ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠣᠯ ᠳᠤᠭᠤᠶᠢᠯᠠᠩ ᠶᠡᠷᠦᠩᠬᠡᠢ ᠱᠦᠵᠢ ᠰᠢ ᠶᠢᠨ ᠫᠢᠩ ᠤᠨ ᠠᠶᠤᠯ ᠦᠭᠡᠢ ᠦᠢᠯᠡᠳᠪᠦᠷᠢᠯᠡᠬᠦ ᠠᠵᠢᠯ ᠤᠨ ᠲᠤᠬᠠᠢ ᠴᠢᠬᠤᠯᠠ ᠥᠭᠦᠯᠡᠯᠲᠡ ᠶᠢᠨ ᠲᠣᠭᠤᠷᠢᠨ ᠳᠤ ᠬᠠᠮᠲᠤ ᠶᠢᠨ ᠰᠤᠷᠤᠯᠴᠠᠯᠭ᠎ᠠ ᠶᠢ ᠵᠣᠬᠢᠶᠠᠨ ᠪᠠᠶᠢᠭᠤᠯᠪᠠ
ᠨᠡᠶᠢᠲᠡᠯᠡᠭᠰᠡᠨ ᠴᠠᠭ᠄
2024/1/29
      1 ᠰᠠᠷ᠎ᠠ ᠶᠢᠨ 26᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠣᠯ ᠳᠤᠭᠤᠶᠢᠯᠠᠩ ︵ᠥᠷᠭᠡᠳᠬᠡᠭᠰᠡᠨ︶᠎ ᠤᠨ 2024 ᠣᠨ ᠤ ᠠᠩᠬᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠱᠦᠵᠢ᠂ ᠰᠤᠷᠭᠠᠨ ᠬᠥᠮᠦᠵᠢᠯ ᠎ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠶᠠᠩ ᠵᠢᠶᠧ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠠᠶᠤᠯ ᠦᠭᠡᠢ ᠦᠢᠯᠡᠳᠪᠦᠷᠢᠯᠡᠬᠦ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠲᠥᠪᠯᠡᠷᠡᠭᠦᠯᠦᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠡᠭᠡ ᠳᠡᠭᠡᠳᠦ ᠰᠤᠷᠭᠠᠭᠤᠯᠢ ᠶᠢ ᠲᠣᠭᠤᠷᠢᠨ ᠪᠠᠶᠢᠴᠠᠭᠠᠵᠤ ᠬᠠᠷᠢᠭᠤ ᠳᠤᠰᠬᠠᠭᠰᠠᠨ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠰᠠᠭᠤᠳᠠᠯ ᠵᠢᠴᠢ ᠥᠪᠡᠷᠲᠡᠭᠡᠨ ᠵᠠᠰᠠᠬᠤ ᠣᠷᠣᠨ ᠤ ᠠᠶᠤᠯ ᠦᠭᠡᠢ ᠦᠢᠯᠡᠳᠪᠦᠷᠢᠯᠡᠬᠦ ᠠᠵᠢᠯ ᠤᠨ ᠲᠤᠬᠠᠢ ᠬᠠᠮᠢᠶ᠎ᠠ ᠪᠦᠬᠦᠢ ᠱᠠᠭᠠᠷᠳᠠᠯᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠵᠠᠢ᠃      ᠬᠤᠷᠠᠯ ᠠᠴᠠ᠂ ᠣᠶᠢᠷ᠎ᠠ ᠶᠢᠨ ᠬᠤᠭᠤᠴᠠᠭᠠᠨ ᠳᠤ ᠣᠯᠠᠨ ᠭᠠᠵᠠᠷ ᠲᠤ ᠭᠠᠷᠤᠭᠰᠠᠨ ᠠᠮᠤᠷ ᠲᠦᠪᠰᠢᠨ ᠤ ᠠᠳᠠᠯ ᠤᠨ ᠰᠤᠷᠭᠠᠮᠵᠢ ᠶᠢ ᠭᠦᠨᠵᠡᠭᠡᠢ ᠰᠢᠩᠭᠡᠭᠡᠨ ᠠᠪᠴᠤ᠂ ︽ᠴᠠᠭ ᠢᠮᠠᠭᠲᠠ ᠰᠠᠨᠠᠭ᠎ᠠ ᠠᠮᠤᠷ ᠦᠭᠡᠢ︾ ᠪᠠᠶᠢᠬᠤ ᠲᠦᠭᠰᠢᠭᠦᠷᠢ ᠶᠢᠨ ᠤᠬᠠᠮᠰᠠᠷ ᠪᠠ ᠬᠠᠷᠢᠭᠤᠴᠠᠯᠭᠠᠲᠤ ᠤᠬᠠᠮᠰᠠᠷ ᠢᠶᠠᠷ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠲᠣᠭᠲᠠᠭᠤᠨ ᠢ ᠬᠠᠮᠠᠭᠠᠯᠠᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠨ᠂ ᠡᠭᠦᠷᠭᠡ ᠬᠠᠷᠢᠭᠤᠴᠠᠯᠭ᠎ᠠ ᠲᠣᠳᠣᠷᠬᠠᠢ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠣᠭᠲᠠᠯᠴᠠᠭ᠎ᠠ ᠶᠢ ᠪᠠᠶᠢᠭᠤᠯᠬᠤ           ᠬᠡᠷᠡᠭᠲᠡᠢ᠃ ᠥᠪᠡᠰᠦᠪᠡᠨ ᠪᠠᠶᠢᠴᠠᠭᠠᠵᠤ ᠵᠢᠭᠰᠠᠭᠠᠨ ᠪᠠᠶᠢᠴᠠᠭᠠᠬᠤ ᠶᠢ ᠪᠦᠬᠦ ᠲᠠᠯ᠎ᠠ ᠪᠠᠷ ᠥᠷᠨᠢᠭᠦᠯᠵᠦ᠂ ᠠᠰᠠᠭᠤᠳᠠᠯ ᠎ ᠤᠨ ᠳᠠᠯᠳᠠ ᠭᠡᠮ ᠢ ᠴᠠᠭ ᠲᠤᠬᠠᠢ ᠳᠤ ᠨᠢ ᠢᠯᠡᠷᠡᠭᠦᠯᠦᠨ᠂ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠡᠭᠦᠷᠭᠡᠯᠡᠬᠦ᠂ ᠲᠤᠰᠢᠶᠠᠯ ᠳᠤ ᠪᠠᠨ ᠣᠰᠣᠯᠳᠠᠪᠠᠯ ᠬᠠᠷᠢᠭᠤᠴᠠᠯᠭ᠎ᠠ ᠨᠡᠬᠡᠮᠵᠢᠯᠡᠬᠦ︾ ᠱᠠᠭᠠᠷᠳᠠᠯᠭ᠎ᠠ ᠶᠣᠰᠣᠭᠠᠷ᠂ ᠬᠠᠷᠢᠭᠤᠴᠠᠯᠭ᠎ᠠ ᠶᠢ ᠱᠠᠲᠤ ᠱᠠᠲᠤ ᠪᠠᠷ ᠴᠢᠩᠭ᠎ᠠ ᠪᠣᠳᠠᠲᠠᠶᠢᠵᠢᠭᠤᠯᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠠᠳᠬᠤᠬᠤ           ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠡᠭᠡ ᠳᠡᠭᠡᠳᠦ ᠰᠤᠷᠭᠠᠭᠤᠯᠢ ᠶᠢ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠦᠷᠭᠦᠯᠵᠢᠯᠡᠨ ᠰᠠᠶᠢᠲᠤᠷ ᠠᠳᠬᠤᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠪᠣᠯᠪᠠᠰᠤᠷᠠᠯ ᠪᠠ ᠬᠠᠨᠳᠤᠯᠭᠠᠲᠠᠢ ᠰᠣᠷᠢᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠠᠭᠰᠢ ᠰᠤᠷᠤᠭᠴᠢ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢ ᠳᠡᠭᠡᠭᠰᠢᠯᠡᠭᠦᠯᠬᠦ ᠬᠡᠷᠡᠭᠲᠡᠢ᠃ ᠬᠠᠮᠢᠶ᠎ᠠ ᠪᠦᠬᠦᠢ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠬᠠᠮᠵᠢᠯᠴᠠᠭ᠎ᠠ ᠪᠠᠨ ᠴᠢᠩᠭᠠᠳᠬᠠᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠰᠠᠬᠢᠨ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃     ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠳᠤ ᠰᠠᠭᠤᠭ᠎ᠠ ᠰᠠᠬᠢᠯᠭ᠎ᠠ ᠪᠠᠲᠤ ᠶᠢ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ᠂ ᠲᠢᠩᠬᠢᠮ ᠤᠨ ᠪᠠᠶᠢᠭᠤᠯᠭ᠎ᠠ ᠵᠢᠴᠢ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃
 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号