ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ | ᠪᠠᠲᠤ ᠪᠠᠶᠢᠴᠠᠭᠠᠬᠤ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠠᠯᠪᠠᠨ ᠮᠡᠳᠡᠭᠡ | | | ︵ 2024 ᠣᠨ ᠤ 1 ᠰᠠᠷ᠎ᠠ ᠶᠢᠨ 10 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ | ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠭᠤᠷᠪᠠᠳᠤᠭᠠᠷ ᠪᠦᠭᠦᠳᠡ | ᠬᠤᠷᠠᠯ ᠠᠴᠠ ᠪᠠᠲᠤᠯᠠᠪᠠ ︶ | ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 10 ᠤ ᠴᠠᠭᠢᠯᠭᠠᠨ ᠮᠡᠳᠡᠭᠡ ᠳᠤᠮᠳᠠᠳᠤ ᠤᠯᠤᠰ ᠤᠨ | ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ | ᠭᠤᠷᠪᠠᠳᠤᠭᠠᠷ ᠪᠦᠭᠦᠳᠡ ᠬᠤᠷᠠᠯ 2024 ᠣᠨ ᠤ 1 ᠰᠠᠷ᠎ᠠ ᠶᠢᠨ 8 ᠠᠴᠠ 10 ᠤ ᠡᠳᠦᠷ ᠪᠤᠯᠲᠠᠯ᠎ᠠ ᠪᠡᠭᠡᠵᠢᠩ ᠳᠤ | ᠬᠤᠷᠠᠯᠳᠤᠪᠠ ᠃ ᠡᠨᠡ ᠤᠳᠠᠭ᠎ᠠ ᠶᠢᠨ ᠪᠦᠭᠦᠳᠡ ᠬᠤᠷᠠᠯ ᠳᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ | ᠭᠡᠰᠢᠭᠦᠨ 132 ᠬᠥᠮᠥᠨ ᠣᠷᠣᠯᠴᠠᠵᠤ ᠂ 238 ᠬᠥᠮᠥᠨ ᠰᠤᠯᠠ ᠣᠷᠣᠯᠴᠠᠪᠠ ᠃ | ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠪᠦᠭᠦᠳᠡ ᠬᠤᠷᠠᠯ ᠳᠤ ᠣᠷᠣᠯᠴᠠᠬᠰᠠᠨ ᠪᠥᠭᠡᠳ ᠴᠢᠬᠤᠯᠠ | ᠶᠠᠷᠢᠶ᠎ᠠ ᠲᠠᠯᠪᠢᠵᠠᠢ ᠃ ᠯᠢ ᠴᠢᠶᠠᠩ ᠂ ᠵᠤᠤ ᠯᠧ ᠵᠢᠢ ᠂ ᠸᠠᠩ ᠬᠤ᠋ ᠨᠢᠩ ᠂ ᠼᠠᠢ ᠴᠢ ᠂ ᠳ᠋ᠢᠩ ᠰᠢᠤᠸᠠᠢ ᠰᠢᠶᠠᠩ ᠂ ᠯᠢ | ᠰᠢ ᠵᠡᠷᠭᠡ ᠨᠠᠮ ᠪᠣᠯᠣᠨ ᠲᠦᠷᠦ ᠶᠢᠨ ᠤᠳᠤᠷᠢᠳᠬᠤ ᠬᠥᠮᠥᠰ ᠬᠤᠷᠠᠯ ᠳᠤ ᠣᠷᠣᠯᠴᠠᠪᠠ ᠃ | ᠪᠦᠭᠦᠳᠡ ᠬᠤᠷᠠᠯ ᠢ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ | ᠡᠷᠭᠢᠯᠡᠪᠡ ᠃ ᠪᠦᠭᠦᠳᠡ ᠬᠤᠷᠠᠯ ᠠᠴᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ ᠨᠠᠮ ᠤᠨ | ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ ᠪᠦᠭᠦᠳᠡ | ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ 2023 ᠣᠨ ᠤ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠢ ᠡᠷᠭᠢᠴᠡᠭᠦᠯᠵᠦ ᠂ 2024 ᠣᠨ ᠤ ᠡᠭᠦᠷᠭᠡ ᠶᠢ | ᠪᠠᠶᠢᠷᠢᠯᠠᠭᠤᠯᠵᠤ ᠂ ᠯᠢ ᠰᠢ ᠨᠥᠬᠦᠷ ᠤᠨ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ | ᠬᠤᠷᠢᠶ᠎ᠠ ᠶᠢ ᠲᠥᠯᠥᠭᠡᠯᠡᠨ ᠬᠢᠭᠰᠡᠨ ︽ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠥᠪᠡᠷ ᠪᠡᠶ᠎ᠡ ᠶᠢᠨ | ᠬᠤᠪᠢᠰᠬᠠᠯ ᠤᠨ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠰᠢᠨ᠎ᠡ | ᠠᠶᠠᠨ ᠳᠠᠬᠢ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ | ᠭᠦᠨᠵᠡᠭᠡᠶᠢᠷᠡᠭᠦᠯᠦᠨ ᠠᠬᠢᠭᠤᠯᠤᠶ᠎ᠠ ︾ ᠭᠡᠬᠦ ᠠᠵᠢᠯ ᠤᠨ ᠮᠡᠳᠡᠭᠦᠯᠦᠯᠲᠡ ᠶᠢ ᠬᠢᠨᠠᠨ ᠵᠥᠪᠯᠡᠵᠦ ᠪᠠᠲᠤᠯᠠᠪᠠ ᠃ | ᠪᠦᠭᠦᠳᠡ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠶᠢ ᠨᠠᠷᠢᠨ ᠬᠢᠨᠠᠮᠠᠭᠠᠢ | ᠰᠤᠷᠤᠯᠴᠠᠵᠤ ᠂ ᠭᠦᠨᠵᠡᠭᠡᠢ ᠣᠶᠢᠯᠠᠭᠠᠪᠠ ᠃ ᠶᠠᠷᠢᠶ᠎ᠠ ᠨᠢ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ | ᠮᠠᠨᠳᠤᠯᠲᠠ ᠶᠢᠨ ᠪᠠᠶᠢᠯᠳᠤᠬᠤ ᠪᠣᠳᠣᠯᠭ᠎ᠠ ᠶᠢᠨ ᠪᠦᠭᠦ ᠲᠠᠯ᠎ᠠ ᠪᠣᠯᠣᠨ ᠳᠡᠯᠡᠬᠡᠢ ᠶᠢᠨ ᠵᠠᠭᠤᠨ ᠵᠢᠯ ᠳᠤ ᠲᠣᠬᠢᠶᠠᠯᠳᠤᠭ᠎ᠠ | ᠦᠭᠡᠢ ᠶᠡᠭᠡ ᠬᠤᠪᠢᠰᠤᠯᠲᠠ ᠶᠢ ᠨᠢᠭᠡᠳᠦᠯᠲᠡᠢ ᠲᠥᠯᠥᠪᠵᠢᠭᠦᠯᠬᠦ ᠥᠨᠳᠥᠷᠴᠡ ᠠᠴᠠ᠂ ᠨᠠᠮ ᠤᠨ ᠥᠪᠡᠷ ᠪᠡᠶ᠎ᠡ ᠶᠢᠨ | ᠬᠤᠪᠢᠰᠬᠠᠯ ᠤᠨ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠲᠣᠳᠣᠷᠬᠠᠶᠢᠯᠠᠨ ᠥᠭᠦᠯᠡᠵᠦ ᠂ ᠨᠠᠮ ᠤᠨ ᠥᠪᠡᠷ | ᠪᠡᠶ᠎ᠡ ᠶᠢᠨ ᠬᠤᠪᠢᠰᠬᠠᠯ ᠤᠨ ᠲᠤᠬᠠᠢ ᠭᠤᠷᠪᠠᠨ ᠴᠢᠬᠤᠯᠠ ᠶᠡᠭᠡ ᠠᠰᠠᠭᠤᠳᠠᠯ ᠳᠤ ᠰᠢᠨᠵᠢᠯᠡᠬᠦ ᠤᠬᠠᠭᠠᠨᠴᠢ ᠬᠠᠷᠢᠭᠤᠯᠲᠠ | ᠥᠭᠴᠦ᠂ ᠥᠪᠡᠷ ᠪᠡᠶ᠎ᠡ ᠶᠢᠨ ᠬᠤᠪᠢᠰᠬᠠᠯ ᠢ ᠠᠬᠢᠭᠤᠯᠬᠤ ︽ᠶᠢᠰᠦᠨ︾ ᠦᠢᠯᠡᠳᠦᠯᠭᠡ ᠶᠢᠨ ᠱᠠᠭᠠᠷᠳᠠᠯᠭ᠎ᠠ ᠶᠢ | ᠲᠣᠳᠣᠷᠬᠠᠢ ᠳᠤᠷᠠᠳᠴᠤ᠂ ᠢᠯᠵᠠᠷᠠᠯ ᠢ ᠡᠰᠡᠷᠭᠦᠴᠡᠬᠦ ᠲᠡᠮᠡᠴᠡᠯ ᠢ ᠦᠷᠭᠦᠯᠵᠢᠯᠡᠨ ᠬᠦᠴᠦᠯᠡᠵᠦ᠂ ᠭᠦᠨᠵᠡᠭᠡᠶᠢᠷᠡᠭᠦᠯᠦᠨ | ᠠᠬᠢᠭᠤᠯᠬᠤ ᠲᠤᠬᠠᠢ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠬᠢᠵᠦ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠺᠠᠳ᠋ᠷ ᠤᠨ ᠡᠩᠨᠡᠭᠡ ᠳᠤ ᠨᠠᠨᠳᠢᠨ ᠬᠦᠰᠡᠯ ᠲᠠᠯᠪᠢᠵᠤ᠂ ᠲᠣᠳᠣᠷᠬᠠᠢ ᠱᠠᠭᠠᠷᠳᠠᠯᠭ᠎ᠠ ᠳᠤᠷᠠᠳᠴᠤ᠂ | ᠥᠨᠳᠥᠷ ᠲᠤ ᠵᠣᠭᠰᠣᠨ ᠠᠯᠤᠰ ᠢ ᠪᠠᠷᠠᠯᠠᠵᠤ᠂ ᠬᠠᠷᠠᠭ᠎ᠠ ᠥᠷᠭᠡᠨ᠂ ᠦᠵᠡᠯ ᠰᠠᠨᠠᠭ᠎ᠠ ᠭᠦᠨ ᠭᠦᠨᠵᠡᠭᠡᠢ᠂ | ᠠᠭᠤᠯᠤᠭᠳᠠᠬᠤᠨ ᠪᠠᠶᠠᠯᠢᠭ ᠪᠠᠶᠢᠵᠤ ᠂ ᠮᠠᠨ ᠤ ᠨᠠᠮ ᠤᠨ ᠥᠪᠡᠷ ᠢ ᠪᠠᠨ ᠴᠡᠪᠡᠷᠰᠢᠭᠦᠯᠬᠦ᠂ ᠥᠪᠡᠷ ᠢ ᠪᠠᠨ | ᠲᠡᠭᠦᠯᠳᠡᠷᠵᠢᠭᠦᠯᠬᠦ ᠂ ᠥᠪᠡᠷ ᠢ ᠪᠠᠨ ᠰᠢᠨᠡᠴᠢᠯᠡᠬᠦ ᠂ ᠥᠪᠡᠷ ᠢ ᠪᠠᠨ ᠳᠡᠭᠡᠭᠰᠢᠯᠡᠭᠦᠯᠭᠦ ᠳᠡᠭᠡᠳᠦ ᠬᠡᠮᠵᠢᠶᠡᠨ ᠤ ᠤᠬᠠᠮᠰᠠᠷ ᠢ | ᠭᠦᠢᠴᠡᠳ ᠢᠯᠡᠷᠡᠭᠦᠯᠪᠡ ᠃ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠥᠪᠡᠷ ᠪᠡᠶ᠎ᠡ ᠶᠢᠨ ᠬᠤᠪᠢᠰᠬᠠᠯ ᠤᠨ | ᠲᠤᠬᠠᠢ ᠴᠢᠬᠤᠯᠠ ᠦᠵᠡᠯ ᠰᠠᠨᠠᠭ᠎ᠠ ᠨᠢ ᠰᠢᠨ᠎ᠡ ᠴᠠᠭ ᠦᠶ᠎ᠡ ᠶᠢᠨ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠡᠯᠪᠡᠭ | ᠪᠠᠶᠠᠯᠢᠭ ᠦᠢᠯᠡᠳᠦᠯᠭᠡ ᠶᠢᠨ ᠲᠤᠷᠰᠢᠯᠭ᠎ᠠ ᠪᠣᠯᠣᠨ ᠴᠢᠬᠤᠯᠠ ᠤᠨᠤᠯ ᠤᠨ ᠦᠷ᠎ᠡ ᠪᠦᠲᠦᠭᠡᠯ ᠢ ᠨᠢᠭᠲᠠᠷᠠᠭᠤᠯᠵᠤ᠂ ᠪᠦᠭᠦ | ᠨᠠᠮ ᠤᠨ ᠳᠡᠭᠡᠳᠦ ᠬᠡᠮᠵᠢᠶᠡᠨ ᠤ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠰᠢᠨ᠎ᠡ ᠴᠠᠭ ᠦᠶ᠎ᠡ ᠰᠢᠨ᠎ᠡ ᠠᠶᠠᠨ ᠳᠤ | ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠣᠨ | ᠢᠯᠵᠠᠷᠠᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠠᠬᠢᠭᠤᠯᠬᠤ ᠳᠤ ᠦᠨᠳᠦᠰᠦᠨ ᠵᠢᠷᠤᠮᠯᠠᠯ ᠬᠠᠩᠭᠠᠵᠤ ᠂ ᠰᠢᠨ᠎ᠡ | ᠠᠶᠠᠨ ᠳᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠢ ᠰᠠᠶᠢᠲᠤᠷ ᠬᠢᠬᠦ ᠳᠤ ᠬᠦᠴᠦᠷᠬᠡᠭ ᠶᠡᠭᠡ | ᠦᠵᠡᠯ ᠰᠠᠨᠠᠭᠠᠨ ᠤ ᠵᠡᠪᠰᠡᠭ ᠪᠣᠯᠣᠨ ᠰᠢᠨᠵᠢᠯᠡᠬᠦ ᠤᠬᠠᠭᠠᠨᠴᠢ ᠠᠵᠢᠯᠯᠠᠭᠠᠨ ᠤ ᠵᠦᠭᠯᠡᠭᠦᠷ ᠬᠠᠩᠭᠠᠪᠠ ᠭᠡᠵᠦ ᠰᠠᠨᠠᠯ | ᠨᠢᠭᠡᠲᠡᠢ ᠦᠵᠡᠵᠡᠭᠡᠪᠡ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ | ᠭᠦᠨᠵᠡᠭᠡᠢ ᠰᠤᠷᠤᠯᠴᠠᠨ ᠣᠶᠢᠯᠠᠭᠠᠵᠤ᠂ ᠭᠤᠶᠢᠪᠢᠰᠢ ᠦᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ | ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠤᠯᠤᠰ ᠲᠥᠷᠥ ᠶᠢᠨ ᠤᠬᠠᠮᠰᠠᠷ ᠢᠶᠠᠨ ᠴᠢᠩᠭᠠᠳᠬᠠᠵᠤ᠂ ᠦᠵᠡᠯ | ᠰᠠᠨᠠᠭ᠎ᠠ ᠪᠠ ᠦᠶ᠋ᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠥᠪᠡᠷ ᠪᠡᠶ᠎ᠡ ᠶᠢᠨ | ᠬᠤᠪᠢᠰᠬᠠᠯ ᠤᠨ ᠲᠤᠬᠠᠢ ᠴᠢᠬᠤᠯᠠ ᠦᠵᠡᠯ ᠰᠠᠨᠠᠭ᠎ᠠ ᠲᠠᠢ ᠦᠨᠡᠨ ᠬᠦ ᠨᠢᠭᠡᠳᠬᠡᠵᠦ᠂ ᠰᠢᠨ᠎ᠡ ᠠᠶᠠᠨ ᠳᠤ ᠲᠤᠰᠢᠶᠠᠯ | ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ ᠨᠠᠮ ᠤᠨ ᠥᠪᠡᠷ ᠪᠡᠶ᠎ᠡ ᠶᠢᠨ ᠬᠤᠪᠢᠰᠬᠠᠯ ᠤᠨ ᠰᠢᠨ᠎ᠡ ᠪᠠᠶᠢᠳᠠᠯ ᠢ | ᠨᠡᠭᠡᠭᠡᠬᠦ ᠶᠢᠨ ᠲᠥᠯᠥᠭᠡ ᠴᠥᠬᠦᠷᠡᠰᠢ ᠦᠭᠡᠢ ᠴᠢᠷᠮᠠᠶᠢᠨ᠎ᠠ ᠭᠡᠵᠦ ᠰᠠᠨᠠᠯ ᠨᠢᠭᠡᠲᠡᠢ ᠢᠯᠡᠳᠬᠡᠵᠡᠭᠡᠪᠡ᠃ | ᠪᠦᠭᠦᠳᠡ ᠬᠤᠷᠠᠯ ᠠᠴᠠ ᠂ 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠪᠦᠭᠦ ᠲᠠᠯ᠎ᠠ ᠪᠠᠷ ᠲᠤᠭᠤᠰᠢᠯᠠᠭᠤᠯᠬᠤ ᠡᠭᠢᠯᠡᠯᠲᠡ ᠶᠢᠨ ᠵᠢᠯ ᠮᠥᠨ ᠂ ᠮᠥᠨ ᠴᠤ ᠭᠤᠷᠪᠠᠨ ᠵᠢᠯ ᠤᠨ ᠰᠢᠨ᠎ᠡ ᠲᠢᠲᠢᠮᠯᠢᠭ | ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠱᠠᠲᠤ ᠦᠶ᠎ᠡ | ᠰᠢᠯᠵᠢᠭᠦᠯᠦᠭᠰᠡᠨ ᠤ ᠳᠠᠷᠠᠭᠠᠬᠢ ᠠᠵᠤ ᠠᠬᠤᠢ ᠰᠡᠷᠭᠦᠨ ᠬᠥᠭᠵᠢᠭᠰᠡᠨ ᠨᠢᠭᠡ ᠵᠢᠯ ᠮᠥᠨ ᠃ ᠰᠢ ᠶᠢᠨ ᠫᠢᠩ | ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠪᠦᠭᠦ ᠨᠠᠮ ᠪᠦᠭᠦ ᠤᠯᠤᠰ ᠤᠨ ᠠᠷᠠᠳ ᠲᠦᠮᠡᠨ ᠢ | ᠪᠦᠯᠬᠦᠮᠳᠡᠭᠦᠯᠦᠨ ᠳᠠᠭᠠᠭᠤᠯᠵᠤ ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠂ ᠬᠦᠴᠢᠷ ᠢ ᠲᠤᠭᠤᠯᠤᠨ | ᠪᠡᠷᠬᠡ ᠶᠢ ᠳᠠᠪᠠᠵᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠪᠦᠭᠦ ᠲᠠᠯ᠎ᠠ ᠪᠠᠷ ᠠᠬᠢᠭᠤᠯᠵᠤ ᠂ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠨᠡᠷᠡᠮᠵᠢᠲᠦ ᠲᠣᠮᠣ ᠬᠥᠯᠭᠡ ᠣᠩᠭᠤᠴᠠ ᠶᠢ | ᠵᠢᠯᠣᠭᠤᠳᠤᠨ ᠳᠠᠪᠠᠯᠭᠠᠨ ᠢ ᠵᠦᠰᠦᠨ ᠤᠷᠤᠭᠰᠢᠯᠠᠪᠠ ᠃ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ | ᠤᠯᠤᠰ ᠤᠨ ᠬᠢᠨᠠᠨ ᠪᠠᠶᠢᠴᠠᠭᠠᠬᠤ ᠵᠥᠪᠯᠡᠯ ᠪᠣᠯᠣᠨ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠪᠠᠶᠢᠭᠤᠯᠭ᠎ᠠ ᠶᠡᠷᠦᠩᠬᠡᠢ ᠱᠦᠵᠢ ᠰᠢ ᠶᠢᠨ ᠫᠢᠩ ᠤᠨ ︽ ᠰᠢᠨ᠎ᠡ ᠤᠳᠤᠷᠢᠳᠬᠤ ᠪᠠᠭ ᠂ ᠰᠢᠨ᠎ᠡ ᠳᠦᠷᠢ | ᠲᠥᠷᠬᠦ ᠂ ᠰᠢᠨ᠎ᠡ ᠪᠠᠶᠢᠳᠠᠯ ᠂ ᠰᠢᠨ᠎ᠡ ᠠᠮᠵᠢᠯᠲᠠ ᠪᠦᠲᠦᠮᠵᠢ ︾ ᠶᠢᠨ ᠲᠤᠬᠠᠢ ᠬᠦᠰᠡᠯ ᠡᠷᠡᠮᠡᠯᠵᠡᠯ ᠱᠠᠭᠠᠷᠳᠠᠯᠭ᠎ᠠ ᠶᠢ | ᠪᠠᠲᠤ ᠴᠡᠭᠡᠵᠢᠯᠡᠵᠦ ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ | ᠲᠤᠭᠤᠰᠢᠯᠠᠭᠤᠯᠬᠤ ᠪᠠᠷ ᠭᠤᠣᠯ ᠰᠢᠵᠢᠮ ᠪᠤᠯᠭᠠᠵᠤ ᠂ ᠪᠦᠭᠦ ᠨᠠᠮ ᠢᠶᠠᠷ ᠢᠶᠠᠨ ︽ ᠬᠤᠶᠠᠷ ᠢ ᠲᠣᠭᠲᠠᠭᠠᠭᠰᠠᠨ ︾ ᠢ | ᠡᠷᠡᠰ ᠬᠦᠷᠢᠶᠡᠯᠡᠬᠦ ᠂ ︽ ᠬᠤᠶᠠᠷ ᠢ ᠬᠠᠮᠠᠭᠠᠯᠠᠬᠤ ︾ ᠶᠢ ᠡᠷᠡᠰ ᠪᠡᠶᠡᠯᠡᠭᠦᠯᠬᠦ ᠪᠠᠷ ᠡᠭᠦᠷᠭᠡ ᠬᠠᠷᠢᠭᠤᠴᠠᠯᠭ᠎ᠠ ᠪᠤᠯᠭᠠᠵᠤ ᠂ | ᠲᠣᠮᠣ ᠨᠠᠮ ᠳᠤ ᠯᠡ ᠪᠠᠶᠢᠳᠠᠭ ᠬᠦᠴᠢᠷ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠬᠤ ᠂ ᠪᠦᠭᠦ ᠲᠠᠯ᠎ᠠ ᠪᠠᠷ ᠨᠠᠮ ᠢ | ᠴᠢᠩᠭ᠎ᠠ ᠵᠠᠰᠠᠬᠤ ᠰᠢᠰᠲ᠋ᠧᠮ ᠢ ᠪᠦᠷᠢᠨᠰᠢᠭᠦᠯᠬᠦ ᠪᠠᠷ ᠬᠠᠷᠠᠯᠲᠠ ᠴᠢᠭᠯᠡᠯ ᠪᠤᠯᠭᠠᠵᠤ ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ | ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠪᠠ ᠪᠦᠭᠦ ᠤᠯᠤᠰ ᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠺᠠᠳ᠋ᠷ ᠤᠨ ᠡᠩᠨᠡᠭᠡᠨ ᠤ ᠬᠥᠮᠦᠵᠢᠯ ᠴᠡᠭᠴᠡᠯᠡᠯᠲᠡ ᠶᠢ ᠥᠷᠨᠢᠭᠦᠯᠬᠦ ᠪᠠᠷ ᠭᠤᠣᠯᠳᠠᠯᠭ᠎ᠠ ᠪᠤᠯᠭᠠᠵᠤ᠂ | ᠭᠦᠨᠵᠡᠭᠡᠢ ᠰᠤᠷᠤᠯᠴᠠᠬᠤ᠂ ᠪᠣᠳᠠᠲᠤ ᠪᠠᠶᠢᠴᠠᠭᠠᠨ ᠰᠤᠳᠤᠯᠤᠯᠲᠠ ᠬᠢᠬᠦ᠂ ᠨᠠᠶᠢᠳᠠᠪᠤᠷᠢᠵᠢᠭᠤᠯᠤᠯᠲᠠ ᠶᠢ ᠠᠳᠬᠤᠬᠤ᠂ | ᠢᠮᠠᠭᠲᠠ ᠴᠢᠩᠭ᠎ᠠ ᠪᠠᠶᠢᠬᠤ ᠦᠨᠳᠦᠰᠦᠨ ᠭᠦᠭ ᠠᠶᠠᠰ᠂ ᠴᠢᠩᠭ᠎ᠠ ᠠᠷᠭ᠎ᠠ ᠬᠡᠮᠵᠢᠶ᠎ᠡ᠂ ᠴᠢᠩᠭ᠎ᠠ ᠠᠭᠤᠷ ᠠᠮᠢᠰᠬᠤᠯ ᠢᠶᠠᠷ | ᠤᠯᠤᠰ ᠲᠥᠷᠥ ᠶᠢᠨ ᠬᠢᠨᠠᠯᠲᠠ ᠶᠢ ᠴᠢᠩᠭᠠᠳᠬᠠᠵᠤ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ | ᠢᠯᠵᠠᠷᠠᠯ ᠢ ᠡᠰᠡᠷᠭᠦᠴᠡᠵᠦ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠢ | ᠬᠥᠭᠵᠢᠯᠲᠡ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠣᠯᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ | ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠬᠦᠴᠦᠲᠡᠢ ᠪᠠᠲᠤᠯᠠᠭ᠎ᠠ ᠬᠠᠩᠭᠠᠪᠠ᠃ ᠲᠥᠪ ᠤᠨ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠰᠤᠷᠤᠯᠴᠠᠬᠤ ᠶᠢ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠨᠢᠭᠡᠳᠦᠭᠡᠷ ᠬᠢᠴᠢᠶᠡᠯ ᠪᠤᠯᠭᠠᠵᠤ᠂ ᠭᠤᠣᠯᠳᠠᠯᠭ᠎ᠠ ᠲᠠᠢ | ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ᠂ ᠲᠠᠪᠤᠨ | ᠵᠢᠯ ᠢ ᠪᠣᠳᠣᠯᠬᠢᠯᠠᠨ ᠪᠠᠶᠢᠷᠢᠯᠠᠭᠤᠯᠵᠤ᠂ ᠰᠢᠨ᠎ᠡ ᠠᠶᠠᠨ ᠳᠠᠬᠢ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ | ᠠᠵᠢᠯ ᠤᠨ ᠵᠥᠪ ᠴᠢᠭᠯᠡᠯ ᠢ ᠪᠠᠲᠤ ᠡᠵᠡᠮᠳᠡᠪᠡ᠃ ᠭᠤᠣᠯ ᠰᠡᠳᠦᠪᠲᠦ ᠬᠥᠮᠦᠵᠢᠯ ᠪᠣᠯᠣᠨ ᠬᠥᠮᠦᠵᠢᠯ ᠴᠡᠭᠴᠡᠯᠡᠯᠲᠡ ᠶᠢ | ᠯᠠᠪᠳᠠᠭᠤᠨ ᠪᠠᠲᠤᠲᠠᠢ ᠥᠷᠨᠢᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠡᠳᠬᠢᠯ ᠲᠠᠯᠪᠢᠨ ᠰᠡᠳᠬᠢᠯᠭᠡ ᠲᠠᠢ ᠪᠠᠷ ᠭᠦᠨᠵᠡᠭᠡᠢ | ᠰᠤᠷᠤᠯᠴᠠᠨ ᠨᠠᠷᠢᠯᠢᠭ ᠣᠶᠢᠯᠠᠭᠠᠵᠤ᠂ ︽ᠬᠤᠶᠠᠷ ᠢ ᠬᠠᠮᠠᠭᠠᠯᠠᠬᠤ︾ ᠴᠢᠬᠤᠯᠠ ᠶᠡᠭᠡ ᠤᠯᠤᠰ ᠲᠥᠷᠥ ᠶᠢᠨ | ᠬᠠᠷᠢᠭᠤᠴᠠᠯᠭ᠎ᠠ ᠶᠢ ᠡᠷᠡᠰ ᠭᠤᠶᠢᠪᠢᠰᠢ ᠦᠭᠡᠢ ᠡᠭᠦᠷᠭᠡᠯᠡᠵᠦ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ | ᠪᠦᠭᠦᠨ ᠢ ᠢᠯᠠᠭᠴᠢ ᠴᠡᠷᠢᠭ ᠠᠩᠭᠢ ᠶᠢ ᠪᠠᠶᠢᠭᠤᠯᠬᠤ ᠶᠢ ᠴᠢᠩᠭ᠎ᠠ ᠬᠠᠮᠢᠶᠠᠷᠴᠤ ᠴᠢᠩᠭ᠎ᠠ ᠵᠠᠰᠠᠪᠠ᠃ ᠨᠠᠮ ᠤᠨ | ᠬᠤᠷᠢᠳᠤᠭᠠᠷ ᠶᠡᠭᠡ ᠬᠤᠷᠠᠯ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠲᠠᠢ ᠨᠢᠭᠲᠠ ᠤᠶᠠᠯᠳᠤᠭᠤᠯᠤᠨ | ᠤᠯᠤᠰ ᠲᠦᠷᠦ ᠶᠢᠨ ᠬᠢᠨᠠᠯᠲᠠ ᠲᠠᠯᠪᠢᠬᠤ ᠶᠢ ᠴᠢᠩᠭᠠᠳᠬᠠᠵᠤ᠂ ᠰᠢᠨ᠎ᠡ ᠠᠶᠠᠨ ᠳᠤ ᠰᠠᠶᠢᠨ ᠡᠭᠢᠯᠡᠯᠲᠡ ᠲᠠᠢ ᠰᠠᠶᠢᠲᠤᠷ | ᠡᠬᠢᠯᠡᠭᠦᠯᠬᠦ ᠶᠢ ᠪᠠᠲᠤᠯᠠᠪᠠ᠃ ᠢᠯᠵᠠᠷᠠᠯ ᠢ ᠡᠰᠡᠷᠭᠦᠴᠡᠬᠦ ᠲᠡᠮᠡᠴᠡᠯ ᠢ ᠦᠷᠭᠦᠯᠵᠢᠯᠡᠨ ᠭᠦᠨᠵᠡᠭᠡᠢ ᠠᠬᠢᠭᠤᠯᠵᠤ᠂ ᠮᠥᠩᠭᠦᠨ | ᠭᠦᠢᠯᠭᠡᠭᠡᠨ᠂ ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠶᠡᠭᠡ ᠳᠡᠭᠡᠳᠦ ᠰᠤᠷᠭᠠᠭᠤᠯᠢ᠂ ᠪᠡᠶ᠎ᠡ ᠶᠢᠨ ᠲᠠᠮᠢᠷ᠂ | ᠨᠠᠪᠴᠢᠨ ᠲᠠᠮᠠᠬᠢ᠂ ᠡᠮ ᠡᠮᠨᠡᠯᠭᠡ᠂ ᠠᠮᠤ ᠪᠤᠳᠠᠭ᠎ᠠ ᠬᠤᠳᠠᠯᠳᠤᠨ ᠠᠪᠬᠤ ᠪᠠ ᠪᠣᠷᠣᠯᠠᠭᠤᠯᠬᠤ᠂ ᠲᠤᠭ᠎ᠠ ᠪᠦᠷᠢᠳᠬᠡᠯ | ᠵᠡᠷᠭᠡ ᠬᠦᠷᠢᠶᠡᠨ ᠳᠠᠬᠢ ᠢᠯᠵᠠᠷᠠᠯ ᠤᠨ ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠰᠢᠰᠲ᠋ᠧᠮ ᠤᠨ | ᠴᠢᠨᠠᠷᠲᠠᠢ ᠢᠯᠵᠠᠷᠠᠯ ᠤᠨ ᠠᠶᠤᠯ ᠲᠦᠭᠰᠢᠭᠦᠷᠢ ᠶᠢᠨ ᠭᠡᠮ ᠰᠣᠭᠤᠭ ᠢ ᠡᠷᠡᠰ ᠠᠷᠢᠯᠭᠠᠵᠤ᠂ ᠢᠯᠵᠠᠷᠠᠬᠤ ᠠᠴᠠ | ᠵᠢᠷᠦᠬᠡᠰᠢᠶᠡᠬᠦ᠂ ᠢᠯᠵᠠᠷᠠᠵᠤ ᠪᠤᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠣᠭᠴᠠᠵᠢᠭᠤᠯᠤᠨ | ᠠᠬᠢᠭᠤᠯᠵᠤ᠂ ᠭᠢᠯᠪᠠᠷ ᠪᠤᠰᠤ ᠪᠠᠷ ᠣᠯᠣᠭᠰᠠᠨ ᠳᠡᠶᠢᠯᠦᠩᠭᠦᠢ ᠴᠢᠨᠠᠷᠲᠠᠢ ᠢᠯᠠᠯᠲᠠ ᠶᠢ ᠪᠦᠭᠦ ᠲᠠᠯ᠎ᠠ ᠪᠠᠷ | ᠪᠠᠬᠢᠵᠢᠭᠦᠯᠪᠡ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠥᠬᠦᠷᠡᠰᠢ ᠦᠭᠡᠢ ᠨᠠᠶᠢᠳᠠᠪᠤᠷᠢᠵᠢᠭᠤᠯᠵᠤ ᠂ | ᠵᠠᠯᠠᠷᠠᠭᠤᠯᠬᠤ ᠱᠤᠭᠤᠬᠤ ᠶᠢ ᠵᠡᠷᠭᠡ ᠪᠠᠷ ᠴᠢᠬᠤᠯᠠᠴᠢᠯᠠᠵᠤ ᠰᠤᠷᠲᠠᠯ ᠤᠨ ᠪᠠᠶᠢᠭᠤᠯᠤᠯᠲᠠ ᠶᠢᠨ ᠪᠠᠶᠢᠩᠭᠤ ᠪᠦᠲᠦᠮᠵᠢᠲᠡᠢ | ᠪᠠᠶᠢᠬᠤ ᠶᠢ ᠠᠬᠢᠭᠤᠯᠪᠠ᠃ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠭᠦ ᠲᠠᠯ᠎ᠠ ᠪᠠᠷ ᠴᠢᠩᠭᠠᠳᠬᠠᠵᠤ᠂ | ᠴᠢᠩᠭ᠎ᠠ ᠬᠠᠮᠢᠶᠠᠷᠴᠤ ᠬᠢᠨᠠᠯᠲᠠ ᠲᠠᠯᠪᠢᠬᠤ ᠶᠢ ᠠᠬᠢᠭᠤᠯᠬᠤ ᠪᠠ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ | ᠭᠠᠷᠭᠠᠬᠤ ᠶᠢ ᠵᠣᠷᠢᠭᠵᠢᠭᠤᠯᠬᠤ ᠶᠢ ᠨᠢᠭᠡᠳᠬᠡᠪᠡ᠃ ᠤᠯᠤᠰ ᠲᠦᠷᠦ ᠶᠢᠨ ᠲᠣᠭᠤᠷᠢᠨ ᠪᠠᠶᠢᠴᠠᠭᠠᠯᠲᠠ ᠶᠢ ᠡᠷᠡᠰ | ᠭᠤᠶᠢᠪᠢᠰᠢ ᠦᠭᠡᠢ ᠭᠦᠨᠵᠡᠭᠡᠶᠢᠷᠡᠭᠦᠯᠵᠦ᠂ ᠲᠥᠪ ᠠᠴᠠ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠨᠠᠮ ᠤᠨ | ᠵᠣᠬᠢᠶᠠᠨ ᠪᠠᠶᠢᠭᠤᠯᠤᠯᠲᠠ ᠳᠤ ᠲᠣᠭᠤᠷᠢᠨ ᠪᠠᠶᠢᠴᠠᠭᠠᠯᠲᠠ ᠶᠢ ᠪᠦᠭᠦᠨ ᠢ ᠪᠦᠷᠬᠦᠭᠦᠯᠬᠦ ᠶᠢ ᠴᠢᠨᠠᠷ ᠰᠠᠶᠢᠲᠠᠢ | ᠪᠡᠶᠡᠯᠡᠭᠦᠯᠪᠡ᠃ ᠳᠦᠷᠢᠮ ᠢᠶᠠᠷ ᠨᠠᠮ ᠢ ᠵᠠᠰᠠᠬᠤ ᠂ ᠲᠣᠭᠲᠠᠭᠠᠯ ᠢᠶᠠᠷ ᠨᠠᠮ ᠢ ᠵᠠᠰᠠᠬᠤ ᠱᠠᠭᠠᠷᠳᠠᠯᠭ᠎ᠠ ᠶᠢ ᠭᠦᠨᠵᠡᠭᠡᠢ | ᠲᠤᠭᠤᠰᠢᠯᠠᠭᠤᠯᠵᠤ ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ | ᠦᠷᠭᠦᠯᠵᠢᠯᠡᠨ ᠠᠬᠢᠭᠤᠯᠵᠤ ᠂ ᠨᠠᠮ ᠤᠨ ᠲᠥᠪ ᠬᠤᠷᠢᠶ᠎ᠠ ᠶᠢ ᠬᠠᠮᠵᠢᠨ ᠰᠠᠬᠢᠯᠭ᠎ᠠ ᠪᠠᠲᠤ ᠶᠢᠨ ᠰᠢᠢᠳᠬᠡᠯ ᠥᠭᠬᠦ | ᠳᠦᠷᠢᠮ ᠳᠤ ᠵᠠᠰᠠᠪᠤᠷᠢ ᠣᠷᠣᠭᠤᠯᠵᠤ ᠂ ᠨᠠᠮ ᠤᠨ ᠥᠪᠡᠷ ᠪᠡᠶ᠎ᠡ ᠶᠢᠨ ᠬᠤᠪᠢᠰᠬᠠᠯ ᠤᠨ ᠳᠦᠷᠢᠮ ᠤᠨ ᠵᠢᠷᠤᠮᠵᠢᠯ ᠤᠨ | ᠰᠢᠰᠲ᠋ᠧᠮ ᠢ ᠲᠡᠭᠦᠯᠳᠡᠷᠵᠢᠭᠦᠯᠬᠦ ᠶᠢ ᠠᠬᠢᠭᠤᠯᠪᠠ ᠃ ᠠᠮᠵᠢᠯᠲᠠ ᠪᠠᠨ ᠨᠤᠲᠠᠯᠠᠬᠤ ᠶᠢᠨ ᠬᠠᠮᠲᠤ ᠰᠠᠬᠢᠯᠭ᠎ᠠ ᠪᠠᠲᠤ | ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠪᠠ ᠺᠠᠳ᠋ᠷ ᠤᠨ ᠡᠩᠨᠡᠭᠡᠨ ᠤ ᠪᠠᠶᠢᠭᠤᠯᠤᠯᠲᠠ ᠳᠤ ᠣᠷᠣᠰᠢᠵᠤ ᠪᠠᠶᠢᠭ᠎ᠠ | ᠠᠰᠠᠭᠤᠳᠠᠯ ᠢ ᠦᠨᠡᠨ ᠢ ᠪᠠᠷᠢᠮᠲᠠᠯᠠᠨ ᠵᠠᠳᠠᠯᠵᠤ ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ ᠂ ᠦᠨᠡᠨ ᠬᠦ | ᠰᠢᠢᠳᠪᠦᠷᠢᠯᠡᠪᠡ ᠭᠡᠵᠦ ᠵᠢᠭᠠᠵᠤ ᠭᠠᠷᠭᠠᠪᠠ᠃ | ᠪᠦᠭᠦᠳᠡ ᠬᠤᠷᠠᠯ ᠠᠴᠠ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠶᠡᠷᠦᠩᠬᠡᠢ ᠱᠦᠵᠢ | ᠰᠢ ᠶᠢᠨ ᠫᠢᠩ ᠪᠦᠭᠦ ᠨᠠᠮ ᠢ ᠳᠠᠭᠠᠭᠤᠯᠤᠨ ᠤᠷᠢᠳ ᠡᠮᠦᠨ᠎ᠡ ᠪᠠᠶᠢᠭ᠎ᠠ ᠦᠭᠡᠢ ᠡᠷᠡᠰ ᠵᠣᠷᠢᠭ ᠴᠢᠩᠭ᠎ᠠ ᠡᠷᠴᠢᠮ ᠢᠶᠠᠷ | ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠠᠬᠢᠭᠤᠯᠵᠤ᠂ ᠪᠦᠲᠦᠭᠡᠯᠴᠢ ᠴᠢᠨᠠᠷᠲᠠᠢ ᠪᠠᠷ ᠠᠩᠬᠠᠨ ᠤ | ᠡᠭᠦᠳᠦᠯᠲᠡ ᠶᠢᠨ ᠴᠢᠨᠠᠷᠲᠠᠢ᠂ ᠪᠡᠯᠭᠡ ᠲᠡᠮᠳᠡᠭ ᠤᠨ ᠴᠢᠨᠠᠷᠲᠠᠢ ᠠᠯᠢ ᠤᠯᠠᠨ ᠰᠢᠨ᠎ᠡ ᠣᠶᠢᠯᠠᠭᠠᠭᠳᠠᠬᠤᠨ ᠰᠢᠨ᠎ᠡ ᠦᠵᠡᠯ | ᠰᠠᠨᠠᠭ᠎ᠠ ᠰᠢᠨ᠎ᠡ ᠪᠠᠶᠢᠯᠳᠤᠬᠤ ᠪᠣᠳᠣᠯᠭ᠎ᠠ ᠶᠢ ᠳᠤᠷᠠᠳᠤᠨ ᠭᠠᠷᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ | ᠥᠪᠡᠷ ᠪᠡᠶ᠎ᠡ ᠶᠢᠨ ᠬᠤᠪᠢᠰᠬᠠᠯ ᠤᠨ ᠲᠤᠬᠠᠢ ᠴᠢᠬᠤᠯᠠ ᠦᠵᠡᠯ ᠰᠠᠨᠠᠭ᠎ᠠ ᠶᠢ ᠪᠦᠷᠢᠯᠳᠦᠭᠦᠯᠵᠦ᠂ ᠵᠠᠭᠤᠨ ᠵᠢᠯ ᠤᠨ | ᠲᠡᠦᠬᠡ ᠲᠠᠢ ᠲᠣᠮᠣ ᠨᠠᠮ ᠢ ᠵᠢᠯᠣᠭᠤᠳᠤᠨ ᠥᠪᠡᠷ ᠪᠡᠶ᠎ᠡ ᠶᠢᠨ ᠬᠤᠪᠢᠰᠬᠠᠯ ᠤᠨ ᠰᠢᠨ᠎ᠡ ᠠᠬᠤᠢ ᠪᠠᠶᠢᠳᠠᠯ ᠢ | ᠨᠡᠭᠡᠭᠡᠪᠡ᠃ ᠡᠨᠡ ᠪᠣᠯ ᠮᠠᠨ ᠤ ᠨᠠᠮ ᠤᠨ ︽ᠬᠤᠶᠠᠷ ᠢ ᠤᠶᠠᠯᠳᠤᠭᠤᠯᠬᠤ︾ ᠶᠢ ᠪᠠᠷᠢᠮᠲᠠᠯᠠᠵᠤ ᠤᠨᠤᠯ ᠤᠨ ᠰᠢᠨ᠎ᠡ ᠶᠢ | ᠡᠭᠦᠳᠬᠦ ᠶᠢ ᠠᠬᠢᠭᠤᠯᠤᠭᠠᠳ ᠣᠯᠣᠭᠰᠠᠨ ᠰᠢᠨ᠎ᠡ ᠦᠷ᠎ᠡ ᠪᠦᠲᠦᠭᠡᠯ ᠮᠥᠨ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨ᠎ᠡ ᠬᠠᠭᠤᠳᠠᠰᠤ | ᠮᠥᠨ᠂ ᠮᠠᠨ ᠤ ᠨᠠᠮ ᠤᠨ ᠮᠠᠷᠺᠰ ᠤᠨ ᠦᠵᠡᠯ ᠤᠨ ᠲᠦᠷᠦ ᠶᠢᠨ ᠨᠠᠮ ᠤᠨ ᠪᠠᠶᠢᠭᠤᠯᠤᠯᠲᠠ ᠶᠢᠨ ᠵᠢᠮ᠎ᠡ ᠶᠣᠰᠣ ᠂ ᠡᠪ | ᠬᠠᠮᠲᠤ ᠨᠠᠮ ᠤᠨ ᠲᠦᠷᠦ ᠪᠠᠷᠢᠬᠤ ᠵᠢᠮ᠎ᠡ ᠶᠣᠰᠣᠨ ᠤ ᠲᠤᠬᠠᠢ ᠲᠠᠨᠢᠯᠲᠠ ᠰᠢᠨ᠎ᠡ ᠥᠨᠳᠥᠷᠴᠡ ᠳᠤ ᠭᠦᠷᠦᠭᠰᠡᠨ ᠢ | ᠬᠠᠷᠠᠭᠤᠯᠵᠤ ᠪᠠᠶᠢᠨ᠎ᠠ᠃ ᠡᠨᠡ ᠬᠦ ᠴᠢᠬᠤᠯᠠ ᠦᠵᠡᠯ ᠰᠠᠨᠠᠭ᠎ᠠ ᠨᠢ ᠮᠠᠨ ᠤ ᠨᠠᠮ ᠤᠨ ︽ ᠶᠠᠭᠤᠨ ᠳᠤ ᠥᠪᠡᠷ ᠪᠡᠶ᠎ᠡ ᠶᠢᠨ | ᠬᠤᠪᠢᠰᠬᠠᠯ ᠬᠢᠬᠦ ᠪᠤᠢ ︾ ᠭᠡᠬᠦ ᠴᠢᠬᠤᠯᠠ ᠶᠡᠭᠡ ᠠᠰᠠᠭᠤᠳᠠᠯ ᠳᠤ ᠭᠦᠨᠵᠡᠭᠡᠢ ᠬᠠᠷᠢᠭᠤᠯᠲᠠ ᠥᠭᠴᠦ ᠂ ᠪᠦᠭᠦ ᠨᠠᠮ ᠤᠨ | ᠤᠭ ᠰᠠᠨᠠᠭ᠎ᠠ ᠪᠠᠨ ᠡᠭᠦᠷᠢᠳᠡ ᠪᠠᠲᠤᠯᠠᠵᠤ ᠂ ᠡᠭᠦᠷᠭᠡ ᠬᠠᠷᠢᠭᠤᠴᠠᠯᠭ᠎ᠠ ᠡᠭᠦᠷᠭᠡᠯᠡᠬᠦ ᠦᠨᠳᠦᠰᠦᠨ ᠡᠭᠦᠷᠭᠡ ᠶᠢ | ᠲᠣᠳᠣᠷᠬᠠᠢ ᠵᠢᠭᠠᠪᠠ︔ ᠮᠠᠨ ᠤ ᠨᠠᠮ ᠤᠨ ︽ ᠶᠠᠭᠤᠨ ᠳᠤ ᠥᠪᠡᠷ ᠪᠡᠶ᠎ᠡ ᠶᠢᠨ ᠬᠤᠪᠢᠰᠬᠠᠯ ᠢ ᠬᠢᠵᠦ ᠴᠢᠳᠠᠬᠤ | ᠪᠤᠢ ︾ ᠭᠡᠬᠦ ᠴᠢᠬᠤᠯᠠ ᠶᠡᠭᠡ ᠠᠰᠠᠭᠤᠳᠠᠯ ᠳᠤ ᠭᠦᠨᠵᠡᠭᠡᠢ ᠬᠠᠷᠢᠭᠤᠯᠲᠠ ᠥᠭᠴᠦ᠂ ᠪᠦᠭᠦ ᠨᠠᠮ ᠢᠶᠠᠷ ᠢᠶᠠᠨ | ︽ᠬᠤᠶᠠᠳᠤᠭᠠᠷ ᠬᠠᠷᠢᠭᠤᠯᠲᠠ︾ ᠶᠢ ᠰᠠᠶᠢᠲᠤᠷ ᠬᠡᠷᠡᠭᠯᠡᠬᠦ ᠂ ᠲᠣᠮᠣ ᠨᠠᠮ ᠳᠤ ᠯᠠ ᠪᠠᠶᠢᠳᠠᠭ ᠬᠦᠴᠢᠷ ᠠᠰᠠᠭᠤᠳᠠᠯ ᠢ | ᠰᠢᠢᠳᠪᠦᠷᠢᠯᠡᠬᠦ ᠢᠲᠡᠭᠡᠯ ᠵᠣᠷᠢᠭ ᠢ ᠪᠠᠲᠤᠳᠬᠠᠪᠠ ︔ ᠮᠠᠨ ᠤ ᠨᠠᠮ ᠤᠨ ︽ ᠥᠪᠡᠷ ᠪᠡᠶ᠎ᠡ ᠶᠢᠨ ᠬᠤᠪᠢᠰᠬᠠᠯ ᠬᠢᠬᠦ ᠶᠢ | ᠬᠡᠷᠬᠢᠨ ᠠᠬᠢᠭᠤᠯᠬᠤ ᠪᠤᠢ ︾ ᠭᠡᠬᠦ ᠴᠢᠬᠤᠯᠠ ᠶᠡᠭᠡ ᠠᠰᠠᠭᠤᠳᠠᠯ ᠳᠤ ᠭᠦᠨᠵᠡᠭᠡᠢ ᠬᠠᠷᠢᠭᠤᠯᠲᠠ ᠥᠭᠴᠦ᠂ ᠨᠠᠮ ᠤᠨ | ᠠᠮᠢᠵᠢᠷᠠᠯ ᠤᠨ ᠬᠦᠴᠦᠨ ᠢᠶᠠᠨ ᠡᠭᠦᠷᠢᠳᠡ ᠪᠠᠲᠤᠯᠠᠵᠤ ᠂ ᠰᠢᠨ᠎ᠡ ᠰᠢᠯᠭᠠᠯᠲᠠ ᠶᠢ ᠤᠭᠲᠤᠬᠤ ᠵᠠᠮ ᠢᠶᠠᠷ ᠰᠠᠶᠢᠲᠤᠷ | ᠵᠠᠮᠨᠠᠬᠤ ᠭᠡᠭᠡᠨ ᠰᠠᠷᠠᠭᠤᠯ ᠢᠷᠡᠭᠡᠳᠦᠢ ᠶᠢ ᠢᠯᠡᠷᠡᠭᠦᠯᠪᠡ ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ | ᠪᠠᠶᠢᠭᠤᠯᠭ᠎ᠠ ᠪᠣᠯ ᠨᠠᠮ ᠤᠨ ᠥᠪᠡᠷ ᠪᠡᠶ᠎ᠡ ᠶᠢᠨ ᠬᠤᠪᠢᠰᠬᠠᠯ ᠢ ᠠᠬᠢᠭᠤᠯᠬᠤ ᠴᠢᠬᠤᠯᠠ ᠬᠦᠴᠦᠨ ᠮᠥᠨ ᠂ ᠭᠦᠨ | ᠵᠤᠵᠠᠭᠠᠨ ᠬᠠᠶᠢᠷ᠎ᠠ ᠰᠡᠳᠬᠢᠯᠭᠡ ᠶᠢ ᠡᠪᠦᠷᠯᠡᠨ ᠂ ᠡᠷᠡᠰ ᠪᠠᠲᠤ ᠢᠲᠡᠭᠡᠯ ᠪᠢᠰᠢᠷᠡᠯ ᠢ ᠡᠪᠦᠷᠯᠡᠨ ᠂ ᠪᠠᠲᠤ ᠴᠢᠩᠭ᠎ᠠ | ᠡᠭᠦᠷᠭᠡ ᠬᠠᠷᠢᠭᠤᠴᠠᠯᠭ᠎ᠠ ᠶᠢ ᠡᠪᠦᠷᠯᠡᠨ ᠭᠦᠨᠵᠡᠭᠡᠢ ᠰᠤᠷᠤᠯᠴᠠᠨ ᠨᠠᠷᠢᠯᠢᠭ ᠣᠶᠢᠯᠠᠭᠠᠵᠤ ᠂ ᠡᠨᠡ ᠬᠦ ᠴᠢᠬᠤᠯᠠ ᠦᠵᠡᠯ | ᠰᠠᠨᠠᠭᠠᠨ ᠤ ᠭᠤᠣᠯ ᠴᠢᠮᠦᠭᠡ ᠪᠠ ᠴᠢᠬᠤᠯᠠ ᠠᠭᠤᠯᠭ᠎ᠠ ᠂ ᠦᠢᠯᠡᠳᠦᠯᠭᠡ ᠶᠢᠨ ᠱᠠᠭᠠᠷᠳᠠᠯᠭ᠎ᠠ ᠶᠢ ᠣᠨᠣᠪᠴᠢᠲᠠᠢ | ᠡᠵᠡᠮᠳᠡᠨ ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠪᠦᠭᠦ ᠶᠠᠪᠤᠴᠠ ᠡᠯ᠎ᠡ ᠲᠠᠯ᠎ᠠ ᠳᠤ | ᠤᠬᠠᠮᠰᠠᠷ ᠠᠴᠠ ᠪᠠᠨ ᠲᠤᠭᠤᠰᠢᠯᠠᠭᠤᠯᠵᠤ ᠂ ᠡᠭᠦᠷᠢᠳᠡ ᠵᠣᠭᠰᠣᠰᠢ ᠦᠭᠡᠢ ᠡᠷᠡᠰ ᠪᠠᠲᠤ ᠵᠣᠷᠢᠭ ᠢᠶᠠᠷ ᠨᠠᠮ ᠤᠨ ᠥᠪᠡᠷ | ᠪᠡᠶ᠎ᠡ ᠶᠢᠨ ᠬᠤᠪᠢᠰᠬᠠᠯ ᠢ ᠡᠴᠦᠰ ᠲᠤᠨᠢ ᠲᠤᠯᠲᠠᠯ᠎ᠠ ᠬᠢᠬᠦ ᠬᠡᠷᠡᠭᠲᠡᠢ ᠭᠡᠵᠦ ᠴᠢᠬᠤᠯᠠᠴᠢᠯᠠᠪᠠ ᠃ | ᠪᠦᠭᠦᠳᠡ ᠬᠤᠷᠠᠯ ᠠᠴᠠ ᠂ 2024 ᠣᠨ ᠪᠣᠯ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ | ᠪᠠᠶᠢᠭᠤᠯᠤᠭᠳᠠᠭᠰᠠᠨ 75 ᠵᠢᠯ ᠤᠨ ᠣᠶ ᠪᠣᠯᠣᠨ᠎ᠠ ᠂ ︽ ᠠᠷᠪᠠᠨ ᠳᠥᠷᠪᠡᠳᠦᠭᠡᠷ ᠲᠠᠪᠤᠨ ᠵᠢᠯ ︾ ᠤᠨ | ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠪᠣᠯᠣᠨ᠎ᠠ᠃ ᠡᠨᠡ ᠵᠢᠯ ᠤᠨ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠢ ᠰᠠᠶᠢᠲᠤᠷ ᠬᠢᠬᠦ ᠳᠤ ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ | ᠪᠤᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ | ᠬᠤᠷᠢᠶ᠎ᠠ ᠶᠢᠨ ᠬᠤᠶᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠥᠪᠡᠷ ᠪᠡᠶ᠎ᠡ ᠶᠢᠨ ᠬᠤᠪᠢᠰᠬᠠᠯ ᠬᠢᠬᠦ | ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠢ ᠪᠦᠭᠦ ᠲᠠᠯ᠎ᠠ ᠪᠠᠷ ᠴᠢᠩᠭ᠎ᠠ | ᠵᠠᠰᠠᠬᠤ ᠪᠠᠶᠢᠯᠳᠤᠬᠤ ᠪᠣᠳᠣᠯᠭ᠎ᠠ ᠶᠢᠨ ᠴᠢᠭᠯᠡᠯᠲᠡ ᠶᠢ ᠡᠷᠡᠰ ᠨᠠᠶᠢᠳᠠᠪᠤᠷᠢᠵᠢᠭᠤᠯᠵᠤ᠂ ︽ᠬᠤᠶᠠᠷ ᠢ ᠲᠣᠭᠲᠠᠭᠠᠭᠰᠠᠨ︾ ᠤ | ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠤᠬᠠᠮᠰᠠᠷ ᠠᠴᠠ ᠪᠠᠨ ︽ᠳᠥᠷᠪᠡᠨ | ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ | ᠪᠡᠶᠡᠯᠡᠭᠦᠯᠵᠦ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ | ᠪᠠᠷᠢᠮᠲᠠᠯᠠᠵᠤ ᠂ ᠭᠤᠣᠯ ᠰᠡᠳᠦᠪᠲᠦ ᠬᠥᠮᠦᠵᠢᠯ ᠪᠣᠯᠣᠨ ᠬᠥᠮᠦᠵᠢᠯ ᠴᠡᠭᠴᠡᠯᠡᠯᠲᠡ ᠶᠢᠨ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠵᠦ ᠂ ᠨᠠᠮ ᠤᠨ ᠳᠦᠷᠢᠮ ᠪᠠ ᠦᠨᠳᠦᠰᠦᠨ ᠬᠠᠤᠯᠢ ᠠᠴᠠ ᠣᠯᠭᠤᠭᠰᠠᠨ ᠲᠤᠰᠢᠶᠠᠯ | ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ | ᠪᠦᠷᠢᠨᠰᠢᠭᠦᠯᠬᠦ ᠶᠢ ᠠᠬᠢᠭᠤᠯᠵᠤ ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠠᠯ ᠢ ᠡᠰᠡᠷᠭᠦᠴᠡᠬᠦ | ᠠᠵᠢᠯ ᠢ ᠭᠦᠨᠵᠡᠭᠡᠶᠢᠷᠡᠭᠦᠯᠦᠨ ᠠᠬᠢᠭᠤᠯᠵᠤ ᠂ ᠰᠢᠨ᠎ᠡ ᠠᠶᠠᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ | ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠭᠦᠨᠵᠡᠭᠡᠢ ᠠᠬᠢᠭᠤᠯᠵᠤ ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠪᠦᠭᠦ ᠲᠠᠯ᠎ᠠ ᠪᠠᠷ ᠠᠬᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠃ | ᠨᠢᠭᠡᠳᠦᠭᠡᠷ ᠲᠤ ᠂ ᠰᠡᠳᠬᠢᠯ ᠢ ᠨᠢᠭᠲᠠᠷᠠᠭᠤᠯᠤᠨ ᠰᠦᠭ ᠰᠦᠨᠡᠰᠦ ᠶᠢ ᠱᠤᠭᠤᠬᠤ ᠶᠢ ᠲᠣᠪᠤᠶᠢᠯᠭᠠᠨ ᠭᠤᠣᠯ | ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠭᠦᠨᠵᠡᠭᠡᠶᠢᠷᠡᠭᠦᠯᠦᠨ ᠥᠷᠭᠡᠳᠬᠡᠬᠦ ᠬᠡᠷᠡᠭᠲᠡᠢ ᠃ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠢᠯᠠᠩᠭᠤᠶ᠎ᠠ | ᠨᠠᠮ ᠤᠨ ᠥᠪᠡᠷ ᠪᠡᠶ᠎ᠡ ᠶᠢᠨ ᠬᠤᠪᠢᠰᠬᠠᠯ ᠬᠢᠬᠦ ᠴᠢᠬᠤᠯᠠ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠬᠥᠮᠦᠵᠢᠯ ᠪᠣᠯᠪᠠᠰᠤᠷᠠᠯ ᠤᠨ ᠭᠤᠣᠯ ᠰᠡᠳᠦᠪ ᠭᠤᠣᠯ | ᠰᠢᠵᠢᠮ ᠪᠤᠯᠭᠠᠵᠤ ᠂ ︽ ᠨᠢᠭᠡᠳᠦᠭᠡᠷ ᠵᠥᠪᠯᠡᠬᠦ ᠰᠡᠳᠦᠪ ︾ ᠤᠨ ᠳᠦᠷᠢᠮ ᠬᠠᠮᠲᠤ ᠶᠢᠨ ᠰᠤᠷᠤᠯᠴᠠᠯᠭ᠎ᠠ ᠶᠢᠨ ᠳᠦᠷᠢᠮ ᠢ | ᠪᠦᠷᠢᠨᠰᠢᠭᠦᠯᠦᠨ ᠴᠢᠩᠭ᠎ᠠ ᠬᠡᠷᠡᠭᠵᠢᠭᠦᠯᠵᠦ ᠂ ᠭᠦᠨᠵᠡᠭᠡᠶᠢᠷᠡᠭᠦᠯᠬᠦ ᠂ ᠬᠠᠳᠠᠩᠰᠢᠭᠤᠯᠬᠤ ᠂ ᠬᠤᠪᠢᠷᠠᠭᠤᠯᠬᠤ ᠲᠠᠯ᠎ᠠ ᠪᠠᠷ | ᠦᠷᠭᠦᠯᠵᠢᠯᠡᠨ ᠬᠦᠴᠦᠯᠡᠵᠦ ᠂ ᠤᠬᠠᠮᠰᠠᠷ ᠠᠴᠠ ᠪᠠᠨ ᠨᠠᠮ ᠤᠨ ᠰᠢᠨ᠎ᠡ ᠶᠢ ᠡᠭᠦᠳᠦᠭᠰᠡᠨ ᠤᠨᠤᠯ ᠤᠨ ᠳᠤᠮᠳᠠ ᠠᠴᠠ | ᠣᠶᠢᠯᠠᠭᠠᠭᠳᠠᠬᠤᠨ ᠢ ᠡᠷᠢᠵᠦ᠂ ᠰᠡᠳᠬᠢᠮᠵᠢ ᠶᠢ ᠡᠷᠢᠵᠦ ᠂ ᠠᠷᠭ᠎ᠠ ᠡᠷᠢᠵᠦ ᠂ ᠠᠷᠭ᠎ᠠ ᠠᠪᠴᠠᠯ ᠢ ᠡᠷᠢᠵᠦ ᠂ | ᠰᠤᠷᠤᠯᠴᠠᠯᠭ᠎ᠠ ᠶᠢᠨ ᠦᠷ᠎ᠡ ᠪᠦᠲᠦᠭᠡᠯ ᠢ ᠲᠠᠰᠤᠷᠠᠯᠳᠠ ᠦᠭᠡᠢ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠨ | ᠢᠯᠵᠠᠷᠠᠯ ᠢ ᠡᠰᠡᠷᠭᠦᠴᠡᠬᠦ ᠶᠢᠨ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ ᠃ | ᠬᠤᠶᠠᠳᠤᠭᠠᠷ ᠲᠤ ᠂ ︽ ᠬᠤᠶᠠᠷ ᠢ ᠬᠠᠮᠠᠭᠠᠯᠠᠬᠤ ︾ ᠶᠢ ᠲᠣᠪᠤᠶᠢᠯᠭᠠᠨ ᠤᠯᠤᠰ ᠲᠦᠷᠦ ᠶᠢᠨ ᠬᠢᠨᠠᠯᠲᠠ | ᠲᠠᠯᠪᠢᠬᠤ ᠶᠢ ᠭᠦᠨᠵᠡᠭᠡᠶᠢᠷᠡᠭᠦᠯᠬᠦ ᠬᠡᠷᠡᠭᠲᠡᠢ ᠃ ᠨᠠᠮ ᠤᠨ ᠤᠯᠤᠰ ᠲᠥᠷᠥ ᠶᠢᠨ ᠰᠠᠬᠢᠯᠭ᠎ᠠ ᠪᠠᠲᠤ ᠪᠠ ᠤᠯᠤᠰ | ᠲᠥᠷᠥ ᠶᠢᠨ ᠶᠣᠰᠣ ᠳᠦᠷᠢᠮ ᠢ ᠴᠢᠩᠳᠠᠯᠠᠬᠤ ᠶᠢ ᠲᠣᠪᠤᠶᠢᠮ᠎ᠠ ᠪᠠᠶᠢᠷᠢᠨ ᠳᠤ ᠲᠠᠯᠪᠢᠵᠤ᠂ ᠤᠯᠤᠰ ᠲᠥᠷᠥ ᠶᠢᠨ | ᠦᠨᠡᠨᠴᠢ ᠰᠢᠳᠤᠷᠭᠤ᠂ ᠤᠯᠤᠰ ᠲᠥᠷᠥ ᠶᠢᠨ ᠠᠮᠤᠷ ᠲᠦᠪᠰᠢᠨ᠂ ᠤᠯᠤᠰ ᠲᠥᠷᠥ ᠶᠢᠨ ᠬᠠᠷᠢᠭᠤᠴᠠᠯᠭ᠎ᠠ᠂ ᠤᠯᠤᠰ | ᠲᠥᠷᠥ ᠶᠢᠨ ᠵᠣᠭᠰᠣᠯᠲᠠ᠂ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠳᠤ ᠠᠩᠬᠠᠷᠤᠯ ᠢᠶᠠᠨ | ᠲᠥᠪᠯᠡᠷᠡᠭᠦᠯᠵᠦ᠂ ᠤᠯᠤᠰ ᠲᠥᠷᠥ ᠶᠢᠨ ᠵᠥᠷᠢᠶ᠎ᠡ ᠶᠢ ᠡᠷᠡᠰ ᠵᠠᠯᠠᠷᠠᠭᠤᠯᠵᠤ᠂ ᠤᠯᠤᠰ ᠲᠥᠷᠥ ᠶᠢᠨ ᠭᠡᠮ ᠰᠣᠭᠤᠭ ᠢ | ᠴᠠᠭ ᠲᠤᠬᠠᠢ ᠳᠤᠨᠢ ᠠᠷᠢᠯᠭᠠᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ | ᠴᠣᠬᠤᠯᠠᠪᠤᠷᠢ ᠪᠠ ᠨᠠᠮ ᠤᠨ ᠲᠥᠪ ᠬᠤᠷᠢᠶ᠎ᠠ ᠶᠢᠨ ᠦᠨᠳᠦᠰᠦᠨ ᠪᠣᠳᠣᠯᠭ᠎ᠠ ᠴᠢᠭᠯᠡᠯᠲᠡ ᠲᠠᠢ ᠨᠢᠭᠲᠠ | ᠤᠶᠠᠯᠳᠤᠭᠤᠯᠤᠨ ᠤᠯᠤᠰ ᠲᠦᠷᠦ ᠶᠢᠨ ᠬᠢᠨᠠᠯᠲᠠ ᠶᠢ ᠴᠢᠩᠭᠠᠳᠬᠠᠵᠤ᠂ ᠨᠠᠶᠢᠳᠠᠪᠤᠷᠢᠵᠢᠭᠤᠯᠤᠭᠰᠠᠨ ᠪᠠᠶᠢᠳᠠᠯ ᠢ ︽ᠡᠷᠭᠢᠨ | ᠬᠠᠷᠠᠬᠤ︾ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠪᠦᠭᠦ ᠨᠠᠮ ᠤᠨ ᠦᠵᠡᠯ ᠰᠠᠨᠠᠭ᠎ᠠ ᠪᠠᠨ ᠨᠢᠭᠡᠳᠬᠡᠬᠦ ᠂ ᠵᠣᠷᠢᠭ | ᠰᠠᠨᠠᠭ᠎ᠠ ᠪᠠᠨ ᠨᠢᠭᠡᠳᠬᠡᠬᠦ᠂ ᠠᠯᠬᠤᠮ ᠨᠢᠭᠡᠲᠡᠢ ᠤᠷᠤᠭᠰᠢᠯᠠᠬᠤ ᠶᠢ ᠱᠠᠯᠠᠪᠳᠠᠭᠤᠯᠬᠤ ᠬᠡᠷᠡᠭᠲᠡᠢ ᠃ | ᠭᠤᠷᠪᠠᠳᠤᠭᠠᠷ ᠲᠤ ᠂ ᠬᠥᠷᠥᠰᠥ ᠰᠢᠷᠣᠢ ᠨᠥᠬᠦᠴᠡᠯ ᠢ ᠠᠷᠢᠯᠭᠠᠬᠤ ᠶᠢ ᠲᠣᠪᠤᠶᠢᠯᠭᠠᠨ ᠢᠯᠵᠠᠷᠠᠯ ᠢ ᠡᠰᠡᠷᠭᠦᠴᠡᠬᠦ | ᠲᠡᠮᠡᠴᠡᠯ ᠢ ᠭᠦᠨᠵᠡᠭᠡᠶᠢᠷᠡᠭᠦᠯᠬᠦ ᠬᠡᠷᠡᠭᠲᠡᠢ ᠃ ᠢᠯᠵᠠᠷᠠᠯ ᠢ ᠡᠰᠡᠷᠭᠦᠴᠡᠬᠦ ᠲᠡᠮᠡᠴᠡᠯ ᠢ ᠦᠷᠭᠦᠯᠵᠢᠯᠡᠨ ᠬᠦᠴᠦᠯᠡᠵᠦ ᠂ | ᠭᠦᠨᠵᠡᠭᠡᠶᠢᠷᠡᠭᠦᠯᠦᠨ ᠠᠬᠢᠭᠤᠯᠵᠤ ᠂ ᠢᠯᠵᠠᠷᠠᠬᠤ ᠠᠴᠠ ᠵᠢᠷᠦᠬᠡᠰᠢᠶᠡᠬᠦ ᠂ ᠢᠯᠵᠠᠷᠠᠵᠤ ᠪᠤᠯᠬᠤ ᠦᠭᠡᠢ ᠂ ᠢᠯᠵᠠᠷᠠᠬᠤ ᠶᠢ | ᠪᠤᠳᠤᠬᠤ ᠦᠭᠡᠢ ᠪᠠᠶᠢᠬᠤ ᠶᠢ ᠨᠢᠭᠡ ᠴᠣᠭᠴᠠᠵᠢᠭᠤᠯᠤᠨ ᠠᠬᠢᠭᠤᠯᠵᠤ ᠂ ᠥᠨᠳᠥᠷ ᠳᠠᠷᠤᠯᠲᠠᠲᠤ ᠪᠠᠶᠢᠳᠠᠯ ᠢ | ᠴᠢᠩᠭᠠᠳᠬᠠᠵᠤ ᠂ ᠭᠤᠣᠯᠳᠠᠯᠭ᠎ᠠ ᠲᠠᠢ ᠠᠰᠠᠭᠤᠳᠠᠯ ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠂ ᠭᠤᠣᠯᠳᠠᠯᠭ᠎ᠠ ᠲᠠᠢ | ᠡᠲᠡᠭᠡᠳ ᠂ ᠰᠢᠨ᠎ᠡ ᠭᠡᠯᠪᠡᠷᠢ ᠶᠢᠨ ᠢᠯᠵᠠᠷᠠᠯ ᠪᠠ ᠲᠠᠯᠳᠠ ᠢᠯᠵᠠᠷᠠᠯ ᠢ ᠦᠷᠭᠦᠯᠵᠢᠯᠡᠨ ᠴᠢᠩᠭ᠎ᠠ ᠠᠩᠬᠠᠷᠴᠤ ᠂ | ᠵᠠᠰᠠᠭ ᠤᠨ ᠣᠷᠳᠣᠨ ᠪᠠ ᠬᠤᠳᠠᠯᠳᠤᠭᠠᠴᠢᠨ ᠤ ᠰᠦᠯᠪᠡᠭᠡᠯᠡᠭᠰᠡᠨ ᠢᠯᠵᠠᠷᠠᠯ ᠢ ᠴᠢᠩᠭ᠎ᠠ ᠰᠢᠢᠳᠬᠡᠬᠦ ᠶᠢ ᠪᠣᠭᠤᠮᠲᠠ | ᠰᠢᠪᠲᠤᠯᠬᠤ ᠳᠠᠶᠢᠯᠠᠯᠳᠤᠭᠠᠨ ᠤ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠤᠯᠭᠠᠵᠤ ᠂ ᠮᠥᠩᠭᠦᠨ ᠭᠦᠢᠯᠭᠡᠭᠡᠨ ᠂ | ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠡᠨᠧᠷᠭᠢ ᠂ ᠨᠠᠪᠴᠢᠨ ᠲᠠᠮᠠᠬᠢ ᠂ ᠡᠮ ᠡᠮᠨᠡᠯᠭᠡ ᠂ ᠦᠨᠳᠦᠰᠦᠨ | ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠪᠠ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠵᠡᠷᠭᠡ | ᠬᠦᠷᠢᠶᠡᠨ ᠳᠠᠬᠢ ᠢᠯᠵᠠᠷᠠᠯ ᠤᠨ ᠠᠰᠠᠭᠤᠳᠠᠯ ᠢ ᠭᠦᠨᠵᠡᠭᠡᠢ ᠴᠡᠭᠴᠡᠯᠡᠨ ᠵᠠᠰᠠᠵᠤ ᠂ ᠤᠯᠠᠨ ᠲᠦᠮᠡᠨ ᠤ ᠳᠡᠷᠭᠡᠳᠡᠬᠢ | ᠢᠯᠵᠠᠷᠠᠯ ᠢ ᠡᠷᠡᠰ ᠵᠠᠯᠬᠠᠭᠠᠨ ᠰᠢᠢᠳᠬᠡᠵᠦ ᠂ ᠬᠢᠯᠢ ᠠᠯᠤᠰᠯᠠᠭᠰᠠᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ | ᠴᠡᠭᠴᠡᠯᠡᠨ ᠵᠠᠰᠠᠬᠤ ᠬᠡᠷᠡᠭᠲᠡᠢ ᠃ ᠬᠡᠷᠡᠭ ᠢᠶᠠᠷ ᠴᠡᠭᠴᠡᠯᠡᠨ ᠰᠠᠶᠢᠵᠢᠷᠠᠭᠤᠯᠤᠯᠲᠠ ᠶᠢ ᠠᠬᠢᠭᠤᠯᠬᠤ ᠂ ᠬᠡᠷᠡᠭ ᠢᠶᠠᠷ | ᠵᠠᠰᠠᠯᠲᠠ ᠶᠢ ᠠᠬᠢᠭᠤᠯᠬᠤ ᠶᠢ ᠴᠢᠩᠭᠠᠳᠬᠠᠵᠤ ᠂ ᠭᠤᠣᠯᠳᠠᠯᠭ᠎ᠠ ᠲᠠᠢ ᠬᠦᠷᠢᠶᠡᠨ ᠤ ᠪᠠᠶᠢᠭᠤᠯᠤᠮᠵᠢ ᠲᠣᠭᠲᠠᠴᠠ ᠶᠢᠨ | ᠥᠭᠡᠷᠡᠴᠢᠯᠡᠯᠲᠡ ᠶᠢ ᠠᠬᠢᠭᠤᠯᠬᠤ ᠬᠡᠷᠡᠭᠲᠡᠢ ᠃ ᠵᠥᠪ ᠪᠤᠷᠤᠭᠤ ᠬᠤᠶᠠᠷ ᠲᠠᠯ᠎ᠠ ᠶᠢᠨ ᠬᠥᠮᠦᠵᠢᠯ ᠢ ᠴᠢᠩᠭᠠᠳᠬᠠᠵᠤ ᠂ | ᠰᠢᠨ᠎ᠡ ᠴᠠᠭ ᠦᠶ᠎ᠡ ᠶᠢᠨ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠵᠤ ᠂ ᠠᠷᠢᠭᠤᠨ | ᠴᠢᠬᠡᠴᠢ ᠨᠢ ᠢᠷᠠᠭᠤ ᠠᠯᠳᠠᠷ ᠲᠠᠢ ᠱᠠᠮᠰᠢᠬᠤ ᠨᠢ ᠢᠴᠢᠭᠦᠷᠢ ᠲᠠᠢ ᠪᠠᠶᠢᠬᠤ ᠨᠡᠶᠢᠭᠡᠮ ᠤᠨ ᠠᠭᠤᠷ ᠠᠮᠢᠰᠬᠤᠯ ᠤᠨ | ᠪᠦᠷᠢᠯᠳᠦᠬᠦ ᠶᠢ ᠠᠬᠢᠭᠤᠯᠬᠤ ᠬᠡᠷᠡᠭᠲᠡᠢ ᠃ ᠬᠡᠭᠡᠯᠢ ᠢᠳᠡᠵᠦ ᠬᠠᠭ᠋ᠤᠤᠯᠢ ᠲᠦᠯᠬᠢᠭᠰᠡᠨ ᠬᠡᠷᠡᠭ ᠢ ᠬᠠᠮᠲᠤ ᠳᠤᠨᠢ | ᠪᠠᠶᠢᠴᠠᠭᠠᠬᠤ ᠠᠵᠢᠯ ᠢ ᠴᠢᠩᠭᠠᠳᠬᠠᠵᠤ ᠂ ᠭᠤᠣᠯᠳᠠᠯᠭ᠎ᠠ ᠲᠠᠢ ᠬᠡᠭᠡᠯᠢ ᠲᠦᠯᠬᠢᠭᠴᠢ ᠶᠢ ᠬᠤᠯᠪᠤᠭᠠᠯᠠᠨ ᠵᠠᠯᠬᠠᠭᠠᠨ | ᠴᠡᠭᠡᠷᠯᠡᠭᠦᠯᠬᠦ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ ᠢᠯᠵᠠᠷᠠᠯ ᠢ ᠡᠰᠡᠷᠭᠦᠴᠡᠬᠦ ᠪᠠᠭᠠᠵᠢ ᠶᠢᠨ ᠬᠠᠶᠢᠷᠴᠠᠭ ᠢ | ᠴᠢᠩᠭᠠᠳᠬᠠᠨ ᠲᠡᠭᠦᠯᠳᠡᠷᠵᠢᠭᠦᠯᠵᠦ᠂ ᠬᠢᠨᠠᠨ ᠪᠤᠳᠤᠬᠤ ᠵᠡᠷᠭᠡ ᠠᠰᠠᠭᠤᠳᠠᠯ ᠤᠨ ᠰᠦᠪᠡᠭᠴᠢ ᠶᠢ ᠰᠢᠯᠵᠢᠭᠦᠯᠦᠨ ᠬᠦᠷᠭᠡᠵᠦ | ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ ᠂ ᠢᠯᠵᠠᠷᠠᠯ ᠢ ᠡᠰᠡᠷᠭᠦᠴᠡᠬᠦ ᠲᠤᠬᠠᠢ | ᠤᠯᠤᠰ ᠤᠨ ᠬᠠᠤᠯᠢ ᠲᠣᠭᠲᠠᠭᠠᠯᠲᠠ ᠶᠢ ᠦᠷᠭᠦᠯᠵᠢᠯᠡᠨ ᠠᠬᠢᠭᠤᠯᠬᠤ ᠬᠡᠷᠡᠭᠲᠡᠢ ᠃ | ᠳᠥᠷᠪᠡᠳᠦᠭᠡᠷ ᠲᠤ᠂ ᠪᠠᠶᠢᠩᠭᠤᠵᠢᠭᠰᠠᠨ ᠤᠷᠳᠤ ᠬᠤᠭᠤᠴᠠᠭ᠎ᠠ ᠪᠠᠷ ᠪᠦᠲᠦᠮᠵᠢᠲᠡᠢ ᠪᠠᠶᠢᠬᠤ ᠶᠢ ᠲᠣᠪᠤᠶᠢᠯᠭᠠᠨ | ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠬᠤ ᠬᠡᠷᠡᠭᠲᠡᠢ᠃ | ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠶᠢ ᠲᠤᠰᠬᠠᠢ ᠴᠡᠭᠴᠡᠯᠡᠨ ᠵᠠᠰᠠᠵᠤ᠂ ︽ᠠᠯᠪᠠᠨ ᠶᠠᠪᠤᠳᠠᠯ ᠤᠨ | ᠨᠡᠷ᠎ᠡ ᠪᠠᠷ ᠢᠳᠡᠬᠦ︾᠂ ︽ᠬᠤᠭᠤᠯᠠᠨ ᠭᠡᠷ ᠤᠨ ᠬᠢ ᠶᠢ ᠢᠳᠡᠬᠦ︾᠂ ︽ᠬᠤᠭᠤᠯᠠᠨ ᠭᠡᠷ ᠤᠨ ᠡᠵᠡᠨ ᠤ ᠬᠢ ᠶᠢ | ᠢᠳᠡᠬᠦ︾᠂ ︽ᠳᠣᠣᠷ᠎ᠠ ᠱᠠᠲᠤ ᠶᠢᠨ ᠬᠢ ᠪᠠᠨ ᠢᠳᠡᠬᠦ︾ ᠵᠡᠷᠭᠡ ᠠᠰᠠᠭᠤᠳᠠᠯ ᠢ ᠴᠢᠩᠭ᠎ᠠ ᠪᠠᠶᠢᠴᠠᠭᠠᠬᠤ | ᠬᠡᠷᠡᠭᠲᠡᠢ᠃ ᠰᠤᠷᠲᠠᠯ ᠤᠨ ᠢᠯᠵᠠᠷᠠᠯ ᠢ ᠬᠠᠮᠲᠤ ᠪᠠᠷ ᠪᠠᠶᠢᠴᠠᠭᠠᠵᠤ ᠬᠠᠮᠲᠤ ᠪᠠᠷ ᠵᠠᠰᠠᠬᠤ ᠠᠵᠢᠯ ᠤᠨ ᠲᠣᠭᠲᠠᠴᠠ ᠶᠢ | ᠲᠡᠭᠦᠯᠳᠡᠷᠵᠢᠭᠦᠯᠵᠦ᠂ ︽ᠰᠤᠷᠲᠠᠯ ᠤᠨ ᠢᠯᠵᠠᠷᠠᠯ ᠢ ᠪᠠᠶᠢᠴᠠᠭᠠᠬᠤ︾ ᠪᠥᠭᠡᠳ ︽ᠢᠯᠵᠠᠷᠠᠯ ᠢ ᠢᠯᠡᠷᠡᠭᠦᠯᠬᠦ ᠪᠠᠷ ᠲᠠᠮᠵᠢᠨ | ᠰᠤᠷᠲᠠᠯ ᠢ ᠵᠠᠯᠠᠷᠠᠭᠤᠯᠬᠤ︾ ᠬᠡᠷᠡᠭᠲᠡᠢ᠃ ᠺᠠᠳ᠋ᠷ ᠤᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠬᠡᠯᠪᠡᠷᠢᠴᠢ ᠦᠵᠡᠯ᠂ | ᠨᠣᠶᠠᠨᠴᠢ ᠰᠤᠷᠲᠠᠯ ᠢ ᠴᠢᠩᠭ᠎ᠠ ᠵᠠᠯᠠᠷᠠᠭᠤᠯᠤᠨ ᠵᠠᠰᠠᠵᠤ᠂ ᠤᠳᠤᠷᠢᠳᠬᠤ ᠪᠠᠶᠢᠭᠤᠯᠭ᠎ᠠ ᠠᠴᠠ ᠡᠬᠢᠯᠡᠨ ᠠᠳᠬᠤᠵᠤ᠂ | ᠤᠳᠤᠷᠢᠳᠬᠤ ᠺᠠᠳ᠋ᠷ ᠠᠴᠠ ᠡᠬᠢᠯᠡᠨ ᠵᠠᠯᠠᠷᠠᠭᠤᠯᠵᠤ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ᠂ ᠴᠢᠨᠠᠷ ᠰᠠᠶᠢᠲᠠᠢ ᠬᠥᠭᠵᠢᠯᠲᠡ ᠶᠢ ᠨᠥᠯᠥᠭᠡᠯᠡᠬᠦ᠂ | ᠦᠨᠳᠦᠰᠦᠨ ᠱᠠᠲᠤᠨ ᠤ ᠳᠠᠷᠤᠭᠠᠰᠤ ᠶᠢ ᠬᠦᠨᠳᠦᠷᠡᠭᠦᠯᠬᠦ᠂ ᠡᠷᠬᠡ ᠶᠢᠨ ᠦᠵᠡᠯᠲᠡ ᠭᠠᠵᠢᠭᠤᠳᠠᠭᠰᠠᠨ ᠵᠠᠰᠠᠭ ᠤᠨ | ᠠᠵᠢᠯ ᠤᠨ ᠪᠦᠳᠦᠮᠵᠢ ᠶᠢᠨ ᠦᠵᠡᠯᠲᠡ ᠲᠥᠪ ᠪᠤᠰᠤ ᠵᠡᠷᠭᠡ ᠠᠰᠠᠭᠤᠳᠠᠯ ᠢ ᠡᠷᠡᠰ ᠵᠠᠯᠠᠷᠠᠭᠤᠯᠬᠤ ᠬᠡᠷᠡᠭᠲᠡᠢ᠃ | ᠲᠠᠪᠤᠳᠤᠭᠠᠷ ᠲᠤ᠂ ᠴᠢᠩᠭ᠎ᠠ ᠪᠠᠶᠢᠬᠤ ᠦᠨᠳᠦᠰᠦᠨ ᠭᠦᠭ ᠠᠶᠠᠰ ᠢ ᠲᠣᠪᠤᠶᠢᠯᠭᠠᠨ ᠨᠠᠮ ᠤᠨ ᠰᠠᠬᠢᠯᠭ᠎ᠠ | ᠪᠠᠲᠤ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠬᠦ ᠬᠡᠷᠡᠭᠲᠡᠢ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ᠰᠠᠬᠢᠯᠭ᠎ᠠ | ᠪᠠᠲᠤ ᠶᠢᠨ ᠰᠢᠢᠳᠬᠡᠯ ᠥᠭᠬᠦ ᠳᠦᠷᠢᠮ ᠢ ᠰᠤᠷᠤᠯᠴᠠᠨ ᠲᠤᠭᠤᠰᠢᠯᠠᠭᠤᠯᠬᠤ ᠪᠠᠷ ᠠᠵᠠ ᠲᠣᠭᠢᠶᠠᠯ ᠪᠣᠯᠭᠠᠨ ᠰᠠᠬᠢᠯᠭ᠎ᠠ | ᠪᠠᠲᠤ ᠶᠢᠨ ᠬᠥᠮᠦᠵᠢᠯ ᠢ ᠴᠢᠩᠭᠠᠳᠬᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠨᠠᠷᠢᠨ | ᠬᠢᠨᠠᠮᠠᠭᠠᠢ ᠥᠷᠨᠢᠭᠦᠯᠦᠨ᠂ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠶᠢ ᠠᠩᠬᠠᠷᠤᠯ ᠳᠠᠭᠠᠨ ᠠᠪᠬᠤ ᠦᠭᠡᠢ᠂ | ᠣᠶᠢᠯᠠᠭᠠᠬᠤ ᠦᠭᠡᠢ ᠪᠠᠶᠢᠬᠤ᠂ ᠡᠵᠡᠮᠰᠢᠬᠦ ᠦᠭᠡᠢ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠬᠦ | ᠬᠡᠷᠡᠭᠲᠡᠢ᠃ ︽ᠳᠥᠷᠪᠡᠨ ᠵᠦᠢᠯ ᠤᠨ ᠭᠡᠯᠪᠡᠷᠢ︾ ᠢ ᠵᠢᠷᠤᠮᠵᠢᠭᠤᠯᠤᠨ ᠬᠡᠷᠡᠭᠯᠡᠬᠦ ᠪᠠᠷ ᠤᠳᠤᠷᠢᠳᠤᠮᠵᠢ ᠪᠣᠯᠭᠠᠨ ᠰᠠᠬᠢᠯᠭ᠎ᠠ | ᠪᠠᠲᠤ ᠶᠢ ᠴᠢᠩᠭ᠎ᠠ ᠬᠡᠷᠡᠭᠵᠢᠭᠦᠯᠵᠦ᠂ ᠰᠠᠬᠢᠯᠭ᠎ᠠ ᠪᠠᠲᠤ ᠶᠢ ᠵᠥᠷᠢᠴᠡᠭᠰᠡᠨ ᠬᠡᠮᠵᠢᠶ᠎ᠡ ᠶᠢᠨ ᠰᠢᠨᠵᠢ ᠴᠢᠨᠠᠷ ᠢ ᠤᠨᠤᠪᠴᠢᠳᠠᠢ | ᠲᠣᠭᠲᠠᠭᠠᠵᠤ ᠬᠠᠤᠯᠢ ᠬᠡᠷᠡᠭᠵᠢᠭᠦᠯᠬᠦ ᠶᠢ ᠠᠬᠢᠭᠤᠯᠬᠤ ᠬᠡᠷᠡᠭᠲᠡᠢ᠃ ᠤᠯᠤᠰ ᠲᠦᠷᠦ ᠶᠢᠨ ᠬᠠᠷᠢᠭᠤᠴᠠᠯᠭ᠎ᠠ ᠶᠢ ᠴᠢᠩᠭ᠎ᠠ | ᠪᠣᠳᠠᠲᠠᠢ ᠨᠠᠶᠢᠳᠠᠪᠤᠷᠢᠵᠢᠭᠤᠯᠬᠤ ᠪᠠᠷ ᠭᠠᠷᠳᠠᠴᠠ ᠪᠣᠯᠭᠠᠨ ᠨᠠᠮ ᠢ ᠬᠠᠮᠢᠶᠠᠷᠴᠤ ᠨᠠᠮ ᠢ ᠵᠠᠰᠠᠬᠤ ᠬᠠᠮᠲᠤᠷᠠᠯ ᠬᠦᠴᠦᠨ ᠢ | ᠨᠢᠭᠲᠠᠷᠠᠭᠤᠯᠵᠤ᠂ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠬᠦ᠂ ᠨᠢᠭᠡᠳᠦᠯᠲᠡᠢ ᠵᠣᠬᠢᠴᠠᠭᠤᠯᠬᠤ | ᠬᠠᠷᠢᠭᠤᠴᠠᠯᠭ᠎ᠠ ᠶᠢᠨ ᠪᠠᠶᠢᠷᠢᠰᠢᠯ ᠢ ᠪᠦᠷᠢᠨᠰᠢᠭᠦᠯᠬᠦ ᠬᠡᠷᠡᠭᠲᠡᠢ᠃ ᠬᠠᠷᠢᠭᠤᠴᠠᠯᠭ᠎ᠠ ᠲᠤᠯᠭᠠᠬᠤ ᠳᠦᠷᠢᠮ ᠢ | ᠲᠡᠭᠦᠯᠳᠡᠷᠵᠢᠭᠦᠯᠬᠦ ᠬᠡᠷᠡᠭᠲᠡᠢ᠃ | ᠵᠢᠷᠭᠤᠳᠤᠭᠠᠷ ᠲᠤ᠂ ᠤᠯᠤᠰ ᠲᠦᠷᠦ ᠶᠢᠨ ᠪᠠᠶᠢᠷᠢ ᠲᠣᠭᠲᠠᠭᠠᠯᠲᠠ ᠶᠢ ᠲᠣᠪᠤᠶᠢᠯᠭᠠᠨ ᠲᠣᠭᠤᠷᠢᠨ ᠦᠵᠡᠵᠦ | ᠲᠣᠭᠤᠷᠢᠨ ᠪᠠᠶᠢᠴᠠᠭᠠᠬᠤ ᠶᠢ ᠭᠦᠨᠵᠡᠭᠡᠶᠢᠷᠡᠭᠦᠯᠬᠦ ᠬᠡᠷᠡᠭᠲᠡᠢ᠃ ᠲᠣᠭᠤᠷᠢᠨ ᠪᠠᠶᠢᠴᠠᠭᠠᠬᠤ ᠶᠢ ᠪᠦᠭᠦᠨ ᠢ ᠪᠦᠷᠬᠦᠭᠦᠯᠬᠦ ᠶᠢ | ᠯᠠᠪᠳᠠᠭᠤᠨ ᠪᠠᠲᠤᠲᠠᠢ ᠠᠬᠢᠭᠤᠯᠵᠤ᠂ ᠲᠡᠰ ᠳᠡᠪᠰᠢᠭᠦᠯᠦᠨ ᠲᠣᠭᠤᠷᠢᠨ ᠪᠠᠶᠢᠴᠠᠭᠠᠬᠤ᠂ ᠬᠤᠯᠪᠤᠭᠠᠯᠠᠨ ᠲᠣᠭᠤᠷᠢᠨ | ᠪᠠᠶᠢᠴᠠᠭᠠᠬᠤ ᠶᠢ ᠭᠦᠨᠵᠡᠭᠡᠢ ᠰᠦᠪᠡᠭᠴᠢᠯᠡᠵᠦ᠂ ᠮᠤᠵᠢ ᠥᠪᠡᠷᠲᠡᠭᠡᠨ ᠵᠠᠰᠠᠬᠤ ᠣᠷᠣᠨ ᠰᠢᠭᠤᠳ ᠬᠠᠷᠢᠶ᠎ᠠ ᠬᠤᠲᠠ ᠶᠢᠨ | ᠲᠣᠭᠤᠷᠢᠨ ᠪᠠᠶᠢᠴᠠᠭᠠᠬᠤ ᠠᠵᠢᠯ ᠢ ᠵᠢᠭᠠᠨ ᠵᠢᠯᠤᠭᠤᠳᠴᠤ ᠱᠠᠯᠠᠪᠳᠠᠭᠤᠯᠤᠨ ᠵᠢᠯᠤᠭᠤᠳᠬᠤ ᠪᠠᠨ ᠴᠢᠩᠭᠠᠳᠬᠠᠵᠤ᠂ | ᠲᠥᠪ ᠤᠨ ᠨᠢᠭᠡᠴᠢ ᠶᠢᠨ ᠳᠣᠲᠣᠭᠠᠳᠤ ᠶᠢᠨ ᠲᠣᠭᠤᠷᠢᠨ ᠪᠠᠶᠢᠴᠠᠭᠠᠯᠲᠠ ᠶᠢ ᠬᠡᠰᠡᠭ ᠬᠤᠪᠢᠶᠠᠨ᠂ ᠠᠵᠢᠯ ᠲᠦᠷᠦᠯ | ᠬᠤᠪᠢᠶᠠᠨ ᠵᠢᠯᠤᠭᠤᠳᠬᠤ ᠠᠵᠢᠯ ᠤᠨ ᠲᠣᠭᠲᠠᠴᠠ ᠶᠢ ᠪᠠᠶᠢᠭᠤᠯᠵᠤ᠂ ᠬᠤᠲᠠ ᠰᠢᠶᠠᠨ ᠤ ᠲᠣᠭᠤᠷᠢᠨ ᠪᠠᠶᠢᠴᠠᠭᠠᠯᠲᠠ ᠶᠢ | ᠦᠨᠳᠦᠰᠦᠨ ᠱᠠᠲᠤ ᠲᠡᠶᠢᠰᠢ ᠤᠷᠲᠤᠳᠬᠠᠬᠤ ᠶᠢ ᠪᠦᠭᠦ ᠲᠠᠯ᠎ᠠ ᠪᠠᠷ ᠠᠬᠢᠭᠤᠯᠬᠤ ᠬᠡᠷᠡᠭᠲᠡᠢ᠃ ᠲᠣᠭᠤᠷᠢᠨ ᠪᠠᠶᠢᠴᠠᠭᠠᠬᠤ | ᠠᠵᠢᠯ ᠤᠨ ᠳᠦᠷᠢᠮ ᠢ ᠰᠤᠷᠤᠯᠴᠠᠨ ᠲᠤᠭᠤᠰᠢᠯᠠᠭᠤᠯᠵᠤ ᠂ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ | ᠪᠠᠶᠢᠭᠤᠯᠤᠯᠲᠠ ᠲᠥᠪ ᠤᠨ ᠲᠣᠭᠤᠷᠢᠨ ᠪᠠᠶᠢᠴᠠᠭᠠᠬᠤ ᠠᠵᠢᠯ ᠳᠤ ᠬᠠᠮᠵᠢᠯᠴᠠᠬᠤ ᠲᠣᠭᠲᠠᠭᠠᠯ ᠵᠡᠷᠭᠡ ᠳᠤ ᠵᠠᠰᠠᠪᠤᠷᠢ | ᠣᠷᠣᠭᠤᠯᠵᠤ ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠦᠭᠦ ᠦᠶᠡᠯᠡᠯ ᠤᠨ ᠬᠤᠭᠤᠴᠠᠭ᠎ᠠ ᠶᠢ | ᠬᠠᠮᠤᠷᠤᠭᠰᠠᠨ ᠬᠠᠷᠢᠭᠤᠴᠠᠯᠭ᠎ᠠ ᠶᠢᠨ ᠰᠢᠰᠲ᠋ᠧᠮ ᠪᠠ ᠳᠦᠷᠢᠮ ᠤᠨ ᠶᠠᠪᠤᠴᠠ ᠶᠢ ᠪᠠᠶᠢᠭᠤᠯᠬᠤ ᠬᠡᠷᠡᠭᠲᠡᠢ ᠃ | ᠳᠣᠯᠣᠳᠤᠭᠠᠷ ᠲᠤ ᠂ ᠵᠢᠷᠤᠮᠵᠢᠭᠤᠯᠬᠤ ᠂ ᠬᠠᠤᠯᠢᠵᠢᠭᠤᠯᠬᠤ ᠂ ᠵᠢᠩᠬᠢᠨᠢᠴᠢᠯᠡᠬᠦ ᠶᠢ ᠲᠣᠪᠤᠶᠢᠯᠭᠠᠨ ᠰᠠᠬᠢᠯᠭ᠎ᠠ | ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠥᠭᠡᠷᠡᠴᠢᠯᠡᠯᠲᠡ ᠪᠠ ᠳᠦᠷᠢᠮ ᠤᠨ ᠪᠠᠶᠢᠭᠤᠯᠤᠯᠲᠠ ᠶᠢ | ᠭᠦᠨᠵᠡᠭᠡᠶᠢᠷᠡᠭᠦᠯᠬᠦ ᠬᠡᠷᠡᠭᠲᠡᠢ ᠃ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ | ᠪᠠᠶᠢᠭᠤᠯᠭ᠎ᠠ ᠶᠢᠨ ᠳᠣᠲᠣᠭᠠᠳᠤ ᠪᠠᠶᠢᠭᠤᠯᠤᠮᠵᠢ ᠶᠢᠨ ᠲᠣᠬᠢᠷᠠᠭᠤᠯᠤᠯᠲᠠ ᠂ ᠡᠭᠦᠷᠭᠡ ᠴᠢᠳᠠᠪᠬᠢ ᠶᠢᠨ ᠲᠣᠬᠢᠷᠠᠭᠤᠯᠤᠯᠲᠠ᠂ | ᠬᠦᠴᠦᠨ ᠤ ᠲᠣᠬᠢᠷᠠᠭᠤᠯᠤᠯᠲᠠ ᠶᠢ ᠲᠡᠭᠦᠯᠳᠡᠷᠵᠢᠭᠦᠯᠬᠦ ᠬᠡᠷᠡᠭᠲᠡᠢ ᠃ ᠲᠣᠮᠢᠯᠠᠨ ᠰᠠᠭᠤᠯᠭᠠᠬᠤ ᠪᠠᠶᠢᠭᠤᠯᠤᠮᠵᠢ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠂ ᠲᠥᠪ ᠠᠴᠠ ᠬᠠᠮᠢᠶᠠᠷᠴᠤ ᠪᠠᠶᠢᠭ᠎ᠠ ᠶᠡᠭᠡ ᠳᠡᠭᠡᠳᠦ ᠰᠤᠷᠭᠠᠭᠤᠯᠢ ᠶᠢᠨ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠮᠵᠢ ᠪᠣᠯᠣᠨ ᠣᠷᠣᠨ ᠨᠤᠲᠤᠭ ᠤᠨ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠬᠠᠮᠲᠤᠷᠠᠨ ᠬᠢᠨᠠᠨ ᠪᠠᠶᠢᠴᠠᠭᠠᠬᠤ ᠪᠠᠶᠢᠴᠠᠭᠠᠯᠲᠠ ᠥᠷᠨᠢᠭᠦᠯᠬᠦ | ᠰᠠᠨᠠᠯ ᠢ ᠲᠣᠭᠲᠠᠭᠠᠵᠤ ᠂ ᠡᠯ᠎ᠡ ᠮᠤᠵᠢ ᠥᠪᠡᠷᠲᠡᠭᠡᠨ ᠵᠠᠰᠠᠬᠤ ᠣᠷᠣᠨ ᠰᠢᠭᠤᠳ ᠬᠠᠷᠢᠶ᠎ᠠ ᠬᠤᠳᠠ ᠶᠢᠨ ᠰᠠᠬᠢᠯᠭ᠎ᠠ | ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠢ ᠵᠢᠯᠣᠭᠤᠳᠤᠨ ᠮᠤᠵᠢ ᠶᠢᠨ ᠬᠠᠷᠢᠶ᠎ᠠ ᠶᠡᠭᠡ ᠳᠡᠭᠡᠳᠦ | ᠰᠤᠷᠭᠠᠭᠤᠯᠢ ᠪᠣᠯᠣᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠳᠤ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠳᠤᠭᠤᠶᠢᠯᠠᠩ ᠲᠣᠮᠢᠯᠠᠨ ᠰᠠᠭᠤᠯᠭᠠᠬᠤ ᠲᠤᠷᠰᠢᠯᠲᠠ ᠶᠢᠨ ᠴᠡᠭ ᠢ ᠥᠷᠨᠢᠭᠦᠯᠵᠦ ᠂ ᠰᠢᠭᠤᠳ ᠬᠠᠮᠢᠶᠠᠷᠬᠤ | ᠰᠢᠰᠲ᠋ᠧᠮ ᠤᠨ ᠮᠤᠵᠢ ᠶᠢᠨ ᠱᠠᠲᠤᠨ ᠠᠴᠠ ᠳᠣᠷᠣᠭᠰᠢᠬᠢ ᠨᠢᠭᠡᠴᠢ ᠳᠤ ᠡᠷᠬᠡ ᠲᠤᠰᠢᠶᠠᠯ ᠢᠶᠠᠨ ᠠᠰᠢᠭᠯᠠᠨ ᠶᠠᠯ᠎ᠠ | ᠬᠢᠭᠰᠡᠨ ᠰᠡᠵᠢᠭᠯᠡᠯᠲᠡᠢ ᠬᠡᠷᠡᠭ ᠢ ᠬᠠᠮᠢᠶᠠᠷᠬᠤ ᠪᠠ ᠬᠢᠨᠠᠨ ᠪᠠᠶᠢᠴᠠᠭᠠᠬᠤ ᠠᠷᠭ᠎ᠠ ᠬᠡᠮᠵᠢᠶ᠎ᠡ ᠶᠢ ᠬᠡᠷᠡᠭᠯᠡᠬᠦ | ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠢ ᠥᠷᠨᠢᠭᠦᠯᠬᠦ ᠬᠡᠷᠡᠭᠲᠡᠢ ᠃ ︽ ᠳᠤᠭᠤᠶᠢᠯᠠᠩ ᠳᠤᠭᠤᠶᠢᠯᠠᠩ ᠤᠨ | ᠬᠤᠭᠤᠷᠣᠨᠳᠤ ︾ ᠪᠠᠨ ᠬᠠᠮᠵᠢᠯᠴᠠᠨ ᠬᠢᠨᠠᠯᠲᠠ ᠲᠠᠯᠪᠢᠬᠤ ᠂ ︽ ᠲᠠᠰᠤᠭ ᠳᠤᠭᠤᠶᠢᠯᠠᠩ ᠤᠨ ᠬᠤᠭᠤᠷᠣᠨᠳᠤ ︾ ᠪᠠᠨ | ᠬᠤᠯᠪᠤᠭᠠᠯᠠᠨ ᠬᠢᠨᠠᠯᠲᠠ ᠲᠠᠯᠪᠢᠬᠤ ᠂ ︽ ᠲᠠᠰᠤᠭ ᠳᠤᠭᠤᠶᠢᠯᠠᠩ ᠭᠠᠵᠠᠷ ᠣᠷᠣᠨ ᠤ ᠬᠤᠭᠤᠷᠣᠨᠳᠤ ︾ ᠪᠠᠨ | ᠬᠤᠯᠪᠤᠭᠠᠯᠠᠨ ᠬᠡᠷᠡᠭ ᠰᠢᠢᠳᠪᠦᠷᠢᠯᠡᠬᠦ ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠬᠦ ᠬᠡᠷᠡᠭᠲᠡᠢ ᠃ ᠨᠠᠮ ᠤᠨ ᠲᠥᠪ | ᠬᠤᠷᠢᠶ᠎ᠠ ᠶᠢᠨ ︽ᠨᠠᠮ ᠤᠨ ᠤᠳᠤᠷᠢᠳᠬᠤ ᠳᠤᠭᠤᠶᠢᠯᠠᠩ ᠨᠠᠮ ᠤᠨ ᠭᠡᠰᠢᠭᠦᠨ ᠳᠤ ᠰᠢᠢᠳᠬᠡᠯ ᠥᠭᠬᠦ ᠤᠴᠢᠷ | ᠶᠠᠪᠤᠳᠠᠯ ᠢ ᠶᠠᠷᠢᠯᠴᠠᠨ ᠲᠣᠭᠲᠠᠭᠠᠬᠤ ᠠᠵᠢᠯ ᠤᠨ ᠵᠢᠷᠤᠮ ᠲᠣᠭᠲᠠᠭᠠᠯ ︵ ᠲᠤᠷᠰᠢᠨ ᠬᠡᠷᠡᠭᠵᠢᠭᠦᠯᠬᠦ ︶ ︾ ᠵᠡᠷᠭᠡ ᠳᠤ | ᠵᠠᠰᠠᠪᠤᠷᠢ ᠣᠷᠣᠭᠤᠯᠬᠤ ᠳᠤ ᠬᠠᠮᠵᠢᠬᠤ ᠬᠡᠷᠡᠭᠲᠡᠢ ᠃ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠪᠠᠷ | ᠤᠳᠤᠷᠢᠳᠤᠮᠵᠢ ᠪᠤᠯᠭᠠᠬᠰᠠᠨ ᠂ ᠡᠯ᠎ᠡ ᠲᠦᠷᠦᠯ ᠤᠨ ᠬᠢᠨᠠᠯᠲᠠ ᠶᠢ ᠨᠡᠪᠲᠡᠷᠡᠯᠴᠡᠭᠦᠯᠦᠨ ᠵᠣᠬᠢᠴᠠᠭᠤᠯᠬᠤ ᠲᠣᠭᠲᠠᠴᠠ ᠶᠢ | ᠲᠡᠭᠦᠯᠳᠡᠷᠵᠢᠭᠦᠯᠵᠦ ᠂ ᠦᠨᠳᠦᠰᠦᠨ ᠱᠠᠲᠤᠨ ᠤ ᠬᠢᠨᠠᠯᠲᠠ ᠲᠠᠯᠪᠢᠬᠤ ᠰᠢᠰᠲ᠋ᠧᠮ ᠢ ᠲᠡᠭᠦᠯᠳᠡᠷᠵᠢᠭᠦᠯᠵᠦ ᠂ ︽ ᠨᠢᠭᠡᠳᠦᠭᠡᠷ | ᠬᠠᠷᠢᠭᠤᠴᠠᠯᠭᠠᠲᠠᠨ ︾ ᠪᠠ ᠤᠳᠤᠷᠢᠳᠬᠤ ᠪᠠᠭ ᠤᠨ ᠬᠢᠨᠠᠯᠲᠠ ᠶᠢ ᠴᠢᠩᠭᠠᠳᠬᠠᠬᠤ ᠬᠡᠷᠡᠭᠲᠡᠢ ᠃ ᠲᠣᠭᠠᠴᠢᠯᠠᠭᠰᠠᠨ | ᠮᠡᠷᠭᠡᠵᠢᠯ ᠢ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠡᠯ᠎ᠡ ᠵᠦᠢᠯ ᠤᠨ ᠲᠤᠬᠠᠶᠢᠯᠠᠭᠰᠠᠨ ᠠᠵᠢᠯ ᠳᠤ | ᠭᠦᠨᠵᠡᠭᠡᠢ ᠠᠭᠤᠰᠤᠯᠴᠠᠭᠤᠯᠬᠤ ᠶᠢ ᠠᠬᠢᠭᠤᠯᠵᠤ ᠂ ᠨᠢᠭᠡ ᠴᠣᠭᠴᠠᠵᠢᠭᠤᠯᠤᠭᠰᠠᠨ ᠠᠵᠢᠯ ᠤᠨ ᠲᠠᠪᠴᠠᠩ ᠢ ᠪᠠᠶᠢᠭᠤᠯᠬᠤ | ᠬᠡᠷᠡᠭᠲᠡᠢ ᠃ | ᠨᠠᠢᠮᠠᠳᠤᠭᠠᠷ ᠲᠤ ᠂ ᠲᠦᠢᠯᠪᠤᠷᠢᠲᠠᠢ ᠥᠪᠡᠷ ᠪᠡᠶ᠎ᠡ ᠶᠢᠨ ᠬᠤᠪᠢᠰᠬᠠᠯ ᠬᠢᠬᠦ ᠵᠣᠷᠢᠭ ᠰᠠᠨᠠᠭ᠎ᠠ ᠶᠢ ᠲᠣᠪᠤᠶᠢᠯᠭᠠᠨ | ᠪᠠᠳᠠᠷᠠᠭᠤᠯᠵᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠲᠤᠰ ᠪᠡᠶ᠎ᠡ ᠶᠢᠨ | ᠪᠠᠶᠢᠭᠤᠯᠤᠯᠲᠠ ᠶᠢ ᠭᠦᠨᠵᠡᠭᠡᠶᠢᠷᠡᠭᠦᠯᠬᠦ ᠬᠡᠷᠡᠭᠲᠡᠢ ᠃ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ | ᠪᠠᠶᠢᠩᠭᠤ ᠶᠢᠨ ᠬᠤᠷᠢᠶ᠎ᠠ ᠲᠦᠷᠦᠭᠦᠯᠡᠨ ᠲᠣᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ ᠂ ᠪᠦᠭᠦ ᠰᠢᠰᠲ᠋ᠧᠮ ᠤᠨ | ᠥᠪᠡᠷ ᠤᠨ ᠪᠡᠶ᠎ᠡ ᠶᠢᠨ ᠬᠤᠪᠢᠰᠬᠠᠯ ᠤᠨ ᠥᠯᠢᠭᠡᠷ ᠳᠠᠭᠤᠷᠢᠶᠠᠯ ᠂ ᠳᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ | ᠪᠠᠲᠤ ᠶᠢ ᠰᠠᠬᠢᠬᠤ ᠬᠡᠪ ᠳᠠᠭᠤᠷᠢᠶᠠᠯ ᠪᠤᠯᠬᠤ ᠶᠢ ᠳᠠᠶᠢᠴᠢᠯᠠᠬᠤ ᠬᠡᠷᠡᠭᠲᠡᠢ ᠃ ᠦᠵᠡᠯ ᠰᠠᠨᠠᠭᠠᠨ ᠤ ᠲᠠᠯ᠎ᠠ ᠪᠠᠷ | ᠵᠣᠷᠢᠭᠲᠠᠢ ᠪᠠᠷ ᠥᠪᠡᠷ ᠪᠡᠶ᠎ᠡ ᠶᠢᠨ ᠬᠤᠪᠢᠰᠬᠠᠯ ᠬᠢᠵᠦ ᠂ ᠤᠯᠤᠰ ᠲᠦᠷᠦ ᠶᠢᠨ ᠬᠥᠮᠦᠵᠢᠯ ᠂ ᠨᠠᠮᠴᠢ ᠴᠢᠨᠠᠷ ᠤᠨ | ᠬᠥᠮᠦᠵᠢᠯ ᠢ ᠪᠠᠶᠢᠩᠭᠤᠵᠢᠭᠤᠯᠤᠨ ᠥᠷᠨᠢᠭᠦᠯᠵᠦ ᠂ ᠬᠠᠷᠢᠴᠠᠯᠠᠰᠢᠭᠦᠢ ᠦᠨᠡᠨᠴᠢ ᠰᠢᠳᠤᠷᠭᠤ ᠂ ᠬᠠᠷᠢᠴᠠᠯᠠᠰᠢᠭᠦᠢ | ᠨᠠᠶᠢᠳᠠᠪᠤᠷᠢᠲᠠᠢ ᠂ ᠬᠠᠷᠢᠴᠠᠯᠠᠰᠢᠭᠦᠢ ᠠᠷᠢᠭᠤᠨ ᠴᠡᠪᠡᠷ ᠪᠠᠶᠢᠬᠤ ᠶᠢ ᠢᠮᠠᠭᠲᠠ ᠪᠡᠶᠡᠯᠡᠭᠦᠯᠬᠦ ᠬᠡᠷᠡᠭᠲᠡᠢ ᠃ ᠰᠤᠷᠲᠠᠯ ᠤᠨ | ᠲᠠᠯ᠎ᠠ ᠪᠠᠷ ᠵᠣᠷᠢᠭᠲᠠᠢ ᠪᠠᠷ ᠥᠪᠡᠷ ᠪᠡᠶ᠎ᠡ ᠶᠢᠨ ᠬᠤᠪᠢᠰᠬᠠᠯ ᠬᠢᠵᠦ᠂ ︽ ᠭᠤᠷᠪᠠᠨ ᠡᠷᠬᠡᠪᠰᠢ ︾ ᠶᠢ ᠪᠠᠲᠤ ᠴᠡᠭᠡᠵᠢᠯᠡᠵᠦ᠂ | ︽ ᠭᠤᠷᠪᠠᠨ ᠴᠢᠩᠭ᠎ᠠ ᠭᠤᠷᠪᠠᠨ ᠪᠣᠳᠠᠲᠠᠢ ︾ ᠶᠢ ᠦᠢᠯᠡᠳᠦᠯᠭᠡᠵᠢᠭᠦᠯᠵᠦ ᠂ ᠪᠠᠶᠢᠯᠳᠤᠬᠤ ᠪᠣᠳᠣᠯᠭ᠎ᠠ ᠶᠢᠨ ᠲᠣᠭᠲᠠᠯ | ᠬᠦᠴᠦᠨ ᠢᠶᠠᠨ ᠪᠠᠲᠤᠯᠠᠵᠤ ᠂ ᠲᠡᠮᠡᠴᠡᠯ ᠤᠨ ᠵᠣᠷᠢᠭ ᠢᠶᠠᠨ ᠪᠠᠲᠤᠳᠬᠠᠵᠤ ᠂ ᠳᠦᠷᠢᠮ ᠲᠣᠭᠲᠠᠭᠠᠯ ᠰᠠᠬᠢᠯᠭ᠎ᠠ ᠪᠠᠲᠤ | ᠬᠠᠤᠯᠢ ᠴᠠᠭᠠᠵᠠ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠢ᠃ ᠠᠷᠢᠭᠤᠨ ᠴᠢᠬᠡᠴᠢ ᠶᠢᠨ | ᠲᠠᠯ᠎ᠠ ᠪᠠᠷ ᠵᠣᠷᠢᠭᠲᠠᠢ ᠪᠠᠷ ᠥᠪᠡᠷ ᠪᠡᠶ᠎ᠡ ᠶᠢᠨ ᠬᠤᠪᠢᠰᠬᠠᠯ ᠬᠢᠵᠦ᠂ ᠺᠠᠳ᠋ᠷ ᠤᠨ ᠡᠩᠨᠡᠭᠡ ᠳᠤ ᠣᠷᠣᠰᠢᠵᠤ ᠪᠠᠶᠢᠭ᠎ᠠ | ᠲᠣᠪᠤᠶᠢᠮ᠎ᠠ ᠠᠰᠠᠭᠤᠳᠠᠯ ᠢ ᠪᠠᠶᠢᠩᠭᠤ ᠪᠠᠶᠢᠴᠠᠭᠠᠨ ᠦᠵᠡᠵᠦ᠂ ᠬᠢᠲᠤᠭᠠᠨ ᠢᠷ ᠢᠶᠠᠨ ᠳᠣᠲᠣᠭᠰᠢ ᠬᠠᠨᠳᠤᠭᠤᠯᠵᠤ | ᠪᠦᠭᠦᠳᠡ ᠶᠢ ᠲᠦᠢᠳᠦᠭᠴᠢ ᠶᠢ ᠠᠷᠢᠯᠭᠠᠵᠤ᠂ ︽ᠳᠡᠷᠭᠡᠳᠡᠬᠢ ᠠᠰᠠᠭᠤᠳᠠᠯ ᠢᠶᠠᠨ ᠣᠯᠵᠤ ᠬᠠᠷᠠᠬᠤ ᠦᠭᠡᠢ︾ ᠪᠠᠶᠢᠳᠠᠯ ᠢ | ᠡᠷᠡᠰ ᠰᠡᠷᠭᠡᠶᠢᠯᠡᠨ ᠵᠠᠰᠠᠬᠤ ᠬᠡᠷᠡᠭᠲᠡᠢ ᠃ ᠴᠢᠩᠭ᠎ᠠ ᠬᠠᠮᠢᠶᠠᠷᠬᠤ ᠲᠠᠯ᠎ᠠ ᠪᠠᠷ ᠵᠣᠷᠢᠭᠲᠠᠢ ᠪᠠᠷ ᠥᠪᠡᠷ ᠪᠡᠶ᠎ᠡ ᠶᠢᠨ | ᠬᠤᠪᠢᠰᠬᠠᠯ ᠬᠢᠵᠦ ᠂ ᠺᠠᠳ᠋ᠷ ᠲᠤ ᠪᠠᠶᠢᠩᠭᠤ ᠶᠢᠨ ᠴᠢᠨᠠᠷᠲᠠᠢ ᠬᠢᠨᠠᠯᠲᠠ ᠲᠠᠯᠪᠢᠬᠤ ᠶᠢ ᠨᠠᠷᠢᠯᠢᠭ ᠪᠣᠳᠠᠲᠠᠢ ᠬᠢᠵᠦ ᠂ ᠬᠢᠨᠠᠨ | ᠪᠠᠶᠢᠴᠠᠭᠠᠬᠤ ᠲᠤᠰᠢᠶᠠᠯᠲᠠᠨ ᠤ ᠠᠵᠢᠯ ᠮᠡᠷᠭᠡᠵᠢᠯ ᠤᠨ ᠪᠠᠲᠤᠯᠠᠭ᠎ᠠ ᠶᠢᠨ ᠢᠵᠢ ᠪᠦᠷᠢᠳᠦᠭᠰᠡᠨ ᠳᠦᠷᠢᠮ ᠢ | ᠲᠡᠭᠦᠯᠳᠡᠷᠵᠢᠭᠦᠯᠵᠦ ᠂ ᠺᠠᠳ᠋ᠷ ᠤᠨ ᠰᠡᠳᠬᠢᠯ ᠠᠮᠤᠷ ᠢᠶᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠂ | ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠬᠤ ᠬᠡᠷᠡᠭᠲᠡᠢ ᠭᠡᠵᠦ ᠳᠤᠷᠠᠳᠤᠨ | ᠭᠠᠷᠭᠠᠵᠠᠢ ᠃ | ᠪᠦᠭᠦᠳᠠ ᠬᠤᠷᠠᠯ ᠠᠴᠠ ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ | ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠂ ᠦᠨᠡᠨᠴᠢ | ᠰᠢᠳᠤᠷᠭᠤ ᠪᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ ᠂ ᠴᠤᠴᠠᠯᠲᠠ ᠦᠭᠡᠢ ᠤᠷᠤᠭᠰᠢᠯᠠᠬᠤ ᠲᠡᠮᠡᠴᠡᠯ ᠤᠨ | ᠳᠦᠷᠰᠦ ᠪᠠᠶᠢᠳᠠᠯ ᠂ ᠡᠭᠦᠷᠢᠳᠡ ᠴᠥᠬᠦᠷᠡᠰᠢ ᠦᠭᠡᠢ ᠪᠠᠶᠢᠬᠤ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ ᠰᠢᠨ᠎ᠡ | ᠠᠶᠠᠨ ᠳᠠᠬᠢ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠵᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ | ᠪᠦᠲᠦᠭᠡᠨ ᠪᠠᠶᠢᠭᠤᠯᠤᠯᠲᠠ ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ | ᠠᠬᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠤᠷᠢᠶᠠᠯᠠᠪᠠ︕ | | |