ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠥᠷᠭᠡᠳᠬᠡᠭᠰᠡᠨ ᠬᠤᠷᠠᠯ ᠬᠤᠷᠠᠯᠳᠤᠭᠤᠯᠵᠤ ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ ᠳᠡᠰ ᠳᠡᠪᠰᠢᠭᠦᠯᠬᠦ ᠠᠵᠢᠯᠯᠠᠭᠠᠨ ᠤ ᠲᠥᠯᠥᠪᠯᠡᠭᠡ ᠶᠢ ᠲᠤᠰᠬᠠᠢ ᠰᠡᠳᠦᠪ ᠢᠶᠠᠷ ᠰᠤᠳᠤᠯᠪᠠ
ᠨᠡᠶᠢᠲᠡᠯᠡᠭᠰᠡᠨ ᠴᠠᠭ᠄
2024/1/23
      1 ᠳ᠋ᠦ᠋ᠭᠡᠷ ᠰᠠᠷ᠎ᠠ ᠶᠢᠨ 19᠎ ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ 2024 ᠣᠨ ᠤ 6 ᠳ᠋ᠤᠭᠠᠷ ᠤᠳᠠᠭᠠᠨ ᠤ ︵ᠥᠷᠭᠡᠳᠬᠡᠭᠰᠡᠨ︶ ᠬᠤᠷᠠᠯ ᠢ ᠬᠤᠷᠠᠯᠳᠤᠭᠤᠯᠵᠤ᠂ ᠰᠤᠷᠭᠠᠨ ᠬᠥᠮᠦᠵᠢᠯ ᠤᠨ ᠴᠢᠨᠠᠷ ᠴᠢᠨᠰᠠᠭ᠎ᠠ           ᠎ ᠶᠢ ᠳᠡᠭᠡᠭᠰᠢᠯᠡᠭᠦᠯᠦᠨ ᠳᠡᠰ ᠳᠡᠪᠰᠢᠭᠦᠯᠬᠦ ᠠᠵᠢᠯᠯᠠᠭᠠᠨ ᠎ ᠤ ᠲᠥᠯᠥᠪᠯᠡᠭᠡ ᠶᠢ ᠲᠤᠰᠬᠠᠢ ᠰᠡᠳᠦᠪ ᠢᠶᠠᠷ           ᠰᠤᠳᠤᠯᠪᠠ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠱᠦᠵᠢ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠶᠠᠩ ᠵᠢᠶᠧ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃      ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠲᠢᠩᠬᠢᠮ ᠤᠨ ᠤᠳᠤᠷᠢᠳᠬᠤ ᠪᠠᠭ ᠤᠨ ᠬᠡᠰᠢᠭᠦᠨ ᠪᠣᠯᠤᠨ ᠬᠤᠯᠪᠣᠭᠳᠠᠯ ᠪᠦᠬᠦᠢ ᠭᠠᠵᠠᠷ ᠲᠠᠰᠤᠭ ᠤᠨ ᠬᠠᠷᠢᠭᠤᠴᠠᠯᠭᠠᠲᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠬᠤ ᠶᠢ ᠲᠣᠪᠤᠶᠢᠯᠭᠠᠨ᠂ ᠰᠤᠷᠭᠠᠨ ᠬᠥᠮᠦᠵᠢᠯ ᠤᠨ ᠬᠦᠴᠦᠷᠬᠡᠭ ᠣᠷᠣᠨ ᠢ ᠲᠦᠷᠭᠡᠳᠬᠡᠨ ᠪᠠᠶᠢᠭᠤᠯᠬᠤ ᠪᠠᠷ ᠬᠠᠷᠠᠯᠲᠠ ᠪᠣᠯᠭᠠᠵᠤ᠂ ᠰᠤᠷᠭᠠᠨ ᠬᠥᠮᠦᠵᠢᠯ ᠤᠨ ᠰᠢᠰᠲ᠋ᠧᠮ ᠤᠨ ᠨᠠᠮ ᠤᠨ ᠪᠠᠶᠢᠭᠤᠯᠤᠯᠲᠠ᠂ ᠰᠠᠭᠤᠷᠢ ᠰᠤᠷᠭᠠᠨ ᠬᠥᠮᠦᠵᠢᠯ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ ᠳᠡᠰ ᠳᠡᠪᠰᠢᠭᠦᠯᠬᠦ ᠶᠢᠨ ᠲᠣᠭᠤᠷᠢᠨ ᠳᠤ ᠰᠡᠳᠬᠢᠮᠵᠢ ᠪᠠ ᠠᠷᠭ᠎ᠠ ᠬᠡᠮᠵᠢᠶ᠎ᠡ ᠶᠢ ᠰᠤᠳᠤᠯᠤᠨ ᠳᠤᠷᠠᠳᠪᠠ᠃      ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠲᠠᠢ ᠨᠢᠭᠲᠠ ᠤᠶᠠᠯᠳᠤᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠢ ᠢᠮᠠᠭᠲᠠ ᠪᠠᠷᠢᠮᠲᠠᠯᠠᠵᠤ᠂ ᠴᠢᠨᠠᠷᠯᠢᠭ ᠨᠠᠮ ᠤᠨ ᠪᠠᠶᠢᠭᠤᠯᠤᠯᠲᠠ ᠪᠠᠷ ᠪᠦᠬᠦ ᠣᠷᠣᠨ ᠤ ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ ᠎ ᠶᠢ ᠬᠥᠲᠥᠯᠥᠨ ᠳᠠᠭᠠᠭᠤᠯᠵᠤ᠂ ᠰᠤᠷᠭᠠᠨ ᠬᠥᠮᠦᠵᠢᠯ ᠤᠨ ᠬᠦᠴᠦᠷᠬᠡᠭ ᠣᠷᠣᠨ ᠢ ᠲᠦᠷᠭᠡᠳᠬᠡᠨ ᠪᠠᠶᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠣᠶᠤᠨ ᠤ ᠲᠤᠯᠭᠠᠭᠤᠷᠢᠯᠠᠯ ᠪᠠ ᠴᠢᠳᠠᠪᠤᠷᠢᠲᠠᠨ ᠤ ᠳᠡᠮᠵᠢᠯᠭᠡ ᠬᠠᠩᠭᠠᠬᠤ ᠬᠡᠷᠡᠭᠲᠡᠢ᠃ ᠦᠵᠦ ᠲᠥᠯᠥᠪᠯᠡᠭᠡ ᠶᠢ ᠦᠨᠡᠨ ᠬᠦ ᠰᠠᠶᠢᠲᠤᠷ ᠬᠢᠵᠦ᠂ ᠪᠠᠶᠢᠭᠤᠯᠤᠯ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠰᠠᠨᠠᠭᠠᠴᠢᠯᠠᠭ᠎ᠠ ᠠᠴᠠ ᠪᠠᠨ ᠤᠷᠢᠳᠴᠢᠯᠠᠨ ᠪᠠᠶᠢᠷᠢᠰᠢᠭᠤᠯᠵᠤ᠂ ᠣᠨᠴᠠ ᠪᠠᠶᠢᠳᠠᠯ ᠢ ᠰᠢᠢᠳᠪᠦᠷᠢᠯᠡᠨ᠂ ᠰᠢᠨ᠎ᠡ ᠪᠠᠶᠢᠳᠠᠯ ᠢ ᠨᠡᠭᠡᠭᠡᠵᠦ᠂ ᠬᠠᠷᠠᠯᠲᠠ ᠪᠠ ᠡᠭᠦᠷᠭᠡ ᠪᠠᠨ ᠲᠣᠳᠤᠷᠬᠠᠶᠢᠯᠠᠨ᠂ ᠦᠷ᠎ᠡ ᠳ᠋ᠦᠩ ᠤᠨ ᠤᠳᠤᠷᠢᠳᠤᠮᠵᠢ ᠶᠢ ᠴᠢᠩᠭᠠᠳᠬᠠᠵᠤ᠂ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠬᠡᠷᠡᠭᠲᠡᠢ᠃ ᠭᠤᠣᠯᠳᠠᠯᠭ᠎ᠠ ᠲᠠᠢ ᠠᠵᠢᠯ ᠢ ᠨᠠᠷᠢᠨ ᠨᠢᠮᠪᠠᠢ ᠨᠠᠶᠢᠳᠠᠪᠤᠷᠢᠵᠢᠭᠤᠯᠵᠤ᠂ ᠰᠤᠷᠭᠠᠨ ᠬᠥᠮᠦᠵᠢᠯ ᠤᠨ ᠰᠢᠰᠲ᠋ᠧᠮ ᠤᠨ ᠨᠠᠮ ᠤᠨ ᠪᠠᠶᠢᠭᠤᠯᠤᠯᠲᠠ᠂ ᠰᠠᠭᠤᠷᠢ ᠰᠤᠷᠭᠠᠨ ᠬᠥᠮᠦᠵᠢᠯ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ ᠳᠡᠰ ᠳᠡᠪᠰᠢᠭᠦᠯᠬᠦ ᠠᠵᠢᠯᠯᠠᠭ᠎ᠠ ᠳᠤ ᠠᠩᠬᠠᠷᠤᠯ ᠢᠶᠠᠨ ᠬᠠᠨᠳᠤᠭᠤᠯᠤᠨ᠂ ᠠᠵᠢᠯ ᠤᠨ ᠬᠤᠭᠤᠴᠠᠭ᠎ᠠ ᠶᠢ ᠲᠣᠩᠭᠤᠷᠤᠭᠤᠯᠤᠨ ᠪᠠᠶᠢᠷᠢᠯᠠᠭᠤᠯᠵᠤ᠂ ᠵᠢᠷᠤᠭ ᠡᠯᠭᠦᠨ ᠪᠠᠶᠢᠯᠳᠤᠵᠤ᠂ ᠡᠯ᠎ᠡ ᠵᠦᠢᠯ ᠤᠨ ᠠᠵᠢᠯ ᠳᠤ ᠦᠨᠡᠨ ᠪᠣᠳᠠᠲᠠᠢ ᠦᠷ᠎ᠡ ᠪᠦᠲᠦᠮᠵᠢ ᠭᠠᠷᠭᠠᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠳᠤ ᠰᠠᠭᠤᠭ᠎ᠠ ᠰᠠᠬᠢᠯᠭ᠎ᠠ ᠪᠠᠲᠤ ᠶᠢ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ᠂ ᠲᠢᠩᠬᠢᠮ ᠤᠨ ᠪᠠᠶᠢᠭᠤᠯᠭ᠎ᠠ ᠵᠢᠴᠢ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃
 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号