2024 ᠣᠨ ᠤ ᠪᠦᠬᠦ ᠣᠷᠣᠨ ᠤ ᠵᠢᠭᠠᠬᠤ ᠶᠢ ᠰᠤᠳᠤᠯᠬᠤ ᠠᠵᠢᠯ ᠢ ᠰᠤᠳᠤᠯᠤᠨ ᠶᠠᠷᠢᠯᠴᠠᠬᠤ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/1/19
      ᠲᠦᠷᠦᠭᠦᠬᠡᠨ᠂ ᠪᠦᠬᠦ ᠣᠷᠣᠨ ᠤ ᠵᠢᠭᠠᠬᠤ ᠶᠢ ᠰᠤᠳᠤᠯᠬᠤ ᠠᠵᠢᠯ ᠢ ᠰᠤᠳᠤᠯᠤᠨ ᠶᠠᠷᠢᠯᠴᠠᠬᠤ ᠬᠤᠷᠠᠯ ᠢ ᠬᠥᠬᠡᠬᠤᠲᠠ ᠳᠤ ᠬᠤᠷᠠᠯᠳᠤᠭᠤᠯᠪᠠ᠃ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠶᠡᠷᠦᠩᠬᠡᠢ ᠰᠤᠷᠭᠠᠭᠤᠯᠢ ᠪᠠᠶᠢᠴᠠᠭᠠᠭᠴᠢ ᠵᠦ ᠪᠦᠦ ᠵᠢᠶᠠᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃

1.jpg

      ᠬᠤᠷᠠᠯ ᠠᠴᠠ᠂ 2024 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ

ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠵᠠᠩᠭᠢᠯᠠᠭ᠎ᠠ ᠶᠢᠨ ᠵᠢᠯ᠂ ᠮᠥᠨ ᠴᠤ ︽ᠠᠷᠪᠠᠨ ᠳᠥᠷᠪᠡᠳᠦᠭᠡᠷ

ᠲᠠᠪᠤᠨ ᠵᠢᠯ︾᠎ ᠤᠨ ᠲᠥᠯᠥᠪᠵᠢᠭᠦᠯᠭᠡ ᠶᠢ ᠬᠡᠷᠡᠭᠵᠢᠭᠦᠯᠬᠦ ᠪᠣᠭᠤᠮᠲᠠ ᠰᠢᠪᠲᠤᠯᠬᠤ ᠵᠢᠯ ᠪᠣᠯᠤᠨ᠎ᠠ᠂ ᠵᠢᠭᠠᠬᠤ ᠶᠢ

ᠰᠤᠳᠤᠯᠬᠤ ᠪᠠ ᠪᠠᠭᠰᠢ ᠶᠢᠨ ᠪᠣᠯᠪᠠᠰᠤᠷᠠᠯ ᠪᠣᠯ ᠰᠠᠭᠤᠷᠢ ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ ᠶᠢ

ᠠᠬᠢᠭᠤᠯᠬᠤ ᠬᠤᠶᠠᠷ  ᠬᠥᠷᠳᠦ᠂ ᠡᠭᠦᠷᠭᠡ ᠬᠦᠨᠳᠦ ᠵᠠᠮ ᠬᠤᠯᠠ ᠭᠡᠵᠦ ᠴᠢᠬᠤᠯᠠᠴᠢᠯᠠᠪᠠ᠃

      ᠬᠤᠷᠠᠯ ᠠᠴᠠ᠂ ᠡᠯ᠎ᠡ ᠱᠠᠲᠤᠨ ᠤ ᠵᠢᠭᠠᠬᠤ ᠶᠢ ᠰᠤᠳᠤᠯᠬᠤ ᠰᠠᠯᠠᠭ᠎ᠠ ᠮᠥᠴᠢᠷ ᠤᠨ ᠬᠢᠨ ᠵᠥᠪ ᠤᠯᠤᠰ

ᠲᠥᠷᠥ ᠶᠢᠨ ᠴᠢᠭᠯᠡᠯ ᠢ ᠡᠵᠡᠮᠳᠡᠵᠦ᠂ ᠶᠣᠰᠣ ᠰᠤᠷᠲᠠᠬᠤᠨ ᠢ ᠪᠣᠢ ᠪᠣᠯᠭᠠᠵᠤ ᠬᠥᠮᠦᠨ ᠬᠥᠮᠦᠵᠢᠭᠦᠯᠬᠦ ᠦᠨᠳᠦᠰᠦᠨ

ᠡᠭᠦᠷᠭᠡ ᠶᠢ ᠪᠠᠷᠢᠮᠲᠠᠯᠠᠨ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ  ᠲᠤᠭᠤᠰᠢᠯᠠᠭᠤᠯᠵᠤ᠂

ᠪᠠᠭᠰᠢ ᠶᠢ ᠬᠥᠲᠥᠯᠥᠨ ᠵᠢᠯᠣᠭᠤᠳᠴᠤ ︽ᠬᠢᠴᠢᠶᠡᠯ ᠲᠥᠷᠦᠯ ᠤᠨ ᠮᠡᠳᠡᠯᠭᠡ ᠶᠢᠨ ᠵᠢᠭᠠᠨ ᠰᠤᠷᠭᠠᠯᠲᠠ︾᠎ ᠠᠴᠠ

︽ᠬᠢᠴᠢᠶᠡᠯ ᠲᠥᠷᠦᠯ ᠤᠨ ᠬᠥᠮᠦᠨ ᠬᠥᠮᠦᠵᠢᠭᠦᠯᠬᠦ︾ ᠲᠡᠶᠢᠰᠢ ᠰᠢᠯᠵᠢᠭᠦᠯᠵᠦ᠂ ᠰᠤᠷᠤᠭᠴᠢᠳ ᠤᠨ ᠶᠣᠰᠣ ᠰᠤᠷᠲᠠᠬᠤᠨ᠂

ᠣᠶᠤᠨ ᠤᠬᠠᠭᠠᠨ᠂ ᠪᠡᠶ᠎ᠡ ᠮᠠᠬᠠᠪᠣᠳ᠂ ᠭᠤᠸ᠎ᠠ ᠰᠠᠶᠢᠬᠠᠨ᠂ ᠬᠥᠳᠡᠯᠮᠦᠷᠢ ᠵᠡᠷᠭᠡ ᠪᠦᠬᠦ ᠲᠠᠯ᠎ᠠ ᠶᠢᠨ ᠬᠥᠭᠵᠢᠯᠲᠡ ᠶᠢ

ᠠᠬᠢᠭᠤᠯᠬᠤ ᠬᠡᠷᠡᠭᠲᠡᠢ᠃ ᠵᠢᠭᠠᠬᠤ ᠶᠢ ᠰᠤᠳᠤᠯᠬᠤ ᠠᠵᠢᠯ ᠤᠨ ᠭᠤᠣᠯ ᠡᠭᠦᠷᠭᠡ ᠶᠢ ᠰᠠᠶᠢᠲᠤᠷ ᠡᠵᠡᠮᠳᠡᠵᠦ᠂

ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ

ᠵᠢᠭᠠᠨ ᠰᠤᠷᠭᠠᠯᠲᠠ ᠶᠢᠨ ᠥᠭᠡᠷᠡᠴᠢᠯᠡᠯᠲᠡ ᠬᠥᠭᠵᠢᠯᠲᠡ ᠶᠢᠨ ᠲᠣᠭᠤᠷᠢᠨ ᠳᠤ᠂ ᠤᠷᠢᠳᠴᠢᠯᠠᠨ ᠪᠠᠶᠢᠷᠢᠯᠠᠭᠤᠯᠵᠤ᠂

ᠳᠤᠮᠳᠠᠳᠤ ᠪᠠᠭ᠎ᠠ ᠰᠤᠷᠭᠠᠭᠤᠯᠢ ᠶᠢ ᠵᠢᠯᠣᠭᠤᠳᠤᠨ ᠰᠠᠭᠤᠷᠢ ᠰᠤᠷᠭᠠᠨ ᠬᠥᠮᠦᠵᠢᠯ ᠤᠨ ᠬᠢᠴᠢᠶᠡᠯ ᠤᠨ ᠵᠢᠭᠠᠨ

ᠰᠤᠷᠭᠠᠯᠲᠠ ᠶᠢᠨ ᠥᠭᠡᠷᠡᠴᠢᠯᠡᠯᠲᠡ ᠶᠢ ᠯᠠᠪᠳᠠᠭᠤᠨ ᠪᠠᠲᠤᠲᠠᠢ ᠠᠬᠢᠭᠤᠯᠤᠨ᠂ ᠳᠤᠮᠳᠠᠳᠤ ᠪᠠᠭ᠎ᠠ ᠰᠤᠷᠭᠠᠭᠤᠯᠢ ᠶᠢᠨ

ᠪᠠᠭᠰᠢ ᠶᠢᠨ ᠲᠤᠰᠬᠠᠢ ᠮᠡᠷᠭᠡᠵᠢᠯ ᠤᠨ ᠬᠡᠪ ᠪᠣᠯᠪᠠᠰᠤᠷᠠᠯ ᠪᠠ ᠦᠢᠯᠡᠳᠦᠯᠭᠡ ᠶᠢᠨ ᠴᠢᠳᠠᠪᠤᠷᠢ ᠶᠢ ᠳᠡᠭᠡᠭᠰᠢᠯᠡᠭᠦᠯᠬᠦ

ᠬᠡᠷᠡᠭᠲᠡᠢ᠃ ᠦᠨᠳᠦᠰᠦᠨ ᠱᠠᠲᠤᠨ ᠤ ᠰᠤᠷᠭᠠᠭᠤᠯᠢ ᠳᠤ ᠭᠦᠨᠵᠡᠭᠡᠶᠢᠷᠡᠨ ᠪᠣᠳᠠᠲᠤ ᠠᠵᠢᠯ ᠬᠢᠵᠦ᠂ ︽ᠵᠢᠭᠠᠬᠤ ᠶᠢ

ᠰᠤᠳᠤᠯᠤᠭᠴᠢ ᠠᠴᠠ ᠰᠤᠷᠭᠠᠭᠤᠯᠢ ᠶᠢ ᠬᠤᠯᠪᠤᠭᠠᠯᠠᠨ ᠳᠠᠭᠠᠭᠠᠴᠢᠯᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ

ᠬᠢᠬᠦ ᠲᠤᠬᠠᠢ ᠮᠡᠳᠡᠭᠳᠡᠯ︾᠎ ᠤᠨ ᠱᠠᠭᠠᠷᠳᠠᠯᠭ᠎ᠠ ᠶᠣᠰᠣᠭᠠᠷ᠂ ᠭᠤᠷᠪᠠᠨ ᠱᠠᠲᠤᠨ ᠤ ᠵᠢᠭᠠᠬᠤ ᠶᠢ ᠰᠤᠳᠤᠯᠬᠤ

ᠪᠠᠶᠢᠭᠤᠯᠤᠮᠵᠢ ᠶᠢᠨ ᠵᠢᠭᠠᠬᠤ ᠶᠢ ᠰᠤᠳᠤᠯᠤᠭᠴᠢ ᠠᠴᠠ ᠴᠡᠭ ᠲᠣᠭᠲᠠᠭᠠᠨ ᠰᠤᠷᠭᠠᠭᠤᠯᠢ ᠲᠠᠢ ᠬᠠᠷᠢᠯᠴᠠᠬᠤ ᠳᠦᠷᠢᠮ ᠢ

ᠨᠠᠶᠢᠳᠠᠪᠤᠷᠢᠵᠢᠭᠤᠯᠵᠤ᠂ ᠬᠤᠲᠠ ᠬᠥᠳᠡᠭᠡ ᠮᠠᠯᠵᠢᠬᠤ ᠣᠷᠣᠨ ᠢ ᠬᠠᠮᠲᠤ ᠎ ᠳᠤ ᠨᠢ ᠬᠠᠷᠠᠭᠠᠯᠵᠠᠵᠤ᠂ ᠠᠵᠢᠯ ᠤᠨ

ᠴᠠᠭ ᠤᠨ ᠬᠢᠵᠠᠭᠠᠷ ᠢ ᠲᠣᠭᠲᠠᠭᠠᠨ᠂ ᠣᠷᠣᠨ ᠪᠦᠰᠡ ᠠᠯᠤᠰᠯᠠᠭᠰᠠᠨ ᠬᠠᠮᠲᠤᠷᠠᠯᠴᠠᠭᠠᠨ ᠤ ᠵᠢᠯᠣᠭᠤᠳᠬᠤ ᠡᠷᠴᠢᠮ ᠢ

ᠴᠢᠩᠭᠠᠷᠠᠭᠤᠯᠬᠤ ᠬᠡᠷᠡᠭᠲᠡᠢ ᠭᠡᠵᠦ ᠱᠠᠭᠠᠷᠳᠠᠪᠠ᠃

   

1.png

 

  

     ᠬᠤᠷᠠᠯ ᠢ ᠳᠤᠭᠤᠶᠢᠯᠠᠩ ᠬᠤᠪᠢᠶᠠᠨ ᠰᠤᠳᠤᠯᠤᠨ ᠶᠠᠷᠢᠯᠴᠠᠬᠤ᠂ ᠲᠥᠪᠯᠡᠷᠡᠭᠦᠯᠦᠨ ᠬᠠᠷᠢᠭᠤ ᠮᠡᠳᠡᠭᠦᠯᠬᠦ

ᠬᠡᠯᠪᠡᠷᠢ ᠪᠠᠷ ᠶᠠᠪᠤᠭᠳᠠᠭᠤᠯᠵᠤ᠂ ᠠᠶᠢᠮᠠᠭ ᠬᠤᠲᠠ ᠶᠢᠨ  ᠵᠢᠭᠠᠬᠤ ᠶᠢ ᠰᠤᠳᠤᠯᠬᠤ ᠲᠠᠰᠤᠭ ᠤᠨ ᠡᠷᠬᠢᠯᠡᠭᠴᠢ ᠪᠣᠯᠤᠨ

ᠳᠤᠮᠳᠠᠳᠤ ᠪᠠᠭ᠎ᠠ ᠰᠤᠷᠭᠠᠭᠤᠯᠢ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ︽ᠬᠢᠴᠢᠶᠡᠯ ᠤᠨ

ᠪᠠᠶᠢᠭᠤᠯᠤᠯᠲᠠ ᠶᠢᠨ ᠠᠵᠢᠯᠯᠠᠭᠠᠨ ᠤ ᠲᠥᠯᠥᠪᠯᠡᠭᠡ︾᠎ ᠶᠢᠨ ᠲᠤᠷᠰᠢᠯᠲᠠ ᠶᠢᠨ ᠰᠤᠷᠭᠠᠭᠤᠯᠢ ᠶᠢᠨ ᠬᠢᠴᠢᠶᠡᠯ ᠤᠨ

ᠪᠠᠶᠢᠭᠤᠯᠤᠯᠲᠠ ᠶᠢᠨ ᠬᠠᠷᠢᠭᠤᠴᠠᠯᠭᠠᠲᠠᠨ ᠰᠠᠨᠠᠯ ᠢᠶᠠᠨ ᠰᠣᠯᠢᠯᠴᠠᠵᠤ᠂ ᠱᠠᠩᠬᠠᠢ᠂ ᠭᠢᠷᠢᠨ᠂ ᠯᠢᠶᠣᠤᠨᠢᠩ᠂

ᠪᠡᠭᠡᠵᠢᠩ ᠤᠨ ᠶᠡᠭᠡ ᠳᠡᠭᠡᠳᠦ ᠰᠤᠷᠭᠠᠭᠤᠯᠢ ᠶᠢᠨ ᠲᠤᠰᠬᠠᠢ ᠮᠡᠷᠭᠡᠵᠢᠯᠲᠡᠨ ᠤ ᠪᠦᠯᠬᠦᠮ ᠠᠴᠠ ᠮᠠᠨ ᠤ ᠣᠷᠣᠨ ᠤ

ᠵᠢᠭᠠᠬᠤ ᠶᠢ ᠰᠤᠳᠤᠯᠤᠭᠴᠢ᠂ ᠬᠤᠷᠠᠯ ᠳᠤ ᠣᠷᠣᠯᠴᠠᠭᠰᠠᠨ ᠰᠤᠷᠭᠠᠭᠤᠯᠢ ᠶᠢᠨ ᠵᠠᠬᠢᠷᠤᠯ᠂ ᠣᠷᠣᠨ ᠤ ᠳᠣᠲᠣᠷᠠᠬᠢ

ᠵᠢᠭᠠᠬᠤ ᠶᠢ ᠰᠤᠳᠤᠯᠬᠤ ᠲᠤᠰᠬᠠᠢ ᠮᠡᠷᠭᠡᠵᠢᠯᠲᠡᠨ ᠲᠠᠢ ᠰᠠᠨᠠᠯ ᠢᠶᠠᠨ ᠰᠣᠯᠢᠯᠴᠠᠵᠤ ᠰᠤᠳᠤᠯᠤᠨ ᠶᠠᠷᠢᠯᠴᠠᠪᠠ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号