ᠰᠤᠷᠭᠠᠨ ᠬᠥᠮᠦᠵᠢᠯ ᠤᠨ ᠶᠠᠮᠤᠨ ᠤ ᠪᠠᠭᠰᠢ ᠶᠢᠨ ᠠᠵᠢᠯ ᠤᠨ ᠵᠤᠷᠭᠠᠨ ᠤ ᠳᠤᠮᠳᠠᠳᠤ ᠤᠯᠤᠰ ᠤᠨ ᠪᠠᠭᠰᠢ ᠶᠢᠨ | ᠬᠥᠭᠵᠢᠯᠲᠡ ᠶᠢᠨ ᠰᠠᠭᠤᠷᠢ ᠮᠥᠩᠭᠦᠨ ᠤ ᠨᠡᠶᠢᠭᠡᠮᠯᠢᠭ ᠤᠨ ︽2023 ᠣᠨ ᠤ ᠬᠥᠳᠡᠭᠡ ᠲᠣᠰᠬᠤᠨ ᠤ ᠰᠢᠯᠢᠳᠡᠭ | ᠵᠠᠯᠠᠭᠤ ᠪᠠᠭᠰᠢ ᠶᠢ ᠬᠥᠮᠦᠵᠢᠭᠦᠯᠵᠦ ᠱᠠᠩᠨᠠᠬᠤ ᠲᠥᠯᠥᠪᠯᠡᠭᠡ ᠶᠢ ᠬᠡᠷᠡᠭᠵᠢᠭᠦᠯᠬᠦ ᠲᠤᠬᠠᠢ ᠮᠡᠳᠡᠭᠳᠡᠯ︾ ᠤᠨ | ᠱᠠᠭᠠᠷᠳᠠᠯᠭ᠎ᠠ ᠶᠢ ᠦᠨᠳᠦᠰᠦᠯᠡᠨ᠂ ᠱᠠᠲᠤ ᠳᠠᠷᠠᠭᠠᠯᠠᠨ ᠲᠠᠨᠢᠯᠴᠠᠭᠤᠯᠬᠤ ᠪᠠ ᠲᠤᠰᠬᠠᠢ ᠮᠡᠷᠭᠡᠵᠢᠯᠲᠡᠨ | ᠰᠢᠯᠭᠠᠷᠠᠭᠤᠯᠬᠤ ᠪᠠᠷ ᠳᠠᠮᠵᠢᠨ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ 2023 | ᠣᠨ ᠤ ᠬᠥᠳᠡᠭᠡ ᠲᠣᠰᠬᠤᠨ ᠤ ᠰᠢᠯᠢᠳᠡᠭ ᠵᠠᠯᠠᠭᠤ ᠪᠠᠭᠰᠢ ᠶᠢ ᠬᠥᠮᠦᠵᠢᠭᠦᠯᠵᠦ ᠱᠠᠩᠨᠠᠬᠤ ᠲᠥᠯᠥᠪᠯᠡᠭᠡ ᠳᠤ | ᠲᠠᠨᠢᠯᠴᠠᠭᠤᠯᠬᠤ ᠪᠠᠷ ᠪᠠᠶᠢᠭ᠎ᠠ ᠪᠠᠭᠰᠢ ᠶᠢ ᠲᠣᠭᠲᠠᠭᠠᠵᠤ᠂ ᠡᠳᠦᠭᠡ ᠢᠯᠡ ᠨᠡᠶᠢᠲᠡᠯᠡᠪᠡ᠃ | ᠢᠯᠡ ᠨᠡᠶᠢᠲᠡᠯᠡᠬᠦ ᠴᠠᠭ᠄ 2024 ᠣᠨ ᠤ 1 ᠰᠠᠷ᠎ᠠ ᠶᠢᠨ 2-1 ᠰᠠᠷ᠎ᠠ ᠶᠢᠨ 8 ᠤ ᠡᠳᠦᠷ᠃ ᠨᠢᠭᠡᠴᠢ ᠪᠠ | ᠬᠤᠪᠢ ᠬᠥᠮᠦᠨ ᠢᠷᠡᠬᠦ᠂ ᠵᠠᠬᠢᠳᠠᠯ ᠢᠷᠡᠭᠦᠯᠬᠦ᠂ ᠤᠲᠠᠰᠤ ᠢᠷᠡᠭᠦᠯᠬᠦ ᠵᠡᠷᠭᠡ ᠬᠡᠯᠪᠡᠷᠢ ᠪᠠᠷ ᠳᠡᠭᠡᠷ᠎ᠡ ᠳᠤᠷᠠᠳᠤᠭᠰᠠᠨ | ᠢᠯᠡ ᠨᠡᠶᠢᠲᠡᠯᠡᠭᠰᠡᠳ ᠲᠤ ᠬᠤᠯᠪᠤᠭᠳᠠᠬᠤ ᠪᠠᠶᠢᠳᠠᠯ ᠪᠠ ᠠᠰᠠᠭᠤᠳᠠᠯ ᠢ ᠲᠤᠰᠬᠠᠵᠤ ᠪᠣᠯᠤᠨ᠎ᠠ᠃ ᠲᠤᠰᠬᠠᠭᠰᠠᠨ | ᠠᠰᠠᠭᠤᠳᠠᠯ ᠢ ᠪᠠᠶᠢᠴᠠᠭᠠᠨ ᠬᠠᠷᠭᠤᠭᠤᠯᠬᠤ ᠳᠤ ᠳᠥᠭᠦᠮ ᠦᠵᠡᠭᠦᠯᠬᠦ ᠶᠢᠨ ᠲᠥᠯᠥᠭᠡ᠂ ᠠᠰᠠᠭᠤᠳᠠᠯ ᠢ ᠲᠤᠰᠬᠠᠬᠤ | ᠦᠶ᠎ᠡ ᠳᠤ ᠬᠤᠯᠪᠣᠭᠳᠠᠯ ᠪᠦᠬᠦᠢ ᠰᠦᠪᠡᠭᠴᠢ ᠶᠢ ᠬᠠᠩᠭᠠᠬᠤ ᠶᠢᠨ ᠬᠠᠮᠲᠤ ᠲᠤᠰ ᠬᠥᠮᠦᠨ ᠤ ᠦᠨᠡᠨ ᠣᠪᠣᠭ ᠨᠡᠷ᠎ᠡ᠂ | ᠬᠠᠷᠢᠯᠴᠠᠬᠤ ᠠᠷᠭ᠎ᠠ ᠮᠠᠶ᠋ᠢᠭ ᠪᠤᠶᠤ ᠠᠵᠢᠯᠯᠠᠵᠤ ᠪᠠᠶᠢᠭ᠎ᠠ ᠨᠢᠭᠡᠴᠢ ᠵᠡᠷᠭᠡ ᠮᠡᠳᠡᠭᠡ ᠵᠠᠩᠭᠢ ᠶᠢ ᠬᠠᠩᠭᠠᠵᠤ᠂ ᠪᠢᠳᠡ | ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠨ᠂ ᠨᠢᠭᠤᠴᠠ ᠶᠢ ᠬᠠᠮᠠᠭᠠᠯᠠᠬᠤ ᠡᠭᠦᠷᠭᠡ ᠪᠠᠨ ᠭᠦᠢᠴᠡᠳᠬᠡᠵᠦ᠂ | ᠬᠢᠨᠠᠨ ᠬᠠᠷᠭᠤᠭᠤᠯᠤᠭᠰᠠᠨ ᠪᠠᠶᠢᠳᠠᠯ ᠢ ᠴᠠᠭ ᠲᠤᠬᠠᠢ ᠳᠤ ᠨᠢ ᠬᠠᠷᠢᠭᠤ ᠲᠤᠰᠬᠠᠨ᠎ᠠ᠃ | ᠬᠠᠶ᠋ᠢᠭ᠄ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠳ᠋ᠢᠩ ᠰᠢᠶᠠᠩ ᠵᠠᠮ ᠤᠨ 5 ᠳ᠋ᠤᠭᠠᠷ ᠨᠣᠮᠧᠷ | ᠰᠢᠤᠳᠠᠨ ᠨᠣᠮᠧᠷ᠄ 010011 | ᠬᠠᠷᠢᠯᠴᠠᠬᠤ ᠤᠲᠠᠰᠤ᠄ 0471 - 2856822 | ᠢᠮᠧᠯ᠄ nmgjytjsgzc@126.com | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ | 2024 ᠣᠨ ᠤ 1 ᠰᠠᠷ᠎ᠠ ᠶᠢᠨ 2 ᠤᠨ ᠡᠳᠦᠷ | | | | |