ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠬᠥᠯᠥᠨ ᠪᠤᠶᠢᠷ ᠬᠤᠲᠠ ᠳᠤ ᠬᠦᠷᠴᠦ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠢ ᠬᠢᠨᠠᠨ ᠵᠢᠯᠣᠭᠤᠳᠴᠤ ᠪᠠᠶᠢᠴᠠᠭᠠᠪᠠ
ᠨᠡᠶᠢᠲᠡᠯᠡᠭᠰᠡᠨ ᠴᠠᠭ᠄
2024/1/26
      ᠰᠤᠷᠭᠠᠨ ᠬᠥᠮᠦᠵᠢᠯ ᠤᠨ ᠶᠠᠮᠤᠨ ᠤ ᠠᠵᠢᠯ ᠤᠨ ᠪᠠᠶᠢᠷᠢᠯᠠᠭᠤᠯᠤᠯᠲᠠ ᠵᠢᠴᠢ ᠥᠪᠡᠷᠲᠡᠭᠡᠨ ᠵᠠᠰᠠᠬᠤ ᠣᠷᠣᠨ ᠤ ᠠᠶᠤᠯ ᠦᠭᠡᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ ᠱᠠᠭᠠᠷᠳᠠᠯᠭ᠎ᠠ ᠶᠣᠰᠣᠭᠠᠷ᠂ 1 ᠳ᠋ᠦ᠋ᠭᠡᠷ ᠰᠠᠷ᠎ᠠ ᠶᠢᠨ 21 - 23᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠵᠠᠩ ᠵᠢᠶᠦ᠋ᠨ ᠰᠢ ᠳᠤᠭᠤᠶᠢᠯᠠᠩ ᠳᠠᠭᠠᠭᠤᠯᠤᠨ ᠬᠥᠯᠥᠨ ᠪᠤᠶᠢᠷ ᠬᠤᠲᠠ ᠶᠢᠨ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠬᠢᠨᠠᠨ ᠵᠢᠯᠣᠭᠤᠳᠴᠤ ᠪᠠᠶᠢᠴᠠᠭᠠᠪᠠ᠃

c6407c64923cb940776fecc2a2f69d5b_640_wx_fmt=jpeg&wxfrom=5&wx_lazy=1&wx_co=1.jpg

      ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠠᠷᠤᠨ ᠬᠤᠰᠢᠭᠤᠨ ᠤ ᠨᠢᠭᠡᠳᠦᠭᠡᠷ ᠳᠤᠮᠳᠠᠳᠤ

ᠰᠤᠷᠭᠠᠭᠤᠯᠢ᠂ ᠠᠷᠤᠨ ᠬᠤᠰᠢᠭᠤᠨ ᠤ ᠠᠵᠢᠯ ᠮᠡᠷᠭᠡᠵᠢᠯ ᠤᠨ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ

ᠰᠤᠷᠭᠠᠭᠤᠯᠢ᠂ ᠠᠷᠤᠨ ᠬᠤᠰᠢᠭᠤᠨ ᠤ ᠢᠦᠢ ᠴᠧᠩ ᠶᠡᠷᠦᠩᠬᠡᠶᠢᠯᠡᠭᠰᠡᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ᠂

ᠡᠸᠡᠩᠬᠢ ᠬᠤᠰᠢᠭᠤᠨ ᠤ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ ᠵᠡᠷᠭᠡ 4 ᠰᠤᠷᠭᠠᠭᠤᠯᠢ ᠳᠤ ᠭᠦᠨᠵᠡᠭᠡᠶᠢᠷᠡᠵᠦ᠂

ᠵᠢᠭᠠᠨ ᠰᠤᠷᠭᠠᠯᠲᠠ ᠎ ᠶᠢᠨ ᠠᠰᠠᠷ᠂ ᠰᠤᠷᠤᠭᠴᠢ ᠶᠢᠨ ᠬᠤᠭᠤᠯᠠᠨ ᠭᠡᠷ᠂ ᠪᠠᠶᠢᠷᠢ ᠶᠢᠨ ᠠᠰᠠᠷ ᠪᠠ ᠲᠤᠷᠰᠢᠯᠲᠠ ᠶᠢᠨ

ᠲᠠᠰᠤᠭ᠂ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠵᠡᠷᠭᠡ ᠲᠠᠯᠠᠪᠤᠷ ᠤᠨ ᠠᠮᠤᠷ ᠲᠦᠪᠰᠢᠨ ᠤ

ᠪᠠᠶᠢᠭᠤᠯᠤᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠤ ᠨᠢ ᠪᠠᠶᠢᠴᠠᠭᠠᠨ ᠦᠵᠡᠵᠦ᠂ ᠪᠠᠴᠢᠮ ᠪᠠᠶᠢᠳᠠᠯ ᠢ ᠠᠷᠭᠠᠴᠠᠬᠤ

ᠵᠢᠵᠢᠭᠦᠷ᠂ ᠵᠢᠯ ᠤᠨ ᠰᠡᠭᠦᠯᠴᠢ ᠵᠢᠯ ᠤᠨ ᠡᠬᠢᠨ ᠤ ᠠᠮᠤᠷ ᠲᠦᠪᠰᠢᠨ ᠤ ᠪᠠᠶᠢᠴᠠᠭᠠᠯᠲᠠ ᠪᠠ ᠭᠠᠯ ᠰᠡᠷᠭᠡᠶᠢᠯᠡᠬᠦ ᠳᠠᠯᠳᠠ

ᠭᠡᠮ ᠢ ᠲᠤᠰᠬᠠᠢ ᠵᠢᠭᠰᠠᠭᠠᠨ ᠪᠠᠶᠢᠴᠠᠭᠠᠵᠤ᠂ ᠰᠤᠷᠭᠠᠨ ᠬᠥᠮᠦᠵᠢᠯ ᠤᠨ ᠶᠠᠮᠤᠨ ᠤ ᠰᠤᠷᠭᠠᠭᠤᠯᠢ ᠶᠢᠨ ᠬᠦᠷᠢᠶᠡᠨ ᠤ

ᠢᠳᠡᠭᠡᠨ ᠤ ᠠᠮᠤᠷ ᠲᠦᠪᠰᠢᠨ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢ

ᠨᠠᠶᠢᠳᠠᠪᠤᠷᠢᠵᠢᠭᠤᠯᠤᠭᠰᠠᠨ ᠵᠡᠷᠭᠡ ᠠᠵᠢᠯ ᠤᠨ ᠪᠠᠶᠢᠳᠠᠯ ᠢ ᠭᠤᠣᠯᠳᠠᠯᠭ᠎ᠠ ᠲᠠᠢ ᠪᠠᠶᠢᠴᠠᠭᠠᠪᠠ᠃

      ᠪᠠᠶᠢᠴᠠᠭᠠᠬᠤ ᠶᠠᠪᠤᠴᠠ ᠳᠤ᠂ ᠪᠠᠶᠢᠴᠠᠭᠠᠬᠤ ᠳᠤᠭᠤᠶᠢᠯᠠᠩ ᠢᠯᠡᠷᠡᠭᠦᠯᠦᠭᠰᠡᠨ ᠠᠮᠤᠷ ᠲᠦᠪᠰᠢᠨ ᠤ ᠳᠠᠯᠳᠠ

ᠭᠡᠮ ᠢ ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠤᠭᠰᠠᠨ ᠪᠥᠭᠡᠳ ᠥᠪᠡᠷᠲᠡᠭᠡᠨ ᠵᠠᠰᠠᠬᠤ ᠣᠷᠣᠨ ᠤ ᠨᠠᠮ ᠤᠨ

ᠬᠤᠷᠢᠶ᠎ᠠ᠂ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠱᠠᠭᠠᠷᠳᠠᠯᠭ᠎ᠠ ᠶᠢ ᠳᠠᠬᠢᠨ ᠤᠯᠠᠮᠵᠢᠯᠠᠬᠤ ᠪᠠ ᠳᠠᠬᠢᠨ

ᠪᠠᠶᠢᠷᠢᠯᠠᠭᠤᠯᠵᠤ᠂ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠠ ᠰᠤᠷᠭᠠᠭᠤᠯᠢ ᠶᠢ

ᠰᠢᠪᠠᠳᠠᠭᠤᠯᠤᠨ ᠵᠢᠯᠣᠭᠤᠳᠴᠤ ᠠᠮᠤᠷ ᠲᠦᠪᠰᠢᠨ ᠤ ᠬᠠᠮᠢᠶᠠᠷᠤᠯᠲᠠ ᠶᠢ ᠬᠢᠨᠠᠨ ᠬᠠᠮᠢᠶᠠᠷᠬᠤ ᠬᠠᠷᠢᠭᠤᠴᠠᠯᠭ᠎ᠠ ᠪᠠ

ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨ ᠬᠦ ᠭᠦᠢᠴᠡᠳᠬᠡᠵᠦ᠂ ᠳᠣᠲᠣᠭᠠᠳᠤ ᠶᠢ ᠬᠠᠮᠠᠭᠠᠯᠠᠬᠤ᠂ ᠭᠠᠯ

ᠤᠨᠲᠠᠷᠠᠭᠠᠬᠤ ᠵᠡᠷᠭᠡ ᠰᠠᠯᠠᠭ᠎ᠠ ᠮᠥᠴᠢᠷ ᠯᠦᠭᠡ ᠶᠢᠨ ᠬᠠᠮᠵᠢᠯᠴᠠᠭ᠎ᠠ ᠪᠠᠨ ᠴᠢᠩᠭᠠᠳᠬᠠᠨ᠂ ᠠᠵᠢᠯ ᠤᠨ ᠬᠠᠮ ᠬᠦᠴᠦᠨ ᠢ

ᠪᠦᠷᠢᠯᠳᠦᠭᠦᠯᠵᠦ᠂ ᠰᠤᠷᠭᠠᠭᠤᠯᠢ ᠶᠢᠨ ᠳᠣᠲᠣᠷᠠᠬᠢ ᠵᠢᠴᠢ ᠡᠷᠭᠢᠨ ᠲᠣᠭᠤᠷᠢᠨ ᠤ ᠵᠠᠰᠠᠯᠲᠠ ᠶᠢ ᠴᠢᠩᠭᠠᠳᠬᠠᠨ᠂

ᠰᠤᠷᠭᠠᠭᠤᠯᠢ ᠶᠢᠨ ᠬᠦᠷᠢᠶᠡᠨ ᠤ ᠡᠯ᠎ᠡ ᠵᠦᠢᠯ ᠤᠨ ᠠᠮᠤᠷ ᠲᠦᠪᠰᠢᠨ ᠤ ᠠᠵᠢᠯ ᠢ ᠨᠠᠷᠢᠯᠢᠭ ᠪᠥᠭᠡᠳ ᠪᠣᠳᠠᠲᠠᠢ ᠬᠢᠵᠦ᠂

ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠪᠠ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号