| | | | | 1 ᠰᠠᠷ᠎ᠠ ᠶᠢᠨ 10 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ︽2023 ᠣᠨ ᠢ ᠪᠤᠴᠠᠨ ᠬᠠᠷᠠᠬᠤ︾ ᠭᠤᠣᠯ ᠰᠡᠳᠦᠪᠲᠦ ᠰᠢᠷᠢᠰ ᠰᠣᠨᠢᠨ ᠮᠡᠳᠡᠭᠡ | ᠨᠡᠶᠢᠲᠡᠯᠡᠬᠦ ᠬᠤᠷᠠᠯ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ | ᠲᠤᠰᠬᠠᠢ ᠲᠠᠯᠠᠪᠤᠷ︶ ᠢ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ | ᠬᠥᠮᠦᠵᠢᠯ ᠤᠨ ᠠᠵᠢᠯ ᠤᠨ ᠬᠤᠷᠢᠶᠠᠨ ᠤ ᠳᠡᠳ᠋ ᠱᠦᠵᠢ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ | ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠯᠢ ᠶᠢᠩ ᠭᠤᠣᠯ ᠰᠡᠳᠦᠪᠲᠦ ᠨᠡᠶᠢᠲᠡᠯᠡᠯ | ᠬᠢᠪᠡ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠰᠠᠭᠤᠷᠢ ᠰᠤᠷᠭᠠᠨ ᠬᠥᠮᠦᠵᠢᠯ ᠤᠨ | ᠨᠢᠭᠡᠳᠦᠭᠡᠷ ᠠᠵᠢᠯ ᠤᠨ ᠭᠠᠵᠠᠷ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠭᠠᠵᠠᠷ᠂ ᠳᠡᠭᠡᠳᠦ ᠰᠤᠷᠭᠠᠭᠤᠯᠢ ᠶᠢᠨ | ᠰᠤᠷᠤᠭᠴᠢ ᠶᠢᠨ ᠠᠵᠢᠯ ᠤᠨ ᠭᠠᠵᠠᠷ᠂ ᠪᠠᠭᠰᠢ ᠶᠢᠨ ᠠᠵᠢᠯ ᠤᠨ ᠭᠠᠵᠠᠷ ᠤᠨ ᠬᠠᠷᠢᠭᠤᠴᠠᠯᠭᠠᠲᠠᠨ ᠰᠣᠨᠢᠨ ᠮᠡᠳᠡᠭᠡ | ᠨᠡᠶᠢᠲᠡᠯᠡᠬᠦ ᠬᠤᠷᠠᠯ ᠳᠤ ᠣᠷᠣᠯᠴᠠᠭᠰᠠᠨ ᠪᠥᠭᠡᠳ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ | | | ︽2023 ᠣᠨ ᠢ ᠪᠤᠴᠠᠨ ᠬᠠᠷᠠᠬᠤ︾ ᠰᠢᠷᠢᠰ ᠭᠤᠣᠯ ᠰᠡᠳᠦᠪᠲᠦ ᠰᠣᠨᠢᠨ ᠮᠡᠳᠡᠭᠡ ᠨᠡᠶᠢᠲᠡᠯᠡᠬᠦ ᠬᠤᠷᠠᠯ ᠤᠨ | ᠰᠤᠷᠭᠠᠨ ᠬᠥᠮᠦᠵᠢᠯ ᠤᠨ ᠲᠢᠩᠬᠢᠮ ᠤᠨ ᠲᠤᠰᠬᠠᠢ ᠲᠠᠯᠠᠪᠤᠷ ᠬᠤᠷᠠᠯ ᠤᠨ ᠭᠤᠣᠯ ᠨᠡᠶᠢᠲᠡᠯᠡᠯ ᠤᠨ ᠦᠭᠡ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ | ᠬᠤᠷᠢᠶᠠᠨ ᠤ ᠳᠡᠳ᠋ ᠱᠦᠵᠢ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ | ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠯᠢ ᠶᠢᠩ | | | 2023 ᠣᠨ ᠳᠤ᠂ ᠪᠦᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠶᠡᠷᠦᠩᠬᠡᠢ ᠱᠦᠵᠢ | ᠰᠢ ᠶᠢᠨ ᠫᠢᠩ ᠤᠨ ᠰᠤᠷᠭᠠᠨ ᠬᠥᠮᠦᠵᠢᠯ ᠤᠨ ᠲᠤᠬᠠᠢ ᠴᠢᠬᠤᠯᠠ ᠥᠭᠦᠯᠡᠯᠲᠡ ᠪᠠ ᠥᠪᠥᠷ ᠮᠣᠩᠭᠤᠯ ᠤᠨ ᠲᠤᠬᠠᠢ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ | ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠬᠤ | ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ | ᠲᠠᠢ ᠨᠢᠭᠲᠠ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ | ᠤᠳᠤᠷᠢᠳᠤᠯᠭ᠎ᠠ᠂ ᠰᠤᠷᠭᠠᠨ ᠬᠥᠮᠦᠵᠢᠯ ᠤᠨ ᠶᠠᠮᠤᠨ ᠤ ᠵᠢᠯᠣᠭᠤᠳᠣᠯᠭ᠎ᠠ ᠳᠣᠣᠷ᠎ᠠ᠂ ᠠᠷᠠᠳ ᠲᠦᠮᠡᠨ ᠢᠶᠠᠷ ᠭᠤᠣᠯ | ᠪᠣᠯᠭᠠᠨ ᠰᠤᠷᠭᠠᠨ ᠬᠥᠮᠦᠵᠢᠯ ᠢ ᠬᠥᠭᠵᠢᠭᠦᠯᠬᠦ ᠶᠢ ᠪᠠᠷᠢᠮᠲᠠᠯᠠᠨ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ | ᠪᠦᠬᠦ ᠲᠠᠯ᠎ᠠ ᠪᠠᠷ ᠲᠤᠭᠤᠰᠢᠯᠠᠭᠤᠯᠵᠤ᠂ ᠶᠣᠰᠣ ᠰᠤᠷᠲᠠᠬᠤᠨ ᠢ ᠪᠣᠢ ᠪᠣᠯᠭᠠᠨ ᠬᠥᠮᠦᠨ ᠬᠥᠮᠦᠵᠢᠭᠦᠯᠬᠦ ᠦᠨᠳᠦᠰᠦᠨ | ᠡᠭᠦᠷᠭᠡ ᠶᠢ ᠨᠠᠶᠢᠳᠠᠪᠤᠷᠢᠵᠢᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤ ᠴᠣᠭᠴᠠᠯᠠᠬᠤ ᠭᠤᠣᠯ ᠱᠤᠭᠤᠮ ᠢ ᠰᠤᠷᠭᠠᠭᠤᠯᠢ ᠡᠷᠬᠢᠯᠡᠬᠦ ᠪᠦᠬᠦ ᠶᠠᠪᠤᠴᠠ᠂ ᠡᠯ᠎ᠡ ᠬᠦᠷᠢᠶᠡᠨ ᠳᠤ | ᠲᠤᠭᠤᠰᠢᠯᠠᠭᠤᠯᠵᠤ᠂ ᠴᠢᠨᠠᠷᠯᠢᠭ ᠰᠤᠷᠭᠠᠨ ᠬᠥᠮᠦᠵᠢᠯ ᠤᠨ ᠳᠣᠭᠲᠠᠯᠴᠠᠭ᠎ᠠ ᠶᠢ ᠲᠦᠷᠭᠡᠳᠬᠡᠨ ᠪᠠᠶᠢᠭᠤᠯᠵᠤ᠂ ᠰᠤᠷᠭᠠᠨ | ᠬᠥᠮᠦᠵᠢᠯ ᠤᠨ ᠦᠢᠯᠡᠰ ᠤᠨ ᠬᠥᠭᠵᠢᠯᠲᠡ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠣᠯᠪᠠ᠃ | ᠨᠢᠭᠡ᠂ ᠨᠠᠮ ᠤᠨ ᠰᠤᠷᠭᠠᠨ ᠬᠥᠮᠦᠵᠢᠯ ᠤᠨ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ | ᠪᠠ ᠴᠢᠩᠭᠠᠳᠬᠠᠵᠤ᠂ ᠶᠣᠰᠣ ᠰᠤᠷᠲᠠᠬᠤᠨ ᠢ ᠪᠣᠢ ᠪᠣᠯᠭᠠᠨ ᠬᠥᠮᠦᠨ ᠬᠥᠮᠦᠵᠢᠭᠦᠯᠬᠦ ᠦᠨᠳᠦᠰᠦᠨ ᠡᠭᠦᠷᠭᠡ ᠶᠢ ᠪᠠᠲᠤ | ᠡᠵᠡᠮᠳᠡᠪᠡ | ᠨᠢᠭᠡ ᠳᠤ᠂ ᠵᠣᠬᠢᠶᠠᠨ ᠪᠠᠶᠢᠭᠤᠯᠤᠯᠲᠠ ᠶᠢ ᠠᠳᠬᠤᠨ ᠨᠠᠮ ᠤᠨ ᠪᠠᠶᠢᠭᠤᠯᠤᠯᠲᠠ ᠶᠢ ᠴᠢᠩᠭᠠᠳᠬᠠᠵᠤ᠂ | ᠦᠷᠭᠦᠯᠵᠢᠯᠡᠨ ᠬᠦᠴᠦ ᠪᠠᠨ ᠲᠥᠪᠯᠡᠷᠡᠭᠦᠯᠦᠨ ᠰᠠᠭᠤᠷᠢ ᠶᠢ ᠪᠠᠲᠤᠳᠬᠠᠨ ᠦᠨᠳᠦᠰᠦ ᠶᠢ ᠪᠠᠬᠢᠵᠢᠭᠦᠯᠪᠡ᠃ ᠪᠦᠬᠦ | ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠢᠮᠠᠭᠲᠠ ᠨᠠᠮ ᠤᠨ ᠤᠯᠤᠰ ᠲᠥᠷᠥ ᠶᠢᠨ | ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠵᠤ᠂ ᠨᠠᠮ ᠤᠨ ᠤᠳᠤᠷᠢᠳᠤᠯᠭ᠎ᠠ ᠶᠢ ᠰᠤᠷᠭᠠᠨ ᠬᠥᠮᠦᠵᠢᠯ ᠤᠨ | ᠠᠵᠢᠯ ᠤᠨ ᠡᠯ᠎ᠡ ᠲᠠᠯ᠎ᠠ ᠡᠯ᠎ᠡ ᠭᠤᠭᠴᠤᠭ᠎ᠠ ᠳᠤ ᠲᠤᠭᠤᠰᠢᠯᠠᠭᠤᠯᠤᠨ᠂ ᠶᠡᠭᠡ ᠳᠡᠭᠡᠳᠦ ᠰᠤᠷᠭᠠᠭᠤᠯᠢ ᠶᠢᠨ ᠨᠠᠮ ᠤᠨ | ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠳᠣᠣᠷᠠᠬᠢ ᠰᠤᠷᠭᠠᠭᠤᠯᠢ ᠶᠢᠨ ᠵᠠᠬᠢᠷᠤᠯ ᠤᠨ ᠬᠠᠷᠢᠭᠤᠴᠠᠯᠭ᠎ᠠ ᠶᠢᠨ | ᠳᠦᠷᠢᠮ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠨᠠᠮ ᠤᠨ ᠵᠣᠬᠢᠶᠠᠨ | ᠪᠠᠶᠢᠭᠤᠯᠤᠯᠲᠠ ᠶᠢᠨ ᠤᠳᠤᠷᠢᠳᠤᠭᠰᠠᠨ ᠰᠤᠷᠭᠠᠭᠤᠯᠢ ᠶᠢᠨ ᠵᠠᠬᠢᠷᠤᠯ ᠤᠨ ᠬᠠᠷᠢᠭᠤᠴᠠᠯᠭ᠎ᠠ ᠶᠢᠨ ᠳᠦᠷᠢᠮ ᠢ | ᠢᠳᠡᠪᠬᠢᠲᠡᠢ ᠠᠬᠢᠭᠤᠯᠤᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ | ᠭᠦᠨᠵᠡᠭᠡᠢ ᠥᠷᠨᠢᠭᠦᠯᠵᠦ᠂ ︽ᠤᠮᠠᠷᠠᠲᠤ ᠬᠢᠯᠢ ᠶᠢᠨ ᠰᠤᠷᠭᠠᠨ ᠬᠥᠮᠦᠵᠢᠯ ᠡᠭᠦᠷᠢᠲᠡ ᠨᠠᠮ ᠢᠶᠠᠨ ᠳᠠᠭᠠᠨᠠᠮ︾ ᠭᠡᠬᠦ | ᠨᠠᠮ ᠤᠨ ᠪᠠᠶᠢᠭᠤᠯᠤᠯᠲᠠ ᠶᠢᠨ ᠲᠦᠷᠦᠯ ᠲᠡᠮᠳᠡᠭᠲᠦ ᠶᠢ ᠪᠦᠬᠦ ᠲᠠᠯ᠎ᠠ ᠪᠠᠷ ᠡᠭᠦᠳᠦᠨ ᠪᠠᠶᠢᠭᠤᠯᠵᠤ᠂ 31 ᠶᠡᠭᠡ | ᠳᠡᠭᠡᠳᠦ ᠰᠤᠷᠭᠠᠭᠤᠯᠢ ᠶᠢᠨ ᠨᠠᠮ ᠤᠨ ᠵᠣᠬᠢᠶᠠᠨ ᠪᠠᠶᠢᠭᠤᠯᠤᠯᠲᠠ ᠰᠤᠷᠭᠠᠨ ᠬᠥᠮᠦᠵᠢᠯ ᠤᠨ ᠶᠠᠮᠤᠨ ᠤ ᠰᠢᠨ᠎ᠡ ᠴᠠᠭ | ᠦᠶ᠎ᠡ ᠶᠢᠨ ᠶᠡᠭᠡ ᠳᠡᠭᠡᠳᠦ ᠰᠤᠷᠭᠠᠭᠤᠯᠢ ᠶᠢᠨ ᠨᠠᠮ ᠤᠨ ᠪᠠᠶᠢᠭᠤᠯᠤᠯᠲᠠ ᠶᠢᠨ ᠦᠯᠢᠭᠡᠷ ᠳᠠᠭᠤᠷᠢᠶᠠᠯ ᠢ ᠡᠭᠦᠳᠦᠨ | ᠪᠠᠶᠢᠭᠤᠯᠤᠭᠰᠠᠨ ᠪᠠ ᠴᠢᠨᠠᠷ ᠴᠢᠨᠰᠠᠭᠠᠨ ᠤ ᠰᠢᠯᠢᠳᠡᠭ ᠢ ᠡᠭᠦᠳᠦᠭᠰᠡᠨ ᠨᠢᠭᠡᠴᠢ ᠪᠠᠷ ᠰᠣᠩᠭᠤᠭᠳᠠᠵᠤ᠂ ᠪᠠᠭᠰᠢ | ᠨᠠᠮ ᠤᠨ ᠡᠭᠦᠷ ᠤᠨ ᠱᠦᠵᠢ ᠶᠢᠨ ︽ᠬᠤᠣᠰ ᠳᠠᠭᠠᠭᠤᠯᠤᠭᠴᠢ︾ ᠶᠢᠨ ᠲᠣᠬᠢᠷᠠᠭᠤᠯᠪᠠᠰᠤ ᠵᠣᠬᠢᠰᠲᠠᠢ ᠪᠦᠬᠦᠨ ᠢ | ᠲᠣᠬᠢᠷᠠᠭᠤᠯᠬᠤ ᠶᠢ ᠪᠡᠶᠡᠯᠡᠭᠦᠯᠪᠡ᠃ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ | ᠳᠠᠭᠠᠬᠤ︾ ᠣᠯᠠᠨ ᠲᠥᠮᠡᠨᠴᠢ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠴᠠᠭ ᠦᠶ᠎ᠡ | ᠶᠢᠨ ᠰᠢᠨ᠎ᠡ ᠬᠥᠮᠦᠨ ᠤ ᠰᠦᠭ ᠢ ᠱᠤᠭᠤᠬᠤ ᠢᠨᠵᠧᠨᠧᠷᠢᠩ ᠢ ᠡᠬᠢᠯᠡᠭᠦᠯᠵᠦ᠂ ︽ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠲᠣᠶᠢᠮᠤᠯᠠᠯ︾ ᠭᠡᠬᠦ | ᠬᠢᠴᠢᠶᠡᠯ ᠢ ᠰᠠᠶᠢᠲᠤᠷ ᠨᠡᠭᠡᠭᠡᠵᠦ᠂ ᠶᠡᠷᠦᠩᠬᠡᠢ ᠱᠦᠵᠢ ᠰᠢ ᠶᠢᠨ ᠫᠢᠩ ᠤᠨ ᠰᠤᠷᠭᠠᠨ ᠬᠥᠮᠦᠵᠢᠯ ᠤᠨ ᠲᠤᠬᠠᠢ ᠴᠢᠬᠤᠯᠠ | ᠥᠭᠦᠯᠡᠯᠲᠡ ᠪᠠ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠲᠤᠬᠠᠢ ᠴᠢᠬᠤᠯᠠ ᠵᠢᠭᠠᠪᠤᠷᠢ ᠶᠢ ᠬᠤᠶᠠᠷ ᠪᠦᠯᠦᠭ | ᠭᠤᠣᠯ ᠰᠡᠳᠦᠪᠲᠦ ᠬᠥᠮᠦᠵᠢᠯ ᠤᠨ ᠵᠠᠪᠠᠯ ᠰᠤᠷᠬᠤ ᠠᠭᠤᠯᠭ᠎ᠠ ᠪᠣᠯᠭᠠᠪᠠ᠃ ᠶᠡᠭᠡ ᠳᠡᠭᠡᠳᠦ ᠰᠤᠷᠭᠠᠭᠤᠯᠢ᠂ ᠳᠤᠮᠳᠠᠳᠤ | ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠨᠢᠭᠡ ᠴᠣᠭᠴᠠᠵᠢᠭᠤᠯᠬᠤ ᠶᠢ | ᠨᠢᠭᠡᠳᠦᠯᠲᠡᠢ ᠲᠥᠯᠥᠪᠯᠡᠨ ᠠᠬᠢᠭᠤᠯᠵᠤ᠂ ᠪᠦᠬᠦ ᠣᠷᠣᠨ ᠤ ᠶᠡᠭᠡ ᠳᠡᠭᠡᠳᠦ ᠰᠤᠷᠭᠠᠭᠤᠯᠢ᠂ ᠳᠤᠮᠳᠠᠳᠤ ᠪᠠᠭ᠎ᠠ | ᠰᠤᠷᠭᠠᠭᠤᠯᠢ ᠶᠢᠨ ᠰᠤᠷᠤᠭᠴᠢᠳ ᠢ ᠵᠣᠬᠢᠶᠠᠨ ᠪᠠᠶᠢᠭᠤᠯᠤᠨ ᠰᠤᠷᠭᠠᠭᠤᠯᠢ ᠡᠬᠢᠯᠡᠭᠰᠡᠨ ᠠᠩᠬᠠᠨ ᠤ ᠬᠢᠴᠢᠶᠡᠯ ᠢ | ᠬᠠᠮᠲᠤ ᠳᠤ ᠪᠠᠨ ᠣᠷᠣᠵᠤ᠂ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠥᠪᠥᠷ ᠮᠣᠩᠭᠤᠯ ᠳᠤ ᠠᠮᠢᠳᠤᠯᠢᠭ ᠢᠶᠠᠷ | ᠦᠢᠯᠡᠳᠦᠯᠭᠡᠵᠢᠭᠦᠯᠦᠭᠰᠡᠨ ᠵᠢᠱᠢᠶ᠎ᠡ︾ ᠶᠢ ᠨᠠᠶᠢᠷᠠᠭᠤᠯᠤᠨ ᠪᠢᠴᠢᠵᠦ᠂ ᠥᠷᠭᠡᠨ ᠣᠯᠠᠨ ᠪᠠᠭᠰᠢ ᠰᠤᠷᠤᠭᠴᠢ ᠶᠢᠨ ᠨᠠᠮ | ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ ᠠᠤᠭ᠎ᠠ ᠬᠦᠴᠦᠨ ᠢ ᠤᠯᠠᠮ | ᠨᠢᠭᠡ ᠠᠯᠬᠤᠮ ᠨᠢᠭᠲᠠᠷᠠᠭᠤᠯᠪᠠ᠃ | ᠬᠤᠶᠠᠷ ᠲᠤ᠂ ᠰᠤᠷᠭᠠᠭᠤᠯᠢ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠤᠨ ᠬᠥᠮᠦᠵᠢᠯ ᠢ ᠪᠣᠳᠠᠲᠠᠢ᠂ ᠲᠥᠷᠦᠭᠳᠡᠯᠲᠡᠢ ᠮᠥᠷᠲᠡᠭᠡᠨ ᠪᠦᠲᠦᠮᠵᠢᠲᠡᠢ ᠪᠣᠯᠭᠠᠪᠠ᠃ ᠬᠢᠴᠢᠶᠡᠯ ᠤᠨ | ᠬᠥᠮᠦᠨ ᠬᠥᠮᠦᠵᠢᠭᠦᠯᠬᠦ ᠭᠤᠣᠯ ᠠᠷᠭ᠎ᠠ ᠵᠠᠮ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠡᠦᠬᠡᠳ ᠤᠨ | ᠴᠡᠴᠡᠷᠯᠢᠭ ᠤᠨ ᠵᠢᠷᠤᠭᠲᠤ ᠳᠡᠪᠲᠡᠷ᠂ ᠪᠠᠭ᠎ᠠ ᠰᠤᠷᠭᠠᠭᠤᠯᠢ ᠶᠢᠨ ᠠᠨᠠᠷ ᠤᠨ ᠦᠷ᠎ᠡ ᠣᠩᠰᠢᠬᠤ ᠪᠢᠴᠢᠭ᠂ | ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ︾ ᠶᠢᠨ ᠵᠢᠭᠠᠨ | ᠰᠤᠷᠭᠠᠯᠲᠠ ᠶᠢᠨ ᠬᠥᠲᠥᠯᠪᠦᠷᠢ ᠶᠢ ᠨᠠᠶᠢᠷᠠᠭᠤᠯᠤᠨ ᠲᠠᠷᠬᠠᠭᠠᠵᠤ᠂ ︽ᠭᠤᠷᠪᠠᠨ ᠵᠢᠷᠤᠬᠠᠶᠢᠲᠤ ᠬᠤᠰᠢᠭᠤᠨ ᠤ ᠬᠠᠮᠤᠭ | ᠤᠨ ᠰᠠᠶᠢᠨ ᠮᠠᠯᠵᠢᠯ ᠤᠨ ᠲᠠᠯᠠᠪᠠᠢ ᠶᠢ ᠰᠠᠨᠰᠠᠷ ᠤᠨ ᠠᠶᠠᠯᠠᠯ ᠳᠤ︾ ᠵᠡᠷᠭᠡ ᠵᠢᠱᠢᠮᠡᠭ ᠬᠢᠴᠢᠶᠡᠯ ᠢ ᠨᠡᠭᠡᠭᠡᠨ | ᠬᠥᠭᠵᠢᠭᠦᠯᠵᠦ᠂ ︽ᠤᠯᠠᠭᠠᠨ ᠠᠨᠠᠷ︾᠂ ︽ᠨᠣᠮᠢᠨ ᠤᠮᠠᠷᠠᠲᠤ ᠬᠢᠯᠢ︾᠂ ︽ᠬᠥᠬᠡᠮᠳᠦᠭ ᠰᠠᠨᠰᠠᠷ ᠤᠨ | ᠠᠶᠠᠯᠠᠯ︾ ᠭᠡᠬᠦ ᠣᠨᠴᠠᠯᠢᠭᠲᠤ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠪᠠᠶᠢᠭᠤᠯᠵᠤ᠂ ᠪᠦᠬᠦ ᠤᠯᠤᠰ ᠲᠤ | ᠶᠡᠭᠡ ᠳᠡᠭᠡᠳᠦ ᠰᠤᠷᠭᠠᠭᠤᠯᠢ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠶᠢ ᠵᠠᠪᠠᠯ ᠰᠤᠷᠬᠤ ᠬᠢᠴᠢᠶᠡᠯ ᠢᠶᠠᠷ ᠲᠦᠷᠦᠭᠦᠯᠡᠨ ᠨᠡᠭᠡᠭᠡᠪᠡ᠃ ᠦᠢᠯᠡᠳᠦᠯᠭᠡ ᠪᠠᠷ ᠬᠥᠮᠦᠨ | ᠬᠥᠮᠦᠵᠢᠭᠦᠯᠬᠦ ᠶᠢ ᠴᠢᠩᠭᠠᠳᠬᠠᠵᠤ᠂ ︽ᠦᠵᠡᠯ ᠰᠠᠨᠠᠭ᠎ᠠ ᠤᠯᠤᠰ ᠲᠥᠷᠥ ᠶᠢᠨ ᠨᠡᠭᠦᠳᠡᠯ ᠬᠢᠴᠢᠶᠡᠯᠯᠡᠭᠡ︾ ᠵᠡᠷᠭᠡ | ᠦᠢᠯᠡᠳᠦᠯᠭᠡ ᠶᠢᠨ ᠠᠵᠢᠯᠯᠠᠭ᠎ᠠ ᠶᠢᠨ ᠨᠡᠷᠡᠲᠦ ᠳᠡᠮᠳᠡᠭᠲᠦ ᠶᠢ ᠡᠭᠦᠳᠦᠨ᠂ ᠳᠣᠯᠣᠭᠠᠨ ᠲᠣᠮᠤ ᠲᠥᠷᠥᠯ ᠤᠨ | ᠦᠢᠯᠡᠳᠦᠯᠭᠡ ᠶᠢᠨ ᠰᠠᠭᠤᠷᠢᠨ ᠭᠠᠵᠠᠷ 123᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠳᠠᠭᠤᠷᠢᠶᠠᠯ ᠦᠵᠡᠭᠦᠯᠬᠦ ᠰᠤᠷᠭᠠᠭᠤᠯᠢ 12᠂ ᠠᠶᠢᠮᠠᠭ ᠬᠤᠲᠠ ᠶᠢᠨ | ᠬᠤᠪᠢᠰᠬᠠᠯ ᠤᠨ ᠰᠣᠳᠤᠯᠤᠨ ᠰᠤᠷᠤᠯᠴᠠᠬᠤ ᠭᠠᠵᠠᠷ ᠤᠨ ᠵᠢᠷᠤᠭ 12᠂ ᠬᠤᠪᠢᠰᠬᠠᠯ ᠤᠨ ᠰᠣᠶᠤᠯ ᠤᠨ ᠰᠤᠷᠭᠠᠨ | ᠬᠥᠮᠥᠵᠢᠯ ᠤᠨ ᠰᠠᠭᠤᠷᠢᠨ ᠭᠠᠵᠠᠷ 110᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ | ᠵᠠᠯᠭᠠᠮᠵᠢᠯᠠᠬᠤ ᠰᠠᠭᠤᠷᠢᠨ ᠭᠠᠵᠠᠷ 61 ᠶᠢ ᠪᠠᠶᠢᠭᠤᠯᠵᠤ᠂ ᠡᠯ᠎ᠡ ᠰᠤᠷᠤᠯᠭ᠎ᠠ ᠶᠢᠨ ᠱᠠᠲᠤ ᠶᠢ ᠡᠮᠬᠢ ᠵᠢᠷᠤᠮ ᠲᠠᠢ | ᠵᠣᠯᠭᠠᠭᠤᠯᠤᠭᠰᠠᠨ ᠨᠢᠭᠡ ᠴᠣᠭᠴᠠᠵᠢᠭᠤᠯᠤᠭᠰᠠᠨ ᠰᠤᠷᠭᠠᠨ ᠬᠥᠮᠦᠵᠢᠯ ᠤᠨ ᠳᠣᠭᠲᠠᠯᠴᠠᠭ᠎ᠠ ᠶᠢ ᠠᠯᠬᠤᠮ ᠠᠯᠬᠤᠮ ᠢᠶᠠᠷ | ᠪᠠᠶᠢᠭᠤᠯᠪᠠ᠃ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠠᠭᠤᠰᠬᠠᠨ ᠬᠥᠮᠥᠵᠢᠭᠦᠯᠬᠦ ᠴᠢᠳᠠᠮᠵᠢ ᠶᠢ ᠪᠠᠳᠠᠷᠠᠭᠤᠯᠵᠤ᠂ | ᠰᠤᠷᠭᠠᠭᠤᠯᠢ ᠶᠢᠨ ᠬᠤᠪᠢᠰᠬᠠᠯᠲᠤ ᠲᠡᠦᠬᠡ ᠶᠢᠨ ᠦᠯᠢᠭᠡᠷ 72 ᠢ ᠢᠯᠡᠷᠡᠭᠦᠯᠵᠦ᠂ ᠨᠣᠮᠲᠠᠢ ᠰᠤᠷᠭᠠᠭᠤᠯᠢ ᠶᠢᠨ | ᠬᠦᠷᠢᠶ᠎ᠡ ᠶᠢ ᠪᠠᠶᠢᠭᠤᠯᠤᠨ᠂ ᠳᠤᠮᠳᠠᠳᠤ ᠶᠢᠨ ᠰᠣᠩᠭᠤᠳᠠᠭ ᠵᠣᠬᠢᠶᠠᠯ ᠢ ᠤᠩᠰᠢᠬᠤ ᠢᠨᠵᠧᠨᠧᠷᠢᠩ ᠢ ᠬᠡᠷᠡᠭᠵᠢᠭᠦᠯᠵᠦ᠂ | ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢᠳ ᠤᠨ ︽ᠨᠢᠭᠡ ᠥᠷᠲᠡᠭᠡ ᠮᠠᠶ᠋ᠢᠭ︾ ᠤᠨ ᠨᠡᠶᠢᠭᠡᠮ ᠲᠣᠭᠤᠷᠢᠭ ᠤᠨ | ᠪᠦᠲᠦᠭᠡᠨ ᠪᠠᠶᠢᠭᠤᠯᠤᠯᠲᠠ ᠶᠢ ᠠᠬᠢᠭᠤᠯᠪᠠ᠃ ᠡᠷᠳᠡᠮ ᠰᠢᠨᠵᠢᠯᠡᠭᠡᠨ ᠤ ᠲᠤᠯᠭᠠᠭᠤᠷᠢᠯᠠᠯ ᠢ ᠴᠢᠩᠭᠠᠳᠬᠠᠵᠤ᠂ | ᠮᠠᠷᠺᠰ ᠤᠨ ᠦᠵᠡᠯ ᠤᠨ ᠣᠨᠣᠯ᠂ ᠦᠨᠳᠦᠰᠦᠲᠡᠨ ᠤ ᠤᠬᠠᠭᠠᠨ ᠵᠡᠷᠭᠡ ᠰᠢᠨᠵᠢᠯᠡᠭᠡᠨ ᠤ ᠰᠠᠯᠠᠭ᠎ᠠ ᠳᠤ ᠲᠥᠷᠥᠯ ᠵᠦᠢᠯ | ᠲᠣᠭᠲᠠᠭᠠᠨ ᠳᠡᠮᠵᠢᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠬᠡᠷᠡᠭᠴᠡᠭᠡ ᠳᠤ ᠵᠣᠬᠢᠴᠠᠭᠰᠠᠨ ᠰᠢᠨᠵᠢᠯᠡᠭᠡᠨ ᠤ ᠰᠠᠯᠠᠭᠠᠨ ᠤ ᠲᠤᠰᠬᠠᠢ ᠮᠡᠷᠭᠡᠵᠢᠯ ᠤᠨ ᠳᠣᠭᠲᠠᠯᠴᠠᠭ᠎ᠠ ᠶᠢ | ᠪᠠᠶᠢᠭᠤᠯᠪᠠ᠃ ᠶᠡᠭᠡ ᠳᠡᠭᠡᠳᠦ ᠰᠤᠷᠭᠠᠭᠤᠯᠢ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠰᠤᠳᠤᠯᠭᠠᠨ ᠤ ᠰᠠᠭᠤᠷᠢᠨ ᠭᠠᠵᠠᠷ ᠢ ᠨᠡᠮᠡᠨ 17 ᠪᠣᠯᠭᠠᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ᠂ ᠤᠮᠠᠷᠠᠲᠤ ᠬᠢᠯᠢ ᠶᠢᠨ ᠰᠣᠶᠣᠯ ᠢ | ᠪᠠᠲᠤ ᠴᠣᠭᠴᠠᠯᠠᠬᠤ ᠲᠣᠭᠤᠷᠢᠨ ᠳᠤ ᠣᠨᠣᠯ ᠤᠨ ᠰᠤᠳᠤᠯᠭᠠᠨ ᠥᠷᠨᠢᠭᠦᠯᠪᠡ᠃ | ᠭᠤᠷᠪᠠ ᠳᠤ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ᠂ | ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠠᠵᠢᠯ ᠰᠢᠨ᠎ᠡ | ᠦᠷ᠎ᠡ ᠪᠦᠲᠦᠮᠵᠢ ᠣᠯᠪᠠ᠃ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠲᠦᠪᠰᠢᠨ ᠤ | ᠰᠢᠯᠭᠠᠯᠲᠠ ᠶᠢᠨ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠬᠢᠴᠢᠶᠡᠯ ᠲᠥᠷᠥᠯ ᠳᠤ | ᠠᠩᠬ᠎ᠠ ᠤᠳᠠᠭ᠎ᠠ ︽ᠨᠢᠭᠡ ᠰᠢᠯᠭᠠᠯᠲᠠ ᠶᠢᠨ ᠬᠠᠭᠤᠳᠠᠰᠤ ᠪᠠᠷ ᠰᠢᠯᠭᠠᠬᠤ︾ ᠶᠢ ᠬᠡᠷᠡᠭᠵᠢᠭᠦᠯᠦᠭᠰᠡᠨ ᠤ ᠬᠠᠮᠲᠤ | ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢᠶᠠᠷ ᠰᠡᠳᠦᠪ ᠬᠠᠷᠢᠭᠤᠯᠵᠤ᠂ ᠪᠦᠬᠦ ᠣᠷᠣᠨ ᠤ | ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠨᠢᠭᠡᠳᠦᠭᠡᠷ ᠣᠨ ᠳᠤ ᠴᠥᠮ ᠤᠯᠤᠰ ᠤᠨ ᠨᠢᠭᠡᠳᠦᠯᠲᠡᠢ | ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠪᠡ᠃ ᠪᠦᠬᠦ ᠣᠷᠣᠨ ᠤ ᠤᠯᠤᠰ ᠤᠨ ᠨᠡᠶᠢᠲᠡᠯᠢᠭ ᠬᠡᠯᠡ ᠶᠢ | ᠵᠢᠷᠤᠮᠵᠢᠭᠤᠯᠤᠭᠰᠠᠨ ᠰᠤᠷᠭᠠᠭᠤᠯᠢ ᠶᠢᠨ ᠪᠠᠷᠢᠮᠵᠢᠶ᠎ᠠ ᠳᠤ ᠬᠦᠷᠦᠭᠰᠡᠨ ᠨᠣᠷᠮ᠎ᠠ 93.3% ᠪᠠᠶᠢᠵᠤ᠂ ᠳᠡᠭᠡᠷ᠎ᠡ | ᠵᠢᠯ ᠤᠨ ᠬᠢ ᠠᠴᠠ ᠵᠠᠭᠤᠨ ᠤ 8 ᠶᠢᠨ ᠬᠠᠷᠢᠴᠠᠯ ᠢᠶᠠᠷ ᠳᠡᠭᠡᠭᠰᠢᠯᠡᠪᠡ᠃ ᠨᠡᠶᠢᠲᠡᠯᠢᠭ ᠬᠡᠯᠡ ᠶᠢ ᠳᠡᠯᠭᠡᠷᠡᠭᠦᠯᠦᠨ | ᠬᠡᠷᠡᠭᠯᠡᠬᠦ ᠶᠢ ᠪᠠᠶᠢᠩᠭᠤ ᠶᠢᠨ ᠠᠵᠢᠯ ᠪᠣᠯᠭᠠᠨ ᠴᠥᠬᠦᠷᠡᠰᠢ ᠦᠭᠡᠢ ᠠᠳᠬᠤᠵᠤ᠂ ᠪᠦᠬᠦ ᠣᠷᠣᠨ ᠤ 8.9 ᠲᠦᠮᠡᠨ | ᠠᠵᠢᠯ ᠤᠨ ᠪᠠᠶᠢᠷᠢ ᠳᠤ ᠪᠠᠶᠢᠭ᠎ᠠ ᠠᠯᠪᠠᠲᠠᠨ ᠳᠤ ᠨᠡᠶᠢᠲᠡᠯᠢᠭ ᠬᠡᠯᠡᠨ ᠤ ᠪᠣᠯᠪᠠᠰᠤᠷᠠᠭᠤᠯᠤᠯ ᠤᠨ ᠰᠢᠯᠭᠠᠯᠲᠠ ᠬᠢᠵᠦ᠂ | ᠠᠵᠢᠯ ᠤᠨ ᠪᠠᠶᠢᠷᠢ ᠳᠤ ᠪᠠᠶᠢᠭ᠎ᠠ 85% ᠶᠢᠨ ᠠᠯᠪᠠᠲᠠᠨ ᠤ ᠨᠡᠶᠢᠲᠡᠯᠢᠭ ᠬᠡᠯᠡᠨ ᠤ ᠬᠢᠷᠢ ᠲᠦᠪᠰᠢᠨ ᠢ ᠭᠤᠷᠪᠠᠳᠤᠭᠠᠷ | ᠳᠡᠰ ᠤᠨ ᠬᠥᠬᠡ ᠳᠡᠰ ᠠᠴᠠ ᠳᠡᠭᠡᠭᠰᠢ ᠳᠤ ᠬᠦᠷᠭᠡᠪᠡ᠃ | ᠬᠤᠶᠠᠷ᠂ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠴᠢᠨᠠᠷ | ᠴᠢᠨᠰᠠᠭ᠎ᠠ ᠶᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ | ᠪᠡᠶᠡᠯᠡᠭᠦᠯᠬᠦ ᠳᠤ ᠰᠤᠷᠭᠠᠨ ᠬᠥᠮᠦᠵᠢᠯ ᠤᠨ ᠬᠦᠴᠦᠨ ᠴᠢᠳᠠᠯ ᠢᠶᠠᠨ ᠡᠷᠭᠦᠪᠡ | ᠨᠢᠭᠡ ᠳᠤ᠂ ᠰᠠᠭᠤᠷᠢ ᠰᠤᠷᠭᠠᠨ ᠬᠥᠮᠦᠵᠢᠯ ᠤᠨ ᠰᠠᠭᠤᠷᠢ ᠪᠣᠯᠬᠤ ᠦᠢᠯᠡᠳᠦᠯ ᠢ ᠦᠷᠭᠦᠯᠵᠢᠯᠡᠨ | ᠪᠠᠲᠤᠳᠬᠠᠪᠠ᠃ ᠡᠷᠳᠡᠮ ᠤᠨ ᠴᠣᠯᠠ ᠶᠢᠨ ᠬᠠᠩᠭᠠᠯᠭ᠎ᠠ ᠶᠢ ᠦᠷᠭᠦᠯᠵᠢᠯᠡᠨ ᠥᠷᠭᠡᠳᠬᠡᠵᠦ᠂ ᠪᠦᠬᠦ ᠣᠷᠣᠨ ᠳᠤ | ᠬᠡᠦᠬᠡᠳ ᠤᠨ ᠴᠡᠴᠡᠷᠯᠢᠭ 204᠂ ᠳᠤᠮᠳᠠᠳᠤ ᠪᠠᠭ᠎ᠠ ᠰᠤᠷᠭᠠᠭᠤᠯᠢ 676᠂ ᠣᠨᠴᠠᠭᠠᠢ ᠰᠤᠷᠭᠠᠨ ᠬᠥᠮᠦᠵᠢᠯ ᠤᠨ | ᠰᠤᠷᠭᠠᠭᠤᠯᠢ 13 ᠶᠢ ᠰᠢᠨ᠎ᠡ ᠪᠠᠷ ᠥᠭᠡᠷᠡᠴᠢᠯᠡᠵᠦ ᠥᠷᠭᠡᠳᠬᠡᠨ ᠪᠠᠶᠢᠭᠤᠯᠬᠤ ᠠᠵᠢᠯ ᠢ ᠪᠥᠬᠦᠨ ᠢ ᠡᠬᠢᠯᠡᠭᠦᠯᠵᠦ᠂ | 7.06 ᠲᠥᠮᠡᠨ ᠡᠷᠳᠡᠮ ᠤᠨ ᠴᠤᠯᠠ ᠶᠢ ᠰᠢᠨ᠎ᠡ ᠪᠠᠷ ᠨᠡᠮᠡᠪᠡ᠃ ᠪᠦᠬᠦ ᠣᠷᠣᠨ ᠤ ᠰᠤᠷᠭᠠᠭᠤᠯᠢ ᠶᠢᠨ ᠨᠠᠰᠤᠨ ᠠᠴᠠ | ᠡᠮᠦᠨᠡᠬᠢ ᠭᠤᠷᠪᠠᠨ ᠵᠢᠯ ᠤᠨ ᠬᠡᠦᠬᠡᠳ ᠤᠨ ᠴᠡᠴᠡᠷᠯᠢᠭ ᠲᠤ ᠤᠷᠤᠭᠰᠠᠨ ᠨᠣᠷᠮ᠎ᠠ 94.96%᠂ ᠶᠢᠰᠦᠨ ᠵᠢᠯ ᠤᠨ | ᠠᠯᠪᠠᠨ ᠵᠢᠷᠤᠮ ᠤᠨ ᠰᠤᠷᠭᠠᠨ ᠬᠥᠮᠦᠵᠢᠯ ᠢ ᠪᠠᠲᠤᠳᠬᠠᠭᠰᠠᠨ ᠨᠤᠷᠮ᠎ᠡ 98.3%᠂ ᠳᠡᠭᠡᠳᠦ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠱᠠᠲᠤᠨ ᠤ ᠰᠤᠷᠭᠠᠭᠤᠯᠢ ᠳᠤ ᠤᠷᠤᠭᠰᠠᠨ ᠪᠦᠬᠦ ᠨᠣᠷᠮ᠎ᠠ 95.24% ᠬᠦᠷᠴᠡᠢ᠃ ᠵᠡᠮᠳᠡᠭ | ᠬᠡᠦᠬᠡᠳ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠳᠤ ᠤᠷᠤᠭᠰᠠᠨ ᠨᠤᠷᠮ᠎ᠠ 97% ᠠᠴᠠ | ᠳᠡᠭᠡᠭᠰᠢ ᠪᠠᠶᠢᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠶᠢ ᠤᠷᠢᠳᠴᠢᠯᠠᠨ | ᠪᠡᠶᠡᠯᠡᠭᠦᠯᠪᠡ᠃ 9 ᠬᠤᠰᠢᠭᠤ ᠰᠢᠶᠠᠨ ︵ᠬᠤᠲᠠ᠂ ᠲᠣᠭᠤᠷᠢᠭ︶ ᠤᠯᠤᠰ ᠤᠨ ᠰᠤᠷᠭᠠᠭᠤᠯᠢ ᠶᠢᠨ ᠨᠠᠰᠤᠨ ᠠᠴᠠ ᠡᠮᠦᠨᠡᠬᠢ | ᠰᠤᠷᠭᠠᠨ ᠬᠥᠮᠦᠵᠢᠯ ᠤᠨ ᠲᠥᠭᠡᠮᠡᠯ ᠬᠠᠷᠠᠭᠠᠯᠵᠠᠯᠲᠤ ᠰᠢᠶᠠᠨ ᠢ ᠰᠢᠯᠭᠠᠨ ᠠᠪᠬᠤ ᠳᠤ ᠬᠢᠷᠢ ᠲᠡᠩᠴᠡᠵᠦ᠂ 10 | ᠬᠤᠰᠢᠭᠤ ᠰᠢᠶᠠᠨ ︵ᠬᠤᠲᠠ᠂ ᠲᠣᠭᠤᠷᠢᠭ︶ ᠨᠢ ᠰᠢᠶᠠᠨ ᠤ ᠬᠡᠪᠴᠢᠶᠡᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠢ | ᠴᠢᠨᠠᠷᠯᠢᠭ ᠪᠥᠭᠡᠳ ᠲᠡᠩᠴᠡᠭᠦᠷᠢᠲᠡᠢ ᠬᠥᠭᠵᠢᠭᠦᠯᠦᠭᠰᠡᠨ ᠮᠤᠵᠢ ᠶᠢᠨ ᠱᠠᠲᠤᠨ ᠤ ᠬᠢᠨᠠᠨ ᠵᠢᠯᠣᠭᠤᠳᠴᠤ ᠦᠨᠡᠯᠡᠨ | ᠵᠢᠱᠢᠬᠦ ᠳᠤ ᠬᠢᠷᠢ ᠲᠡᠩᠴᠡᠵᠦ᠂ ᠴᠢᠨᠠᠷᠯᠢᠭ ᠪᠥᠭᠡᠳ ᠲᠡᠩᠴᠡᠭᠦᠷᠢᠲᠡᠢ ᠬᠥᠭᠵᠢᠭᠦᠯᠬᠦ ᠲᠠᠯ᠎ᠠ ᠪᠠᠷ ᠰᠢᠨ᠎ᠡ ᠠᠬᠢᠴᠠ ᠲᠠᠢ | ᠪᠣᠯᠪᠠ᠃ | ᠬᠤᠶᠠᠷ ᠲᠤ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠭᠤᠣᠯᠯᠠᠭᠴᠢ ᠦᠢᠯᠡᠳᠦᠯ ᠡᠳᠦᠷ ᠢᠷᠡᠬᠦᠶ᠎ᠡ | ᠲᠣᠪᠤᠶᠢᠪᠠ᠃ ᠥᠪᠡᠷᠲᠡᠭᠡᠨ ᠵᠠᠰᠠᠬᠤ ᠣᠷᠣᠨ ᠤ ᠠᠵᠤ ᠦᠢᠯᠡᠰ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠳᠤ | ᠠᠩᠬᠠᠷᠤᠯ ᠢᠶᠠᠨ ᠬᠠᠨᠳᠤᠭᠤᠯᠤᠨ᠂ ᠰᠢᠨᠵᠢᠯᠡᠭᠡᠨ ᠤ ᠰᠠᠯᠠᠭᠠᠨ ᠤ ᠲᠤᠰᠬᠠᠢ ᠮᠡᠷᠭᠡᠵᠢᠯ ᠤᠨ ᠪᠦᠲᠦᠴᠡ ᠶᠢᠨ | ᠪᠠᠶᠢᠷᠢᠰᠢᠭᠤᠯᠤᠯᠲᠠ ᠶᠢ ᠦᠷᠭᠦᠯᠵᠢᠯᠡᠨ ᠰᠢᠯᠢᠳᠡᠭᠵᠢᠭᠦᠯᠵᠦ᠂ ᠠᠮᠢᠳᠤ ᠪᠣᠳᠠᠰ᠂ ᠡᠪᠡᠰᠦᠨ ᠤ ᠦᠢᠯᠡᠰ᠂ ᠰᠦᠨ ᠤ | ᠦᠢᠯᠡᠰ᠂ ᠲᠡᠮᠦᠷᠯᠢᠭ ᠬᠠᠶᠢᠯᠤᠭᠤᠯᠬᠤ᠂ ᠰᠢᠨ᠎ᠡ ᠡᠨᠧᠷᠭᠢ ᠵᠡᠷᠭᠡ ᠳᠠᠪᠠᠭᠤᠯᠢᠭ ᠣᠨᠴᠠᠯᠢᠭᠲᠤ ᠰᠢᠨᠵᠢᠯᠡᠭᠡᠨ ᠤ | ᠰᠠᠯᠠᠭᠠᠨ ᠤ ᠲᠤᠰᠬᠠᠢ ᠮᠡᠷᠭᠡᠵᠢᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ | ᠳᠡᠰ ᠤᠨ ᠠᠵᠤ ᠦᠢᠯᠡᠰ ᠤᠨ ᠳᠡᠭᠡᠳᠦ ᠰᠤᠷᠭᠠᠭᠤᠯᠢ 97 ᠶᠢ ᠪᠠᠶᠢᠭᠤᠯᠤᠨ᠂ ᠶᠡᠭᠡ ᠳᠡᠭᠡᠳᠦ ᠰᠤᠷᠭᠠᠭᠤᠯᠢ ᠶᠢᠨ 11 | ᠬᠤᠷᠠᠮᠠᠯ ᠪᠣᠭᠤᠮᠲᠠ ᠰᠢᠪᠲᠤᠯᠬᠤ ᠲᠣᠮᠣ ᠲᠠᠪᠴᠠᠩ ᠤᠨ ᠪᠠᠶᠢᠭᠤᠯᠤᠯᠲᠠ ᠶᠢ ᠠᠬᠢᠭᠤᠯᠵᠤ᠂ ᠴᠢᠳᠠᠪᠤᠷᠢᠲᠠᠨ | ᠬᠥᠮᠦᠵᠢᠭᠦᠯᠬᠦ ᠵᠠᠭᠪᠤᠷ ᠤᠨ ᠰᠢᠨ᠎ᠡ ᠶᠢ ᠴᠢᠷᠮᠠᠶᠢᠨ ᠡᠭᠦᠳᠪᠡ᠃ 2023 ᠣᠨ ᠳᠤ ᠪᠦᠬᠦ ᠣᠷᠣᠨ ᠤ ᠰᠣᠳᠤᠯᠬᠤ | ᠰᠤᠷᠤᠭᠴᠢ ᠡᠯᠰᠡᠬᠦ ᠬᠡᠪᠴᠢᠶ᠎ᠡ ᠶᠢ 14199 ᠬᠥᠮᠦᠨ ᠳᠤ ᠬᠦᠷᠭᠡᠵᠦ᠂ ᠳᠡᠭᠡᠷ᠎ᠡ ᠵᠢᠯ ᠤᠨ ᠬᠢ ᠠᠴᠠ 4.82% | ᠨᠡᠮᠡᠭᠳᠡᠭᠦᠯᠪᠡ᠃ ᠤᠯᠤᠰ ᠤᠨ ᠳᠡᠰ ᠤᠨ ᠲᠡᠷᠢᠭᠦᠨ ᠤ ᠵᠢᠩᠬᠢᠨᠢ ᠠᠩᠭᠢ ᠶᠢᠨ ᠬᠢᠴᠢᠶᠡᠯ 27 ᠪᠠᠶᠢᠭᠰᠠᠨ ᠢ 81 | ᠪᠣᠯᠭᠠᠨ ᠨᠡᠮᠡᠪᠡ᠃ ᠰᠢᠨ᠎ᠡ ᠪᠠᠷ ᠨᠡᠮᠡᠭᠳᠡᠭᠰᠡᠨ ᠵᠢᠩᠬᠢᠨᠢ ᠠᠩᠭᠢ ᠶᠢᠨ ᠲᠤᠰᠬᠠᠢ ᠮᠡᠷᠭᠡᠵᠢᠯ 38᠂ ᠰᠢᠨ᠎ᠡ ᠡᠨᠧᠷᠭᠢ᠂ | ᠰᠢᠨ᠎ᠡ ᠮᠠᠲ᠋ᠧᠷᠢᠶᠠᠯ ᠵᠡᠷᠭᠡ ᠬᠦᠷᠢᠶ᠎ᠡ ᠴᠠᠷᠠᠭ᠎ᠠ ᠶᠢᠨ 20 ᠵᠢᠩᠬᠢᠨᠢ ᠠᠩᠭᠢ ᠶᠢᠨ ᠲᠤᠰᠬᠠᠢ ᠮᠡᠷᠭᠡᠵᠢᠯ ᠳᠤ ᠮᠠᠨ ᠤ | ᠣᠷᠣᠨ ᠠᠩᠬ᠎ᠠ ᠤᠳᠠᠭ᠎ᠠ ᠲᠠᠷᠬᠠᠯᠲᠠ ᠶᠢᠨ ᠴᠡᠭ ᠢ ᠪᠠᠶᠢᠷᠢᠯᠠᠭᠤᠯᠵᠤ ᠲᠣᠬᠢᠷᠠᠭᠤᠯᠪᠠ᠃ ᠣᠯᠠᠨ ᠤᠯᠤᠰ ᠤᠨ | ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠵᠤ᠂ ︽ᠨᠢᠭᠡ ᠪᠦᠰᠡ ᠨᠢᠭᠡ ᠵᠠᠮ︾ ᠪᠣᠯᠤᠨ ᠳᠤᠮᠳᠠᠳᠤ ᠮᠣᠩᠭᠤᠯ | ᠣᠷᠣᠰ ᠤᠨ ᠠᠵᠤ ᠠᠬᠤᠢ ᠶᠢᠨ ᠬᠤᠩᠭᠢᠯ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠳᠤᠮᠳᠠᠳᠤ | ᠮᠣᠩᠭᠤᠯ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠦᠵᠡᠭᠦᠯᠭᠡ ᠶᠢ ᠠᠮᠵᠢᠯᠲᠠ ᠲᠠᠢ ᠡᠷᠬᠢᠯᠡᠨ᠂ ᠮᠣᠩᠭᠤᠯ | ᠤᠯᠤᠰ ᠤᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠤ ᠶᠠᠮᠤᠨ ᠲᠠᠢ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠵᠤ᠂ | ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠣᠷᠣᠨ ᠪᠦᠰᠡ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ | ᠲᠤᠯᠭᠠᠭᠤᠷᠢᠯᠠᠨ ᠬᠥᠲᠥᠯᠥᠨ ᠳᠠᠭᠠᠭᠤᠯᠬᠤ ᠴᠢᠳᠠᠪᠤᠷᠢ ᠶᠢ ᠢᠯᠡᠳᠲᠡ ᠳᠡᠭᠡᠭᠰᠢᠯᠡᠭᠦᠯᠪᠡ᠃ | ᠭᠤᠷᠪᠠ ᠳᠤ᠂ ᠠᠵᠤ ᠦᠢᠯᠡᠳᠪᠦᠷᠢ ᠪᠠ ᠰᠤᠷᠭᠠᠨ ᠬᠥᠮᠦᠵᠢᠯ ᠢ ᠠᠭᠤᠰᠬᠠᠨ ᠣᠳᠣ ᠦᠶ᠎ᠡ ᠶᠢᠨ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠤᠨ ᠳᠣᠭᠲᠠᠯᠴᠠᠭ᠎ᠠ ᠶᠢ ᠪᠠᠶᠢᠭᠤᠯᠬᠤ ᠶᠢ ᠠᠬᠢᠭᠤᠯᠪᠠ᠃ ᠥᠪᠡᠷᠲᠡᠭᠡᠨ ᠵᠠᠰᠠᠬᠤ | ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ | ᠬᠠᠨᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠳᠡᠰ ᠤᠨ ᠬᠤᠲᠠ ᠶᠢᠨ ᠬᠡᠪᠴᠢᠶᠡᠨ ᠳᠠᠬᠢ ᠠᠵᠤ ᠦᠢᠯᠡᠳᠪᠦᠷᠢ | ᠪᠠ ᠰᠤᠷᠭᠠᠨ ᠬᠥᠮᠦᠵᠢᠯ ᠤᠨ ᠬᠤᠯᠪᠣᠭᠠᠲᠤ ᠴᠣᠭᠴᠠ 6 ᠶᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ | ᠳᠡᠰ ᠤᠨ ᠠᠵᠢᠯ ᠲᠥᠷᠥᠯ ᠤᠨ ᠠᠵᠤ ᠦᠢᠯᠡᠳᠪᠦᠷᠢ ᠪᠠ ᠰᠤᠷᠭᠠᠨ ᠬᠥᠮᠦᠵᠢᠯ ᠢ ᠠᠭᠤᠰᠬᠠᠬᠤ ᠬᠠᠮᠲᠤ ᠶᠢᠨ ᠴᠣᠭᠴᠠ | 11 ᠪᠠ ᠠᠵᠤ ᠦᠢᠯᠡᠳᠪᠦᠷᠢ ᠪᠠ ᠰᠤᠷᠭᠠᠨ ᠬᠥᠮᠦᠵᠢᠯ ᠢ ᠠᠭᠤᠰᠬᠠᠨ ᠦᠢᠯᠡᠳᠦᠯᠭᠡᠵᠢᠭᠦᠯᠬᠦ ᠲᠥᠪ 122 ᠢ | ᠪᠠᠶᠢᠭᠤᠯᠪᠠ᠃ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠪᠠᠶᠢᠭᠠᠯᠢ ᠲᠧᠭᠨᠢᠭ᠂ ᠲᠠᠷᠢᠶᠠᠯᠠᠩ᠂ ᠡᠮᠨᠡᠯᠭᠡ ᠶᠢᠨ | ᠲᠥᠷᠥᠯ ᠤᠨ ᠲᠤᠰᠬᠠᠢ ᠮᠡᠷᠭᠡᠵᠢᠯ ᠤᠨ ᠡᠵᠡᠯᠡᠬᠦ ᠬᠠᠷᠢᠴᠠᠯ ᠢ 63.1% ᠳᠤ ᠬᠦᠷᠭᠡᠵᠦ᠂ ᠥᠪᠡᠷᠲᠡᠭᠡᠨ ᠵᠠᠰᠠᠬᠤ | ᠣᠷᠣᠨ ᠤ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠲᠤᠰᠬᠠᠢ ᠮᠡᠷᠭᠡᠵᠢᠯ ᠤᠨ ᠡᠵᠡᠯᠡᠬᠦ ᠬᠠᠷᠢᠴᠠᠯ ᠢ | 77.6% ᠳᠤ ᠬᠦᠷᠭᠡᠨ᠂ ᠴᠢᠳᠠᠪᠤᠷᠢᠲᠠᠨ ᠬᠥᠮᠦᠵᠢᠭᠦᠯᠬᠦ ᠪᠠ ᠠᠵᠤ ᠦᠢᠯᠡᠰ ᠤᠨ ᠬᠥᠭᠵᠢᠯᠲᠡ ᠶᠢ ᠵᠣᠬᠢᠴᠠᠭᠤᠯᠬᠤ | ᠬᠡᠮᠵᠢᠶ᠎ᠡ ᠶᠢ ᠢᠯᠡᠳᠲᠡ ᠳᠡᠭᠡᠭᠰᠢᠯᠡᠭᠦᠯᠪᠡ᠃ ︽ᠵᠠᠬᠢᠶᠠᠯᠠᠭ᠎ᠠ ᠶᠢᠨ ᠠᠩᠭᠢ︾ ︽ᠨᠡᠷ᠎ᠡ ᠬᠠᠳᠠᠬᠤ ᠠᠩᠭᠢ︾ ᠶᠢ | 448 ᠡᠷᠭᠢᠯᠡᠵᠦ᠂ ᠨᠤᠲᠤᠭ ᠤᠨ ᠠᠵᠤ ᠠᠬᠤᠶᠢᠯᠠᠯ ᠳᠤ ᠤᠷ᠎ᠠ ᠴᠢᠳᠠᠪᠤᠷᠢᠲᠤ ᠴᠢᠳᠠᠪᠤᠷᠢᠲᠠᠨ 4.15 ᠲᠦᠮᠡᠨ | ᠬᠥᠮᠦᠨ ᠬᠦᠷᠭᠡᠪᠡ᠃ ᠪᠦᠬᠦ ᠤᠯᠤᠰ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠤᠷ᠎ᠠ ᠴᠢᠳᠠᠪᠤᠷᠢ ᠶᠢᠨ | ᠤᠷᠤᠯᠳᠤᠭᠠᠨ ᠢ ᠠᠩᠬ᠎ᠠ ᠤᠳᠠᠭ᠎ᠠ ᠳᠠᠭᠠᠭᠠᠴᠢᠯᠠᠨ ᠡᠷᠬᠢᠯᠡᠵᠦ᠂ ᠨᠢᠭᠡᠳᠦᠭᠡᠷ ᠳᠡᠰ ᠤᠨ ᠱᠠᠩᠨᠠᠯ 8 ᠬᠦᠷᠲᠡᠵᠦ᠂ | ᠲᠤᠭ᠎ᠠ ᠨᠢ ᠥᠩᠭᠡᠷᠡᠭᠰᠡᠨ ᠵᠢᠯ ᠤᠨ ᠨᠡᠶᠢᠯᠡᠪᠦᠷᠢ ᠲᠠᠢ ᠣᠶᠢᠷᠠᠲᠤᠵᠤ᠂ ᠬᠤᠶᠠᠳᠤᠭᠠᠷ ᠳᠡᠰ ᠤᠨ ᠱᠠᠩᠨᠠᠯ 17᠂ | ᠭᠤᠷᠪᠠᠳᠤᠭᠠᠷ ᠳᠡᠰ ᠤᠨ ᠱᠠᠩᠨᠠᠯ 53 ᠪᠣᠯᠵᠣ᠂ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠪᠡ᠃ | ᠭᠤᠷᠪᠠ᠂ ᠰᠤᠷᠭᠠᠨ ᠬᠥᠮᠥᠵᠢᠯ ᠤᠨ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠠᠷᠠᠳ ᠣᠯᠠᠨ ᠤ | ᠠᠩᠬᠠᠷᠴᠤ ᠪᠠᠶᠢᠭ᠎ᠠ ᠠᠰᠠᠭᠤᠳᠠᠯ ᠳᠤ ᠬᠠᠷᠢᠭᠤᠯᠲᠠ ᠥᠭᠪᠡ | ᠨᠢᠭᠡ ᠳᠤ᠂ ︽ᠬᠤᠶᠠᠷ ᠢ ᠬᠥᠩᠭᠡᠷᠡᠭᠦᠯᠬᠦ︾ ᠠᠵᠢᠯ ᠰᠢᠨ᠎ᠡ ᠠᠬᠢᠴᠠ ᠲᠠᠢ ᠪᠣᠯᠪᠠ᠃ ᠠᠯᠪᠠᠨ ᠵᠢᠷᠤᠮ ᠤᠨ | ᠰᠤᠷᠭᠠᠨ ᠬᠥᠮᠦᠵᠢᠯ ᠤᠨ ᠱᠠᠲᠤᠨ ᠤ ᠬᠢᠴᠢᠶᠡᠯ ᠲᠥᠷᠥᠯ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ | ᠪᠠᠶᠢᠭᠤᠯᠤᠮᠵᠢ 2647 ᠶᠢ ᠪᠦᠬᠦᠨ ᠢ ᠪᠠᠭᠠᠰᠠᠬᠪᠠ᠃ ᠬᠢᠴᠢᠶᠡᠯ ᠲᠥᠷᠥᠯ ᠤᠨ ᠬᠡᠯᠪᠡᠷᠢ ᠪᠠᠨ ᠥᠭᠡᠷᠡᠲᠦᠭᠦᠯᠬᠦ ᠶᠢ | ᠰᠡᠷᠭᠡᠶᠢᠯᠡᠨ ᠵᠠᠰᠠᠬᠤ ᠠᠵᠢᠯ ᠢ ᠦᠷᠭᠦᠯᠵᠢᠯᠡᠨ ᠥᠷᠨᠢᠭᠦᠯᠵᠦ᠂ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ | 102 ᠢ ᠪᠠᠶᠢᠴᠠᠭᠠᠨ ᠰᠢᠢᠳᠪᠦᠷᠢᠯᠡᠪᠡ᠃ ᠬᠢᠴᠢᠶᠡᠯ ᠲᠥᠷᠥᠯ ᠤᠨ ᠪᠣᠰᠤ ᠰᠤᠷᠭᠠᠭᠤᠯᠢ ᠶᠢᠨ ᠭᠠᠳᠠᠨᠠᠬᠢ | ᠪᠣᠯᠪᠠᠰᠤᠷᠠᠭᠤᠯᠤᠯ ᠢ ᠵᠢᠷᠤᠮᠵᠢᠭᠤᠯᠵᠤ᠂ 31 ᠠᠰᠠᠭᠤᠳᠠᠯ ᠲᠠᠢ ᠪᠠᠶᠢᠭᠤᠯᠤᠮᠵᠢ ᠶᠢ ᠪᠠᠶᠢᠴᠠᠭᠠᠨ ᠰᠢᠢᠳᠪᠦᠷᠢᠯᠡᠵᠦ᠂ | ︽ᠬᠤᠶᠠᠷ ᠢ ᠬᠥᠩᠭᠡᠷᠡᠭᠦᠯᠬᠦ︾ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠬᠤ ᠰᠠᠭᠤᠷᠢ ᠶᠢ | ᠪᠠᠲᠤᠳᠬᠠᠪᠠ᠃ ᠡᠯ᠎ᠡ ᠭᠠᠵᠠᠷ ᠤᠨ ᠡᠯ᠎ᠡ ᠰᠤᠷᠭᠠᠭᠤᠯᠢ ᠶᠢ ᠵᠢᠯᠣᠭᠤᠳᠤᠨ ᠵᠤᠨ ᠤ ᠠᠮᠠᠷᠠᠯᠲᠠ ᠶᠢᠨ ᠬᠤᠭᠤᠴᠠᠭᠠᠨ ᠤ | ᠨᠠᠶᠢᠳᠠᠨ ᠬᠠᠮᠢᠶᠠᠷᠤᠭᠤᠯᠬᠤ ᠦᠢᠯᠡᠴᠢᠯᠡᠭᠡ ᠶᠢ ᠪᠦᠬᠦ ᠲᠠᠯ᠎ᠠ ᠪᠠᠷ ᠬᠠᠩᠭᠠᠵᠤ᠂ ᠭᠡᠷ ᠤᠨ ᠠᠬᠠᠮᠠᠳ ᠤᠨ | ︽ᠬᠠᠷᠠᠭᠠᠯᠵᠠᠬᠤ ᠳᠤ ᠬᠦᠴᠢᠷ︾ ᠠᠰᠠᠭᠤᠳᠠᠯ ᠢ ᠦᠨᠡᠨ ᠬᠦ ᠰᠢᠢᠳᠪᠦᠷᠢᠯᠡᠨ᠂ ᠠᠷᠠᠳ ᠣᠯᠠᠨ ᠤ ᠰᠤᠷᠭᠠᠨ | ᠬᠥᠮᠦᠵᠢᠯ ᠤᠨ ᠲᠤᠬᠠᠢ ᠭᠦᠷᠲᠡᠭᠡᠮᠵᠢ ᠶᠢᠨ ᠲᠥᠷᠥᠭᠳᠡᠯ᠂ ᠬᠠᠨᠤᠮᠵᠢ ᠶᠢᠨ ᠬᠡᠮᠵᠢᠶ᠎ᠡ ᠶᠢ ᠦᠷᠭᠦᠯᠵᠢᠯᠡᠨ | ᠳᠡᠭᠡᠭᠰᠢᠯᠡᠭᠦᠯᠪᠡ᠃ | ᠬᠤᠶᠠᠷ ᠲᠤ᠂ ᠰᠤᠷᠭᠠᠨ ᠬᠥᠮᠦᠵᠢᠯ ᠢ ᠲᠣᠭᠠᠵᠢᠭᠤᠯᠤᠭᠰᠠᠨ ᠬᠡᠯᠪᠡᠷᠢ ᠲᠡᠶᠢᠰᠢ ᠬᠤᠪᠢᠷᠠᠭᠤᠯᠬᠤ ᠰᠢᠨ᠎ᠡ ᠦᠷ᠎ᠡ | ᠪᠦᠲᠦᠮᠵᠢ ᠣᠯᠪᠠ᠃ ᠤᠯᠤᠰ ᠤᠨ ᠣᠶᠤᠨᠴᠢ ᠰᠤᠷᠭᠠᠨ ᠬᠥᠮᠦᠵᠢᠯ ᠤᠨ ᠲᠠᠪᠴᠠᠩ ᠤᠨ ᠪᠦᠬᠦ ᠣᠷᠣᠨ ᠳᠠᠬᠢ | ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠪᠦᠬᠦ ᠣᠷᠣᠨ ᠤ ᠳᠤᠮᠳᠠᠳᠤ | ᠪᠠᠭ᠎ᠠ ᠰᠤᠷᠭᠠᠭᠤᠯᠢ ᠪᠦᠬᠦᠨ ᠢᠶᠠᠷ ᠢᠶᠠᠨ ᠲᠠᠪᠴᠠᠩ ᠳᠤ ᠳᠠᠩᠰᠠᠯᠠᠭᠤᠯᠬᠤ ᠶᠢ ᠪᠡᠶᠡᠯᠡᠭᠦᠯᠦᠨ᠂ ᠣᠳᠣ ᠪᠣᠯᠲᠠᠯ᠎ᠠ᠂ | ᠳᠠᠩᠰᠠᠯᠠᠭᠤᠯᠤᠭᠰᠠᠨ ᠰᠤᠷᠤᠭᠴᠢ ᠶᠢᠨ ᠲᠤᠭ᠎ᠠ 298.42 ᠲᠦᠮᠡ᠂ ᠪᠠᠭᠰᠢ ᠶᠢᠨ ᠲᠤᠭ᠎ᠠ 41.61 ᠲᠦᠮᠡ | ᠬᠦᠷᠴᠦ᠂ ᠤᠯᠤᠰ ᠤᠨ ᠳᠤᠮᠳᠠᠳᠤ ᠪᠠᠭ᠎ᠠ ᠰᠤᠷᠭᠠᠭᠤᠯᠢ ᠶᠢᠨ ᠣᠶᠤᠨᠴᠢ ᠰᠤᠷᠭᠠᠨ ᠬᠥᠮᠦᠵᠢᠯ ᠤᠨ ᠲᠠᠪᠴᠠᠩ ᠳᠤ | ᠬᠠᠶᠢᠭᠰᠠᠨ ᠬᠡᠮᠵᠢᠶ᠎ᠡ 9.91 ᠳ᠋ᠦᠩᠰᠢᠭᠤᠷ ᠤᠳᠠᠭ᠎ᠠ ᠳᠤ ᠬᠦᠷᠴᠡᠢ᠃ ᠲᠠᠪᠴᠠᠩ ᠢᠶᠠᠷ ᠳᠠᠮᠵᠢᠭᠤᠯᠤᠨ ᠰᠠᠭᠤᠷᠢ | ᠰᠤᠷᠭᠠᠨ ᠬᠥᠮᠦᠵᠢᠯ ᠤᠨ ︽ᠰᠦᠯᠵᠢᠶᠡᠨ ᠳᠠᠬᠢ ᠰᠢᠯᠢᠳᠡᠭ ᠬᠢᠴᠢᠶᠡᠯ︾ ᠤᠨ ᠡᠬᠢ ᠪᠠᠶᠠᠯᠢᠭ 3400 ᠭᠠᠷᠤᠢ᠂ | ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ 9 ᠬᠢᠴᠢᠶᠡᠯ ᠲᠥᠷᠦᠯ ᠤᠨ ᠡᠬᠢ ᠪᠠᠶᠠᠯᠢᠭ 5302᠂ | ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠦᠯᠵᠢᠶᠡᠨ ᠳᠠᠬᠢ ᠰᠢᠯᠢᠳᠡᠭ ᠬᠢᠴᠢᠶᠡᠯ 55 ᠶᠢ ᠨᠡᠭᠡᠭᠡᠵᠦ᠂ | ᠴᠢᠨᠠᠷᠯᠢᠭ ᠲᠣᠭᠠᠵᠢᠭᠰᠠᠨ ᠡᠬᠢ ᠪᠠᠶᠠᠯᠢᠭ ᠤᠨ ᠬᠠᠩᠭᠠᠯᠭ᠎ᠠ ᠶᠢ ᠲᠠᠰᠤᠷᠠᠯᠲᠠ ᠦᠭᠡᠢ ᠥᠷᠭᠡᠳᠬᠡᠨ᠂ ᠣᠷᠣᠨ ᠪᠦᠰᠡ᠂ | ᠬᠤᠲᠠ ᠬᠥᠳᠡᠭᠡ ᠶᠢᠨ ᠰᠤᠷᠭᠠᠨ ᠬᠥᠮᠦᠵᠢᠯ ᠤᠨ ᠵᠥᠷᠢᠶ᠎ᠡ ᠶᠢ ᠠᠯᠬᠤᠮ ᠠᠯᠬᠤᠮ ᠢᠶᠠᠷ ᠪᠠᠭᠠᠰᠬᠠᠵᠤ᠂ ᠰᠤᠷᠭᠠᠨ | ᠬᠥᠮᠦᠵᠢᠯ ᠤᠨ ᠡᠷᠬᠡ ᠲᠡᠭᠰᠢ ᠶᠢ ᠠᠬᠢᠭᠤᠯᠪᠠ᠃ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠨᠡᠶᠢᠲᠡᠯᠡᠭᠰᠡᠨ | ᠲᠡᠷᠢᠭᠦᠨ ᠤ ᠬᠢᠴᠢᠶᠡᠯ ᠤᠨ ᠡᠬᠢ ᠪᠠᠶᠠᠯᠢᠭ 72᠂ ᠤᠯᠤᠰ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ | ᠣᠶᠤᠨᠴᠢ ᠰᠤᠷᠭᠠᠨ ᠬᠥᠮᠦᠵᠢᠯ ᠤᠨ ᠲᠠᠪᠴᠠᠩ ᠳᠤ 208 ᠬᠢᠴᠢᠶᠡᠯ ᠬᠠᠩᠭᠠᠵᠤ᠂ 120 ᠭᠠᠷᠤᠢ ᠲᠦᠮᠡᠨ ᠬᠥᠮᠦᠨ | ᠬᠢᠴᠢᠶᠡᠯ ᠰᠣᠩᠭᠤᠨ ᠰᠤᠷᠤᠯᠴᠠᠪᠠ᠃ ᠤᠯᠠᠮ ᠠᠴᠠ ᠤᠯᠠᠮ ᠣᠯᠠᠨ ᠪᠠᠭᠰᠢ ᠨᠠᠷ ᠣᠶᠤᠨᠴᠢ ᠰᠤᠷᠭᠠᠨ ᠬᠥᠮᠦᠵᠢᠯ ᠤᠨ | ᠲᠠᠪᠴᠠᠩ ᠳᠤ ᠲᠦᠰᠢᠭᠯᠡᠨ ᠬᠢᠴᠢᠶᠡᠯᠯᠡᠭᠡ ᠶᠢ ᠳᠠᠬᠢᠨ ᠪᠠᠶᠢᠭᠤᠯᠵᠤ᠂ ᠣᠨᠴᠠᠯᠢᠭᠲᠤ ᠬᠢᠴᠢᠶᠡᠯ ᠢ ᠥᠷᠭᠡᠳᠬᠡᠵᠦ ᠪᠣᠢ᠃ | ᠭᠤᠷᠪᠠ ᠳᠤ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠰᠢᠨ᠎ᠡ ᠰᠢᠪᠲᠤᠯᠤᠯᠲᠠ ᠲᠠᠢ ᠪᠣᠯᠪᠠ᠃ ᠪᠠᠭᠰᠢ ᠶᠢᠨ | ᠮᠣᠷᠠᠯ ᠰᠤᠷᠲᠠᠯ ᠢ ᠤᠷᠢᠳᠴᠢᠯᠠᠨ ᠰᠡᠷᠡᠮᠵᠢᠯᠡᠭᠦᠯᠬᠦ᠂ ᠪᠠᠭᠰᠢ ᠶᠢᠨ ᠮᠣᠷᠠᠯ ᠤᠨ ᠲᠣᠭᠲᠠᠭᠠᠯ ᠠᠴᠠ ᠵᠥᠷᠢᠴᠡᠭᠰᠡᠨ | ᠬᠡᠷᠡᠭ ᠤᠨ ᠵᠢᠱᠢᠶ᠎ᠡ ᠶᠢ ᠮᠡᠳᠡᠭᠡᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠠᠵᠢᠯ ᠡᠷᠬᠢᠯᠡᠬᠦ ᠶᠢ ᠬᠤᠷᠢᠭᠯᠠᠬᠤ ᠪᠠ | ᠯᠠᠪᠯᠠᠬᠤ ᠪᠠᠷ ᠣᠷᠣᠬᠤ ᠶᠢ ᠵᠥᠪᠰᠢᠶᠡᠷᠡᠬᠦ ᠳᠦᠷᠢᠮ ᠢ ᠪᠠᠶᠢᠭᠤᠯᠪᠠ᠃ ᠥᠪᠡᠷᠲᠡᠭᠡᠨ ᠵᠠᠰᠠᠬᠤ ᠣᠷᠣᠨ ᠤ ᠠᠩᠬᠠᠳᠤᠭᠠᠷ | ᠬᠤᠭᠤᠴᠠᠭᠠᠨ ᠤ ︽ᠬᠠᠮᠤᠭ ᠤᠨ ᠭᠤᠶᠣ ᠪᠠᠭᠰᠢ︾ ᠶᠢ ᠰᠢᠯᠭᠠᠷᠠᠭᠤᠯᠬᠤ ᠠᠵᠢᠯᠯᠠᠭ᠎ᠠ ᠶᠢ ᠡᠷᠬᠢᠯᠡᠵᠦ᠂ ᠪᠦᠬᠦ | ᠤᠯᠤᠰ ᠤᠨ ᠠᠷᠪᠠᠨ ᠶᠡᠭᠡ ᠬᠠᠮᠤᠭ ᠤᠨ ᠭᠤᠶᠣ ᠪᠠᠭᠰᠢ ᠪᠠᠷ 1 ᠬᠥᠮᠦᠨ ᠰᠣᠩᠭᠤᠭᠳᠠᠵᠤ᠂ ᠰᠢᠨ᠎ᠡ | ᠰᠢᠪᠲᠤᠯᠤᠯᠲᠠ ᠶᠢ ᠪᠡᠶᠡᠯᠡᠭᠦᠯᠪᠡ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ︽ᠰᠢᠶᠠᠨ ᠠᠴᠠ ᠬᠠᠮᠢᠶᠠᠷᠴᠤ | ᠰᠤᠷᠭᠠᠭᠤᠯᠢ ᠠᠴᠠ ᠤᠷᠢᠬᠤ︾ ᠪᠠ ᠶᠡᠭᠡ ᠳᠡᠭᠡᠳᠦ ᠰᠤᠷᠭᠠᠭᠤᠯᠢ ᠶᠢᠨ ᠪᠠᠭᠰᠢ ᠶᠢᠨ ᠶᠡᠷᠦᠩᠬᠡᠢ ᠲᠣᠭᠠᠨ ᠤ | ᠬᠠᠮᠢᠶᠠᠷᠤᠯᠲᠠ ᠶᠢᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠤᠨ᠂ ᠪᠦᠬᠦ ᠣᠷᠣᠨ ᠤ ᠡᠯ᠎ᠡ ᠱᠠᠲᠤᠨ ᠤ ᠡᠯ᠎ᠡ | ᠲᠥᠷᠥᠯ ᠤᠨ ᠰᠤᠷᠭᠠᠭᠤᠯᠢ ᠶᠢᠨ ᠲᠤᠰᠬᠠᠢ ᠪᠠᠭᠰᠢ ᠶᠢᠨ ᠬᠡᠪᠴᠢᠶ᠎ᠡ ᠶᠢ 31.26 ᠲᠦᠮᠡᠨ ᠬᠥᠮᠦᠨ ᠳᠤ ᠭᠦᠷᠭᠡᠨ᠂ | ᠳᠡᠭᠡᠷ᠎ᠡ ᠵᠢᠯ ᠤᠨ ᠬᠢ ᠠᠴᠠ 1.9% ᠨᠡᠮᠡᠭᠳᠡᠭᠦᠯᠦᠨ᠂ ᠲᠤᠰᠬᠠᠢ ᠪᠠᠭᠰᠢ ᠶᠢᠨ ᠰᠤᠷᠤᠯᠭ᠎ᠠ ᠶᠢᠨ ᠨᠠᠮᠲᠠᠷ ᠤᠨ | ᠪᠦᠲᠦᠴᠡ ᠶᠢ ᠢᠯᠡᠳᠲᠡ ᠳᠡᠭᠡᠭᠰᠢᠯᠡᠭᠦᠯᠪᠡ᠃ | ᠳᠥᠷᠪᠡ ᠳᠤ᠂ ᠰᠤᠷᠭᠠᠨ ᠬᠥᠮᠦᠵᠢᠯ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠦᠷᠭᠦᠯᠵᠢᠯᠡᠨ | ᠨᠡᠮᠡᠭᠳᠡᠭᠦᠯᠪᠡ᠃ 2023 ᠣᠨ ᠳᠤ᠂ ᠪᠦᠬᠦ ᠣᠷᠣᠨ ᠡᠯ᠎ᠡ ᠲᠥᠷᠥᠯ ᠤᠨ ᠰᠤᠷᠤᠭᠴᠢᠳ ᠢ ᠳᠡᠳᠬᠦᠨ ᠲᠤᠰᠠᠯᠠᠬᠤ | ᠪᠡᠯᠡ ᠮᠥᠩᠭᠦ ᠶᠢ 48.1 ᠳ᠋ᠦᠩᠰᠢᠭᠤᠷ ᠲᠥᠭᠦᠷᠢᠭ ᠨᠠᠶᠢᠳᠠᠪᠤᠷᠢᠵᠢᠭᠤᠯᠵᠤ᠂ ᠰᠤᠷᠤᠯᠭ᠎ᠠ ᠶᠢᠨ ᠲᠡᠳᠬᠦᠮᠵᠢ ᠶᠢᠨ | ᠵᠢᠭᠡᠯᠡᠯᠭᠡ ᠶᠢ 14.04 ᠳ᠋ᠦᠩᠰᠢᠭᠤᠷ ᠲᠥᠭᠦᠷᠢᠭ ᠲᠠᠯᠪᠢᠨ᠂ ᠰᠤᠷᠤᠭᠴᠢ ᠶᠢᠨ ᠢᠷᠡᠯᠲᠡ ᠶᠢᠨ ᠭᠠᠵᠠᠷ ᠤᠨ | ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠳᠦᠷᠢᠮ ᠢ ᠦᠷᠭᠦᠯᠵᠢᠯᠡᠨ ᠲᠡᠭᠦᠯᠳᠡᠷᠵᠢᠭᠦᠯᠵᠦ᠂ ︽ᠨᠢᠭᠡ | ᠰᠤᠷᠤᠭᠴᠢ ᠶᠢ ᠴᠤ ᠭᠡᠷ ᠪᠦᠯᠢ ᠶᠢᠨ ᠠᠵᠤ ᠠᠬᠤᠢ ᠨᠢ ᠬᠦᠴᠢᠷᠲᠡᠢ ᠠᠴᠠ ᠪᠣᠯᠵᠤ ᠰᠤᠷᠤᠯᠭ᠎ᠠ ᠠᠯᠳᠠᠭᠤᠯᠬᠤ | ᠦᠭᠡᠢ︾ ᠭᠡᠬᠦ ᠲᠥᠪ ᠴᠢᠩᠭ᠎ᠠ ᠠᠮᠠᠯᠠᠯᠲᠠ ᠶᠢ ᠪᠣᠳᠠᠲᠤ ᠠᠵᠢᠯᠯᠠᠭ᠎ᠠ ᠪᠠᠷ ᠢᠶᠠᠨ ᠦᠢᠯᠡᠳᠦᠯᠭᠡᠵᠢᠭᠦᠯᠪᠡ᠃ ᠵᠠᠰᠠᠭ ᠤᠨ | ᠶᠠᠪᠤᠳᠠᠯ ᠤᠨ ᠦᠢᠯᠡᠴᠢᠯᠡᠭᠡ ᠶᠢ ᠨᠢᠭᠡᠳᠦᠯᠲᠡᠢ ᠬᠢᠨᠠᠨ ᠬᠠᠮᠢᠶᠠᠷᠬᠤ ᠰᠢᠰᠲ᠋ᠧᠮ ᠢ ᠪᠠᠶᠢᠭᠤᠯᠵᠤ᠂ 16 ᠣᠯᠠᠨ | ᠨᠡᠶᠢᠲᠡ ᠶᠢᠨ ᠦᠢᠯᠡᠴᠢᠯᠡᠭᠡᠨ ᠤ ᠵᠦᠢᠯ ᠢ ︽ᠮᠥᠩᠬᠡ ᠰᠤᠪᠠᠭ︾ ᠲᠤ ᠵᠠᠯᠭᠠᠨ ᠣᠷᠣᠭᠤᠯᠵᠤ᠂ ᠬᠡᠷᠡᠭᠯᠡᠭᠴᠢ 631 | ᠲᠦᠮᠡᠨ ᠤᠳᠠᠭ᠎ᠠ ᠪᠠᠶᠢᠴᠠᠭᠠᠨ ᠯᠠᠪᠯᠠᠪᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠳᠤ ᠣᠷᠣᠬᠤ | ᠪᠠ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠭᠡᠬᠦ︾ ᠶᠢ | ᠪᠦᠬᠦ ᠲᠠᠯ᠎ᠠ ᠪᠠᠷ ᠪᠡᠶᠡᠯᠡᠭᠦᠯᠦᠨ᠂ ᠠᠩᠬ᠎ᠠ ᠵᠡᠷᠭᠡ ᠶᠢᠨ ᠪᠠ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ᠂ ᠳᠤᠮᠳᠠ | ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠲᠡᠭᠦᠰᠦᠭᠰᠡᠨ ᠦᠨᠡᠮᠯᠡᠯ ᠪᠠ ︽ᠭᠤᠷᠪᠠ ᠰᠢᠯᠢᠳᠡᠭ | ᠰᠤᠷᠤᠭᠴᠢ︾᠂ ︽ᠬᠥᠳᠡᠭᠡ ᠲᠣᠰᠬᠤᠨ ᠤ ᠪᠠᠭᠰᠢ ᠶᠢᠨ ᠠᠵᠢᠯ ᠤᠨ 20 ᠵᠢᠯ︾ ᠤᠨ ᠢᠷᠠᠭᠤ ᠠᠯᠳᠠᠷ ᠤᠨ ᠦᠨᠡᠮᠯᠡᠯ | ᠵᠡᠷᠭᠡ ᠡᠯᠧᠺᠲᠷᠣᠨ ᠦᠨᠡᠮᠯᠡᠯ ᠤᠨ ᠦᠢᠯᠡᠴᠢᠯᠡᠭᠡ ᠶᠢ ᠶᠡᠭᠡ ᠪᠠᠷ ᠠᠬᠢᠭᠤᠯᠵᠤ᠂ ᠮᠡᠳᠡᠭᠦᠯᠬᠦ ᠮᠠᠲ᠋ᠧᠷᠢᠶᠠᠯ ᠢ ᠴᠣᠮᠬᠠᠳᠬᠠᠨ᠂ | ᠬᠢᠨᠠᠨ ᠵᠥᠪᠰᠢᠶᠡᠷᠡᠬᠦ ᠴᠤᠪᠤᠷᠠᠯ ᠢ ᠰᠢᠯᠢᠳᠡᠭᠵᠢᠭᠦᠯᠵᠦ᠂ ᠰᠤᠷᠭᠠᠨ ᠬᠥᠮᠦᠵᠢᠯ ᠤᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠦᠢᠯᠡᠳᠦᠯ ᠪᠠ ᠴᠢᠳᠠᠪᠤᠷᠢ ᠶᠢ ᠪᠦᠲᠦᠮᠵᠢᠲᠡᠢ ᠳᠡᠭᠡᠭᠰᠢᠯᠡᠭᠦᠯᠪᠡ᠃ | 2024 ᠣᠨ ᠳᠤ᠂ ᠪᠦᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠨᠠᠮ ᠤᠨ ᠬᠤᠷᠢᠳᠤᠭᠠᠷ | ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ ᠬᠤᠷᠢᠳᠤᠭᠠᠷ ᠬᠤᠭᠤᠴᠠᠭᠠᠨ ᠤ ᠬᠤᠶᠠᠳᠤᠭᠠᠷ ᠪᠦᠭᠦᠳᠡ ᠬᠤᠷᠠᠯ ᠤᠨ | ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ | ᠫᠢᠩ ᠤᠨ ᠰᠤᠷᠭᠠᠨ ᠬᠥᠮᠦᠵᠢᠯ ᠤᠨ ᠲᠤᠬᠠᠢ ᠴᠢᠬᠤᠯᠠ ᠥᠭᠦᠯᠡᠯᠲᠡ ᠪᠣᠯᠤᠨ ᠥᠪᠥᠷ ᠮᠣᠩᠭᠤᠯ ᠤᠨ ᠲᠤᠬᠠᠢ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ︽ᠲᠥᠷᠥ ᠶᠢᠨ ᠶᠠᠪᠤᠳᠠᠯ ᠤᠨ ᠬᠤᠷᠢᠶᠠᠨ ᠤ | ᠥᠪᠥᠷ ᠮᠣᠩᠭᠤᠯ ᠤᠨ ᠴᠢᠨᠠᠷᠯᠢᠭ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠰᠠᠨᠠᠯ︾ ᠢ ᠨᠠᠶᠢᠳᠠᠪᠤᠷᠢᠵᠢᠭᠤᠯᠤᠨ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ | ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ | ᠳᠣᠯᠣᠳᠤᠭᠠᠷ ᠪᠦᠭᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ | ᠪᠠᠶᠢᠷᠢᠯᠠᠭᠤᠯᠤᠯᠲᠠ ᠪᠠ ᠱᠠᠭᠠᠷᠳᠠᠯᠭ᠎ᠠ ᠶᠣᠰᠣᠭᠠᠷ᠂ ᠴᠢᠨᠠᠷᠯᠢᠭ ᠰᠤᠷᠭᠠᠨ ᠬᠥᠮᠦᠵᠢᠯ ᠤᠨ ᠳᠣᠭᠲᠠᠯᠴᠠᠭ᠎ᠠ ᠶᠢ ᠥᠳᠲᠡᠷ | ᠲᠦᠷᠭᠡᠨ ᠪᠠᠶᠢᠭᠤᠯᠵᠤ᠂ ᠲᠦᠷᠭᠡᠨ ᠮᠥᠷᠲᠡᠭᠡᠨ ᠯᠠᠪᠳᠠᠭᠤᠨ ᠢᠶᠠᠷ ᠭᠦᠢᠴᠡᠳᠭᠡᠵᠦ᠂ ᠬᠤᠶᠠᠷ ᠶᠡᠭᠡ ᠶᠠᠪᠤᠳᠠᠯ ᠢ | ᠰᠠᠶᠢᠲᠤᠷ ᠪᠡᠶᠡᠯᠡᠭᠦᠯᠬᠦ ᠳᠤ ᠰᠤᠷᠭᠠᠨ ᠬᠥᠮᠦᠵᠢᠯ ᠤᠨ ᠬᠦᠴᠦᠨ ᠴᠢᠳᠠᠯ ᠢᠶᠠᠨ ᠡᠷᠭᠦᠨ᠎ᠡ᠃ | ᠨᠢᠭᠡ ᠳᠤ᠂ ᠨᠠᠮ ᠤᠨ ᠰᠢᠨ᠎ᠡ ᠶᠢ ᠡᠭᠦᠳᠬᠦ ᠣᠨᠣᠯ ᠢᠶᠠᠷ ᠰᠡᠳᠬᠢᠯ ᠢ ᠨᠢᠭᠲᠠᠷᠠᠭᠤᠯᠵᠤ ᠰᠦᠭ ᠢ ᠴᠥᠬᠦᠷᠡᠰᠢ | ᠦᠭᠡᠢ ᠴᠣᠭᠴᠠᠯᠠᠬᠤ ᠶᠢ ᠪᠠᠷᠢᠮᠲᠠᠯᠠᠨ᠎ᠠ᠃ ︽ᠴᠠᠭ ᠦᠶ᠎ᠡ ᠶᠢᠨ ᠰᠢᠨ᠎ᠡ ᠬᠥᠮᠦᠨ ᠤ ᠰᠦᠭ ᠢ ᠱᠤᠭᠤᠬᠤ | ᠢᠨᠵᠧᠨᠧᠷᠢᠩ︾ ᠢ ᠭᠦᠨᠵᠡᠭᠡᠢ ᠬᠡᠷᠡᠭᠵᠢᠭᠦᠯᠵᠦ᠂ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠤᠨ ᠴᠢᠨᠠᠷ | ᠴᠢᠨᠰᠠᠭᠠᠨ ᠤ ᠳᠡᠭᠡᠭᠰᠢᠯᠡᠯᠲᠡ ᠶᠢ ᠠᠬᠢᠭᠤᠯᠤᠨ᠂ ︽ᠤᠮᠠᠷᠠᠲᠤ ᠬᠢᠯᠢ ᠶᠢᠨ ᠰᠤᠷᠭᠠᠨ ᠬᠥᠮᠦᠵᠢᠯ ᠨᠠᠮ ᠢᠶᠠᠨ | ᠳᠠᠭᠠᠨᠠᠮ︾ ᠭᠡᠬᠦ ᠨᠠᠮ ᠤᠨ ᠪᠠᠶᠢᠭᠤᠯᠤᠯᠲᠠ ᠶᠢᠨ ᠨᠡᠷᠡᠲᠦ ᠲᠡᠮᠳᠡᠭᠲᠦ ᠶᠢ ᠡᠭᠦᠳᠴᠦ᠂ ᠴᠢᠨᠠᠷᠯᠢᠭ ᠨᠠᠮ ᠤᠨ | ᠪᠠᠶᠢᠭᠤᠯᠤᠯᠲᠠ ᠪᠠᠷ ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ ᠶᠢ ᠬᠥᠲᠥᠯᠥᠨ ᠳᠠᠭᠠᠭᠤᠯᠤᠨ᠎ᠠ᠃ | ᠬᠤᠶᠠᠷ ᠲᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠤᠨ | ᠳᠠᠭᠤᠷᠢᠶᠠᠯ ᠦᠵᠡᠭᠦᠯᠬᠦ ᠣᠷᠣᠨ ᠢ ᠢᠳᠡᠪᠬᠢᠲᠡᠢ ᠡᠭᠦᠳᠦᠨ ᠪᠠᠶᠢᠭᠤᠯᠤᠨ᠎ᠠ᠃ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠤᠨ ᠬᠥᠮᠦᠵᠢᠯ ᠤᠨ ᠳᠠᠭᠤᠷᠢᠶᠠᠯ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠲᠤᠬᠠᠢ | ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠵᠤ᠂ ᠰᠤᠷᠭᠠᠭᠤᠯᠢ ᠶᠢᠨ ᠬᠦᠷᠢᠶᠡᠨ ᠳᠤ ︽ᠤᠮᠠᠷᠠᠲᠤ ᠬᠢᠯᠢ ᠶᠢᠨ | ᠰᠣᠶᠣᠯ︾ ᠤᠨ ᠨᠡᠷᠡᠲᠦ ᠳᠡᠮᠳᠡᠭᠲᠦ ᠢ ᠳᠠᠭᠤᠷᠢᠰᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠣᠨᠣᠯ ᠤᠨ ᠰᠤᠳᠤᠯᠭᠠᠨ ᠤ ᠰᠢᠨᠵᠢᠯᠡᠭᠡᠨ ᠤ ᠰᠠᠯᠭᠠᠨ ᠤ | ᠳᠣᠭᠲᠠᠯᠴᠠᠭ᠎ᠠ᠂ ᠡᠷᠳᠡᠮ ᠰᠢᠨᠵᠢᠯᠡᠭᠡᠨ ᠤ ᠳᠣᠭᠲᠠᠯᠴᠠᠭ᠎ᠠ ᠪᠠ ᠦᠭᠡ ᠬᠡᠯᠡᠨ ᠤ ᠳᠣᠭᠲᠠᠯᠴᠠᠭ᠎ᠠ ᠶᠢ ᠪᠠᠶᠢᠭᠤᠯᠤᠨ | ᠲᠡᠭᠦᠯᠳᠡᠷᠵᠢᠭᠦᠯᠪᠡ᠃ | ᠭᠤᠷᠪᠠ ᠳᠤ᠂ ᠰᠠᠭᠤᠷᠢ ᠰᠤᠷᠭᠠᠨ ᠬᠥᠮᠦᠵᠢᠯ ᠤᠨ ᠴᠢᠨᠠᠷᠯᠢᠭ ᠲᠡᠩᠴᠡᠭᠦᠷᠢᠲᠡᠢ ᠬᠥᠭᠵᠢᠯᠲᠡ ᠶᠢ | ᠲᠦᠷᠭᠡᠳᠬᠡᠨ᠎ᠡ᠃ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠲᠥᠭᠡᠮᠡᠯ ᠬᠠᠷᠠᠭᠠᠯᠵᠠᠯᠲᠤ | ᠠᠮᠤᠷ ᠲᠦᠪᠰᠢᠨ ᠴᠢᠨᠠᠷᠯᠢᠭ ᠬᠥᠭᠵᠢᠯᠲᠡ ᠶᠢ ᠠᠬᠢᠭᠤᠯᠤᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠤᠷᠠᠢ | ᠭᠤᠭᠴᠤᠭ᠎ᠠ ᠶᠢ ᠰᠠᠶᠢᠵᠢᠷᠠᠭᠤᠯᠬᠤ ᠪᠠ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠴᠢᠨᠠᠷᠯᠢᠭ ᠲᠡᠩᠴᠡᠭᠦᠷᠢᠲᠡᠢ ᠬᠥᠭᠵᠢᠯᠲᠡ ᠶᠢ ᠠᠬᠢᠭᠤᠯᠤᠨ᠎ᠠ᠃ ᠡᠩ ᠤᠨ | ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠣᠨᠴᠠᠯᠢᠭᠲᠤ ᠣᠯᠠᠨ ᠶᠠᠩᠵᠤᠴᠢᠯᠠᠭᠰᠠᠨ ᠬᠥᠭᠵᠢᠯᠲᠡ ᠶᠢ | ᠠᠬᠢᠭᠤᠯᠵᠤ᠂ ᠤᠯᠤᠰ ᠤᠨᠡᠭᠦᠳᠡᠨ ᠳᠠᠬᠢ ᠰᠤᠷᠭᠠᠭᠤᠯᠢ ᠶᠢ ᠰᠠᠶᠢᠲᠤᠷ ᠡᠷᠬᠢᠯᠡᠨ᠎ᠡ᠃ | ᠳᠥᠷᠪᠡ ᠳᠤ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠠᠭᠤᠯᠤᠭᠳᠠᠬᠤᠨᠲᠤ ᠬᠥᠭᠵᠢᠯᠲᠡ ᠶᠢ | ᠠᠬᠢᠭᠤᠯᠤᠨ᠎ᠠ᠃ ︽ᠲᠡᠷᠢᠭᠦᠨ ᠤ ᠰᠢᠨᠵᠢᠯᠡᠭᠡᠨ ᠤ ᠰᠠᠯᠠᠭᠠᠨ ᠤ ᠪᠦᠲᠦᠭᠡᠨ ᠪᠠᠶᠢᠭᠤᠯᠤᠯᠲᠠ ᠶᠢᠨ ᠲᠠᠪᠤᠨ ᠵᠢᠯ ᠤᠨ | ᠠᠵᠢᠯᠯᠠᠭᠠᠨ ᠤ ᠲᠥᠯᠥᠪᠯᠡᠭᠡ︾ ᠶᠢ ᠡᠬᠢᠯᠡᠭᠦᠯᠵᠦ᠂ ᠤᠯᠤᠰ ᠤᠨ ᠳᠡᠰ ᠤᠨ ᠲᠡᠷᠢᠭᠦᠨ ᠤ ᠰᠢᠨᠵᠢᠯᠡᠭᠡᠨ ᠤ ᠰᠠᠯᠠᠭᠠᠨ ᠤ | ᠲᠤᠰᠬᠠᠢ ᠮᠡᠷᠭᠡᠵᠢᠯ ᠤᠨ ᠪᠠᠶᠢᠭᠤᠯᠤᠯᠲᠠ ᠶᠢ ᠴᠢᠩᠭᠠᠳᠬᠠᠨ᠂ ᠠᠮᠢᠳᠤ ᠪᠣᠳᠠᠰ ᠤᠨ ᠤᠬᠠᠭᠠᠨ᠂ ᠢᠳᠡᠭᠡᠨ ᠤ | ᠰᠢᠨᠵᠢᠯᠡᠬᠦ ᠤᠬᠠᠭᠠᠨ᠂ ᠠᠮᠢ ᠠᠬᠤᠢ ᠶᠢᠨ ᠤᠬᠠᠭᠠᠨ᠂ ᠡᠪᠡᠰᠦᠨ ᠤ ᠰᠤᠳᠤᠯᠤᠯ᠂ ᠲᠡᠮᠦᠷᠯᠢᠭ ᠪᠣᠯᠪᠠᠰᠤᠷᠠᠭᠤᠯᠬᠤ᠂ | ᠬᠤᠪᠣᠷ ᠰᠢᠷᠣᠢ᠂ ᠰᠢᠨ᠎ᠡ ᠡᠨᠧᠷᠭᠢ ᠵᠢᠴᠢ ᠦᠨᠳᠦᠰᠦᠲᠡᠨ ᠤ ᠰᠤᠳᠤᠯᠤᠯ ᠵᠡᠷᠭᠡ ᠳᠠᠪᠠᠭᠤᠯᠢᠭ ᠣᠨᠴᠠᠯᠢᠭᠲᠤ | ᠰᠢᠨᠵᠢᠯᠡᠭᠡᠨ ᠤ ᠰᠠᠯᠠᠭᠠᠨ ᠤ ᠬᠥᠭᠵᠢᠯᠲᠡ ᠶᠢ ᠭᠤᠣᠯᠳᠠᠯᠭ᠎ᠠ ᠲᠠᠢ ᠳᠡᠮᠵᠢᠨ᠎ᠡ᠃ ᠬᠤᠪᠣᠷ ᠰᠢᠷᠤᠢ᠂ ᠰᠦᠨ ᠤ ᠦᠢᠯᠡᠰ᠂ | ᠡᠨᠧᠷᠭᠢ᠂ ᠲᠡᠷᠢᠭᠦᠨ ᠤ ᠦᠢᠯᠡᠳᠬᠦ ᠦᠢᠯᠡᠰ ᠤᠨ ᠬᠡᠪᠴᠢᠶᠡᠨ ᠳᠠᠬᠢ ᠪᠠ ᠰᠤᠷᠭᠠᠨ ᠬᠥᠮᠦᠵᠢᠯ ᠤᠨ ᠶᠠᠮᠤᠨ ᠤ | ᠬᠠᠮᠲᠤᠷᠠᠨ ᠪᠠᠶᠢᠭᠤᠯᠤᠭᠰᠠᠨ ᠳᠡᠭᠡᠳᠦ ᠵᠡᠷᠭᠡ ᠶᠢᠨ ᠰᠤᠳᠤᠯᠭᠠᠨ ᠤ ᠬᠦᠷᠢᠶᠡᠯᠡᠩ ᠤᠨ ᠲᠣᠭᠤᠷᠢᠨ ᠳᠤ᠂ ᠶᠡᠭᠡ ᠳᠡᠭᠡᠳᠦ | ᠰᠤᠷᠭᠠᠭᠤᠯᠢ ᠶᠢᠨ ᠰᠢᠨᠵᠢᠯᠡᠭᠡᠨ ᠤ ᠰᠠᠯᠠᠭᠠᠨ ᠤ ᠲᠤᠰᠬᠠᠢ ᠮᠡᠷᠭᠡᠵᠢᠯ ᠤᠨ ᠪᠦᠲᠦᠴᠡ ᠶᠢ ᠦᠷᠭᠦᠯᠵᠢᠯᠡᠨ | ᠲᠣᠬᠢᠷᠠᠭᠤᠯᠤᠨ ᠰᠢᠯᠢᠳᠡᠭᠵᠢᠭᠦᠯᠵᠦ᠂ ᠣᠷᠣᠨ ᠪᠦᠰᠡ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ | ᠦᠢᠯᠡᠴᠢᠯᠡᠬᠦ ᠴᠢᠳᠠᠪᠤᠷᠢ ᠶᠢ ᠴᠢᠩᠭᠠᠷᠠᠭᠤᠯᠤᠨ᠎ᠠ᠃ | ᠲᠠᠪᠤ ᠳᠤ᠂ ᠣᠳᠣ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠳᠣᠭᠲᠠᠯᠴᠠᠭ᠎ᠠ ᠶᠢ | ᠪᠠᠶᠢᠭᠤᠯᠤᠨ᠎ᠠ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠲᠦᠭᠡᠮᠡᠯᠵᠢᠭᠦᠯᠬᠦ᠂ ᠠᠵᠤ ᠦᠢᠯᠡᠳᠪᠦᠷᠢ ᠪᠠ | ᠰᠤᠷᠭᠠᠨ ᠬᠥᠮᠦᠵᠢᠯ ᠢ ᠠᠭᠤᠰᠬᠠᠬᠤ᠂ ᠰᠢᠨᠵᠢᠯᠡᠬᠦ ᠤᠬᠠᠭᠠᠨ ᠪᠠ ᠰᠤᠷᠭᠠᠨ ᠬᠥᠮᠦᠵᠢᠯ ᠢ ᠠᠭᠤᠰᠬᠠᠬᠤ ᠶᠢ | ᠭᠦᠨᠵᠡᠭᠡᠶᠢᠷᠡᠭᠦᠯᠦᠨ᠂ ᠠᠵᠤ ᠦᠢᠯᠡᠳᠪᠦᠷᠢ ᠪᠠ ᠰᠤᠷᠭᠠᠨ ᠬᠥᠮᠦᠵᠢᠯ ᠢ ᠠᠭᠤᠰᠬᠠᠬᠤ ᠬᠡᠯᠪᠡᠷᠢ ᠶᠢᠨ ᠠᠵᠤ | ᠠᠬᠤᠶᠢᠯᠠᠯ ᠢ 50 ᠪᠣᠯᠭᠠᠨ᠂ ᠠᠵᠤ ᠦᠢᠯᠡᠰ ᠤᠨ ᠬᠡᠷᠡᠭᠴᠡᠭᠡ ᠱᠠᠭᠠᠷᠳᠠᠯᠭ᠎ᠠ ᠶᠣᠰᠣᠭᠠᠷ ︽ᠤᠷᠠᠨ ᠳᠠᠷᠬᠠᠨ ᠤ | ᠠᠩᠭᠢ︾᠂ ︽ᠵᠠᠬᠢᠶᠠᠯᠠᠭ᠎ᠠ ᠶᠢᠨ ᠠᠩᠭᠢ︾ ᠶᠢᠨ ᠲᠥᠯᠥᠪᠯᠡᠭᠡ ᠶᠢ ᠪᠠᠶᠢᠭᠤᠯᠵᠤ᠂ ᠠᠵᠤ ᠦᠢᠯᠡᠰ ᠤᠨ | ᠬᠥᠭᠵᠢᠯᠲᠡ ᠳᠤ ᠲᠠᠰᠤᠷᠠᠯᠲᠠ ᠥᠬᠡᠶ ᠥᠨᠳᠥᠷ ᠬᠡᠪ ᠪᠣᠯᠪᠠᠰᠤᠷᠠᠯ ᠲᠠᠢ ᠤᠷ᠎ᠠ ᠴᠢᠳᠠᠪᠤᠷᠢᠲᠤ ᠴᠢᠳᠠᠪᠤᠷᠢᠲᠠᠨ ᠢ | ᠬᠥᠮᠥᠵᠢᠭᠦᠯᠦᠨ᠎ᠡ᠃ | ᠵᠢᠷᠭᠤᠭ᠎ᠠ ᠳᠤ᠂ ᠰᠤᠷᠭᠠᠨ ᠬᠥᠮᠦᠵᠢᠯ ᠤᠨ ᠬᠦᠷᠢᠶᠡᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ᠎ᠡ᠃ ᠰᠤᠷᠭᠠᠨ ᠬᠥᠮᠦᠵᠢᠯ ᠤᠨ ᠦᠨᠡᠯᠡᠯᠲᠡ ᠶᠢᠨ ᠥᠭᠡᠷᠡᠴᠢᠯᠡᠯᠲᠡ ᠶᠢ ᠰᠠᠶᠢᠲᠤᠷ ᠠᠳᠬᠤᠵᠤ᠂ | ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠲᠠ ᠪᠠ ᠡᠩ | ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠥᠭᠡᠷᠡᠴᠢᠯᠡᠯᠲᠡ ᠶᠢ | ᠯᠠᠪᠳᠠᠭᠤᠨ ᠢᠶᠠᠷ ᠠᠬᠢᠭᠤᠯᠤᠨ᠂ ᠶᠡᠭᠡ ᠳᠡᠭᠡᠳᠦ ᠰᠤᠷᠭᠠᠭᠤᠯᠢ ᠶᠢ ᠲᠥᠷᠥᠯ ᠬᠤᠪᠢᠶᠠᠨ ᠦᠨᠡᠯᠡᠬᠦ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ᠂ ᠶᠡᠭᠡ ᠳᠡᠭᠡᠳᠦ ᠰᠤᠷᠭᠠᠭᠤᠯᠢ ᠶᠢᠨ ᠠᠵᠢᠯᠲᠠᠨ ᠤ ᠶᠡᠷᠦᠩᠬᠡᠢ ᠲᠣᠭᠠᠨ ᠤ ᠬᠠᠮᠢᠶᠠᠷᠤᠯᠲᠠ ᠶᠢ | ᠠᠬᠢᠭᠤᠯᠵᠤ᠂ ᠠᠵᠢᠯ ᠤᠨ ᠬᠢᠷᠢ ᠪᠦᠲᠦᠮᠵᠢ ᠶᠢᠨ ᠴᠠᠯᠢᠩ ᠢ ᠰᠢᠯᠭᠠᠨ ᠬᠢᠨᠠᠭᠰᠠᠨ ᠦᠷ᠎ᠡ ᠳ᠋ᠦᠩ ᠲᠠᠢ | ᠬᠤᠯᠪᠣᠭᠳᠠᠭᠤᠯᠤᠨ᠂ ᠶᠡᠭᠡ ᠳᠡᠭᠡᠳᠦ ᠰᠤᠷᠭᠠᠭᠤᠯᠢ ᠶᠢᠨ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠨ᠎ᠡ᠃ ᠰᠤᠷᠭᠠᠨ | ᠬᠥᠮᠦᠵᠢᠯ ᠢ ᠲᠣᠭᠠᠵᠢᠭᠤᠯᠤᠭᠰᠠᠨ ᠬᠡᠯᠪᠡᠷᠢ ᠲᠡᠶᠢᠰᠢ ᠬᠤᠪᠢᠷᠠᠭᠤᠯᠬᠤ ᠶᠢ ᠦᠷᠭᠦᠯᠵᠢᠯᠡᠨ ᠠᠬᠢᠭᠤᠯᠤᠨ᠎ᠠ᠃ ︽ᠬᠤᠶᠠᠷ ᠢ | ᠬᠥᠩᠭᠡᠷᠡᠭᠦᠯᠬᠦ︾ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠢᠴᠢᠶᠡᠯᠯᠡᠭᠡ᠂ ᠳᠠᠰᠬᠠᠯ ᠤᠨ ᠬᠠᠮᠢᠶᠠᠷᠤᠯᠲᠠ᠂ | ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | | ᠳᠤᠮᠳᠠᠳᠤ ᠤᠯᠤᠰ ᠤᠨ ᠠᠵᠤ ᠠᠬᠤᠢ ᠶᠢᠨ ᠬᠥᠲᠦᠯᠬᠦ ᠰᠣᠨᠢᠨ ᠤ ᠰᠤᠷᠪᠤᠯᠵᠢᠯᠠᠭᠴᠢ ᠄ ᠲᠠ ᠰᠠᠶᠢᠨ ᠤᠤ︖ | ᠣᠶᠢᠷ᠎ᠠ ᠶᠢᠨ ᠵᠢᠯ ᠮᠠᠨ ᠤ ᠣᠷᠣᠨ ᠰᠤᠷᠭᠠᠨ ᠬᠥᠮᠦᠵᠢᠯ ᠤᠨ ᠬᠦᠷᠢᠶᠡᠨ ᠳᠠᠬᠢ ᠦᠨᠳᠦᠰᠦᠨ ᠣᠯᠠᠨ ᠨᠡᠶᠢᠲᠡ ᠶᠢᠨ | ᠦᠢᠯᠡᠴᠢᠯᠡᠭᠡᠨ ᠤ ᠳᠣᠭᠲᠠᠯᠴᠠᠭ᠎ᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠬᠦ ᠶᠢ ᠣᠯᠵᠤ ᠬᠠᠷᠠᠯ᠎ᠠ᠂ ᠥᠪᠡᠷᠲᠡᠭᠡᠨ | ᠵᠠᠰᠠᠬᠤ ᠣᠷᠣᠨ ᠰᠠᠭᠤᠷᠢ ᠰᠤᠷᠭᠠᠨ ᠬᠥᠮᠦᠵᠢᠯ ᠤᠨ ᠬᠦᠷᠢᠶᠡᠨ ᠳᠠᠬᠢ ᠠᠷᠠᠳ ᠣᠯᠠᠨ ᠤ ᠪᠠᠴᠢᠮᠳᠠᠯ ᠬᠦᠴᠢᠷᠳᠡᠯ | ᠵᠣᠪᠠᠨᠢᠯ ᠬᠦᠰᠡᠯ ᠤᠨ ᠠᠰᠠᠭᠤᠳᠠᠯ ᠢ ᠰᠢᠢᠳᠪᠦᠷᠢᠯᠡᠬᠦ ᠲᠠᠯ᠎ᠠ ᠪᠠᠷ ᠪᠣᠳᠠᠲᠠᠢ ᠶᠠᠮᠠᠷ ᠠᠵᠢᠯ ᠬᠢᠭᠰᠡᠨ ᠪᠣᠢ︖ ᠳᠠᠷᠠᠭ᠎ᠠ | ᠠᠯᠬᠤᠮ ᠳᠤ ᠶᠠᠮᠠᠷ ᠰᠢᠨ᠎ᠡ ᠠᠷᠭ᠎ᠠ ᠬᠡᠮᠵᠢᠶ᠎ᠡ ᠠᠪᠬᠤ ᠪᠤᠢ︖ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠰᠠᠭᠤᠷᠢ | ᠰᠤᠷᠭᠠᠨ ᠬᠥᠮᠦᠵᠢᠯ ᠤᠨ ᠨᠢᠭᠡᠳᠦᠭᠡᠷ ᠭᠠᠵᠠᠷ ᠤᠨ ᠳᠠᠷᠤᠭ᠎ᠠ ᠯᠢᠦ ᠰᠢᠩ ᠴᠧᠩ᠄ ᠲᠠᠨ ᠳᠤ ᠲᠠᠯᠠᠷᠬᠠᠵᠤ ᠪᠠᠶᠢᠨ᠎ᠠ᠂ | 2023 ᠣᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ | ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠳᠤ ᠠᠩᠬᠠᠷᠤᠯ ᠢᠶᠠᠨ | ᠬᠠᠨᠳᠤᠭᠤᠯᠤᠨ᠂ ᠣᠯᠠᠨ ᠲᠦᠮᠡᠨ ᠤ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠲᠤᠯᠭᠠᠮ᠎ᠠ | ᠬᠡᠷᠡᠭᠴᠡᠭᠡ ᠶᠢ ᠢᠳᠡᠪᠬᠢᠲᠡᠢ ᠬᠠᠩᠭᠠᠪᠠ᠃ | ᠨᠢᠭᠡ ᠳᠤ᠂ ᠡᠷᠳᠡᠮ ᠤᠨ ᠴᠣᠯᠠ ᠣᠯᠭᠤᠬᠤ ᠶᠢ ᠦᠷᠭᠦᠯᠵᠢᠯᠡᠨ ᠥᠷᠭᠡᠳᠭᠡᠪᠡ᠃ 2023 ᠣᠨ ᠳᠤ ᠪᠦᠬᠦ | ᠣᠷᠣᠨ ᠳᠤ ᠬᠡᠦᠬᠡᠳ ᠤᠨ ᠴᠡᠴᠡᠷᠯᠢᠭ 204᠂ ᠳᠤᠮᠳᠠᠳᠤ ᠪᠠᠭ᠎ᠠ ᠰᠤᠷᠭᠠᠭᠤᠯᠢ 676᠂ ᠣᠨᠴᠠᠭᠠᠢ ᠰᠤᠷᠭᠠᠨ | ᠬᠥᠮᠦᠵᠢᠯ ᠤᠨ ᠰᠤᠷᠭᠠᠭᠤᠯᠢ 13 ᠶᠢ ᠰᠢᠨ᠎ᠡ ᠪᠠᠷ ᠥᠭᠡᠷᠡᠴᠢᠯᠡᠵᠦ ᠥᠷᠭᠡᠳᠬᠡᠨ ᠪᠠᠶᠢᠭᠤᠯᠵᠤ᠂ ᠵᠢᠯ ᠤᠨ ᠳᠣᠲᠣᠷ᠎ᠠ | 649 ᠰᠠᠭᠤᠷᠢ ᠪᠠᠷᠢᠯᠭ᠎ᠠ ᠶᠢ ᠳᠠᠭᠤᠰᠬᠠᠬᠤ ᠪᠠᠷ ᠲᠥᠯᠦᠪᠯᠡᠨ᠂ ᠣᠳᠣ ᠨᠢᠭᠡᠨᠲᠡ 665 ᠰᠠᠭᠤᠷᠢ ᠪᠠᠷᠢᠯᠭ᠎ᠠ ᠶᠢ | ᠳᠠᠭᠤᠰᠬᠠᠵᠤ᠂ 7.06 ᠲᠦᠮᠡᠨ ᠡᠷᠳᠡᠮ ᠤᠨ ᠴᠣᠯᠠ ᠢ ᠰᠢᠨ᠎ᠡ ᠪᠠᠷ ᠨᠡᠮᠡᠪᠡ᠃ 2023 ᠣᠨ ᠳᠤ ᠲᠥᠪ ᠤᠨ ᠪᠠ | ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠲᠤᠰᠬᠠᠢ | ᠪᠡᠯᠡ ᠮᠥᠩᠭᠦ ᠶᠢ 12.81 ᠳ᠋ᠦᠩᠰᠢᠭᠤᠷ ᠲᠥᠭᠦᠷᠢᠭ ᠪᠠᠭᠤᠯᠭᠠᠵᠤ᠂ ᠲᠦᠭᠡᠮᠡᠯ ᠬᠠᠷᠠᠭᠠᠯᠵᠠᠯᠲᠤ ᠡᠬᠢ ᠪᠠᠶᠠᠯᠢᠭ ᠤᠨ | ᠬᠠᠩᠭᠠᠯᠭ᠎ᠠ ᠶᠢ ᠤᠯᠠᠮ ᠨᠢᠭᠡ ᠠᠯᠬᠤᠮ ᠨᠡᠮᠡᠭᠳᠡᠭᠦᠯᠵᠦ ᠰᠢᠯᠢᠳᠡᠭᠵᠢᠭᠦᠯᠪᠡ︔ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠪᠠᠭᠤᠷᠠᠢ ᠭᠤᠭᠴᠤᠭ᠎ᠠ ᠶᠢ ᠰᠠᠶᠢᠵᠢᠷᠠᠭᠤᠯᠬᠤ ᠪᠠ ᠴᠢᠳᠠᠪᠤᠷᠢ ᠶᠢ ᠳᠡᠭᠡᠭᠰᠢᠯᠡᠭᠦᠯᠬᠦ ᠲᠤᠰᠬᠠᠢ ᠪᠡᠯᠡ | ᠮᠥᠩᠭᠦ ᠶᠢ 10.55 ᠳ᠋ᠦᠩᠰᠢᠭᠤᠷ ᠲᠥᠭᠦᠷᠢᠭ ᠪᠠᠭᠤᠯᠭᠠᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠪᠡ︔ ᠡᠩ ᠤᠨ ᠳᠡᠭᠡᠳᠦ | ᠰᠤᠷᠭᠠᠭᠤᠯᠢ ᠳᠤ ᠰᠤᠷᠤᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠶᠡᠷᠦᠩᠬᠡᠶᠢᠯᠡᠭᠰᠡᠨ | ᠥᠭᠡᠷᠡᠴᠢᠯᠡᠯᠲᠡ ᠶᠢ ᠲᠤᠰᠬᠠᠢ ᠬᠥᠭᠵᠢᠭᠦᠯᠬᠦ ᠪᠡᠯᠡ ᠮᠥᠩᠭᠦ ᠶᠢ 6.95 ᠳ᠋ᠦᠩᠰᠢᠭᠤᠷ ᠲᠥᠭᠦᠷᠢᠭ ᠪᠠᠭᠤᠯᠭᠠᠨ᠂ | ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠨᠥᠬᠦᠴᠡᠯ ᠢ | ᠰᠠᠶᠢᠵᠢᠷᠠᠭᠤᠯᠬᠤ ᠶᠢ ᠳᠡᠮᠵᠢᠵᠦ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ | ᠲᠦᠪᠰᠢᠨ ᠤ ᠰᠢᠯᠭᠠᠯᠲᠠ ᠪᠠ ᠡᠩ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠪᠥᠬᠦ ᠤᠯᠤᠰ ᠤᠨ | ᠨᠢᠭᠡᠳᠦᠯᠲᠡᠢ ᠰᠢᠯᠭᠠᠯᠲᠠ ᠶᠢᠨ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ | ᠠᠬᠢᠭᠤᠯᠪᠠ᠃ ︽ᠴᠡᠴᠡᠷᠯᠢᠭ ᠲᠤ ᠣᠷᠣᠬᠤ ᠳᠤ ᠦᠨᠡᠲᠡᠢ︾᠂ ︽ᠴᠡᠴᠡᠷᠯᠢᠭ ᠲᠤ ᠣᠷᠣᠬᠤ ᠳᠤ | ᠬᠦᠴᠢᠷᠲᠡᠢ︾᠂ ︽ᠰᠤᠷᠭᠠᠭᠤᠯᠢ ᠳᠤ ᠣᠷᠣᠬᠤ ᠳᠤ ᠬᠦᠴᠢᠷᠲᠡᠢ︾ ᠪᠠᠶᠢᠬᠤ ᠵᠥᠷᠢᠴᠡᠯ ᠢ ᠪᠦᠲᠦᠮᠵᠢᠲᠡᠢ | ᠨᠠᠮᠳᠠᠭᠤᠯᠪᠠ᠃ | ᠬᠤᠶᠠᠷ ᠲᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷᠯᠢᠭ ᠲᠡᠩᠴᠡᠭᠦᠷᠢᠲᠡᠢ ᠬᠥᠭᠵᠢᠯᠲᠡ ᠶᠢ | ᠠᠬᠢᠭᠤᠯᠪᠠ᠃ ︽ᠴᠢᠨᠠᠷᠯᠢᠭ ᠲᠡᠩᠴᠡᠭᠦᠷᠢᠲᠡᠢ ᠦᠨᠳᠦᠰᠦᠨ ᠣᠯᠠᠨ ᠨᠡᠶᠢᠲᠡ ᠶᠢᠨ ᠰᠤᠷᠭᠠᠨ ᠬᠥᠮᠦᠵᠢᠯ ᠤᠨ | ᠦᠢᠯᠡᠴᠢᠯᠡᠭᠡᠨ ᠤ ᠳᠣᠭᠲᠠᠯᠴᠠᠭ᠎ᠠ ᠶᠢ ᠪᠠᠶᠢᠭᠤᠯᠬᠤ ᠲᠤᠬᠠᠢ ᠵᠢᠯᠣᠭᠤᠳᠬᠤ ᠰᠠᠨᠠᠯ︾᠂ ︽ᠰᠠᠭᠤᠷᠢ ᠰᠤᠷᠭᠠᠨ | ᠬᠥᠮᠦᠵᠢᠯ ᠤᠨ ᠰᠢᠯᠢᠳᠡᠭ ᠢ ᠥᠷᠭᠡᠳᠬᠡᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠠᠵᠢᠯᠯᠠᠭᠠᠨ ᠤ ᠲᠥᠯᠥᠪᠯᠡᠭᠡ ᠶᠢᠨ | ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠵᠤ᠂ ᠪᠡᠯᠡ ᠣᠷᠣᠭᠤᠯᠤᠯᠲᠠ ᠶᠢ ᠦᠷᠭᠦᠯᠵᠢᠯᠡᠨ ᠥᠷᠭᠡᠳᠬᠡᠬᠦ᠂ | ᠰᠤᠷᠭᠠᠭᠤᠯᠢ ᠡᠷᠬᠢᠯᠡᠬᠦ ᠨᠥᠬᠦᠴᠡᠯ ᠢ ᠰᠠᠶᠢᠵᠢᠷᠠᠭᠤᠯᠬᠤ᠂ ᠪᠠᠭᠰᠢ ᠶᠢᠨ ᠬᠢᠷᠢ ᠲᠦᠪᠰᠢᠨ ᠶᠢ ᠳᠡᠭᠡᠭᠰᠢᠯᠡᠭᠦᠯᠬᠦ᠂ | ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠵᠡᠷᠭᠡ ᠲᠠᠯ᠎ᠠ ᠶᠢᠨ ᠪᠣᠳᠠᠲᠠᠢ | ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠲᠣᠳᠣᠷᠬᠠᠶᠢᠯᠠᠪᠠ᠃ ᠴᠢᠨᠠᠷᠯᠢᠭ ᠲᠡᠩᠴᠡᠭᠦᠷᠢᠲᠡᠢ ᠬᠤᠰᠢᠭᠤ ᠰᠢᠶᠠᠨ ᠢ | ᠡᠭᠦᠳᠦᠨ ᠪᠠᠶᠢᠭᠤᠯᠵᠤ ᠰᠢᠯᠭᠠᠨ ᠠᠪᠬᠤ ᠠᠵᠢᠯ ᠢ ᠥᠷᠨᠢᠭᠦᠯᠵᠦ᠂ ᠣᠳᠣᠬᠠᠨ ᠳᠤ 10 ᠬᠤᠰᠢᠭᠤ ᠰᠢᠶᠠᠨ ︵ᠬᠤᠲᠠ᠂ | ᠲᠣᠭᠤᠷᠢᠭ︶ ᠰᠢᠶᠠᠨ ᠤ ᠬᠡᠪᠴᠢᠶᠡᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷᠯᠢᠭ ᠲᠡᠩᠴᠡᠭᠦᠷᠢᠲᠡᠢ | ᠬᠥᠭᠵᠢᠭᠦᠯᠦᠭᠰᠡᠨ ᠮᠤᠵᠢ ᠶᠢᠨ ᠱᠠᠲᠤᠨ ᠤ ᠬᠢᠨᠠᠨ ᠵᠢᠯᠣᠭᠤᠳᠴᠤ ᠦᠨᠡᠯᠡᠨ ᠵᠢᠱᠢᠬᠦ ᠳᠤ ᠬᠢᠷᠢ ᠲᠡᠩᠴᠡᠵᠦ᠂ ᠴᠢᠨᠠᠷᠯᠢᠭ | ᠲᠡᠩᠴᠡᠭᠦᠷᠢᠲᠡᠢ ᠬᠥᠭᠵᠢᠯᠲᠡ ᠰᠢᠨ᠎ᠡ ᠭᠠᠷᠤᠭ᠎ᠠ ᠳᠤ ᠭᠠᠷᠪᠠ᠃ | ᠭᠤᠷᠪᠠ ᠳᠤ᠂ ᠬᠤᠲᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠨᠢᠭᠡ ᠴᠣᠭᠴᠠᠵᠢᠭᠤᠯᠤᠨ | ᠬᠥᠭᠵᠢᠭᠦᠯᠬᠦ ᠶᠢ ᠠᠬᠢᠭᠤᠯᠪᠠ᠃ ︽ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠦᠯᠦᠭᠵᠢᠭᠦᠯᠦᠨ ᠰᠤᠷᠭᠠᠭᠤᠯᠢ | ᠡᠷᠬᠢᠯᠡᠬᠦ ᠵᠢᠯᠣᠭᠤᠳᠬᠤ ᠰᠠᠨᠠᠯ︾ ᠢ ᠨᠡᠶᠢᠲᠡᠯᠡᠵᠦ᠂ ᠡᠯ᠎ᠡ ᠭᠠᠵᠠᠷ ᠤᠨ ᠬᠢᠨ ᠢ ᠵᠢᠯᠣᠭᠤᠳᠤᠨ ᠨᠡᠷᠡᠲᠦ | ᠰᠤᠷᠭᠠᠭᠤᠯᠢ ᠶᠢᠨ ᠬᠤᠪᠢᠶᠠᠷᠢ ᠰᠤᠷᠭᠠᠭᠤᠯᠢ ᠡᠷᠬᠢᠯᠡᠬᠦ᠂ ᠬᠦᠴᠦᠷᠬᠡᠭ ᠰᠤᠷᠭᠠᠭᠤᠯᠢ ᠨᠢ ᠪᠠᠭᠤᠷᠠᠢ ᠰᠤᠷᠭᠠᠭᠤᠯᠢ ᠪᠠᠨ | ᠳᠠᠭᠠᠭᠤᠯᠬᠤ᠂ ᠰᠢᠶᠠᠨ ᠤ ᠬᠡᠪᠴᠢᠶᠡᠨ ᠤ ᠬᠤᠯᠪᠣᠭ᠎ᠠ ᠵᠡᠷᠭᠡ ᠵᠠᠭᠪᠤᠷ ᠢᠶᠠᠷ ᠳᠠᠮᠵᠢᠭᠤᠯᠤᠨ ᠰᠢᠯᠢᠳᠡᠭ ᠰᠤᠷᠭᠠᠨ | ᠬᠥᠮᠦᠵᠢᠯ ᠤᠨ ᠡᠬᠢ ᠪᠠᠶᠠᠯᠢᠭ ᠢ ᠬᠠᠮᠲᠤ ᠳᠤ ᠪᠠᠨ ᠬᠤᠪᠢᠶᠠᠯᠴᠠᠨ ᠡᠳ᠋ᠯᠡᠬᠦ ᠶᠢ ᠠᠬᠢᠭᠤᠯᠪᠠ᠃ 2026 ᠣᠨ | ᠪᠣᠯᠬᠤ ᠳᠤ᠂ ᠪᠦᠬᠦ ᠣᠷᠣᠨ ᠤ ᠪᠦᠯᠦᠭᠵᠢᠭᠦᠯᠦᠨ ᠰᠤᠷᠭᠠᠭᠤᠯᠢ ᠡᠷᠬᠢᠯᠡᠬᠦ ᠰᠤᠷᠭᠠᠭᠤᠯᠢ ᠶᠢᠨ ᠪᠦᠷᠬᠦᠴᠡ ᠶᠢᠨ | ᠨᠣᠷᠮ᠎ᠠ ᠶᠢ 50% ᠬᠦᠷᠭᠡᠵᠦ᠂ ᠬᠥᠳᠡᠭᠡ ᠲᠣᠰᠬᠤᠨ ᠤ ᠪᠠᠭ᠎ᠠ ᠬᠡᠪᠴᠢᠶᠡᠨ ᠤ ᠰᠤᠷᠭᠠᠭᠤᠯᠢ ᠶᠢᠨ ᠪᠦᠷᠬᠦᠴᠡ ᠶᠢᠨ | ᠨᠣᠷᠮ᠎ᠠ ᠶᠢ 100% ᠬᠦᠷᠭᠡᠨ᠎ᠡ᠃ ᠬᠤᠲᠠ ᠶᠢᠨ ᠲᠣᠭᠤᠷᠢᠭ ᠤᠨ ᠰᠢᠯᠢᠳᠡᠭ ᠪᠠᠭᠰᠢ 1122 ᠢ ᠰᠣᠩᠭᠤᠨ | ᠲᠣᠮᠢᠯᠠᠵᠤ ᠬᠥᠳᠡᠭᠡ ᠲᠣᠰᠬᠤᠨ ᠤ ᠪᠠᠭᠤᠷᠠᠢ ᠰᠤᠷᠭᠠᠭᠤᠯᠢ ᠳᠤ ᠣᠴᠢᠭᠤᠯᠤᠨ ︽ᠪᠦᠯᠬᠦᠮ ᠪᠠᠶᠢᠭᠤᠯᠬᠤ ᠮᠠᠶ᠋ᠢᠭ︾ ᠢᠶᠠᠷ | ᠬᠤᠷᠰᠢᠶᠠᠯᠠᠨ ᠬᠠᠪᠰᠤᠷᠤᠨ ᠲᠡᠳᠬᠦᠬᠦ ᠠᠵᠢᠯ ᠢ ᠥᠷᠨᠢᠭᠦᠯᠵᠦ᠂ ᠬᠠᠮᠲᠤ ᠳᠤ ᠪᠠᠨ ᠵᠢᠭᠠᠬᠤ ᠶᠢ ᠰᠤᠳᠤᠯᠬᠤ᠂ | ᠬᠡᠷᠡᠭ ᠤᠨ ᠵᠢᠱᠢᠶ᠎ᠡ ᠪᠠᠷ ᠵᠢᠭᠠᠨ ᠰᠤᠷᠭᠠᠬᠤ᠂ ᠬᠢᠴᠢᠶᠡᠯ ᠰᠣᠨᠣᠰᠴᠤ ᠣᠨᠣᠰᠢᠯᠠᠬᠤ ᠵᠡᠷᠭᠡ ᠣᠯᠠᠨ ᠵᠦᠢᠯ ᠤᠨ ᠠᠷᠭ᠎ᠠ | ᠮᠠᠶ᠋ᠢᠭ ᠢᠶᠠᠷ ᠳᠠᠮᠵᠢᠭᠤᠯᠤᠨ ᠲᠤᠰᠠᠯᠠᠮᠵᠢ ᠬᠦᠷᠲᠡᠬᠦ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠬᠢᠷᠢ ᠲᠦᠪᠰᠢᠨ ᠪᠠ | ᠪᠠᠭᠰᠢ ᠶᠢᠨ ᠬᠦᠴᠦᠨ ᠢ ᠪᠦᠬᠦ ᠲᠠᠯ᠎ᠠ ᠪᠠᠷ ᠳᠡᠭᠡᠭᠰᠢᠯᠡᠭᠦᠯᠪᠡ᠃ | ᠳᠥᠷᠪᠡ ᠳᠤ᠂ ︽ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠲᠤ ᠣᠷᠣᠬᠤ︾ ᠪᠠ ︽ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠳᠤ ᠣᠷᠣᠬᠤ︾ ᠶᠢ ᠨᠢᠭᠡ ᠯᠡ ᠰᠦᠯᠵᠢᠶ᠎ᠡ ᠪᠠᠷ ᠨᠡᠶᠢᠲᠡᠮ | ᠭᠦᠢᠴᠡᠳᠭᠡᠬᠦ ᠶᠢ ᠪᠦᠬᠦ ᠲᠠᠯ᠎ᠠ ᠪᠠᠷ ᠬᠡᠷᠡᠭᠵᠢᠭᠦᠯᠪᠡ᠃ ᠳᠣᠲᠣᠭᠠᠳᠤ ᠶᠢ ᠬᠠᠮᠠᠭᠠᠯᠠᠬᠤ ᠲᠢᠩᠬᠢᠮ᠂ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ | ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ | ᠵᠡᠷᠭᠡ 7 ᠲᠢᠩᠬᠢᠮ ᠲᠣᠪᠴᠢᠶ᠎ᠠ ᠲᠠᠢ ᠬᠠᠮᠲᠤᠷᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠴᠡᠴᠡᠷᠯᠢᠭ ᠲᠤ ᠣᠷᠣᠬᠤ ᠰᠤᠷᠭᠠᠭᠤᠯᠢ ᠳᠤ ᠣᠷᠣᠬᠤ ᠨᠢᠭᠡ ᠶᠠᠪᠤᠳᠠᠯ ᠢ ᠭᠦᠢᠴᠡᠳᠭᠡᠬᠦ ᠲᠤᠬᠠᠢ ᠵᠢᠯᠣᠭᠤᠳᠬᠤ | ᠰᠠᠨᠠᠯ︾ ᠢ ᠳᠠᠷᠤᠮᠠᠯᠯᠠᠨ ᠲᠠᠷᠬᠠᠭᠠᠵᠤ᠂ ᠴᠡᠴᠡᠷᠯᠢᠭ ᠲᠤ ᠣᠷᠣᠬᠤ ᠰᠤᠷᠭᠠᠭᠤᠯᠢ ᠳᠤ ᠣᠷᠣᠬᠤ ᠶᠢ ᠨᠢᠭᠡ ᠯᠡ | ᠰᠦᠯᠵᠢᠶ᠎ᠡ ᠪᠠᠷ ᠨᠡᠶᠢᠲᠡᠮ ᠭᠦᠢᠴᠡᠳᠭᠡᠬᠦ ᠶᠢ ᠪᠦᠬᠦ ᠲᠠᠯ᠎ᠠ ᠪᠠᠷ ᠬᠡᠷᠡᠭᠵᠢᠭᠦᠯᠪᠡ᠃ 2023 ᠣᠨ ᠤ ᠨᠠᠮᠤᠷ ᠤᠨ | ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠳᠤ᠂ ᠪᠦᠬᠦ ᠣᠷᠣᠨ ᠤ ᠡᠯ᠎ᠡ ᠠᠶᠢᠮᠠᠭ ᠬᠤᠲᠠ ᠴᠥᠮ ︽ᠨᠢᠭᠡ ᠯᠡ | ᠳᠠᠷᠤᠪᠴᠢ ᠪᠠᠷ ᠴᠡᠴᠡᠷᠯᠢᠭ ᠲᠤ ᠣᠷᠣᠬᠤ︾ ᠪᠠ ︽ᠨᠢᠭᠡ ᠯᠡ ᠳᠠᠷᠤᠪᠴᠢ ᠪᠠᠷ ᠰᠤᠷᠭᠠᠭᠤᠯᠢ ᠳᠤ ᠣᠷᠣᠬᠤ︾ ᠮᠡᠳᠡᠭᠡ | ᠵᠠᠩᠭᠢᠴᠢᠯᠠᠯᠲᠠ ᠶᠢᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠤᠭᠰᠠᠨ ᠤ ᠬᠠᠮᠲᠤ ᠠᠰᠢᠭᠯᠠᠯᠲᠠ ᠳᠤ ᠣᠷᠣᠭᠤᠯᠵᠤ᠂ | ᠪᠦᠷᠢᠳᠬᠡᠯ ᠢ ᠦᠨᠳᠦᠰᠦᠯᠡᠪᠡᠯ᠂ ᠪᠠᠷᠤᠭ 36.4 ᠲᠦᠮᠡᠨ ᠰᠢᠨ᠎ᠡ ᠰᠤᠷᠤᠭᠴᠢ ᠲᠤᠰ ᠰᠢᠰᠲ᠋ᠧᠮ ᠳᠤ ᠨᠡᠷ᠎ᠡ | ᠮᠡᠳᠡᠭᠦᠯᠵᠦ᠂ ᠭᠡᠷ ᠤᠨ ᠠᠬᠠᠮᠠᠳ ᠰᠤᠷᠭᠠᠭᠤᠯᠢ ᠳᠤ ᠨᠡᠷ᠎ᠡ ᠮᠡᠳᠡᠭᠦᠯᠬᠦ ᠭᠠᠷ ᠭᠦᠢᠴᠡᠳᠭᠡᠯ ᠬᠢᠬᠦ ᠦᠶ᠎ᠡ ᠳᠤ | ᠰᠦᠯᠵᠢᠶᠡᠨ ᠭᠠᠳᠠᠨ᠎ᠠ ᠣᠯᠠᠨ ᠰᠠᠯᠠᠭ᠎ᠠ ᠮᠥᠴᠢᠷ ᠠᠴᠠ ᠨᠣᠮᠧᠷ ᠠᠪᠴᠤ ᠮᠥᠷᠯᠡᠨ᠂ ᠠᠬᠤᠢ ᠲᠠᠯᠠᠪᠠᠢ ᠳᠤ ᠮᠠᠲ᠋ᠧᠷᠢᠶᠠᠯ | ᠢᠶᠠᠨ ᠬᠢᠨᠠᠨ ᠪᠠᠶᠢᠴᠠᠭᠠᠯᠭᠠᠵᠤ ᠪᠠᠶᠢᠭᠰᠠᠨ ᠢ ᠰᠦᠯᠵᠢᠶᠡᠨ ᠳᠤ ᠨᠢᠭᠡ ᠯᠡ ᠳᠠᠷᠤᠪᠴᠢ ᠪᠠᠷ ᠨᠡᠷ᠎ᠡ ᠮᠡᠳᠡᠭᠦᠯᠵᠦ ᠦᠷ᠎ᠡ | ᠳ᠋ᠦᠩ ᠢ ᠬᠦᠯᠢᠶᠡᠬᠦ ᠪᠣᠯᠭᠠᠵᠤ᠂ ᠰᠤᠷᠭᠠᠭᠤᠯᠢ ᠳᠤ ᠣᠷᠣᠬᠤ ᠭᠠᠷ ᠭᠦᠢᠴᠡᠳᠭᠡᠯ ᠢ ᠬᠢᠬᠦ ᠶᠠᠪᠤᠴᠠ ᠳᠤ ᠣᠯᠠᠨ | ᠭᠠᠵᠠᠷ ᠲᠤ ᠭᠦᠶᠦᠬᠦ᠂ ᠣᠯᠠᠨ ᠤᠳᠠᠭ᠎ᠠ ᠭᠦᠶᠦᠬᠦ᠂ ᠮᠠᠲ᠋ᠧᠷᠢᠶᠠᠯ ᠣᠯᠠᠨ᠂ ᠳᠡᠰ ᠳᠠᠷᠠᠭᠠᠯᠠᠯ ᠪᠤᠳᠤᠯᠢᠶᠠᠨᠲᠠᠢ ᠵᠡᠷᠭᠡ | ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠵᠦ᠂ ᠭᠡᠷ ᠤᠨ ᠠᠬᠠᠮᠠᠳ ᠤᠨ ︽ᠠᠯᠠᠭᠠᠨ ᠳᠡᠭᠡᠷ᠎ᠡ ᠨᠡᠷ᠎ᠡ ᠮᠡᠳᠡᠭᠦᠯᠬᠦ︾ ᠶᠢ | ᠪᠡᠶᠡᠯᠡᠭᠦᠯᠪᠡ᠃ | ᠳᠠᠷᠠᠭ᠎ᠠ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠲᠥᠪ ᠪᠠ | ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ᠂ ᠡᠩ ᠤᠨ ᠳᠡᠭᠡᠳᠦ | ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠥᠭᠵᠢᠯᠲᠡ ᠪᠠ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠤᠷᠠᠢ | ᠭᠤᠭᠴᠤᠭ᠎ᠠ ᠶᠢ ᠥᠭᠡᠷᠡᠴᠢᠯᠡᠨ ᠳᠡᠭᠡᠭᠰᠢᠯᠡᠭᠦᠯᠬᠦ ᠶᠢ ᠳᠡᠮᠵᠢᠬᠦ ᠲᠤᠰᠬᠠᠢ ᠪᠡᠯᠡ ᠮᠥᠩᠭᠦ ᠶᠢ ᠦᠷᠭᠦᠯᠵᠢᠯᠡᠨ ᠰᠠᠶᠢᠲᠤᠷ | ᠬᠡᠷᠡᠭᠯᠡᠵᠦ᠂ ᠲᠦᠭᠡᠮᠡᠯ ᠬᠠᠷᠠᠭᠠᠯᠵᠠᠯᠲᠤ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠡᠬᠢ | ᠪᠠᠶᠠᠯᠢᠭ ᠢ ᠦᠷᠭᠦᠯᠵᠢᠯᠡᠨ ᠥᠷᠭᠡᠳᠬᠡᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ | ᠰᠤᠷᠭᠠᠭᠤᠯᠢ ᠡᠷᠬᠢᠯᠡᠬᠦ ᠨᠥᠬᠦᠴᠡᠯ ᠢ ᠰᠠᠶᠢᠵᠢᠷᠠᠭᠤᠯᠤᠨ᠂ ᠰᠢᠶᠠᠨ ᠤ ᠬᠡᠪᠴᠢᠶᠡᠨ ᠤ ᠡᠩ ᠤᠨ ᠳᠡᠭᠡᠳᠦ ᠵᠡᠷᠭᠡ ᠶᠢᠨ | ᠳᠤᠮᠳᠠᠳᠤ ᠰᠤᠷᠭᠠᠭᠤᠯᠢ ᠶᠢ ᠰᠠᠶᠢᠲᠤᠷ ᠡᠷᠬᠢᠯᠡᠨ᠂ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ | ᠰᠤᠷᠭᠠᠭᠤᠯᠢ ᠶᠢᠨ ᠣᠯᠠᠨ ᠶᠠᠩᠵᠤᠴᠢᠯᠠᠭᠰᠠᠨ ᠥᠪᠡᠷᠮᠢᠴᠡ ᠣᠨᠴᠠᠯᠢᠭᠲᠤ ᠬᠥᠭᠵᠢᠯᠲᠡ ᠶᠢ ᠠᠬᠢᠭᠤᠯᠤᠨ᠂ ᠮᠠᠨ ᠤ | ᠣᠷᠣᠨ ᠤ ᠨᠠᠩ ᠡᠷᠬᠡ ᠲᠡᠭᠰᠢ᠂ ᠨᠠᠩ ᠴᠢᠨᠠᠷᠯᠢᠭ ᠰᠠᠭᠤᠷᠢ ᠰᠤᠷᠭᠠᠨ ᠬᠥᠮᠦᠵᠢᠯ ᠢ ᠦᠨᠡᠨ ᠬᠦ ᠰᠠᠶᠢᠲᠤᠷ ᠡᠷᠬᠢᠯᠡᠨ᠎ᠡ᠃ | ᠥᠪᠥᠷ ᠮᠣᠩᠭᠤᠯ ᠤᠨ ᠡᠳᠦᠷ ᠤᠨ ᠰᠣᠨᠢᠨ ᠤ ᠰᠤᠷᠪᠤᠯᠵᠢᠯᠠᠭᠴᠢ᠄ ᠲᠠ ᠰᠠᠶᠢᠨ ᠤᠤ︖ ᠰᠠᠶ᠋ᠢᠬᠠᠨ | ᠲᠠᠨᠢᠯᠴᠠᠭᠤᠯᠤᠭᠰᠠᠨ ᠢ ᠦᠨᠳᠦᠰᠦᠯᠡᠪᠡᠯ᠂ ᠣᠶᠢᠷ᠎ᠠ ᠶᠢᠨ ᠵᠢᠯ᠂ ᠥᠪᠥᠷ ᠮᠣᠩᠭᠤᠯ ᠤᠨ ᠳᠡᠭᠡᠳᠦ ᠵᠡᠷᠭᠡ ᠶᠢᠨ ᠰᠤᠷᠭᠠᠨ | ᠬᠥᠮᠦᠵᠢᠯ ᠤᠨ ᠣᠷᠣᠨ ᠪᠦᠰᠡ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠲᠤᠯᠭᠠᠭᠤᠷᠢᠯᠠᠨ ᠳᠠᠭᠠᠭᠤᠯᠬᠤ | ᠴᠢᠳᠠᠪᠤᠷᠢ ᠢᠯᠡᠳᠲᠡ ᠳᠡᠭᠡᠭᠰᠢᠯᠡᠪᠡ᠂ ᠪᠢᠳᠡ ᠳᠡᠭᠡᠳᠦ ᠰᠤᠷᠭᠠᠭᠤᠯᠢ ᠶᠢᠨ ᠰᠢᠨᠵᠢᠯᠡᠭᠡᠨ ᠤ ᠰᠠᠯᠠᠭᠠᠨ ᠤ ᠲᠤᠰᠬᠠᠢ | ᠮᠡᠷᠭᠡᠵᠢᠯ ᠤᠨ ᠪᠠᠶᠢᠷᠢᠯᠠᠭᠤᠯᠤᠯᠲᠠ ᠶᠢ ᠲᠣᠬᠢᠷᠠᠭᠤᠯᠤᠨ ᠰᠢᠯᠢᠳᠡᠭᠵᠢᠭᠦᠯᠬᠦ ᠲᠠᠯ᠎ᠠ ᠪᠠᠷ ᠶᠠᠮᠠᠷ ᠦᠷ᠎ᠡ ᠪᠦᠲᠦᠮᠵᠢ | ᠣᠯᠤᠭᠰᠠᠨ ᠢ ᠨᠠᠷᠢᠨ ᠣᠶᠢᠯᠠᠭᠠᠶ᠎ᠠ ᠭᠡᠵᠦ ᠪᠣᠳᠣᠵᠤ ᠪᠠᠶᠢᠨ᠎ᠠ᠂ ᠳᠠᠷᠠᠭ᠎ᠠ ᠠᠯᠬᠤᠮ ᠳᠤ ᠥᠪᠡᠷᠲᠡᠭᠡᠨ ᠵᠠᠰᠠᠬᠤ | ᠣᠷᠣᠨ ᠤ ᠬᠤᠶᠠᠷ ᠶᠡᠭᠡ ᠶᠠᠪᠤᠳᠠᠯ ᠳᠤ ᠦᠢᠯᠡᠴᠢᠯᠡᠬᠦ ᠲᠠᠯ᠎ᠠ ᠪᠠᠷ ᠶᠠᠮᠠᠷ ᠠᠷᠭ᠎ᠠ ᠬᠡᠮᠵᠢᠶ᠎ᠡ ᠠᠪᠬᠤ ᠪᠣᠢ︖ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠳᠡᠭᠡᠳᠦ | ᠵᠡᠷᠭᠡ ᠶᠢᠨ ᠰᠤᠷᠭᠠᠨ ᠬᠥᠮᠦᠵᠢᠯ ᠤᠨ ᠭᠠᠵᠠᠷ ᠤᠨ ᠳᠠᠷᠤᠭ᠎ᠠ ᠢᠳᠡᠷ᠄ ᠮᠠᠨ ᠤ ᠣᠷᠣᠨ ᠰᠤᠷᠭᠠᠨ ᠬᠥᠮᠦᠵᠢᠯ ᠤᠨ | ᠶᠠᠮᠤᠨ ᠵᠡᠷᠭᠡ ᠲᠠᠪᠤᠨ ᠰᠠᠯᠠᠭ᠎ᠠ ᠮᠥᠴᠢᠷ ᠤᠨ ︽ᠡᠩ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ | ᠰᠢᠨᠵᠢᠯᠡᠭᠡᠨ ᠤ ᠰᠠᠯᠠᠭᠠᠨ ᠤ ᠲᠤᠰᠬᠠᠢ ᠮᠡᠷᠭᠡᠵᠢᠯ ᠤᠨ ᠪᠠᠶᠢᠷᠢᠯᠠᠭᠤᠯᠤᠯᠲᠠ ᠶᠢ ᠲᠣᠬᠢᠷᠠᠭᠤᠯᠤᠨ ᠰᠢᠯᠢᠳᠡᠭᠵᠢᠭᠦᠯᠬᠦ | ᠥᠭᠡᠷᠡᠴᠢᠯᠡᠯᠲᠡ ᠶᠢᠨ ᠲᠥᠰᠦᠯ︾ ᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ | ᠵᠠᠰᠠᠬᠤ ᠣᠷᠣᠨ ᠤ ᠳᠡᠰ ᠤᠨ ᠰᠢᠨᠵᠢᠯᠡᠭᠡᠨ ᠤ ᠰᠠᠯᠠᠭᠠᠨ ᠤ ᠲᠤᠰᠬᠠᠢ ᠮᠡᠷᠭᠡᠵᠢᠯ ᠤᠨ ᠪᠠᠶᠢᠭᠤᠯᠤᠯᠲᠠ ᠶᠢ ᠨᠢᠭᠡᠳᠦᠯᠲᠡᠢ | ᠲᠥᠯᠥᠪᠵᠢᠭᠦᠯᠬᠦ ᠪᠠ ᠬᠠᠮᠢᠶᠠᠷᠬᠤ ᠶᠢ ᠴᠢᠩᠭᠠᠳᠬᠠᠨ᠂ ᠳᠡᠭᠡᠳᠦ ᠰᠤᠷᠭᠠᠭᠤᠯᠢ ᠶᠢ ᠵᠢᠯᠣᠭᠤᠳᠴᠤ ᠰᠢᠨᠵᠢᠯᠡᠭᠡᠨ ᠤ | ᠰᠠᠯᠠᠭᠠᠨ ᠤ ᠲᠤᠰᠬᠠᠢ ᠮᠡᠷᠭᠡᠵᠢᠯ ᠢ ᠲᠣᠬᠢᠷᠠᠭᠤᠯᠬᠤ ᠠᠵᠢᠯ ᠢ ᠰᠠᠶᠢᠲᠤᠷ ᠬᠢᠵᠦ ᠢᠳᠡᠪᠬᠢᠲᠡᠢ ᠦᠷ᠎ᠡ ᠪᠦᠲᠦᠮᠵᠢ | ᠣᠯᠪᠠ᠃ | ᠰᠢᠨᠵᠢᠯᠡᠭᠡᠨ ᠤ ᠰᠠᠯᠠᠭᠠᠨ ᠤ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ᠂ ᠡᠨᠡ ᠵᠢᠯ᠂ ᠥᠪᠡᠷᠲᠡᠭᠡᠨ ᠵᠠᠰᠠᠬᠤ | ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ ᠬᠠᠮᠲᠤᠷᠠᠨ ᠬᠤᠶᠠᠳᠤᠭᠠᠷ ᠡᠭᠡᠯᠵᠢ ᠶᠢᠨ ᠥᠪᠡᠷᠲᠡᠭᠡᠨ ᠵᠠᠰᠠᠬᠤ ᠣᠷᠣᠨ ᠤ | ︽ᠲᠡᠷᠢᠭᠦᠨ ᠤ ᠰᠢᠨᠵᠢᠯᠡᠭᠡᠨ ᠤ ᠰᠠᠯᠠᠭ᠎ᠠ︾ ᠶᠢ ᠪᠦᠲᠦᠭᠡᠨ ᠪᠠᠶᠢᠭᠤᠯᠤᠭᠰᠠᠨ ᠶᠡᠭᠡ ᠳᠡᠭᠡᠳᠦ ᠰᠤᠷᠭᠠᠭᠤᠯᠢ ᠵᠢᠴᠢ | ᠪᠦᠲᠦᠭᠡᠨ ᠪᠠᠶᠢᠭᠤᠯᠤᠭᠰᠠᠨ ᠰᠢᠨᠵᠢᠯᠡᠭᠡᠨ ᠤ ᠰᠠᠯᠠᠭᠠᠨ ᠤ ᠨᠡᠷᠡᠰ ᠢ ᠨᠡᠶᠢᠲᠡᠯᠡᠵᠦ᠂ ᠲᠡᠷᠢᠭᠦᠨ ᠤ ᠣᠷᠦ᠋ᠢᠯᠠᠭᠰᠠᠨ | ᠰᠢᠨᠵᠢᠯᠡᠭᠡᠨ ᠤ ᠰᠠᠯᠠᠭ᠎ᠠ 2᠂ ᠲᠡᠷᠢᠭᠦᠨ ᠤ ᠣᠷᠦ᠋ᠢᠯᠠᠭᠰᠠᠨ ᠬᠥᠮᠥᠵᠢᠭᠦᠯᠬᠦ ᠰᠢᠨᠵᠢᠯᠡᠭᠡᠨ ᠤ ᠰᠠᠯᠠᠭ᠎ᠠ 19᠂ | ᠲᠡᠷᠢᠭᠦᠨ ᠤ ᠪᠠᠶᠢᠭᠤᠯᠤᠯᠲᠠ ᠶᠢᠨ ᠰᠢᠨᠵᠢᠯᠡᠭᠡᠨ ᠤ ᠰᠠᠯᠠᠭ᠎ᠠ 14 ᠳᠤ ᠲᠥᠷᠦᠯ ᠵᠦᠢᠯ ᠲᠣᠭᠲᠠᠭᠠᠵᠤ᠂ ᠳᠡᠰ | ᠳᠠᠪᠬᠤᠷᠭ᠎ᠠ ᠬᠤᠪᠢᠶᠠᠨ ᠪᠦᠲᠦᠭᠡᠨ ᠪᠠᠶᠢᠭᠤᠯᠬᠤ ᠶᠢ ᠳᠡᠮᠵᠢᠪᠡ᠃ ᠲᠠᠪᠤᠳᠤᠭᠠᠷ ᠡᠭᠡᠯᠵᠢ ᠶᠢᠨ ᠰᠢᠨᠵᠢᠯᠡᠭᠡᠨ ᠤ | ᠰᠠᠯᠠᠭᠠᠨ ᠤ ᠦᠨᠡᠯᠡᠨ ᠵᠢᠱᠢᠯᠲᠡ ᠳᠤ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠡᠪᠡᠰᠦᠨ ᠤ | ᠤᠬᠠᠭᠠᠨ ᠪᠦᠬᠦ ᠤᠯᠤᠰ ᠤᠨ ᠳᠡᠰ ᠤᠨ ᠵᠢᠭᠰᠠᠭᠠᠯᠲᠠ ᠶᠢᠨ ᠡᠮᠦᠨ᠎ᠡ 10% ᠳᠤ ᠣᠷᠣᠵᠤ᠂ ᠲᠡᠦᠬᠡᠲᠦ ᠴᠢᠨᠠᠷᠲᠠᠢ | ᠰᠢᠪᠲᠤᠯᠤᠯᠲᠠ ᠶᠢ ᠪᠡᠶᠡᠯᠡᠭᠦᠯᠪᠡ᠃ ᠥᠪᠡᠷᠲᠡᠭᠡᠨ ᠵᠠᠰᠠᠬᠤ ᠣᠷᠣᠨ ᠤ C ᠳᠡᠰ ᠠᠴᠠ ᠳᠡᠭᠡᠭᠰᠢᠬᠢ ᠰᠢᠨᠵᠢᠯᠡᠭᠡᠨ ᠤ | ᠰᠠᠯᠠᠭ᠎ᠠ 59 ᠪᠠᠶᠢᠵᠤ᠂ ᠳᠥᠷᠪᠡᠳᠦᠭᠡᠷ ᠡᠭᠡᠯᠵᠢ ᠶᠢᠨ ᠬᠢ ᠠᠴᠠ 31% ᠨᠡᠮᠡᠭᠳᠡᠪᠡ᠃ ᠥᠪᠥᠷ ᠮᠣᠩᠭᠤᠯ ᠤᠨ | ᠦᠨᠳᠦᠰᠦᠲᠡᠨ ᠤ ᠶᠡᠭᠡ ᠰᠤᠷᠭᠠᠭᠤᠯᠢ ᠰᠣᠳᠤᠯᠬᠤ ᠰᠤᠷᠤᠭᠴᠢ ᠶᠢᠨ ᠰᠤᠷᠭᠠᠨ ᠬᠥᠮᠦᠵᠢᠯ ᠤᠨ ᠦᠷ᠎ᠡ ᠪᠦᠲᠦᠭᠡᠯ ᠤᠨ | ︽ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ︾ ᠶᠢᠨ ᠳᠥᠷᠪᠡᠨ ᠠᠷᠭ᠎ᠠ ᠬᠡᠮᠵᠢᠶ᠎ᠡ ᠶᠢ ᠵᠡᠷᠭᠡ ᠪᠠᠷ ᠠᠳᠬᠤᠪᠠ᠄ ᠣᠷᠣᠨ | ᠨᠤᠲᠤᠭ ᠤᠨ ᠶᠡᠭᠡ ᠳᠡᠭᠡᠳᠦ ᠰᠤᠷᠭᠠᠭᠤᠯᠢ ᠶᠢᠨ ᠮᠠᠰᠲ᠋ᠧᠷ ᠤᠨ ᠲᠤᠰᠬᠠᠢ ᠮᠡᠷᠭᠡᠵᠢᠯ ᠤᠨ ᠡᠷᠳᠡᠮ ᠤᠨ ᠴᠣᠯᠠ ᠲᠠᠢ | ᠰᠣᠳᠤᠯᠬᠤ ᠰᠤᠷᠤᠭᠴᠢ ᠶᠢᠨ ᠦᠢᠯᠡᠳᠦᠯᠭᠡ ᠶᠢᠨ ᠴᠢᠳᠠᠪᠤᠷᠢ ᠶᠢ ᠬᠥᠮᠦᠵᠢᠭᠦᠯᠬᠦ ᠠᠷᠭ᠎ᠠ ᠵᠠᠮ ᠤᠨ ᠰᠦᠪᠡᠭᠴᠢᠯᠡᠯᠲᠡ | ᠪᠠ ᠦᠢᠯᠡᠳᠦᠯᠭᠡ︾ ᠨᠢ ᠳᠡᠭᠡᠳᠦ ᠵᠡᠷᠭᠡ ᠶᠢᠨ ᠰᠤᠷᠭᠠᠨ ᠬᠥᠮᠦᠵᠢᠯ ︵ᠰᠣᠳᠤᠯᠬᠤ ᠰᠤᠷᠤᠭᠴᠢ︶ ᠤᠨ ᠤᠯᠤᠰ ᠤᠨ | ᠳᠡᠰ ᠤᠨ ᠵᠢᠭᠠᠨ ᠰᠤᠷᠭᠠᠯᠲᠠ ᠶᠢᠨ ᠦᠷ᠎ᠡ ᠪᠦᠲᠦᠭᠡᠯ ᠤᠨ ᠬᠤᠶᠠᠳᠤᠭᠠᠷ ᠳᠡᠰ ᠤᠨ ᠱᠠᠩᠨᠠᠯ ᠬᠦᠷᠲᠡᠪᠡ᠃ | ᠲᠤᠰᠬᠠᠢ ᠮᠡᠷᠭᠡᠵᠢᠯ ᠤᠨ ᠪᠠᠶᠢᠭᠤᠯᠤᠯᠲᠠ ᠶᠢᠨ ᠲᠠᠯ᠎ᠠ ᠪᠠᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ | ᠬᠥᠮᠦᠵᠢᠯ ᠤᠨ ᠲᠢᠩᠬᠢᠮ ︽2023 - 2025 ᠣᠨ ᠳᠤ ᠪᠠᠴᠢᠮ ᠬᠡᠷᠡᠭᠴᠡᠭᠡ ᠲᠠᠢ ᠪᠠᠴᠢᠮ ᠳᠤᠲᠠᠭᠳᠠᠵᠤ ᠪᠠᠶᠢᠭ᠎ᠠ | ᠠᠰᠠᠭᠤᠳᠠᠯ / ᠮᠡᠳᠡᠭᠦᠯᠬᠦ ᠶᠢ ᠬᠢᠵᠠᠭᠠᠷᠯᠠᠬᠤ ᠲᠤᠰᠬᠠᠢ ᠮᠡᠷᠭᠡᠵᠢᠯ ᠤᠨ ᠰᠠᠨᠠᠭᠤᠯᠭ᠎ᠠ ᠶᠢᠨ ᠭᠠᠷᠴᠠᠭ︾ ᠢ ᠨᠠᠶᠢᠷᠠᠭᠤᠯᠤᠨ | ᠲᠠᠷᠬᠠᠭᠠᠵᠤ᠂ ᠶᠡᠭᠡ ᠳᠡᠭᠡᠳᠦ ᠰᠤᠷᠭᠠᠭᠤᠯᠢ ᠶᠢᠨ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠳᠤ | ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠶᠢ ᠬᠥᠲᠦᠯᠦᠨ ᠵᠢᠯᠣᠭᠤᠳᠴᠤ᠂ ᠲᠤᠰᠬᠠᠢ ᠮᠡᠷᠭᠡᠵᠢᠯ ᠤᠨ | ᠪᠠᠶᠢᠷᠢᠯᠠᠭᠤᠯᠤᠯᠲᠠ ᠶᠢᠨ ᠵᠣᠯᠭᠠᠭᠤᠯᠬᠤ ᠬᠡᠮᠵᠢᠶ᠎ᠡ᠂ ᠵᠣᠬᠢᠴᠠᠭᠤᠯᠬᠤ ᠬᠡᠮᠵᠢᠶ᠎ᠡ ᠶᠢ ᠳᠡᠭᠡᠭᠰᠢᠯᠡᠭᠦᠯᠪᠡ᠃ ᠡᠨᠡ ᠵᠢᠯ᠂ | ᠮᠠᠨ ᠤ ᠣᠷᠣᠨ 12 ᠶᠡᠭᠡ ᠳᠡᠭᠡᠳᠦ ᠰᠤᠷᠭᠠᠭᠤᠯᠢ ᠶᠢᠨ ᠵᠢᠩᠬᠢᠨᠢ ᠠᠩᠭᠢ ᠶᠢᠨ ᠲᠤᠰᠬᠠᠢ ᠮᠡᠷᠭᠡᠵᠢᠯ 38 ᠶᠢ | ᠰᠢᠨ᠎ᠡ ᠪᠠᠷ ᠨᠡᠮᠡᠵᠦ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠲᠣᠭᠠᠵᠢᠭᠰᠠᠨ ᠬᠥᠮᠦᠨ | ᠨᠡᠶᠢᠭᠡᠮ ᠤᠨ ᠲᠤᠰᠬᠠᠢ ᠮᠡᠷᠭᠡᠵᠢᠯ ᠢ ᠭᠠᠷᠴᠠᠭ ᠠᠴᠠ ᠭᠠᠳᠠᠨᠠᠬᠢ ᠲᠤᠰᠬᠠᠢ ᠮᠡᠷᠭᠡᠵᠢᠯ ᠢᠶᠠᠷ ᠰᠢᠨ᠎ᠡ ᠪᠠᠷ ᠨᠡᠮᠡᠬᠦ ᠪᠠᠷ | ᠵᠦᠪᠰᠢᠶᠡᠷᠡᠭᠦᠯᠵᠦ᠂ ᠪᠦᠬᠦ ᠤᠯᠤᠰ ᠤᠨ ᠠᠩᠬᠠᠳᠠᠭᠴᠢ ᠲᠤᠰ ᠵᠢᠩᠬᠢᠨᠢ ᠠᠩᠭᠢ ᠶᠢᠨ ᠲᠤᠰᠬᠠᠢ ᠮᠡᠷᠭᠡᠵᠢᠯ ᠢ | ᠪᠠᠶᠢᠭᠤᠯᠤᠭᠰᠠᠨ ᠶᠡᠭᠡ ᠳᠡᠭᠡᠳᠦ ᠰᠤᠷᠭᠠᠭᠤᠯᠢ ᠪᠣᠯᠪᠠ᠃ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠶᠡᠭᠡ ᠰᠤᠷᠭᠠᠭᠤᠯᠢ ᠶᠢᠨ ᠰᠢᠨ᠎ᠡ ᠡᠨᠧᠷᠭᠢ ᠶᠢᠨ ᠮᠠᠲ᠋ᠧᠷᠢᠶᠠᠯ ᠪᠣᠯᠤᠨ ᠲᠣᠨᠣᠭᠯᠠᠭᠠᠰᠤ᠂ ᠥᠪᠥᠷ | ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠴᠢᠳᠠᠮᠵᠢᠲᠤ ᠮᠠᠲ᠋ᠧᠷᠢᠶᠠᠯ᠂ ᠥᠪᠥᠷ ᠮᠣᠩᠭᠤᠯ ᠤᠨ | ᠲᠠᠷᠢᠶᠠᠯᠠᠩ ᠤᠨ ᠶᠡᠭᠡ ᠰᠤᠷᠭᠠᠭᠤᠯᠢ ᠶᠢᠨ ᠲᠠᠷᠢᠶᠠᠯᠠᠩ ᠤᠨ ᠣᠶᠤᠨᠴᠢ ᠲᠣᠨᠣᠭᠯᠠᠯ ᠤᠨ ᠢᠨᠵᠧᠨᠧᠷᠢᠩ ᠵᠡᠷᠭᠡ 20 | ᠲᠤᠰᠬᠠᠢ ᠮᠡᠷᠭᠡᠵᠢᠯ ᠮᠠᠨ ᠤ ᠣᠷᠣᠨ ᠳᠤ ᠠᠩᠬ᠎ᠠ ᠤᠳᠠᠭ᠎ᠠ ᠴᠡᠭ ᠪᠠᠶᠢᠷᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ | ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠣᠳᠣ ᠦᠶ᠎ᠡ ᠶᠢᠨ ᠲᠣᠨᠤᠭ ᠲᠥᠬᠦᠭᠡᠷᠦᠮᠵᠢ ᠦᠢᠯᠡᠳᠬᠦ ᠵᠡᠷᠭᠡ | ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠬᠠᠮᠢᠶ᠎ᠠ ᠪᠦᠬᠦᠢ ᠬᠦᠷᠢᠶᠡᠨ ᠤ ᠲᠤᠰᠬᠠᠢ ᠮᠡᠷᠭᠡᠵᠢᠯ ᠤᠨ | ᠪᠠᠶᠢᠷᠢᠯᠠᠭᠤᠯᠤᠯᠲᠠ ᠶᠢᠨ ᠬᠤᠭᠤᠰᠣᠨ ᠢ ᠨᠥᠬᠦᠪᠥᠷᠢᠯᠡᠪᠡ᠃ | ᠳᠠᠷᠠᠭ᠎ᠠ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠦᠷᠭᠦᠯᠵᠢᠯᠡᠨ ᠭᠦᠨᠵᠡᠭᠡᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠪᠠᠷ ᠭᠤᠣᠯ ᠰᠢᠵᠢᠮ ᠪᠣᠯᠭᠠᠨ᠂ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠳᠤ | ᠠᠩᠬᠠᠷᠤᠯ ᠢᠶᠠᠨ ᠬᠠᠨᠳᠤᠭᠤᠯᠵᠤ᠂ ᠶᠡᠭᠡ ᠳᠡᠭᠡᠳᠦ ᠰᠤᠷᠭᠠᠭᠤᠯᠢ ᠶᠢᠨ ᠣᠷᠣᠨ ᠪᠠᠶᠢᠷᠢ ᠳᠡᠪᠰᠢᠭᠦᠯᠦᠨ ᠳᠡᠰ | ᠳᠡᠪᠰᠢᠭᠦᠯᠬᠦ ᠶᠢ ᠠᠬᠢᠭᠤᠯᠬᠤ ᠪᠠᠷ ᠬᠠᠷᠠᠯᠲᠠ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠲᠡᠷᠢᠭᠦᠨ ᠤ | ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠪᠠ ᠶᠡᠭᠡ ᠳᠡᠭᠡᠳᠦ | ᠰᠤᠷᠭᠠᠭᠤᠯᠢ ᠶᠢᠨ ᠰᠢᠨᠵᠢᠯᠡᠭᠡᠨ ᠤ ᠰᠠᠯᠠᠭᠠᠨ ᠤ ᠲᠤᠰᠬᠠᠢ ᠮᠡᠷᠭᠡᠵᠢᠯ ᠤᠨ ᠪᠠᠶᠢᠷᠢᠰᠢᠭᠤᠯᠤᠯᠲᠠ ᠶᠢ | ᠰᠢᠯᠢᠳᠡᠭᠵᠢᠭᠦᠯᠬᠦ ᠠᠴᠠ ᠭᠠᠷᠳᠠᠨ᠂ ᠲᠡᠷᠢᠭᠦᠨ ᠤ ᠰᠢᠨᠵᠢᠯᠡᠭᠡᠨ ᠤ ᠰᠠᠯᠠᠭ᠎ᠠ᠂ ᠲᠡᠷᠢᠭᠦᠨ ᠤ ᠲᠤᠰᠬᠠᠢ ᠮᠡᠷᠭᠡᠵᠢᠯ ᠤᠨ | ᠪᠠᠶᠢᠭᠤᠯᠤᠯᠲᠠ ᠶᠢᠨ ᠠᠵᠢᠯᠯᠠᠭᠠᠨ ᠤ ᠲᠥᠯᠥᠪᠯᠡᠭᠡ ᠶᠢ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ | ᠰᠢᠨᠵᠢᠯᠡᠭᠡᠨ ᠤ ᠰᠠᠯᠠᠭᠠᠨ ᠤ ᠲᠤᠰᠬᠠᠢ ᠮᠡᠷᠭᠡᠵᠢᠯ ᠤᠨ ᠪᠠᠶᠢᠭᠤᠯᠤᠯᠲᠠ ᠶᠢᠨ ᠲᠦᠪᠰᠢᠨ ᠢ ᠦᠨᠡᠨ ᠬᠦ ᠳᠡᠭᠡᠭᠰᠢᠯᠡᠭᠦᠯᠵᠦ᠂ | ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠭᠦᠯᠬᠦ ᠳᠤ ᠬᠦᠴᠦᠲᠡᠢ | ᠴᠢᠳᠠᠪᠤᠷᠢᠲᠠᠨ ᠤ ᠪᠠᠲᠤᠯᠠᠭ᠎ᠠ ᠪᠠ ᠣᠶᠤᠨ ᠤ ᠲᠤᠯᠭᠠᠭᠤᠷᠢᠯᠠᠯ ᠬᠠᠩᠭᠠᠨ᠎ᠠ᠃ | ᠨᠢᠭᠡ ᠳᠤ᠂ ᠵᠠᠷᠤᠳᠠᠯ ᠤᠨ ᠪᠡᠯᠡ ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠤᠨ᠎ᠠ᠃ ᠡᠪᠡᠰᠦᠨ ᠤ ᠤᠬᠠᠭᠠᠨ᠂ | ᠠᠮᠢᠳᠤ ᠪᠣᠳᠠᠰ ᠤᠨ ᠤᠬᠠᠭᠠᠨ ᠵᠡᠷᠭᠡ ᠲᠡᠷᠢᠭᠦᠨ ᠤ ᠣᠷᠦ᠋ᠢᠯᠠᠭᠰᠠᠨ ᠰᠢᠨᠵᠢᠯᠡᠭᠡᠨ ᠤ ᠰᠠᠯᠠᠭᠠᠨ ᠤ ᠪᠡᠯᠡ | ᠣᠷᠣᠭᠤᠯᠤᠯᠲᠠ ᠶᠢᠨ ᠣᠨ ᠤ ᠪᠦᠲᠦᠭᠡᠨ ᠪᠠᠶᠢᠭᠤᠯᠤᠯᠲᠠ ᠶᠢᠨ ᠵᠠᠷᠤᠳᠠᠯ ᠢ 5000 ᠲᠦᠮᠡᠨ ᠲᠥᠭᠦᠷᠢᠭ ᠠᠴᠠ | ᠳᠣᠣᠷ᠎ᠠ ᠦᠭᠡᠢ ᠪᠠᠶᠢᠯᠭᠠᠵᠤ᠂ ᠢᠳᠡᠭᠡᠨ ᠤ ᠰᠢᠨᠵᠢᠯᠡᠬᠦ ᠤᠬᠠᠭᠠᠨ ᠪᠣᠯᠤᠨ ᠢᠨᠵᠧᠨᠧᠷᠢᠩ᠂ ᠠᠮᠢ ᠠᠬᠤᠢ ᠶᠢᠨ | ᠤᠬᠠᠭᠠᠨ᠂ ᠬᠥᠳᠡᠯᠭᠡᠬᠦ ᠬᠦᠴᠦᠨ ᠤ ᠢᠨᠵᠧᠨᠧᠷᠢᠩ ᠵᠢᠴᠢ ᠢᠨᠵᠧᠨᠧᠷᠢᠩ ᠤᠨ ᠢᠯᠴᠢ ᠶᠢᠨ ᠹᠢᠽᠢᠺ᠂ ᠲᠡᠮᠦᠷᠯᠢᠭ | ᠪᠣᠯᠪᠠᠰᠤᠷᠠᠭᠤᠯᠬᠤ ᠢᠨᠵᠧᠨᠧᠷᠢᠩ ᠵᠡᠷᠭᠡ ᠳᠤ ᠥᠪᠡᠷᠲᠡᠭᠡᠨ ᠵᠠᠰᠠᠬᠤ ᠣᠷᠣᠨ ᠤ ᠳᠥᠷᠪᠡᠨ ᠶᠡᠭᠡ ᠲᠤᠯᠭᠠᠭᠤᠷᠢ ᠠᠵᠤ | ᠦᠢᠯᠡᠰ ᠤᠨ ᠲᠡᠷᠢᠭᠦᠨ ᠤ ᠣᠷᠦ᠋ᠢᠯᠠᠭᠰᠠᠨ ᠬᠥᠮᠦᠵᠢᠭᠦᠯᠬᠦ ᠰᠢᠨᠵᠢᠯᠡᠭᠡᠨ ᠤ ᠰᠠᠯᠠᠭᠠᠨ ᠤ ᠪᠡᠯᠡ ᠣᠷᠣᠭᠤᠯᠤᠯᠲᠠ ᠶᠢᠨ | ᠣᠨ ᠤ ᠪᠦᠲᠦᠭᠡᠨ ᠪᠠᠶᠢᠭᠤᠯᠤᠯᠲᠠ ᠶᠢᠨ ᠵᠠᠷᠤᠳᠠᠯ ᠢ 3000 ᠲᠦᠮᠡᠨ ᠲᠥᠭᠦᠷᠢᠭ ᠠᠴᠠ ᠳᠣᠣᠷ᠎ᠠ ᠦᠭᠡᠢ ᠪᠠᠶᠢᠯᠭᠠᠵᠤ᠂ | ᠬᠠᠮᠢᠶ᠎ᠠ ᠪᠦᠬᠦᠢ ᠰᠢᠨᠵᠢᠯᠡᠭᠡᠨ ᠤ ᠰᠠᠯᠠᠭ᠎ᠠ ᠳᠤ ᠤᠯᠤᠰ ᠤᠨ ᠲᠡᠷᠢᠭᠦᠨ ᠤ ᠰᠢᠨᠵᠢᠯᠡᠭᠡᠨ ᠤ ᠰᠠᠯᠠᠭᠠᠨ ᠤ ᠰᠢᠨ᠎ᠡ | ᠰᠢᠪᠲᠤᠯᠤᠯᠲᠠ ᠶᠢ ᠲᠦᠷᠭᠡᠬᠡᠨ ᠪᠡᠶᠡᠯᠡᠭᠦᠯᠬᠦ ᠶᠢ ᠠᠬᠢᠭᠤᠯᠤᠨ᠎ᠠ᠃ | ᠬᠤᠶᠠᠷ ᠲᠤ᠂ ᠳᠡᠭᠡᠳᠦ ᠳᠡᠰ ᠤᠨ ᠰᠢᠨᠵᠢᠯᠡᠭᠡᠨ ᠤ ᠰᠠᠯᠠᠭᠠᠨ ᠤ ᠲᠠᠪᠴᠠᠩ ᠤᠨ ᠪᠠᠶᠢᠭᠤᠯᠤᠯᠲᠠ ᠶᠢ | ᠴᠢᠩᠭᠠᠳᠬᠠᠨ᠎ᠠ᠃ ᠡᠬᠢ ᠪᠠᠶᠠᠯᠢᠭ ᠪᠣᠯᠤᠨ ᠣᠷᠴᠢᠨ ᠲᠣᠭᠤᠷᠢᠨ᠂ ᠮᠠᠲ᠋ᠧᠷᠢᠶᠠᠯ ᠪᠣᠯᠤᠨ ᠬᠢᠮᠢ ᠶᠢᠨ ᠠᠵᠤ | ᠦᠢᠯᠡᠳᠪᠦᠷᠢ᠂ ᠡᠨᠧᠷᠭᠢ ᠪᠠ ᠬᠥᠳᠡᠯᠭᠡᠬᠦ ᠬᠦᠴᠦᠨ᠂ ᠰᠢᠷᠣᠢ ᠮᠣᠳᠣᠨ ᠤ ᠤᠰᠤᠨ ᠠᠰᠢᠭᠯᠠᠯᠲᠠ᠂ ᠲᠠᠷᠢᠶᠠᠯᠠᠩ᠂ | ᠮᠠᠯ ᠡᠮᠨᠡᠯᠭᠡ ᠵᠡᠷᠭᠡ ᠬᠦᠷᠢᠶ᠎ᠡ ᠴᠠᠷᠠᠭᠠᠨ ᠳᠤ ᠳ᠋ᠣᠺᠲ᠋ᠣᠷ ᠤᠨ ᠲᠤᠰᠬᠠᠢ ᠮᠡᠷᠭᠡᠵᠢᠯ ᠤᠨ ᠡᠷᠳᠡᠮ ᠤᠨ ᠴᠣᠯᠠ ᠶᠢᠨ ᠡᠷᠬᠡ | ᠣᠯᠭᠤᠬᠤ ᠴᠡᠭ ᠢ 10 ᠣᠷᠴᠢᠮ ᠪᠠᠶᠢᠷᠢᠰᠢᠭᠤᠯᠤᠨ ᠪᠠᠶᠢᠭᠤᠯᠵᠤ᠂ ᠬᠥᠷᠥᠰᠥ ᠰᠢᠷᠣᠢ ᠶᠢ ᠬᠠᠮᠠᠭᠠᠯᠠᠬᠤ ᠪᠣᠯᠤᠨ | ᠴᠦᠯᠯᠡᠷᠬᠡᠭᠵᠢᠯ ᠢ ᠰᠡᠷᠭᠡᠶᠢᠯᠡᠨ ᠵᠠᠰᠠᠬᠤ ᠰᠣᠳᠤᠯᠭᠠᠨ᠂ ᠡᠮᠴᠢᠯᠡᠭᠡᠨ ᠤ ᠠᠨᠠᠭᠠᠬᠤ ᠤᠬᠠᠭᠠᠨ᠂ ᠣᠯᠠᠨ ᠨᠡᠶᠢᠲᠡ ᠶᠢᠨ | ᠡᠷᠡᠭᠦᠯ ᠬᠠᠮᠠᠭᠠᠯᠠᠯ ᠪᠣᠯᠤᠨ ᠤᠷᠢᠳᠴᠢᠯᠠᠨ ᠰᠡᠷᠭᠡᠶᠢᠯᠡᠬᠦ ᠠᠨᠠᠭᠠᠬᠤ ᠤᠬᠠᠭᠠᠨ᠂ ᠰᠤᠷᠭᠠᠨ ᠬᠥᠮᠥᠵᠢᠭᠦᠯᠬᠦ ᠤᠬᠠᠭᠠᠨ᠂ | ᠬᠡᠷᠡᠭᠯᠡᠭᠡᠨ ᠤ ᠠᠵᠤ ᠠᠬᠤᠢ ᠶᠢᠨ ᠤᠬᠠᠭᠠᠨ ᠵᠡᠷᠭᠡ ᠨᠢᠭᠡᠳᠦᠭᠡᠷ ᠳᠡᠰ ᠤᠨ ᠰᠢᠨᠵᠢᠯᠡᠭᠡᠨ ᠤ ᠰᠠᠯᠠᠭᠠᠨ ᠤ ᠳ᠋ᠣᠺᠲ᠋ᠣᠷ ᠤᠨ | ᠡᠷᠳᠡᠮ ᠤᠨ ᠴᠣᠯᠠ ᠬᠠᠮᠠᠭᠠᠯᠠᠬᠤ ᠴᠡᠭ ᠢ ᠭᠤᠣᠯᠳᠠᠯᠭ᠎ᠠ ᠲᠠᠢ ᠪᠦᠲᠦᠭᠡᠨ ᠪᠠᠶᠢᠭᠤᠯᠵᠤ᠂ 2027 ᠣᠨ ᠪᠣᠯᠬᠤ ᠳᠤ᠂ | ᠥᠪᠡᠷᠲᠡᠭᠡᠨ ᠵᠠᠰᠠᠬᠤ ᠣᠷᠣᠨ ᠤ ᠳ᠋ᠣᠺᠲ᠋ᠣᠷ ᠤᠨ ᠡᠷᠳᠡᠮ ᠤᠨ ᠴᠣᠯᠠ ᠬᠠᠮᠠᠭᠠᠯᠠᠬᠤ ᠴᠡᠭ ᠤᠨ ᠶᠡᠷᠦᠩᠬᠡᠢ ᠲᠤᠭ᠎ᠠ ᠶᠢ | 70 ᠣᠷᠴᠢᠮ ᠳᠤ ᠬᠦᠷᠭᠡᠬᠦ ᠪᠠᠷ ᠴᠢᠷᠮᠠᠶᠢᠨ᠎ᠠ᠃ ᠰᠦᠨ ᠤ ᠦᠢᠯᠡᠰ᠂ ᠬᠤᠪᠣᠷ ᠰᠢᠷᠣᠢ᠂ ᠰᠢᠨ᠎ᠡ ᠡᠨᠧᠷᠭᠢ ᠵᠡᠷᠭᠡ | ᠬᠦᠷᠢᠶ᠎ᠡ ᠴᠠᠷᠠᠭᠠᠨ ᠤ ᠭᠤᠣᠯᠳᠠᠯᠭ᠎ᠠ ᠲᠠᠢ ᠠᠵᠤ ᠠᠬᠤᠶᠢᠯᠠᠯ ᠤᠨ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ | ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠨ᠂ ᠥᠪᠡᠷᠲᠡᠭᠡᠨ ᠵᠠᠰᠠᠬᠤ ᠣᠷᠣᠨ ᠤ ᠳᠡᠭᠡᠳᠦ ᠳᠡᠰ ᠤᠨ | ᠰᠤᠳᠤᠯᠭᠠᠨ ᠤ ᠬᠦᠷᠢᠶᠡᠯᠡᠩ ᠢ ᠵᠣᠬᠢᠶᠠᠨ ᠪᠠᠶᠢᠭᠤᠯᠵᠤ᠂ ᠰᠤᠷᠭᠠᠭᠤᠯᠢ ᠪᠠ ᠠᠵᠤ ᠠᠬᠤᠶᠢᠯᠠᠯ ᠬᠠᠮᠵᠢᠯᠴᠠᠨ ᠰᠢᠨ᠎ᠡ ᠶᠢ | ᠡᠭᠦᠳᠬᠦ ᠲᠠᠪᠴᠠᠩ ᠢ ᠪᠠᠶᠢᠭᠤᠯᠵᠤ᠂ ︽ᠲᠠᠪᠤᠨ ᠶᠡᠭᠡ ᠡᠭᠦᠷᠭᠡ︾ ᠶᠢᠨ ᠲᠣᠭᠤᠷᠢᠨ ᠳᠤ ᠪᠠᠴᠢᠮ ᠬᠡᠷᠡᠭᠴᠡᠭᠡ ᠲᠠᠢ | ᠪᠠᠴᠢᠮ ᠳᠤᠲᠠᠭᠳᠠᠵᠤ ᠪᠦᠬᠦᠢ ᠳᠡᠭᠡᠳᠦ ᠳᠡᠰ ᠤᠨ ᠴᠢᠳᠠᠪᠤᠷᠢᠲᠠᠨ ᠢ ᠬᠥᠮᠦᠵᠢᠭᠦᠯᠬᠦ ᠴᠢᠳᠠᠪᠤᠷᠢ ᠶᠢ ᠲᠦᠷᠭᠡᠳᠬᠡᠨ | ᠳᠡᠭᠡᠭᠰᠢᠯᠡᠭᠦᠯᠦᠨ᠎ᠡ᠃ | ᠭᠤᠷᠪᠠ ᠳᠤ᠂ ᠲᠡᠷᠢᠭᠦᠨ ᠤ ᠵᠢᠩᠬᠢᠨᠢ ᠠᠩᠭᠢ ᠶᠢᠨ ᠲᠤᠰᠬᠠᠢ ᠮᠡᠷᠭᠡᠵᠢᠯ ᠤᠨ ᠪᠠᠶᠢᠭᠤᠯᠤᠯᠲᠠ ᠶᠢ | ᠴᠢᠩᠭᠠᠳᠬᠠᠨ᠎ᠠ᠃ ᠶᠡᠭᠡ ᠳᠡᠭᠡᠳᠦ ᠰᠤᠷᠭᠠᠭᠤᠯᠢ ᠶᠢ ᠬᠥᠲᠥᠯᠥᠨ ᠵᠢᠯᠣᠭᠤᠳᠴᠤ ᠥᠪᠡᠷᠲᠡᠭᠡᠨ ᠵᠠᠰᠠᠬᠤ ᠣᠷᠣᠨ ᠤ | ᠬᠤᠶᠠᠷ ᠶᠡᠭᠡ ᠶᠠᠪᠤᠳᠠᠯ ᠳᠤ ᠦᠢᠯᠡᠴᠢᠯᠡᠭᠦᠯᠬᠦ ᠲᠣᠭᠤᠷᠢᠨ ᠳᠤ᠂ ᠤᠯᠤᠰ ᠤᠨ ᠳᠡᠰ᠂ ᠥᠪᠡᠷᠲᠡᠭᠡᠨ ᠵᠠᠰᠠᠬᠤ ᠣᠷᠣᠨ ᠤ | ᠳᠡᠰ ᠤᠨ ᠲᠡᠷᠢᠭᠦᠨ ᠤ ᠵᠢᠩᠬᠢᠨᠢ ᠠᠩᠭᠢ ᠶᠢᠨ ᠲᠤᠰᠬᠠᠢ ᠮᠡᠷᠭᠡᠵᠢᠯ ᠤᠨ ᠪᠠᠶᠢᠭᠤᠯᠤᠯᠲᠠ ᠶᠢᠨ ᠴᠡᠭ ᠢ ᠪᠠᠶᠢᠭᠤᠯᠬᠤ | ᠴᠢᠨᠠᠷ ᠴᠢᠨᠰᠠᠭ᠎ᠠ ᠶᠢ ᠦᠷᠭᠦᠯᠵᠢᠯᠡᠨ ᠴᠢᠩᠭᠠᠳᠬᠠᠵᠤ᠂ ᠳᠠᠭᠤᠷᠢᠶᠠᠯ ᠦᠵᠡᠭᠦᠯᠵᠦ ᠨᠥᠯᠥᠭᠡᠯᠡᠬᠦ ᠦᠢᠯᠡᠳᠦᠯ ᠢ | ᠭᠦᠢᠴᠡᠳ ᠪᠠᠳᠠᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠳᠡᠰ ᠤᠨ ᠣᠳᠣ ᠦᠶ᠎ᠡ ᠶᠢᠨ ᠠᠵᠤ ᠦᠢᠯᠡᠰ ᠤᠨ | ᠳᠡᠭᠡᠳᠦ ᠰᠤᠷᠭᠠᠭᠤᠯᠢ᠂ ᠲᠤᠰᠬᠠᠢ ᠮᠡᠷᠭᠡᠵᠢᠯ ᠤᠨ ᠣᠨᠴᠠᠯᠢᠭᠲᠤ ᠳᠡᠭᠡᠳᠦ ᠰᠤᠷᠭᠠᠭᠤᠯᠢ᠂ ᠢᠷᠡᠭᠡᠳᠦᠢ ᠶᠢᠨ ᠮᠡᠷᠭᠡᠵᠢᠯ ᠤᠨ | ᠳᠡᠭᠡᠳᠦ ᠰᠤᠷᠭᠠᠭᠤᠯᠢ ᠪᠣᠯᠤᠨ ᠰᠠᠭᠤᠷᠢ ᠰᠢᠨᠵᠢᠯᠡᠭᠡᠨ ᠤ ᠰᠠᠯᠠᠭᠠᠨ ᠤ ᠣᠷᠦ᠋ᠢᠯᠠᠭᠰᠠᠨ ᠰᠤᠷᠤᠭᠴᠢ ᠶᠢ ᠬᠥᠮᠦᠵᠢᠭᠦᠯᠬᠦ | ᠰᠠᠭᠤᠷᠢᠨ ᠭᠠᠵᠠᠷ ᠢ ᠰᠠᠶᠢᠲᠤᠷ ᠪᠠᠶᠢᠭᠤᠯᠤᠨ ᠬᠦᠴᠦᠷᠬᠡᠭᠵᠢᠭᠦᠯᠵᠦ᠂ ᠰᠢᠯᠭᠠᠷᠠᠭᠰᠠᠨ ᠣᠷᠦ᠋ᠢᠯᠠᠭᠰᠠᠨ ᠴᠢᠳᠠᠪᠤᠷᠢᠲᠠᠨ ᠢ | ᠶᠡᠭᠡ ᠪᠠᠷ ᠬᠥᠮᠦᠵᠢᠭᠦᠯᠵᠦ᠂ ᠴᠢᠳᠠᠪᠤᠷᠢᠲᠠᠨ ᠢ ᠪᠡᠶ᠎ᠡ ᠪᠠᠨ ᠳᠠᠭᠠᠭᠠᠨ ᠬᠥᠮᠦᠵᠢᠭᠦᠯᠬᠦ ᠴᠢᠳᠠᠪᠤᠷᠢ ᠪᠣᠯᠤᠨ ᠠᠵᠤ ᠠᠬᠤᠢ | ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ | ᠰᠢᠨᠬᠤᠸᠠ ᠰᠦᠯᠵᠢᠶᠡᠨ ᠤ ᠰᠤᠷᠪᠤᠯᠵᠢᠯᠠᠭᠴᠢ᠄ ᠠᠵᠢᠯ ᠣᠯᠭᠤᠯᠲᠠ ᠪᠣᠯ ᠬᠠᠮᠤᠭ ᠤᠨ ᠶᠡᠭᠡ ᠠᠷᠠᠳ ᠤᠨ | ᠠᠮᠢᠳᠤᠷᠠᠯ ᠭᠡᠳᠡᠭ ᠢ ᠪᠢᠳᠡ ᠣᠶᠢᠯᠠᠭᠠᠵᠤ ᠪᠣᠢ᠂ ᠥᠪᠡᠷᠲᠡᠭᠡᠨ ᠵᠠᠰᠠᠬᠤ ᠣᠷᠣᠨ ᠠᠴᠠ ᠶᠡᠭᠡ ᠳᠡᠭᠡᠳᠦ ᠰᠤᠷᠭᠠᠭᠤᠯᠢ | ᠲᠡᠭᠦᠰᠦᠭᠰᠡᠳ ᠤᠨ ᠴᠢᠨᠠᠷᠯᠢᠭ ᠭᠦᠢᠴᠡᠳ ᠠᠵᠢᠯ ᠣᠯᠭᠤᠯᠲᠠ ᠶᠢ ᠠᠬᠢᠭᠤᠯᠬᠤ ᠲᠠᠯ᠎ᠠ ᠪᠠᠷ ᠶᠠᠮᠠᠷ ᠠᠵᠢᠯ ᠬᠢᠭᠰᠡᠨ | ᠪᠣᠢ︖ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠳᠡᠭᠡᠳᠦ | ᠰᠤᠷᠭᠠᠭᠤᠯᠢ ᠶᠢᠨ ᠰᠤᠷᠤᠭᠴᠢ ᠶᠢᠨ ᠭᠠᠵᠠᠷ ᠤᠨ ᠳᠠᠷᠤᠭ᠎ᠠ ᠸᠠᠩ ᠶᠥᠩ᠄ ᠲᠠᠨ ᠳᠤ ᠲᠠᠯᠠᠷᠬᠠᠵᠤ ᠪᠠᠶᠢᠨ᠎ᠠ᠃ ᠲᠠᠨ ᠤ | ᠬᠡᠯᠡᠭᠰᠡᠨᠴᠢᠯᠡᠨ ᠠᠵᠢᠯ ᠣᠯᠭᠤᠯᠲᠠ ᠪᠣᠯ ᠬᠠᠮᠤᠭ ᠤᠨ ᠶᠡᠭᠡ ᠠᠷᠠᠳ ᠤᠨ ᠠᠮᠢᠳᠤᠷᠠᠯ᠂ ᠪᠠᠰᠠ ᠴᠤ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠭ᠎ᠠ | ᠪᠠ ᠬᠠᠯᠠᠮᠵᠢᠯᠠᠵᠤ ᠪᠠᠶᠢᠭ᠎ᠠ ᠬᠦᠷᠢᠶ᠎ᠡ ᠴᠠᠷᠠᠭ᠎ᠠ᠂ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ | ᠠᠵᠢᠯ ᠢ ᠰᠠᠶᠢᠲᠤᠷ ᠬᠢᠬᠦ ᠪᠣᠯ ᠰᠤᠷᠭᠠᠨ ᠬᠥᠮᠦᠵᠢᠯ ᠤᠨ ᠲᠢᠩᠬᠢᠮ ᠤᠨ ᠴᠢᠬᠤᠯᠠ ᠠᠴᠠ ᠴᠢᠬᠤᠯᠠ ᠠᠵᠢᠯ ᠡᠭᠦᠷᠭᠡ | ᠮᠥᠨ᠃ 2023 ᠣᠨ ᠳᠤ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ︽ᠢᠨᠲ᠋ᠧᠷ | ᠰᠦᠯᠵᠢᠶ᠎ᠡ + ᠠᠵᠢᠯ ᠣᠯᠭᠤᠯᠲᠠ︾ ᠶᠢᠨ ᠰᠢᠨ᠎ᠡ ᠵᠠᠭᠪᠤᠷ ᠢ ᠬᠦᠴᠦᠯᠡᠨ ᠪᠣᠢ ᠪᠣᠯᠭᠠᠵᠤ᠂ ︽ᠥᠪᠥᠷ ᠮᠣᠩᠭᠤᠯ | 24365 ᠤᠶᠤᠲᠠᠳ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠠᠪᠴᠠᠩ︾ ᠢ ᠦᠷᠭᠦᠯᠵᠢᠯᠡᠨ | ᠲᠡᠭᠦᠯᠳᠡᠷᠵᠢᠭᠦᠯᠦᠨ ᠳᠡᠰ ᠳᠡᠪᠰᠢᠭᠦᠯᠬᠦ ᠪᠠᠷ ᠳᠠᠮᠵᠢᠨ᠂ 24 ᠴᠠᠭ 365 ᠡᠳᠦᠷ ᠲᠤ ︽ᠪᠦᠬᠦ ᠴᠠᠭᠴᠢᠯᠠᠭᠰᠠᠨ᠂ | ᠤᠶᠤᠨᠴᠢᠯᠠᠭᠰᠠᠨ︾ ᠲᠠᠪᠴᠠᠩ ᠢ ᠪᠠᠶᠢᠭᠤᠯᠬᠤ ᠪᠠᠷ ᠳᠠᠮᠵᠢᠭᠤᠯᠤᠨ᠂ ᠳᠡᠭᠡᠳᠦ ᠰᠤᠷᠭᠠᠭᠤᠯᠢ ᠲᠡᠭᠦᠰᠦᠭᠰᠡᠳ ᠤᠨ | ︽ᠡᠭᠦᠯᠡᠨ ᠳᠠᠪᠴᠠᠩ ᠳᠤ ᠠᠵᠢᠯ ᠡᠷᠢᠬᠦ︾ ᠶᠢ ᠲᠣᠭᠠᠵᠢᠭᠤᠯᠪᠠ᠃ ᠣᠳᠣ ᠪᠣᠯᠲᠠᠯ᠎ᠠ᠂ ᠲᠠᠪᠴᠠᠩ ᠢ ᠰᠤᠷᠪᠤᠯᠵᠢᠯᠠᠭᠰᠠᠨ | ᠬᠡᠮᠵᠢᠶ᠎ᠡ 14 ᠳ᠋ᠦᠩᠰᠢᠭᠤᠷ ᠬᠥᠮᠦᠨ ᠤᠳᠠᠭ᠎ᠠ ᠶᠢ ᠳᠠᠪᠠᠵᠠᠢ᠃ | ᠨᠢᠭᠡ ᠳᠤ᠂ ︽ᠡᠭᠦᠯᠡᠨ ᠳᠠᠪᠴᠠᠩ ᠳᠤ ᠤᠷᠢᠬᠤ︾ ᠪᠠᠷ ᠬᠠᠩᠭᠠᠯᠭ᠎ᠠ ᠪᠠ ᠬᠡᠷᠡᠭᠴᠡᠭᠡ ᠶᠢ ᠣᠨᠣᠪᠴᠢᠲᠠᠢ | ᠵᠣᠯᠭᠠᠭᠤᠯᠬᠤ ᠶᠢ ᠠᠬᠢᠭᠤᠯᠪᠠ᠃ 2023 ᠣᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠰᠤᠷᠭᠠᠨ | ᠬᠥᠮᠦᠵᠢᠯ ᠤᠨ ᠲᠢᠩᠬᠢᠮ ᠰᠦᠯᠵᠢᠶᠡᠨ ᠭᠠᠳᠠᠨᠠᠬᠢ ︽ᠠᠵᠤ ᠠᠬᠤᠶᠢᠯᠠᠯ ᠢ ᠰᠤᠷᠪᠤᠯᠵᠢᠯᠠᠨ ᠠᠵᠢᠯ ᠤᠨ ᠪᠠᠶᠢᠷᠢ ᠶᠢ | ᠥᠷᠭᠡᠳᠬᠡᠵᠦ ᠠᠵᠢᠯ ᠣᠯᠭᠤᠯᠲᠠ ᠶᠢ ᠠᠬᠢᠭᠤᠯᠬᠤ︾ ᠠᠵᠢᠯᠯᠠᠭ᠎ᠠ᠂ ︽ᠲᠦᠮᠡᠨ ᠠᠵᠤ ᠠᠬᠤᠶᠢᠯᠠᠯ ᠢ ᠰᠤᠷᠭᠠᠭᠤᠯᠢ ᠶᠢᠨ | ᠬᠦᠷᠢᠶᠡᠨ ᠳᠤ ᠣᠷᠣᠭᠤᠯᠬᠤ︾ ᠠᠵᠢᠯᠲᠠᠨ ᠤᠷᠢᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠦᠭᠰᠡᠨ ᠤ ᠬᠠᠮᠲᠤ᠂ | ᠰᠦᠯᠵᠢᠶᠡᠨ ᠳᠠᠬᠢ ᠰᠤᠷᠭᠠᠭᠤᠯᠢ ᠶᠢᠨ ᠬᠦᠷᠢᠶᠡᠨ ᠳᠤ ᠠᠵᠢᠯᠲᠠᠨ ᠤᠷᠢᠬᠤ ᠠᠵᠢᠯᠯᠠᠭᠠᠨ ᠤ ᠰᠦᠯᠵᠢᠶ᠎ᠡ ᠶᠢ ᠬᠦᠴᠦᠯᠡᠨ | ᠨᠢᠭᠲᠠᠷᠠᠭᠤᠯᠵᠤ᠂ 2023 ᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠬᠠᠨᠳᠤᠭᠤᠯᠤᠨ ᠤᠷᠢᠳ | ᠬᠤᠵᠢᠳ ︽ᠡᠭᠦᠯᠡᠨ ᠳᠠᠪᠴᠠᠩ ᠤᠨ ᠰᠢᠭᠤᠳ ᠨᠡᠪᠲᠡᠷᠡᠭᠦᠯᠭᠡ︾᠂ ︽ᠡᠭᠦᠯᠡᠨ ᠳᠠᠪᠴᠠᠩ ᠳᠤ ᠠᠵᠢᠯ ᠤᠨ | ᠪᠠᠶᠢᠷᠢ ᠳᠤ ᠳᠠᠭᠠᠭᠤᠯᠬᠤ︾ ᠵᠡᠷᠭᠡ ᠠᠵᠢᠯᠯᠠᠭ᠎ᠠ ᠶᠢ ᠥᠷᠨᠢᠭᠦᠯᠵᠦ᠂ 300 ᠭᠠᠷᠤᠢ ᠲᠠᠯᠠᠪᠤᠷ ᠲᠤᠰᠬᠠᠶᠢᠵᠢᠭᠰᠠᠨ᠂ | ᠠᠵᠢᠯ ᠳᠥᠷᠥᠯᠵᠢᠭᠰᠡᠨ ᠰᠦᠯᠵᠢᠶᠡᠨ ᠳᠠᠬᠢ ᠠᠵᠢᠯᠲᠠᠨ ᠤᠷᠢᠬᠤ ᠠᠵᠢᠯᠯᠠᠭ᠎ᠠ ᠶᠢ ᠡᠷᠬᠢᠯᠡᠵᠦ᠂ 8.5 ᠲᠦᠮᠡᠨ | ᠵᠤᠷᠪᠤᠰ ᠠᠵᠢᠯᠲᠠᠨ ᠤᠷᠢᠬᠤ ᠮᠡᠳᠡᠭᠡ ᠵᠠᠩᠭᠢ ᠶᠢ ᠨᠡᠶᠢᠲᠡᠯᠡᠨ᠂ 62 ᠲᠦᠮᠡ ᠭᠠᠷᠤᠢ ᠠᠵᠢᠯ ᠤᠨ ᠪᠠᠶᠢᠷᠢ ᠬᠠᠩᠭᠠᠵᠤ᠂ | ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠤᠷᠢᠬᠤ ᠦᠢᠯᠡᠴᠢᠯᠡᠭᠡ ︽ᠰᠠᠭᠠᠳ ᠦᠭᠡᠢ︾ ᠪᠠᠶᠢᠬᠤ ᠶᠢ ᠪᠦᠬᠦ | ᠬᠦᠴᠦᠨ ᠢᠶᠠᠷ ᠢᠶᠠᠨ ᠪᠠᠲᠤᠯᠠᠪᠠ᠃ | ᠬᠤᠶᠠᠷ ᠲᠤ᠂ ︽ᠡᠭᠦᠯᠡᠨ ᠳᠠᠪᠴᠠᠩ ᠳᠤ ᠵᠢᠯᠣᠭᠤᠳᠬᠤ︾ ᠪᠠᠷ ᠠᠵᠢᠯ ᠣᠯᠭᠤᠵᠤ ᠬᠥᠮᠦᠨ ᠬᠥᠮᠦᠵᠢᠭᠦᠯᠬᠦ | ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ | ᠲᠢᠩᠬᠢᠮ ᠶᠡᠭᠡ ᠳᠡᠭᠡᠳᠦ ᠰᠤᠷᠭᠠᠭᠤᠯᠢ ᠳᠤ ︽ᠨᠢᠭᠤᠷᠲᠠᠨ︾ ᠠᠵᠢᠯ ᠣᠯᠭᠤᠬᠤ ᠵᠢᠯᠣᠭᠤᠳᠣᠯᠭ᠎ᠠ ᠥᠷᠨᠢᠭᠦᠯᠬᠦ ᠶᠢ | ᠠᠬᠢᠭᠤᠯᠬᠤ ᠶᠢᠨ ᠬᠠᠮᠲᠤ᠂ ᠠᠵᠢᠯ ᠮᠡᠷᠭᠡᠵᠢᠯ ᠤᠨ ᠠᠮᠢᠳᠤᠷᠠᠬᠤᠢ ᠶᠢᠨ ᠲᠥᠯᠥᠪᠵᠢᠭᠦᠯᠭᠡ ᠪᠠ ᠠᠵᠢᠯ ᠣᠯᠭᠤᠯᠲᠠ ᠶᠢ | ᠵᠢᠯᠣᠭᠤᠳᠬᠤ ᠬᠢᠴᠢᠶᠡᠯ ᠤᠨ ︽ᠳᠡᠯᠭᠡᠴᠡ ᠪᠠᠷ ᠬᠤᠯᠪᠣᠬᠤ︾ ᠶᠢ ᠪᠡᠶᠡᠯᠡᠭᠦᠯᠬᠦ ᠶᠢ ᠲᠠᠰᠤᠷᠠᠯᠲᠠ ᠥᠬᠡᠶ ᠠᠬᠢᠭᠤᠯᠵᠤ᠂ | 2023 ᠣᠨ ᠳᠤ ᠲᠡᠭᠦᠰᠦᠭᠰᠡᠳ ᠲᠤ ᠬᠠᠨᠳᠤᠭᠤᠯᠤᠨ ᠠᠵᠢᠯ ᠣᠯᠵᠤ ᠦᠢᠯᠡᠰ ᠪᠣᠰᠬᠠᠬᠤ ᠲᠥᠷᠥ ᠶᠢᠨ | ᠪᠣᠳᠣᠯᠭ᠎ᠠ ᠶᠢᠨ ᠲᠣᠮᠤ ᠲᠤᠰᠬᠠᠢ ᠰᠡᠳᠦᠪᠲᠦ ᠲᠠᠶᠢᠯᠤᠮᠵᠢ ᠶᠢ 6 ᠬᠤᠭᠤᠴᠠᠭ᠎ᠠ ᠥᠷᠨᠢᠭᠦᠯᠪᠡ︔ ᠡᠯ᠎ᠡ ᠲᠥᠷᠥᠯ ᠤᠨ | ᠨᠡᠶᠢᠲᠡ ᠶᠢᠨ ᠠᠰᠠᠷᠠᠮᠵᠢ ᠶᠢᠨ ᠬᠢᠴᠢᠶᠡᠯ ᠢ 1500 ᠭᠠᠷᠤᠢ ᠬᠢᠴᠢᠶᠡᠯ ᠲᠠᠯᠪᠢᠵᠤ᠂ ᠣᠷᠣᠯᠴᠠᠭᠰᠠᠨ ᠰᠤᠷᠤᠭᠴᠢ 120 | ᠲᠦᠮᠡᠨ ᠬᠥᠮᠦᠨ ᠤᠳᠠᠭ᠎ᠠ ᠶᠢ ᠳᠠᠪᠠᠪᠠ᠃ ᠡᠭᠦᠨ ᠠᠴᠠ ᠭᠠᠳᠠᠨ᠎ᠠ᠂ ᠪᠠᠰᠠ ᠲᠠᠪᠴᠠᠩ ᠳᠤ ᠲᠦᠰᠢᠭᠯᠡᠨ | ᠰᠦᠯᠵᠢᠶᠡᠨ ᠳᠠᠬᠢ ᠠᠵᠢᠯ ᠮᠡᠷᠭᠡᠵᠢᠯ ᠤᠨ ᠰᠢᠯᠭᠠᠨ ᠦᠨᠡᠯᠡᠯᠲᠡ᠂ ᠲᠥᠷᠥ ᠶᠢᠨ ᠪᠣᠳᠣᠯᠭ᠎ᠠ ᠶᠢᠨ ᠴᠢᠨᠠᠷᠲᠠᠢ ᠠᠵᠢᠯ ᠤᠨ | ᠪᠠᠶᠢᠷᠢ ᠳᠤ ᠰᠢᠯᠭᠠᠨ ᠡᠯᠰᠡᠬᠦ ᠸᠢᠳᠢᠣ᠋ ᠶᠢᠨ ᠡᠬᠢ ᠪᠠᠶᠠᠯᠢᠭ᠂ ︽ᠭᠡᠷᠡᠯ ᠭᠢᠯᠪᠠᠭᠠᠲᠤ ᠡᠳᠦᠷ︾ ᠭᠡᠬᠦ ᠨᠡᠶᠢᠲᠡᠯᠢᠭ | ᠤᠬᠠᠭᠤᠯᠤᠨ ᠲᠠᠶᠢᠯᠪᠤᠷᠢᠯᠠᠯᠲᠠ ᠵᠡᠷᠭᠡ ᠭᠡᠰᠡᠭ ᠢ ᠲᠣᠬᠢᠷᠠᠭᠤᠯᠵᠤ᠂ ᠠᠮᠢᠳᠤᠷᠠᠬᠤᠢ ᠶᠢᠨ ᠬᠥᠮᠦᠵᠢᠯ ᠤᠨ | ᠠᠴᠢᠶᠠᠯᠠᠪᠤᠷᠢ ᠶᠢ ᠤᠯᠠᠮ ᠨᠢᠭᠡ ᠠᠯᠬᠤᠮ ᠥᠷᠭᠡᠳᠬᠡᠪᠡ᠃ | ᠭᠤᠷᠪᠠ ᠳᠤ᠂ ︽ᠡᠭᠦᠯᠡᠨ ᠳᠠᠪᠴᠠᠩ ᠳᠠᠬᠢ ᠦᠢᠯᠡᠴᠢᠯᠡᠭᠡ︾ ᠨᠢ ᠠᠵᠢᠯ ᠣᠯᠬᠤ ︽ᠡᠴᠦᠰ ᠤᠨ ᠨᠢᠭᠡ | ᠺᠢᠯᠤᠮᠧᠲᠷ︾ ᠢ ᠨᠡᠪᠲᠡᠷᠡᠭᠦᠯᠪᠡ᠃ ᠠᠵᠢᠯ ᠳᠤ ᠣᠷᠣᠬᠤ ᠨᠡᠷ᠎ᠡ ᠮᠡᠳᠡᠭᠦᠯᠬᠦ ᠦᠨᠡᠮᠯᠡᠯ ᠤᠨ ᠳᠦᠷᠢᠮ ᠢ ᠬᠦᠴᠦᠨ | ᠦᠭᠡᠢ ᠪᠣᠯᠭᠠᠬᠤ ᠥᠭᠡᠷᠡᠴᠢᠯᠡᠯᠲᠡ ᠶᠢᠨ ᠱᠠᠭᠠᠷᠳᠠᠯᠭ᠎ᠠ ᠶᠢ ᠨᠠᠷᠢᠯᠢᠭᠵᠢᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ | ᠬᠠᠩᠭᠠᠯᠭ᠎ᠠ ᠪᠠ ᠬᠡᠷᠡᠭᠴᠡᠭᠡᠨ ᠤ ᠬᠤᠶᠠᠷ ᠲᠠᠯ᠎ᠠ ᠶᠢᠨ ᠠᠵᠢᠯᠲᠠᠨ ᠤᠷᠢᠬᠤ ᠢ ᠳᠥᠲᠡᠴᠢᠯᠡᠬᠦ᠂ ᠳᠥᠭᠦᠮ | ᠦᠵᠡᠭᠦᠯᠬᠦ ᠠᠴᠠ ᠭᠠᠷᠳᠠᠵᠤ᠂ ︽ᠲᠡᠭᠦᠰᠦᠭᠰᠡᠳ ᠲᠤ ᠠᠵᠢᠯ ᠣᠯᠭᠤᠬᠤ ᠨᠢᠭᠡ ᠶᠠᠪᠤᠳᠠᠯ︾ ᠪᠠ ︽ᠬᠥᠮᠦᠨ ᠬᠡᠷᠡᠭᠯᠡᠬᠦ | ᠨᠢᠭᠡᠴᠢ ᠤᠷᠢᠬᠤ ᠨᠢᠭᠡ ᠶᠠᠪᠤᠳᠠᠯ︾ ᠭᠡᠬᠦ ᠲᠤᠰᠬᠠᠢ ᠪᠤᠯᠤᠩ ᠢ ᠪᠠᠶᠢᠭᠤᠯᠵᠤ᠂ ᠲᠡᠭᠦᠰᠦᠭᠰᠡᠳ ᠪᠠ ᠬᠥᠮᠦᠨ ᠬᠡᠷᠡᠭᠯᠡᠬᠦ | ᠨᠢᠭᠡᠴᠢ ᠳᠤ ᠬᠠᠨᠳᠤᠭᠤᠯᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ᠂ ᠠᠵᠢᠯ ᠤᠨ ᠪᠠᠶᠢᠷᠢ ᠶᠢᠨ ᠬᠠᠶᠢᠯᠲᠠ᠂ | ᠨᠢᠭᠤᠷᠳᠠᠨ ᠰᠢᠯᠭᠠᠯᠲᠠ᠂ ᠠᠵᠢᠯ ᠤᠨ ᠪᠠᠶᠢᠷᠢ ᠲᠠᠨᠢᠯᠴᠠᠭᠤᠯᠬᠤ᠂ ᠳᠠᠩᠰᠠ ᠡᠪᠬᠡᠮᠡᠯ ᠢ ᠰᠢᠯᠵᠢᠭᠦᠯᠦᠨ ᠬᠦᠷᠭᠡᠬᠦ ᠵᠡᠷᠭᠡ | ᠪᠦᠬᠦ ᠲᠠᠯ᠎ᠠ ᠶᠢᠨ ᠵᠢᠯᠣᠭᠤᠳᠬᠤ ᠦᠢᠯᠡᠴᠢᠯᠡᠭᠡ ᠬᠠᠩᠭᠠᠪᠠ︔ 2023 ᠣᠨ ᠳᠤ 7.27 ᠲᠦᠮᠡᠨ ᠳᠡᠭᠡᠳᠦ | ᠰᠤᠷᠭᠠᠭᠤᠯᠢ ᠲᠡᠭᠦᠰᠦᠭᠰᠡᠳ ᠳᠠᠪᠴᠠᠩ ᠢ ᠬᠡᠷᠡᠭᠯᠡᠨ ᠭᠡᠷ᠎ᠡ ᠳᠣᠭᠲᠠᠵᠤ᠂ ︽ᠮᠡᠳᠡᠭᠡ ᠵᠠᠩᠭᠢ ᠶᠢ ᠢᠯᠡᠭᠦᠬᠡᠨ | ᠭᠦᠶᠦᠯᠭᠡᠵᠦ᠂ ᠰᠤᠷᠤᠭᠴᠢ ᠶᠢ ᠳᠤᠲᠠᠭᠤ ᠭᠦᠶᠦᠯᠭᠡᠬᠦ︾ ᠶᠢ ᠪᠡᠶᠡᠯᠡᠭᠦᠯᠪᠡ᠃ | ᠳᠠᠷᠠᠭ᠎ᠠ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ︽ᠢᠨᠲ᠋ᠧᠷ | ᠰᠦᠯᠵᠢᠶ᠎ᠡ + ᠠᠵᠢᠯ ᠣᠯᠭᠤᠯᠲᠠ︾ ᠭᠡᠬᠦ ᠰᠢᠨ᠎ᠡ ᠵᠠᠭᠪᠤᠷ ᠢ ᠦᠷᠭᠦᠯᠵᠢᠯᠡᠨ ᠰᠠᠶᠢᠲᠤᠷ ᠬᠡᠷᠡᠭᠯᠡᠵᠦ᠂ ᠮᠡᠳᠡᠭᠡ | ᠵᠠᠩᠭᠢ ᠶᠢ ᠬᠠᠮᠲᠤ ᠳᠤ ᠪᠠᠨ ᠬᠤᠪᠢᠶᠠᠯᠴᠠᠨ ᠡᠳ᠋ᠯᠡᠬᠦ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ᠂ ᠲᠤᠭ᠎ᠠ ᠪᠠᠷᠢᠮᠲᠠ ᠶᠢ | ᠵᠠᠳᠠᠯᠬᠤ ᠵᠡᠷᠭᠡ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠲᠡᠭᠦᠰᠦᠭᠰᠡᠳ ᠲᠤ ᠨᠡᠩ ᠣᠯᠠᠨ ᠠᠵᠢᠯ ᠤᠨ | ᠪᠠᠶᠢᠷᠢ ᠶᠢᠨ ᠡᠬᠢ ᠪᠠᠶᠠᠯᠢᠭ ᠢ ᠢᠯᠡᠷᠡᠭᠦᠯᠦᠨ ᠥᠭᠴᠦ᠂ ᠨᠡᠩ ᠣᠯᠠᠨ ᠠᠵᠢᠯ ᠤᠨ ᠮᠡᠳᠡᠭᠡ ᠵᠠᠩᠭᠢ ᠶᠢ ᠬᠠᠩᠭᠠᠵᠤ᠂ | ᠠᠵᠢᠯ ᠡᠷᠢᠬᠦ ︽ᠳᠡᠯᠭᠡᠴᠡ︾ ᠳᠤ ᠬᠦᠴᠦᠨ ᠨᠡᠮᠡᠷᠢᠯᠡᠨ᠎ᠡ᠃ | ᠥᠪᠥᠷ ᠮᠣᠩᠭᠤᠯ ᠤᠨ ᠲᠧᠯᠸᠢᠰ ᠬᠤᠷᠢᠶᠠᠨ ᠤ ᠰᠤᠷᠪᠤᠯᠵᠢᠯᠠᠭᠴᠢ᠄ ᠪᠠᠭᠰᠢ ᠪᠣᠯ ᠰᠤᠷᠭᠠᠨ ᠬᠥᠮᠦᠵᠢᠯ ᠤᠨ | ᠦᠨᠳᠦᠰᠦ᠂ ᠰᠤᠷᠭᠠᠨ ᠬᠥᠮᠦᠵᠢᠯ ᠢ ᠮᠠᠨᠳᠤᠭᠤᠯᠬᠤ ᠶᠢᠨ ᠡᠬᠢ ᠰᠤᠷᠪᠤᠯᠵᠢ ᠮᠥᠨ᠂ ᠮᠠᠨ ᠤ ᠣᠷᠣᠨ ᠪᠠᠭᠰᠢ ᠶᠢᠨ | ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ ᠶᠢ ᠪᠠᠲᠤᠯᠠᠬᠤ | ᠲᠠᠯ᠎ᠠ ᠪᠠᠷ ᠶᠠᠮᠠᠷ ᠠᠵᠢᠯ ᠬᠢᠭᠰᠡᠨ ᠪᠤᠢ︖ ᠦᠷ᠎ᠡ ᠪᠦᠲᠦᠮᠵᠢ ᠶᠠᠭᠤ ᠪᠤᠢ︖ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠪᠠᠭᠰᠢ ᠶᠢᠨ | ᠠᠵᠢᠯ ᠤᠨ ᠭᠠᠵᠠᠷ ᠤᠨ ᠳᠠᠷᠤᠭ᠎ᠠ ᠸᠠᠩ ᠵᠢᠶᠦ᠋ᠨ ᠸᠧᠢ ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠤ ᠳᠡᠭᠡᠳᠦ ᠬᠡᠮᠵᠢᠶᠡᠨ ᠤ ᠴᠢᠬᠤᠯᠠᠴᠢᠯᠠᠯ ᠪᠠ ᠪᠦᠬᠦ ᠨᠡᠶᠢᠭᠡᠮ ᠤᠨ ᠬᠠᠯᠠᠮᠵᠢᠯᠠᠯ ᠳᠡᠮᠵᠢᠯᠭᠡ | ᠳᠣᠣᠷ᠎ᠠ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠪᠠ ᠶᠡᠷᠦᠩᠬᠡᠢ ᠱᠦᠵᠢ ᠰᠢ ᠶᠢᠨ ᠫᠢᠩ ᠤᠨ ᠪᠠᠭᠰᠢ ᠶᠢᠨ ᠲᠤᠬᠠᠢ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠬᠤ ᠶᠢ | ᠪᠠᠷᠢᠮᠲᠠᠯᠠᠨ᠂ ᠡᠩᠨᠡᠭᠡ ᠪᠠᠨ ᠬᠦᠴᠦᠷᠬᠡᠭᠵᠢᠭᠦᠯᠵᠦ᠂ ᠪᠦᠲᠦᠴᠡ ᠪᠠᠨ ᠰᠢᠯᠢᠳᠡᠭᠵᠢᠭᠦᠯᠦᠨ᠂ ᠴᠢᠨᠠᠷ ᠴᠢᠨᠰᠠᠭ᠎ᠠ ᠪᠠᠨ | ᠳᠡᠭᠡᠭᠰᠢᠯᠡᠭᠦᠯᠵᠦ᠂ ᠬᠠᠷᠠᠭᠠᠯᠵᠠᠯ ᠢ ᠪᠠᠲᠤᠯᠠᠨ᠂ ᠪᠠᠭᠰᠢ ᠶᠢᠨ ᠡᠩᠨᠡᠭᠡᠨ ᠤ ᠪᠦᠬᠦᠯᠢ ᠴᠣᠭᠴᠠ ᠶᠢᠨ ᠠᠮᠢᠵᠢᠷᠠᠯ ᠤᠨ | ᠬᠦᠴᠦᠨ ᠢ ᠪᠠᠳᠠᠷᠠᠭᠤᠯᠪᠠ᠃ | ᠨᠢᠭᠡ᠂ ᠬᠡᠪᠴᠢᠶᠡᠵᠢᠯ ᠬᠡᠪ ᠴᠢᠨᠠᠷ ᠲᠣᠭᠲᠠᠭᠤᠨ ᠢᠶᠠᠷ ᠳᠡᠭᠡᠭᠰᠢᠯᠡᠪᠡ᠂ ᠡᠨᠡ ᠨᠢᠭᠡ ᠵᠢᠯ ᠳᠤ᠂ ᠪᠢᠳᠡ | ᠳᠤᠲᠠᠭᠳᠠᠵᠤ ᠪᠠᠶᠢᠭ᠎ᠠ ᠰᠢᠨᠵᠢᠯᠡᠭᠡᠨ ᠤ ᠰᠠᠯᠠᠭᠠᠨ ᠤ ᠪᠠᠭᠰᠢ ᠶᠢ ᠨᠥᠬᠦᠪᠥᠷᠢᠯᠡᠬᠦ ᠶᠢ ᠴᠢᠩᠭᠠᠳᠬᠠᠵᠤ᠂ ᠬᠤᠲᠠ | ᠪᠠᠯᠭᠠᠰᠤᠨ ᠤ ᠰᠢᠯᠢᠳᠡᠭ ᠪᠠᠭᠰᠢ᠂ ᠰᠤᠷᠭᠠᠭᠤᠯᠢ ᠶᠢᠨ ᠵᠠᠬᠢᠷᠤᠯ ᠢ ᠬᠥᠳᠡᠭᠡ ᠲᠣᠰᠬᠤᠨ ᠤ ᠰᠤᠷᠭᠠᠭᠤᠯᠢ᠂ ᠪᠠᠭᠤᠷᠠᠢ | ᠰᠤᠷᠭᠠᠭᠤᠯᠢ ᠲᠡᠶᠢᠰᠢ ᠰᠢᠯᠵᠢᠭᠦᠯᠬᠦ ᠶᠢ ᠭᠤᠣᠯᠳᠠᠯᠭ᠎ᠠ ᠲᠠᠢ ᠴᠢᠩᠭᠠᠳᠬᠠᠵᠤ᠂ ᠪᠦᠬᠦ ᠣᠷᠣᠨ ᠳᠤ ᠳᠤᠮᠳᠠᠳᠤ ᠪᠠᠭ᠎ᠠ | ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠪᠠᠭᠰᠢ ᠶᠢ ᠲᠦᠮᠡ ᠰᠢᠬᠠᠮ ᠤᠷᠢᠵᠤ᠂ ᠡᠭᠦᠨ ᠳᠤ ᠬᠥᠳᠡᠭᠡ | ᠲᠣᠰᠬᠤᠨ ᠤ ᠪᠠᠭᠰᠢ 1000 ᠭᠠᠷᠤᠢ ᠪᠠᠶᠢᠵᠤ᠂ 6700 ᠭᠠᠷᠤᠢ ᠪᠠᠭᠰᠢ᠂ ᠰᠤᠷᠭᠠᠭᠤᠯᠢ ᠶᠢᠨ ᠵᠠᠬᠢᠷᠤᠯ | ᠠᠵᠢᠯ ᠤᠨ ᠪᠠᠶᠢᠷᠢ ᠰᠣᠯᠢᠯᠴᠠᠬᠤ ᠠᠵᠢᠯ ᠳᠤ ᠣᠷᠣᠯᠴᠠᠪᠠ᠃ ᠣᠳᠣ ᠪᠣᠯᠲᠠᠯ᠎ᠠ᠂ ᠪᠦᠬᠦ ᠣᠷᠣᠨ ᠤ ᠪᠠᠭᠰᠢ | ᠠᠵᠢᠯᠲᠠᠨ ᠤ ᠶᠡᠷᠦᠩᠬᠡᠢ ᠲᠤᠭ᠎ᠠ 41.38 ᠲᠦᠮᠡᠨ ᠬᠥᠮᠦᠨ ᠳᠤ ᠬᠦᠷᠴᠦ᠂ ᠡᠭᠦᠨ ᠳᠤ ᠲᠤᠰᠬᠠᠢ ᠪᠠᠭᠰᠢ 31.26 | ᠲᠦᠮᠡᠨ ᠬᠥᠮᠦᠨ ᠪᠠᠶᠢᠵᠤ᠂ ᠳᠡᠭᠡᠷ᠎ᠡ ᠨᠢᠭᠡ ᠵᠢᠯ ᠤᠨ ᠬᠢ ᠠᠴᠠ 1.9% ᠨᠡᠮᠡᠭᠳᠡᠪᠡ᠃ ᠬᠤᠲᠠ᠂ ᠬᠥᠳᠡᠭᠡ | ᠲᠣᠰᠬᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠵᠢᠩᠬᠢᠨᠢ ᠠᠩᠭᠢ ᠠᠴᠠ ᠳᠡᠭᠡᠭᠰᠢᠬᠢ | ᠰᠤᠷᠤᠯᠭ᠎ᠠ ᠶᠢᠨ ᠨᠠᠮᠲᠠᠷ ᠲᠠᠢ ᠲᠤᠰᠬᠠᠢ ᠪᠠᠭᠰᠢ ᠶᠢᠨ ᠡᠵᠡᠯᠡᠬᠦ ᠬᠠᠷᠢᠴᠠᠯ ᠢ ᠳᠡᠭᠡᠷ᠎ᠡ ᠵᠢᠯ ᠤᠨ ᠬᠢ ᠠᠴᠠ ᠲᠤᠰ ᠲᠤᠰ | 1.16% ᠪᠠ 2.72% ᠨᠡᠮᠡᠭᠳᠡᠭᠦᠯᠵᠦ᠂ ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ | ᠰᠣᠳᠤᠯᠤᠨ ᠰᠤᠷᠤᠭᠴᠢ ᠶᠢᠨ ᠰᠤᠷᠤᠯᠭ᠎ᠠ ᠶᠢᠨ ᠨᠠᠮᠲᠠᠷ ᠲᠠᠢ ᠲᠤᠰᠬᠠᠢ ᠪᠠᠭᠰᠢ ᠶᠢᠨ ᠡᠵᠡᠯᠡᠬᠦ ᠬᠠᠷᠢᠴᠠᠯ ᠢ 19.09% | ᠬᠦᠷᠭᠡᠵᠦ᠂ ᠶᠡᠭᠡ ᠳᠡᠭᠡᠳᠦ ᠰᠤᠷᠭᠠᠭᠤᠯᠢ ᠶᠢᠨ ᠳ᠋ᠣᠺᠲ᠋ᠣᠷ ᠤᠨ ᠡᠷᠳᠡᠮ ᠤᠨ ᠴᠣᠯᠠ ᠲᠠᠢ ᠪᠠᠭᠰᠢ ᠶᠢᠨ ᠡᠵᠡᠯᠡᠬᠦ | ᠬᠠᠷᠢᠴᠠᠯ ᠢ 21.57% ᠬᠦᠷᠭᠡᠵᠦ᠂ ᠪᠠᠭᠰᠢ ᠶᠢ ᠬᠥᠭᠵᠢᠭᠦᠯᠬᠦ ᠪᠠᠲᠤᠯᠠᠭ᠎ᠠ ᠬᠦᠴᠦᠲᠡᠢ ᠪᠣᠯᠵᠤ᠂ ᠪᠠᠭᠰᠢ ᠶᠢᠨ | ᠡᠩᠨᠡᠭᠡᠨ ᠤ ᠬᠠᠮᠢᠶᠠᠷᠤᠯᠲᠠ ᠪᠠ ᠦᠢᠯᠡᠴᠢᠯᠡᠭᠡᠨ ᠤ ᠬᠢᠷᠢ ᠲᠦᠪᠰᠢᠨ ᠢ ᠢᠯᠡᠳᠲᠡ ᠳᠡᠭᠡᠭᠰᠢᠯᠡᠭᠦᠯᠪᠡ᠃ | ᠬᠤᠶᠠᠷ᠂ ᠪᠠᠭᠰᠢ ᠶᠢᠨ ᠮᠣᠷᠠᠯ ᠰᠤᠷᠲᠠᠯ ᠢ ᠦᠷᠭᠦᠯᠵᠢᠯᠡᠨ ᠰᠠᠶᠢᠵᠢᠷᠠᠭᠤᠯᠪᠠ᠂ ᠡᠨᠡ ᠨᠢᠭᠡ ᠵᠢᠯ ᠳᠤ᠂ ᠪᠢᠳᠡ | ᠪᠠᠭᠰᠢ ᠶᠢᠨ ᠮᠣᠷᠠᠯ ᠰᠤᠷᠲᠠᠯ ᠤᠨ ᠨᠢᠭᠡᠳᠦᠭᠡᠷ ᠪᠠᠷᠢᠮᠵᠢᠶ᠎ᠠ ᠶᠢ ᠢᠮᠠᠭᠲᠠ ᠪᠠᠷᠢᠮᠲᠠᠯᠠᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠢ ᠯᠠᠪᠳᠠᠭᠤᠨ ᠪᠠᠲᠤᠲᠠᠢ | ᠠᠬᠢᠭᠤᠯᠤᠨ᠂ ᠤᠯᠤᠰ ᠲᠥᠷᠥ ᠶᠢᠨ ᠪᠠᠶᠢᠭᠤᠯᠤᠯᠲᠠ ᠶᠢᠨ ︽ᠦᠵᠡᠯ ᠰᠠᠨᠠᠭᠠᠨ ᠤ ᠰᠦᠭ ᠢ ᠱᠤᠭᠤᠬᠤ︾ ᠵᠡᠷᠭᠡ 6 | ᠵᠦᠢᠯ ᠤᠨ ᠠᠵᠢᠯᠯᠠᠭ᠎ᠠ ᠶᠢ ᠬᠡᠷᠡᠭᠵᠢᠭᠦᠯᠪᠡ᠃ ᠪᠠᠭᠰᠢ ᠶᠢᠨ ᠮᠣᠷᠠᠯ ᠰᠤᠷᠲᠠᠯ ᠢ ᠤᠷᠢᠳᠴᠢᠯᠠᠨ ᠰᠡᠷᠡᠮᠵᠢᠯᠡᠭᠦᠯᠬᠦ᠂ | ᠪᠠᠭᠰᠢ ᠶᠢᠨ ᠮᠣᠷᠠᠯ ᠰᠤᠷᠲᠠᠯ ᠳᠤ ᠬᠤᠯᠪᠣᠭᠳᠠᠭᠰᠠᠨ ᠬᠡᠷᠡᠭ ᠢ ᠬᠢᠨᠠᠨ ᠪᠠᠶᠢᠴᠠᠭᠠᠭᠰᠠᠨ ᠮᠡᠳᠡᠭᠦᠯᠦᠯᠲᠡ᠂ ᠪᠠᠭᠰᠢ ᠶᠢᠨ | ᠮᠣᠷᠠᠯ ᠤᠨ ᠲᠣᠭᠲᠠᠭᠠᠯ ᠠᠴᠠ ᠵᠥᠷᠢᠴᠡᠭᠰᠡᠨ ᠬᠡᠷᠡᠭ ᠤᠨ ᠵᠢᠱᠢᠶ᠎ᠡ ᠶᠢ ᠵᠠᠷᠯᠠᠨ ᠮᠡᠳᠡᠭᠳᠡᠵᠦ ᠢᠯᠡᠴᠢᠯᠡᠬᠦ ᠲᠣᠭᠲᠠᠴᠠ ᠶᠢ | ᠲᠡᠭᠦᠯᠳᠡᠷᠵᠢᠭᠦᠯᠵᠦ᠂ ᠪᠠᠭᠰᠢ ᠶᠢᠨ ᠠᠵᠢᠯ ᠡᠷᠬᠢᠯᠡᠬᠦ ᠶᠢ ᠬᠤᠷᠢᠭᠯᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ | ᠪᠠᠭᠰᠢ ᠠᠵᠢᠯᠲᠠᠨ ᠠᠵᠢᠯᠴᠢᠨ ᠪᠠᠶᠢᠴᠠᠭᠠᠨ ᠯᠠᠪᠯᠠᠬᠤ ᠪᠠᠷ ᠣᠷᠣᠬᠤ ᠶᠢ ᠵᠦᠪᠰᠢᠶᠡᠷᠡᠬᠦ ᠶᠢ ᠪᠦᠬᠦ ᠲᠠᠯ᠎ᠠ ᠪᠠᠷ | ᠬᠡᠷᠡᠭᠵᠢᠭᠦᠯᠵᠦ᠂ ᠰᠢᠰᠲ᠋ᠧᠮ ᠪᠦᠷᠢᠨ ᠲᠡᠭᠦᠯᠳᠡᠷ᠂ ᠬᠡᠷᠡᠭᠵᠢᠭᠦᠯᠦᠯᠲᠡ ᠬᠦᠴᠦᠲᠡᠢ᠂ ᠬᠠᠷᠢᠭᠤᠴᠠᠯᠭ᠎ᠠ ᠨᠡᠬᠡᠮᠵᠢᠯᠡᠭᠰᠡᠨ | ᠦᠨᠳᠦᠰᠦ ᠪᠠᠷᠢᠮᠲᠠ ᠲᠠᠢ ᠪᠠᠭᠰᠢ ᠶᠢᠨ ᠮᠣᠷᠠᠯ ᠤᠨ ᠪᠠᠶᠢᠭᠤᠯᠤᠯᠲᠠ ᠶᠢᠨ ᠤᠷᠲᠤ ᠬᠤᠭᠤᠴᠠᠭᠠᠨ ᠤ ᠪᠦᠲᠦᠮᠵᠢᠲᠡᠢ | ᠲᠣᠭᠲᠠᠴᠠ ᠶᠢ ᠪᠠᠶᠢᠭᠤᠯᠪᠠ᠃ ᠪᠠᠭᠰᠢ ᠶᠢᠨ ᠮᠣᠷᠠᠯ ᠤᠨ ᠲᠡᠷᠢᠭᠦᠨ ᠤ ᠨᠡᠶᠢᠲᠡᠯᠢᠭ ᠵᠢᠱᠢᠶ᠎ᠡ ᠶᠢ ᠰᠣᠩᠭᠤᠨ ᠪᠣᠢ | ᠪᠣᠯᠭᠠᠵᠤ᠂ ᠠᠩᠬᠠᠳᠤᠭᠠᠷ ᠬᠤᠭᠤᠴᠠᠭᠠᠨ ᠤ ᠬᠠᠮᠤᠭ ᠤᠨ ᠭᠤᠶᠣ ᠪᠠᠭᠰᠢ ᠶᠢᠨ ᠱᠠᠩᠨᠠᠯ ᠣᠯᠭᠤᠬᠤ ᠦᠳᠡᠰᠢᠯᠡᠭᠡ ᠶᠢ | ᠡᠷᠭᠢᠯᠡᠵᠦ᠂ ᠪᠤᠭᠤᠲᠤ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠸᠠᠩ ᠸᠧᠨ ᠱᠠᠨ ᠫᠷᠤᠹᠧᠰᠰᠤᠷ ᠪᠦᠬᠦ | ᠤᠯᠤᠰ ᠤᠨ ᠠᠷᠪᠠᠨ ᠶᠡᠭᠡ ︽ᠬᠠᠮᠤᠭ ᠤᠨ ᠭᠤᠶᠣ ᠪᠠᠭᠰᠢ︾ ᠪᠠᠷ ᠦᠨᠡᠯᠡᠭᠳᠡᠵᠦ᠂ ᠨᠡᠶᠢᠲᠡᠯᠢᠭ ᠵᠢᠱᠢᠶ᠎ᠡ ᠶᠢ | ᠰᠣᠩᠭᠤᠨ ᠬᠥᠮᠦᠵᠢᠭᠦᠯᠬᠦ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠣᠯᠵᠤ᠂ ᠰᠤᠷᠲᠠᠯ ᠴᠢᠬᠡᠴᠢ ᠣᠪᠣᠷ ᠲᠥᠪ | ᠬᠥᠮᠦᠨ ᠬᠥᠮᠦᠵᠢᠭᠦᠯᠬᠦ ᠠᠭᠤᠷ ᠠᠮᠢᠰᠬᠤᠯ ᠨᠡᠩ ᠭᠦᠨ ᠵᠤᠵᠠᠭᠠᠨ ᠪᠣᠯᠪᠠ᠃ | ᠭᠤᠷᠪᠠ᠂ ᠪᠣᠯᠪᠠᠰᠤᠷᠠᠭᠤᠯᠤᠨ ᠬᠠᠪᠰᠤᠷᠤᠨ ᠲᠡᠳᠬᠦᠬᠦ ᠠᠵᠢᠯ ᠤᠳᠠᠭᠠᠨ ᠳᠠᠭᠠᠭᠠᠮᠠᠭᠠᠢ ᠠᠮᠵᠢᠯᠲᠠ ᠪᠦᠲᠦᠮᠵᠢ | ᠭᠠᠷᠭᠠᠪᠠ᠂ ᠡᠨᠡ ᠨᠢᠭᠡ ᠵᠢᠯ ᠳᠤ᠂ ᠪᠢᠳᠡ ᠨᠠᠷᠢᠯᠢᠭ ᠣᠨᠣᠴᠠᠲᠠᠢ ᠪᠣᠯᠪᠠᠰᠤᠷᠠᠯ ᠤᠨ ᠥᠭᠡᠷᠡᠴᠢᠯᠡᠯᠲᠡ ᠶᠢ ᠠᠬᠢᠭᠤᠯᠵᠤ᠂ | ᠥᠪᠡᠷᠲᠡᠭᠡᠨ ᠵᠠᠰᠠᠬᠤ ᠣᠷᠣᠨ ᠤ ᠳᠡᠰ ᠤᠨ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠰᠤᠷᠭᠠᠨ | ᠬᠥᠮᠦᠵᠢᠯ ᠤᠨ ᠦᠢᠯᠡᠳᠦᠯᠭᠡ ᠶᠢᠨ ᠰᠠᠭᠤᠷᠢᠨ ᠭᠠᠵᠠᠷ ᠢ ᠪᠦᠯᠦᠭ ᠬᠤᠪᠢᠶᠠᠨ ᠪᠠᠶᠢᠭᠤᠯᠪᠠ︔ ᠪᠡᠯᠡ ᠮᠥᠩᠭᠦ ᠶᠢ | 7500 ᠲᠦᠮᠡᠨ ᠲᠥᠭᠦᠷᠢᠭ ᠲᠣᠬᠢᠷᠠᠭᠤᠯᠵᠤ᠂ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠤᠨ | ᠪᠠᠭᠰᠢ ᠶᠢ 2.5 ᠲᠦᠮᠡᠨ ᠬᠥᠮᠦᠨ ᠤᠳᠠᠭ᠎ᠠ ᠪᠣᠯᠪᠠᠰᠤᠷᠠᠭᠤᠯᠪᠠ᠃ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ | ᠲᠣᠭᠠᠵᠢᠭᠤᠯᠤᠭᠰᠠᠨ ᠬᠡᠯᠪᠡᠷᠢ ᠲᠡᠶᠢᠰᠢ ᠬᠤᠪᠢᠷᠠᠭᠤᠯᠬᠤ ᠶᠢ ᠢᠳᠡᠪᠬᠢᠲᠡᠢ ᠠᠬᠢᠭᠤᠯᠵᠤ᠂ ᠣᠶᠤᠨᠴᠢ ᠰᠤᠷᠭᠠᠨ | ᠬᠥᠮᠦᠵᠢᠯ ᠤᠨ ᠲᠠᠪᠴᠠᠩ ᠤᠨ ᠪᠠᠭᠰᠢ ᠶᠢᠨ ᠵᠤᠨ ᠤ ᠠᠮᠠᠷᠠᠯᠲᠠ ᠶᠢᠨ ᠰᠦᠯᠵᠢᠶᠡᠨ ᠳᠠᠬᠢ ᠰᠤᠳᠤᠯᠤᠨ | ᠰᠤᠷᠤᠯᠴᠠᠬᠤ ᠶᠢ ᠥᠷᠨᠢᠭᠦᠯᠵᠦ᠂ ᠣᠷᠣᠯᠴᠠᠭᠰᠠᠨ ᠪᠠᠭᠰᠢ ᠶᠢᠨ ᠲᠤᠭ᠎ᠠ 24 ᠲᠦᠮᠡ ᠶᠢ ᠳᠠᠪᠠᠪᠠ᠃ ᠪᠦᠯᠬᠦᠮ | ᠪᠠᠶᠢᠭᠤᠯᠬᠤ ᠬᠡᠯᠪᠡᠷᠢ ᠪᠠᠷ ᠬᠠᠪᠰᠤᠷᠤᠨ ᠲᠡᠳᠬᠦᠬᠦ ᠶᠢ ᠭᠦᠨᠵᠡᠭᠡᠢ ᠥᠷᠨᠢᠭᠦᠯᠵᠦ᠂ 1122 ᠪᠠᠭᠰᠢ ᠶᠢ ᠨᠢᠭᠡᠳᠦᠯᠲᠡᠢ | ᠲᠥᠯᠥᠪᠵᠢᠭᠦᠯᠦᠨ ᠰᠣᠩᠭᠤᠨ ᠲᠣᠮᠢᠯᠠᠵᠤ ᠬᠤᠰᠢᠭᠤ ᠰᠢᠶᠠᠨ ᠤ ᠱᠠᠲᠤᠨ ᠠᠴᠠ ᠳᠣᠷᠣᠭᠰᠢᠬᠢ ᠬᠥᠳᠡᠭᠡ ᠲᠣᠰᠬᠤᠨ ᠤ | ᠰᠤᠷᠭᠠᠭᠤᠯᠢ᠂ ᠪᠠᠭᠤᠷᠠᠢ ᠰᠤᠷᠭᠠᠭᠤᠯᠢ ᠳᠤ ᠣᠴᠢᠭᠤᠯᠤᠨ ᠰᠤᠷᠭᠠᠨ ᠬᠥᠮᠦᠵᠢᠯ ᠢ ᠳᠡᠮᠵᠢᠭᠦᠯᠵᠦ᠂ ᠬᠥᠮᠦᠨ ᠤ | ᠲᠤᠭ᠎ᠠ 2022 ᠣᠨ ᠤ ᠬᠢ ᠠᠴᠠ 105 ᠨᠡᠮᠡᠭᠳᠡᠵᠦ᠂ ᠰᠤᠷᠭᠠᠭᠤᠯᠢ ᠶᠢ ᠳᠡᠮᠵᠢᠨ ᠨᠠᠷᠠᠲᠤ ᠵᠠᠬᠢᠷᠤᠯ ᠨᠡᠷᠡᠲᠦ | ᠪᠠᠭᠰᠢ ᠶᠢᠨ ᠠᠵᠢᠯᠯᠠᠬᠤ ᠭᠠᠵᠠᠷ ᠢ ᠠᠰᠢᠭᠯᠠᠨ ᠲᠤᠰᠠᠯᠠᠮᠵᠢ ᠬᠦᠷᠲᠡᠬᠦ ᠰᠤᠷᠭᠠᠭᠤᠯᠢ ᠶᠢᠨ ᠪᠠᠭᠰᠢ ᠰᠤᠷᠤᠯᠭᠠᠲᠠᠨ ᠢ | ᠤᠷᠢᠨ ᠴᠤᠭᠯᠠᠭᠤᠯᠵᠤ᠂ 11500 ᠭᠠᠷᠤᠢ ᠤᠳᠠᠭ᠎ᠠ ᠵᠢᠭᠠᠬᠤ ᠶᠢ ᠰᠤᠳᠤᠯᠬᠤ ᠠᠵᠢᠯᠯᠠᠭ᠎ᠠ ᠶᠢ ᠥᠷᠨᠢᠭᠦᠯᠪᠡ︔ | ᠲᠤᠰᠠᠯᠠᠮᠵᠢ ᠬᠦᠷᠲᠡᠬᠦ ᠰᠤᠷᠭᠠᠭᠤᠯᠢ 435 ᠰᠢᠯᠭᠠᠷᠠᠭᠰᠠᠨ ᠪᠠᠭᠰᠢ ᠶᠢ ᠰᠣᠩᠭᠤᠵᠤ᠂ ᠰᠤᠷᠭᠠᠭᠤᠯᠢ ᠳᠤ ᠬᠦᠷᠴᠦ | ᠠᠵᠢᠯ ᠤᠨ ᠪᠠᠶᠢᠷᠢ ᠳᠠᠭᠠᠵᠤ ᠰᠤᠷᠤᠯᠴᠠᠬᠤ ᠶᠢ ᠳᠡᠮᠵᠢᠪᠡ᠃ ︽ᠭᠤᠷᠪᠠᠨ ᠣᠷᠣᠨ︾ ᠤ ᠴᠢᠳᠠᠪᠤᠷᠢᠲᠠᠨ ᠢ ᠳᠡᠮᠵᠢᠬᠦ | ᠲᠥᠯᠥᠪᠯᠡᠭᠡ ᠶᠢᠨ ᠪᠠᠭᠰᠢ ᠶᠢᠨ ᠲᠤᠰᠬᠠᠢ ᠲᠥᠯᠥᠪᠯᠡᠭᠡ ᠪᠠ ᠳᠤᠮᠳᠠᠳᠤ ᠪᠠᠭ᠎ᠠ ᠰᠤᠷᠭᠠᠭᠤᠯᠢ ᠶᠢᠨ ᠪᠤᠭᠤᠷᠤᠯᠴᠤᠳ ᠤᠨ | ᠶᠠᠷᠢᠶᠠᠨ ᠤ ᠲᠥᠯᠥᠪᠯᠡᠭᠡ ᠶᠢ ᠦᠷᠭᠦᠯᠵᠢᠯᠡᠨ ᠬᠡᠷᠡᠭᠵᠢᠭᠦᠯᠵᠦ᠂ 454 ᠰᠢᠯᠢᠳᠡᠭ ᠰᠤᠷᠭᠠᠭᠤᠯᠢ ᠶᠢᠨ ᠵᠠᠬᠢᠷᠤᠯ᠂ | ᠪᠠᠭᠰᠢ ᠶᠢ ᠰᠣᠩᠭᠤᠨ ᠲᠣᠮᠢᠯᠠᠵᠤ ᠰᠤᠷᠭᠠᠨ ᠬᠥᠮᠦᠵᠢᠯ ᠢ ᠳᠡᠮᠵᠢᠭᠦᠯᠵᠦ᠂ ᠰᠤᠳᠤᠯᠭᠠᠨ ᠢ ᠳᠡᠮᠵᠢᠭᠦᠯᠦᠨ᠂ ᠰᠤᠷᠭᠠᠨ | ᠬᠥᠮᠦᠵᠢᠯ ᠤᠨ ᠬᠦᠴᠦᠨ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠰᠠᠭᠤᠷᠢ ᠲᠠᠯᠪᠢᠵᠤ ᠡᠨᠧᠷᠭᠢ | ᠣᠯᠭᠤᠪᠠ᠃ | ᠳᠥᠷᠪᠡ᠂ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠨᠠᠷᠢᠯᠢᠭᠵᠢᠭᠤᠯᠤᠨ ᠨᠠᠶᠢᠳᠠᠪᠤᠷᠢᠵᠢᠭᠤᠯᠪᠠ᠃ ᠡᠨᠡ ᠨᠢᠭᠡ | ᠵᠢᠯ ᠳᠤ᠂ ᠪᠢᠳᠡ ᠡᠯ᠎ᠡ ᠰᠠᠯᠠᠭ᠎ᠠ ᠮᠥᠴᠢᠷ ᠤᠨ ᠠᠵᠢᠯ ᠤᠨ ᠬᠠᠮ ᠬᠦᠴᠦᠨ ᠢ ᠲᠥᠪᠯᠡᠷᠡᠭᠦᠯᠵᠦ᠂ ᠪᠠᠭᠰᠢ ᠶᠢᠨ | ᠡᠩᠨᠡᠭᠡᠨ ᠤ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠥᠭᠡᠷᠡᠴᠢᠯᠡᠯᠲᠡ ᠯᠠᠪᠳᠠᠭᠤᠨ ᠪᠠᠲᠤᠲᠠᠢ ᠦᠷ᠎ᠡ ᠪᠦᠲᠦᠮᠵᠢ | ᠣᠯᠪᠠ᠃ 12 ᠶᠡᠭᠡ ᠳᠡᠭᠡᠳᠦ ᠰᠤᠷᠭᠠᠭᠤᠯᠢ ᠶᠢᠨ ᠬᠢᠨᠠᠨ ᠲᠣᠭᠲᠠᠭᠠᠭᠰᠠᠨ ᠠᠵᠢᠯᠲᠠᠨ ᠤ ᠶᠡᠷᠦᠩᠬᠡᠢ ᠲᠤᠭ᠎ᠠ | 18684 ᠪᠠᠶᠢᠵᠤ᠂ ᠰᠢᠨ᠎ᠡ ᠪᠠᠷ ᠨᠡᠮᠡᠭᠰᠡᠨ ᠡᠵᠡᠮᠳᠡᠯ ᠲᠤᠭ᠎ᠠ 3326 ᠪᠣᠯᠪᠠ︔ ︽ᠳᠤᠮᠳᠠ ᠵᠡᠷᠭᠡ ᠶᠢᠨ ᠠᠵᠢᠯ | ᠮᠡᠷᠭᠡᠵᠢᠯ ᠤᠨ ᠰᠤᠷᠭᠠᠭᠤᠯᠢ ᠶᠢᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠪᠠᠷᠢᠮᠵᠢᠶ᠎ᠠ︾ ᠶᠢ ᠨᠡᠶᠢᠲᠡᠯᠡᠭᠰᠡᠨ | ᠪᠥᠭᠡᠳ ᠪᠠᠷᠢᠮᠵᠢᠶ᠎ᠠ ᠨᠢ ᠪᠦᠬᠦ ᠤᠯᠤᠰ ᠤᠨ ᠡᠮᠦᠨ᠎ᠡ ᠡᠩᠨᠡᠭᠡᠨ ᠳᠤ ᠣᠷᠣᠰᠢᠵᠤ᠂ ᠡᠭᠦᠨ ᠠᠴᠠ ᠡᠬᠢᠯᠡᠨ᠂ ᠮᠠᠨ ᠤ | ᠣᠷᠣᠨ ᠤ ᠪᠠᠭᠰᠢ ᠠᠵᠢᠯᠲᠠᠨ ᠠᠵᠢᠯᠴᠢᠨ ᠤ ᠣᠷᠣᠨ ᠲᠤᠭ᠎ᠠ ᠶᠢᠨ ᠪᠠᠷᠢᠮᠵᠢᠶ᠎ᠠ ᠶᠢᠨ ᠳᠣᠭᠲᠠᠯᠴᠠᠭ᠎ᠠ ᠪᠦᠬᠦ | ᠰᠤᠷᠭᠠᠭᠤᠯᠢ ᠶᠢᠨ ᠱᠠᠲᠤ ᠶᠢ ᠬᠠᠮᠤᠷᠪᠠ︔ ᠠᠩᠬ᠎ᠠ ᠤᠳᠠᠭ᠎ᠠ ᠥᠪᠡᠷᠲᠡᠭᠡᠨ ᠵᠠᠰᠠᠬᠤ ᠣᠷᠣᠨ ᠤ ᠠᠵᠢᠯ ᠮᠡᠷᠭᠡᠵᠢᠯ | ᠤᠨ ᠰᠤᠷᠭᠠᠨ ᠬᠥᠮᠦᠵᠢᠯ ᠤᠨ ︽ᠬᠤᠣᠰ ᠬᠢᠷᠢ ᠬᠡᠮᠲᠦ︾ ᠪᠠᠭᠰᠢ ᠶᠢ ᠮᠠᠭᠠᠳᠯᠠᠨ ᠲᠣᠭᠲᠠᠭᠠᠵᠤ᠂ ︽ᠬᠤᠣᠰ ᠬᠢᠷᠢ | ᠬᠡᠮᠲᠦ︾ ᠪᠠᠭᠰᠢ 9702 ᠢ ᠮᠠᠭᠠᠳᠯᠠᠨ ᠲᠣᠭᠲᠠᠭᠠᠵᠤ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠲᠤᠰᠬᠠᠢ | ᠮᠡᠷᠭᠡᠵᠢᠯ ᠤᠨ ᠬᠢᠴᠢᠶᠡᠯ ᠤᠨ ᠪᠠᠭᠰᠢ ᠶᠢᠨ ᠶᠡᠷᠦᠩᠬᠡᠢ ᠲᠣᠭᠠᠨ ᠤ 57.78% ᠶᠢ ᠡᠵᠡᠯᠡᠪᠡ︔ ᠳᠤᠮᠳᠠᠳᠤ ᠪᠠᠭ᠎ᠠ | ᠰᠤᠷᠭᠠᠭᠤᠯᠢ ᠶᠢᠨ ᠪᠠᠭᠰᠢ ᠶᠢᠨ ᠬᠢᠷᠢ ᠭᠡᠮ ᠢ ᠲᠣᠭᠲᠠᠮᠠᠯ ᠬᠤᠭᠤᠴᠠᠭ᠎ᠠ ᠲᠠᠢ ᠳᠠᠩᠰᠠᠯᠠᠬᠤ ᠲᠤᠷᠰᠢᠯᠲᠠ ᠶᠢᠨ ᠴᠡᠭ ᠢ | ᠪᠦᠬᠦ ᠲᠠᠯ᠎ᠠ ᠪᠠᠷ ᠳᠡᠯᠭᠡᠷᠡᠭᠦᠯᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠣᠷᠣᠨ ᠲᠤᠭ᠎ᠠ ᠳᠤ ᠪᠠᠶᠢᠬᠤ ᠠᠵᠢᠯ ᠤᠨ | ᠪᠠᠶᠢᠷᠢ ᠳᠤ ᠪᠠᠶᠢᠬᠤ ᠪᠠᠭᠰᠢ ᠶᠢ ᠬᠠᠮᠤᠷᠴᠤ᠂ ᠳᠡᠪᠰᠢᠭᠦᠯᠵᠦ ᠪᠣᠯᠬᠤ ᠪᠠ ᠪᠠᠭᠤᠯᠭᠠᠵᠤ ᠪᠣᠯᠬᠤ ᠬᠢᠨᠠᠨ ᠰᠢᠯᠭᠠᠬᠤ | ᠬᠠᠮᠢᠶᠠᠷᠤᠯᠲᠠ ᠶᠢᠨ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃ | ᠲᠠᠪᠤ᠂ ᠳᠡᠭᠡᠳᠦ ᠳᠡᠰ ᠤᠨ ᠴᠢᠳᠠᠪᠤᠷᠢᠲᠠᠨ ᠢ ᠬᠥᠲᠥᠯᠥᠨ ᠬᠥᠮᠦᠵᠢᠭᠦᠯᠬᠦ ᠠᠵᠢᠯ ᠰᠢᠨ᠎ᠡ ᠰᠢᠪᠲᠤᠯᠤᠯᠲᠠ ᠲᠠᠢ | ᠪᠣᠯᠪᠠ᠃ ᠡᠨᠡ ᠨᠢᠭᠡ ᠵᠢᠯ ᠳᠤ᠂ ᠪᠢᠳᠡ ︽ᠭᠠᠳᠠᠭᠰᠢ ᠭᠠᠷᠭᠠᠬᠤ᠂ ᠣᠷᠣᠭᠤᠯᠤᠨ ᠠᠪᠴᠢᠷᠠᠬᠤ︾ ᠶᠢ ᠪᠠᠷᠢᠮᠲᠠᠯᠠᠵᠤ᠂ | ︽ᠦᠯᠡᠳᠡᠭᠡᠵᠦ ᠳᠡᠶᠢᠯᠬᠦ᠂ ᠰᠠᠶᠢᠲᠤᠷ ᠬᠡᠷᠡᠭᠯᠡᠬᠦ︾ ᠶᠢ ᠴᠢᠬᠤᠯᠠᠴᠢᠯᠠᠨ᠂ ᠳᠡᠭᠡᠳᠦ ᠳᠡᠰ ᠤᠨ ᠴᠢᠳᠠᠪᠤᠷᠢᠲᠠᠨ ᠢ | ᠬᠥᠮᠦᠵᠢᠭᠦᠯᠵᠦ ᠦᠯᠡᠳᠡᠭᠡᠨ ᠬᠡᠷᠡᠭᠯᠡᠬᠦ ᠪᠠᠶᠢᠭᠤᠯᠤᠯ ᠲᠣᠭᠲᠠᠴᠠ ᠶᠢ ᠨᠡᠩ ᠪᠣᠯᠪᠠᠰᠤᠷᠠᠩᠭᠤᠢ ᠪᠣᠯᠭᠠᠪᠠ᠃ ᠪᠢᠳᠡ ︽ᠡᠬᠢ | ᠡᠭᠦᠰᠦᠯ ᠠᠴᠠ ᠨᠢ ᠬᠦᠴᠦᠷᠬᠡᠭ ᠢ ᠪᠣᠶᠢᠵᠢᠭᠤᠯᠬᠤ︾ ᠶᠢ ᠪᠠᠷᠢᠮᠲᠠᠯᠠᠨ᠂ 4 ᠬᠥᠮᠦᠨ ︽ᠴᠠᠩ ᠵᠢᠶᠠᠩ ᠡᠷᠳᠡᠮᠲᠡᠨ ᠢ | ᠬᠥᠬᠢᠭᠦᠯᠦᠨ ᠱᠠᠩᠨᠠᠬᠤ ᠲᠥᠯᠥᠪᠯᠡᠭᠡ︾ ᠶᠢᠨ ᠣᠨᠴᠠ ᠤᠷᠢᠭᠰᠠᠨ ᠫᠷᠤᠹᠧᠰᠰᠤᠷ ᠢᠶᠠᠷ ᠰᠣᠩᠭᠤᠭᠳᠠᠪᠠ︔ 1 ᠬᠥᠮᠦᠨ | ᠵᠠᠯᠠᠭᠤᠴᠤᠳ ᠤᠨ ᠴᠠᠩ ᠵᠢᠶᠠᠩ ᠲᠥᠷᠥᠯ ᠵᠦᠢᠯ ᠳᠤ ᠰᠣᠩᠭᠤᠭᠳᠠᠪᠠ︔ 2 ᠬᠥᠮᠦᠨ ᠤᠯᠤᠰ ᠤᠨ ᠳᠡᠭᠡᠳᠦ ᠳᠡᠰ ᠤᠨ | ᠴᠢᠳᠠᠪᠤᠷᠢᠲᠠᠨ ᠢ ᠣᠨᠴᠠᠭᠠᠢ ᠳᠡᠮᠵᠢᠬᠦ ᠲᠥᠯᠥᠪᠯᠡᠭᠡ ᠶᠢᠨ ᠵᠠᠯᠠᠭᠤ ᠣᠷᠦ᠋ᠢᠯᠠᠭᠰᠠᠨ ᠴᠢᠳᠠᠪᠤᠷᠢᠲᠠᠨ ᠢᠶᠠᠷ | ᠰᠣᠩᠭᠤᠭᠳᠠᠵᠤ᠂ 2 ᠬᠥᠮᠦᠨ ᠤᠯᠤᠰ ᠤᠨ ᠳᠡᠭᠡᠳᠦ ᠳᠡᠰ ᠤᠨ ᠴᠢᠳᠠᠪᠤᠷᠢᠲᠠᠨ ᠢ ᠣᠨᠴᠠᠭᠠᠢ ᠳᠡᠮᠵᠢᠬᠦ | ᠲᠥᠯᠥᠪᠯᠡᠭᠡ ᠶᠢᠨ ᠵᠢᠭᠠᠨ ᠰᠤᠷᠭᠠᠯᠲᠠ ᠶᠢᠨ ᠨᠡᠷᠡᠲᠦ ᠪᠠᠭᠰᠢ ᠪᠠᠷ ᠰᠣᠩᠭᠤᠬᠳᠠᠨ᠂ 2 ᠪᠦᠯᠬᠦᠮ ᠨᠡᠶᠢᠲᠡ ᠪᠦᠬᠦ | ᠤᠯᠤᠰ ᠤᠨ ᠬᠤᠸᠠᠩ ᠳ᠋ᠠ ᠨᠢᠶᠠᠨ ᠮᠠᠶ᠋ᠢᠭ ᠤᠨ ᠪᠠᠭᠰᠢ ᠶᠢᠨ ᠪᠦᠯᠬᠦᠮ ᠢᠶᠠᠷ ᠰᠣᠩᠭᠤᠭᠳᠠᠪᠠ︔ 8 ᠪᠠᠭᠰᠢ | ᠰᠤᠷᠭᠠᠭᠤᠯᠢ ᠶᠢᠨ ᠵᠠᠬᠢᠷᠤᠯ ᠤᠯᠤᠰ ᠤᠨ ᠳᠤᠮᠳᠠᠳᠤ ᠪᠠᠭ᠎ᠠ ᠰᠤᠷᠭᠠᠭᠤᠯᠢ ᠶᠢᠨ ︽ᠬᠤᠣᠰ ᠨᠡᠷᠡᠲᠦ︾ ᠶᠢᠨ | ᠲᠥᠯᠥᠪᠯᠡᠭᠡ ᠳᠤ ᠰᠣᠩᠭᠤᠭᠳᠠᠵᠤ᠂ 6 ᠪᠠᠭᠰᠢ ᠰᠤᠷᠭᠠᠭᠤᠯᠢ ᠶᠢᠨ ᠵᠠᠬᠢᠷᠤᠯ ᠤᠯᠤᠰ ᠤᠨ ᠠᠵᠢᠯ ᠮᠡᠷᠭᠡᠵᠢᠯ ᠤᠨ | ᠰᠤᠷᠭᠠᠭᠤᠯᠢ ᠶᠢᠨ ︽ᠭᠤᠷᠪᠠᠨ ᠨᠡᠷᠡᠲᠦ︾ ᠶᠢᠨ ᠲᠥᠯᠥᠪᠯᠡᠭᠡ ᠳᠤ ᠰᠣᠩᠭᠤᠭᠳᠠᠨ᠂ ︽ᠳᠠᠭᠤᠷᠢᠰᠬᠠᠯ︾ ᠪᠠᠭᠰᠢ ᠶᠢᠨ | ᠡᠩᠨᠡᠭᠡᠨ ᠤ ᠬᠥᠮᠦᠵᠢᠯ ᠰᠢᠨ᠎ᠡ ᠠᠬᠢᠴᠠ ᠲᠠᠢ ᠪᠣᠯᠪᠠ᠃ | ᠳᠠᠷᠠᠭ᠎ᠠ ᠠᠯᠬᠤᠮ ᠳᠤ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠭᠤᠯᠬᠤ ᠶᠢ ᠪᠠᠷᠢᠮᠲᠠᠯᠠᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠨ᠂ | ᠰᠤᠷᠭᠠᠨ ᠬᠥᠮᠥᠵᠢᠯᠲᠡᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠥᠨᠳᠥᠷ ᠬᠡᠪ ᠴᠢᠨᠠᠷ ᠲᠠᠢ ᠪᠠᠭᠰᠢ ᠶᠢᠨ | ᠡᠩᠨᠡᠭᠡ ᠶᠢ ᠬᠥᠮᠦᠵᠢᠭᠦᠯᠵᠦ᠂ ᠳᠤᠮᠳᠠᠳᠤ ᠤᠯᠤᠰ ᠤᠨ ᠣᠨᠴᠠᠯᠢᠭ ᠲᠠᠢ ᠪᠠᠭᠰᠢ ᠶᠢᠨ ᠰᠤᠷᠭᠠᠨ ᠬᠥᠮᠦᠵᠢᠯ ᠤᠨ | ᠳᠣᠭᠲᠠᠯᠴᠠᠭ᠎ᠠ ᠶᠢ ᠲᠡᠭᠦᠯᠳᠡᠷᠵᠢᠭᠦᠯᠦᠨ᠂ ᠪᠢᠴᠢᠭ ᠵᠢᠭᠠᠵᠤ ᠬᠥᠮᠦᠨ ᠬᠥᠮᠦᠵᠢᠭᠦᠯᠬᠦ ᠴᠢᠳᠠᠪᠤᠷᠢ ᠶᠢ ᠳᠡᠭᠡᠭᠰᠢᠯᠡᠭᠦᠯᠵᠦ᠂ | ᠪᠠᠭᠰᠢ ᠶᠢᠨ ᠬᠠᠮᠢᠶᠠᠷᠤᠯᠲᠠ ᠪᠠ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠬᠠᠷᠠᠭᠠᠯᠵᠠᠯ ᠢ | ᠪᠠᠲᠤᠯᠠᠬᠤ ᠡᠷᠴᠢᠮ ᠢ ᠴᠢᠩᠭᠠᠷᠠᠭᠤᠯᠤᠨ᠂ ᠢᠷᠠᠭᠤ ᠠᠯᠳᠠᠷ ᠢ ᠬᠥᠬᠢᠭᠦᠯᠦᠨ ᠱᠠᠩᠨᠠᠬᠤ ᠳᠣᠭᠲᠠᠯᠴᠠᠭ᠎ᠠ ᠶᠢ | ᠲᠡᠭᠦᠯᠳᠡᠷᠵᠢᠭᠦᠯᠵᠦ᠂ ᠪᠦᠬᠦ ᠨᠡᠶᠢᠭᠡᠮ ᠢᠶᠠᠷ ᠢᠶᠠᠨ ᠪᠠᠭᠰᠢ ᠶᠢ ᠬᠦᠨᠳᠦᠳᠬᠡᠨ ᠰᠤᠷᠭᠠᠨ ᠬᠥᠮᠦᠵᠢᠯ ᠢ ᠴᠢᠬᠤᠯᠠᠴᠢᠯᠠᠬᠤ | ᠭᠦᠨ ᠵᠤᠵᠠᠭᠠᠨ ᠠᠭᠤᠷ ᠠᠮᠢᠰᠬᠤᠯ ᠢ ᠪᠣᠢ ᠪᠣᠯᠭᠠᠨ᠂ ᠪᠠᠭᠰᠢ ᠶᠢᠨ ᠠᠵᠢᠯ ᠢ ᠬᠠᠮᠤᠭ ᠤᠨ ᠨᠡᠶᠢᠭᠡᠮ ᠤᠨ ᠬᠦᠨᠳᠦᠳᠬᠡᠯ | ᠪᠠ ᠬᠥᠮᠦᠰ ᠤᠨ ᠪᠠᠭ᠋ᠠᠷᠬᠠᠯ ᠢ ᠭᠦᠷᠲᠡᠳᠡᠭ ᠠᠵᠢᠯ ᠮᠡᠷᠭᠡᠵᠢᠯ ᠪᠣᠯᠭᠠᠵᠤ᠂ ᠰᠤᠷᠭᠠᠨ ᠬᠥᠮᠦᠵᠢᠯ ᠤᠨ ᠬᠦᠴᠦᠷᠬᠡᠭ | ᠤᠯᠤᠰ ᠢ ᠲᠦᠷᠭᠡᠳᠬᠡᠨ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ | ᠮᠠᠨᠳᠤᠯᠲᠠ ᠶᠢ ᠪᠡᠶᠡᠯᠡᠭᠦᠯᠬᠦ ᠳᠤ ᠬᠦᠴᠦᠲᠡᠢ ᠲᠤᠯᠭᠠᠭᠤᠷᠢᠯᠠᠯ ᠬᠠᠩᠭᠠᠨ᠎ᠠ᠃ | | | |