ᠠᠮᠤᠷ ᠲᠦᠪᠰᠢᠨ ᠤ ᠳᠠᠯᠳᠠ ᠭᠡᠮ ᠢ ᠠᠷᠢᠯᠭᠠᠵᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠦᠶ᠎ᠡ — ᠮᠠᠨ ᠤ ᠣᠷᠣᠨ ᠰᠤᠷᠭᠠᠭᠤᠯᠢ ᠶᠢᠨ ᠬᠦᠷᠢᠶᠡᠨ ᠤ ᠭᠠᠯ ᠰᠡᠷᠭᠡᠶᠢᠯᠡᠬᠦ ᠠᠮᠤᠷ ᠲᠦᠪᠰᠢᠨ ᠤ ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠪᠦᠬᠦ ᠲᠠᠯ᠎ᠠ ᠪᠠᠷ ᠥᠷᠨᠢᠭᠦᠯᠪᠡ
ᠨᠡᠶᠢᠲᠡᠯᠡᠭᠰᠡᠨ ᠴᠠᠭ᠄
2024/1/26
      ᠰᠤᠷᠭᠠᠭᠤᠯᠢ ᠶᠢᠨ ᠬᠦᠷᠢᠶᠡᠨ ᠤ ᠭᠠᠯ ᠰᠡᠷᠭᠡᠶᠢᠯᠡᠬᠦ ᠠᠮᠤᠷ ᠲᠦᠪᠰᠢᠨ ᠤ ᠲᠦᠭᠰᠢᠭᠦᠷᠢ ᠶᠢᠨ ᠳᠠᠯᠳᠠ ᠭᠡᠮ ᠢ ᠪᠦᠲᠦᠮᠵᠢᠲᠡᠢ ᠰᠡᠷᠭᠡᠶᠢᠯᠡᠨ ᠠᠷᠢᠯᠭᠠᠵᠤ᠂ ᠪᠦᠬᠦ ᠣᠷᠣᠨ ᠤ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠬᠦ ᠶᠢᠨ ᠲᠥᠯᠥᠭᠡ᠂ ᠲᠦᠷᠦᠭᠦᠬᠡᠨ᠂ ᠮᠠᠨ ᠤ ᠣᠷᠣᠨ ᠤ ᠡᠯ᠎ᠡ ᠠᠶᠢᠮᠠᠭ ᠬᠤᠲᠠ ᠶᠢᠨ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠰᠤᠷᠭᠠᠭᠤᠯᠢ ᠶᠢᠨ ᠬᠦᠷᠢᠶᠡᠨ ᠤ ᠭᠠᠯ ᠰᠡᠷᠭᠡᠶᠢᠯᠡᠬᠦ ᠠᠮᠤᠷ ᠲᠦᠪᠰᠢᠨ ᠤ ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠪᠦᠬᠦ ᠲᠠᠯ᠎ᠠ ᠪᠠᠷ ᠥᠷᠨᠢᠭᠦᠯᠪᠡ᠃ — ᠬᠠᠮᠲᠤ ᠳᠤ ᠪᠠᠨ ᠦᠵᠡᠵᠡᠭᠡᠶ᠎ᠡ—      ᠬᠥᠬᠡᠬᠤᠲᠠ      ᠬᠥᠬᠡᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠭᠠᠯ ᠤᠨᠲᠠᠷᠠᠭᠠᠬᠤ ᠠᠪᠤᠷᠠᠨ ᠲᠤᠰᠠᠯᠠᠬᠤ ᠰᠠᠯᠪᠤᠷᠢ ᠠᠩᠭᠢ ᠵᠡᠷᠭᠡ ᠣᠯᠠᠨ ᠰᠠᠯᠠᠭ᠎ᠠ ᠮᠥᠴᠢᠷ ᠲᠠᠢ ᠬᠠᠮᠲᠤᠷᠠᠨ ᠨᠢᠭᠡ ᠰᠠᠷ᠎ᠠ ᠶᠢᠨ ᠬᠤᠭᠤᠴᠠᠭ᠎ᠠ ᠲᠠᠢ ᠰᠤᠷᠭᠠᠭᠤᠯᠢ ᠶᠢᠨ ᠭᠠᠯ ᠰᠡᠷᠭᠡᠶᠢᠯᠡᠬᠦ ᠠᠮᠤᠷ ᠲᠦᠪᠰᠢᠨ ᠢ ᠲᠤᠰᠬᠠᠢ ᠰᠢᠪᠠᠳᠠᠭᠤᠯᠤᠨ ᠪᠠᠶᠢᠴᠠᠭᠠᠬᠤ ᠠᠵᠢᠯᠯᠠᠭ᠎ᠠ ᠶᠢ ᠥᠷᠨᠢᠭᠦᠯᠵᠦ᠂ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠠᠰᠠᠷ᠂ ᠬᠤᠭᠤᠯᠠᠨ ᠭᠡᠷ ᠪᠠ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠵᠡᠷᠭᠡ ᠶᠢᠨ ᠭᠠᠯ ᠤᠨᠲᠠᠷᠠᠭᠠᠬᠤ ᠲᠥᠬᠦᠭᠡᠷᠦᠮᠵᠢ ᠪᠦᠷᠢᠨ ᠪᠦᠲᠦᠨ ᠪᠥᠭᠡᠳ ᠬᠡᠷᠡᠭᠯᠡᠵᠦ ᠪᠣᠯᠬᠤ ᠡᠰᠡᠬᠦ︔ ᠠᠮᠤᠷ ᠲᠦᠪᠰᠢᠨ ᠭᠠᠷᠴᠠ᠂ ᠲᠠᠷᠬᠠᠭᠠᠨ ᠵᠠᠶᠢᠯᠠᠭᠤᠯᠬᠤ ᠭᠤᠳᠤᠮ ᠰᠠᠭᠠᠳ ᠦᠭᠡᠢ ᠪᠠᠶᠢᠬᠤ ᠶᠢ ᠪᠠᠲᠤᠯᠠᠭᠰᠠᠨ ᠡᠰᠡᠬᠦ︔ ᠭᠠᠯ ᠤᠨᠲᠠᠷᠠᠭᠠᠬᠤ ᠶᠢ ᠡᠵᠡᠮᠳᠡᠬᠦ ᠳᠠᠰᠤᠭ ᠤᠨ ᠠᠵᠢᠯᠲᠠᠨ ᠪᠦᠷᠢᠨ ᠭᠦᠢᠴᠡᠳ ᠪᠥᠭᠡᠳ ᠭᠠᠯ ᠰᠡᠷᠭᠡᠶᠢᠯᠡᠬᠦ ᠠᠵᠢᠯᠲᠠᠨ ᠤ ᠦᠨᠡᠮᠯᠡᠯ ᠲᠠᠢ ᠠᠵᠢᠯ ᠤᠨ ᠪᠠᠶᠢᠷᠢ ᠳᠤ ᠭᠠᠷᠤᠭᠰᠠᠨ ᠡᠰᠡᠬᠦ︔ ᠭᠠᠯ ᠬᠡᠷᠡᠭᠯᠡᠬᠦ ᠴᠠᠬᠢᠯᠭᠠᠨ ᠬᠡᠷᠡᠭᠯᠡᠬᠦ ᠰᠢᠲᠠᠮᠠᠬᠠᠢ ᠬᠡᠢ ᠬᠡᠷᠡᠭᠯᠡᠬᠦ ᠬᠠᠮᠢᠶᠠᠷᠤᠯᠲᠠ ᠶᠢᠨ ᠪᠠᠶᠢᠳᠠᠯ ᠵᠢᠴᠢ ᠭᠠᠯ ᠤᠨᠲᠠᠷᠠᠭᠠᠬᠤ ᠡᠯ᠎ᠡ ᠵᠦᠢᠯ ᠤᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠭᠰᠠᠨ ᠡᠰᠡᠬᠦ ᠵᠡᠷᠭᠡ ᠪᠠᠶᠢᠳᠠᠯ ᠢ ᠭᠤᠣᠯᠳᠠᠯᠭ᠎ᠠ ᠲᠠᠢ ᠵᠢᠭᠰᠠᠭᠠᠨ ᠪᠠᠶᠢᠴᠠᠭᠠᠪᠠ᠃

1.jpg

      ᠪᠤᠭᠤᠲᠤ ᠬᠤᠲᠠ

      ᠪᠤᠭᠤᠲᠤ ᠬᠤᠲᠠ᠂ ᠲᠣᠭᠤᠷᠢᠭ ᠬᠤᠶᠠᠷ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ

ᠮᠥᠴᠢᠷ ᠤᠨ ᠬᠢᠨ ᠲᠤᠰᠬᠠᠢ ᠪᠠᠶᠢᠴᠠᠭᠠᠬᠤ ᠳᠤᠭᠤᠶᠢᠯᠠᠩ ᠪᠠᠶᠢᠭᠤᠯᠤᠨ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ

ᠴᠡᠴᠡᠷᠯᠢᠭ᠂ ᠠᠷᠠᠳ ᠠᠴᠠ ᠡᠷᠬᠢᠯᠡᠭᠰᠡᠨ ᠰᠤᠷᠭᠠᠭᠤᠯᠢ ᠳᠤ ᠭᠦᠨᠵᠡᠭᠡᠶᠢᠷᠡᠵᠦ᠂ ᠬᠤᠭᠤᠯᠠᠨ ᠭᠡᠷ᠂ ᠪᠡᠶ᠎ᠡ ᠶᠢᠨ ᠲᠠᠮᠢᠷ ᠤᠨ

ᠣᠷᠳᠣᠨ᠂ ᠨᠣᠮ ᠤᠨ ᠰᠠᠩ᠂ ᠵᠢᠭᠠᠨ ᠰᠤᠷᠭᠠᠯᠲᠠ ᠶᠢᠨ ᠠᠰᠠᠷ᠂ ᠲᠤᠷᠰᠢᠯᠲᠠ ᠶᠢᠨ ᠲᠠᠰᠤᠭ ᠵᠡᠷᠭᠡ ᠪᠠᠶᠢᠷᠢ ᠲᠠᠯᠠᠪᠤᠷ ᠲᠤ

ᠴᠢᠭᠯᠡᠭᠦᠯᠦᠨ ᠭᠠᠯ ᠰᠡᠷᠭᠡᠶᠢᠯᠡᠬᠦ ᠠᠮᠤᠷ ᠲᠦᠪᠰᠢᠨ ᠢ ᠳᠤᠰᠬᠠᠢ ᠪᠠᠶᠢᠴᠠᠭᠠᠭᠰᠠᠨ ᠤ ᠬᠠᠮᠲᠤ ᠰᠤᠷᠭᠠᠭᠤᠯᠢ ᠎ ᠶᠢ ᠦᠵᠡᠯ

ᠰᠠᠨᠠᠭᠠᠨ ᠤ ᠤᠬᠠᠮᠰᠠᠷ᠂ ᠠᠵᠢᠯᠯᠠᠭᠠᠨ ᠤ ᠤᠬᠠᠮᠰᠠᠷ ᠢᠶᠠᠨ ᠦᠨᠡᠨ ᠬᠦ ᠴᠢᠩᠭᠠᠳᠬᠠᠵᠤ᠂ ᠠᠮᠤᠷ ᠲᠦᠪᠰᠢᠨ ᠤ

ᠬᠥᠪᠴᠢ ᠶᠢ ᠴᠠᠭ ᠢᠮᠠᠭᠲᠠ ᠴᠢᠩᠭᠠᠯᠠᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠤᠯᠠᠮ ᠨᠢᠭᠡ

ᠠᠯᠬᠤᠮ ᠴᠢᠩᠭᠠᠳᠬᠠᠨ᠂ ᠬᠠᠷᠢᠭᠤᠴᠠᠯᠭ᠎ᠠ ᠎ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠪᠠᠭᠰᠢ

ᠰᠤᠷᠤᠭᠴᠢᠳ ᠤᠨ ᠪᠡᠶ᠎ᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃

      ᠤᠯᠠᠭᠠᠨᠬᠠᠳᠠ ᠬᠤᠲᠠ

      ᠤᠯᠠᠭᠠᠨᠬᠠᠳᠠ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ︽ᠭᠠᠯ ᠰᠡᠷᠭᠡᠶᠢᠯᠡᠬᠦ ᠳᠠᠯᠳᠠ ᠭᠡᠮ ᠢ

ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠥᠳᠲᠡᠷ ᠲᠦᠷᠭᠡᠨ ᠥᠷᠨᠢᠭᠦᠯᠵᠦ ᠰᠤᠷᠭᠠᠭᠤᠯᠢ ᠶᠢᠨ

ᠬᠦᠷᠢᠶᠡᠨ ᠤ ᠠᠮᠤᠷ ᠲᠦᠪᠰᠢᠨ ᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠪᠠᠴᠢᠮ ᠮᠡᠳᠡᠭᠳᠡᠯ︾᠎ ᠢ

ᠳᠠᠷᠤᠮᠠᠯᠯᠠᠨ ᠲᠠᠷᠬᠠᠭᠠᠵᠤ᠂ ᠠᠵᠢᠯ ᠢ ᠨᠠᠷᠢᠨ ᠨᠢᠮᠪᠠᠢ ᠲᠣᠬᠢᠷᠠᠭᠤᠯᠤᠨ ᠪᠠᠶᠢᠷᠢᠯᠠᠭᠤᠯᠵᠤ᠂ ᠡᠯ᠎ᠡ ᠬᠤᠰᠢᠭᠤ ᠰᠢᠶᠠᠨ

ᠲᠣᠭᠤᠷᠢᠭ ᠵᠢᠴᠢ ᠡᠯ᠎ᠡ ᠲᠥᠷᠥᠯ ᠤᠨ ᠰᠤᠷᠭᠠᠭᠤᠯᠢ ᠥᠳᠲᠡᠷ ᠲᠦᠷᠭᠡᠨ ᠪᠠᠶᠢᠴᠠᠭᠠᠬᠤ ᠪᠠ ᠥᠪᠡᠰᠦᠪᠡᠨ

ᠪᠠᠶᠢᠴᠠᠭᠠᠪᠠ᠃ ᠬᠤᠲᠠ ᠎ ᠶᠢᠨ ᠰᠤᠷᠭᠠᠨ ᠬᠥᠮᠦᠵᠢᠯ ᠤᠨ ᠲᠣᠪᠴᠢᠶ᠎ᠠ ᠪᠣᠯᠤᠨ ᠬᠤᠲᠠ ᠶᠢᠨ ᠭᠠᠯ ᠤᠨᠲᠠᠷᠠᠭᠠᠬᠤ ᠠᠪᠤᠷᠠᠨ

ᠲᠤᠰᠠᠯᠠᠬᠤ ᠰᠠᠯᠪᠤᠷᠢ ᠠᠩᠭᠢ ᠪᠠᠷ ᠪᠦᠷᠢᠯᠳᠦᠭᠰᠡᠨ ᠬᠤᠯᠪᠤᠭᠠᠲᠤ ᠪᠠᠶᠢᠴᠠᠭᠠᠬᠤ ᠳᠤᠭᠤᠶᠢᠯᠠᠩ ᠬᠤᠲᠠ ᠶᠢᠨ ᠰᠢᠭᠤᠳ

ᠬᠠᠷᠢᠶ᠎ᠠ ᠰᠤᠷᠭᠠᠭᠤᠯᠢ ᠪᠠᠷ ᠭᠤᠣᠯᠳᠠᠯᠭ᠎ᠠ ᠪᠣᠯᠭᠠᠵᠤ᠂ ᠰᠤᠷᠭᠠᠭᠤᠯᠢ ᠶᠢᠨ ᠥᠪᠡᠰᠦᠪᠡᠨ ᠪᠠᠶᠢᠴᠠᠭᠠᠭᠰᠠᠨ ᠪᠠᠶᠢᠳᠠᠯ ᠤᠨ

ᠬᠠᠷᠢᠭᠤ ᠮᠡᠳᠡᠭᠦᠯᠦᠯᠲᠡ ᠶᠢ ᠨᠠᠷᠢᠨ ᠨᠢᠮᠪᠠᠢ ᠰᠣᠨᠣᠰᠴᠤ᠂ ᠭᠠᠯ ᠤᠨᠲᠠᠷᠠᠭᠠᠬᠤ ᠶᠢ ᠡᠵᠡᠮᠳᠡᠬᠦ ᠲᠠᠰᠤᠭ᠂ ᠰᠤᠷᠤᠭᠴᠢ ᠶᠢᠨ

ᠪᠠᠶᠢᠷᠢ᠂ ᠬᠤᠭᠤᠯᠠᠨ ᠭᠡᠷ ᠵᠡᠷᠭᠡ ᠭᠤᠣᠯᠳᠠᠯᠭ᠎ᠠ ᠲᠠᠢ ᠭᠠᠵᠠᠷ ᠲᠤ ᠬᠦᠷᠴᠦ ᠲᠤᠬᠠᠢ ᠶᠢᠨ ᠭᠠᠵᠠᠷ ᠲᠤ ᠨᠢ ᠪᠠᠶᠢᠴᠠᠭᠠᠵᠤ᠂

ᠰᠤᠷᠭᠠᠭᠤᠯᠢ ᠶᠢ ᠵᠢᠯᠣᠭᠤᠳᠤᠨ ᠭᠠᠯ  ᠰᠡᠷᠭᠡᠶᠢᠯᠡᠬᠦ ᠠᠵᠢᠯ ᠢ ᠰᠠᠶᠢᠲᠤᠷ ᠬᠢᠪᠡ᠃

   

2.png

      ᠬᠥᠯᠥᠨ ᠪᠤᠶᠢᠷ ᠬᠤᠳᠠ

      ᠬᠥᠯᠥᠨ ᠪᠤᠶᠢᠷ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠡᠯ᠎ᠡ ᠬᠤᠰᠢᠭᠤ ᠬᠤᠲᠠ ᠲᠣᠭᠤᠷᠢᠭ ᠤᠨ

ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠢ ᠳᠠᠬᠢᠨ ᠪᠠᠶᠢᠷᠢᠯᠠᠭᠤᠯᠵᠤ᠂ ᠡᠯ᠎ᠡ ᠭᠠᠵᠠᠷ ᠤᠨ ᠡᠯ᠎ᠡ

ᠰᠤᠷᠭᠠᠭᠤᠯᠢ ᠰᠠᠨᠠᠭᠠᠴᠢᠯᠠᠭ᠎ᠠ ᠠᠴᠠ ᠪᠠᠨ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠠᠮᠤᠷ ᠲᠦᠪᠰᠢᠨ ᠤ

ᠳᠠᠯᠳᠠ ᠭᠡᠮ ᠢ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠬᠦ ᠬᠡᠷᠡᠭᠲᠡᠢ ᠭᠡᠵᠦ ᠱᠠᠭᠠᠷᠳᠠᠪᠠ᠃ ᠣᠶᠢᠷ᠎ᠠ ᠶᠢᠨ ᠡᠳᠦᠷ᠂

ᠬᠤᠲᠠ᠂ ᠬᠤᠰᠢᠭᠤ ᠬᠤᠶᠠᠷ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠠᠴᠢᠮ

ᠪᠠᠶᠢᠳᠠᠯ ᠢ ᠠᠷᠭᠠᠴᠠᠬᠤ᠂ ᠭᠠᠯ ᠤᠨᠲᠠᠷᠠᠭᠠᠬᠤ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ᠂ ᠡᠯ᠎ᠡ ᠱᠠᠲᠤᠨ ᠤ ᠡᠯ᠎ᠡ

ᠲᠥᠷᠥᠯ ᠤᠨ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠲᠤ ᠭᠦᠨᠵᠡᠭᠡᠶᠢᠷᠡᠨ ᠰᠤᠷᠭᠠᠭᠤᠯᠢ ᠶᠢᠨ

ᠬᠦᠷᠢᠶᠡᠨ ᠤ ᠠᠮᠤᠷ ᠲᠦᠪᠰᠢᠨ ᠤ ᠳᠠᠯᠳᠠ ᠭᠡᠮ ᠢ ᠪᠠᠶᠢᠴᠠᠭᠠᠬᠤ ᠠᠵᠢᠯ ᠢ ᠥᠷᠨᠢᠭᠦᠯᠵᠦ᠂ ᠵᠢᠭᠠᠨ ᠰᠤᠷᠭᠠᠯᠲᠠ ᠶᠢᠨ

ᠠᠰᠠᠷ᠂ ᠲᠤᠷᠰᠢᠯᠲᠠ ᠶᠢᠨ ᠲᠠᠰᠤᠭ᠂ ᠬᠤᠭᠤᠯᠠᠨ ᠭᠡᠷ᠂ ᠰᠤᠷᠭᠠᠭᠤᠯᠢ ᠶᠢᠨ ᠪᠠᠶᠢᠷᠢ᠂ ᠰᠣᠶᠣᠯ ᠪᠡᠶ᠎ᠡ ᠶᠢᠨ ᠲᠠᠮᠢᠷ ᠤᠨ

ᠲᠠᠯᠠᠪᠤᠷ ᠣᠷᠳᠣᠨ ᠵᠡᠷᠭᠡ ᠭᠠᠵᠠᠷ ᠢ ᠭᠤᠣᠯᠳᠠᠯᠭ᠎ᠠ ᠲᠠᠢ ᠪᠠᠶᠢᠴᠠᠭᠠᠵᠤ᠂ ᠭᠠᠯ ᠤᠨᠲᠠᠷᠠᠭᠠᠬᠤ ᠲᠥᠬᠦᠭᠡᠷᠦᠮᠵᠢ᠂ ᠪᠠᠴᠢᠮ

ᠪᠠᠶᠢᠳᠠᠯ ᠢ ᠠᠷᠭᠠᠴᠠᠬᠤ ᠲᠠᠷᠬᠠᠭᠠᠨ ᠵᠠᠶᠢᠯᠠᠭᠤᠯᠬᠤ ᠭᠤᠳᠤᠮ᠂ ᠤᠰᠤ ᠴᠠᠬᠢᠯᠭᠠᠨ ᠰᠢᠲᠠᠮᠠᠬᠠᠢ ᠬᠡᠢ ᠎ ᠶᠢᠨ ᠠᠮᠤᠷ

ᠲᠦᠪᠰᠢᠨ᠂ ᠵᠢᠵᠢᠭᠦᠷᠯᠡᠨ ᠰᠠᠬᠢᠬᠤ ᠵᠡᠷᠭᠡ ᠶᠢ ᠨᠠᠷᠢᠨ ᠬᠢᠨᠠᠮᠠᠭᠠᠢ ᠬᠢᠨᠠᠨ ᠪᠠᠶᠢᠴᠠᠭᠠᠪᠠ᠃

3.png

      ᠡᠷᠢᠶᠡᠨ ᠬᠤᠲᠠ

      ᠡᠷᠢᠶᠡᠨ ᠬᠤᠲᠠ ᠶᠢᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ

ᠬᠤᠲᠠ ᠶᠢᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠲᠠᠢ ᠬᠠᠮᠲᠤᠷᠠᠨ ᠰᠤᠷᠭᠠᠭᠤᠯᠢ ᠶᠢᠨ

ᠬᠦᠷᠢᠶᠡᠨ ᠤ ᠭᠠᠯ ᠰᠡᠷᠭᠡᠶᠢᠯᠡᠬᠦ ᠠᠮᠤᠷ ᠲᠦᠪᠰᠢᠨ ᠶᠢ ᠳᠤᠰᠬᠠᠢ ᠪᠠᠶᠢᠴᠠᠭᠠᠪᠠ᠃ ᠪᠠᠶᠢᠴᠠᠭᠠᠬᠤ ᠳᠤᠭᠤᠶᠢᠯᠠᠩ ᠤᠨ ᠬᠢᠨ

ᠰᠤᠷᠭᠠᠭᠤᠯᠢ ᠶᠢᠨ ᠬᠦᠷᠢᠶᠡᠨ ᠤ ᠪᠠᠷᠢᠯᠭ᠎ᠠ ᠶᠢᠨ ᠠᠮᠤᠷ ᠲᠦᠪᠰᠢᠨ ᠭᠠᠷᠴᠠ᠂ ᠲᠠᠷᠬᠠᠭᠠᠨ ᠵᠠᠶᠢᠯᠠᠭᠤᠯᠬᠤ ᠭᠤᠳᠤᠮ

ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠴᠠᠬᠢᠯᠭᠠᠨ ᠤᠲᠠᠰᠤᠨ ᠤ ᠱᠤᠭᠤᠮ᠂ ᠭᠠᠯ ᠤᠨᠲᠠᠷᠠᠭᠠᠬᠤ

ᠲᠥᠬᠦᠭᠡᠷᠦᠮᠵᠢ ᠶᠢ ᠠᠵᠢᠯᠯᠠᠭᠤᠯᠵᠤ᠂ ᠬᠠᠮᠠᠭᠠᠯᠠᠵᠤ ᠪᠠᠶᠢᠭ᠎ᠠ ᠪᠠᠶᠢᠳᠠᠯ ᠳᠤ ᠴᠢᠭᠯᠡᠭᠦᠯᠦᠨ ᠪᠦᠬᠦ ᠲᠠᠯ᠎ᠠ ᠪᠠᠷ ᠵᠢᠭᠰᠠᠭᠠᠨ

ᠪᠠᠶᠢᠴᠠᠭᠠᠪᠠ︔ ᠡᠭᠦᠨ ᠤ ᠬᠠᠮᠲᠤ᠂ ᠰᠤᠷᠭᠠᠭᠤᠯᠢ ᠶᠢᠨ ᠬᠦᠷᠢᠶᠡᠨ ᠤ ᠠᠮᠤᠷ ᠢ ᠬᠠᠮᠠᠭᠠᠯᠠᠬᠤ ᠠᠵᠢᠯᠲᠠᠨ ᠤ ᠵᠢᠵᠢᠭᠦᠷᠯᠡᠨ

ᠲᠣᠭᠤᠷᠢᠨ ᠪᠠᠶᠢᠴᠠᠭᠠᠬᠤ᠂ ᠰᠤᠷᠭᠠᠭᠤᠯᠢ ᠶᠢᠨ ᠤᠳᠤᠷᠢᠳᠤᠯᠭ᠎ᠠ ᠡᠭᠡᠯᠵᠢ ᠳᠠᠭᠠᠭᠤᠯᠤᠨ ᠵᠢᠵᠢᠭᠦᠷᠯᠡᠨ ᠰᠠᠬᠢᠬᠤ ᠵᠢᠴᠢ

ᠪᠤᠰᠤᠳ ᠬᠠᠮᠢᠶ᠎ᠠ ᠪᠦᠬᠦᠢ ᠪᠠᠶᠢᠳᠠᠯ ᠢ ᠵᠢᠭᠰᠠᠭᠠᠨ ᠪᠠᠶᠢᠴᠠᠭᠠᠵᠤ᠂ ᠣᠨᠣᠪᠴᠢᠲᠠᠢ ᠴᠢᠭᠯᠡᠭᠦᠯᠵᠦ᠂ ᠠᠰᠠᠭᠤᠳᠠᠯ ᠢ

ᠢᠯᠡᠷᠡᠭᠦᠯᠦᠨ᠂ ᠴᠠᠭ ᠲᠤᠬᠠᠢ ᠳᠤ ᠨᠢ ᠴᠡᠭᠴᠡᠯᠡᠨ ᠰᠠᠶᠢᠵᠢᠷᠠᠭᠤᠯᠪᠠ᠃

   

4.png

5.png

   

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号