ᠪᠡᠭᠡᠵᠢᠩ ᠥᠪᠥᠷ ᠮᠣᠩᠭᠤᠯ ᠤᠨ ᠠᠮᠤᠷ ᠲᠠᠶᠢᠪᠤᠩ ᠰᠤᠷᠭᠠᠭᠤᠯᠢ ᠶᠢᠨ ᠬᠦᠷᠢᠶ᠎ᠡ ᠶᠢ ᠬᠠᠮᠲᠤ ᠳᠤ ᠪᠠᠨ ᠪᠠᠶᠢᠭᠤᠯᠬᠤ ᠵᠢᠴᠢ ︽ᠠᠮᠤᠷ ᠲᠦᠪᠰᠢᠨ ᠤ ᠠᠷᠠᠯ︾᠎ ᠤᠨ ᠳᠠᠭᠤᠷᠢᠶᠠᠯ ᠦᠵᠡᠭᠦᠯᠬᠦ ᠰᠤᠷᠭᠠᠭᠤᠯᠢ ᠶᠢᠨ ᠲᠤᠷᠰᠢᠯᠲᠠ ᠶᠢᠨ ᠴᠡᠭ ᠤᠨ ᠠᠵᠢᠯ ᠡᠬᠢᠯᠡᠪᠡ
ᠨᠡᠶᠢᠲᠡᠯᠡᠭᠰᠡᠨ ᠴᠠᠭ᠄
2024/1/23
      ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ 1 ᠰᠠᠷ᠎ᠠ ᠶᠢᠨ 22᠎ ᠤᠨ ᠡᠳᠦᠷ ᠤᠨ ᠦᠳᠡ ᠶᠢᠨ ᠡᠮᠦᠨ᠎ᠡ᠂ ᠪᠡᠭᠡᠵᠢᠩ ᠥᠪᠥᠷ ᠮᠣᠩᠭᠤᠯ ᠤᠨ ᠠᠮᠤᠷ ᠲᠠᠶᠢᠪᠤᠩ ᠰᠤᠷᠭᠠᠭᠤᠯᠢ ᠶᠢᠨ ᠬᠦᠷᠢᠶ᠎ᠡ ᠶᠢ ᠬᠠᠮᠲᠤ ᠳᠤ ᠪᠠᠨ ᠪᠠᠶᠢᠭᠤᠯᠬᠤ ᠵᠢᠴᠢ ︽ᠠᠮᠤᠷ ᠲᠦᠪᠰᠢᠨ ᠤ ᠠᠷᠠᠯ︾᠎ ᠤᠨ ᠳᠠᠭᠤᠷᠢᠶᠠᠯ ᠦᠵᠡᠭᠦᠯᠬᠦ ᠰᠤᠷᠭᠠᠭᠤᠯᠢ ᠶᠢᠨ ᠲᠤᠷᠰᠢᠯᠲᠠ ᠶᠢᠨ ᠴᠡᠭ ᠤᠨ ᠡᠬᠢᠯᠡᠯᠲᠡ ᠶᠢᠨ ᠶᠣᠰᠣᠯᠠᠯ ᠬᠥᠯᠥᠨ ᠪᠤᠶᠢᠷ ᠬᠤᠲᠠ ᠶᠢᠨ ᠠᠷᠤᠨ ᠬᠤᠰᠢᠭᠤᠨ ᠳᠤ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠵᠠᠩ ᠵᠢᠶᠦ᠋ᠨ ᠰᠢ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠥᠯᠥᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠮᠠ ᠶᠤᠸᠡᠢ ᠳ᠋ᠦᠩ ᠡᠬᠢᠯᠡᠯᠲᠡ ᠶᠢᠨ ᠶᠣᠰᠣᠯᠠᠯ ᠢ ᠡᠷᠬᠢᠯᠡᠪᠡ᠃

1.jpg

      ᠡᠬᠢᠯᠡᠯᠲᠡ ᠶᠢᠨ ᠶᠣᠰᠣᠯᠠᠯ ᠳᠡᠭᠡᠷ᠎ᠡ᠂ ᠪᠡᠭᠡᠵᠢᠩ ᠬᠤᠲᠠ ᠶᠢᠨ ᠮᠧᠨ ᠳᠧᠦ ᠭᠧᠦ ᠲᠣᠭᠤᠷᠢᠭ ᠤᠨ ᠰᠤᠷᠭᠠᠨ

ᠬᠥᠮᠦᠵᠢᠯ ᠤᠨ ᠵᠥᠪᠯᠡᠯ᠂ ᠮᠢᠶᠣᠣ ᠹᠧᠩ ᠱᠠᠨ ᠦᠨᠳᠦᠰᠦᠲᠡᠨ ᠤ ᠰᠤᠷᠭᠠᠭᠤᠯᠢ ᠭᠠᠮᠰᠢᠭ ᠠᠴᠠ ᠠᠪᠤᠷᠠᠨ

ᠠᠶᠤᠯ ᠠᠴᠠ ᠵᠠᠶᠢᠯᠠᠬᠤ ᠲᠤᠷᠰᠢᠯᠭ᠎ᠠ ᠪᠠᠨ ᠰᠣᠯᠢᠯᠴᠠᠵᠤ᠂ ᠬᠥᠯᠥᠨ ᠪᠤᠶᠢᠷ ᠬᠤᠲᠠ ᠶᠢᠨ ᠰᠤᠷᠭᠠᠨ ᠬᠥᠮᠦᠵᠢᠯ ᠤᠨ

ᠲᠣᠪᠴᠢᠶ᠎ᠠ ᠪᠣᠯᠤᠨ ᠪᠡᠭᠡᠵᠢᠩ ᠬᠤᠲᠠ ᠶᠢᠨ ᠮᠧᠨ ᠳᠧᠦ ᠭᠧᠦ ᠲᠣᠭᠤᠷᠢᠭ ᠤᠨ ᠰᠤᠷᠭᠠᠨ ᠬᠥᠮᠦᠵᠢᠯ ᠤᠨ ᠵᠥᠪᠯᠡᠯ᠂

ᠮᠢᠶᠣᠣ ᠹᠧᠩ ᠱᠠᠨ ᠦᠨᠳᠦᠰᠦᠲᠡᠨ ᠤ ᠰᠤᠷᠭᠠᠭᠤᠯᠢ ᠪᠣᠯᠤᠨ ᠠᠷᠤᠨ ᠬᠤᠰᠢᠭᠤᠨ ᠤ ᠹᠦ᠋ ᠰᠢᠩ ᠳᠤᠮᠳᠠᠳᠤ

ᠰᠤᠷᠭᠠᠭᠤᠯᠢ ᠲᠤᠰ ᠲᠤᠰ ᠠᠵᠢᠯ ᠲᠥᠷᠥᠯ ᠢᠶᠠᠷ ᠢᠶᠠᠨ ᠬᠠᠮᠵᠢᠯᠴᠠᠬᠤ ᠪᠦᠳᠦᠭᠦᠪᠴᠢ ᠬᠡᠯᠡᠯᠴᠡᠭᠡᠷ ᠲᠣᠭᠲᠠᠪᠠ᠃

   

2.jpg

3.jpg

      ᠬᠤᠶᠢᠰᠢᠳᠠ᠂ ᠬᠤᠶᠠᠷ ᠭᠠᠵᠠᠷ ᠤᠨ ᠬᠢᠨ ᠠᠮᠤᠷ ᠲᠠᠶᠢᠪᠤᠩ ᠰᠤᠷᠭᠠᠭᠤᠯᠢ ᠶᠢᠨ ᠬᠦᠷᠢᠶᠡᠨ ᠤ

ᠪᠠᠶᠢᠭᠤᠯᠤᠯᠲᠠ ᠶᠢ ᠭᠠᠷ ᠬᠤᠯᠪᠣᠨ ᠰᠠᠶᠢᠲᠤᠷ ᠬᠢᠵᠦ᠂ ᠠᠮᠤᠷ ᠲᠦᠪᠰᠢᠨ ᠤ ᠬᠢᠴᠢᠶᠡᠯ ᠢ ᠬᠠᠮᠲᠤ ᠳᠤ ᠪᠠᠨ ᠨᠡᠭᠡᠭᠡᠨ

ᠬᠥᠭᠵᠢᠭᠦᠯᠵᠦ᠂ ᠵᠢᠭᠠᠨ ᠰᠤᠷᠭᠠᠯᠲᠠ ᠶᠢᠨ ᠰᠣᠯᠢᠯᠴᠠᠭ᠎ᠠ ᠪᠠ ᠰᠤᠷᠭᠠᠨ ᠬᠥᠮᠦᠵᠢᠯ ᠤᠨ ᠡᠬᠢ ᠪᠠᠶᠠᠯᠢᠭ ᠢ ᠬᠠᠮᠲᠤ

᠎ ᠳᠤ ᠪᠠᠨ ᠬᠤᠪᠢᠶᠠᠯᠴᠠᠨ ᠡᠳ᠋ᠯᠡᠬᠦ ᠶᠢ ᠵᠣᠬᠢᠶᠠᠨ ᠪᠠᠶᠢᠭᠤᠯᠤᠨ᠎ᠠ᠃ ᠡᠭᠦᠨ ᠤ ᠳᠤ ᠬᠠᠮᠲᠤ᠂ ︽ᠡᠩ ᠤᠨ ᠪᠠ ᠪᠠᠴᠢᠮ

ᠪᠠᠶᠢᠳᠠᠯ ᠳᠤ ᠬᠡᠷᠡᠭᠯᠡᠬᠦ︾ ᠵᠠᠷᠴᠢᠮ ᠪᠠ ︽ᠭᠠᠮᠰᠢᠭ ᠠᠴᠠ ᠠᠪᠤᠷᠠᠬᠤ ᠡᠩᠨᠡᠭᠡᠨ ᠤ ᠲᠣᠮᠣ ᠪᠠᠭᠤᠴᠠ᠂ ᠭᠠᠮᠰᠢᠭᠳᠠᠭᠰᠠᠨ

ᠣᠯᠠᠨ ᠲᠦᠮᠡᠨ ᠢ ᠲᠥᠪᠬᠢᠨᠡᠭᠦᠯᠬᠦ ᠭᠠᠵᠠᠷ᠂ ᠭᠠᠮᠰᠢᠭ ᠠᠴᠠ ᠠᠪᠤᠷᠠᠬᠤ ᠡᠳ᠋ ᠪᠣᠳᠠᠰ ᠢ ᠰᠢᠯᠵᠢᠭᠦᠯᠦᠨ ᠲᠡᠭᠡᠭᠡᠪᠦᠷᠢᠯᠡᠬᠦ

ᠥᠷᠲᠡᠭᠡ︾᠎ ᠶᠢᠨ ᠪᠠᠷᠢᠮᠵᠢᠶ᠎ᠠ ᠶᠣᠰᠣᠭᠠᠷ᠂ ᠬᠤᠶᠠᠷ ᠭᠠᠵᠠᠷ ᠤᠨ ᠬᠢᠨ ᠰᠤᠷᠭᠠᠭᠤᠯᠢ ᠶᠢᠨ ᠬᠦᠷᠢᠶᠡᠨ ᠤ ᠠᠮᠤᠷ

ᠲᠦᠪᠰᠢᠨ ᠤ ᠰᠡᠷᠭᠡᠶᠢᠯᠡᠯᠲᠡ ᠶᠢᠨ ᠪᠠᠶᠢᠭᠤᠯᠤᠯᠲᠠ ᠪᠠ ᠪᠠᠭᠰᠢ ᠰᠤᠷᠤᠭᠴᠢᠳ ᠤᠨ ᠰᠤᠷᠭᠠᠨ ᠬᠥᠮᠦᠵᠢᠯ ᠤᠨ

ᠰᠣᠷᠢᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠰᠤᠷᠭᠠᠭᠤᠯᠢ ᠶᠢ ᠭᠠᠮᠰᠢᠭ ᠠᠴᠠ ᠠᠪᠤᠷᠠᠬᠤ ᠠᠶᠤᠯ ᠠᠴᠠ ᠵᠠᠶᠢᠯᠠᠬᠤ

︽ᠠᠮᠤᠷ ᠲᠦᠪᠰᠢᠨ ᠤ ᠠᠷᠠᠯ︾ ᠪᠣᠯᠭᠠᠨ ᠪᠠᠶᠢᠭᠤᠯᠤᠨ᠎ᠠ᠃ ᠲᠤᠰ ᠤᠳᠠᠭᠠᠨ ᠤ ᠠᠵᠢᠯᠯᠠᠭ᠎ᠠ ᠨᠢ ᠭᠠᠵᠠᠷ ᠣᠷᠣᠨ

ᠠᠯᠤᠰᠯᠠᠨ ᠰᠠᠯᠠᠭ᠎ᠠ ᠮᠥᠴᠢᠷ ᠠᠯᠤᠰᠯᠠᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ᠂ ᠬᠠᠮᠵᠢᠯᠴᠠᠨ ᠬᠠᠮᠲᠤᠷᠠᠬᠤ ᠵᠡᠷᠭᠡ

ᠳᠠᠪᠠᠭᠤᠯᠢᠭ ᠣᠨᠴᠠᠯᠢᠭ ᠲᠠᠢ ᠪᠠᠶᠢᠵᠤ᠂ ᠨᠡᠶᠢᠭᠡᠮ ᠤᠨ ᠡᠯ᠎ᠡ ᠬᠦᠷᠢᠶᠡᠨ ᠳᠤ ᠰᠤᠷᠭᠠᠭᠤᠯᠢ ᠶᠢᠨ ᠬᠦᠷᠢᠶᠡᠨ ᠤ ᠠᠮᠤᠷ

ᠲᠦᠪᠰᠢᠨ ᠤ ᠵᠠᠰᠠᠯᠲᠠ ᠶᠢ ᠬᠠᠮᠵᠢᠨ ᠥᠷᠨᠢᠭᠦᠯᠬᠦ᠂ ᠪᠠᠭᠰᠢ ᠰᠤᠷᠤᠭᠴᠢᠳ ᠤᠨ ᠠᠮᠤᠷ ᠲᠦᠪᠰᠢᠨ ᠤ ᠬᠥᠮᠦᠵᠢᠯ᠂

ᠭᠠᠮᠰᠢᠭ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠶᠤᠯ ᠠᠴᠠ ᠵᠠᠶᠢᠯᠠᠬᠤ ᠵᠡᠷᠭᠡ ᠠᠵᠢᠯ ᠳᠤ ᠰᠢᠨ᠎ᠡ ᠬᠥᠳᠡᠯᠭᠡᠬᠦ

ᠬᠦᠴᠦᠨ ᠨᠡᠮᠡᠷᠢᠯᠡᠵᠦ᠂ ᠰᠢᠨ᠎ᠡ ᠡᠨᠧᠷᠭᠢ ᠨᠡᠮᠡᠷᠢᠯᠡᠪᠡ᠃

       ᠳᠠᠷᠠᠭ᠎ᠠ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠪᠠᠴᠢᠮ

ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠢᠩᠬᠢᠮ᠂ ᠭᠠᠵᠠᠷ ᠬᠥᠳᠡᠯᠦᠯᠲᠡ ᠶᠢᠨ ᠲᠣᠪᠴᠢᠶ᠎ᠠ᠂ ᠡᠷᠡᠭᠦᠯ ᠬᠠᠮᠠᠭᠠᠯᠠᠯ

ᠡᠷᠡᠭᠦᠯ ᠮᠡᠨᠳᠦ ᠶᠢᠨ ᠵᠥᠪᠯᠡᠯ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠭᠠᠯ  ᠰᠡᠷᠭᠡᠶᠢᠯᠡᠵᠦ ᠠᠪᠤᠷᠠᠨ ᠲᠤᠰᠠᠯᠠᠬᠤ

ᠶᠡᠷᠦᠩᠬᠡᠢ ᠠᠩᠭᠢ ᠵᠡᠷᠭᠡ ᠵᠢᠷᠭᠤᠭᠠᠨ ᠰᠠᠯᠠᠭ᠎ᠠ ᠮᠥᠴᠢᠷ ᠤᠨ ᠬᠢᠨ ᠣᠷᠣᠨ ᠪᠦᠰᠡ ᠶᠢᠨ ᠣᠨᠴᠠᠯᠢᠭ ᠲᠠᠢ

ᠤᠶᠠᠯᠳᠤᠭᠤᠯᠤᠨ᠂ ︽ᠠᠮᠤᠷ ᠲᠦᠪᠰᠢᠨ ᠤ ᠠᠷᠠᠯ︾᠎ ᠤᠨ ᠪᠠᠶᠢᠭᠤᠯᠤᠯᠲᠠ ᠶᠢ ᠴᠢᠩᠭᠠᠳᠬᠠᠵᠤ᠂ ᠪᠠᠭᠰᠢ

ᠰᠤᠷᠤᠭᠴᠢᠳ ᠤᠨ ᠡᠯ᠎ᠡ ᠲᠥᠷᠥᠯ ᠤᠨ ᠠᠶᠤᠯ ᠲᠦᠭᠰᠢᠭᠦᠷᠢ ᠶᠢ ᠰᠡᠷᠭᠡᠶᠢᠯᠡᠨ ᠡᠰᠡᠷᠭᠦᠴᠡᠬᠦ ᠪᠠ ᠰᠤᠷᠭᠠᠭᠤᠯᠢ ᠶᠢᠨ

ᠬᠦᠷᠢᠶᠡᠨ ᠤ ᠨᠡᠶᠢᠭᠡᠮ ᠳᠤ ᠦᠢᠯᠡᠴᠢᠯᠡᠬᠦ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠵᠦ᠂ ᠰᠤᠷᠭᠠᠭᠤᠯᠢ ᠶᠢᠨ

ᠬᠦᠷᠢᠶᠡᠨ ᠤ ᠠᠮᠤᠷ ᠲᠦᠪᠰᠢᠨ ᠤ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠪᠤᠢ ᠪᠣᠯᠭᠠᠨ᠎ᠠ᠃

 

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号