ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠶᠡᠭᠡ ᠳᠡᠭᠡᠳᠦ ᠰᠤᠷᠭᠠᠭᠤᠯᠢ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠤᠨ ᠭᠤᠣᠯᠯᠠᠭᠴᠢ ᠪᠠᠭᠰᠢ ᠶᠢᠨ ᠰᠤᠳᠤᠯᠤᠨ ᠶᠠᠷᠢᠯᠴᠠᠬᠤ ᠠᠩᠭᠢ ᠵᠢᠴᠢ ᠬᠠᠮᠲᠤ ᠳᠤ ᠪᠠᠨ ᠬᠢᠴᠢᠶᠡᠯ ᠪᠡᠯᠡᠳᠬᠡᠬᠦ ᠠᠵᠢᠯᠯᠠᠭ᠎ᠠ ᠶᠢ ᠡᠷᠭᠢᠯᠡᠪᠡ
ᠨᠡᠶᠢᠲᠡᠯᠡᠭᠰᠡᠨ ᠴᠠᠭ᠄
2024/1/23
      ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠶᠢᠰᠦᠳᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠳᠡᠭᠡᠷ᠎ᠡ ᠶᠠᠷᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠢ ᠪᠦᠬᠦ ᠲᠠᠯ᠎ᠠ ᠪᠠᠷ ᠲᠤᠭᠤᠰᠢᠯᠠᠭᠤᠯᠬᠤ ᠲᠤᠬᠠᠢ ᠠᠷᠭ᠎ᠠ ᠬᠡᠮᠵᠢᠶ᠎ᠡ ᠨᠦᠭᠦᠳ︾᠎ ᠢ ᠨᠠᠶᠢᠳᠠᠪᠤᠷᠢᠵᠢᠭᠤᠯᠬᠤ ᠶᠢ ᠠᠬᠢᠭᠤᠯᠤᠨ᠂ ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠪᠠ ᠰᠤᠷᠭᠠᠨ ᠬᠥᠮᠦᠵᠢᠯ ᠤᠨ ᠶᠠᠮᠤᠨ ᠤ ᠠᠵᠢᠯ ᠤᠨ ᠱᠠᠭᠠᠷᠳᠠᠯᠭ᠎ᠠ ᠶᠣᠰᠣᠭᠠᠷ᠂ ᠶᠡᠭᠡ ᠳᠡᠭᠡᠳᠦ ᠰᠤᠷᠭᠠᠭᠤᠯᠢ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ 2024 ᠣᠨ ᠤ 1 ᠰᠠᠷ᠎ᠠ ᠶᠢᠨ 15-17᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠬᠥᠬᠡᠬᠤᠲᠠ ᠳᠤ ᠶᠡᠭᠡ ᠳᠡᠭᠡᠳᠦ ᠰᠤᠷᠭᠠᠭᠤᠯᠢ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠤᠨ ᠭᠤᠣᠯᠯᠠᠭᠴᠢ ᠪᠠᠭᠰᠢ ᠶᠢᠨ ᠰᠤᠳᠤᠯᠤᠨ ᠶᠠᠷᠢᠯᠴᠠᠬᠤ ᠠᠩᠭᠢ ᠵᠢᠴᠢ ᠬᠠᠮᠲᠤ ᠳᠤ ᠪᠠᠨ ᠬᠢᠴᠢᠶᠡᠯ ᠪᠡᠯᠡᠳᠬᠡᠬᠦ ᠠᠵᠢᠯᠯᠠᠭ᠎ᠠ ᠶᠢ ᠡᠷᠬᠢᠯᠡᠪᠡ᠃ ᠪᠦᠬᠦ ᠣᠷᠣᠨ ᠤ 58 ᠶᠡᠭᠡ ᠳᠡᠭᠡᠳᠦ ᠰᠤᠷᠭᠠᠭᠤᠯᠢ ᠶᠢᠨ ᠭᠤᠣᠯᠯᠠᠭᠴᠢ ᠪᠠᠭᠰᠢ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠬᠠᠮᠢᠶ᠎ᠠ ᠪᠦᠬᠦᠢ ᠠᠵᠢᠯᠲᠠᠨ 140 ᠬᠥᠮᠦᠨ ᠰᠤᠳᠤᠯᠤᠨ ᠶᠠᠷᠢᠯᠴᠠᠬᠤ ᠪᠠ ᠬᠢᠴᠢᠶᠡᠯ ᠪᠡᠯᠡᠳᠬᠡᠬᠦ ᠠᠵᠢᠯᠯᠠᠭ᠎ᠠ ᠳᠤ ᠣᠷᠣᠯᠴᠠᠵᠠᠢ᠃      ᠰᠤᠳᠤᠯᠤᠨ ᠶᠠᠷᠢᠯᠴᠠᠬᠤ ᠠᠩᠭᠢ ᠨᠡᠷᠡᠲᠦ ᠲᠤᠰᠬᠠᠢ ᠮᠡᠷᠭᠡᠵᠢᠯᠲᠡᠨ ᠫᠷᠤᠹᠧᠰᠰᠤᠷ ᠢ ᠤᠷᠢᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠲᠣᠶᠢᠮᠤᠯᠠᠯ︾᠎ ᠢ ᠰᠠᠶᠢᠲᠤᠷ ᠬᠡᠷᠡᠭᠯᠡᠵᠦ ᠰᠠᠶᠢᠲᠤᠷ ᠶᠠᠷᠢᠬᠤ ᠲᠣᠭᠤᠷᠢᠨ ᠳᠤ ᠵᠢᠭᠠᠬᠤ ᠮᠠᠲ᠋ᠧᠷᠢᠶᠠᠯ ᠳᠤ ᠲᠤᠰᠬᠠᠢ ᠬᠠᠪᠰᠤᠷᠤᠨ ᠵᠢᠯᠣᠭᠤᠳᠤᠯᠭ᠎ᠠ ᠬᠢᠵᠦ᠂ ᠰᠤᠷᠤᠯᠭᠠᠲᠠᠳ ᠵᠢᠭᠠᠨ ᠰᠤᠷᠭᠠᠯᠲᠠ ᠶᠢᠨ ᠠᠵᠢᠯ ᠤᠨ ᠪᠣᠳᠠᠲᠠᠢ ᠲᠠᠢ ᠤᠶᠠᠯᠳᠤᠭᠤᠯᠤᠨ ᠰᠤᠳᠤᠯᠤᠨ ᠶᠠᠷᠢᠯᠴᠠᠵᠤ ᠰᠣᠯᠢᠯᠴᠠᠪᠠ᠃   

4acbc7a7ba053da5dfde2598a7e7cb31_W020240118761455963013.jpg

      ᠥᠷᠭᠡᠨ ᠣᠯᠠᠨ ᠰᠤᠷᠤᠯᠭᠠᠲᠠᠨ᠂ ᠶᠡᠷᠦᠩᠬᠡᠢ ᠱᠦᠵᠢ ᠰᠢ ᠶᠢᠨ ᠫᠢᠩ ᠤᠨ ︽ᠳᠤᠮᠳᠠᠳᠤ ᠎ ᠶᠢᠨ

ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠣᠯ ᠰᠢᠨ᠎ᠡ ᠴᠠᠭ ᠦᠶ᠎ᠡ ᠶᠢᠨ

ᠨᠠᠮ ᠤᠨ ᠦᠨᠳᠦᠰᠦᠲᠡᠨ ᠤ ᠠᠵᠢᠯ ᠤᠨ ᠭᠤᠣᠯ ᠰᠢᠵᠢᠮ᠂ ᠪᠠᠰᠠ ᠴᠤ ᠦᠨᠳᠦᠰᠦᠲᠡᠨ ᠤ ᠭᠠᠵᠠᠷ ᠣᠷᠣᠨ ᠤ ᠡᠯ᠎ᠡ

ᠵᠦᠢᠯ ᠤᠨ ᠠᠵᠢᠯ ᠤᠨ ᠭᠤᠣᠯ ᠱᠤᠭᠤᠮ ᠮᠥᠨ︾ ᠭᠡᠬᠦ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ

ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ

ᠤᠬᠠᠮᠰᠠᠷ ᠢ ᠪᠠᠲᠤ ᠴᠣᠭᠴᠠᠯᠠᠬᠤ ᠶᠢ ᠦᠨᠡᠨ ᠬᠦ ᠶᠣᠰᠣ ᠰᠤᠷᠲᠠᠬᠤᠨ ᠢ ᠪᠣᠢ ᠪᠣᠯᠭᠠᠵᠤ ᠬᠥᠮᠦᠨ ᠬᠥᠮᠦᠵᠢᠭᠦᠯᠬᠦ ᠪᠦᠬᠦ

ᠶᠠᠪᠤᠴᠠ ᠳᠤ ᠲᠤᠭᠤᠰᠢᠯᠠᠭᠤᠯᠤᠨ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠲᠣᠶᠢᠮᠤᠯᠠᠯ︾᠎ ᠢ

ᠰᠠᠶᠢᠲᠤᠷ ᠬᠡᠷᠡᠭᠯᠡᠨ ᠰᠠᠶᠢᠲᠤᠷ ᠶᠠᠷᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ

ᠤᠬᠠᠮᠰᠠᠷ ᠤᠨ ᠬᠥᠮᠦᠵᠢᠯ ᠢ ᠭᠦᠨᠵᠡᠭᠡᠢ ᠠᠬᠢᠭᠤᠯᠤᠨ᠂ ᠵᠢᠷᠭᠠᠯ ᠵᠣᠪᠠᠯᠠᠩ ᠢᠶᠠᠨ ᠬᠠᠮᠲᠤᠳᠬᠠᠬᠤ᠂ ᠢᠷᠠᠭᠤ ᠠᠯᠳᠠᠷ

ᠢᠴᠢᠭᠦᠷᠢ ᠭᠤᠲᠤᠮᠰᠢᠭ ᠢᠶᠠᠨ ᠬᠠᠮᠲᠤᠳᠬᠠᠬᠤ᠂ ᠦᠬᠦᠵᠦ ᠰᠡᠬᠡᠬᠦ ᠪᠠᠨ ᠬᠠᠮᠲᠤᠳᠬᠠᠬᠤ᠂ ᠬᠤᠪᠢ ᠵᠠᠶᠠᠭ᠎ᠠ ᠪᠠᠨ

ᠬᠠᠮᠲᠤᠳᠬᠠᠬᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠪᠠᠲᠤ ᠪᠠᠬᠢ ᠪᠣᠢ ᠪᠣᠯᠭᠠᠨ᠂ ᠵᠢᠱᠢᠶᠡᠴᠢ

ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ

ᠭᠡᠵᠦ ᠰᠠᠨᠠᠯ ᠨᠢᠭᠡᠲᠡᠢ ᠢᠯᠡᠳᠭᠡᠵᠡᠭᠡᠪᠡ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号