ᠰᠦᠨ ᠱᠣᠣ ᠴᠧᠩ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠢ ᠪᠥᠬᠦ ᠲᠠᠯ᠎ᠠ ᠪᠠᠷ ᠲᠤᠭᠤᠰᠢᠯᠠᠭᠤᠯᠬᠤ ᠠᠵᠢᠯ ᠢ ᠪᠠᠶᠢᠴᠠᠭᠠᠨ ᠰᠤᠳᠤᠯᠪᠠ ᠵᠠᠩ ᠶᠠᠨ ᠺᠦᠨ ᠣᠷᠣᠯᠴᠠᠵᠠᠢ
ᠨᠡᠶᠢᠲᠡᠯᠡᠭᠰᠡᠨ ᠴᠠᠭ᠄
2024/1/26
      1 ᠰᠠᠷ᠎ᠠ ᠶᠢᠨ 25᠎ ᠤ ᠡᠳᠦᠷ᠂ ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠪᠠᠶᠢᠭᠤᠯᠭ᠎ᠠ ᠪᠣᠯᠣᠨ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠳᠤ ᠬᠦᠷᠴᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠢ ᠪᠦᠭᠦ ᠲᠠᠯ᠎ᠠ ᠪᠠᠷ ᠲᠤᠭᠤᠰᠢᠯᠠᠭᠤᠯᠬᠤ ᠠᠵᠢᠯ ᠤᠨ ᠲᠣᠭᠤᠷᠢᠨ ᠳᠤ ᠪᠠᠶᠢᠴᠠᠭᠠᠨ ᠰᠤᠳᠤᠯᠤᠯᠲᠠ ᠬᠢᠪᠡ᠃

6384186171517508609776769.jpg

      1 ᠰᠠᠷ᠎ᠠ ᠶᠢᠨ 25᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠎ ᠶᠢᠨ ᠱᠦᠵᠢ ᠰᠦᠨ

ᠱᠤᠤ ᠴᠧᠩ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠰᠣᠶᠣᠯ ᠲᠡᠦᠬᠡ ᠶᠢᠨ

ᠣᠷᠳᠣᠨ ᠳᠤ ᠬᠦᠷᠴᠦ᠂ ᠤᠯᠤᠰ ᠲᠥᠷᠥ ᠶᠢᠨ ᠵᠥᠪᠯᠡᠯᠭᠡᠨ ᠤ ᠭᠡᠷᠡᠯ ᠰᠠᠴᠤᠷᠠᠩᠭᠤᠢ ᠲᠡᠦᠬᠡᠨ ᠶᠠᠪᠤᠴᠠ ᠶᠢᠨ

ᠲᠠᠨᠢᠯᠴᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠴᠤ᠂ ᠤᠯᠤᠰ ᠲᠥᠷᠥ ᠶᠢᠨ ᠵᠥᠪᠯᠡᠯᠭᠡᠨ ᠤ ᠠᠳᠠᠯᠢ ᠪᠤᠰᠤ ᠲᠡᠦᠬᠡᠨ

ᠱᠠᠲᠤ ᠦᠶ᠎ᠡ ᠢᠯᠠᠩᠭᠤᠶ᠎ᠠ ᠰᠢᠨ᠎ᠡ ᠴᠠᠭ ᠦᠶ᠎ᠡ ᠶᠢᠨ ᠴᠢᠬᠤᠯᠠ ᠡᠭᠦᠷᠭᠡ ᠴᠢᠳᠠᠪᠬᠢ ᠪᠣᠯᠣᠨ ᠭᠡᠷᠡᠯ ᠰᠠᠴᠤᠷᠠᠩᠭᠤᠢ

ᠠᠮᠵᠢᠯᠲᠠ ᠪᠦᠲᠦᠮᠵᠢ ᠶᠢ ᠨᠠᠷᠢᠨ ᠣᠶᠢᠯᠠᠭᠠᠪᠠ᠃ ᠰᠤᠷᠪᠤᠯᠵᠢᠯᠠᠬᠴᠢ ᠮᠠ ᠵᠢᠶᠠᠨ ᠴᠢᠤᠸᠠᠨ ᠰᠡᠭᠦᠳᠡᠷᠯᠡᠪᠡ

      ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠰᠣᠶᠣᠯ ᠲᠡᠦᠬᠡ ᠶᠢᠨ ᠣᠷᠳᠣᠨ ᠳᠤ᠂

ᠰᠦᠨ ᠱᠤᠤ ᠴᠧᠩ ᠤᠯᠤᠰ ᠲᠦᠷᠦ ᠶᠢᠨ ᠵᠥᠪᠯᠡᠯᠭᠡᠨ ᠤ ᠭᠡᠷᠡᠯ ᠰᠠᠴᠤᠷᠠᠩᠭᠤᠢ ᠥᠩᠭᠡᠷᠡᠯᠲᠡ ᠶᠢᠨ ᠦᠵᠡᠭᠦᠯᠭᠡ ᠶᠢᠨ

ᠲᠠᠨᠢᠯᠴᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠴᠤ᠂ ᠤᠯᠤᠰ ᠲᠦᠷᠦ ᠶᠢᠨ ᠵᠥᠪᠯᠡᠯᠭᠡᠨ ᠤ ᠠᠳᠠᠯᠢ ᠪᠤᠰᠤ ᠲᠡᠦᠬᠡᠨ

ᠱᠠᠲᠤ ᠦᠶ᠎ᠡ ᠢᠯᠠᠩᠭᠤᠶ᠎ᠠ ᠰᠢᠨ᠎ᠡ ᠴᠠᠭ ᠦᠶ᠎ᠡ ᠶᠢᠨ ᠴᠢᠬᠤᠯᠠ ᠡᠭᠦᠷᠭᠡ ᠴᠢᠳᠠᠪᠬᠢ ᠪᠣᠯᠣᠨ ᠭᠡᠷᠡᠯ ᠰᠠᠴᠤᠷᠠᠩᠭᠤᠢ

ᠠᠮᠵᠢᠯᠲᠠ ᠶᠢ ᠨᠠᠷᠢᠨ ᠣᠶᠢᠯᠠᠭᠠᠪᠠ᠃ ᠲᠡᠷᠡ᠂ ᠥᠩᠭᠡᠷᠡᠭᠰᠡᠨ ᠨᠢᠭᠡ ᠵᠢᠯ ᠳᠤ ᠥᠪᠡᠷᠲᠡᠭᠡᠨ ᠵᠠᠰᠠᠬᠤ ᠣᠷᠣᠨ ᠤ ᠤᠯᠤᠰ

ᠲᠥᠷᠥ ᠶᠢᠨ ᠵᠥᠪᠯᠡᠯᠭᠡᠨ ᠨᠢ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠤᠯᠤᠰ ᠲᠥᠷᠥ ᠶᠢᠨ

ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ

ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠵᠢᠯ ᠤᠨ

ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠷᠭ᠎ᠠ ᠤᠬᠠᠭᠠᠨ ᠭᠠᠷᠭᠠᠨ ᠵᠠᠰᠠᠭ ᠲᠤ ᠲᠤᠰᠠᠯᠠᠬᠤ ᠪᠠ

ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠲᠠᠯ᠎ᠠ ᠪᠠᠷ ᠬᠤᠣᠰ ᠴᠢᠭᠯᠡᠯ ᠢᠶᠠᠷ ᠬᠦᠴᠦᠯᠡᠬᠦ ᠶᠢ ᠪᠠᠷᠢᠮᠲᠠᠯᠠᠵᠤ᠂ ᠶᠡᠭᠡ

ᠬᠡᠮᠵᠢᠶᠡᠨ ᠤ ᠭᠠᠷᠮᠠᠭᠠᠢ ᠪᠦᠲᠦᠮᠵᠢᠲᠡᠶ ᠠᠵᠢᠯ ᠬᠢᠵᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠎ ᠤ

︽ᠵᠢᠷᠭᠤᠭᠠᠨ ᠳᠠᠭᠢᠨ ᠢᠶᠠᠷ ᠨᠡᠮᠡᠭᠳᠡᠭᠦᠯᠬᠦ ᠲᠥᠯᠥᠪᠯᠡᠭᠡ︾᠎ ᠶᠢ ᠠᠬᠢᠭᠤᠯᠵᠤ᠂ ᠮᠠᠰᠢ ᠣᠯᠠᠨ ᠰᠠᠶᠢᠨ ᠰᠠᠨᠠᠯ ᠰᠠᠨᠠᠭᠤᠯᠭ᠎ᠠ

ᠳᠤᠷᠠᠳᠴᠤ᠂ ᠠᠮᠵᠢᠯᠲᠠ ᠪᠦᠲᠦᠮᠵᠢ ᠶᠢ ᠭᠦᠢᠴᠡᠳ ᠨᠤᠲᠠᠯᠠᠭᠤᠰᠢᠲᠠᠢ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ

ᠤᠯᠤᠰ ᠲᠥᠷᠥ ᠶᠢᠨ ᠵᠥᠪᠯᠡᠯᠭᠡᠨ ᠦᠷᠭᠦᠯᠵᠢᠯᠡᠨ ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠵᠤ᠂ ᠲᠣᠰ ᠪᠡᠶ᠎ᠡ ᠶᠢᠨ

ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠰᠠᠶᠢᠲᠤᠷ

ᠬᠢᠬᠦ ᠳᠤ ᠨᠠᠩ ᠰᠠᠶᠢᠲᠤᠷ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠬᠤ ᠶᠢ ᠬᠦᠰᠡᠵᠦ ᠪᠠᠶᠢᠨ᠎ᠠ᠃ ᠤᠯᠤᠰ

ᠲᠦᠷᠦ ᠶᠢᠨ ᠵᠥᠪᠯᠡᠯᠭᠡᠨ ᠤ ᠰᠣᠶᠣᠯ ᠲᠡᠦᠬᠡ ᠶᠢᠨ ᠣᠷᠳᠣᠨ ᠵᠡᠷᠭᠡ ᠲᠠᠪᠴᠠᠩ ᠤᠨ ᠦᠢᠯᠡᠳᠦᠯ ᠢ ᠰᠠᠶᠢᠲᠤᠷ

ᠪᠠᠳᠠᠷᠠᠭᠤᠯᠵᠤ᠂ ᠡᠯ᠎ᠡ ᠲᠠᠯ᠎ᠠ ᠶᠢᠨ ᠬᠢᠨ ᠲᠠᠢ ᠬᠠᠷᠢᠯᠴᠠᠭ᠎ᠠ ᠪᠠᠨ ᠨᠢᠭᠲᠠᠷᠠᠭᠤᠯᠵᠤ᠂ ᠥᠪᠥᠷ ᠮᠣᠩᠭᠤᠯ ᠤᠨ ᠦᠯᠢᠭᠡᠷ ᠢ

ᠰᠠᠶᠢᠲᠤᠷ ᠶᠠᠷᠢᠵᠤ᠂ ᠥᠪᠥᠷ ᠮᠣᠩᠭᠤᠯ ᠤᠨ ᠳᠦᠷᠢ ᠲᠥᠷᠬᠦ ᠶᠢ ᠰᠠᠶᠢᠲᠤᠷ ᠢᠯᠡᠷᠡᠭᠦᠯᠬᠦ ᠬᠡᠷᠡᠭᠲᠡᠢ ᠭᠡᠵᠡᠢ᠃

      ᠳᠠᠷᠠᠭ᠎ᠠ ᠨᠢ᠂ ᠰᠦᠨ ᠱᠤᠤ ᠴᠧᠩ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠳᠤ ᠬᠦᠷᠴᠦ᠂

ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠰᠤᠳᠤᠯᠭᠠᠨ ᠤ ᠰᠠᠭᠤᠷᠢᠨ ᠳᠤ ᠬᠦᠷᠴᠦ᠂

ᠰᠠᠭᠤᠷᠢᠨ ᠤ ᠴᠢᠳᠠᠪᠤᠷᠢᠲᠠᠨ ᠤ ᠪᠦᠯᠭᠦᠮ᠂ ᠤᠨᠤᠯ ᠤᠨ ᠰᠤᠳᠤᠯᠭᠠᠨ᠂ ᠠᠷᠭ᠎ᠠ ᠤᠬᠠᠭᠠᠨ ᠭᠠᠷᠭᠠᠨ ᠵᠠᠰᠠᠭ ᠲᠤ

ᠲᠤᠰᠠᠯᠠᠬᠤ᠂ ᠤᠯᠠᠨ ᠤᠯᠤᠰ ᠤᠨ ᠰᠣᠯᠢᠯᠴᠠᠭ᠎ᠠ ᠵᠡᠷᠭᠡ ᠪᠠᠶᠢᠳᠠᠯ ᠢ ᠭᠦᠨᠵᠡᠭᠡᠢ ᠣᠶᠢᠯᠠᠭᠠᠪᠠ᠃ ᠲᠡᠷᠡ᠂

ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠢ

ᠲᠤᠭᠤᠰᠢᠯᠠᠭᠤᠯᠬᠤ ᠠᠵᠢᠯ ᠢ ᠡᠷᠬᠡᠪᠰᠢ ᠪᠣᠳᠠᠲᠠᠢ ᠠᠳᠬᠤᠵᠤ᠂ ᠨᠢᠳᠦᠨ ᠳᠤ ᠦᠵᠡᠭᠳᠡᠮ᠎ᠡ᠂ ᠰᠡᠳᠬᠢᠯ ᠳᠤ

ᠰᠠᠭᠤᠭᠳᠠᠮ᠎ᠠ᠂ ᠭᠠᠷ ᠲᠤ ᠪᠠᠷᠢᠭᠳᠠᠮ᠎ᠠ ᠪᠠᠶᠢᠬᠤ ᠶᠢ ᠪᠡᠶᠡᠯᠡᠭᠦᠯᠵᠦ᠂ ᠤᠬᠠᠭᠳᠠᠬᠤᠨ ᠳᠡᠭᠡᠷ᠎ᠡ ᠪᠠᠨ ᠯᠡ

ᠵᠣᠭᠰᠣᠩᠭᠢᠷᠠᠵᠤ ᠪᠤᠯᠬᠤ ᠦᠭᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ

ᠪᠠᠲᠤ ᠴᠣᠭᠴᠠᠯᠠᠬᠤ ᠬᠥᠮᠦᠵᠢᠯ ᠢ ᠥᠷᠨᠢᠭᠦᠯᠬᠦ ᠳᠤ᠂ ᠪᠣᠷᠣ ᠮᠠᠲ᠋ᠧᠷᠢᠶᠠᠯ ᠢ ᠭᠦᠢᠴᠡᠳ ᠠᠭᠤᠳᠠᠯᠵᠤ᠂ ᠵᠢᠭᠠᠨ

ᠰᠤᠷᠭᠠᠯᠲᠠ ᠶᠢᠨ ᠡᠬᠢ ᠪᠠᠶᠠᠯᠢᠭ ᠢ ᠪᠠᠶᠠᠯᠢᠭᠵᠢᠭᠤᠯᠤᠨ᠂ ᠨᠠᠩ ᠬᠠᠨᠳᠤᠯᠭᠠᠲᠤ ᠴᠢᠨᠠᠷᠲᠠᠢ ᠦᠭᠡ ᠬᠡᠯᠡᠨ ᠤ ᠰᠢᠰᠲ᠋ᠧᠮ ᠢ

ᠬᠡᠷᠡᠭᠯᠡᠵᠦ᠂ ᠭᠤᠣᠯ ᠰᠢᠵᠢᠮ ᠤᠨ ᠬᠥᠮᠦᠵᠢᠯ ᠢ ᠰᠤᠷᠤᠬᠴᠢᠳ ᠤᠨ ᠡᠳᠦᠷ ᠲᠤᠲᠤᠮ ᠤᠨ ᠰᠤᠷᠤᠯᠴᠠᠯᠭ᠎ᠠ

ᠠᠮᠢᠳᠤᠷᠠᠯ ᠳᠤ ᠠᠭᠤᠰᠬᠠᠨ ᠣᠷᠣᠭᠤᠯᠵᠤ᠂ ︽ᠵᠥᠭᠡᠯᠡᠨ ᠪᠣᠷᠣᠭᠠᠨ ᠲᠦᠮᠡᠨ ᠪᠣᠳᠠᠰ ᠢ ᠤᠮᠳᠠᠯᠠᠬᠤ︾᠎ ᠶᠢ ᠪᠡᠶᠡᠯᠡᠭᠦᠯᠬᠦ

ᠬᠡᠷᠡᠭᠲᠡᠢ ᠭᠡᠵᠡᠢ᠃

      ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠵᠠᠩ ᠶᠠᠨ ᠺᠦᠨ᠂ ᠢᠦᠢ ᠯᠢ ᠰᠢᠨ᠂ ᠸᠧᠢ ᠭᠦᠸᠧ ᠨᠠᠨ᠂

ᠶᠠᠩ ᠵᠢᠶᠧ ᠲᠤᠰ ᠲᠤᠰ ᠬᠤᠯᠪᠣᠭᠳᠠᠯ ᠪᠦᠬᠦᠢ ᠠᠵᠢᠯᠯᠠᠭ᠎ᠠ ᠳᠤ ᠣᠷᠣᠯᠴᠠᠵᠠᠢ᠃

 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号