| 2023 ᠣᠨ ᠳᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠶᠡᠷᠦᠩᠬᠡᠢ | ᠱᠦᠵᠢ ᠰᠢ ᠶᠢᠨ ᠫᠢᠩ ᠤᠨ ᠰᠤᠷᠭᠠᠨ ᠬᠥᠮᠦᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠨ᠂ ᠥᠨᠳᠥᠷ ᠬᠡᠪ ᠴᠢᠨᠠᠷ ᠲᠠᠢ ᠪᠠᠭᠰᠢ ᠶᠢᠨ ᠡᠩᠨᠡᠭᠡᠨ ᠤ | ᠪᠠᠶᠢᠭᠤᠯᠤᠯᠲᠠ ᠶᠢ ᠬᠦᠴᠦᠯᠡᠨ ᠴᠢᠩᠭᠠᠳᠬᠠᠵᠤ᠂ ᠡᠩᠨᠡᠭᠡ ᠶᠢ ᠲᠠᠰᠤᠷᠠᠯᠳᠠ ᠦᠭᠡᠢ ᠴᠢᠩᠭᠠᠳᠬᠠᠨ᠂ ᠪᠦᠲᠦᠴᠡ ᠶᠢ | ᠰᠢᠯᠢᠳᠡᠭᠵᠢᠭᠦᠯᠵᠦ᠂ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠂ ᠬᠠᠷᠠᠭᠠᠯᠵᠠᠯ ᠢ ᠪᠠᠲᠤᠯᠠᠨ᠂ ᠪᠠᠭᠰᠢ ᠶᠢᠨ ᠡᠩᠨᠡᠭᠡᠨ ᠤ | ᠠᠮᠢᠵᠢᠷᠠᠯ ᠤᠨ ᠬᠦᠴᠦᠨ ᠢ ᠪᠠᠳᠠᠷᠠᠭᠤᠯᠪᠠ᠃ | | | | | | ᠬᠡᠪᠴᠢᠶ᠎ᠡ ᠪᠠ ᠬᠡᠪ ᠴᠢᠨᠠᠷ ᠢ ᠯᠠᠪᠳᠠᠭᠤᠨ ᠢᠶᠠᠷ ᠳᠡᠭᠡᠭᠰᠢᠯᠡᠭᠦᠯᠪᠡ | ᠪᠠᠴᠢᠮ ᠳᠤᠲᠠᠭᠳᠠᠵᠤ ᠪᠠᠶᠢᠭ᠎ᠠ ᠰᠢᠨᠵᠢᠯᠡᠭᠡᠨ ᠤ ᠰᠠᠯᠠᠭᠠᠨ ᠤ ᠪᠠᠭᠰᠢ ᠶᠢ ᠨᠥᠬᠦᠪᠥᠷᠢᠯᠡᠬᠦ ᠶᠢ ᠴᠢᠩᠭᠠᠳᠬᠠᠵᠤ᠂ | ᠬᠤᠲᠠ ᠪᠠᠯᠭᠠᠰᠤᠨ ᠤ ᠰᠢᠯᠢᠳᠡᠭ ᠪᠠᠭᠰᠢ᠂ ᠰᠤᠷᠭᠠᠭᠤᠯᠢ ᠶᠢᠨ ᠵᠠᠬᠢᠷᠤᠯ ᠬᠥᠳᠡᠭᠡ ᠲᠣᠰᠬᠤᠨ ᠤ ᠰᠤᠷᠭᠠᠭᠤᠯᠢ᠂ | ᠪᠠᠭᠤᠷᠠᠢ ᠰᠤᠷᠭᠠᠭᠤᠯᠢ ᠲᠡᠶᠢᠰᠢ ᠰᠢᠯᠵᠢᠬᠦ ᠶᠢ ᠭᠤᠣᠯᠳᠠᠯᠭ᠎ᠠ ᠲᠠᠢ ᠴᠢᠩᠭᠠᠳᠬᠠᠵᠤ᠂ ᠪᠦᠬᠦ ᠣᠷᠣᠨ ᠳᠤ ᠳᠤᠮᠳᠠᠳᠤ | ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠪᠠᠭᠰᠢ ᠶᠢ ᠲᠦᠮᠡ ᠰᠢᠬᠠᠮ ᠤᠷᠢᠨ᠂ ᠡᠭᠦᠨ ᠳᠤ 1000 | ᠭᠠᠷᠤᠢ ᠬᠥᠳᠡᠭᠡ ᠲᠣᠰᠬᠤᠨ ᠤ ᠪᠠᠭᠰᠢ᠂ 6700 ᠭᠠᠷᠤᠢ ᠪᠠᠭᠰᠢ᠂ ᠰᠤᠷᠭᠠᠭᠤᠯᠢ ᠶᠢᠨ ᠵᠠᠬᠢᠷᠤᠯ ᠠᠵᠢᠯ ᠤᠨ ᠪᠠᠶᠢᠷᠢ | ᠰᠣᠯᠢᠯᠴᠠᠬᠤ ᠠᠵᠢᠯ ᠳᠤ ᠣᠷᠣᠯᠴᠠᠪᠠ᠃ ᠣᠳᠣ ᠪᠣᠯᠲᠠᠯ᠎ᠠ᠂ ᠪᠦᠬᠦ ᠣᠷᠣᠨ ᠤ ᠪᠠᠭᠰᠢ ᠠᠵᠢᠯᠲᠠᠨ ᠤ ᠶᠡᠷᠦᠩᠬᠡᠢ | ᠲᠤᠭ᠎ᠠ 41.38 ᠲᠦᠮᠡᠨ ᠬᠥᠮᠦᠨ ᠳᠤ ᠬᠦᠷᠴᠦ᠂ ᠡᠭᠦᠨ ᠳᠤ ᠲᠤᠰᠬᠠᠢ ᠪᠠᠭᠰᠢ 31.26 ᠲᠦᠮᠡᠨ ᠬᠥᠮᠦᠨ ᠪᠠᠶᠢᠵᠤ᠂ | ᠳᠡᠭᠡᠷ᠎ᠡ ᠨᠢᠭᠡ ᠵᠢᠯ ᠤᠨ ᠬᠢ ᠠᠴᠠ 1.9% ᠨᠡᠮᠡᠭᠳᠡᠪᠡ᠃ ᠬᠤᠲᠠ᠂ ᠬᠥᠳᠡᠭᠡ ᠲᠣᠰᠬᠤᠨ ᠤ ᠠᠯᠪᠠᠨ ᠵᠢᠷᠤᠮ ᠤᠨ | ᠰᠤᠷᠭᠠᠨ ᠬᠥᠮᠦᠵᠢᠯ ᠤᠨ ᠱᠠᠲᠤᠨ ᠤ ᠵᠢᠩᠬᠢᠨᠢ ᠠᠩᠭᠢ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠲᠠᠢ ᠲᠤᠰᠬᠠᠢ | ᠪᠠᠭᠰᠢ ᠶᠢᠨ ᠡᠵᠡᠯᠡᠬᠦ ᠬᠠᠷᠢᠴᠠᠯ ᠢ ᠳᠡᠭᠡᠷ᠎ᠡ ᠵᠢᠯ ᠤᠨ ᠬᠢ ᠠᠴᠠ ᠲᠤᠰ ᠲᠤᠰ 1.16% ᠪᠠ 2.72% ᠢᠶᠠᠷ | ᠨᠡᠮᠡᠭᠳᠡᠭᠦᠯᠵᠦ᠂ ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠣᠳᠤᠯᠬᠤ ᠰᠤᠷᠤᠭᠴᠢ ᠶᠢᠨ | ᠰᠤᠷᠤᠯᠭ᠎ᠠ ᠶᠢᠨ ᠨᠠᠮᠲᠠᠷ ᠲᠠᠢ ᠲᠤᠰᠬᠠᠢ ᠪᠠᠭᠰᠢ ᠶᠢᠨ ᠡᠵᠡᠯᠡᠬᠦ ᠬᠠᠷᠢᠴᠠᠯ ᠢ 19.09% ᠬᠦᠷᠭᠡᠵᠦ᠂ ᠶᠡᠭᠡ ᠳᠡᠭᠡᠳᠦ | ᠰᠤᠷᠭᠠᠭᠤᠯᠢ ᠶᠢᠨ ᠳ᠋ᠣᠺᠲ᠋ᠣᠷ ᠤᠨ ᠡᠷᠳᠡᠮ ᠤᠨ ᠴᠣᠯᠠ ᠲᠠᠢ ᠪᠠᠭᠰᠢ ᠶᠢᠨ ᠡᠵᠡᠯᠡᠬᠦ ᠬᠠᠷᠢᠴᠠᠯ ᠢ 21.57% ᠬᠦᠷᠭᠡᠨ᠂ | ᠪᠠᠭᠰᠢ ᠶᠢ ᠬᠥᠭᠵᠢᠬᠦᠯᠬᠦ ᠶᠢ ᠬᠦᠴᠦᠲᠡᠢ ᠪᠠᠲᠤᠠᠯᠵᠤ᠂ ᠪᠠᠭᠰᠢ ᠶᠢᠨ ᠡᠩᠨᠡᠭᠡᠨ ᠤ ᠬᠠᠮᠢᠶᠠᠷᠤᠯᠲᠠ ᠪᠠ | ᠦᠢᠯᠡᠴᠢᠯᠡᠭᠡᠨ ᠤ ᠬᠢᠷᠢ ᠲᠦᠪᠰᠢᠨ ᠢ ᠢᠯᠡᠳᠲᠡ ᠳᠡᠭᠡᠭᠰᠢᠯᠡᠭᠦᠯᠪᠡ᠃ | | | | | | ᠪᠠᠭᠰᠢ ᠶᠢᠨ ᠮᠣᠷᠠᠯ ᠰᠤᠷᠲᠠᠯ ᠢ ᠦᠷᠭᠦᠯᠵᠢᠯᠡᠨ ᠰᠠᠶᠢᠵᠢᠷᠠᠭᠤᠯᠪᠠ | ᠪᠠᠭᠰᠢ ᠶᠢᠨ ᠮᠣᠷᠠᠯ ᠰᠤᠷᠲᠠᠯ ᠤᠨ ᠨᠢᠭᠡᠳᠦᠭᠡᠷ ᠪᠠᠷᠢᠮᠵᠢᠶ᠎ᠠ ᠶᠢ ᠢᠮᠠᠭᠲᠠ ᠪᠠᠷᠢᠮᠲᠠᠯᠠᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠢ ᠯᠠᠪᠳᠠᠭᠤᠨ ᠪᠠᠲᠤᠲᠠᠢ | ᠠᠬᠢᠭᠤᠯᠤᠨ᠂ ᠤᠯᠤᠰ ᠲᠥᠷᠥ ᠶᠢᠨ ᠪᠠᠶᠢᠭᠤᠯᠤᠯᠲᠠ ᠶᠢᠨ ︽ᠦᠵᠡᠯ ᠰᠠᠨᠠᠭᠠᠨ ᠤ ᠰᠦᠭ ᠢ ᠱᠤᠭᠤᠬᠤ︾ ᠵᠡᠷᠭᠡ 6 | ᠵᠦᠢᠯ ᠤᠨ ᠠᠵᠢᠯᠯᠠᠭ᠎ᠠ ᠶᠢ ᠶᠠᠪᠤᠭᠳᠠᠭᠤᠯᠪᠠ᠃ ᠪᠠᠭᠰᠢ ᠶᠢᠨ ᠮᠣᠷᠠᠯ ᠰᠤᠷᠲᠠᠯ ᠢ ᠤᠷᠢᠳᠴᠢᠯᠠᠨ ᠰᠡᠷᠡᠮᠵᠢᠯᠡᠭᠦᠯᠬᠦ᠂ | ᠪᠠᠭᠰᠢ ᠶᠢᠨ ᠮᠣᠷᠠᠯ ᠰᠤᠷᠲᠠᠯ ᠳᠤ ᠬᠤᠯᠪᠣᠭᠳᠠᠭᠰᠠᠨ ᠬᠡᠷᠡᠭ ᠢ ᠬᠢᠨᠠᠨ ᠪᠠᠶᠢᠴᠠᠭᠠᠵᠤ ᠮᠡᠳᠡᠭᠦᠯᠬᠦ᠂ ᠪᠠᠭᠰᠢ ᠶᠢᠨ | ᠮᠣᠷᠠᠯ ᠤᠨ ᠲᠣᠭᠲᠠᠭᠠᠯ ᠠᠴᠠ ᠵᠥᠷᠢᠴᠡᠭᠰᠡᠨ ᠬᠡᠷᠡᠭ ᠤᠨ ᠵᠢᠱᠢᠶ᠎ᠡ ᠶᠢ ᠵᠠᠷᠯᠠᠨ ᠮᠡᠳᠡᠭᠳᠡᠵᠦ ᠢᠯᠡᠴᠢᠯᠡᠬᠦ ᠲᠣᠭᠲᠠᠴᠠ ᠶᠢ | ᠲᠡᠭᠦᠯᠳᠡᠷᠵᠢᠭᠦᠯᠵᠦ᠂ ᠪᠠᠭᠰᠢ ᠠᠵᠢᠯ ᠡᠷᠬᠢᠯᠡᠬᠦ ᠶᠢ ᠬᠤᠷᠢᠭᠯᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠪᠠᠭᠰᠢ | ᠠᠵᠢᠯᠲᠠᠨ ᠠᠵᠢᠯᠴᠢᠨ ᠪᠠᠶᠢᠴᠠᠭᠠᠨ ᠯᠠᠪᠯᠠᠬᠤ ᠪᠠᠷ ᠣᠷᠣᠬᠤ ᠶᠢ ᠵᠦᠪᠰᠢᠶᠡᠷᠡᠬᠦ ᠶᠢ ᠪᠦᠬᠦ ᠲᠠᠯ᠎ᠠ ᠪᠠᠷ ᠬᠡᠷᠡᠭᠵᠢᠭᠦᠯᠵᠦ᠂ | ᠰᠢᠰᠲ᠋ᠧᠮ ᠪᠦᠷᠢᠨ ᠲᠡᠭᠦᠯᠳᠡᠷ᠂ ᠬᠡᠷᠡᠭᠵᠢᠭᠦᠯᠦᠯᠲᠡ ᠬᠦᠴᠦᠲᠡᠢ᠂ ᠬᠠᠷᠢᠭᠤᠴᠠᠯᠭ᠎ᠠ ᠨᠡᠬᠡᠮᠵᠢᠯᠡᠭᠰᠡᠨ ᠨᠢ ᠦᠨᠳᠦᠰᠦ | ᠪᠠᠷᠢᠮᠲᠠ ᠲᠠᠢ ᠪᠠᠭᠰᠢ ᠶᠢᠨ ᠮᠣᠷᠠᠯ ᠤᠨ ᠪᠠᠶᠢᠭᠤᠯᠤᠯᠲᠠ ᠶᠢᠨ ᠪᠠᠶᠢᠩᠭᠤ ᠶᠢᠨ ᠪᠦᠲᠦᠮᠵᠢᠲᠡᠢ ᠲᠣᠭᠲᠠᠴᠠ ᠶᠢ | ᠪᠠᠶᠢᠭᠤᠯᠪᠠ᠃ ᠪᠠᠭᠰᠢ ᠶᠢᠨ ᠮᠣᠷᠠᠯ ᠤᠨ ᠲᠡᠷᠢᠭᠦᠨ ᠤ ᠨᠡᠶᠢᠲᠡᠯᠢᠭ ᠵᠢᠱᠢᠶ᠎ᠡ ᠶᠢ ᠰᠢᠯᠭᠠᠷᠠᠭᠤᠯᠵᠤ᠂ ᠠᠩᠬᠠᠳᠤᠭᠠᠷ | ᠬᠤᠭᠤᠴᠠᠭᠠᠨ ᠤ ᠬᠠᠮᠤᠭ ᠤᠨ ᠭᠤᠶᠣ ᠪᠠᠭᠰᠢ ᠳᠤ ᠱᠠᠩᠨᠠᠯ ᠣᠯᠭᠤᠬᠤ ᠦᠳᠡᠰᠢᠯᠡᠭᠡ ᠶᠢ ᠡᠷᠬᠢᠯᠡᠨ᠂ ᠪᠤᠭᠤᠲᠤ ᠶᠢᠨ | ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠸᠠᠩ ᠸᠧᠨ ᠱᠠᠨ ᠫᠷᠤᠹᠧᠰᠰᠤᠷ ᠪᠦᠬᠦ ᠤᠯᠤᠰ ᠤᠨ ᠠᠷᠪᠠᠨ ᠶᠡᠭᠡ | ︽ᠬᠠᠮᠤᠭ ᠤᠨ ᠭᠤᠶᠣ ᠪᠠᠭᠰᠢ︾ ᠪᠠᠷ ᠦᠨᠡᠯᠡᠭᠳᠡᠵᠦ᠂ ᠨᠡᠶᠢᠲᠡᠯᠢᠭ ᠵᠢᠱᠢᠶ᠎ᠡ ᠶᠢ ᠰᠢᠯᠭᠠᠷᠠᠭᠤᠯᠤᠨ ᠬᠥᠮᠦᠵᠢᠭᠦᠯᠬᠦ | ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠣᠯᠵᠤ᠂ ᠰᠤᠷᠲᠠᠯ ᠴᠢᠬᠡᠴᠢ ᠣᠪᠣᠷ ᠲᠥᠪ ᠬᠥᠮᠦᠨ ᠬᠥᠮᠦᠵᠢᠭᠦᠯᠬᠦ ᠠᠭᠤᠷ | ᠠᠮᠢᠰᠬᠤᠯ ᠨᠡᠩ ᠭᠦᠨ ᠵᠤᠵᠠᠭᠠᠨ ᠪᠣᠯᠪᠠ᠃ | ᠪᠣᠯᠪᠠᠰᠤᠷᠠᠯ ᠢᠶᠠᠷ ᠬᠠᠪᠰᠤᠷᠤᠨ ᠳᠡᠳᠬᠦᠵᠦ ᠳᠠᠭᠠᠭᠠᠮᠠᠭᠠᠢ ᠦᠷ᠎ᠡ ᠪᠥᠲᠦᠮᠵᠢ ᠣᠯᠪᠠ | ᠨᠠᠷᠢᠯᠢᠭ ᠣᠨᠣᠴᠠᠲᠠᠢ ᠪᠣᠯᠪᠠᠰᠤᠷᠠᠭᠤᠯᠬᠤ ᠥᠭᠡᠷᠡᠴᠢᠯᠡᠯᠲᠡ ᠶᠢ ᠠᠬᠢᠭᠤᠯᠵᠤ᠂ ᠥᠪᠡᠷᠲᠡᠭᠡᠨ ᠵᠠᠰᠠᠬᠤ | ᠣᠷᠣᠨ ᠤ ᠳᠡᠰ ᠤᠨ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠰᠤᠷᠭᠠᠨ ᠬᠥᠮᠦᠵᠢᠯ ᠤᠨ ᠦᠢᠯᠡᠳᠦᠯᠭᠡ ᠶᠢᠨ | ᠰᠠᠭᠤᠷᠢᠨ ᠭᠠᠵᠠᠷ 150 ᠶᠢ ᠪᠦᠯᠦᠭ ᠬᠤᠪᠢᠶᠠᠨ ᠪᠠᠶᠢᠭᠤᠯᠪᠠ︔ ᠪᠡᠯᠡ ᠮᠥᠩᠭᠦ 7500 ᠲᠦᠮᠡᠨ ᠲᠥᠭᠦᠷᠢᠭ | ᠲᠣᠬᠢᠷᠠᠭᠤᠯᠵᠤ᠂ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠤᠨ ᠪᠠᠭᠰᠢ ᠶᠢ 2.5 ᠲᠦᠮᠡᠨ ᠬᠥᠮᠦᠨ | ᠤᠳᠠᠭ᠎ᠠ ᠪᠣᠯᠪᠠᠰᠤᠷᠠᠭᠤᠯᠪᠠ᠃ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠲᠣᠭᠠᠵᠢᠭᠤᠯᠤᠭᠰᠠᠨ ᠬᠡᠯᠪᠡᠷᠢ ᠲᠡᠶᠢᠰᠢ | ᠬᠤᠪᠢᠷᠠᠭᠤᠯᠬᠤ ᠶᠢ ᠢᠳᠡᠪᠬᠢᠲᠡᠢ ᠠᠬᠢᠭᠤᠯᠵᠤ᠂ ᠣᠶᠤᠨᠴᠢ ᠰᠤᠷᠭᠠᠨ ᠬᠥᠮᠦᠵᠢᠯ ᠤᠨ ᠲᠠᠪᠴᠠᠩ ᠳᠤ ᠪᠠᠭᠰᠢ ᠨᠠᠷ | ᠵᠤᠨ ᠤ ᠠᠮᠠᠷᠠᠯᠲᠠ ᠳᠤ ᠪᠠᠨ ᠰᠦᠯᠵᠢᠶᠡᠨ ᠳᠤ ᠰᠤᠳᠤᠯᠤᠨ ᠰᠤᠷᠤᠯᠴᠠᠬᠤ ᠶᠢ ᠥᠷᠨᠢᠭᠦᠯᠵᠦ᠂ ᠣᠷᠣᠯᠴᠠᠭᠰᠠᠨ | ᠪᠠᠭᠰᠢ ᠶᠢᠨ ᠲᠤᠭ᠎ᠠ 24 ᠲᠦᠮᠡ ᠶᠢ ᠳᠠᠪᠠᠪᠠ᠃ ᠪᠦᠯᠬᠦᠮ ᠪᠠᠶᠢᠭᠤᠯᠬᠤ ᠬᠡᠯᠪᠡᠷᠢ ᠪᠠᠷ ᠬᠠᠪᠰᠤᠷᠤᠨ ᠲᠡᠳᠬᠦᠬᠦ ᠶᠢ | ᠭᠦᠨᠵᠡᠭᠡᠢ ᠥᠷᠨᠢᠭᠦᠯᠵᠦ᠂ 1122 ᠪᠠᠭᠰᠢ ᠶᠢ ᠨᠢᠭᠡᠳᠦᠯᠲᠡᠢ ᠲᠥᠯᠦᠪᠯᠡᠨ ᠰᠣᠩᠭᠤᠨ ᠲᠣᠮᠢᠯᠠᠵᠤ ᠬᠤᠰᠢᠭᠤ | ᠰᠢᠶᠠᠨ ᠤ ᠱᠠᠲᠤᠨ ᠠᠴᠠ ᠳᠣᠷᠣᠭᠰᠢᠬᠢ ᠬᠥᠳᠡᠭᠡ ᠲᠣᠰᠬᠤᠨ ᠤ ᠰᠤᠷᠭᠠᠭᠤᠯᠢ᠂ ᠪᠠᠭᠤᠷᠠᠢ ᠰᠤᠷᠭᠠᠭᠤᠯᠢ ᠳᠤ | ᠣᠴᠢᠭᠤᠯᠤᠨ ᠰᠤᠷᠭᠠᠨ ᠬᠥᠮᠦᠵᠢᠯ ᠢ ᠳᠡᠮᠵᠢᠨ᠂ 2022 ᠣᠨ ᠤ ᠬᠢ ᠠᠴᠠ 105 ᠬᠥᠮᠦᠨ ᠨᠡᠮᠡᠭᠳᠡᠭᠦᠯᠵᠦ᠂ | ᠰᠤᠷᠭᠠᠭᠤᠯᠢ ᠶᠢ ᠳᠡᠮᠵᠢᠨ ᠨᠠᠷᠠᠲᠤ ᠵᠠᠬᠢᠷᠤᠯ ᠨᠡᠷᠡᠲᠦ ᠪᠠᠭᠰᠢ ᠶᠢᠨ ᠠᠵᠢᠯᠯᠠᠬᠤ ᠭᠠᠵᠠᠷ ᠢ ᠠᠰᠢᠭᠯᠠᠨ ᠲᠤᠰᠠᠯᠠᠮᠵᠢ | ᠬᠦᠷᠲᠡᠬᠦ ᠰᠤᠷᠭᠠᠭᠤᠯᠢ ᠶᠢᠨ ᠪᠠᠭᠰᠢ ᠰᠤᠷᠤᠭᠴᠢ ᠶᠢ ᠡᠯᠰᠡᠨ ᠠᠪᠴᠤ᠂ 11500 ᠭᠠᠷᠤᠢ ᠤᠳᠠᠭ᠎ᠠ ᠵᠢᠭᠠᠬᠤ ᠶᠢ | ᠰᠤᠳᠤᠯᠬᠤ ᠠᠵᠢᠯᠯᠠᠭ᠎ᠠ ᠶᠢ ᠥᠷᠨᠢᠭᠦᠯᠪᠡ︔ ᠲᠤᠰᠠᠯᠠᠮᠵᠢ ᠬᠦᠷᠲᠡᠬᠦ ᠰᠤᠷᠭᠠᠭᠤᠯᠢ 435 ᠰᠢᠯᠭᠠᠷᠠᠭᠰᠠᠨ ᠪᠠᠭᠰᠢ ᠶᠢ | ᠰᠣᠩᠭᠤᠵᠤ᠂ ᠳᠤᠰᠠᠯᠠᠮᠵᠢ ᠭᠦᠷᠲᠡᠬᠦ ᠰᠤᠷᠭᠠᠭᠤᠯᠢ ᠳᠤ ᠣᠴᠢᠭᠤᠯᠤᠨ ᠠᠵᠢᠯ ᠤᠨ ᠪᠠᠶᠢᠷᠢ ᠳᠠᠭᠠᠵᠤ | ᠰᠤᠷᠤᠯᠴᠠᠭᠤᠯᠪᠠ᠃ ︽ᠭᠤᠷᠪᠠᠨ ᠣᠷᠣᠨ︾ ᠤ ᠴᠢᠳᠠᠪᠤᠷᠢᠲᠠᠨ ᠢ ᠳᠡᠮᠵᠢᠬᠦ ᠲᠥᠯᠥᠪᠯᠡᠭᠡ ᠶᠢᠨ ᠪᠠᠭᠰᠢ ᠶᠢᠨ ᠲᠤᠰᠬᠠᠢ | ᠲᠥᠯᠥᠪᠯᠡᠭᠡ ᠪᠠ ᠳᠤᠮᠳᠠᠳᠤ ᠪᠠᠭ᠎ᠠ ᠰᠤᠷᠭᠠᠭᠤᠯᠢ ᠶᠢᠨ ᠪᠤᠭᠤᠷᠠᠯᠴᠤᠳ ᠤᠨ ᠡᠷᠳᠡᠮ ᠰᠢᠨᠵᠢᠯᠡᠭᠡᠨ ᠶᠠᠷᠢᠶᠠᠨ ᠤ | ᠲᠥᠯᠥᠪᠯᠡᠭᠡ ᠶᠢ ᠦᠷᠭᠦᠯᠵᠢᠯᠡᠨ ᠬᠡᠷᠡᠭᠵᠢᠭᠦᠯᠵᠦ᠂ 454 ᠰᠢᠯᠢᠳᠡᠭ ᠰᠤᠷᠭᠠᠭᠤᠯᠢ ᠶᠢᠨ ᠵᠠᠬᠢᠷᠤᠯ᠂ ᠪᠠᠭᠰᠢ ᠶᠢ | ᠰᠣᠩᠭᠤᠨ ᠰᠤᠷᠭᠠᠨ ᠬᠥᠮᠦᠵᠢᠯ ᠢ ᠳᠡᠮᠵᠢᠭᠦᠯᠦᠨ᠂ ᠰᠤᠳᠤᠯᠭᠠᠨ ᠢ ᠳᠡᠮᠵᠢᠭᠦᠯᠵᠦ᠂ ᠰᠤᠷᠭᠠᠨ ᠬᠥᠮᠦᠵᠢᠯ ᠤᠨ | ᠬᠦᠴᠦᠨ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠰᠠᠭᠤᠷᠢ ᠲᠠᠯᠪᠢᠵᠤ ᠡᠨᠧᠷᠭᠢ ᠣᠯᠭᠤᠪᠠ᠃ | ᠬᠠᠮᠢᠶᠠᠷᠤᠯᠲᠠ ᠶᠢᠨ ᠥᠭᠡᠷᠡᠴᠢᠯᠡᠯᠲᠡ ᠶᠢ ᠨᠠᠷᠢᠯᠢᠭ ᠪᠥᠭᠡᠳ ᠪᠣᠳᠠᠲᠠᠢ ᠨᠠᠶᠢᠳᠠᠪᠤᠷᠢᠵᠢᠭᠤᠯᠪᠠ | ᠡᠯ᠎ᠡ ᠰᠠᠯᠠᠭ᠎ᠠ ᠮᠥᠴᠢᠷ ᠢ ᠴᠤᠭᠯᠠᠭᠤᠯᠤᠨ ᠠᠵᠢᠯ ᠢᠶᠠᠨ ᠬᠠᠮᠲᠤᠳᠬᠠᠵᠤ᠂ ᠪᠠᠭᠰᠢ ᠶᠢᠨ ᠡᠩᠨᠡᠭᠡᠨ ᠤ | ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠥᠭᠡᠷᠡᠴᠢᠯᠡᠯᠲᠡ ᠯᠠᠪᠳᠠᠭᠤᠨ ᠪᠠᠲᠤᠲᠠᠢ ᠦᠷ᠎ᠡ ᠪᠦᠲᠦᠮᠵᠢ ᠣᠯᠪᠠ᠃ 12 | ᠶᠡᠭᠡ ᠳᠡᠭᠡᠳᠦ ᠰᠤᠷᠭᠠᠭᠤᠯᠢ ᠶᠢᠨ ᠬᠢᠨᠠᠨ ᠲᠣᠭᠲᠠᠭᠠᠭᠰᠠᠨ ᠠᠵᠢᠯᠲᠠᠨ ᠤ ᠶᠡᠷᠦᠩᠬᠡᠢ ᠲᠤᠭ᠎ᠠ 18684᠂ ᠰᠢᠨ᠎ᠡ ᠪᠠᠷ | ᠨᠡᠮᠡᠭᠳᠡᠭᠰᠡᠨ ᠬᠢᠵᠠᠭᠠᠷᠯᠠᠭᠰᠠᠨ ᠲᠤᠭ᠎ᠠ 3326︔ ︽ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ | ᠪᠠᠶᠢᠭᠤᠯᠤᠮᠵᠢ ᠶᠢᠨ ᠣᠷᠣᠨ ᠲᠤᠭ᠎ᠠ ᠶᠢᠨ ᠪᠠᠷᠢᠮᠵᠢᠶ᠎ᠠ︾ ᠶᠢ ᠨᠡᠶᠢᠲᠡᠯᠡᠭᠰᠡᠨ ᠪᠥᠭᠡᠳ ᠪᠠᠷᠢᠮᠵᠢᠶ᠎ᠠ ᠨᠢ ᠪᠦᠬᠦ ᠤᠯᠤᠰ ᠤᠨ | ᠡᠮᠦᠨ᠎ᠡ ᠡᠩᠨᠡᠭᠡᠨ ᠳᠤ ᠣᠷᠣᠵᠤ᠂ ᠡᠭᠦᠨ ᠠᠴᠠ ᠡᠬᠢᠯᠡᠨ᠂ ᠮᠠᠨ ᠤ ᠣᠷᠣᠨ ᠤ ᠪᠠᠭᠰᠢ ᠠᠵᠢᠯᠲᠠᠨ ᠠᠵᠢᠯᠴᠢᠨ ᠤ ᠣᠷᠣᠨ | ᠲᠤᠭ᠎ᠠ ᠶᠢᠨ ᠪᠠᠷᠢᠮᠵᠢᠶ᠎ᠠ ᠶᠢᠨ ᠳᠣᠭᠲᠠᠯᠴᠠᠭ᠎ᠠ ᠪᠦᠬᠦ ᠰᠤᠷᠤᠯᠭ᠎ᠠ ᠶᠢᠨ ᠱᠠᠲᠤ ᠶᠢ ᠬᠠᠮᠤᠷᠪᠠ︔ ᠠᠩᠬ᠎ᠠ ᠤᠳᠠᠭ᠎ᠠ | ᠥᠪᠡᠷᠲᠡᠭᠡᠨ ᠵᠠᠰᠠᠬᠤ ᠣᠷᠣᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ︽ᠬᠤᠣᠰ ᠬᠢᠷᠢ | ᠬᠡᠮᠲᠦ︾ ᠪᠠᠭᠰᠢ ᠶᠢ ᠮᠠᠭᠠᠳᠯᠠᠨ ᠳᠣᠭᠲᠠᠭᠠᠬᠤ ᠠᠵᠢᠯ ᠢ ᠥᠷᠨᠢᠭᠦᠯᠦᠨ᠂ ︽ᠬᠤᠣᠰ ᠬᠢᠷᠢ ᠬᠡᠮᠲᠦ︾ ᠪᠠᠭᠰᠢ 9702 | ᠶᠢ ᠮᠠᠭᠠᠳᠯᠠᠨ ᠲᠣᠭᠲᠠᠭᠠᠵᠤ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠲᠤᠰᠬᠠᠢ ᠮᠡᠷᠭᠡᠵᠢᠯ ᠤᠨ | ᠬᠢᠴᠢᠶᠡᠯ ᠤᠨ ᠪᠠᠭᠰᠢ ᠶᠢᠨ ᠶᠡᠷᠦᠩᠬᠡᠢ ᠲᠤᠭ᠎ᠠ ᠶᠢᠨ 57.78% ᠶᠢ ᠡᠵᠡᠯᠡᠪᠡ︔ ᠳᠤᠮᠳᠠᠳᠤ ᠪᠠᠭ᠎ᠠ | ᠰᠤᠷᠭᠠᠭᠤᠯᠢ ᠶᠢᠨ ᠪᠠᠭᠰᠢ ᠶᠢᠨ ᠬᠢᠷᠢ ᠭᠡᠮ ᠢ ᠲᠣᠭᠲᠠᠮᠠᠯ ᠬᠤᠭᠤᠴᠠᠭ᠎ᠠ ᠲᠠᠢ ᠳᠠᠩᠰᠠᠯᠠᠬᠤ ᠲᠤᠷᠰᠢᠯᠲᠠ ᠶᠢᠨ ᠴᠡᠭ ᠢ | ᠪᠦᠬᠦ ᠲᠠᠯ᠎ᠠ ᠪᠠᠷ ᠳᠡᠯᠭᠡᠷᠡᠭᠦᠯᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠣᠷᠣᠨ ᠲᠤᠭ᠎ᠠ ᠲᠠᠢ ᠠᠵᠢᠯ ᠤᠨ ᠪᠠᠶᠢᠷᠢ ᠳᠤ | ᠪᠠᠶᠢᠬᠤ ᠪᠠᠭᠰᠢ ᠶᠢ ᠬᠠᠮᠤᠷᠴᠤ᠂ ᠳᠡᠪᠰᠢᠵᠦ ᠪᠠᠭᠤᠵᠤ ᠪᠣᠯᠬᠤᠶᠢᠴᠠ ᠬᠢᠨᠠᠨ ᠰᠢᠯᠭᠠᠬᠤ ᠬᠠᠮᠢᠶᠠᠷᠤᠯᠲᠠ ᠶᠢᠨ | ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃ | | | | | | ᠳᠡᠭᠡᠳᠦ ᠳᠡᠰ ᠤᠨ ᠴᠢᠳᠠᠪᠤᠷᠢᠲᠠᠨ ᠢ ᠣᠷᠣᠭᠤᠯᠤᠨ ᠬᠥᠮᠦᠵᠢᠭᠦᠯᠬᠦ ᠠᠵᠢᠯ ᠰᠢᠨ᠎ᠡ ᠰᠢᠪᠲᠤᠯᠤᠯᠲᠠ ᠲᠠᠢ | ᠪᠣᠯᠪᠠ | ︽ᠭᠠᠳᠠᠭᠰᠢ ᠭᠠᠷᠭᠠᠬᠤ᠂ ᠤᠷᠢᠨ ᠠᠪᠴᠢᠷᠠᠬᠤ︾ ᠶᠢ ᠪᠠᠷᠢᠮᠲᠠᠯᠠᠨ᠂ ︽ᠦᠯᠡᠳᠡᠭᠡᠵᠦ ᠳᠡᠶᠢᠯᠬᠦ᠂ ᠰᠠᠶᠢᠲᠤᠷ | ᠬᠡᠷᠡᠭᠯᠡᠬᠦ︾ ᠶᠢ ᠴᠢᠬᠤᠯᠠᠴᠢᠯᠠᠵᠤ᠂ ᠳᠡᠭᠡᠳᠦ ᠳᠡᠰ ᠤᠨ ᠴᠢᠳᠠᠪᠤᠷᠢᠲᠠᠨ ᠢ ᠬᠥᠮᠦᠵᠢᠭᠦᠯᠵᠦ ᠦᠯᠡᠳᠡᠭᠡᠨ ᠬᠡᠷᠡᠭᠯᠡᠬᠦ | ᠪᠠᠶᠢᠭᠤᠯᠤᠯ ᠲᠣᠭᠲᠠᠴᠠ ᠶᠢ ᠨᠡᠩ ᠪᠣᠯᠪᠠᠰᠤᠷᠠᠩᠭᠤᠢ ᠪᠣᠯᠭᠠᠪᠠ᠃ ︽ᠡᠬᠢ ᠡᠭᠦᠰᠦᠯ ᠠᠴᠠ ᠨᠢ ᠬᠦᠴᠦᠷᠬᠡᠭᠵᠢᠭᠦᠯᠦᠨ | ᠰᠢᠨᠡᠳᠭᠡᠬᠦ︾ ᠶᠢ ᠪᠠᠷᠢᠮᠲᠠᠯᠠᠨ᠂ 4 ᠬᠥᠮᠦᠨ ︽ᠬᠥᠬᠡᠮᠥ᠋ᠷᠡᠨ ᠡᠷᠳᠡᠮᠲᠡᠨ ᠢ ᠱᠠᠩᠨᠠᠨ ᠬᠥᠬᠢᠭᠦᠯᠬᠦ ᠲᠥᠯᠥᠪᠯᠡᠭᠡ︾ ᠶᠢᠨ | ᠣᠨᠴᠠ ᠤᠷᠢᠭᠰᠠᠨ ᠫᠷᠣᠹᠧᠰᠰᠣᠷ ᠤᠨ ᠲᠥᠷᠥᠯ ᠵᠦᠢᠯ ᠳᠤ ᠰᠣᠩᠭᠤᠭᠳᠠᠪᠠ︔ 1 ᠬᠥᠮᠦᠨ ᠵᠠᠯᠠᠭᠤᠴᠤᠳ | ᠬᠥᠬᠡᠮᠥ᠋ᠷᠡᠨ ᠤ ᠲᠥᠷᠥᠯ ᠵᠦᠢᠯ ᠳᠤ ᠰᠣᠩᠭᠤᠭᠳᠠᠪᠠ︔ 2 ᠬᠥᠮᠦᠨ ᠤᠯᠤᠰ ᠤᠨ ᠳᠡᠭᠡᠳᠦ ᠳᠡᠰ ᠤᠨ ᠴᠢᠳᠠᠪᠤᠷᠢᠲᠠᠨ ᠢ | ᠣᠨᠴᠠᠭᠠᠢ ᠳᠡᠮᠵᠢᠬᠦ ᠲᠥᠯᠥᠪᠯᠡᠭᠡᠨ ᠤ ᠵᠠᠯᠠᠭᠤ ᠣᠷᠦ᠋ᠢᠯᠠᠭᠰᠠᠨ ᠴᠢᠳᠠᠪᠤᠷᠢᠲᠠᠨ ᠢᠶᠠᠷ ᠰᠣᠩᠭᠤᠭᠳᠠᠵᠤ᠂ 2 ᠬᠥᠮᠦᠨ | ᠤᠯᠤᠰ ᠤᠨ ᠳᠡᠭᠡᠳᠦ ᠳᠡᠰ ᠤᠨ ᠴᠢᠳᠠᠪᠤᠷᠢᠲᠠᠨ ᠢ ᠣᠨᠴᠠᠭᠠᠢ ᠳᠡᠮᠵᠢᠬᠦ ᠲᠥᠯᠥᠪᠯᠡᠭᠡᠨ ᠤ ᠵᠢᠭᠠᠨ ᠰᠤᠷᠭᠠᠯᠲᠠ ᠶᠢᠨ | ᠨᠡᠷᠡᠲᠦ ᠪᠠᠭᠰᠢ ᠪᠠᠷ ᠰᠣᠩᠭᠤᠭᠳᠠᠪᠠ᠂ 2 ᠪᠦᠯᠬᠦᠮ ᠨᠡᠶᠢᠲᠡ ᠪᠦᠬᠦ ᠤᠯᠤᠰ ᠤᠨ ᠬᠤᠸᠠᠩ ᠳ᠋ᠠ ᠨᠢᠶᠠᠨ ᠮᠠᠶ᠋ᠢᠭ ᠤᠨ | ᠪᠠᠭᠰᠢ ᠶᠢᠨ ᠪᠦᠯᠬᠦᠮ ᠢᠶᠠᠷ ᠰᠣᠩᠭᠤᠭᠳᠠᠪᠠ︔ 8 ᠪᠠᠭᠰᠢ ᠵᠠᠬᠢᠷᠤᠯ ᠤᠯᠤᠰ ᠤᠨ ᠳᠤᠮᠳᠠᠳᠤ ᠪᠠᠭ᠎ᠠ ᠰᠤᠷᠭᠠᠭᠤᠯᠢ ᠶᠢᠨ | ︽ᠭᠤᠷᠪᠠᠨ ᠨᠡᠷᠡᠰ︾ ᠤᠨ ᠲᠥᠯᠥᠪᠯᠡᠭᠡ ᠳᠤ ᠰᠣᠩᠭᠤᠭᠳᠠᠵᠤ᠂ 6 ᠪᠠᠭᠰᠢ ᠵᠠᠬᠢᠷᠤᠯ ᠤᠯᠤᠰ ᠤᠨ ᠠᠵᠢᠯ | ᠮᠡᠷᠭᠡᠵᠢᠯ ᠤᠨ ᠰᠤᠷᠭᠠᠭᠤᠯᠢ ᠶᠢᠨ ︽ᠭᠤᠷᠪᠠᠨ ᠨᠡᠷᠡᠰ︾ ᠤᠨ ᠲᠥᠯᠥᠪᠯᠡᠭᠡ ᠳᠤ ᠣᠷᠣᠵᠤ᠂ ︽ᠴᠡᠭᠡᠯᠭᠡᠨ | ᠳᠠᠭᠤᠲᠤ︾ ᠪᠠᠭᠰᠢ ᠶᠢᠨ ᠡᠩᠨᠡᠭᠡ ᠶᠢ ᠬᠥᠮᠥᠵᠢᠭᠦᠯᠬᠦ ᠰᠢᠨ᠎ᠡ ᠠᠬᠢᠴᠠ ᠲᠠᠢ ᠪᠣᠯᠪᠠ᠃ | ᠳᠠᠷᠠᠭ᠎ᠠ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠨ᠂ ᠰᠤᠷᠭᠠᠨ ᠬᠥᠮᠥᠵᠢᠯᠲᠡᠨ ᠤ ᠵᠣᠷᠢᠭ | ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠥᠨᠳᠥᠷ ᠬᠡᠪ ᠴᠢᠨᠠᠷ ᠲᠠᠢ ᠪᠠᠭᠰᠢ ᠶᠢᠨ ᠡᠩᠨᠡᠭᠡ ᠶᠢ ᠬᠥᠮᠦᠵᠢᠭᠦᠯᠵᠦ᠂ | ᠳᠤᠮᠳᠠᠳᠤ ᠤᠯᠤᠰ ᠤᠨ ᠣᠨᠴᠠᠯᠢᠭ ᠲᠠᠢ ᠪᠠᠭᠰᠢ ᠶᠢᠨ ᠰᠤᠷᠭᠠᠨ ᠬᠥᠮᠦᠵᠢᠯ ᠤᠨ ᠳᠣᠭᠲᠠᠯᠴᠠᠭ᠎ᠠ ᠶᠢ | ᠲᠡᠭᠦᠯᠳᠡᠷᠵᠢᠭᠦᠯᠦᠨ᠂ ᠪᠢᠴᠢᠭ ᠵᠢᠭᠠᠵᠤ ᠬᠥᠮᠦᠨ ᠬᠥᠮᠦᠵᠢᠭᠦᠯᠬᠦ ᠴᠢᠳᠠᠪᠤᠷᠢ ᠶᠢ ᠳᠡᠭᠡᠭᠰᠢᠯᠡᠭᠦᠯᠵᠦ᠂ ᠪᠠᠭᠰᠢ ᠶᠢᠨ | ᠬᠠᠮᠢᠶᠠᠷᠤᠯᠲᠠ ᠪᠣᠯᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠬᠠᠷᠠᠭᠠᠯᠵᠠᠯ ᠢ ᠪᠠᠲᠤᠯᠠᠬᠤ | ᠡᠷᠴᠢᠮ ᠢ ᠴᠢᠩᠭᠠᠷᠠᠭᠤᠯᠤᠨ᠂ ᠢᠷᠠᠭᠤ ᠠᠯᠳᠠᠷ ᠬᠥᠬᠢᠭᠦᠯᠦᠯ ᠤᠨ ᠳᠣᠭᠲᠠᠯᠴᠠᠭ᠎ᠠ ᠢ ᠲᠡᠭᠦᠯᠳᠡᠷᠵᠢᠭᠦᠯᠵᠦ᠂ ᠪᠦᠬᠦ | ᠨᠡᠶᠢᠭᠡᠮ ᠢᠶᠠᠷ ᠢᠶᠠᠨ ᠪᠠᠭᠰᠢ ᠶᠢ ᠬᠦᠨᠳᠦᠳᠬᠡᠨ ᠰᠤᠷᠭᠠᠨ ᠬᠥᠮᠦᠵᠢᠯ ᠢ ᠴᠢᠬᠤᠯᠠᠴᠢᠯᠠᠬᠤ ᠭᠦᠨ ᠵᠤᠵᠠᠭᠠᠨ ᠠᠭᠤᠷ | ᠠᠮᠢᠰᠬᠤᠯ ᠢ ᠪᠣᠢ ᠪᠣᠯᠭᠠᠨ᠂ ᠪᠠᠭᠰᠢ ᠶᠢᠨ ᠠᠵᠢᠯ ᠢ ᠨᠡᠶᠢᠭᠡᠮ ᠳᠤ ᠬᠠᠮᠤᠭ ᠤᠨ ᠬᠦᠨᠳᠦᠳᠬᠡᠭᠳᠡᠬᠦ ᠪᠠ ᠬᠥᠮᠦᠰ ᠢ | ᠬᠠᠮᠤᠭ ᠤᠨ ᠪᠢᠰᠢᠷᠡᠭᠦᠯᠬᠦ ᠠᠵᠢᠯ ᠮᠡᠷᠭᠡᠵᠢᠯ ᠪᠣᠯᠭᠠᠵᠤ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠥᠳᠲᠡᠷ | ᠲᠦᠷᠭᠡᠨ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ | ᠪᠡᠶᠡᠯᠡᠭᠦᠯᠬᠦ ᠳᠤ ᠬᠦᠴᠦᠲᠡᠢ ᠲᠤᠯᠭᠠᠭᠤᠷᠢᠯᠠᠯ ᠬᠠᠩᠭᠠᠨ᠎ᠠ᠃ | | | |