᠨ | ᠲᠠᠪᠴᠠᠩ ᠤᠨ ᠥᠪᠥᠷ ᠮᠣᠩᠭᠤᠯ ᠳᠠᠬᠢ ᠲᠤᠷᠰᠢᠯᠲᠠ ᠶᠢᠨ ᠠᠵᠢᠯ ᠢ ᠲᠦᠷᠭᠡᠳᠬᠡᠨ ᠠᠬᠢᠭᠤᠯᠵᠤ᠂ ᠡᠯ᠎ᠡ ᠭᠠᠵᠠᠷ ᠡᠯ᠎ᠡ | ᠰᠤᠷᠭᠠᠭᠤᠯᠢ ᠶᠢ ᠵᠢᠯᠣᠭᠤᠳᠤᠨ ᠴᠢᠨᠠᠷᠯᠢᠭ ᠲᠣᠭᠠᠵᠢᠭᠰᠠᠨ ᠡᠬᠢ ᠪᠠᠶᠠᠯᠢᠭ ᠤᠨ ᠬᠠᠩᠭᠠᠯᠭ᠎ᠠ ᠶᠢ ᠲᠠᠰᠤᠷᠠᠯᠲᠠ ᠥᠬᠡᠶ | ᠥᠷᠭᠡᠳᠬᠡᠵᠦ᠂ ᠣᠳᠣᠬᠠᠨ ᠳᠤ ᠨᠢᠭᠡᠨᠲᠡ 318 . 9 ᠲᠦᠮᠡᠨ ᠬᠡᠷᠡᠭᠯᠡᠭᠴᠢ ᠳᠠᠩᠰᠠᠯᠠᠭᠤᠯᠵᠤ᠂ ᠦᠵᠡᠭᠰᠡᠨ ᠬᠡᠮᠵᠢᠶ᠎ᠡ | 5 . 59 ᠳ᠋ᠦᠩᠰᠢᠭᠤᠷ ᠤᠳᠠᠭ᠎ᠠ ᠬᠦᠷᠴᠡᠶ᠃ ︽ᠭᠤᠷᠪᠠᠨ ᠬᠢᠴᠢᠶᠡᠯ ᠤᠨ ᠲᠠᠩᠬᠢᠮ︾ ᠤᠨ ᠪᠥᠲᠥᠭᠡᠨ | ᠪᠠᠶᠢᠭᠤᠯᠤᠯᠲᠠ ᠬᠢᠭᠡᠳ ᠬᠡᠷᠡᠭᠯᠡᠯᠲᠡ ᠶᠢ ᠲᠦᠷᠭᠡᠳᠬᠡᠨ ᠠᠬᠢᠭᠤᠯᠵᠤ᠂ ︽ᠲᠤᠰᠬᠠᠶ ᠳᠠᠮᠵᠢᠭᠤᠯᠬᠤ ᠬᠢᠴᠢᠶᠡᠯ ᠤᠨ | ᠲᠠᠩᠬᠢᠮ︾ ᠢᠶᠠᠷ ᠳᠠᠮᠵᠢᠭᠤᠯᠤᠨ ᠪᠥᠬᠦ ᠣᠷᠣᠨ ᠤ ᠰᠢᠯᠢᠳᠡᠭ ᠡᠬᠢ ᠪᠠᠶᠠᠯᠢᠭ ᠲᠠᠢ 405 ᠳᠤᠮᠳᠠᠳᠤ ᠪᠠᠭ᠎ᠠ | ᠰᠤᠷᠭᠠᠭᠤᠯᠢ ᠶᠢ ᠮᠠᠯᠵᠢᠬᠤ ᠲᠠᠷᠢᠶᠠᠯᠠᠬᠤ ᠣᠷᠣᠨ ᠤ 498 ᠪᠠᠭᠤᠷᠠᠶ ᠰᠤᠷᠭᠠᠭᠤᠯᠢ ︵ᠵᠢᠭᠠᠨ ᠰᠤᠷᠭᠠᠬᠤ ᠴᠡᠭ︶ | ᠲᠠᠢ ᠵᠣᠯᠭᠠᠭᠤᠯᠤᠨ ᠬᠠᠪᠰᠤᠷᠤᠨ ᠳᠡᠳᠬᠦᠭᠦᠯᠪᠡ︔ ︽ᠨᠠᠷᠠᠲᠤ ᠪᠠᠭᠰᠢ ᠶᠢᠨ ᠬᠢᠴᠢᠶᠡᠯ ᠤᠨ ᠲᠠᠩᠬᠢᠮ︾ ᠢᠶᠠᠷ | ᠳᠠᠮᠵᠢᠭᠤᠯᠤᠨ ᠪᠥᠬᠦ ᠣᠷᠣᠨ ᠳᠤ 115 ᠰᠢᠩᠭᠡᠭᠡᠨ ᠨᠡᠪᠲᠡᠷᠡᠭᠦᠯᠬᠦ ᠬᠢᠴᠢᠶᠡᠯ ᠤᠨ ᠬᠡᠷ ᠪᠠᠶᠢᠭᠤᠯᠵᠤ᠂ ᠪᠠᠭᠰᠢ | ᠠᠯᠤᠰ ᠠᠴᠠ ᠰᠦᠯᠵᠢᠶᠡᠨ ᠳᠤ ᠰᠣᠯᠢᠯᠴᠠᠨ ᠰᠤᠷᠤᠯᠴᠠᠬᠤ ᠶᠢ ᠠᠬᠢᠭᠤᠯᠪᠠ︔ ︽ᠨᠠᠷᠠᠲᠤ ᠰᠤᠷᠭᠠᠭᠤᠯᠢ ᠶᠢᠨ | ᠰᠦᠯᠵᠢᠶᠡᠨ ᠤ ᠬᠢᠴᠢᠶᠡᠯ ᠤᠨ ᠲᠠᠩᠬᠢᠮ︾ ᠢᠶᠠᠷ ᠳᠠᠮᠵᠢᠭᠤᠯᠤᠨ ᠬᠢᠯᠢ ᠬᠢᠵᠠᠭᠠᠷ ᠣᠷᠣᠨ ᠤ ᠳᠤᠮᠳᠠᠳᠤ ᠪᠠᠭ᠎ᠠ | ᠰᠤᠷᠭᠠᠭᠤᠯᠢ ᠶᠢᠨ ᠪᠠᠭᠰᠢ ᠰᠤᠷᠤᠭᠴᠢᠳ ᠲᠤ ᠪᠥᠬᠦ ᠤᠯᠤᠰ ᠤᠨ ᠴᠢᠨᠠᠷᠯᠢᠭ ᠰᠤᠷᠭᠠᠨ ᠬᠥᠮᠦᠵᠢᠯ ᠵᠢᠭᠠᠨ | ᠰᠤᠷᠭᠠᠯᠲᠠ ᠶᠢᠨ ᠡᠬᠢ ᠪᠠᠶᠠᠯᠢᠭ ᠢ ᠬᠤᠪᠢᠶᠠᠯᠴᠠᠨ ᠡᠳ᠋ᠯᠡᠭᠦᠯᠪᠡ᠃ ᠳᠠᠷᠠᠭ᠎ᠠ ᠠᠯᠬᠤᠮ ᠳᠤ᠂ ᠪᠥᠬᠦ ᠣᠷᠣᠨ ᠤ | ᠰᠤᠷᠭᠠᠨ ᠬᠥᠮᠦᠵᠢᠯ ᠤᠨ ᠰᠢᠰᠲ᠋ᠧᠮ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ | ᠲᠠᠪᠤᠨ ᠶᠡᠭᠡ ᠡᠭᠦᠷᠭᠡ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ | ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠭᠦᠯᠬᠦ ᠲᠣᠭᠤᠷᠢᠨ ᠳᠤ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ | ᠪᠠᠷᠢᠮᠲᠠᠯᠠᠨ ᠴᠢᠩᠭᠠᠳᠬᠠᠵᠤ᠂ ᠶᠡᠷᠦᠩᠬᠡᠶ ᠱᠦᠵᠢ ᠰᠢ ᠶᠢᠨ ᠫᠢᠩ ᠤᠨ ᠰᠤᠷᠭᠠᠨ ᠬᠥᠮᠦᠵᠢᠯ ᠤᠨ ᠬᠦᠴᠦᠷᠬᠡᠭ | ᠤᠯᠤᠰ ᠢ ᠪᠦᠲᠦᠭᠡᠨ ᠪᠠᠶᠢᠭᠤᠯᠬᠤ ᠲᠤᠬᠠᠶ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠨ᠂ ᠮᠣᠩᠭᠤᠯ ᠮᠣᠷᠢᠨ ᠤ ᠵᠣᠷᠢᠭ ᠰᠠᠨᠠᠭ᠎ᠠ ᠪᠣᠯᠤᠨ | ︽ᠭᠤᠷᠪᠠᠨ ᠤᠮᠠᠷᠠᠲᠤ ᠶᠢᠨ ᠵᠣᠷᠢᠭ ᠰᠠᠨᠠᠭ᠎ᠠ︾ ᠶᠢ ᠶᠡᠭᠡ ᠪᠠᠷ ᠪᠠᠳᠠᠷᠠᠭᠤᠯᠤᠨ᠂ ᠴᠢᠨᠠᠷᠯᠢᠭ ᠰᠤᠷᠭᠠᠨ ᠬᠥᠮᠦᠵᠢᠯ ᠤᠨ | ᠳᠣᠭᠲᠠᠯᠴᠠᠭᠠᠨ ᠤ ᠪᠠᠶᠢᠭᠤᠯᠤᠯᠲᠠ ᠶᠢ ᠠᠬᠢᠭᠤᠯᠤᠨ᠂ ᠣᠷᠣᠨ ᠪᠦᠰᠡ ᠶᠢᠨ ᠠᠵᠤ ᠠᠬᠤᠢ ᠨᠡᠶᠢᠭᠡᠮ ᠤᠨ | ᠬᠥᠭᠵᠢᠯᠲᠡ ᠳᠤ ᠦᠢᠯᠡᠴᠢᠯᠡᠵᠦ᠂ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠰᠠᠶᠢᠲᠤᠷ | ᠡᠷᠬᠢᠯᠡᠨ᠂ ᠣᠳᠣᠬᠢᠴᠢᠯᠠᠭᠰᠠᠨ ᠥᠪᠥᠷ ᠮᠣᠩᠭᠤᠯ ᠢ ᠪᠦᠲᠦᠭᠡᠨ ᠪᠠᠶᠢᠭᠤᠯᠬᠤ ᠳᠤ ᠰᠤᠷᠭᠠᠨ ᠬᠥᠮᠦᠵᠢᠯ ᠤᠨ ᠬᠦᠴᠦᠨ | ᠴᠢᠳᠠᠯ ᠢᠶᠠᠨ ᠡᠷᠭᠦᠨ᠎ᠡ᠃ | | | |