ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠭᠤᠷᠪᠠᠳᠤᠭᠠᠷ ᠬᠤᠭᠤᠴᠠᠭᠠᠨ ᠤ ᠪᠦᠬᠦ ᠣᠷᠣᠨ ᠤ ᠵᠢᠩᠬᠢᠨᠢ ᠠᠩᠭᠢᠲᠤ ᠳᠡᠭᠡᠳᠦ ᠰᠤᠷᠭᠠᠭᠤᠯᠢ ᠶᠢᠨ ᠬᠢᠴᠢᠶᠡᠯ ᠤᠨ ᠦᠵᠡᠯ ᠰᠠᠨᠠᠭ᠎ᠠ ᠤᠯᠤᠰ ᠲᠥᠷᠥ ᠶᠢᠨ ᠵᠢᠭᠠᠨ ᠰᠤᠷᠭᠠᠯᠲᠠ ᠶᠢᠨ ᠤᠷᠤᠯᠳᠤᠭᠠᠨ ᠤ ᠰᠢᠢᠳᠪᠦᠷᠢᠲᠦ ᠤᠷᠤᠯᠳᠤᠭᠠᠨ ᠳᠤ ᠱᠠᠩᠨᠠᠯ ᠣᠯᠣᠭᠰᠠᠨ ᠨᠡᠷᠡᠰ ᠢ ᠨᠡᠶᠢᠲᠡᠯᠡᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2024/1/31
          ᠥᠪᠥᠷ ᠰᠤᠷᠭᠠᠨ ᠳᠡᠭᠡᠳᠦ ᠪᠢᠴᠢᠭ ﹇2024﹈ 4  ᠳ᠋ᠦ᠋ᠭᠡᠷ ᠲᠣᠭᠠᠲᠤᠡᠯ᠎ᠡ ᠵᠢᠩᠬᠢᠨᠢ ᠠᠩᠭᠢᠲᠤ ᠳᠡᠭᠡᠳᠦ ᠰᠤᠷᠭᠠᠭᠤᠯᠢ ᠳᠤ᠄      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠭᠤᠷᠪᠠᠳᠤᠭᠠᠷ ᠬᠤᠭᠤᠴᠠᠭᠠᠨ ᠤ ᠪᠦᠬᠦ ᠣᠷᠣᠨ ᠤ ᠵᠢᠩᠬᠢᠨᠢ ᠠᠩᠭᠢᠲᠤ ᠳᠡᠭᠡᠳᠦ ᠰᠤᠷᠭᠠᠭᠤᠯᠢ ᠶᠢᠨ ᠬᠢᠴᠢᠶᠡᠯ ᠤᠨ ᠦᠵᠡᠯ ᠰᠠᠨᠠᠭ᠎ᠠ ᠤᠯᠤᠰ ᠲᠥᠷᠥ ᠶᠢᠨ ᠵᠢᠭᠠᠨ ᠰᠤᠷᠭᠠᠯᠲᠠ ᠶᠢᠨ ᠤᠷᠤᠯᠳᠤᠭᠠᠨ ᠤ ᠰᠢᠢᠳᠪᠦᠷᠢᠲᠦ ᠤᠷᠤᠯᠳᠤᠭᠠᠨ ᠢ ᠡᠷᠬᠢᠯᠡᠬᠦ ᠲᠤᠬᠠᠢ ᠮᠡᠳᠡᠭᠳᠡᠯ︾ ︵ᠥᠪᠥᠷ ᠰᠤᠷᠭᠠᠨ ᠳᠡᠭᠡᠳᠦ ᠪᠢᠴᠢᠭ ﹇2023﹈ 114 ᠳ᠋ᠦ᠋ᠭᠡᠷ ᠲᠣᠭᠠᠲᠤ︶᠎ ᠤᠨ ᠲᠣᠬᠢᠷᠠᠭᠤᠯᠤᠯᠲᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ 2024 ᠣᠨ ᠤ 1 ᠳ᠋ᠦ᠋ᠭᠡᠷ ᠰᠠᠷ᠎ᠠ ᠶᠢᠨ 13-14᠎ ᠤ ᠡᠳᠦᠷ ᠪᠣᠯᠲᠠᠯ᠎ᠠ ᠭᠤᠷᠪᠠᠳᠤᠭᠠᠷ ᠬᠤᠭᠤᠴᠠᠭᠠᠨ ᠎ ᠤ ᠪᠦᠬᠦ ᠣᠷᠣᠨ ᠤ ᠵᠢᠩᠬᠢᠨᠢ ᠠᠩᠭᠢᠲᠤ ᠳᠡᠭᠡᠳᠦ ᠰᠤᠷᠭᠠᠭᠤᠯᠢ ᠶᠢᠨ ᠬᠢᠴᠢᠶᠡᠯ ᠤᠨ ᠦᠵᠡᠯ ᠰᠠᠨᠠᠭ᠎ᠠ ᠤᠯᠤᠰ ᠲᠥᠷᠥ ᠶᠢᠨ ᠵᠢᠭᠠᠨ ᠰᠤᠷᠭᠠᠯᠲᠠ ᠶᠢᠨ ᠤᠷᠤᠯᠳᠤᠭᠠᠨ ᠤ ᠰᠢᠢᠳᠪᠦᠷᠢᠲᠦ ᠤᠷᠤᠯᠳᠤᠭᠠᠨ ᠢ ᠡᠷᠬᠢᠯᠡᠪᠡ᠃ ᠠᠬᠤᠢ ᠲᠠᠯᠠᠪᠠᠢ ᠳᠤ ᠬᠢᠴᠢᠶᠡᠯ ᠶᠠᠷᠢᠬᠤ᠂ ᠬᠢᠴᠢᠶᠡᠯ ᠤᠨ ᠦᠵᠡᠭᠦᠯᠭᠡ ᠵᠢᠴᠢ ᠰᠡᠴᠡᠯᠳᠦᠬᠦ ᠵᠡᠷᠭᠡ ᠭᠤᠭᠴᠤᠭ᠎ᠠ ᠪᠠᠷ ᠣᠨᠴᠠ ᠳᠡᠰ ᠤᠨ ᠱᠠᠩᠨᠠᠯ 3 ᠬᠥᠮᠦᠨ᠂ ᠨᠢᠭᠡᠳᠦᠭᠡᠷ ᠳᠡᠰ ᠤᠨ ᠱᠠᠩᠨᠠᠯ 21 ᠬᠥᠮᠦᠨ᠂ ᠬᠤᠶᠠᠳᠤᠭᠠᠷ ᠳᠡᠰ ᠤᠨ ᠱᠠᠩᠨᠠᠯ 39 ᠬᠥᠮᠦᠨ ᠢ ᠰᠣᠩᠭᠤᠨ ᠭᠠᠷᠭᠠᠪᠠ᠃ ᠡᠭᠦᠨ ᠤ ᠬᠠᠮᠲᠤ᠂ ᠤᠷᠤᠯᠳᠤᠭᠠᠨ ᠳᠤ ᠣᠷᠣᠯᠴᠠᠭᠰᠠᠨ ᠶᠡᠭᠡ ᠳᠡᠭᠡᠳᠦ ᠰᠤᠷᠭᠠᠭᠤᠯᠢ ᠶᠢᠨ ᠵᠣᠬᠢᠶᠠᠨ ᠪᠠᠶᠢᠭᠤᠯᠵᠤ ᠬᠠᠮᠢᠶᠠᠷᠤᠭᠰᠠᠨ᠂ ᠪᠠᠭᠰᠢ ᠶᠢ ᠣᠷᠣᠯᠴᠠᠭᠤᠯᠤᠭᠰᠠᠨ ᠵᠢᠴᠢ ᠱᠠᠩᠨᠠᠯ ᠣᠯᠤᠭᠰᠠᠨ ᠪᠠᠶᠢᠳᠠᠯ ᠵᠡᠷᠭᠡ ᠶᠢ ᠶᠡᠷᠦᠩᠬᠡᠶᠢᠯᠡᠨ ᠪᠣᠳᠣᠯᠬᠢᠯᠠᠵᠤ᠂ ᠰᠢᠯᠢᠳᠡᠭ ᠵᠣᠬᠢᠶᠠᠨ ᠪᠠᠶᠢᠭᠤᠯᠤᠭᠰᠠᠨ ᠱᠠᠩᠨᠠᠯ 6᠎ ᠶᠢ ᠲᠣᠭᠲᠠᠭᠠᠵᠤ᠂ ᠡᠳᠦᠭᠡ ᠱᠠᠩᠨᠠᠯ ᠣᠯᠣᠭᠰᠠᠳ ᠤᠨ ᠨᠡᠷᠡᠰ ᠢ ᠨᠡᠶᠢᠲᠡᠯᠡᠪᠡ ︵ᠳᠠᠭᠠᠯᠳᠤᠭᠤᠯᠤᠯ ᠳᠤ ᠦᠵᠡᠭᠡᠷᠡᠢ︶᠃      ᠬᠥᠬᠢᠭᠦᠯᠦᠭᠳᠡᠨ ᠰᠠᠶᠢᠰᠢᠶᠠᠭᠳᠠᠭᠰᠠᠨ ᠶᠡᠭᠡ ᠳᠡᠭᠡᠳᠦ ᠰᠤᠷᠭᠠᠭᠤᠯᠢ ᠪᠣᠯᠤᠨ ᠪᠠᠭᠰᠢ ᠨᠠᠷ ᠢᠶᠠᠷ ᠳᠠᠭᠤᠷᠢᠶᠠᠯ ᠪᠣᠯᠭᠠᠵᠤ᠂ ᠶᠡᠭᠡ ᠳᠡᠭᠡᠳᠦ ᠰᠤᠷᠭᠠᠭᠤᠯᠢ ᠶᠢᠨ ᠬᠢᠴᠢᠶᠡᠯ ᠤᠨ ᠦᠵᠡᠯ ᠰᠠᠨᠠᠭ᠎ᠠ ᠤᠯᠤᠰ ᠲᠥᠷᠥ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠭᠦᠨᠵᠡᠭᠡᠢ ᠠᠬᠢᠭᠤᠯᠤᠨ᠂ ᠥᠷᠭᠡᠨ ᠣᠯᠠᠨ ᠪᠠᠭᠰᠢ ᠶᠢᠨ ᠰᠠᠨᠠᠭᠠᠴᠢᠯᠠᠭᠠᠲᠤ ᠴᠢᠨᠠᠷ ᠪᠣᠯᠤᠨ ᠪᠦᠲᠦᠭᠡᠯᠴᠢ ᠴᠢᠨᠠᠷ ᠢ ᠢᠳᠡᠪᠬᠢᠲᠡᠢ ᠳᠠᠶᠢᠴᠢᠯᠠᠵᠤ᠂ ᠲᠤᠰᠬᠠᠢ ᠮᠡᠷᠭᠡᠵᠢᠯ ᠤᠨ ᠬᠢᠴᠢᠶᠡᠯ ᠤᠨ ᠪᠠᠭᠰᠢ ᠶᠢᠨ ︽ᠭᠤᠣᠯ ᠬᠦᠴᠦᠨ︾᠎ ᠤ ᠦᠢᠯᠡᠳᠦᠯ ᠢ ᠭᠦᠢᠴᠡᠳ ᠪᠠᠳᠠᠷᠠᠭᠤᠯᠤᠨ᠂ ᠲᠤᠰᠬᠠᠢ ᠮᠡᠷᠭᠡᠵᠢᠯ ᠤᠨ ᠬᠢᠴᠢᠶᠡᠯ ᠪᠣᠯᠤᠨ ᠦᠵᠡᠯ ᠰᠠᠨᠠᠭ᠎ᠠ ᠤᠯᠤᠰ ᠲᠥᠷᠥ ᠶᠢᠨ ᠣᠨᠣᠯ ᠤᠨ ᠬᠢᠴᠢᠶᠡᠯ ᠢ ᠵᠡᠷᠭᠡ ᠪᠠᠷ ᠶᠠᠪᠤᠭᠳᠠᠭᠤᠯᠬᠤ ᠶᠢ ᠠᠬᠢᠭᠤᠯᠵᠤ᠂ ᠪᠦᠬᠦ ᠠᠵᠢᠯᠲᠠᠨ ᠪᠦᠬᠦ ᠶᠠᠪᠤᠴᠠ ᠳᠤ ᠪᠦᠬᠦ ᠲᠠᠯ᠎ᠠ ᠪᠠᠷ ᠬᠥᠮᠦᠨ ᠬᠥᠮᠦᠵᠢᠭᠦᠯᠬᠦ ᠰᠢᠨ᠎ᠡ ᠪᠠᠶᠢᠷᠢᠰᠢᠯᠠᠭᠤᠯᠤᠯᠲᠠ ᠶᠢ ᠢᠳᠡᠪᠬᠢᠲᠡᠢ ᠪᠠᠶᠢᠭᠤᠯᠬᠤ ᠶᠢ ᠬᠦᠰᠡᠵᠦ ᠪᠠᠶᠢᠨ᠎ᠠ᠃      ᠳᠠᠭᠠᠯᠳᠤᠭᠤᠯᠤᠯ᠄ ᠭᠤᠷᠪᠠᠳᠤᠭᠠᠷ ᠬᠤᠭᠤᠴᠠᠭᠠᠨ ᠤ ᠪᠦᠬᠦ ᠣᠷᠣᠨ ᠤ ᠵᠢᠩᠬᠢᠨᠢ ᠠᠩᠭᠢᠲᠤ ᠳᠡᠭᠡᠳᠦ ᠰᠤᠷᠭᠠᠭᠤᠯᠢ ᠶᠢᠨ ᠬᠢᠴᠢᠶᠡᠯ ᠤᠨ ᠦᠵᠡᠯ ᠰᠠᠨᠠᠭ᠎ᠠ ᠤᠯᠤᠰ ᠲᠥᠷᠥ ᠶᠢᠨ ᠵᠢᠭᠠᠨ ᠰᠤᠷᠭᠠᠯᠲᠠ ᠶᠢᠨ ᠤᠷᠤᠯᠳᠤᠭᠠᠨ ᠤ ᠰᠢᠢᠳᠪᠦᠷᠢᠲᠦ ᠤᠷᠤᠯᠳᠤᠭᠠᠨ ᠳᠤ ᠱᠠᠩᠨᠠᠯ ᠣᠯᠤᠭᠰᠠᠨ ᠨᠡᠷᠡᠰ       ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ             2024 ᠣᠨ ᠤ 1 ᠰᠠᠷ᠎ᠠ ᠶᠢᠨ 16᠎ ᠤ ᠡᠳᠦᠷᠳᠠᠭᠠᠯᠳᠤᠭᠤᠯᠤᠯ 1᠄ ᠭᠤᠷᠪᠠᠳᠤᠭᠠᠷ ᠬᠤᠭᠤᠴᠠᠭᠠᠨ ᠤ ᠪᠦᠬᠦ ᠣᠷᠣᠨ ᠤ ᠵᠢᠩᠬᠢᠨᠢ ᠠᠩᠭᠢᠲᠤ ᠳᠡᠭᠡᠳᠦ ᠰᠤᠷᠭᠠᠭᠤᠯᠢ ᠶᠢᠨ ᠬᠢᠴᠢᠶᠡᠯ ᠤᠨ ᠦᠵᠡᠯ ᠰᠠᠨᠠᠭ᠎ᠠ ᠤᠯᠤᠰ ᠲᠥᠷᠥ ᠶᠢᠨ ᠵᠢᠭᠠᠨ ᠰᠤᠷᠭᠠᠯᠲᠠ ᠶᠢᠨ ᠤᠷᠤᠯᠳᠤᠭᠠᠨ ᠤ ᠰᠢᠢᠳᠪᠦᠷᠢᠲᠦ ᠤᠷᠤᠯᠳᠤᠭᠠᠨ ᠳᠤ ᠱᠠᠩᠨᠠᠯ ᠣᠯᠤᠭᠰᠠᠨ ᠨᠡᠷᠡᠰ .docx 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号