ᠪᠦᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠰᠤᠷᠭᠠᠭᠤᠯᠢ ᠶᠢᠨ ᠬᠦᠷᠢᠶᠡᠨ ᠤ ᠭᠠᠯ ᠰᠡᠷᠭᠡᠶᠢᠯᠡᠬᠦ ᠠᠮᠤᠷ ᠲᠦᠪᠰᠢᠨ ᠤ ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠪᠦᠬᠦ ᠲᠠᠯ᠎ᠠ ᠪᠠᠷ ᠥᠷᠨᠢᠭᠦᠯᠪᠡ
ᠨᠡᠶᠢᠲᠡᠯᠡᠭᠰᠡᠨ ᠴᠠᠭ᠄
2024/1/23
      1 ᠳ᠋ᠦ᠋ᠭᠡᠷ ᠰᠠᠷ᠎ᠠ ᠶᠢᠨ 20᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ︽ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠪᠠᠴᠢᠮ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠳᠦᠭᠦᠮᠴᠢᠯᠡᠨ᠎ᠡ︶᠎ ᠢ ᠳᠠᠷᠤᠮᠠᠯᠯᠠᠨ ᠲᠠᠷᠬᠠᠭᠠᠪᠠ᠃      ︽ᠮᠡᠳᠡᠭᠳᠡᠯ︾᠎ ᠳᠤ᠂ ᠡᠯ᠎ᠡ ᠭᠠᠵᠠᠷ ᠤᠨ ᠬᠢᠨ ᠠᠷᠠᠳ ᠠᠴᠠ ᠡᠷᠬᠢᠯᠡᠭᠰᠡᠨ ᠰᠤᠷᠭᠠᠭᠤᠯᠢ ᠪᠠ ᠪᠠᠶᠢᠷᠢ ᠳᠤ ᠰᠠᠭᠤᠬᠤ ᠳᠦᠷᠢᠮᠲᠦ ᠰᠤᠷᠭᠠᠭᠤᠯᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠭᠤᠣᠯᠳᠠᠯᠭ᠎ᠠ ᠲᠠᠢ ᠴᠢᠩᠭᠠᠳᠬᠠᠵᠤ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠠᠮᠤᠷ ᠲᠦᠪᠰᠢᠨ ᠢ ᠬᠢᠨᠠᠨ ᠵᠢᠯᠣᠭᠤᠳᠬᠤ ᠶᠢ ᠴᠢᠩᠭᠠᠳᠬᠠᠨ᠂ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢ ᠵᠣᠬᠢᠶᠠᠨ ᠪᠠᠶᠢᠭᠤᠯᠤᠨ ᠰᠤᠷᠭᠠᠭᠤᠯᠢ ᠶᠢᠨ ᠬᠦᠷᠢᠶᠡᠨ ᠤ ᠭᠠᠯ  ᠰᠡᠷᠭᠡᠶᠢᠯᠡᠬᠦ ᠠᠮᠤᠷ ᠲᠦᠪᠰᠢᠨ ᠤ ᠬᠠᠮᠢᠶᠠᠷᠤᠯᠲᠠ᠂ ᠭᠠᠯ ᠤᠨᠲᠠᠷᠠᠭᠠᠬᠤ ᠪᠡᠯᠡᠳᠬᠡᠮᠵᠢ ᠪᠠᠭᠠᠵᠢ ᠬᠡᠷᠡᠭᠰᠡᠯ᠂ ᠴᠠᠬᠢᠯᠭᠠᠨ ᠤ ᠭᠠᠯ ᠢ ᠰᠡᠷᠭᠡᠶᠢᠯᠡᠬᠦ ᠠᠮᠤᠷ ᠲᠦᠪᠰᠢᠨ᠂ ᠭᠠᠯ ᠬᠡᠷᠡᠭᠯᠡᠬᠦ ᠪᠠ ᠰᠢᠲᠠᠮᠠᠬᠠᠢ ᠬᠡᠢ ᠬᠡᠷᠡᠭᠯᠡᠬᠦ ᠠᠮᠤᠷ ᠲᠦᠪᠰᠢᠨ᠂ ᠠᠩᠬᠠᠳᠠᠭᠴᠢ ᠭᠠᠯ ᠤᠨ ᠠᠶᠤᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠵᠡᠷᠭᠡ ᠲᠠᠯ᠎ᠠ ᠪᠠᠷ ᠬᠢ ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠣᠨᠴᠠᠭᠠᠶᠢᠯᠠᠨ ᠪᠠᠶᠢᠷᠢ᠂ ᠬᠤᠭᠤᠯᠠᠨ ᠭᠡᠷ ᠵᠡᠷᠭᠡ ᠬᠥᠮᠦᠨ ᠬᠠᠷ᠎ᠠ ᠲᠥᠪᠯᠡᠷᠡᠭᠰᠡᠨ ᠪᠠᠶᠢᠷᠢ ᠲᠠᠯᠠᠪᠤᠷ᠂ ᠰᠢᠲᠠᠮᠠᠬᠠᠢ ᠬᠡᠢ᠂ ᠬᠠᠭᠤᠴᠢᠨ ᠤᠲᠠᠰᠤᠨ ᠤ ᠵᠠᠮ ᠵᠡᠷᠭᠡ ᠭᠤᠣᠯᠳᠠᠯᠭ᠎ᠠ ᠲᠠᠢ ᠣᠷᠣᠨ ᠪᠠᠶᠢᠷᠢ ᠳᠤ ᠶᠡᠭᠡ ᠬᠡᠪᠴᠢᠶᠡᠨ ᠤ᠂ ᠪᠥᠬᠦ ᠲᠠᠯ᠎ᠠ ᠶᠢᠨ ᠵᠢᠭᠰᠠᠭᠠᠨ ᠪᠠᠶᠢᠴᠠᠭᠠᠯᠲᠠ ᠬᠢᠵᠦ᠂ ᠬᠥᠨᠳᠡᠯᠡᠨ ᠭᠤᠯᠳᠤ ᠪᠠᠷ᠂ ᠥᠨᠴᠥᠭ ᠪᠤᠯᠤᠩ ᠦᠯᠡᠳᠡᠭᠡᠬᠦ ᠦᠭᠡᠢ ᠪᠠᠶᠢᠴᠠᠭᠠᠵᠤ᠂ ᠪᠦᠬᠦ ᠲᠠᠯ᠎ᠠ ᠶᠢ ᠬᠠᠮᠤᠷᠬᠤ ᠬᠡᠷᠡᠭᠲᠡᠢ᠃ ᠪᠠᠶᠢᠴᠠᠭᠠᠵᠤ ᠭᠠᠷᠭᠠᠭᠰᠠᠨ ᠠᠮᠤᠷ ᠲᠦᠪᠰᠢᠨ ᠎ ᠤ ᠳᠠᠯᠳᠠ ᠭᠡᠮ ᠢ ᠳᠠᠷᠤᠢ ᠳᠤ ᠨᠢ ᠴᠡᠭᠴᠡᠯᠡᠨ ᠵᠠᠰᠠᠬᠤ ᠠᠷᠭ᠎ᠠ ᠬᠡᠮᠵᠢᠶ᠎ᠡ ᠲᠣᠭᠲᠠᠭᠠᠵᠤ᠂ ᠦᠳᠲᠡᠷ ᠲᠦᠷᠭᠡᠨ ᠴᠡᠭᠴᠡᠯᠡᠨ  ᠥᠭᠡᠷᠡᠴᠢᠯᠡᠵᠦ᠂ ᠪᠦᠬᠦ ᠶᠠᠪᠤᠴᠠ ᠳᠤ ᠪᠢᠲᠡᠭᠦᠮᠵᠢᠯᠡᠭᠰᠡᠨ ᠬᠠᠮᠢᠶᠠᠷᠤᠯᠲᠠ ᠬᠢᠬᠦ ᠬᠡᠷᠡᠭᠲᠡᠢ ᠭᠡᠵᠦ ᠱᠠᠭᠠᠷᠳᠠᠪᠠ᠃      ᠪᠦᠭᠦ ᠣᠷᠣᠨ ᠶᠢᠨ ᠡᠯ᠎ᠡ ᠱᠠᠲᠤᠨ ᠤ ᠰᠤᠷᠭᠠᠨ ᠬᠥᠮᠥᠵᠢᠯ ᠤᠨ ᠵᠠᠰᠠᠭ ᠵᠠᠬᠢᠷᠭᠠᠨ ᠤ ᠰᠠᠯᠠᠭ᠎ᠠ‌ᠮᠥ᠋ᠴᠢᠷ ᠪᠣᠯᠤᠨ ᠶᠡᠭᠡ ᠳᠡᠭᠡᠳᠦ ᠰᠤᠷᠭᠠᠭᠤᠯᠢ ᠨᠢᠭᠡᠨᠲᠡ 68 ᠪᠠᠶᠢᠴᠠᠭᠠᠬᠤ ᠳᠤᠭᠤᠶᠢᠯᠠᠩ ᠲᠣᠮᠢᠯᠠᠵᠤ᠂ 1 ᠰᠠᠷ᠎ᠠ ᠶᠢᠨ 20᠎ ᠤ ᠡᠳᠦᠷ ᠠᠴᠠ ᠡᠬᠢᠯᠡᠨ ︽ᠳᠥᠷᠪᠡᠨ ᠦᠬᠡᠢ ᠬᠤᠶᠠᠷ ᠰᠢᠭᠤᠳ︾ ᠪᠠ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ ᠶᠢ ᠤᠶᠠᠯᠳᠤᠭᠤᠯᠬᠤ ᠠᠷᠭ᠎ᠠ ᠪᠠᠷ 290 ᠰᠤᠷᠭᠠᠭᠤᠯᠢ ᠳᠤ ᠭᠠᠯ ᠰᠡᠷᠭᠡᠶᠢᠯᠡᠬᠦ ᠳᠤᠰᠬᠠᠢ ᠪᠠᠶᠢᠴᠠᠭᠠᠯᠲᠠ ᠬᠢᠪᠡ᠃ ᠳᠠᠷᠠᠭ᠎ᠠ ᠠᠯᠬᠤᠮ ᠳᠤ᠂ ᠡᠯ᠎ᠡ ᠭᠠᠵᠠᠷ ᠤᠨ ᠡᠯ᠎ᠡ ᠰᠤᠷᠭᠠᠭᠤᠯᠢ ᠦᠷᠭᠦᠯᠵᠢᠯᠡᠨ ᠴᠢᠩᠭ᠎ᠠ ᠬᠠᠮᠢᠶᠠᠷᠴᠤ ᠴᠢᠩᠭ᠎ᠠ ᠡᠵᠡᠮᠳᠡᠬᠦ᠂ ᠴᠢᠩᠭ᠎ᠠ ᠬᠠᠷᠠᠵᠤ ᠴᠢᠩᠭ᠎ᠠ ᠰᠠᠬᠢᠬᠤ᠂ ᠳᠠᠬᠢᠨ ᠳᠠᠪᠲᠠᠨ ᠬᠢᠨᠠᠨ ᠪᠠᠶᠢᠴᠠᠭᠠᠬᠤ᠂ ᠴᠡᠭᠴᠡᠯᠡᠨ ᠥᠭᠡᠷᠡᠴᠢᠯᠡᠵᠦ ᠳᠡᠭᠡᠭᠰᠢᠯᠡᠭᠦᠯᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠴᠢᠩᠭ᠎ᠠ ᠨᠢᠮᠪᠠᠢ ᠰᠡᠷᠭᠡᠶᠢᠯᠡᠨ ᠡᠵᠡᠮᠳᠡᠬᠦ᠂ ᠠᠶᠤᠯ ᠲᠦᠭᠰᠢᠭᠦᠷᠢ ᠶᠢ ᠬᠤᠷᠢᠭᠯᠠᠵᠤ ᠪᠣᠯᠬᠤ᠂ ᠭᠠᠯ ᠰᠡᠷᠭᠡᠶᠢᠯᠡᠬᠦ ᠠᠮᠤᠷ ᠲᠦᠪᠰᠢᠨ ᠢ ᠦᠨᠡᠨ ᠬᠦ ᠪᠡᠶᠡᠯᠡᠭᠦᠯᠵᠦ᠂ ᠥᠷᠭᠡᠨ ᠣᠯᠠᠨ ᠪᠠᠭᠰᠢ ᠰᠤᠷᠤᠭᠴᠢ ᠎ ᠶᠢᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠨ᠎ᠠ᠃ 

1.jpg

2.jpg

  

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号