8 ᠰᠠᠷ᠎ᠠ ᠶᠢᠨ 16 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ︽ᠬᠤᠶᠠᠷ ᠶᠡᠭᠡ ᠶᠠᠪᠤᠳᠠᠯ ᠢᠶᠠᠷ ᠭᠤᠤᠯ ᠭᠠᠷᠳᠠᠴᠠ ᠪᠣᠯᠭᠠᠨ ᠥᠪᠥᠷ ᠮᠣᠩᠭᠤᠯ ᠤᠨ | ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ︾ ᠭᠤᠤᠯ ᠰᠡᠳᠦᠪᠲᠦ ᠰᠢᠷᠢᠰ ᠰᠣᠨᠢᠨ ᠮᠡᠳᠡᠭᠡ | ᠨᠡᠶᠢᠲᠡᠯᠡᠬᠦ ᠬᠤᠷᠠᠯ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ | ᠲᠢᠩᠬᠢᠮ ᠤᠨ ᠲᠤᠰᠬᠠᠶ ᠲᠠᠯᠠᠪᠤᠷ︶ ᠢ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠰᠤᠷᠭᠠᠨ ᠬᠥᠮᠦᠵᠢᠯ ᠤᠨ ᠠᠵᠢᠯ ᠤᠨ ᠬᠤᠷᠢᠶ᠎ᠠ ᠶᠢᠨ ᠭᠡᠰᠢᠭᠦᠨ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ | ᠤᠳᠤᠷᠢᠳᠬᠤ ᠳᠤᠭᠤᠶᠢᠯᠠᠩ ᠤᠨ ᠬᠡᠰᠢᠭᠦᠨ᠂ ᠲᠢᠩᠬᠢᠮ ᠤᠨ ᠳᠡᠳ᠋ ᠳᠠᠷᠤᠭ᠎ᠠ ᠯᠢ ᠶᠢᠩ ︽ᠪᠠᠶᠢᠯᠳᠤᠬᠤ | ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠣᠨᠣᠪᠴᠢᠲᠠᠶ ᠡᠵᠡᠮᠳᠡᠵᠦ ᠣᠷᠣᠨ ᠪᠦᠰᠡ ᠶᠢᠨ ᠬᠥᠭᠵᠢᠯᠲᠡ ᠳᠤ ᠪᠥᠬᠦ | ᠬᠦᠴᠦᠨ ᠢᠶᠠᠷ ᠢᠶᠠᠨ ᠦᠢᠯᠡᠴᠢᠯᠡᠨ ᠣᠳᠣᠬᠢᠴᠢᠯᠠᠭᠰᠠᠨ ᠥᠪᠥᠷ ᠮᠣᠩᠭᠤᠯ ᠢ ᠪᠥᠲᠥᠭᠡᠨ ᠪᠠᠶᠢᠭᠤᠯᠬᠤ ᠳᠤ ᠰᠤᠷᠭᠠᠨ | ᠬᠥᠮᠦᠵᠢᠯ ᠤᠨ ᠬᠦᠴᠦᠨ ᠴᠢᠳᠠᠯ ᠢᠶᠠᠨ ᠡᠷᠭᠦᠶ᠎ᠡ︾ ᠭᠡᠬᠦ ᠭᠤᠤᠯ ᠰᠡᠳᠦᠪᠲᠦ ᠨᠡᠶᠢᠲᠡᠯᠡᠯ ᠬᠢᠭᠰᠡᠨ ᠪᠥᠭᠡᠳ | ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠭᠡᠰᠢᠭᠦᠨ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ | ᠤᠳᠤᠷᠢᠳᠬᠤ ᠳᠤᠭᠤᠶᠢᠯᠠᠩ ᠤᠨ ᠬᠡᠰᠢᠭᠦᠨ᠂ ᠲᠢᠩᠬᠢᠮ ᠤᠨ ᠳᠡᠳ᠋ ᠳᠠᠷᠤᠭ᠎ᠠ ᠸᠠᠩ ᠮᠢᠨ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠭᠡᠰᠢᠭᠦᠨ᠂ ᠰᠤᠷᠭᠠᠨ | ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠬᠡᠰᠢᠭᠦᠨ᠂ ᠶᠡᠷᠦᠩᠬᠡᠢ ᠰᠤᠷᠭᠠᠭᠤᠯᠢ | ᠪᠠᠶᠢᠴᠠᠭᠠᠭᠴᠢ ᠵᠦ ᠪᠦᠦ ᠵᠢᠶᠠᠩ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ | ᠤᠳᠤᠷᠢᠳᠬᠤ ᠳᠤᠭᠤᠶᠢᠯᠠᠩ ᠤᠨ ᠬᠡᠰᠢᠭᠦᠨ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ | ᠰᠢᠯᠭᠠᠯᠲᠠ ᠶᠢᠨ ᠬᠦᠷᠢᠶᠡᠯᠡᠩ ᠤᠨ ᠳᠠᠷᠤᠭ᠎ᠠ ᠠᠨ ᠯᠢ ᠮᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠭᠰᠠᠨ | ᠪᠥᠭᠡᠳ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ ᠬᠠᠮᠲᠤ ᠳᠤ ᠪᠠᠨ ᠦᠵᠡᠵᠡᠭᠡᠶ᠎ᠡ — | 1 . ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠠᠶᠢᠭᠤᠯᠬᠤ ᠳᠤ ᠬᠤᠰᠢᠭᠤᠯᠠᠭᠴᠢ ᠪᠣᠯ ᠳᠡᠭᠡᠳᠦ | ᠵᠡᠷᠭᠡ ᠶᠢᠨ ᠰᠤᠷᠭᠠᠨ ᠬᠥᠮᠦᠵᠢᠯ ᠪᠣᠯᠤᠨ᠎ᠠ᠃ ᠥᠪᠡᠷᠲᠡᠭᠡᠨ ᠵᠠᠰᠠᠬᠤ ᠣᠷᠣᠨ ᠤ ᠳᠠᠪᠠᠭᠤᠯᠢᠭ ᠰᠢᠨᠵᠢᠯᠡᠭᠡᠨ ᠤ | ᠰᠠᠯᠠᠭ᠎ᠠ ᠶᠢ ᠥᠳᠲᠡᠷ ᠲᠦᠷᠭᠡᠨ ᠪᠠᠶᠢᠭᠤᠯᠬᠤ᠂ ᠰᠢᠨ᠎ᠡ ᠶᠢ ᠡᠭᠦᠳᠬᠦ ᠣᠷᠦ᠋ᠢᠯᠠᠭᠰᠠᠨ ᠴᠢᠳᠠᠪᠤᠷᠢᠲᠠᠨ ᠢ ᠪᠡᠶ᠎ᠡ ᠪᠠᠨ | ᠳᠠᠭᠠᠭᠠᠵᠤ ᠬᠥᠮᠦᠵᠢᠭᠦᠯᠬᠦ ᠶᠢ ᠴᠢᠩᠭᠠᠳᠬᠠᠬᠤ᠂ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠠᠵᠤ | ᠦᠢᠯᠡᠰ ᠤᠨ ᠵᠠᠩᠭᠢᠯᠠᠭ᠎ᠠ ᠶᠢᠨ ᠭᠤᠤᠯᠯᠠᠬᠤ ᠮᠡᠷᠭᠡᠵᠢᠯ ᠢ ᠰᠢᠢᠳᠪᠦᠷᠢᠯᠡᠬᠦ ᠳᠤ ᠬᠦᠴᠦᠨ ᠨᠡᠮᠡᠷᠢᠯᠡᠬᠦ ᠵᠡᠷᠭᠡ ᠲᠠᠯ᠎ᠠ ᠪᠠᠷ | ᠶᠠᠮᠠᠷ ᠰᠢᠨ᠎ᠡ ᠠᠷᠭ᠎ᠠ ᠬᠡᠮᠵᠢᠶ᠎ᠡ ᠪᠠᠶᠢᠬᠤ ᠪᠣᠶ︖ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠤᠷᠭᠠᠨ ᠬᠥᠮᠦᠵᠢᠯ ᠤᠨ ᠠᠵᠢᠯ ᠤᠨ | ᠬᠤᠷᠢᠶ᠎ᠠ ᠶᠢᠨ ᠭᠡᠰᠢᠭᠦᠨ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ | ᠬᠡᠰᠢᠭᠦᠨ᠂ ᠲᠢᠩᠬᠢᠮ ᠤᠨ ᠳᠡᠳ᠋ ᠳᠠᠷᠤᠭ᠎ᠠ ᠯᠢ ᠶᠢᠩ ᠄ ᠶᠠᠭ ᠰᠤᠷᠪᠤᠯᠵᠢᠯᠠᠭᠴᠢ ᠨᠠᠶᠢᠵᠠ ᠶᠢᠨ ᠬᠡᠯᠡᠭᠰᠡᠨᠴᠢᠯᠡᠨ᠂ | ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠳᠤ ᠬᠤᠰᠢᠭᠤᠴᠢᠯᠠᠭᠴᠢ ᠪᠣᠯ ᠳᠡᠭᠡᠳᠦ | ᠵᠡᠷᠭᠡ ᠶᠢᠨ ᠰᠤᠷᠭᠠᠨ ᠬᠥᠮᠦᠵᠢᠯ ᠪᠣᠯᠤᠨ᠎ᠠ᠃ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ | ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ | ᠲᠤᠭᠤᠰᠢᠯᠠᠭᠤᠯᠵᠤ᠂ ᠬᠤᠶᠠᠷ ᠶᠡᠭᠡ ᠶᠠᠪᠤᠳᠠᠯ ᠢ ᠴᠢᠷᠮᠠᠶᠢᠨ ᠰᠠᠶᠢᠲᠤᠷ ᠬᠢᠬᠦ ᠳᠤ ᠡᠷᠬᠡᠪᠰᠢ ᠳᠡᠭᠡᠳᠦ ᠵᠡᠷᠭᠡ ᠶᠢᠨ | ᠰᠤᠷᠭᠠᠨ ᠬᠥᠮᠦᠵᠢᠯ ᠤᠨ ᠳᠠᠭᠠᠭᠤᠯᠤᠭᠴᠢ ᠦᠢᠯᠡᠳᠦᠯ ᠢ ᠭᠦᠢᠴᠡᠳ ᠪᠠᠳᠠᠷᠠᠭᠤᠯᠵᠤ᠂ ᠴᠢᠳᠠᠪᠤᠷᠢᠲᠠᠨ ᠢ ᠪᠡᠶ᠎ᠡ ᠪᠠᠨ | ᠳᠠᠭᠠᠭᠠᠵᠤ ᠬᠥᠮᠦᠵᠢᠭᠦᠯᠬᠦ ᠴᠢᠨᠠᠷ ᠴᠢᠨᠰᠠᠭ᠎ᠠ ᠶᠢ ᠬᠦᠴᠦᠯᠡᠨ ᠳᠡᠭᠡᠭᠰᠢᠯᠡᠭᠦᠯᠵᠦ᠂ ᠰᠢᠨ᠎ᠡ ᠶᠢ ᠡᠭᠦᠳᠬᠦ ᠣᠷᠦ᠋ᠢᠯᠠᠭᠰᠠᠨ | ᠴᠢᠳᠠᠪᠤᠷᠢᠲᠠᠨ ᠢ ᠬᠥᠮᠦᠵᠢᠭᠦᠯᠦᠨ ᠪᠤᠶᠢᠵᠢᠭᠤᠯᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ | ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ᠃ ᠨᠢᠭᠡ ᠳᠤ᠂ ᠰᠢᠨᠵᠢᠯᠡᠭᠡᠨ ᠤ ᠰᠠᠯᠠᠭᠠᠨ ᠤ ᠲᠤᠰᠬᠠᠶ | ᠮᠡᠷᠭᠡᠵᠢᠯ ᠤᠨ ᠳᠣᠭᠲᠠᠯᠴᠠᠭᠠᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠪᠡ᠃ ᠲᠠᠪᠤᠨ ᠶᠡᠭᠡ ᠡᠭᠦᠷᠭᠡ ᠳᠤ | ᠦᠢᠯᠡᠴᠢᠯᠡᠬᠦ ᠳᠤ ᠠᠩᠬᠠᠷᠤᠯ ᠢᠶᠠᠨ ᠬᠠᠨᠳᠤᠭᠤᠯᠤᠨ᠂ ᠰᠢᠨᠵᠢᠯᠡᠭᠡᠨ ᠤ ᠰᠠᠯᠠᠭᠠᠨ ᠤ ᠲᠤᠰᠬᠠᠶ ᠮᠡᠷᠭᠡᠵᠢᠯ ᠤᠨ | ᠲᠣᠬᠢᠷᠠᠭᠤᠯᠤᠯᠲᠠ ᠪᠣᠯᠤᠨ ᠠᠵᠤ ᠦᠢᠯᠡᠰ ᠤᠨ ᠬᠡᠯᠬᠢᠶ᠎ᠡ᠂ ᠰᠢᠨ᠎ᠡ ᠶᠢ ᠡᠭᠦᠳᠬᠦ ᠬᠡᠯᠬᠢᠶ᠎ᠡ᠂ ᠴᠢᠳᠠᠪᠤᠷᠢᠲᠠᠨ ᠤ | ᠬᠡᠯᠬᠢᠶ᠎ᠡ ᠶᠢᠨ ᠬᠠᠷᠢᠯᠴᠠᠨ ᠵᠣᠬᠢᠴᠠᠯᠳᠤᠬᠤ ᠪᠠ ᠬᠠᠷᠢᠯᠴᠠᠨ ᠠᠬᠢᠭᠤᠯᠬᠤ ᠶᠢ ᠠᠬᠢᠭᠤᠯᠵᠤ᠂ ᠰᠢᠨᠵᠢᠯᠡᠭᠡᠨ ᠤ ᠰᠠᠯᠠᠭᠠᠨ ᠤ | ᠲᠤᠰᠬᠠᠶ ᠮᠡᠷᠭᠡᠵᠢᠯ ᠤᠨ ᠴᠢᠨᠠᠷᠯᠢᠭ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠳᠤ ᠵᠣᠬᠢᠴᠠᠬᠤ ᠴᠢᠳᠠᠪᠤᠷᠢ᠂ | ᠲᠤᠯᠭᠠᠭᠤᠷᠢᠯᠠᠬᠤ ᠬᠦᠴᠦᠨ ᠪᠠ ᠬᠥᠲᠥᠯᠥᠨ ᠳᠠᠭᠠᠭᠤᠯᠬᠤ ᠬᠦᠴᠦᠨ ᠢ ᠴᠢᠩᠭᠠᠷᠠᠭᠤᠯᠪᠠ᠃ ᠭᠤᠣᠯᠳᠠᠯᠭ᠎ᠠ ᠲᠠᠢ ᠠᠵᠤ | ᠦᠢᠯᠡᠰ ᠤᠨ ᠬᠦᠷᠢᠶ᠎ᠡ ᠴᠠᠷᠠᠭᠠᠨ ᠤ ᠰᠢᠨᠵᠢᠯᠡᠭᠡᠨ ᠤ ᠰᠠᠯᠠᠭᠠᠨ ᠤ ᠲᠤᠰᠬᠠᠢ ᠮᠡᠷᠭᠡᠵᠢᠯ ᠤᠨ ᠰᠢᠨ᠎ᠡ ᠶᠢ ᠡᠭᠦᠳᠦᠨ | ᠬᠥᠭᠵᠢᠭᠦᠯᠬᠦ ᠶᠢ ᠭᠦᠨᠵᠡᠭᠡᠶᠢᠷᠡᠭᠦᠯᠵᠦ᠂ ᠳᠡᠭᠡᠳᠦ ᠰᠤᠷᠭᠠᠭᠤᠯᠢ ᠶᠢ ᠬᠥᠲᠥᠯᠥᠨ ᠵᠢᠯᠣᠭᠤᠳᠴᠤ ᠰᠢᠨ᠎ᠡ ᠡᠨᠧᠷᠭᠢ᠂ ᠰᠢᠨ᠎ᠡ | ᠮᠠᠲ᠋ᠧᠷᠢᠶᠠᠯ᠂ ᠰᠢᠨ᠎ᠡ ᠬᠡᠯᠪᠡᠷᠢ ᠶᠢᠨ ᠬᠢᠮᠢ ᠶᠢᠨ ᠠᠵᠤ ᠦᠢᠯᠡᠳᠪᠦᠷᠢ ᠵᠡᠷᠭᠡ ᠭᠤᠣᠯᠳᠠᠯᠭ᠎ᠠ ᠲᠠᠢ ᠠᠵᠤ ᠦᠢᠯᠡᠰ ᠤᠨ | ᠬᠥᠭᠵᠢᠯᠲᠡ ᠳᠤ ᠲᠥᠪᠯᠡᠷᠡᠭᠦᠯᠦᠨ ᠴᠢᠳᠠᠪᠤᠷᠢᠲᠠᠨ ᠬᠥᠮᠦᠵᠢᠭᠦᠯᠬᠦ ᠴᠢᠳᠠᠪᠤᠷᠢ ᠶᠢ ᠲᠦᠷᠭᠡᠳᠭᠡᠪᠡ᠃ ᠣᠲᠣ ᠦᠶ᠎ᠡ ᠶᠢᠨ | ᠲᠠᠷᠢᠶᠠᠯᠠᠩ ᠮᠠᠯ ᠠᠵᠤ ᠠᠬᠤᠶ ᠶᠢᠨ ᠬᠦᠷᠢᠶᠡᠨ ᠳᠠᠬᠢ ᠰᠢᠨᠵᠢᠯᠡᠭᠡᠨ ᠤ ᠰᠠᠯᠠᠭᠠᠨ ᠤ ᠲᠤᠰᠬᠠᠶ ᠮᠡᠷᠭᠡᠵᠢᠯ ᠤᠨ | ᠠᠭᠤᠰᠤᠯᠴᠠᠨ ᠬᠥᠭᠵᠢᠬᠦ ᠶᠢ ᠠᠬᠢᠭᠤᠯᠵᠤ᠂ ᠤᠯᠠᠮᠵᠢᠯᠠᠯᠲᠤ ᠲᠠᠷᠢᠶᠠᠯᠠᠩ ᠤᠨ ᠰᠢᠨᠵᠢᠯᠡᠭᠡᠨ ᠤ ᠰᠠᠯᠠᠭ᠎ᠠ ᠶᠢᠨ ᠲᠠᠰ | ᠳᠡᠪᠰᠢᠬᠦ ᠶᠢ ᠲᠦᠷᠭᠡᠳᠬᠡᠨ᠂ ᠠᠵᠤ ᠦᠢᠯᠡᠰ ᠤᠨ ᠮᠡᠷᠭᠡᠵᠢᠯ ᠤᠨ ᠬᠤᠪᠢ ᠨᠡᠮᠡᠷᠢ ᠶᠢᠨ ᠨᠣᠷᠮ᠎ᠠ ᠶᠢ | ᠳᠡᠭᠡᠭᠰᠢᠯᠡᠭᠦᠯᠪᠡ᠃ ᠬᠤᠶᠠᠷ ᠲᠤ᠂ ᠲᠡᠷᠢᠭᠦᠨ ᠤ ᠰᠢᠨᠵᠢᠯᠡᠭᠡᠨ ᠤ ᠰᠠᠯᠠᠭ᠎ᠠ ᠶᠢ ᠪᠠᠶᠢᠭᠤᠯᠬᠤ ᠠᠵᠢᠯᠯᠠᠭ᠎ᠠ ᠶᠢ | ᠥᠷᠨᠢᠭᠦᠯᠪᠡ᠃ ᠲᠠᠪᠤᠨ ᠶᠡᠭᠡ ᠡᠭᠦᠷᠭᠡ ᠳᠤ ᠦᠢᠯᠡᠴᠢᠯᠡᠬᠦ ᠳᠤ ᠠᠩᠬᠠᠷᠤᠯ ᠢᠶᠠᠨ ᠬᠠᠨᠳᠤᠭᠤᠯᠤᠨ᠂ ᠰᠢᠨ᠎ᠡ ᠡᠭᠡᠯᠵᠢ ᠶᠢᠨ | ᠥᠪᠡᠷᠲᠡᠭᠡᠨ ᠵᠠᠰᠠᠬᠤ ᠣᠷᠣᠨ ᠤ ︽ᠲᠡᠷᠢᠭᠦᠨ ᠤ ᠰᠢᠨᠵᠢᠯᠡᠭᠡᠨ ᠤ ᠰᠠᠯᠠᠭ᠎ᠠ︾ ᠶᠢᠨ ᠪᠠᠶᠢᠭᠤᠯᠤᠯᠲᠠ ᠶᠢ ᠠᠬᠢᠭᠤᠯᠵᠤ᠂ 2 | ᠲᠡᠷᠢᠭᠦᠨ ᠤ ᠣᠷᠦ᠋ᠢᠯᠠᠭᠰᠠᠨ ᠰᠢᠨᠵᠢᠯᠡᠭᠡᠨ ᠤ ᠰᠠᠯᠠᠭ᠎ᠠ᠂ 19 ᠲᠡᠷᠢᠭᠦᠨ ᠤ ᠣᠷᠦ᠋ᠢᠯᠠᠭᠰᠠᠨ ᠬᠥᠮᠦᠵᠢᠭᠦᠯᠬᠦ | ᠰᠢᠨᠵᠢᠯᠡᠭᠡᠨ ᠤ ᠰᠠᠯᠠᠭ᠎ᠠ᠂ 14 ᠲᠡᠷᠢᠭᠦᠨ ᠤ ᠪᠠᠶᠢᠭᠤᠯᠬᠤ ᠰᠢᠨᠵᠢᠯᠡᠭᠡᠨ ᠤ ᠰᠠᠯᠠᠭ᠎ᠠ ᠶᠢ ᠭᠤᠤᠯᠳᠠᠯᠭ᠎ᠠ ᠲᠠᠢ ᠪᠥᠲᠥᠭᠡᠨ | ᠪᠠᠶᠢᠭᠤᠯᠪᠠ᠃ ᠡᠭᠦᠨ ᠳᠤ᠂ ᠡᠪᠡᠰᠦᠨ ᠤ ᠰᠤᠳᠤᠯᠤᠯ᠂ ᠠᠮᠢᠳᠤ ᠪᠣᠳᠠᠰ ᠤᠨ ᠰᠤᠳᠤᠯᠤᠯ᠂ ᠠᠮᠢ ᠠᠬᠤᠶ ᠶᠢᠨ ᠰᠤᠳᠤᠯᠤᠯ᠂ | ᠢᠳᠡᠭᠡᠨ ᠤ ᠰᠢᠨᠵᠢᠯᠡᠬᠦ ᠤᠬᠠᠭᠠᠨ ᠪᠣᠯᠤᠨ ᠢᠨᠵᠧᠨᠧᠷᠢᠩ᠂ ᠮᠠᠯ ᠠᠵᠤ ᠠᠬᠤᠶ ᠶᠢᠨ ᠰᠤᠳᠤᠯᠤᠯ ᠵᠡᠷᠭᠡ ᠰᠢᠨᠵᠢᠯᠡᠭᠡᠨ ᠤ | ᠰᠠᠯᠠᠭ᠎ᠠ ᠨᠢ ᠭᠤᠣᠯᠳᠠᠭᠤ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ | ᠰᠢᠮ᠎ᠡ ᠶᠢ ᠦᠢᠯᠡᠳᠪᠦᠷᠢᠯᠡᠬᠦ ᠵᠢᠴᠢ ᠨᠠᠷᠢᠯᠢᠭ ᠭᠦᠨᠵᠡᠭᠡᠶ ᠪᠣᠯᠪᠠᠰᠤᠷᠠᠭᠤᠯᠬᠤ ᠭᠤᠣᠯᠳᠠᠯᠭ᠎ᠠ ᠲᠠᠢ ᠠᠵᠤ ᠦᠢᠯᠡᠰ ᠲᠤ | ᠦᠢᠯᠡᠴᠢᠯᠡᠪᠡ︔ ᠬᠥᠳᠡᠯᠭᠡᠭᠴᠢ ᠬᠦᠴᠦᠨ ᠤ ᠢᠨᠵᠧᠨᠧᠷᠢᠩ ᠪᠣᠯᠤᠨ ᠢᠨᠵᠧᠨᠧᠷᠢᠩ ᠤᠨ ᠢᠯᠴᠢ ᠶᠢᠨ ᠹᠢᠽᠢᠺ᠂ | ᠮᠠᠲ᠋ᠧᠷᠢᠶᠠᠯ ᠤᠨ ᠰᠢᠨᠵᠢᠯᠡᠬᠦ ᠤᠬᠠᠭᠠᠨ ᠪᠣᠯᠤᠨ ᠢᠨᠵᠧᠨᠧᠷᠢᠩ᠂ ᠬᠢᠮᠢ ᠶᠢᠨ ᠢᠨᠵᠧᠨᠧᠷᠢᠩ ᠪᠣᠯᠤᠨ ᠮᠡᠷᠭᠡᠵᠢᠯ᠂ | ᠲᠡᠮᠦᠷᠯᠢᠭ ᠬᠠᠶᠢᠯᠤᠭᠤᠯᠬᠤ ᠢᠨᠵᠧᠨᠧᠷᠢᠩ᠂ ᠮᠧᠬᠠᠨᠢᠭ ᠤᠨ ᠢᠨᠵᠧᠨᠧᠷᠢᠩ ᠵᠡᠷᠭᠡ ᠰᠢᠨᠵᠢᠯᠡᠭᠡᠨ ᠤ ᠰᠠᠯᠠᠭ᠎ᠠ ᠨᠢ | ᠭᠤᠤᠯᠳᠠᠭᠤ ᠥᠪᠡᠷᠲᠡᠭᠡᠨ ᠵᠠᠰᠠᠬᠤ ᠣᠷᠣᠨ ᠤ ᠰᠢᠨ᠎ᠡ ᠡᠨᠧᠷᠭᠢ ᠵᠢᠴᠢ ᠲᠣᠨᠤᠭ ᠲᠥᠬᠦᠭᠡᠷᠦᠮᠵᠢ ᠦᠢᠯᠡᠳᠬᠦ᠂ | ᠲᠡᠮᠦᠷᠯᠢᠭ ᠨᠡᠭᠡᠭᠡᠨ ᠬᠠᠶᠢᠯᠤᠭᠤᠯᠬᠤ ᠵᠢᠴᠢ ᠰᠢᠨ᠎ᠡ ᠮᠠᠲ᠋ᠧᠷᠢᠶᠠᠯ ᠦᠢᠯᠡᠳᠬᠦ᠂ ᠨᠡᠭᠦᠷᠡᠰᠦ ᠵᠢᠴᠢ ᠨᠡᠭᠦᠷᠡᠰᠦᠨ ᠤ ᠰᠠᠭᠤᠷᠢ | ᠵᠡᠷᠭᠡ ᠭᠤᠤᠯᠳᠠᠯᠭ᠎ᠠ ᠲᠠᠢ ᠠᠵᠤ ᠦᠢᠯᠡᠰ ᠲᠤ ᠦᠢᠯᠡᠴᠢᠯᠡᠪᠡ︔ ᠮᠠᠷᠺᠰ ᠤᠨ ᠦᠵᠡᠯ ᠤᠨ ᠣᠨᠣᠯ᠂ ᠦᠨᠳᠦᠰᠦᠲᠡᠨ ᠤ | ᠰᠤᠳᠤᠯᠤᠯ ᠵᠡᠷᠭᠡ ᠬᠢᠴᠢᠶᠡᠯ ᠲᠥᠷᠥᠯ ᠨᠢ ᠭᠤᠤᠯᠳᠠᠭᠤ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ | ᠲᠠᠯ᠎ᠠ ᠪᠠᠷ ᠪᠠᠶᠢᠭᠤᠯᠬᠤ ᠳᠤ ᠦᠢᠯᠡᠴᠢᠯᠡᠪᠡ᠃ ᠭᠤᠷᠪᠠ ᠳᠤ᠂ ᠬᠡᠷᠡᠭᠯᠡᠭᠡᠨ ᠤ ᠬᠡᠯᠪᠡᠷᠢᠲᠦ ᠴᠢᠳᠠᠪᠤᠷᠢᠲᠠᠨ ᠢ ᠶᠡᠭᠡ ᠪᠠᠷ | ᠬᠥᠮᠥᠵᠢᠭᠦᠯᠪᠡ᠃ ᠲᠠᠪᠤᠨ ᠶᠡᠭᠡ ᠡᠭᠦᠷᠭᠡ ᠳᠤ ᠦᠢᠯᠡᠴᠢᠯᠡᠬᠦ ᠳᠤ ᠠᠩᠬᠠᠷᠤᠯ ᠢᠶᠠᠨ ᠬᠠᠨᠳᠤᠭᠤᠯᠤᠨ᠂ ᠠᠵᠤ | ᠦᠢᠯᠡᠳᠪᠦᠷᠢ ᠪᠠ ᠰᠤᠷᠭᠠᠨ ᠬᠥᠮᠦᠵᠢᠯ ᠤᠨ ᠠᠭᠤᠰᠤᠯᠴᠠᠭ᠎ᠠ᠂ ᠰᠢᠨᠵᠢᠯᠡᠬᠦ ᠤᠬᠠᠭᠠᠨ ᠪᠠ ᠰᠤᠷᠭᠠᠨ ᠬᠥᠮᠦᠵᠢᠯ ᠤᠨ | ᠠᠭᠤᠰᠤᠯᠴᠠᠭ᠎ᠠ ᠶᠢ ᠭᠦᠨᠵᠡᠭᠡᠶ ᠠᠬᠢᠭᠤᠯᠵᠤ᠂ ᠰᠤᠷᠭᠠᠭᠤᠯᠢ ᠶᠢᠨ ᠲᠠᠰ ᠤᠨ ᠣᠲᠣ ᠦᠶ᠎ᠡ ᠶᠢᠨ ᠠᠵᠤ ᠦᠢᠯᠡᠰ ᠤᠨ | ᠳᠡᠭᠡᠳᠦ ᠰᠤᠷᠭᠠᠭᠤᠯᠢ ᠶᠢ 100 ᠣᠷᠴᠢᠮ ᠪᠠᠶᠢᠷᠢᠯᠠᠭᠤᠯᠤᠨ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ | ᠲᠠᠰ ᠤᠨ ᠣᠲᠣ ᠦᠶ᠎ᠡ ᠶᠢᠨ ᠠᠵᠤ ᠦᠢᠯᠡᠰ ᠤᠨ ᠳᠡᠭᠡᠳᠦ ᠰᠤᠷᠭᠠᠭᠤᠯᠢ ᠶᠢ 20 ᠠᠴᠠ ᠳᠡᠭᠡᠭᠰᠢ ᠪᠠᠶᠢᠭᠤᠯᠤᠨ᠂ | ᠤᠯᠤᠰ ᠤᠨ ᠲᠠᠰ ᠤᠨ ᠣᠲᠣ ᠦᠶ᠎ᠡ ᠶᠢᠨ ᠠᠵᠤ ᠦᠢᠯᠡᠰ ᠤᠨ ᠳᠡᠭᠡᠳᠦ ᠰᠤᠷᠭᠠᠭᠤᠯᠢ ᠶᠢ 3 ᠠᠴᠠ ᠳᠡᠭᠡᠭᠰᠢ | ᠪᠤᠶᠢᠵᠢᠭᠤᠯᠤᠨ ᠪᠠᠶᠢᠭᠤᠯᠵᠤ᠂ ︽ᠤᠯᠤᠰ - ᠥᠪᠡᠷᠲᠡᠭᠡᠨ ᠵᠠᠰᠠᠬᠤ ᠣᠷᠣᠨ - ᠰᠤᠷᠭᠠᠭᠤᠯᠢ︾ ᠭᠤᠷᠪᠠᠨ ᠱᠠᠲᠤᠨ ᠤ | ᠣᠲᠣ ᠦᠶ᠎ᠡ ᠶᠢᠨ ᠠᠵᠤ ᠦᠢᠯᠡᠰ ᠤᠨ ᠳᠡᠭᠡᠳᠦ ᠰᠤᠷᠭᠠᠭᠤᠯᠢ ᠶᠢ ᠪᠦᠷᠢᠯᠳᠦᠭᠦᠯᠵᠦ᠂ ᠬᠡᠰᠡᠭ ᠪᠦᠯᠦᠭ | ᠴᠢᠳᠠᠪᠤᠷᠢᠲᠠᠨ ᠢ ᠬᠥᠮᠦᠵᠢᠭᠦᠯᠬᠦ᠂ ᠰᠢᠨᠵᠢᠯᠡᠬᠦ ᠤᠬᠠᠭᠠᠨ ᠤ ᠰᠤᠳᠤᠯᠭᠠᠨ ᠬᠢᠬᠦ᠂ ᠮᠡᠷᠭᠡᠵᠢᠯ ᠤᠨ ᠰᠢᠨ᠎ᠡ ᠶᠢ ᠡᠭᠦᠳᠬᠦ᠂ | ᠠᠵᠤ ᠠᠬᠤᠶᠢᠯᠠᠯ ᠳᠤ ᠦᠢᠯᠡᠴᠢᠯᠡᠬᠦ᠂ ᠰᠤᠷᠤᠭᠴᠢᠳ ᠤᠨ ᠦᠢᠯᠡᠰ ᠪᠣᠰᠬᠠᠬᠤ ᠵᠡᠷᠭᠡ ᠴᠢᠳᠠᠮᠵᠢ ᠶᠢ ᠨᠢᠭᠡ | ᠴᠣᠭᠴᠠᠵᠢᠭᠤᠯᠤᠭᠰᠠᠨ ᠳᠠᠭᠤᠶᠢᠶᠠᠯ ᠦᠵᠡᠭᠦᠯᠬᠦ ᠴᠢᠨᠠᠷᠲᠠᠶ ᠴᠢᠳᠠᠪᠤᠷᠢᠲᠠᠨ ᠢ ᠬᠥᠮᠦᠵᠢᠭᠦᠯᠬᠦ ᠪᠣᠳᠠᠲᠤ ᠴᠣᠭᠴᠠ ᠶᠢ | ᠬᠦᠴᠦᠯᠡᠨ ᠪᠠᠶᠢᠭᠤᠯᠪᠠ᠃ ᠳᠥᠷᠪᠡ ᠳᠤ᠂ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠪᠡ᠃ ᠳᠡᠭᠡᠳᠦ ᠰᠤᠷᠭᠠᠭᠤᠯᠢ ᠶᠢᠨ ᠵᠣᠬᠢᠶᠠᠨ ᠪᠠᠶᠢᠭᠤᠯᠤᠯᠲᠠ ᠲᠠᠢ | ᠡᠷᠳᠡᠮ ᠰᠢᠨᠵᠢᠯᠡᠭᠡᠨ ᠢ ᠴᠢᠩᠭᠠᠳᠬᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ | ᠲᠠᠪᠴᠠᠩ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ 8 ᠶᠡᠭᠡ ᠠᠵᠤ ᠦᠢᠯᠡᠰ ᠤᠨ ᠪᠦᠯᠦᠭᠵᠢᠯ ᠪᠠ 16 | ᠭᠤᠤᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠲᠠᠢ ᠬᠠᠷᠠᠭᠠᠯᠵᠠᠭᠤᠯᠤᠨ᠂ ᠨᠢᠭᠡ ᠪᠦᠯᠦᠭ ᠳᠡᠭᠡᠳᠦ | ᠰᠤᠷᠭᠠᠭᠤᠯᠢ ᠶᠢᠨ ᠢᠨᠵᠧᠨᠧᠷᠢᠩ ᠤᠨ ᠰᠤᠳᠤᠯᠭᠠᠨ ᠤ ᠲᠥᠪ᠂ ᠰᠤᠷᠭᠠᠭᠤᠯᠢ ᠪᠠ ᠠᠵᠤ ᠠᠬᠤᠶᠢᠯᠠᠯ ᠤᠨ | ᠬᠠᠮᠲᠤᠷᠠᠭᠰᠠᠨ ᠲᠤᠷᠰᠢᠯᠲᠠ ᠶᠢᠨ ᠲᠠᠰᠤᠭ ᠵᠡᠷᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ | ᠬᠤᠯᠪᠣᠭᠠᠲᠤ ᠴᠣᠭᠴᠠ ᠶᠢ ᠪᠠᠶᠢᠷᠢᠰᠢᠭᠤᠯᠵᠤ᠂ ᠳᠡᠭᠡᠳᠦ ᠰᠤᠷᠭᠠᠭᠤᠯᠢ ᠪᠠ ᠳᠠᠭᠠᠭᠤᠯᠤᠭᠴᠢ ᠠᠵᠤ ᠠᠬᠤᠶᠢᠯᠠᠯ᠂ | ᠳᠤᠮᠳᠠ ᠪᠠᠭ᠎ᠠ ᠠᠵᠤ ᠠᠬᠤᠶᠢᠯᠠᠯ ᠤᠨ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠤ ᠬᠠᠮᠲᠤᠷᠠᠯᠴᠠᠭ᠎ᠠ ᠪᠠᠨ | ᠴᠢᠩᠭᠠᠳᠬᠠᠬᠤ ᠶᠢ ᠠᠬᠢᠭᠤᠯᠵᠤ᠂ ᠠᠵᠤ ᠦᠢᠯᠡᠰ ᠤᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠵᠠᠩᠭᠢᠯᠠᠭ᠎ᠠ ᠶᠢᠨ | ᠭᠤᠤᠯᠯᠠᠬᠤ ᠮᠡᠷᠭᠡᠵᠢᠯ ᠢ ᠬᠦᠴᠦᠯᠡᠨ ᠰᠢᠪᠲᠤᠯᠪᠠ᠃ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠪᠠ ᠮᠡᠳᠡᠯᠭᠡ ᠶᠢᠨ ᠥᠮᠴᠢᠯᠡᠯ ᠤᠨ ᠡᠷᠬᠡ ᠶᠢᠨ ᠠᠵᠢᠯᠯᠠᠭᠠᠨ ᠤ | ᠬᠤᠯᠪᠣᠭ᠎ᠠ ᠶᠢ ᠪᠠᠶᠢᠭᠤᠯᠵᠤ᠂ ᠳᠡᠭᠡᠳᠦ ᠰᠤᠷᠭᠠᠭᠤᠯᠢ ᠶᠢᠨ ᠦᠷ᠎ᠡ ᠪᠦᠲᠦᠭᠡᠯ ᠢ ᠤᠯᠠᠷᠢᠭᠤᠯᠬᠤ ᠲᠥᠷᠥᠯ ᠵᠦᠢᠯ ᠢ | ᠪᠠᠶᠢᠭᠤᠯᠤᠨ᠂ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ | ᠤᠯᠠᠷᠢᠭᠤᠯᠬᠤ ᠶᠢ ᠥᠳᠲᠡᠷ ᠲᠦᠷᠭᠡᠨ ᠠᠬᠢᠭᠤᠯᠪᠠ᠃ | 2 . ᠣᠲᠣ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠢᠰᠲ᠋ᠧᠮ ᠢ ᠠᠬᠢᠭᠤᠯᠬᠤ᠂ | ᠣᠨᠴᠠᠭᠠᠶᠢᠯᠠᠨ ᠠᠵᠤ ᠦᠢᠯᠡᠰ ᠤᠨ ᠬᠡᠯᠬᠢᠶ᠎ᠡ ᠶᠢᠨ ᠲᠣᠭᠤᠷᠢᠨ ᠳᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ | ᠬᠡᠯᠬᠢᠶ᠎ᠡ ᠶᠢ ᠪᠠᠶᠢᠷᠢᠯᠠᠭᠤᠯᠬᠤ ᠲᠠᠯ᠎ᠠ ᠪᠠᠷ ᠶᠠᠮᠠᠷ ᠠᠵᠢᠯ ᠥᠷᠨᠢᠭᠦᠯᠦᠭᠰᠡᠨ ᠪᠣᠶ︖ | ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ | ᠳᠤᠭᠤᠶᠢᠯᠠᠩ ᠤᠨ ᠬᠡᠰᠢᠭᠦᠨ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠢᠯᠭᠠᠯᠲᠠ ᠶᠢᠨ | ᠬᠦᠷᠢᠶᠡᠯᠡᠩ ᠤᠨ ᠳᠠᠷᠤᠭ᠎ᠠ ᠠᠨ ᠯᠢ ᠮᠢᠨ ᠄ ︽ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠭᠠᠨ ᠬᠥᠮᠦᠵᠢᠯ ᠪᠠ | ᠠᠵᠢᠯ ᠮᠡᠷᠭᠡᠵᠢᠯ ᠤᠨ ᠪᠣᠯᠪᠠᠰᠤᠷᠠᠭᠤᠯᠤᠯ︾ ᠪᠣᠯ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠤᠨ ᠬᠠᠤᠯᠢ︾ ᠳᠤ ᠲᠣᠭᠲᠠᠭᠠᠭᠰᠠᠨ ᠠᠵᠢᠯ ᠮᠡᠷᠭᠡᠵᠢᠯ ᠤᠨ ᠰᠤᠷᠭᠠᠭᠤᠯᠢ ᠶᠢᠨ | ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠪᠣᠯᠤᠨ᠎ᠠ᠃ ᠪᠢᠳᠡ ︽ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠠᠵᠢᠯᠯᠠᠭᠠᠨ ᠤ ᠭᠠᠷᠠᠭ︾᠂ ︽ᠪᠦᠬᠦ ᠠᠷᠠᠳ ᠤᠨ ᠨᠠᠰᠤᠨ ᠲᠤᠷᠰᠢᠳᠠ ᠰᠤᠷᠤᠯᠴᠠᠬᠤ ᠠᠵᠢᠯᠯᠠᠭᠠᠨ ᠤ | ᠭᠠᠷᠠᠭ︾ ᠵᠡᠷᠭᠡ ᠠᠵᠢᠯᠯᠠᠭ᠎ᠠ ᠶᠢ ᠡᠷᠬᠢᠯᠡᠬᠦ ᠪᠠᠷ ᠳᠠᠮᠵᠢᠭᠤᠯᠤᠨ᠂ ᠨᠠᠮ ᠪᠠ ᠤᠯᠤᠰ ᠠᠴᠠ ᠠᠵᠢᠯ ᠮᠡᠷᠭᠡᠵᠢᠯ ᠤᠨ | ᠰᠤᠷᠭᠠᠨ ᠬᠥᠮᠦᠵᠢᠯ ᠢ ᠶᠡᠭᠡ ᠪᠠᠷ ᠬᠥᠭᠵᠢᠭᠦᠯᠬᠦ ᠰᠠᠶᠢᠨ ᠲᠦᠷᠦ ᠶᠢᠨ ᠪᠤᠳᠤᠯᠭ᠎ᠠ ᠶᠢ ᠶᠡᠭᠡ ᠪᠠᠷ ᠤᠬᠠᠭᠤᠯᠵᠤ᠂ ᠤᠯᠠᠨ | ᠲᠦᠮᠡᠨ ᠢ ᠲᠠᠳᠠᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠬᠦᠷᠲᠡᠭᠡᠪᠡ᠃ ᠮᠠᠨ ᠤ ᠣᠷᠣᠨ ᠳᠡᠭᠡᠳᠦ ᠵᠡᠷᠭᠡ ᠶᠢᠨ | ᠠᠵᠢᠯ ᠮᠡᠷᠭᠡᠵᠢᠯ ᠤᠨ ᠰᠤᠷᠭᠠᠭᠤᠯᠢ ᠶᠢᠨ ᠥᠷᠭᠡᠳᠬᠡᠨ ᠡᠯᠰᠡᠬᠦ ᠡᠭᠦᠷᠭᠡ ᠶᠢ ᠳᠠᠪᠠᠭᠤᠯᠤᠨ ᠪᠡᠶᠡᠯᠡᠭᠦᠯᠵᠦ᠂ ᠴᠡᠷᠢᠭ ᠤᠨ | ᠠᠯᠪᠠᠨ ᠠᠴᠠ ᠪᠠᠭᠤᠭᠰᠠᠳ᠂ ᠠᠵᠢᠯ ᠤᠨ ᠪᠠᠶᠢᠷᠢ ᠠᠴᠠ ᠪᠠᠨ ᠪᠠᠭᠤᠵᠤ ᠠᠵᠢᠯ ᠠᠯᠳᠠᠭᠰᠠᠳ᠂ ᠬᠥᠯᠥᠰᠥᠨ | ᠠᠵᠢᠯᠴᠢᠨ ᠪᠠ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ᠂ ᠠᠵᠢᠯ ᠤᠨ ᠪᠠᠶᠢᠷᠢ ᠳᠤ ᠪᠠᠶᠢᠭ᠎ᠠ | 5 ᠲᠦᠮᠡ ᠭᠠᠷᠤᠶ ᠠᠵᠢᠯᠲᠠᠨ ᠠᠵᠢᠯᠴᠢᠨ ᠢ ᠬᠠᠪᠰᠤᠷᠴᠤ ᠶᠡᠭᠡ ᠰᠤᠷᠭᠠᠭᠤᠯᠢ ᠳᠤ ᠰᠤᠷᠤᠯᠴᠠᠬᠤ ᠬᠦᠰᠡᠯ ᠢ ᠨᠢ | ᠪᠡᠶᠡᠯᠡᠭᠦᠯᠪᠡ᠃ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠰᠤᠷᠤᠯᠭ᠎ᠠ ᠶᠢᠨ ᠨᠠᠮᠲᠠᠷ ᠪᠣᠯᠤᠨ ᠴᠢᠳᠠᠪᠤᠷᠢ ᠶᠢ | ᠳᠡᠭᠡᠭᠰᠢᠯᠡᠭᠦᠯᠬᠦ ︽ᠰᠤᠷᠤᠯᠴᠠᠬᠤ ᠬᠦᠰᠡᠯ ᠢᠶᠠᠨ ᠲᠡᠷᠭᠡᠯᠰᠢᠭᠦᠯᠬᠦ ᠠᠵᠢᠯᠯᠠᠭ᠎ᠠ︾ ᠶᠢᠨ ᠲᠥᠯᠥᠪᠯᠡᠭᠡ ᠶᠢ ᠬᠡᠷᠡᠭᠵᠢᠭᠦᠯᠵᠦ᠂ | 2018 ᠣᠨ ᠠᠴᠠ ᠨᠠᠭᠠᠰᠢ 23494 ᠬᠥᠮᠦᠨ ᠡᠯᠰᠡᠵᠦ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ | ᠰᠤᠷᠤᠯᠭ᠎ᠠ ᠶᠢᠨ ᠨᠠᠮᠲᠠᠷ ᠤᠨ ᠲᠠᠰ ᠪᠠ ᠮᠡᠷᠭᠡᠵᠢᠯ ᠴᠢᠳᠠᠪᠤᠷᠢ ᠶᠢᠨ ᠲᠦᠪᠰᠢᠨ ᠢ ᠳᠡᠭᠡᠭᠰᠢᠯᠡᠭᠦᠯᠪᠡ᠃ ︽ᠨᠢᠭᠡ | ᠲᠣᠰᠬᠤᠨ ᠨᠢᠭᠡ ᠣᠶᠤᠲᠠᠨ ᠲᠠᠢ ᠪᠣᠯᠬᠤ ᠲᠥᠯᠥᠪᠯᠡᠭᠡ︾ ᠶᠢ ᠰᠠᠶᠢᠲᠤᠷ ᠠᠳᠬᠤᠵᠤ᠂ ︽ᠲᠥᠪᠯᠡᠷᠡᠭᠦᠯᠦᠨ | ᠨᠢᠭᠤᠷᠲᠠᠨ ᠰᠤᠷᠭᠠᠬᠤ + ᠰᠦᠯᠵᠢᠶᠡᠨ ᠳᠠᠬᠢ ᠵᠢᠭᠠᠨ ᠰᠤᠷᠭᠠᠯᠲᠠ ᠶᠢᠨ ᠬᠠᠪᠰᠤᠷᠤᠨ ᠵᠢᠯᠣᠭᠤᠳᠣᠯᠭ᠎ᠠ + ᠰᠤᠷᠭᠠᠨ | ᠬᠥᠮᠦᠵᠢᠯ ᠢ ᠬᠥᠳᠡᠭᠡ ᠬᠦᠷᠭᠡᠬᠦ︾ ᠬᠤᠯᠢᠮᠠᠭ ᠵᠢᠭᠠᠨ ᠰᠤᠷᠭᠠᠯᠲᠠ ᠶᠢᠨ ᠵᠠᠭᠪᠤᠷ ᠢ ᠬᠡᠷᠡᠭᠵᠢᠭᠦᠯᠵᠦ᠂ 8347 | ᠰᠣᠷᠣᠭᠴᠢ ᠡᠯᠰᠡᠪᠡ᠃ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠳᠡᠭᠡᠳᠦ ᠰᠤᠷᠭᠠᠭᠤᠯᠢ 7᠂ ᠤᠷᠠᠨ ᠳᠠᠷᠬᠠᠨ ᠤ ᠳᠡᠭᠡᠳᠦ ᠰᠤᠷᠭᠠᠭᠤᠯᠢ 6 ᠶᠢ ᠪᠠᠶᠢᠭᠤᠯᠵᠤ᠂ ᠠᠵᠢᠯᠲᠠᠨ | ᠲᠦᠷ ᠴᠠᠭ ᠲᠤᠰᠢᠶᠠᠯ ᠡᠭᠦᠷᠭᠡᠯᠡᠬᠦ᠂ ᠡᠷᠳᠡᠮ ᠰᠢᠨᠵᠢᠯᠡᠭᠡᠨ ᠤ ᠦᠷ᠎ᠡ ᠪᠦᠲᠦᠭᠡᠯ ᠢ ᠤᠯᠠᠷᠢᠭᠤᠯᠬᠤ᠂ ᠳᠤᠲᠠᠭᠳᠠᠵᠤ | ᠪᠠᠶᠢᠭ᠎ᠠ ᠴᠢᠳᠠᠪᠤᠷᠢᠲᠠᠨ ᠢ ᠬᠥᠮᠦᠵᠢᠭᠦᠯᠬᠦ ᠶᠢ ᠥᠷᠨᠢᠭᠦᠯᠪᠡ᠃ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠢ | ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠦᠨ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢ ᠵᠣᠬᠢᠶᠠᠨ | ᠪᠠᠶᠢᠭᠤᠯᠵᠤ ᠠᠵᠢᠯ ᠤᠯᠬᠤ ᠳᠤ ᠬᠦᠴᠢᠷᠲᠡᠶ ᠵᠡᠷᠭᠡ ᠬᠥᠮᠦᠰ ᠲᠤ ᠲᠥᠯᠦᠪᠦᠷᠢ ᠥᠬᠡᠶ ᠪᠣᠯᠪᠠᠰᠤᠷᠠᠭᠤᠯᠤᠯ ᠢ | ᠥᠷᠨᠢᠭᠦᠯᠪᠡ᠃ 2021 ᠣᠨ ᠠᠴᠠ ᠨᠠᠭᠠᠰᠢ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠢ 24 . 5 ᠲᠦᠮᠡᠨ | ᠬᠥᠮᠦᠨ ᠤᠳᠠᠭ᠎ᠠ ᠥᠷᠨᠢᠭᠦᠯᠪᠡ᠃ ᠠᠵᠤ ᠦᠢᠯᠡᠰ ᠤᠨ ᠬᠡᠯᠬᠢᠶ᠎ᠡ ᠶᠢ ᠴᠢᠩᠭ᠎ᠠ ᠡᠵᠡᠮᠳᠡᠨ ᠠᠵᠢᠯ ᠮᠡᠷᠭᠡᠵᠢᠯ ᠤᠨ | ᠰᠤᠷᠭᠠᠨ ᠬᠥᠮᠦᠵᠢᠯ ᠤᠨ ᠬᠡᠯᠬᠢᠶ᠎ᠡ ᠶᠢ ᠪᠠᠶᠢᠷᠢᠰᠢᠭᠤᠯᠵᠤ᠂ ᠤᠷ᠎ᠠ ᠴᠢᠳᠠᠪᠤᠷᠢᠲᠤ ᠴᠢᠳᠠᠪᠤᠷᠢᠲᠠᠨ ᠢ ᠶᠡᠭᠡ ᠪᠠᠷ | ᠬᠥᠮᠥᠵᠢᠭᠦᠯᠪᠡ᠃ 3 ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢ ᠤᠯᠤᠰ ᠤᠨ ︽ᠬᠤᠣᠰ ᠳᠡᠭᠡᠳᠦ | ᠲᠥᠯᠥᠪᠯᠡᠭᠡ︾ ᠶᠢ ᠪᠦᠲᠦᠭᠡᠨ ᠪᠠᠶᠢᠭᠤᠯᠬᠤ ᠨᠢᠭᠡᠴᠢ ᠳᠤ ᠵᠢᠭᠰᠠᠭᠠᠨ ᠣᠷᠣᠭᠤᠯᠵᠤ᠂ ᠥᠪᠥᠷ ᠮᠣᠩᠭᠤᠯ ᠤᠨ ᠮᠠᠰᠢᠨ | ᠴᠠᠬᠢᠯᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠥᠪᠥᠷ ᠮᠣᠩᠭᠤᠯ ᠤᠨ ᠬᠢᠮᠢ ᠶᠢᠨ ᠠᠵᠤ | ᠦᠢᠯᠡᠳᠪᠦᠷᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠥᠪᠥᠷ ᠮᠣᠩᠭᠤᠯ ᠤᠨ ᠪᠠᠷᠢᠯᠭ᠎ᠠ ᠶᠢᠨ ᠠᠵᠢᠯ | ᠮᠡᠷᠭᠡᠵᠢᠯ ᠤᠨ ᠳᠡᠭᠡᠳᠦ ᠰᠤᠷᠭᠠᠭᠤᠯᠢ ᠶᠢ ᠤᠯᠤᠰ ᠤᠨ ᠲᠠᠰ ᠤᠨ ︽ᠬᠤᠣᠰ ᠳᠡᠭᠡᠳᠦ ᠲᠥᠯᠥᠪᠯᠡᠭᠡ︾ ᠶᠢᠨ ᠳᠡᠭᠡᠳᠦ | ᠰᠤᠷᠭᠠᠭᠤᠯᠢ ᠪᠠᠷ ᠪᠦᠲᠦᠭᠡᠨ ᠪᠠᠶᠢᠭᠤᠯᠬᠤ ᠶᠢ ᠶᠡᠭᠡ ᠪᠠᠷ ᠲᠦᠯᠬᠢᠨ ᠠᠬᠢᠭᠤᠯᠪᠠ᠃ ᠰᠤᠷᠭᠠᠨ ᠬᠥᠮᠦᠵᠢᠯ ᠤᠨ | ᠲᠢᠩᠬᠢᠮ᠂ ᠡᠳ᠋ ᠤᠨ ᠵᠠᠰᠠᠭ ᠤᠨ ᠲᠢᠩᠬᠢᠮ ᠥᠪᠡᠷᠲᠡᠭᠡᠨ ᠵᠠᠰᠠᠬᠤ ᠣᠷᠣᠨ ᠤ ︽ᠬᠤᠶᠠᠷ ᠥᠨᠳᠥᠷ︾ ︽ᠬᠤᠶᠠᠷ | ᠰᠢᠯᠢᠳᠡᠭ︾ ᠲᠥᠯᠥᠪᠯᠡᠭᠡ᠂ 15 ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ᠂ 35 ᠲᠤᠰᠬᠠᠶ | ᠮᠡᠷᠭᠡᠵᠢᠯ ᠤᠨ ᠴᠤᠭᠯᠠᠷᠠᠯ ᠪᠠ 42 ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ᠂ 126 ᠲᠤᠰᠬᠠᠶ | ᠮᠡᠷᠭᠡᠵᠢᠯ ᠤᠨ ᠲᠥᠷᠥᠯ ᠵᠦᠢᠯ ᠢ ᠪᠠᠶᠢᠭᠤᠯᠬᠤ ᠪᠥᠲᠥᠭᠡᠨ ᠪᠠᠶᠢᠭᠤᠯᠤᠯᠲᠠ ᠶᠢ ᠥᠷᠨᠢᠭᠦᠯᠪᠡ᠃ 137 ᠠᠵᠢᠯ | ᠮᠡᠷᠭᠡᠵᠢᠯ ᠤᠨ ᠳᠡᠭᠡᠳᠦ ᠰᠤᠷᠭᠠᠭᠤᠯᠢ ᠴᠢᠨᠠᠷ ᠴᠢᠨᠰᠠᠭ᠎ᠠ ᠪᠠᠨ ᠳᠡᠭᠡᠭᠰᠢᠯᠡᠭᠦᠯᠵᠦ ᠰᠢᠯᠢᠳᠡᠭ ᠢ ᠬᠥᠮᠦᠵᠢᠭᠦᠯᠬᠦ | ᠠᠵᠢᠯᠯᠠᠭᠠᠨ ᠤ ᠲᠥᠯᠥᠪᠯᠡᠭᠡ ᠶᠢ ᠬᠡᠷᠡᠭᠵᠢᠭᠦᠯᠪᠡ᠃ ︽ᠲᠠᠪᠤᠨ ᠶᠡᠭᠡ ᠡᠭᠦᠷᠭᠡ︾ ᠪᠠ ᠭᠤᠣᠯᠳᠠᠯᠭ᠎ᠠ ᠲᠠᠢ ᠠᠵᠤ | ᠦᠢᠯᠡᠰ ᠤᠨ ᠬᠡᠯᠬᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ ᠲᠤᠰᠬᠠᠢ ᠮᠡᠷᠭᠡᠵᠢᠯ ᠤᠨ ᠪᠦᠲᠦᠴᠡ ᠶᠢᠨ | ᠪᠠᠶᠢᠷᠢᠰᠢᠭᠤᠯᠤᠯᠲᠠ ᠶᠢ ᠰᠢᠯᠢᠳᠡᠭᠵᠢᠭᠦᠯᠪᠡ᠃ 2023 ᠣᠨ ᠳᠤ ᠳᠡᠭᠡᠳᠦ ᠵᠡᠷᠭᠡ ᠶᠢᠨ ᠠᠵᠢᠯ ᠮᠡᠷᠭᠡᠵᠢᠯ ︵ᠲᠤᠰᠬᠠᠶ | ᠮᠡᠷᠭᠡᠵᠢᠯ︶ ᠤᠨ ᠰᠣᠷᠣᠭᠴᠢ ᠡᠯᠰᠡᠬᠦ ᠪᠠᠷ ᠪᠠᠶᠢᠭ᠎ᠠ ᠲᠤᠰᠬᠠᠶ ᠮᠡᠷᠭᠡᠵᠢᠯ 1424᠂ ᠳᠤᠮᠳᠠ ᠵᠡᠷᠭᠡ ᠶᠢᠨ ᠠᠵᠢᠯ | ᠮᠡᠷᠭᠡᠵᠢᠯ ᠤᠨ ᠰᠤᠷᠭᠠᠭᠤᠯᠢ ᠶᠢᠨ ᠰᠣᠷᠣᠭᠴᠢ ᠡᠯᠰᠡᠬᠦ ᠪᠠᠷ ᠪᠠᠶᠢᠭ᠎ᠠ ᠲᠤᠰᠬᠠᠶ ᠮᠡᠷᠭᠡᠵᠢᠯ 1542 ᠪᠠᠶᠢᠵᠤ᠂ 19 | ᠲᠤᠰᠬᠠᠶ ᠮᠡᠷᠭᠡᠵᠢᠯ ᠤᠨ ᠶᠡᠭᠡ ᠲᠥᠷᠥᠯ᠂ 77 ᠲᠤᠰᠬᠠᠶ ᠮᠡᠷᠭᠡᠵᠢᠯ ᠤᠨ ᠲᠥᠷᠥᠯ ᠢ ᠬᠠᠮᠤᠷᠪᠠ᠂ ᠡᠭᠦᠨ ᠳᠤ | ᠪᠠᠶᠢᠭᠠᠯᠢ ᠠᠵᠤ ᠦᠢᠯᠡᠳᠪᠦᠷᠢ ᠲᠠᠷᠢᠶᠠᠯᠠᠩ ᠠᠨᠠᠭᠠᠬᠤ ᠤᠬᠠᠭᠠᠨ ᠤ ᠲᠥᠷᠥᠯ ᠤᠨ ᠲᠤᠰᠬᠠᠶ ᠮᠡᠷᠭᠡᠵᠢᠯ ᠤᠨ ᠡᠵᠡᠯᠡᠬᠦ | ᠬᠠᠷᠢᠴᠠᠯ 63 . 1 % ᠳᠤ ᠬᠦᠷᠴᠦ᠂ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠠᠵᠤ ᠦᠢᠯᠡᠰ ᠤᠨ | ᠬᠡᠯᠬᠢᠶ᠎ᠡ ᠶᠢᠨ ᠲᠤᠰᠬᠠᠶ ᠮᠡᠷᠭᠡᠵᠢᠯ ᠤᠨ ᠡᠵᠡᠯᠡᠬᠦ ᠬᠠᠷᠢᠴᠠᠯ 77 . 6 % ᠳᠤ ᠬᠦᠷᠴᠡᠶ᠃ 128 ᠠᠵᠢᠯ | ᠮᠡᠷᠭᠡᠵᠢᠯ ᠤᠨ ᠳᠡᠭᠡᠳᠦ ᠰᠤᠷᠭᠠᠭᠤᠯᠢ 239 ᠠᠵᠤ ᠠᠬᠤᠶᠢᠯᠠᠯ ᠲᠠᠢ ᠬᠠᠮᠲᠤᠷᠠᠨ 448 ︽ᠵᠠᠬᠢᠶᠠᠯᠠᠭ᠎ᠠ ᠶᠢᠨ | ᠠᠩᠭᠢ︾ ︽ᠨᠡᠷ᠎ᠡ ᠬᠠᠳᠠᠬᠤ ᠠᠩᠭᠢ︾ ᠡᠷᠭᠢᠯᠡᠪᠡ᠃ 27 ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠪᠣᠯᠤᠨ | 101 ᠠᠵᠤ ᠠᠬᠤᠶᠢᠯᠠᠯ ᠬᠠᠮᠲᠤᠷᠠᠨ ᠫᠠᠶᠢᠰᠠ ᠡᠯᠭᠦᠨ 74 ᠠᠵᠤ ᠦᠢᠯᠡᠰ ᠤᠨ ᠳᠡᠭᠡᠳᠦ ᠰᠤᠷᠭᠠᠭᠤᠯᠢ | ᠪᠠᠶᠢᠭᠤᠯᠪᠠ᠃ ᠰᠤᠷᠤᠭᠴᠢᠳ ᠤᠨ ᠪᠦᠬᠦ ᠲᠠᠯ᠎ᠠ ᠶᠢᠨ ᠬᠥᠭᠵᠢᠯᠲᠡ ᠳᠤ ᠦᠢᠯᠡᠴᠢᠯᠡᠬᠦ ᠪᠠ ᠣᠷᠣᠨ ᠪᠦᠰᠡ ᠶᠢᠨ ᠠᠵᠤ | ᠠᠬᠤᠶ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠵᠣᠬᠢᠴᠠᠬᠤ | ᠴᠢᠨᠠᠷ ᠪᠣᠯᠤᠨ ᠲᠠᠲᠠᠬᠤ ᠬᠦᠴᠦᠨ ᠢᠯᠡᠷᠬᠡᠶ ᠴᠢᠩᠭᠠᠷᠠᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ︽ᠶᠡᠭᠡ | ᠦᠢᠯᠡᠰ ᠢ ᠪᠥᠲᠦᠭᠡᠬᠦ︾ ᠪᠠᠶᠢᠭᠰᠠᠨ ᠠᠴᠠ ᠪᠠᠨ ︽ᠶᠡᠭᠡ ᠦᠢᠯᠡᠰ ᠢ ᠪᠦᠲᠦᠭᠡᠵᠦ ᠴᠢᠳᠠᠬᠤ︾ ᠲᠡᠶᠢᠰᠢ ᠬᠠᠲᠠᠭᠤᠵᠢᠨ | ᠤᠷᠤᠭᠰᠢᠯᠠᠵᠤ ᠪᠠᠶᠢᠨ᠎ᠠ᠃ | 3 . ᠶᠡᠷᠦᠩᠬᠡᠶ ᠱᠦᠵᠢ ᠰᠢ ᠶᠢᠨ ᠫᠢᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ | ᠤᠯᠣᠰ ᠲᠥᠷᠦ ᠶᠢᠨ ᠲᠣᠪᠴᠢᠶᠠᠨ ᠤ ᠲᠠᠪᠤᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠳᠡᠭᠡᠷ᠎ᠡ ᠰᠤᠷᠭᠠᠨ | ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠳᠤ ᠰᠠᠭᠤᠷᠢ ᠰᠤᠷᠭᠠᠨ ᠬᠥᠮᠦᠵᠢᠯ᠂ ᠰᠠᠭᠤᠷᠢ | ᠰᠤᠷᠭᠠᠨ ᠬᠥᠮᠦᠵᠢᠯ ᠢ ᠤᠯᠠᠮ ᠯᠠᠪᠳᠠᠭᠤᠨ ᠪᠠᠲᠤᠲᠠᠶ ᠬᠢᠬᠦ ᠲᠤᠲᠤᠮ ᠰᠤᠷᠭᠠᠨ ᠬᠥᠮᠦᠵᠢᠯ ᠤᠨ ᠬᠦᠴᠦᠷᠬᠡᠭ | ᠤᠯᠤᠰ ᠤᠨ ᠠᠯᠬᠤᠴᠠ ᠤᠯᠠᠮ ᠯᠠᠪᠳᠠᠭᠤᠨ ᠪᠣᠯᠵᠤ᠂ ᠨᠥᠭᠡᠴᠡ ᠬᠦᠴᠦᠨ ᠤᠯᠠᠮ ᠲᠡᠭᠦᠯᠳᠡᠷ ᠪᠣᠯᠤᠨ᠎ᠠ ᠭᠡᠵᠦ | ᠴᠢᠬᠤᠯᠠᠴᠢᠯᠠᠪᠠ᠃ ᠲᠡᠭᠡᠪᠡᠯ᠂ ᠥᠪᠡᠷᠲᠡᠭᠡᠨ ᠵᠠᠰᠠᠬᠤ ᠣᠷᠣᠨ ᠶᠠᠮᠠᠷ ᠠᠷᠭ᠎ᠠ ᠬᠡᠮᠵᠢᠶ᠎ᠡ ᠠᠪᠴᠤ ᠰᠠᠭᠤᠷᠢ ᠰᠤᠷᠭᠠᠨ | ᠬᠥᠮᠦᠵᠢᠯ ᠢ ᠠᠬᠢᠭᠤᠯᠬᠤ ᠪᠣᠶ︖ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠤᠷᠭᠠᠨ ᠬᠥᠮᠦᠵᠢᠯ ᠤᠨ ᠠᠵᠢᠯ ᠤᠨ | ᠬᠤᠷᠢᠶ᠎ᠠ ᠶᠢᠨ ᠭᠡᠰᠢᠭᠦᠨ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ | ᠬᠡᠰᠢᠭᠦᠨ᠂ ᠶᠡᠷᠦᠩᠬᠡᠢ ᠰᠤᠷᠭᠠᠭᠤᠯᠢ ᠪᠠᠶᠢᠴᠠᠭᠠᠭᠴᠢ ᠵᠦ ᠪᠦᠦ ᠵᠢᠶᠠᠩ᠄ ᠣᠶᠢᠷ᠎ᠠ ᠶᠢᠨ ᠵᠢᠯ ᠤᠨ ᠲᠤᠷᠰᠢ᠂ ᠮᠠᠨ ᠤ | ᠣᠷᠣᠨ ᠲᠦᠭᠡᠮᠡᠯ ᠬᠠᠷᠠᠭᠠᠯᠵᠠᠯᠲᠤ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ | ᠪᠠᠲᠤᠯᠠᠭᠠᠨ ᠤ ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠴᠢᠨᠠᠷᠯᠢᠭ ᠪᠥᠭᠡᠳ ᠲᠡᠩᠴᠡᠭᠦᠷᠢᠲᠡᠶ ᠬᠥᠭᠵᠢᠬᠦ ᠶᠢ ᠠᠬᠢᠭᠤᠯᠤᠨ᠂ ᠰᠢᠶᠠᠨ ᠤ ᠬᠡᠪᠴᠢᠶᠡᠨ ᠤ ᠡᠩ ᠤᠨ ᠳᠡᠭᠡᠳᠦ | ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠬᠢᠷᠢ ᠲᠦᠪᠰᠢᠨ ᠢ ᠳᠡᠭᠡᠭᠰᠢᠯᠡᠭᠦᠯᠪᠡ᠃ ᠳᠠᠷᠠᠭ᠎ᠠ | ᠠᠯᠬᠤᠮ ᠳᠤ᠂ ᠪᠢᠳᠡ ᠳᠣᠣᠷᠠᠬᠢ ᠬᠡᠳᠦᠨ ᠲᠠᠯ᠎ᠠ ᠪᠠᠷ ᠶᠡᠷᠦᠩᠬᠡᠢ ᠱᠦᠵᠢ ᠰᠢ ᠶᠢᠨ ᠫᠢᠩ ᠤᠨ ᠶᠠᠷᠢᠶᠠᠨ ᠤ ᠵᠣᠷᠢᠭ | ᠰᠠᠨᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠤᠨ᠎ᠠ᠃ ᠨᠢᠭᠡ ᠳᠤ᠂ ᠲᠦᠭᠡᠮᠡᠯ ᠬᠠᠷᠠᠭᠠᠯᠵᠠᠯ ᠢ ᠲᠦᠭᠡᠮᠡᠯᠵᠢᠭᠦᠯᠬᠦ ᠪᠠᠷ ᠭᠤᠤᠯ | ᠰᠢᠵᠢᠮ ᠪᠣᠯᠭᠠᠵᠤ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠠᠮᠤᠷ ᠲᠦᠪᠰᠢᠨ ᠴᠢᠨᠠᠷᠯᠢᠭ | ᠬᠥᠭᠵᠢᠯᠲᠡ ᠶᠢ ᠦᠷᠭᠦᠯᠵᠢᠯᠡᠨ ᠠᠬᠢᠭᠤᠯᠤᠨ᠎ᠠ᠃ ᠡᠯ᠎ᠡ ᠠᠶᠢᠮᠠᠭ ᠬᠤᠲᠠ ᠶᠢᠨ ᠲᠦᠭᠡᠮᠡᠯ ᠬᠠᠷᠠᠭᠠᠯᠵᠠᠯᠲᠤ ᠡᠬᠢ | ᠪᠠᠶᠠᠯᠢᠭ ᠤᠨ ᠪᠠᠶᠢᠷᠢᠰᠢᠭᠤᠯᠤᠯᠲᠠ ᠶᠢᠨ ᠲᠥᠯᠥᠪᠵᠢᠭᠦᠯᠭᠡ ᠶᠢ ᠲᠡᠭᠦᠯᠳᠡᠷᠵᠢᠭᠦᠯᠬᠦ ᠶᠢ ᠤᠯᠠᠮ ᠨᠢᠭᠡ ᠠᠯᠬᠤᠮ | ᠰᠢᠪᠠᠳᠠᠭᠤᠯᠤᠨ ᠵᠢᠯᠣᠭᠤᠳᠴᠤ᠂ ᠬᠤᠲᠠ ᠪᠠᠯᠭᠠᠰᠤᠨ ᠤ ᠰᠢᠨ᠎ᠡ ᠪᠠᠷ ᠨᠡᠮᠡᠭᠳᠡᠭᠰᠡᠨ ᠬᠥᠮᠦᠨ ᠠᠮᠠ᠂ ᠨᠡᠭᠦᠳᠡᠯ ᠬᠥᠮᠦᠨ | ᠠᠮᠠ ᠲᠥᠪᠯᠡᠷᠡᠭᠰᠡᠨ ᠭᠠᠵᠠᠷ ᠣᠷᠣᠨ ᠤ ᠬᠡᠦᠬᠡᠳ ᠤᠨ ᠴᠡᠴᠡᠷᠯᠢᠭ ᠤᠨ ᠪᠥᠲᠥᠭᠡᠨ ᠪᠠᠶᠢᠭᠤᠯᠤᠯᠲᠠ ᠶᠢ | ᠴᠢᠩᠭᠠᠳᠬᠠᠨ᠎ᠠ᠃ ᠲᠦᠭᠡᠮᠡᠯ ᠬᠠᠷᠠᠭᠠᠯᠵᠠᠯᠲᠤ ᠡᠬᠢ ᠪᠠᠶᠠᠯᠢᠭ ᠤᠨ ᠪᠠᠲᠤᠯᠠᠭᠠᠨ ᠤ ᠲᠣᠭᠲᠠᠴᠠ ᠶᠢ ᠲᠡᠭᠦᠯᠳᠡᠷᠵᠢᠭᠦᠯᠵᠦ᠂ | ᠲᠦᠭᠡᠮᠡᠯ ᠬᠠᠷᠠᠭᠠᠯᠵᠠᠯᠲᠤ ᠬᠡᠦᠬᠡᠳ ᠤᠨ ᠴᠡᠴᠡᠷᠯᠢᠭ ᠤᠨ ᠰᠤᠷᠤᠭᠴᠢᠳ ᠲᠤ ᠲᠡᠭᠰᠢᠳᠬᠡᠭᠰᠡᠨ ᠨᠥᠬᠦᠪᠥᠷᠢ ᠶᠢᠨ | ᠪᠠᠷᠢᠮᠵᠢᠶ᠎ᠠ ᠶᠢ ᠨᠠᠶᠢᠳᠠᠪᠤᠷᠢᠵᠢᠭᠤᠯᠵᠤ᠂ ᠬᠤᠳᠠ ᠪᠠᠯᠭᠠᠰᠤᠨ ᠤ ᠰᠠᠭᠤᠭᠠᠯᠢ ᠲᠣᠭᠤᠷᠢᠭ ᠤᠨ ᠢᠵᠢ ᠪᠦᠷᠢᠳᠦᠬᠦᠯᠬᠦ | ᠬᠡᠦᠬᠡᠳ ᠤᠨ ᠴᠡᠴᠡᠷᠯᠢᠭ ᠤᠨ ᠵᠠᠰᠠᠯᠲᠠ ᠶᠢᠨ ᠠᠵᠢᠯ ᠢ ᠦᠷᠭᠦᠯᠵᠢᠯᠡᠨ ᠥᠷᠨᠢᠭᠦᠯᠦᠨ᠎ᠡ᠃ ︽ᠬᠡᠦᠬᠡᠳ ᠤᠨ | ᠴᠡᠴᠡᠷᠯᠢᠭ ᠤᠨ ᠠᠰᠠᠷᠠᠨ ᠬᠥᠮᠦᠵᠢᠭᠦᠯᠬᠦ ᠴᠢᠨᠠᠷ ᠴᠢᠨᠰᠠᠭ᠎ᠠ ᠶᠢ ᠦᠨᠡᠯᠡᠨ ᠵᠢᠱᠢᠬᠦ ᠵᠦᠭᠯᠡᠭᠦᠷ︾ ᠢ ᠨᠠᠶᠢᠳᠠᠪᠤᠷᠢᠵᠢᠭᠤᠯᠵᠤ᠂ | ᠥᠪᠡᠷᠲᠡᠭᠡᠨ ᠵᠠᠰᠠᠬᠤ ᠣᠷᠣᠨ ᠤ ᠲᠠᠰ ᠤᠨ ᠳᠠᠭᠤᠷᠢᠶᠠᠯ ᠦᠵᠡᠭᠦᠯᠬᠦ ᠴᠢᠨᠠᠷᠲᠠᠶ ᠬᠡᠦᠬᠡᠳ ᠤᠨ ᠴᠡᠴᠡᠷᠯᠢᠭ ᠢ ᠦᠨᠡᠯᠡᠨ | ᠵᠢᠱᠢᠬᠦ ᠠᠵᠢᠯ ᠢ ᠥᠷᠨᠢᠭᠦᠯᠦᠨ᠂ ᠴᠡᠭ ᠢᠶᠠᠷ ᠨᠡᠶᠢᠳᠡᠮ ᠢ ᠳᠠᠶᠢᠴᠢᠯᠠᠵᠤ᠂ ᠳᠠᠭᠤᠷᠢᠶᠠᠯ ᠦᠵᠡᠭᠦᠯᠦᠨ ᠬᠥᠲᠥᠯᠦᠨ | ᠳᠠᠭᠠᠭᠤᠯᠬᠤ ᠦᠢᠯᠡᠳᠦᠯ ᠢ ᠪᠠᠳᠠᠷᠠᠭᠤᠯᠤᠨ᠂ ᠰᠢᠨᠵᠢᠯᠡᠬᠦ ᠤᠬᠠᠭᠠᠨᠴᠢ ᠪᠠᠷ ᠠᠰᠠᠷᠠᠨ ᠬᠥᠮᠦᠵᠢᠭᠦᠯᠬᠦ ᠴᠢᠨᠠᠷ | ᠴᠢᠨᠰᠠᠭ᠎ᠠ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ ᠬᠤᠶᠠᠷ ᠲᠤ᠂ ᠴᠢᠨᠠᠷᠯᠢᠭ ᠲᠡᠩᠴᠡᠭᠦᠷᠢᠲᠡᠶ ᠪᠠᠶᠢᠬᠤ ᠠᠴᠠ | ᠭᠠᠷᠳᠠᠵᠤ᠂ ᠬᠤᠲᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠨᠢᠭᠡ ᠴᠣᠭᠴᠠᠵᠢᠭᠤᠯᠤᠭᠰᠠᠨ | ᠬᠥᠭᠵᠢᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠤᠷᠠᠢ | ᠭᠤᠭᠴᠤᠭ᠎ᠠ ᠶᠢ ᠰᠠᠶᠢᠵᠢᠷᠠᠭᠤᠯᠬᠤ ᠪᠠ ᠴᠢᠳᠠᠪᠤᠷᠢ ᠶᠢ ᠳᠡᠭᠡᠭᠰᠢᠯᠡᠭᠦᠯᠬᠦ ᠲᠥᠷᠥᠯ ᠵᠦᠢᠯ ᠢ ᠭᠦᠨᠵᠡᠭᠡᠢ ᠬᠡᠷᠡᠭᠵᠢᠭᠦᠯᠵᠦ᠂ | ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠨᠥᠬᠦᠴᠡᠯ ᠢ ᠰᠠᠶᠢᠵᠢᠷᠠᠭᠤᠯᠤᠨ᠎ᠠ᠃ ᠪᠦᠯᠦᠭᠯᠡᠯᠵᠢᠭᠰᠡᠨ ᠰᠤᠷᠭᠠᠭᠤᠯᠢ | ᠡᠷᠬᠢᠯᠡᠬᠦ ᠬᠠᠮᠢᠶᠠᠷᠤᠯᠲᠠ ᠶᠢ ᠠᠬᠢᠭᠤᠯᠵᠤ᠂ ᠰᠤᠷᠭᠠᠭᠤᠯᠢ ᠶᠢᠨ ᠬᠤᠭᠤᠷᠣᠨᠳᠣᠬᠢ ᠬᠠᠮᠵᠢᠯᠴᠠᠨ ᠬᠥᠭᠵᠢᠬᠦ ᠶᠢ | ᠠᠬᠢᠭᠤᠯᠤᠨ᠂ ᠬᠤᠲᠠ ᠬᠥᠳᠡᠭᠡ ᠶᠢᠨ ᠬᠠᠪᠰᠤᠷᠤᠯᠴᠠᠭ᠎ᠠ ᠪᠠᠶᠢᠭᠤᠯᠤᠨ ᠬᠠᠪᠰᠤᠷᠤᠨ ᠲᠡᠳᠬᠦᠬᠦ ᠶᠢ ᠥᠷᠨᠢᠭᠦᠯᠵᠦ᠂ ᠵᠢᠯ | ᠪᠦᠷᠢ 1000 ᠭᠠᠷᠤᠶ ᠪᠠᠭᠰᠢ ᠶᠢ ᠰᠣᠩᠭᠤᠨ ᠬᠥᠳᠡᠭᠡ ᠲᠣᠰᠬᠤᠨ᠂ ᠪᠠᠭᠤᠷᠠᠶ ᠰᠤᠷᠭᠠᠭᠤᠯᠢ ᠪᠠᠷ ᠰᠤᠷᠭᠠᠨ | ᠬᠥᠮᠦᠵᠢᠯ ᠢ ᠳᠡᠮᠵᠢᠭᠦᠯᠦᠨ᠎ᠡ᠃ ᠠᠯᠪᠠᠨ ᠵᠢᠷᠤᠮ ᠤᠨ ᠰᠤᠷᠭᠠᠨ ᠬᠥᠮᠦᠵᠢᠯ ᠢ ᠴᠢᠨᠠᠷᠯᠢᠭ ᠲᠡᠩᠴᠡᠭᠦᠷᠢᠲᠡᠶ ᠡᠭᠦᠳᠦᠨ | ᠪᠠᠶᠢᠭᠤᠯᠬᠤ ᠠᠵᠢᠯ ᠢ ᠥᠷᠨᠢᠭᠦᠯᠵᠦ᠂ ᠡᠭᠦᠳᠦᠨ ᠪᠠᠶᠢᠭᠤᠯᠬᠤ ᠬᠤᠰᠢᠭᠤ ᠰᠢᠶᠠᠨ ᠪᠠ ᠲᠤᠷᠰᠢᠯᠲᠠ ᠶᠢᠨ ᠬᠤᠰᠢᠭᠤ | ᠰᠢᠶᠠᠨ ᠢ ᠵᠢᠯᠣᠭᠤᠳᠤᠨ ᠰᠢᠶᠠᠨ ᠤ ᠬᠡᠪᠴᠢᠶᠡᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠴᠢᠨᠰᠠᠭ᠎ᠠ ᠶᠢ | ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ ᠴᠢᠨᠠᠷᠯᠢᠭ ᠬᠥᠭᠵᠢᠭᠦᠯᠬᠦ ᠶᠢ ᠳᠠᠶᠢᠴᠢᠯᠠᠨ᠎ᠠ᠃ ᠥᠪᠡᠷᠲᠡᠭᠡᠨ ᠵᠠᠰᠠᠬᠤ | ᠣᠷᠣᠨ ᠤ ᠰᠢᠯᠢᠳᠡᠭ ᠪᠠᠭᠰᠢ ᠶᠢ ᠬᠠᠨᠳᠤᠯᠭ᠎ᠠ ᠲᠠᠢ ᠬᠥᠮᠦᠵᠢᠭᠦᠯᠬᠦ᠂ ᠠᠯᠪᠠᠨ ᠤ ᠰᠦᠢᠳᠭᠡᠯ ᠢᠶᠠᠷ ᠰᠤᠷᠤᠯᠴᠠᠬᠤ | ᠪᠠᠭᠰᠢ ᠶᠢ ᠬᠠᠨᠳᠤᠯᠭ᠎ᠠ ᠲᠠᠢ ᠬᠥᠮᠦᠵᠢᠭᠦᠯᠬᠦ᠂ ᠮᠠᠯᠵᠢᠬᠤ ᠲᠠᠷᠢᠶᠠᠯᠠᠬᠤ ᠣᠷᠣᠨ ᠤ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠪᠠᠭᠰᠢ ᠶᠢᠨ ᠣᠨᠴᠠ ᠲᠣᠬᠢᠷᠠᠭᠤᠯᠤᠭᠰᠠᠨ ᠠᠵᠢᠯ ᠤᠨ ᠪᠠᠶᠢᠷᠢ᠂ ᠪᠤᠭᠤᠷᠤᠯᠴᠤᠳ ᠤᠨ ᠡᠷᠳᠡᠮ | ᠰᠢᠨᠵᠢᠯᠡᠭᠡᠨ ᠤ ᠶᠠᠷᠢᠶ᠎ᠠ᠂ ᠭᠤᠷᠪᠠᠨ ᠣᠷᠣᠨ ᠤ ᠴᠢᠳᠠᠪᠤᠷᠢᠲᠠᠨ ᠤ ᠳᠡᠮᠵᠢᠯᠭᠡ ᠵᠡᠷᠭᠡ ᠲᠤᠰᠬᠠᠶ ᠲᠥᠷᠥᠯ ᠤᠨ ᠪᠠᠭᠰᠢ ᠶᠢ | ᠬᠥᠮᠦᠵᠢᠭᠦᠯᠬᠦ ᠲᠥᠯᠥᠪᠯᠡᠭᠡ ᠶᠢ ᠦᠷᠭᠦᠯᠵᠢᠯᠡᠨ ᠬᠡᠷᠡᠭᠵᠢᠭᠦᠯᠵᠦ᠂ ᠪᠠᠭᠰᠢ ᠶᠢᠨ ᠵᠢᠭᠠᠬᠤ ᠴᠢᠳᠠᠪᠤᠷᠢ ᠶᠢ | ᠳᠡᠭᠡᠭᠰᠢᠯᠡᠭᠦᠯᠦᠨ᠎ᠡ᠃ ᠮᠡᠳᠡᠭᠡ ᠵᠠᠩᠭᠢᠴᠢᠯᠠᠯᠲᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ | ᠥᠪᠡᠷᠲᠡᠭᠡᠨ ᠵᠠᠰᠠᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠣᠶᠤᠨᠴᠢ ᠰᠤᠷᠭᠠᠨ ᠬᠥᠮᠦᠵᠢᠯ ᠤᠨ | ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠨ᠂ ︽ᠰᠦᠯᠵᠢᠶᠡᠨ ᠳᠠᠬᠢ ᠰᠢᠯᠢᠳᠡᠭ ᠬᠢᠴᠢᠶᠡᠯ︾ ᠢ ᠪᠡᠶ᠎ᠡ ᠪᠠᠨ | ᠳᠠᠭᠠᠭᠠᠵᠤ ᠰᠤᠷᠤᠯᠴᠠᠬᠤ ᠲᠠᠪᠴᠠᠩ ᠤᠨ ᠡᠬᠢ ᠪᠠᠶᠠᠯᠢᠭ ᠢ ᠪᠠᠶᠠᠯᠢᠭᠵᠢᠭᠤᠯᠵᠤ᠂ ︽ᠭᠤᠷᠪᠠᠨ ᠬᠢᠴᠢᠶᠡᠯ ᠤᠨ | ᠲᠠᠩᠬᠢᠮ︾ ᠢ ᠮᠠᠯᠵᠢᠬᠤ ᠲᠠᠷᠢᠶᠠᠯᠠᠬᠤ ᠣᠷᠣᠨ ᠤ ᠰᠤᠷᠭᠠᠭᠤᠯᠢ ᠳᠤ ᠪᠠᠶᠢᠩᠭᠤ ᠬᠡᠷᠡᠭᠯᠡᠬᠦ ᠶᠢ ᠠᠬᠢᠭᠤᠯᠤᠨ᠂ ᠣᠷᠣᠨ | ᠪᠦᠰᠡ᠂ ᠬᠤᠲᠠ ᠬᠥᠳᠡᠭᠡ᠂ ᠰᠤᠷᠭᠠᠭᠤᠯᠢ ᠶᠢᠨ ᠬᠤᠭᠤᠷᠣᠨᠳᠣᠬᠢ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠡᠬᠢ | ᠪᠠᠶᠠᠯᠢᠭ ᠢ ᠴᠢᠨᠠᠷᠯᠢᠭ ᠲᠡᠩᠴᠡᠭᠦᠷᠢᠲᠡᠶ ᠪᠠᠶᠢᠯᠭᠠᠬᠤ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ ᠣᠯᠠᠨ ᠵᠦᠢᠯ ᠤᠨ | ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠦᠨᠳᠦᠰᠦᠨ ᠱᠠᠲᠤᠨ ᠤ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ | ᠰᠤᠷᠭᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠭᠤᠷᠪᠠ ᠳᠤ᠂ ᠥᠪᠡᠷᠮᠢᠴᠡ ᠣᠨᠴᠠᠯᠢᠭᠲᠤ ᠣᠯᠠᠨ | ᠶᠠᠩᠵᠤᠵᠢᠭᠤᠯᠬᠤ ᠪᠠᠷ ᠬᠠᠷᠠᠯᠲᠠ ᠪᠣᠯᠭᠠᠨ᠂ ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ | ᠬᠥᠮᠦᠵᠢᠯ ᠤᠨ ᠴᠢᠨᠠᠷ ᠴᠢᠨᠰᠠᠭ᠎ᠠ ᠶᠢ ᠪᠦᠬᠦᠯᠢ ᠴᠣᠭᠴᠠ ᠪᠠᠷ ᠳᠡᠭᠡᠭᠰᠢᠯᠡᠭᠦᠯᠬᠦ ᠶᠢ ᠠᠬᠢᠭᠤᠯᠤᠨ᠎ᠠ᠃ ︽ᠠᠷᠪᠠᠨ | ᠳᠥᠷᠪᠡᠳᠦᠭᠡᠷ ᠲᠠᠪᠤᠨ ᠵᠢᠯ ᠤᠨ ᠰᠢᠶᠠᠨ ᠤ ᠬᠡᠪᠴᠢᠶᠡᠨ ᠤ ᠡᠩ ᠤᠨ ᠳᠡᠭᠡᠳᠦ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠬᠥᠭᠵᠢᠯᠲᠡ ᠶᠢ ᠳᠡᠭᠡᠭᠰᠢᠯᠡᠭᠦᠯᠬᠦ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ᠢ | ᠨᠠᠶᠢᠳᠠᠪᠤᠷᠢᠵᠢᠭᠤᠯᠵᠤ᠂ ᠬᠤᠰᠢᠭᠤ ᠰᠢᠶᠠᠨ ᠤ ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ | ᠰᠤᠷᠭᠠᠭᠤᠯᠢ ᠡᠷᠭᠢᠯᠡᠬᠦ ᠨᠥᠬᠦᠴᠡᠯ ᠢ ᠰᠠᠶᠢᠵᠢᠷᠠᠭᠤᠯᠬᠤ ᠲᠥᠷᠥᠯ ᠵᠦᠢᠯ ᠢ ᠬᠡᠷᠡᠭᠵᠢᠭᠦᠯᠵᠦ᠂ ᠰᠢᠶᠠᠨ ᠤ ᠳᠣᠲᠣᠷᠠᠬᠢ | ᠲᠥᠯᠥᠪᠵᠢᠭᠦᠯᠭᠡ ᠪᠠᠶᠢᠷᠢᠰᠢᠭᠤᠯᠤᠯᠲᠠ᠂ ᠵᠠᠷᠤᠳᠠᠯ ᠤᠨ ᠪᠡᠯᠡ ᠣᠷᠣᠭᠤᠯᠤᠯᠲᠠ᠂ ᠪᠥᠲᠥᠭᠡᠨ ᠪᠠᠶᠢᠭᠤᠯᠬᠤ | ᠠᠵᠢᠯᠯᠠᠭ᠎ᠠ᠂ ᠬᠥᠭᠵᠢᠭᠦᠯᠦᠯᠲᠡ ᠳᠡᠭᠡᠭᠰᠢᠯᠡᠯᠲᠡ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠬᠦᠷᠦᠯᠴᠡᠬᠦ ᠦᠭᠡᠢ | ᠲᠠᠯ᠎ᠠ ᠶᠢ ᠬᠦᠴᠦᠯᠡᠨ ᠰᠢᠢᠳᠪᠦᠷᠢᠯᠡᠨ᠎ᠡ᠃ ︽ᠶᠠᠮᠤᠨ ᠤ ᠬᠠᠷᠢᠶ᠎ᠠ ᠳᠡᠭᠡᠳᠦ ᠰᠤᠷᠭᠠᠭᠤᠯᠢ ᠶᠢᠨ ᠰᠢᠶᠠᠨ ᠤ ᠳᠣᠲᠣᠷᠠᠬᠢ | ᠨᠠᠶᠢᠳᠠᠨ ᠬᠠᠮᠢᠶᠠᠷᠤᠭᠤᠯᠵᠤ ᠬᠠᠪᠰᠤᠷᠤᠨ ᠲᠡᠳᠬᠦᠬᠦ ᠲᠥᠷᠥᠯ ᠵᠦᠢᠯ︾ ᠪᠠ ︽ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠠᠪᠤᠴᠠ ᠳᠠᠬᠢ ᠭᠤᠤᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ ᠤ ᠪᠦᠯᠬᠦᠮ ᠪᠠᠶᠢᠭᠤᠯᠬᠤ | ᠮᠠᠶ᠋ᠢᠭ ᠤᠨ ᠠᠵᠢᠯ ᠲᠥᠷᠥᠯ ᠢᠶᠠᠷ ᠬᠠᠪᠰᠤᠷᠤᠨ ᠲᠡᠳᠬᠦᠬᠦ ᠲᠥᠷᠥᠯ ᠵᠦᠢᠯ︾ ᠳᠤ ᠲᠦᠰᠢᠭᠯᠡᠨ᠂ ᠤᠯᠤᠰ ᠤᠨ | ᠳᠠᠭᠤᠷᠢᠶᠠᠯ ᠦᠵᠡᠭᠦᠯᠬᠦ᠂ ᠣᠷᠣᠨ ᠨᠤᠲᠤᠭ ᠢᠶᠠᠷ ᠭᠤᠤᠯ ᠪᠣᠯᠭᠠᠭᠰᠠᠨ ᠰᠢᠶᠠᠨ ᠤ ᠬᠡᠪᠴᠢᠶᠡᠨ ᠤ ᠳᠡᠭᠡᠳᠦ ᠵᠡᠷᠭᠡ ᠶᠢᠨ | ᠳᠤᠮᠳᠠᠳᠤ ᠰᠤᠷᠭᠠᠭᠤᠯᠢ ᠶᠢᠨ ᠨᠠᠶᠢᠳᠠᠨ ᠬᠠᠮᠢᠶᠠᠷᠤᠭᠤᠯᠵᠤ ᠬᠠᠪᠰᠤᠷᠤᠨ ᠲᠡᠳᠬᠦᠬᠦ ᠳᠣᠭᠲᠠᠯᠴᠠᠭ᠎ᠠ ᠶᠢ | ᠢᠳᠡᠪᠬᠢᠲᠡᠶ ᠪᠠᠷ ᠪᠦᠷᠢᠯᠳᠦᠭᠦᠯᠦᠨ᠎ᠡ᠃ ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠲᠥᠷᠥᠯ | ᠬᠤᠪᠢᠶᠠᠨ ᠰᠤᠷᠭᠠᠭᠤᠯᠢ ᠡᠷᠬᠢᠯᠡᠬᠦ ᠶᠢ ᠦᠷᠭᠦᠯᠵᠢᠯᠡᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠳᠠᠭᠤᠷᠢᠶᠠᠯ | ᠦᠵᠡᠭᠦᠯᠬᠦ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ᠂ ᠰᠢᠶᠠᠨ ᠤ ᠬᠡᠪᠴᠢᠶᠡᠨ ᠤ ᠴᠢᠨᠠᠷᠯᠢᠭ ᠳᠡᠭᠡᠳᠦ ᠵᠡᠷᠭᠡ ᠶᠢᠨ | ᠳᠤᠮᠳᠠᠳᠤ ᠰᠤᠷᠭᠠᠭᠤᠯᠢ᠂ ᠣᠨᠴᠠᠯᠢᠭᠲᠤ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢ ᠦᠨᠡᠯᠡᠨ ᠵᠢᠱᠢᠵᠦ | ᠡᠭᠦᠳᠦᠨ ᠪᠠᠶᠢᠭᠤᠯᠬᠤ ᠠᠵᠢᠯ ᠢ ᠡᠬᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠰᠢᠨ᠎ᠡ ᠳᠡᠭᠡᠳᠦ ᠵᠡᠷᠭᠡ ᠶᠢᠨ | ᠰᠤᠷᠭᠠᠭᠤᠯᠢ ᠶᠢᠨ ᠰᠢᠯᠭᠠᠯᠲᠠ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠲᠥᠷᠥᠯ ᠵᠦᠢᠯ ᠤᠨ ᠰᠤᠷᠭᠠᠭᠤᠯᠢ ᠶᠢ | ᠰᠣᠩᠭᠤᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠨᠵᠢᠯᠡᠭᠡᠨ ᠤ ᠰᠠᠯᠠᠭᠠᠨ ᠤ ᠬᠢᠴᠢᠶᠡᠯ ᠤᠨ ᠰᠤᠳᠤᠯᠭᠠᠨ ᠤ | ᠰᠠᠭᠤᠷᠢᠨ ᠭᠠᠵᠠᠷ ᠢ ᠡᠭᠦᠳᠦᠨ ᠪᠠᠶᠢᠭᠤᠯᠵᠤ᠂ ᠴᠢᠨᠠᠷᠯᠢᠭ ᠰᠤᠷᠭᠠᠭᠤᠯᠢ ᠵᠢᠴᠢ ᠰᠢᠨᠵᠢᠯᠡᠭᠡᠨ ᠤ ᠰᠠᠯᠠᠭᠠᠨ ᠤ ᠰᠠᠭᠤᠷᠢᠨ | ᠭᠠᠵᠠᠷ ᠤᠨ ᠳᠠᠭᠤᠷᠢᠶᠠᠯ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠡᠩ ᠤᠨ | ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠴᠢᠨᠠᠷ ᠴᠢᠨᠰᠠᠭ᠎ᠠ ᠶᠢ ᠪᠦᠬᠦᠯᠢ | ᠴᠣᠭᠴᠠ ᠪᠠᠷ ᠳᠡᠭᠡᠭᠰᠢᠯᠡᠭᠦᠯᠦᠨ᠎ᠡ᠃ | 4 . ᠣᠳᠣᠬᠠᠨ ᠳᠤ᠂ ᠪᠥᠬᠦ ᠣᠷᠣᠨ ᠳᠠᠶᠠᠭᠠᠷ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ | ᠲᠠᠯᠪᠢᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠤ ᠪᠠᠶᠢᠨ᠎ᠠ᠂ ᠰᠤᠷᠭᠠᠨ | ᠬᠥᠮᠦᠵᠢᠯ ᠤᠨ ᠰᠢᠰᠲ᠋ᠧᠮ ᠤᠨ ᠬᠢᠨ ᠶᠡᠷᠦᠩᠬᠡᠶ ᠱᠦᠵᠢ ᠰᠢ ᠶᠢᠨ ᠫᠢᠩ ᠪᠣᠯᠤᠨ ᠨᠠᠮ ᠤᠨ ᠲᠥᠪ ᠬᠤᠷᠢᠶᠠᠨ ᠤ | ᠥᠪᠥᠷ ᠮᠣᠩᠭᠤᠯ ᠳᠤ ᠲᠠᠯᠪᠢᠭᠰᠠᠨ ᠬᠠᠯᠠᠮᠵᠢᠯᠠᠯ ᠪᠠ ᠳᠡᠮᠵᠢᠯᠭᠡ ᠶᠢ ᠶᠠᠭᠠᠬᠢᠵᠤ ᠥᠷᠭᠡᠨ ᠣᠯᠠᠨ ᠪᠠᠭᠰᠢ | ᠰᠤᠷᠤᠭᠴᠢ ᠳᠤ ᠳᠠᠮᠵᠢᠭᠤᠯᠵᠤ ᠥᠭᠭᠦᠭᠰᠡᠨ ᠪᠣᠶ︖ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠤᠷᠭᠠᠨ ᠬᠥᠮᠦᠵᠢᠯ ᠤᠨ ᠠᠵᠢᠯ ᠤᠨ | ᠬᠤᠷᠢᠶ᠎ᠠ ᠶᠢᠨ ᠭᠡᠰᠢᠭᠦᠨ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ | ᠬᠡᠰᠢᠭᠦᠨ᠂ ᠲᠢᠩᠬᠢᠮ ᠤᠨ ᠳᠡᠳ᠋ ᠳᠠᠷᠤᠭ᠎ᠠ ᠸᠠᠩ ᠮᠢᠨ᠄ ᠪᠦᠬᠦ ᠣᠷᠣᠨ ᠤ ᠰᠤᠷᠭᠠᠨ ᠬᠥᠮᠦᠵᠢᠯ ᠤᠨ | ᠰᠢᠰᠲ᠋ᠧᠮ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ | ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠤᠯᠠᠨ | ᠵᠦᠢᠯ ᠤᠨ ᠠᠷᠭ᠎ᠠ ᠬᠡᠯᠪᠡᠷᠢ ᠪᠠᠷ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠠᠬᠢ ᠭᠦᠨ ᠵᠤᠵᠠᠭᠠᠨ | ᠬᠠᠶᠢᠷ᠎ᠠ ᠰᠡᠳᠬᠢᠯᠭᠡ ᠪᠣᠯᠤᠨ ᠴᠢᠩ ᠰᠡᠳᠬᠢᠯ ᠤᠨ ᠬᠦᠰᠡᠯ ᠨᠠᠶᠢᠳᠠᠯᠭ᠎ᠠ ᠶᠢ ᠥᠷᠭᠡᠨ ᠤᠯᠠᠨ ᠪᠠᠭᠰᠢ ᠰᠤᠷᠤᠭᠴᠢ ᠳᠤ | ᠳᠠᠮᠵᠢᠭᠤᠯᠪᠠ᠃ ᠨᠢᠭᠡ ᠳᠤ᠂ ᠣᠨᠣᠯ ᠢᠶᠠᠷ ᠵᠡᠪᠰᠡᠭᠯᠡᠬᠦ ᠶᠢ ᠴᠢᠩᠭᠠᠳᠬᠠᠵᠤ᠂ ᠭᠦᠨᠵᠡᠭᠡᠶ ᠰᠤᠷᠤᠯᠴᠠᠨ ᠨᠡᠪᠲᠡᠷᠡᠲᠡᠯ᠎ᠡ | ᠣᠶᠢᠯᠠᠭᠠᠬᠤ ᠳᠡᠭᠡᠷ᠎ᠡ ᠬᠦᠴᠦ ᠲᠠᠯᠪᠢᠪᠠ᠃ ᠪᠦᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠰᠦᠭ ᠢ ᠱᠤᠭᠤᠵᠤ ᠬᠥᠮᠦᠨ ᠬᠥᠮᠦᠵᠢᠭᠦᠯᠬᠦ ᠶᠢ ᠪᠠᠷᠢᠮᠲᠠᠯᠠᠨ᠂ ᠲᠤᠰᠬᠠᠢ ᠮᠡᠷᠭᠡᠵᠢᠯᠲᠡᠨ ᠢ ᠵᠣᠬᠢᠶᠠᠨ | ᠪᠠᠶᠢᠭᠤᠯᠤᠨ ᠰᠤᠷᠤᠯᠴᠠᠭ᠎ᠠ ᠶᠢ ᠵᠢᠯᠤᠭᠤᠳᠤᠭᠤᠯᠵᠤ᠂ ᠲᠤᠰᠬᠠᠢ ᠰᠡᠳᠦᠪᠲᠦ ᠪᠣᠯᠪᠠᠰᠤᠷᠠᠯ ᠬᠦᠷᠲᠡᠭᠡᠵᠦ᠂ ᠬᠠᠮᠲᠤ ᠳᠤ ᠪᠠᠨ | 20 ᠭᠠᠷᠤᠢ ᠲᠠᠯᠠᠪᠤᠷ ᠬᠢᠴᠢᠶᠡᠯ ᠪᠡᠯᠡᠳᠬᠡᠵᠦ᠂ ᠵᠠᠯᠠᠭᠤ ᠪᠠᠭᠰᠢ ᠰᠤᠷᠤᠭᠴᠢᠳ ᠤᠨ ᠤᠬᠠᠭᠤᠯᠤᠨ ᠲᠠᠶᠢᠯᠪᠤᠷᠢᠯᠠᠬᠤ | ᠪᠦᠯᠬᠦᠮ᠂ ᠤᠯᠠᠭᠠᠨ ᠪᠦᠴᠡᠲᠡᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠢ ᠵᠣᠬᠢᠶᠠᠨ ᠪᠠᠶᠢᠭᠤᠯᠵᠤ ᠦᠨᠳᠦᠰᠦᠨ | ᠱᠠᠲᠤᠨ ᠳᠤ ᠭᠦᠨᠵᠡᠭᠡᠶᠢᠷᠡᠨ 80 ᠭᠠᠷᠤᠢ ᠲᠠᠯᠠᠪᠤᠷ ᠤᠬᠠᠭᠤᠯᠤᠨ ᠲᠠᠶᠢᠯᠪᠤᠷᠢᠯᠠᠵᠤ᠂ ᠳᠡᠭᠡᠳᠦ ᠰᠤᠷᠭᠠᠭᠤᠯᠢ | ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ 700 ᠭᠠᠷᠤᠢ ᠪᠠᠭᠰᠢ ᠶᠢ | ᠵᠣᠬᠢᠶᠠᠨ ᠪᠠᠶᠢᠭᠤᠯᠤᠨ ᠮᠠᠯᠵᠢᠬᠤ ᠲᠠᠷᠢᠶᠠᠯᠠᠬᠤ ᠣᠷᠣᠨ᠂ ᠦᠢᠯᠡᠳᠪᠦᠷᠢ ᠠᠭᠤᠷᠬᠠᠢ ᠠᠵᠤ ᠠᠬᠤᠶᠢᠯᠠᠯ ᠳᠤ | ᠭᠦᠨᠵᠡᠭᠡᠶᠢᠷᠡᠨ ᠦᠢᠯᠡᠳᠦᠯᠭᠡ ᠶᠢᠨ ᠦᠯᠢᠬᠡᠷ ᠢ ᠰᠠᠶᠢᠲᠤᠷ ᠶᠠᠷᠢᠭᠤᠯᠪᠠ᠃ ᠬᠤᠶᠠᠳᠤᠭᠠᠷ ᠬᠤᠭᠤᠴᠠᠭᠠᠨ ᠤ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢ ᠵᠢᠭᠠᠬᠤ ᠮᠠᠲ᠋ᠧᠷᠢᠶᠠᠯ ᠳᠤ ᠣᠷᠣᠭᠤᠯᠬᠤ ᠬᠢᠴᠢᠶᠡᠯ ᠤᠨ ᠲᠠᠩᠬᠢᠮ ᠳᠤ ᠣᠷᠣᠭᠤᠯᠬᠤ ᠲᠠᠷᠢᠬᠢ | ᠲᠣᠯᠣᠭᠠᠢ ᠳᠤ ᠨᠢ ᠬᠠᠳᠠᠩᠰᠢᠭᠤᠯᠬᠤ ᠰᠤᠳᠤᠯᠤᠨ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠨᠡᠷᠡᠳᠤ | ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠵᠤ ︽ᠬᠤᠶᠠᠷ ᠶᠡᠭᠡ ᠶᠠᠪᠤᠳᠠᠯ︾ ᠳᠤ ᠠᠩᠬᠠᠷᠤᠯ ᠢᠶᠠᠨ ᠬᠠᠨᠳᠤᠭᠤᠯᠤᠨ | ᠵᠠᠬᠢᠶᠠᠯᠠᠭ᠎ᠠ ᠪᠠᠷ ᠬᠠᠪᠰᠤᠷᠤᠨ ᠵᠢᠯᠣᠭᠤᠳᠴᠤ᠂ ᠤᠯᠠᠭᠠᠨᠰᠤᠬᠠᠢ ᠶᠢᠨ ᠠᠵᠤ ᠦᠢᠯᠡᠰ ᠤᠨ ᠺᠣᠮᠫᠠᠨᠢ᠂ ᠥᠪᠥᠷ | ᠮᠣᠩᠭᠤᠯ ᠤᠨ ᠵᠦᠩ ᠬᠤᠸᠠᠨ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠵᠡᠷᠭᠡ ᠶᠡᠷᠦᠩᠬᠡᠢ | ᠱᠦᠵᠢ ᠰᠢ ᠶᠢᠨ ᠫᠢᠩ ᠤᠨ ᠰᠢᠨᠵᠢᠯᠡᠨ ᠪᠠᠶᠢᠴᠠᠭᠠᠵᠤ ᠥᠩᠭᠡᠷᠡᠭᠰᠡᠨ ᠨᠢᠭᠡᠴᠢ ᠶᠢᠨ ᠲᠥᠯᠥᠭᠡᠯᠡᠭᠴᠢᠳ ᠢ ᠤᠷᠢᠵᠤ | ᠰᠠᠨᠠᠯ ᠢᠶᠠᠨ ᠰᠣᠯᠢᠯᠴᠠᠨ ᠬᠤᠪᠢᠶᠠᠯᠴᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ | ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠳᠠᠷᠤᠢ ᠳᠤ ᠨᠢ ᠪᠠᠭᠰᠢ ᠰᠤᠷᠤᠭᠴᠢᠳ ᠲᠤ | ᠤᠯᠠᠮᠵᠢᠯᠠᠪᠠ᠃ ᠬᠤᠶᠠᠷ ᠲᠤ᠂ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠢ ᠭᠦᠨᠵᠡᠭᠡᠢ ᠰᠤᠷᠤᠯᠴᠠᠵᠦ᠂ | ᠠᠭᠤᠰᠬᠠᠨ ᠣᠶᠢᠯᠠᠭᠠᠭᠤᠯᠬᠤ ᠳᠡᠭᠡᠷ᠎ᠡ ᠬᠦᠴᠦ ᠲᠠᠯᠪᠢᠬᠤ ᠬᠡᠷᠡᠭᠲᠡᠢ᠃ ᠳᠡᠭᠡᠳᠦ ᠰᠤᠷᠭᠠᠭᠤᠯᠢ ᠶᠢ ᠵᠢᠯᠣᠭᠤᠳᠤᠨ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭᠠᠨ ᠤ ᠤᠳᠤᠷᠢᠳᠬᠠᠯ ᠤᠨ ᠬᠢᠴᠢᠶᠡᠯ ᠢ ᠡᠮᠬᠢ ᠵᠢᠷᠤᠮᠲᠠᠢ ᠨᠡᠭᠡᠭᠡᠵᠦ᠂ ᠳᠤᠮᠳᠠᠳᠤ ᠪᠠᠭ᠎ᠠ ᠰᠤᠷᠭᠠᠭᠤᠯᠢ ᠶᠢ | ᠵᠢᠯᠣᠭᠤᠳᠤᠨ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ︾ ᠭᠡᠬᠦ ᠰᠤᠷᠤᠭᠴᠢᠳ ᠤᠨ ᠤᠩᠰᠢᠬᠤ ᠪᠢᠴᠢᠭ ᠪᠠ ︽ᠳᠤᠮᠳᠠᠳᠤ ᠶᠢᠨ | ᠦᠨᠳᠦᠰᠦᠲᠡᠨ ᠤ ᠶᠡᠭᠡ ᠪᠦᠯᠬᠦᠮᠳᠡᠯ︾ ᠵᠡᠷᠭᠡ ᠵᠢᠭᠠᠬᠤ ᠮᠠᠲ᠋ᠧᠷᠢᠶᠠᠯ ᠢ ᠰᠠᠶᠢᠲᠤᠷ ᠬᠡᠷᠡᠭᠯᠡᠭᠦᠯᠵᠦ᠂ ᠶᠡᠷᠦᠩᠬᠡᠢ ᠱᠦᠵᠢ | ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ | ᠰᠠᠨᠠᠭ᠎ᠠ ᠵᠢᠴᠢ ︽ᠬᠤᠶᠠᠷ ᠶᠡᠭᠡ ᠶᠠᠪᠤᠳᠠᠯ︾ ᠢ ᠴᠢᠷᠮᠠᠶᠢᠨ ᠰᠠᠶᠢᠲᠤᠷ ᠪᠡᠶᠡᠯᠡᠭᠦᠯᠬᠦ ᠡᠭᠦᠷᠭᠡ ᠱᠠᠭᠠᠷᠳᠠᠯᠭ᠎ᠠ ᠶᠢ | ᠬᠢᠴᠢᠶᠡᠯ ᠤᠨ ᠵᠢᠭᠠᠨ ᠰᠤᠷᠭᠠᠯᠲᠠ ᠪᠠ ᠠᠩᠬᠢ ᠪᠦᠯᠬᠦᠮ ᠤᠨ ᠠᠵᠢᠯᠯᠠᠭ᠎ᠠ ᠳᠤ ᠠᠭᠤᠰᠬᠠᠪᠠ᠃ ᠭᠤᠣᠯ ᠰᠡᠳᠦᠪᠲᠦ | ᠬᠥᠮᠦᠵᠢᠯ ᠢ ᠥᠷᠨᠢᠭᠦᠯᠦᠭᠰᠡᠨ ᠠᠴᠠ ᠨᠠᠭᠠᠰᠢ᠂ 36 ᠮᠤᠵᠢ ᠶᠢᠨ ᠲᠡᠰ ᠤᠨ ᠤᠳᠤᠷᠢᠳᠤᠯᠭ᠎ᠠ ᠳᠡᠭᠡᠳᠦ | ᠰᠤᠷᠭᠠᠭᠤᠯᠢ ᠶᠢ ᠪᠠᠶᠢᠴᠠᠭᠠᠨ ᠰᠣᠳᠤᠯᠵᠤ᠂ ᠶᠠᠷᠢᠶᠠᠨ ᠤ ᠲᠠᠪᠴᠠᠩ ᠳᠤ ᠭᠠᠷᠴᠤ ᠲᠤᠰᠬᠠᠢ ᠰᠡᠳᠦᠪᠲᠦ ᠮᠡᠳᠡᠭᠦᠯᠦᠯᠲᠡ | ᠬᠢᠵᠦ᠂ ᠶᠡᠷᠦᠩᠬᠡᠢ ᠱᠦᠵᠢ ᠰᠢ ᠶᠢᠨ ᠫᠢᠩ ᠪᠣᠯᠤᠨ ᠨᠠᠮ ᠤᠨ ᠲᠥᠪ ᠬᠤᠷᠢᠶᠠᠨ ᠤ ᠥᠪᠥᠷ ᠮᠣᠩᠭᠤᠯ ᠳᠠᠬᠢ | ᠬᠠᠯᠠᠮᠵᠢᠯᠠᠯ ᠪᠠ ᠳᠡᠮᠵᠢᠯᠭᠡ ᠶᠢ ᠳᠠᠷᠤᠢ ᠳᠤ ᠨᠢ ᠥᠷᠭᠡᠨ ᠤᠯᠠᠨ ᠪᠠᠭᠰᠢ ᠰᠤᠷᠤᠭᠴᠢᠳ ᠲᠤ ᠳᠠᠮᠵᠢᠭᠤᠯᠪᠠ᠃ ᠥᠪᠥᠷ | ᠮᠣᠩᠭᠤᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠥᠪᠥᠷ ᠮᠣᠩᠭᠤᠯ ᠳᠠᠬᠢ ᠠᠮᠢᠳᠤᠯᠢᠭ | ᠦᠢᠯᠡᠳᠦᠯᠭᠡ ᠶᠢᠨ ᠬᠡᠷᠡᠭ ᠤᠨ ᠵᠢᠱᠢᠶ᠎ᠡ︾ ᠪᠠ ︽ᠲᠠᠪᠤᠨ ᠪᠣᠳᠠᠲᠤ ᠶᠠᠪᠤᠳᠠᠯ ᠪᠠ ᠶᠣᠰᠣ ᠵᠦᠢ︾ ᠭᠡᠬᠦ ᠦᠵᠡᠯ | ᠰᠠᠨᠠᠭ᠎ᠠ ᠤᠯᠤᠰ ᠲᠥᠷᠥ ᠶᠢᠨ ᠲᠠᠶᠢᠯᠤᠨ ᠢ ᠨᠠᠶᠢᠷᠠᠭᠤᠯᠤᠨ ᠵᠣᠬᠢᠶᠠᠵᠤ᠂ ︽ᠮᠣᠩᠭᠤᠯ ᠮᠣᠷᠢᠨ ᠤ ᠵᠣᠷᠢᠭ | ᠰᠠᠨᠠᠭ᠎ᠠ︾᠂ ︽ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ︾ ᠵᠡᠷᠭᠡ ᠦᠢᠯᠡᠳᠭᠡᠯ ᠤᠨ ᠳᠠᠭᠤᠷᠢᠶᠠᠯ | ᠦᠵᠡᠭᠦᠯᠬᠦ ᠡᠬᠢ ᠪᠠᠶᠠᠯᠢᠭ ᠤᠨ ᠪᠣᠭᠤᠳᠠᠯ ᠳᠤ ᠠᠩᠬᠠᠷᠤᠯ ᠢᠶᠠᠨ ᠬᠠᠨᠳᠤᠭᠤᠯᠵᠤ᠂ ︽ᠠᠨᠠᠷ ᠤᠯᠠᠭᠠᠨ︾᠂ ︽ᠤᠮᠠᠷᠠᠲᠤ | ᠬᠢᠯᠢ ᠨᠣᠭᠤᠭᠠᠨ︾᠂ ︽ᠰᠠᠨᠰᠠᠷ ᠤᠨ ᠠᠶᠠᠯᠠᠯ ᠬᠥᠬᠡ︾ ᠵᠡᠷᠭᠡ ᠣᠨᠴᠠᠯᠢᠭᠲᠤ ᠦᠵᠡᠯ ᠰᠠᠨᠠᠭ᠎ᠠ ᠤᠯᠤᠰ ᠲᠥᠷᠥ ᠶᠢᠨ | ᠬᠢᠴᠢᠶᠡᠯ ᠢ ᠪᠣᠶ ᠪᠣᠯᠭᠠᠵᠤ᠂ ᠥᠷᠭᠡᠨ ᠣᠯᠠᠨ ᠪᠠᠭᠰᠢ ᠨᠠᠷ ᠢ ᠵᠢᠯᠣᠭᠤᠳᠤᠨ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠥᠪᠥᠷ ᠮᠣᠩᠭᠤᠯ ᠤᠨ | ᠲᠤᠬᠠᠶ ᠭᠦᠨ ᠭᠦᠨᠵᠡᠭᠡᠶ ᠪᠥᠭᠡᠳ ᠨᠡᠪᠲᠡᠷᠡᠲᠡᠯ᠎ᠡ ᠶᠠᠷᠢᠭᠤᠯᠪᠠ᠃ ᠭᠤᠷᠪᠠ ᠳᠤ᠂ ᠦᠢᠯᠡᠳᠦᠯᠭᠡ ᠶᠢᠨ ᠠᠤᠭ᠎ᠠ | ᠬᠦᠴᠦᠨ ᠢ ᠭᠦᠨᠵᠡᠭᠡᠶᠢᠷᠡᠭᠦᠯᠵᠦ᠂ ᠮᠡᠳᠡᠬᠦᠢ ᠬᠢᠬᠦᠢ ᠶᠢ ᠨᠢᠭᠡᠳᠬᠡᠬᠦ ᠳᠡᠭᠡᠷ᠎ᠡ ᠬᠦᠴᠦ ᠲᠠᠯᠪᠢᠪᠠ᠃ ︽ᠶᠡᠷᠦᠩᠬᠡᠶ ᠱᠦᠵᠢ | ᠰᠢ ᠶᠢᠨ ᠫᠢᠩ ᠤᠶᠤᠲᠠᠳ ᠲᠠᠢ ᠬᠠᠮᠲᠤ︾ ᠭᠡᠬᠦ ᠰᠢᠷᠢᠰ ᠠᠵᠢᠯᠯᠠᠭ᠎ᠠ ᠶᠢ ᠥᠷᠨᠢᠭᠦᠯᠵᠦ᠂ ︽ᠤᠮᠠᠷᠠᠲᠤ ᠶᠢᠨ | ᠵᠠᠯᠠᠭᠤᠴᠤᠳ ᠤᠨ ᠮᠡᠳᠡᠬᠦᠢ ᠪᠠ ᠦᠢᠯᠡᠳᠦᠯᠭᠡ ᠶᠢᠨ ᠠᠶᠠᠯᠠᠯ︾ ᠭᠡᠬᠦ ᠵᠤᠰᠠᠯᠠᠩ ᠢ ᠡᠷᠭᠢᠯᠡᠵᠦ᠂ ᠪᠠᠭᠰᠢ | ᠰᠤᠷᠤᠭᠴᠢᠳ ᠢ ᠬᠥᠲᠥᠯᠥᠨ ᠵᠢᠯᠣᠭᠤᠳᠴᠤ ︽ᠬᠤᠪᠢᠰᠬᠠᠯ ᠤᠨ ᠰᠣᠶᠤᠯ ᠤᠨ ᠰᠤᠷᠭᠠᠨ ᠬᠥᠮᠥᠵᠢᠯ ᠤᠨ ᠰᠠᠭᠤᠷᠢᠨ | ᠭᠠᠵᠠᠷ ᠢ ᠲᠣᠭᠤᠷᠢᠨ ᠦᠵᠡᠵᠦ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠶᠠᠪᠤᠵᠤ ᠰᠤᠷᠬᠤ︾᠂ ︽ᠶᠡᠭᠡ | ᠰᠤᠷᠤᠯᠴᠠᠯᠭ᠎ᠠ ᠪᠠᠷ ᠵᠠᠮᠴᠢᠯᠠᠭᠤᠯᠬᠤ ᠲᠥᠯᠥᠪᠯᠡᠭᠡ︾ ᠵᠡᠷᠭᠡ ᠭᠤᠤᠯ ᠰᠡᠳᠦᠪᠲᠦ ᠠᠵᠢᠯᠯᠠᠭ᠎ᠠ ᠳᠤ ᠣᠷᠣᠯᠴᠠᠭᠤᠯᠵᠤ᠂ | ᠡᠯ᠎ᠡ ᠭᠠᠵᠠᠷ ᠤᠨ ᠬᠢᠨ ᠤ ︽ᠶᠠᠪᠤᠵᠤ ᠰᠤᠷᠬᠤ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ︾᠂ ︽ᠤᠯᠠᠭᠠᠨ | ᠪᠦᠴᠡᠲᠡᠨ ᠤ ᠰᠤᠷᠪᠤᠯᠵᠢᠯᠠᠭᠰᠠᠨ ᠲᠡᠮᠳᠡᠭᠯᠡᠯ︾ ᠵᠡᠷᠭᠡ ᠰᠤᠳᠤᠯᠤᠨ ᠰᠤᠷᠤᠯᠴᠠᠬᠤ ᠦᠢᠯᠡᠳᠦᠯᠭᠡ ᠶᠢᠨ ᠠᠵᠢᠯᠯᠠᠭ᠎ᠠ | ᠥᠷᠨᠢᠭᠦᠯᠬᠦ ᠶᠢ ᠠᠬᠢᠭᠤᠯᠵᠤ᠂ ︽ᠶᠠᠭᠠᠬᠢᠭᠠᠳ ᠳᠤᠮᠳᠠᠳᠤ ᠤᠯᠤᠰ ᠪᠣᠶ︾ ︽ᠵᠠᠯᠠᠭᠤᠴᠤᠳ ᠶᠠᠷᠢᠬᠤ ᠨᠢ︾ | ︽ᠡᠷᠡᠮᠡᠬᠡᠶᠢᠯᠡᠨ ᠤᠷᠤᠭᠰᠢᠯᠠᠭᠠᠷᠠᠶ︕ ᠤᠮᠠᠷᠠᠲᠤ ᠶᠢᠨ ᠪᠠᠭᠠᠴᠤᠳ︾ ᠵᠡᠷᠭᠡ ︽ᠤᠮᠠᠷᠠᠲᠤ ᠬᠢᠯᠢ ᠶᠢᠨ ᠰᠣᠶᠣᠯ︾ ᠢ | ᠢᠯᠡᠷᠡᠭᠦᠯᠬᠦ ᠲᠦᠷᠦᠯ ᠲᠡᠮᠳᠡᠭᠲᠦ ᠶᠢᠨ ᠬᠥᠮᠦᠨ ᠬᠥᠮᠦᠵᠢᠭᠦᠯᠬᠦ ᠠᠵᠢᠯᠯᠠᠭ᠎ᠠ ᠶᠢ ᠡᠭᠦᠰᠭᠡᠵᠦ᠂ ᠪᠠᠭᠰᠢ ᠰᠤᠷᠤᠭᠴᠢᠳ | ᠤᠬᠠᠮᠰᠠᠷ ᠠᠴᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠭᠦᠨ ᠵᠤᠵᠠᠭᠠᠨ ᠬᠠᠶᠢᠷ᠎ᠠ ᠬᠠᠯᠠᠮᠵᠢ ᠶᠢ ᠠᠴᠢ | ᠬᠠᠷᠢᠭᠤᠯᠵᠤ ᠡᠷᠡᠮᠡᠬᠡᠶᠢᠯᠡᠨ ᠤᠷᠤᠭᠰᠢᠯᠠᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ | ᠳᠤᠮᠳᠠᠳᠤ ᠤᠯᠤᠰ ᠤᠨ ᠣᠨᠴᠠᠯᠢᠭ ᠲᠠᠢ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ | ᠪᠢᠴᠢᠭᠯᠡᠬᠦ ᠳᠤ ᠰᠤᠷᠭᠠᠨ ᠬᠥᠮᠦᠵᠢᠯ ᠤᠨ ᠹᠷᠣᠨᠲ ᠤᠨ ᠤᠶᠤᠨ ᠤᠬᠠᠭᠠᠨ ᠬᠦᠴᠦᠨ ᠴᠢᠳᠠᠯ ᠢᠶᠠᠨ ᠡᠷᠭᠦᠬᠦ ᠶᠢ | ᠬᠦᠳᠦᠯᠦᠨ ᠵᠢᠯᠣᠭᠤᠳᠪᠠ︕ | | |