ᠣᠶᠢᠷ᠎ᠠ ᠳᠤ᠂ ᠰᠤᠷᠭᠠᠨ ᠬᠥᠮᠦᠵᠢᠯ ᠤᠨ ᠶᠠᠮᠤᠨ ︽ᠰᠤᠷᠭᠠᠭᠤᠯᠢ ᠳᠤ ᠭᠤᠸ᠎ᠠ ᠰᠠᠶᠢᠬᠠᠨ ᠤ ᠬᠥᠮᠦᠵᠢᠯ ᠢ | ᠠᠭᠤᠰᠬᠠᠬᠤ ᠠᠵᠢᠯᠯᠠᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠬᠦ ᠲᠤᠬᠠᠢ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ | ᠳᠦᠭᠦᠮᠴᠢᠯᠡᠨ᠎ᠡ︶ ᠢ ᠳᠠᠷᠤᠮᠠᠯᠯᠠᠨ ᠲᠠᠷᠬᠠᠭᠠᠪᠠ᠃ ᠰᠤᠷᠭᠠᠨ ᠬᠥᠮᠦᠵᠢᠯ ᠤᠨ ᠶᠠᠮᠤᠨ ᠤ ᠪᠡᠶ᠎ᠡ ᠶᠢᠨ ᠲᠠᠮᠢᠷ ᠡᠷᠡᠭᠦᠯ | ᠬᠠᠮᠠᠭᠠᠯᠠᠯ ᠪᠣᠯᠤᠨ ᠤᠷᠠᠯᠢᠭ ᠤᠨ ᠰᠤᠷᠭᠠᠨ ᠬᠥᠮᠦᠵᠢᠯ ᠤᠨ ᠵᠤᠷᠭᠠᠨ ᠤ ᠬᠠᠷᠢᠭᠤᠴᠠᠯᠭᠠᠲᠠᠨ ᠬᠤᠯᠪᠣᠭᠳᠠᠯ ᠪᠦᠬᠦᠢ | ᠠᠰᠠᠭᠤᠳᠠᠯ ᠤᠨ ᠲᠤᠬᠠᠢ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ - ᠬᠠᠮᠲᠤ ᠳᠤ ᠪᠠᠨ ᠦᠵᠡᠵᠡᠭᠡᠶ᠎ᠡ - | ᠨᠢᠭᠡ᠂ ︽ᠮᠡᠳᠡᠭᠳᠡᠯ︾ ᠢ ᠨᠡᠶᠢᠲᠡᠯᠡᠭᠰᠡᠨ ᠠᠬᠤᠢ ᠪᠠᠶᠢᠳᠠᠯ ᠶᠠᠭᠤ ᠪᠤᠢ︖ | ᠬᠠᠷᠢᠭᠤᠯᠲᠠ᠄ ︽ᠮᠡᠳᠡᠭᠳᠡᠯ︾ ᠢ ᠨᠡᠶᠢᠲᠡᠯᠡᠭᠰᠡᠨ ᠠᠬᠤᠢ ᠪᠠᠶᠢᠳᠠᠯ ᠭᠤᠣᠯᠳᠠᠭᠤ ᠳᠣᠣᠷᠠᠬᠢ ᠳᠥᠷᠪᠡᠨ ᠲᠠᠯ᠎ᠠ | ᠪᠣᠢ᠃ | ᠨᠢᠭᠡ ᠳᠤ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠭᠤᠰᠢᠯᠠᠭᠤᠯᠪᠠ᠃ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠪᠣᠯ ᠰᠢᠨ᠎ᠡ ᠴᠠᠭ ᠦᠶ᠎ᠡ ᠳᠤ ᠨᠠᠮ ᠠᠴᠠ | ᠰᠣᠶᠣᠯ ᠤᠨ ᠪᠠᠶᠢᠭᠤᠯᠤᠯᠲᠠ ᠶᠢ ᠤᠳᠤᠷᠢᠳᠤᠭᠰᠠᠨ ᠦᠢᠯᠡᠳᠦᠯᠭᠡ ᠪᠠ ᠲᠤᠷᠰᠢᠯᠭ᠎ᠠ ᠶᠢᠨ ᠣᠨᠣᠯ ᠤᠨ ᠳ᠋ᠦᠩᠨᠡᠯᠲᠡ | ᠮᠥᠨ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠬᠤ ᠳᠤ ᠬᠦᠴᠦᠷᠬᠡᠭ ᠶᠡᠭᠡ | ᠣᠶᠤᠨ ᠰᠠᠨᠠᠭᠠᠨ ᠤ ᠬᠦᠴᠦᠨ ᠢ ᠨᠢᠭᠲᠠᠷᠠᠭᠤᠯᠵᠤ᠂ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠠᠵᠢᠯ ᠢ | ᠰᠠᠶᠢᠲᠤᠷ ᠬᠢᠬᠦ ᠳᠤ ᠬᠦᠴᠦᠷᠬᠡᠭ ᠶᠡᠭᠡ ᠦᠵᠡᠯ ᠰᠠᠨᠠᠭᠠᠨ ᠤ ᠵᠡᠪᠰᠡᠭ ᠪᠠ ᠰᠢᠨᠵᠢᠯᠡᠬᠦ ᠤᠬᠠᠭᠠᠨᠴᠢ ᠠᠵᠢᠯᠯᠠᠭᠠᠨ ᠤ | ᠵᠦᠭᠯᠡᠭᠦᠷ ᠬᠠᠩᠭᠠᠪᠠ᠃ ᠶᠡᠷᠦᠩᠬᠡᠢ ᠱᠦᠵᠢ ᠰᠢ ᠶᠢᠨ ᠫᠢᠩ ᠰᠣᠶᠣᠯ ᠢ ᠤᠯᠠᠮᠵᠢᠯᠠᠨ ᠬᠥᠭᠵᠢᠭᠦᠯᠬᠦ ᠶᠠᠷᠢᠯᠴᠠᠬᠤ ᠬᠤᠷᠠᠯ | ᠳᠡᠭᠡᠷ᠎ᠡ᠂ ᠰᠣᠶᠣᠯ ᠤᠨ ᠴᠡᠴᠡᠭᠯᠡᠯ ᠬᠥᠭᠵᠢᠯ ᠢ ᠦᠷᠭᠦᠯᠵᠢᠯᠡᠨ ᠠᠬᠢᠭᠤᠯᠵᠤ᠂ ᠰᠣᠶᠣᠯ ᠤᠨ ᠬᠦᠴᠦᠷᠬᠡᠭ ᠤᠯᠤᠰ ᠢ | ᠪᠠᠶᠢᠭᠤᠯᠤᠨ᠂ ᠳᠤᠮᠳᠠᠳᠤ ᠶᠢᠨ ᠦᠨᠳᠦᠰᠦᠲᠡᠨ ᠤ ᠣᠳᠣ ᠦᠶ᠎ᠡ ᠶᠢᠨ ᠪᠣᠯᠪᠠᠰᠤᠨ ᠢ ᠪᠠᠶᠢᠭᠤᠯᠬᠤ ᠪᠣᠯ ᠪᠢᠳᠡᠨ ᠤ | ᠰᠢᠨ᠎ᠡ ᠴᠠᠭ ᠦᠶ᠎ᠡ ᠶᠢᠨ ᠰᠢᠨ᠎ᠡ ᠰᠣᠶᠣᠯ ᠤᠨ ᠡᠭᠦᠷᠭᠡ ᠬᠠᠷᠢᠭᠤᠴᠠᠯᠭ᠎ᠠ ᠮᠥᠨ ᠭᠡᠵᠦ ᠴᠢᠬᠤᠯᠠᠴᠢᠯᠠᠪᠠ᠃ ᠭᠤᠸ᠎ᠠ | ᠰᠠᠶᠢᠬᠠᠨ ᠤ ᠬᠥᠮᠦᠵᠢᠯ ᠪᠣᠯ ᠳᠤᠮᠳᠠᠳᠤ ᠶᠢᠨ ᠪᠣᠯᠪᠠᠰᠤᠨ ᠢ ᠤᠯᠠᠮᠵᠢᠯᠠᠨ ᠵᠠᠯᠭᠠᠮᠵᠢᠯᠠᠬᠤ ᠴᠢᠬᠤᠯᠠ ᠠᠷᠭ᠎ᠠ ᠬᠡᠯᠪᠡᠷᠢ᠂ | ᠰᠣᠶᠣᠯ ᠤᠨ ᠢᠲᠡᠭᠡᠯ ᠢ ᠨᠡᠮᠡᠭᠳᠡᠭᠦᠯᠬᠦ ᠴᠢᠬᠤᠯᠠ ᠬᠦᠴᠦᠨ ᠮᠥᠨ᠃ ᠰᠢᠨ᠎ᠡ ᠠᠶᠠᠯᠠᠯ ᠳᠤ᠂ ᠰᠤᠷᠭᠠᠭᠤᠯᠢ ᠶᠢᠨ ᠭᠤᠸ᠎ᠠ | ᠰᠠᠶᠢᠬᠠᠨ ᠤ ᠬᠥᠮᠦᠵᠢᠯ ᠰᠢᠨ᠎ᠡ ᠡᠭᠦᠷᠭᠡ ᠬᠠᠷᠢᠭᠤᠴᠠᠯᠭ᠎ᠠ ᠪᠠ ᠵᠢᠳᠬᠦᠯ ᠴᠢᠷᠮᠠᠶᠢᠯᠭ᠎ᠠ ᠶᠢ ᠡᠭᠦᠷᠭᠡᠯᠡᠵᠦ ᠪᠣᠢ᠃ | ᠬᠤᠶᠠᠷ ᠲᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠪᠠ ᠬᠠᠷᠢᠭᠤ | ᠵᠠᠬᠢᠳᠠᠯ ᠢᠯᠡᠭᠡᠬᠦ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠪᠠ᠃ ᠶᠡᠷᠦᠩᠬᠡᠢ ᠱᠦᠵᠢ | ᠰᠢ ᠶᠢᠨ ᠫᠢᠩ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠠᠵᠢᠯ ᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠲᠤᠬᠠᠢ ᠣᠯᠠᠨ ᠤᠳᠠᠭ᠎ᠠ ᠴᠢᠬᠤᠯᠠ | ᠵᠢᠭᠠᠪᠤᠷᠢ ᠥᠭᠪᠡ᠃ 2018 ᠣᠨ ᠤ 8 ᠰᠠᠷ᠎ᠠ ᠶᠢᠨ 30 ᠤ ᠡᠳᠦᠷ᠂ ᠶᠡᠷᠦᠩᠬᠡᠢ ᠱᠦᠵᠢ ᠰᠢ ᠶᠢᠨ ᠫᠢᠩ | ᠲᠥᠪ ᠤᠨ ᠤᠷᠠᠨ ᠵᠢᠷᠤᠭ ᠤᠨ ᠳᠡᠭᠡᠳᠦ ᠰᠤᠷᠭᠠᠭᠤᠯᠢ ᠶᠢᠨ ᠠᠬᠠᠮᠠᠳ ᠫᠷᠤᠹᠧᠰᠰᠤᠷ ᠲᠤ ᠬᠠᠷᠢᠭᠤ ᠵᠠᠬᠢᠳᠠᠯ | ᠢᠯᠡᠭᠡᠬᠦ ᠳᠤ ᠪᠠᠨ᠂ ᠭᠤᠸ᠎ᠠ ᠰᠠᠶᠢᠬᠠᠨ ᠤ ᠬᠥᠮᠦᠵᠢᠯ ᠤᠨ ᠠᠵᠢᠯ ᠢ ᠰᠠᠶᠢᠲᠤᠷ ᠬᠢᠵᠦ᠂ ᠶᠣᠰᠣ ᠰᠤᠷᠲᠠᠬᠤᠨ ᠢ ᠪᠣᠢ | ᠪᠣᠯᠭᠠᠵᠤ ᠬᠥᠮᠦᠨ ᠬᠥᠮᠦᠵᠢᠭᠦᠯᠬᠦ ᠶᠢ ᠪᠠᠷᠢᠮᠲᠠᠯᠠᠨ᠂ ᠴᠠᠭ ᠦᠶ᠎ᠡ ᠶᠢᠨ ᠠᠮᠢᠳᠤᠷᠠᠯ ᠳᠤ ᠦᠨᠳᠦᠰᠦᠯᠡᠵᠦ᠂ ᠭᠤᠸ᠎ᠠ | ᠰᠠᠶᠢᠬᠠᠨ ᠤ ᠬᠥᠮᠦᠵᠢᠯ ᠤᠨ ᠣᠨᠴᠠᠯᠢᠭ ᠢ ᠵᠢᠷᠤᠮᠯᠠᠨ᠂ ᠳᠤᠮᠳᠠᠳᠤ ᠶᠢᠨ ᠭᠤᠸ᠎ᠠ ᠰᠠᠶᠢᠬᠠᠨ ᠤ ᠬᠥᠮᠦᠵᠢᠯ ᠤᠨ ᠵᠣᠷᠢᠭ | ᠰᠠᠨᠠᠭ᠎ᠠ ᠶᠢ ᠪᠠᠳᠠᠷᠠᠭᠤᠯᠵᠤ᠂ ᠡᠬᠡ ᠤᠯᠤᠰ ᠤᠨ ᠵᠠᠯᠠᠭᠤ ᠨᠢᠭᠡ ᠦᠶ᠎ᠡ ᠶᠢᠨ ᠪᠡᠶ᠎ᠡ ᠰᠡᠳᠬᠢᠯ ᠤᠨ ᠡᠷᠡᠭᠦᠯ | ᠴᠢᠭᠢᠷᠠᠭ ᠢᠶᠠᠷ ᠥᠰᠦᠨ ᠪᠤᠶᠢᠵᠢᠬᠤ ᠶᠢ ᠠᠬᠢᠭᠤᠯᠬᠤ ᠬᠡᠷᠡᠭᠲᠡᠢ᠃ 2018 ᠣᠨ ᠤ ᠪᠦᠬᠦ ᠤᠯᠤᠰ ᠤᠨ ᠰᠤᠷᠭᠠᠨ | ᠬᠥᠮᠦᠵᠢᠯ ᠤᠨ ᠶᠡᠭᠡ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ᠂ ᠰᠤᠷᠭᠠᠭᠤᠯᠢ ᠶᠢᠨ ᠭᠤᠸ᠎ᠠ ᠰᠠᠶᠢᠬᠠᠨ ᠤ | ᠬᠥᠮᠦᠵᠢᠯ ᠢ ᠪᠦᠬᠦ ᠲᠠᠯ᠎ᠠ ᠪᠠᠷ ᠴᠢᠩᠭᠠᠳᠬᠠᠨ ᠰᠠᠶᠢᠵᠢᠷᠠᠭᠤᠯᠵᠤ᠂ ᠭᠤᠸ᠎ᠠ ᠰᠠᠶᠢᠬᠠᠨ ᠢᠶᠠᠷ ᠬᠥᠮᠦᠨ ᠬᠥᠮᠦᠵᠢᠭᠦᠯᠬᠦ᠂ | ᠰᠣᠶᠣᠯ ᠢᠶᠠᠷ ᠬᠥᠮᠦᠨ ᠢ ᠬᠤᠪᠢᠷᠠᠭᠤᠯᠬᠤ ᠶᠢ ᠪᠠᠷᠢᠮᠲᠠᠯᠠᠨ᠂ ᠰᠤᠷᠤᠭᠴᠢᠳ ᠤᠨ ᠭᠤᠸ᠎ᠠ ᠰᠠᠶᠢᠬᠠᠨ ᠪᠠ ᠬᠥᠮᠦᠨ | ᠰᠣᠶᠣᠯ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠨᠠᠮ ᠤᠨ | ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ ᠪᠠᠨ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠬᠦ | ᠲᠠᠯ᠎ᠠ ᠪᠠᠷ ᠲᠤᠭᠤᠰᠢᠯᠠᠭᠤᠯᠵᠤ᠂ ᠶᠣᠰᠣ ᠰᠤᠷᠲᠠᠬᠤᠨ ᠢ ᠪᠣᠢ ᠪᠣᠯᠭᠠᠵᠤ ᠬᠥᠮᠦᠨ ᠬᠥᠮᠦᠵᠢᠭᠦᠯᠬᠦ ᠦᠨᠳᠦᠰᠦᠨ | ᠡᠭᠦᠷᠭᠡ ᠶᠢ ᠨᠠᠶᠢᠳᠠᠪᠤᠷᠢᠵᠢᠭᠤᠯᠵᠤ᠂ ᠶᠣᠰᠣ ᠰᠤᠷᠲᠠᠬᠤᠨ᠂ ᠣᠶᠤᠨ ᠤᠬᠠᠭᠠᠨ᠂ ᠪᠡᠶ᠎ᠡ ᠮᠠᠬᠠᠪᠣᠳ᠂ ᠭᠤᠸ᠎ᠠ ᠰᠠᠶᠢᠬᠠᠨ᠂ | ᠬᠥᠳᠡᠯᠮᠦᠷᠢ ᠵᠡᠷᠭᠡ ᠪᠦᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠠ | ᠵᠠᠯᠭᠠᠮᠵᠢᠯᠠᠭᠴᠢ ᠶᠢ ᠬᠥᠮᠥᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠶᠡᠷᠦᠩᠬᠡᠢ ᠱᠦᠵᠢ ᠰᠢ ᠶᠢᠨ ᠫᠢᠩ ᠤᠨ | ᠴᠢᠬᠤᠯᠠ ᠵᠢᠭᠠᠪᠤᠷᠢ ᠨᠢ ᠰᠢᠨ᠎ᠡ ᠴᠠᠭ ᠦᠶ᠎ᠡ ᠶᠢᠨ ᠭᠤᠸ᠎ᠠ ᠰᠠᠶᠢᠬᠠᠨ ᠤ ᠬᠥᠮᠦᠵᠢᠯ ᠤᠨ ᠠᠵᠢᠯ ᠢ ᠰᠠᠶᠢᠲᠤᠷ ᠬᠢᠬᠦ | ᠴᠢᠭᠯᠡᠯ ᠢ ᠲᠣᠳᠣᠷᠬᠠᠢ ᠵᠢᠭᠠᠨ ᠥᠭᠴᠦ᠂ ᠦᠨᠳᠦᠰᠦᠨ ᠵᠢᠷᠤᠮᠯᠠᠯ ᠬᠠᠩᠭᠠᠭᠰᠠᠨ ᠪᠠᠶᠢᠨ᠎ᠠ᠃ | ᠭᠤᠷᠪᠠ ᠳᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠬᠦᠴᠦᠷᠬᠡᠭ ᠤᠯᠤᠰ ᠢ | ᠪᠦᠲᠦᠭᠡᠨ ᠪᠠᠶᠢᠭᠤᠯᠬᠤ ᠲᠤᠬᠠᠢ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠬᠦ | ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠪᠠ᠃ ᠨᠠᠮ ᠤᠨ ᠬᠤᠷᠢᠳᠤᠭᠠᠷ ᠶᠡᠭᠡ ᠬᠤᠷᠠᠯ ᠠᠴᠠ ᠰᠤᠷᠭᠠᠨ | ᠬᠥᠮᠦᠵᠢᠯ ᠤᠨ ᠬᠦᠴᠦᠷᠬᠡᠭ ᠤᠯᠤᠰ᠂ ᠴᠢᠳᠠᠪᠤᠷᠢᠲᠠᠨ ᠤ ᠬᠦᠴᠦᠷᠬᠡᠭ ᠤᠯᠤᠰ᠂ ᠰᠣᠶᠣᠯ ᠤᠨ ᠬᠦᠴᠦᠷᠬᠡᠭ ᠤᠯᠤᠰ ᠢ | ᠪᠦᠲᠦᠭᠡᠨ ᠪᠠᠶᠢᠭᠤᠯᠬᠤ ᠵᠡᠷᠭᠡ ᠪᠠᠶᠢᠯᠳᠤᠬᠤ ᠪᠣᠳᠣᠯᠭ᠎ᠠ ᠶᠢᠨ ᠬᠠᠷᠠᠯᠲᠠ ᠶᠢ ᠳᠤᠷᠠᠳᠴᠤ᠂ ᠪᠣᠳᠠᠰ ᠤᠨ ᠪᠣᠯᠪᠠᠰᠤᠨ ᠪᠠ | ᠣᠶᠤᠨ ᠤ ᠪᠣᠯᠪᠠᠰᠤᠨ ᠢ ᠵᠣᠬᠢᠴᠠᠭᠤᠯᠤᠭᠰᠠᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ | ᠪᠠᠶᠢᠭᠤᠯᠬᠤ ᠬᠡᠷᠡᠭᠲᠡᠢ ᠭᠡᠵᠦ ᠱᠠᠭᠠᠷᠳᠠᠪᠠ᠃ ᠭᠤᠸ᠎ᠠ ᠰᠠᠶᠢᠬᠠᠨ ᠤ ᠬᠥᠮᠦᠵᠢᠯ ᠪᠣᠯ ᠤᠯᠤᠰ ᠤᠨ ᠰᠣᠶᠣᠯ ᠤᠨ | ᠵᠥᠭᠡᠯᠡᠨ ᠪᠣᠳᠠᠲᠤ ᠬᠦᠴᠦᠨ ᠢ ᠳᠡᠭᠡᠭᠰᠢᠯᠡᠭᠦᠯᠬᠦ᠂ ᠤᠯᠤᠰ ᠤᠨ ᠭᠤᠣᠯᠯᠠᠬᠤ ᠥᠷᠢᠰᠥᠯᠳᠦᠬᠦ ᠬᠦᠴᠦᠨ ᠢ | ᠴᠢᠩᠭᠠᠷᠠᠭᠤᠯᠬᠤ ᠴᠢᠬᠤᠯᠠ ᠠᠭᠤᠯᠭ᠎ᠠ ᠮᠥᠨ᠂ ᠲᠡᠷᠡ ᠪᠣᠯ ᠰᠡᠳᠬᠢᠯᠭᠡ ᠶᠢ ᠬᠥᠮᠥᠵᠢᠭᠦᠯᠬᠦ᠂ ᠣᠶᠤᠨ ᠰᠠᠨᠠᠭ᠎ᠠ ᠶᠢ | ᠣᠮᠳᠠᠯᠠᠬᠤ᠂ ᠰᠢᠨ᠎ᠡ ᠶᠢ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ ᠬᠥᠭᠵᠢᠭᠡᠬᠦ ᠥᠷᠲᠡᠭ ᠤᠨ ᠴᠢᠳᠠᠮᠵᠢ ᠲᠠᠢ | ᠶᠤᠮ᠃ ᠬᠥᠮᠦᠨ ᠤ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠤᠨ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ | ᠶᠡᠭᠡ ᠡᠭᠦᠷᠭᠡ ᠶᠢ ᠡᠭᠦᠷᠭᠡᠯᠡᠵᠦ ᠳᠡᠶᠢᠯᠬᠦᠶᠢᠴᠡ ᠴᠠᠭ ᠦᠶ᠎ᠡ ᠶᠢᠨ ᠰᠢᠨ᠎ᠡ ᠬᠥᠮᠦᠨ ᠢ ᠬᠥᠮᠦᠵᠢᠭᠦᠯᠬᠦ ᠪᠣᠯ ᠤᠯᠤᠰ ᠢᠶᠠᠨ | ᠬᠦᠴᠦᠷᠬᠡᠭᠵᠢᠭᠦᠯᠬᠦ ᠬᠠᠷᠠᠯᠲᠠ ᠶᠢ ᠪᠡᠶᠡᠯᠡᠭᠦᠯᠬᠦ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠃ ᠰᠤᠷᠭᠠᠨ | ᠬᠥᠮᠦᠵᠢᠯ ᠤᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠠᠶᠢᠷᠢᠯᠠᠭᠤᠯᠤᠯᠲᠠ ᠶᠢ ᠦᠨᠳᠦᠰᠦᠯᠡᠨ᠂ | ᠰᠤᠷᠭᠠᠭᠤᠯᠢ ᠳᠤ ᠭᠤᠸ᠎ᠠ ᠰᠠᠶᠢᠬᠠᠨ ᠤ ᠬᠥᠮᠦᠵᠢᠯ ᠢ ᠠᠭᠤᠰᠬᠠᠬᠤ ᠠᠵᠢᠯᠯᠠᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠬᠦ ᠶᠢ | ᠨᠢᠭᠡᠨᠲᠡ ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠲᠥᠯᠥᠪᠵᠢᠭᠦᠯᠭᠡ ᠶᠢᠨ ᠬᠥᠲᠥᠯᠪᠦᠷᠢ ᠳᠤ ᠣᠷᠣᠭᠤᠯᠵᠤ᠂ | ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢᠨ ᠴᠢᠬᠤᠯᠠ ᠶᠡᠭᠡ ᠢᠨᠵᠧᠨᠧᠷᠢᠩ | ᠪᠣᠯᠭᠠᠪᠠ᠃ | ᠳᠥᠷᠪᠡ ᠳᠤ᠂ ᠣᠳᠣᠬᠠᠨ ᠤ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠥᠭᠡᠷᠡᠴᠢᠯᠡᠯᠲᠡ | ᠬᠥᠭᠵᠢᠭᠦᠯᠦᠯᠲᠡ ᠳᠤ ᠲᠤᠯᠭᠠᠷᠠᠵᠤ ᠪᠠᠶᠢᠭ᠎ᠠ ᠭᠤᠣᠯ ᠠᠰᠠᠭᠤᠳᠠᠯ ᠢ ᠬᠦᠴᠦᠯᠡᠨ ᠰᠢᠢᠳᠪᠦᠷᠢᠯᠡᠪᠡ᠃ 2020 | ᠣᠨ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ | ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠰᠢᠨ᠎ᠡ ᠴᠠᠭ ᠦᠶ᠎ᠡ ᠶᠢᠨ ᠰᠤᠷᠭᠠᠭᠤᠯᠢ ᠶᠢᠨ ᠭᠤᠸ᠎ᠠ ᠰᠠᠶᠢᠬᠠᠨ ᠤ | ᠬᠥᠮᠦᠵᠢᠯ ᠤᠨ ᠠᠵᠢᠯ ᠢ ᠪᠦᠬᠦ ᠲᠠᠯ᠎ᠠ ᠪᠠᠷ ᠴᠢᠩᠭᠠᠳᠬᠠᠨ ᠰᠠᠶᠢᠵᠢᠷᠠᠭᠤᠯᠬᠤ ᠲᠤᠬᠠᠢ ᠰᠠᠨᠠᠯ︾ ᠢ ᠳᠠᠷᠤᠮᠠᠯᠯᠠᠨ | ᠲᠠᠷᠬᠠᠭᠠᠵᠤ᠂ ᠰᠢᠨ᠎ᠡ ᠴᠠᠭ ᠦᠶ᠎ᠡ ᠶᠢᠨ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠢ ᠪᠦᠬᠦ ᠲᠠᠯ᠎ᠠ ᠪᠠᠷ | ᠨᠢᠭᠡᠳᠦᠯᠲᠡᠢ ᠲᠥᠯᠥᠪᠯᠡᠨ ᠪᠠᠶᠢᠷᠢᠯᠠᠭᠤᠯᠪᠠ᠃ ᠣᠶᠢᠷ᠎ᠠ ᠶᠢᠨ ᠵᠢᠯ᠂ ᠰᠤᠷᠭᠠᠭᠤᠯᠢ ᠶᠢᠨ ᠭᠤᠸ᠎ᠠ ᠰᠠᠶᠢᠬᠠᠨ ᠤ | ᠬᠥᠮᠦᠵᠢᠯ ᠤᠨ ᠥᠭᠡᠷᠡᠴᠢᠯᠡᠯᠲᠡ ᠬᠥᠭᠵᠢᠭᠦᠯᠦᠯᠲᠡ ᠢᠯᠡᠷᠬᠡᠢ ᠳᠠᠪᠰᠢᠯᠲᠠ ᠲᠠᠢ ᠪᠣᠯᠤᠭᠰᠠᠨ ᠪᠣᠯᠪᠠᠴᠤ ᠨᠠᠮ ᠤᠨ ᠲᠥᠪ | ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠱᠠᠭᠠᠷᠳᠠᠯᠭ᠎ᠠ ᠪᠠ ᠠᠷᠠᠳ ᠣᠯᠠᠨ ᠤ ᠬᠦᠰᠡᠯ ᠡᠷᠡᠮᠡᠯᠵᠡᠯ ᠲᠠᠢ | ᠬᠠᠷᠢᠴᠠᠭᠤᠯᠪᠠᠯ᠂ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠮᠥᠨ ᠯᠡ ᠰᠤᠷᠭᠠᠨ ᠬᠥᠮᠦᠵᠢᠯ ᠤᠨ | ᠥᠭᠡᠷᠡᠴᠢᠯᠡᠯᠲᠡ ᠬᠥᠭᠵᠢᠭᠦᠯᠦᠯᠲᠡ ᠳᠠᠬᠢ ᠪᠠᠭᠤᠷᠠᠢ ᠲᠠᠯ᠎ᠠ ᠪᠣᠯᠵᠤ᠂ ᠰᠢᠨ᠎ᠡ ᠴᠠᠭ ᠦᠶ᠎ᠡ ᠶᠢᠨ ᠭᠤᠸ᠎ᠠ ᠰᠠᠶᠢᠬᠠᠨ ᠤ | ᠬᠥᠮᠦᠵᠢᠯ ᠤᠨ ᠥᠷᠲᠡᠭ ᠤᠨ ᠴᠢᠳᠠᠮᠵᠢ ᠶᠢᠨ ᠲᠤᠬᠠᠢ ᠳᠠᠬᠢᠨ ᠲᠠᠨᠢᠵᠤ᠂ ᠳᠠᠬᠢᠨ ᠭᠦᠨᠵᠡᠭᠡᠶᠢᠷᠡᠭᠦᠯᠬᠦ ᠴᠢᠬᠤᠯᠠᠲᠠᠢ | ᠪᠠᠶᠢᠨ᠎ᠠ᠃ ᠰᠤᠷᠭᠠᠨ ᠬᠥᠮᠦᠵᠢᠯ ᠤᠨ ᠶᠠᠮᠤᠨ ᠡᠮᠦᠨᠡᠬᠢ ᠬᠤᠭᠤᠴᠠᠭᠠᠨ ᠳᠤ ᠲᠤᠷᠰᠢᠯᠲᠠ ᠶᠢᠨ ᠴᠡᠭ ᠤᠨ ᠠᠭᠤᠰᠬᠠᠬᠤ | ᠠᠵᠢᠯᠯᠠᠭ᠎ᠠ ᠶᠢ ᠨᠢᠭᠡᠨᠲᠡ ᠥᠷᠨᠢᠭᠦᠯᠦᠭᠰᠡᠨ ᠰᠠᠭᠤᠷᠢᠨ ᠳᠡᠭᠡᠷ᠎ᠡ᠂ ᠲᠤᠷᠰᠢᠯᠲᠠ ᠶᠢᠨ ᠴᠡᠭ ᠤᠨ ᠦᠷ᠎ᠡ ᠪᠦᠲᠦᠮᠵᠢ ᠶᠢ | ᠪᠠᠬᠢᠵᠢᠭᠦᠯᠦᠨ ᠭᠦᠨᠵᠡᠭᠡᠶᠢᠷᠡᠭᠦᠯᠬᠦ ᠶᠢᠨ ᠲᠥᠯᠦᠭᠡ᠂ ᠪᠦᠬᠦ ᠲᠠᠯ᠎ᠠ ᠶᠢᠨ ᠣᠯᠠᠨ ᠳᠡᠰ ᠲᠠᠪᠬᠤᠷᠭᠠᠲᠤ ᠭᠤᠸ᠎ᠠ | ᠰᠠᠶᠢᠬᠠᠨ ᠤ ᠬᠥᠮᠦᠵᠢᠯ ᠤᠨ ᠠᠵᠢᠯ ᠤᠨ ᠳᠣᠭᠲᠠᠯᠴᠠᠭ᠎ᠠ ᠶᠢ ᠪᠠᠶᠢᠭᠤᠯᠤᠨ᠂ ᠭᠦᠨᠵᠡᠭᠡᠢ ᠪᠥᠭᠡᠳ ᠭᠦᠢᠴᠡᠳ | ᠪᠠᠶᠢᠴᠠᠭᠠᠨ ᠰᠣᠳᠤᠯᠬᠤ᠂ ᠲᠤᠭᠤᠷᠪᠢᠬᠤ᠂ ᠨᠤᠲᠠᠯᠠᠬᠤ ᠪᠠ ᠥᠷᠭᠡᠨ ᠢᠶᠠᠷ ᠰᠠᠨᠠᠯ ᠬᠤᠷᠢᠶᠠᠬᠤ ᠪᠠᠷ ᠳᠠᠮᠵᠢᠨ᠂ | ᠰᠤᠷᠭᠠᠭᠤᠯᠢ ᠳᠤ ᠭᠤᠸ᠎ᠠ ᠰᠠᠶᠢᠬᠠᠨ ᠤ ᠬᠥᠮᠦᠵᠢᠯ ᠢ ᠠᠭᠤᠰᠬᠠᠬᠤ ᠠᠵᠢᠯᠯᠠᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠬᠦ ᠶᠢ | ᠲᠣᠳᠣᠷᠬᠠᠶᠢᠯᠠᠪᠠ᠃ | ᠬᠤᠶᠠᠷ᠂ ︽ᠮᠡᠳᠡᠭᠳᠡᠯ︾ ᠳᠠᠬᠢ ᠭᠤᠣᠯ ᠪᠣᠯᠬᠤ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠶᠠᠭᠤ ᠪᠤᠢ︖ | ᠬᠠᠷᠢᠭᠤᠯᠲᠠ᠄ ︽ᠮᠡᠳᠡᠭᠳᠡᠯ︾ ᠨᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ | ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽ᠰᠢᠨ᠎ᠡ ᠴᠠᠭ ᠦᠶ᠎ᠡ ᠶᠢᠨ | ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠠᠵᠢᠯ ᠢ ᠪᠦᠬᠦ ᠲᠠᠯ᠎ᠠ ᠪᠠᠷ ᠴᠢᠩᠭᠠᠳᠬᠠᠨ ᠰᠠᠶᠢᠵᠢᠷᠠᠭᠤᠯᠬᠤ | ᠲᠤᠬᠠᠢ ᠰᠠᠨᠠᠯ︾ ᠢ ᠦᠷᠭᠦᠯᠵᠢᠯᠡᠭᠦᠯᠵᠦ᠂ ᠭᠦᠨᠵᠡᠭᠡᠶᠢᠷᠡᠭᠦᠯᠬᠦ ᠪᠠ ᠠᠬᠢᠭᠤᠯᠵᠤ᠂ ᠰᠤᠷᠭᠠᠭᠤᠯᠢ ᠳᠤ ᠭᠤᠸ᠎ᠠ ᠰᠠᠶᠢᠬᠠᠨ ᠤ | ᠬᠥᠮᠦᠵᠢᠯ ᠢ ᠪᠦᠬᠦ ᠲᠠᠯ᠎ᠠ ᠪᠠᠷ ᠬᠡᠷᠡᠭᠵᠢᠭᠦᠯᠦᠨ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠠᠵᠢᠯ ᠢ | ᠪᠦᠬᠦᠯᠢ ᠴᠣᠭᠴᠠ ᠪᠠᠷ ᠠᠬᠢᠭᠤᠯᠬᠤ ᠶᠠᠪᠤᠳᠠᠯ ᠪᠣᠯᠤᠨ᠎ᠠ᠃ | ︵ᠨᠢᠭᠡ︶ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠠᠭᠤᠯᠤᠭᠳᠠᠬᠤᠨ ᠤ ᠲᠤᠬᠠᠢ ᠲᠠᠨᠢᠯᠲᠠ ᠶᠢ | ᠭᠦᠨᠵᠡᠭᠡᠶᠢᠷᠡᠭᠦᠯᠪᠡ | ︽ᠮᠡᠳᠡᠭᠳᠡᠯ︾ ᠳᠤ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠠᠭᠤᠯᠤᠭᠳᠠᠬᠤᠨ ᠢ | ᠭᠦᠨᠵᠡᠭᠡᠶᠢᠷᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠠᠭᠤᠰᠬᠠᠬᠤ ᠪᠠᠷ ᠭᠤᠸ᠎ᠠ ᠰᠠᠶᠢᠬᠠᠨ ᠤ ᠬᠥᠮᠦᠵᠢᠯ ᠤᠨ | ᠠᠵᠢᠯ ᠤᠨ ᠬᠠᠷᠠᠯᠲᠠ ᠪᠠ ᠠᠷᠭ᠎ᠠ ᠵᠠᠮ ᠪᠣᠯᠭᠠᠨ᠂ ᠭᠤᠸ᠎ᠠ ᠰᠠᠶᠢᠬᠠᠨ ᠤ ᠬᠥᠮᠦᠵᠢᠯ ᠢ ᠰᠤᠷᠭᠠᠨ ᠬᠥᠮᠦᠵᠢᠯ ᠵᠢᠭᠠᠨ | ᠰᠤᠷᠭᠠᠯᠲᠠ ᠶᠢᠨ ᠠᠵᠢᠯᠯᠠᠭ᠎ᠠ ᠶᠢᠨ ᠡᠯ᠎ᠡ ᠭᠤᠭᠴᠤᠭ᠎ᠠ ᠳᠤ ᠠᠭᠤᠰᠬᠠᠨ᠂ ᠬᠥᠮᠦᠨ ᠬᠥᠮᠦᠵᠢᠭᠦᠯᠬᠦ ᠪᠣᠳᠠᠲᠤ ᠦᠷ᠎ᠡ | ᠪᠦᠲᠦᠮᠵᠢ ᠶᠢ ᠦᠯᠦ ᠮᠡᠳᠡᠭᠳᠡᠮ᠎ᠡ ᠢᠯᠡᠷᠡᠭᠦᠯᠬᠦ᠂ ᠭᠤᠸ᠎ᠠ ᠰᠠᠶᠢᠬᠠᠨ ᠤ ᠬᠡᠪ ᠪᠣᠯᠪᠠᠰᠤᠷᠠᠯ ᠢ ᠳᠡᠭᠡᠭᠰᠢᠯᠡᠭᠦᠯᠬᠦ᠂ ᠦᠵᠡᠯ | ᠰᠡᠳᠬᠢᠯᠭᠡ ᠶᠢ ᠪᠣᠯᠪᠠᠰᠤᠷᠠᠭᠤᠯᠬᠤ᠂ ᠣᠶᠤᠨ ᠰᠠᠨᠠᠭ᠎ᠠ ᠶᠢ ᠤᠮᠳᠠᠯᠠᠬᠤ᠂ ᠰᠢᠨ᠎ᠡ ᠶᠢ ᠡᠭᠦᠳᠦᠨ ᠪᠥᠲᠦᠭᠡᠵᠦ | ᠠᠮᠢᠵᠢᠷᠠᠯ ᠤᠨ ᠬᠦᠴᠦᠨ ᠢ ᠬᠥᠭᠵᠢᠭᠡᠬᠦ ᠴᠢᠳᠠᠪᠬᠢ ᠶᠢ ᠪᠡᠶᠡᠯᠡᠭᠦᠯᠪᠡ᠃ ︽ᠮᠡᠳᠡᠭᠳᠡᠯ︾ ᠳᠤ ᠠᠩᠬ᠎ᠠ ᠤᠳᠠᠭ᠎ᠠ ᠭᠤᠸ᠎ᠠ | ᠰᠠᠶᠢᠬᠠᠨ ᠤ ᠬᠥᠮᠦᠵᠢᠯ ᠢᠶᠠᠷ ᠰᠤᠷᠤᠭᠴᠢ ᠶᠢ ᠠᠭᠤᠰᠬᠠᠬᠤ᠂ ᠭᠤᠸ᠎ᠠ ᠰᠠᠶᠢᠬᠠᠨ ᠤ ᠬᠥᠮᠦᠵᠢᠯ ᠢᠶᠠᠷ ᠪᠠᠭᠰᠢ ᠶᠢ | ᠬᠥᠮᠦᠵᠢᠭᠦᠯᠬᠦ᠂ ᠭᠤᠸ᠎ᠠ ᠰᠠᠶᠢᠬᠠᠨ ᠤ ᠬᠥᠮᠦᠵᠢᠯ ᠢ ᠰᠤᠷᠭᠠᠭᠤᠯᠢ ᠳᠤ ᠠᠭᠤᠰᠬᠠᠬᠤ ᠭᠡᠬᠦ ᠭᠤᠷᠪᠠᠨ ᠳᠠᠪᠬᠤᠷᠭ᠎ᠠ ᠶᠢᠨ | ᠡᠭᠦᠷᠭᠡ ᠶᠢ ᠳᠤᠷᠠᠳᠴᠤ᠂ ᠱᠠᠲᠤᠴᠢ ᠴᠢᠨᠠᠷᠲᠠᠢ ᠬᠡᠷᠡᠭᠵᠢᠭᠦᠯᠬᠦ ᠬᠠᠷᠠᠯᠲᠠ ᠶᠢ ᠳᠤᠷᠠᠳᠤᠨ᠂ ᠪᠦᠬᠦᠨ ᠢ ᠬᠠᠮᠤᠷᠤᠭᠰᠠᠨ᠂ | ᠣᠯᠠᠨ ᠶᠠᠩᠵᠤᠴᠢᠯᠠᠭᠰᠠᠨ᠂ ᠴᠢᠨᠠᠷᠯᠢᠭ ᠳᠤᠮᠳᠠᠳᠤ ᠤᠯᠤᠰ ᠤᠨ ᠣᠨᠴᠠᠯᠢᠭ ᠪᠥᠬᠦᠶ ᠣᠳᠣᠬᠢᠴᠢᠯᠠᠭᠰᠠᠨ | ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠳᠣᠭᠲᠠᠯᠴᠠᠭ᠎ᠠ ᠶᠢ ᠪᠣᠢ ᠪᠣᠯᠭᠠᠬᠤ ᠶᠢ ᠠᠬᠢᠭᠤᠯᠪᠠ᠃ | ︵ᠬᠤᠶᠠᠷ︶ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠢ ᠠᠬᠢᠭᠤᠯᠬᠤ ᠠᠷᠭ᠎ᠠ ᠪᠣᠳᠣᠯᠭ᠎ᠠ ᠶᠢ ᠨᠢᠭᠡ | ᠴᠣᠭᠴᠠᠵᠢᠭᠤᠯᠤᠨ ᠪᠠᠶᠢᠭᠤᠯᠪᠠ | ︽ᠮᠡᠳᠡᠭᠳᠡᠯ︾ ᠳᠤ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠬᠠᠷᠠᠯᠲᠠ ᠪᠠᠷ ᠤᠳᠤᠷᠢᠳᠤᠮᠵᠢ | ᠪᠣᠯᠭᠠᠬᠤ ᠶᠢ ᠪᠠᠷᠢᠮᠲᠠᠯᠠᠵᠤ᠂ ᠣᠨᠣᠯ ᠪᠠ ᠦᠢᠯᠡᠳᠦᠯᠭᠡ᠂ ᠴᠢᠭᠯᠡᠯ ᠪᠠ ᠠᠷᠭ᠎ᠠ᠂ ᠲᠥᠪ ᠶᠣᠰᠣ ᠶᠢ ᠰᠠᠬᠢᠬᠤ ᠪᠠ | ᠰᠢᠨ᠎ᠡ ᠶᠢ ᠡᠭᠦᠳᠬᠦ᠂ ᠨᠡᠶᠢᠲᠡᠯᠢᠭ ᠴᠢᠨᠠᠷ ᠪᠠ ᠥᠪᠡᠷᠮᠢᠴᠡ ᠴᠢᠨᠠᠷ ᠵᠡᠷᠭᠡ ᠲᠠᠯ᠎ᠠ ᠶᠢᠨ ᠶᠡᠷᠦᠩᠬᠡᠶᠢᠯᠡᠭᠰᠡᠨ ᠰᠤᠳᠤᠯᠭᠠᠨ | ᠪᠠ ᠰᠢᠰᠲ᠋ᠧᠮ ᠲᠠᠢ ᠲᠥᠯᠥᠪᠵᠢᠭᠦᠯᠭᠡ ᠶᠢ ᠦᠨᠳᠦᠰᠦᠯᠡᠵᠦ᠂ ᠣᠳᠣᠬᠢ ᠪᠠᠶᠢᠳᠠᠯ ᠳᠤ ᠰᠠᠭᠤᠷᠢᠯᠠᠨ᠂ ᠢᠷᠡᠭᠡᠳᠦᠢ ᠶᠢ | ᠪᠠᠷᠠᠯᠠᠵᠤ᠂ ᠭᠤᠸ᠎ᠠ ᠰᠠᠶᠢᠬᠠᠨ ᠤ ᠬᠥᠮᠦᠵᠢᠯ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ | ᠪᠠᠭᠰᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ᠂ ᠤᠷᠠᠯᠢᠭ ᠤᠨ | ᠦᠢᠯᠡᠳᠦᠯᠭᠡ ᠶᠢᠨ ᠠᠵᠢᠯᠯᠠᠭ᠎ᠠ ᠶᠢ ᠲᠦᠭᠡᠮᠡᠯᠵᠢᠭᠦᠯᠬᠦ᠂ ᠰᠤᠷᠭᠠᠭᠤᠯᠢ ᠶᠢᠨ ᠬᠦᠷᠢᠶᠡᠨ ᠤ ᠭᠤᠸ᠎ᠠ ᠰᠠᠶᠢᠬᠠᠨ ᠤ | ᠬᠥᠮᠦᠵᠢᠯ ᠤᠨ ᠰᠣᠶᠣᠯ ᠢ ᠪᠣᠢ ᠪᠣᠯᠭᠠᠬᠤ᠂ ᠭᠤᠸ᠎ᠠ ᠰᠠᠶᠢᠬᠠᠨ ᠤ ᠬᠥᠮᠦᠵᠢᠯ ᠢ ᠦᠨᠡᠯᠡᠬᠦ ᠲᠣᠭᠲᠠᠴᠠ ᠶᠢ | ᠰᠢᠯᠢᠳᠡᠭᠵᠢᠭᠦᠯᠬᠦ᠂ ᠬᠥᠳᠡᠭᠡ ᠲᠣᠰᠬᠤᠨ ᠤ ᠭᠤᠸ᠎ᠠ ᠰᠠᠶᠢᠬᠠᠨ ᠤ ᠬᠥᠮᠦᠵᠢᠯ ᠤᠨ ᠴᠢᠳᠠᠪᠤᠷᠢ ᠶᠢ ᠳᠡᠭᠡᠭᠰᠢᠯᠡᠭᠦᠯᠵᠦ | ᠬᠥᠭᠵᠢᠭᠦᠯᠬᠦ᠂ ᠭᠤᠸ᠎ᠠ ᠰᠠᠶᠢᠬᠠᠨ ᠤ ᠬᠥᠮᠦᠵᠢᠯ ᠤᠨ ᠣᠶᠤᠨᠴᠢ ᠬᠥᠮᠦᠵᠢᠯ ᠳᠤ ᠡᠨᠧᠷᠭᠢ ᠣᠯᠭᠤᠬᠤ᠂ ᠨᠡᠶᠢᠭᠡᠮ ᠤᠨ | ᠭᠤᠸ᠎ᠠ ᠰᠠᠶᠢᠬᠠᠨ ᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠵᠡᠷᠭᠡ ᠨᠠᠢᠮᠠᠨ ᠶᠡᠭᠡ ᠠᠵᠢᠯᠯᠠᠭ᠎ᠠ ᠥᠷᠨᠢᠭᠦᠯᠬᠦ ᠶᠢ | ᠳᠤᠷᠠᠳᠤᠨ᠂ ᠭᠤᠸ᠎ᠠ ᠰᠠᠶᠢᠬᠠᠨ ᠤ ᠬᠥᠮᠦᠵᠢᠯ ᠤᠨ ᠠᠵᠢᠯᠯᠠᠭ᠎ᠠ ᠶᠢ ᠠᠬᠢᠭᠤᠯᠬᠤ ᠭᠤᠣᠯᠳᠠᠯᠭ᠎ᠠ ᠲᠠᠢ ᠡᠭᠦᠷᠭᠡ ᠪᠠ | ᠵᠠᠩᠭᠢᠯᠠᠭ᠎ᠠ ᠶᠢᠨ ᠭᠤᠭᠴᠤᠭ᠎ᠠ ᠶᠢ ᠰᠢᠰᠲ᠋ᠧᠮᠵᠢᠭᠦᠯᠦᠨ ᠪᠠᠶᠢᠷᠢᠯᠠᠭᠤᠯᠵᠤ᠂ ᠭᠤᠸ᠎ᠠ ᠰᠠᠶᠢᠬᠠᠨ ᠤ ᠬᠥᠮᠦᠵᠢᠯ ᠢ | ᠠᠬᠢᠭᠤᠯᠬᠤ ᠰᠡᠳᠬᠢᠮᠵᠢ ᠶᠢ ᠰᠢᠨᠡᠴᠢᠯᠡᠪᠡ᠃ | ︵ᠭᠤᠷᠪᠠ︶ ᠠᠭᠤᠰᠬᠠᠬᠤ ᠠᠵᠢᠯᠯᠠᠭ᠎ᠠ ᠶᠢ ᠬᠡᠷᠡᠭᠵᠢᠭᠦᠯᠬᠦ ᠭᠤᠣᠯ ᠬᠠᠷᠠᠯᠲᠠ ᠶᠢ ᠲᠣᠳᠤᠷᠬᠠᠶᠢᠯᠠᠪᠠ | ︽ᠮᠡᠳᠡᠭᠳᠡᠯ︾ ᠳᠤ ᠠᠭᠤᠰᠬᠠᠬᠤ ᠠᠵᠢᠯᠯᠠᠭ᠎ᠠ ᠶᠢᠨ ᠱᠠᠲᠤᠴᠢ ᠴᠢᠨᠠᠷᠲᠠᠢ ᠬᠠᠷᠠᠯᠲᠠ ᠶᠢ ᠲᠣᠳᠣᠷᠬᠠᠢ | ᠳᠤᠷᠠᠳᠪᠠ᠃ 2027 ᠣᠨ ᠪᠣᠯᠬᠤ ᠳᠤ᠂ ᠭᠤᠸ᠎ᠠ ᠰᠠᠶᠢᠬᠠᠨ ᠤ ᠬᠥᠮᠦᠵᠢᠯ ᠤᠨ ᠬᠢᠴᠢᠶᠡᠯ ᠤᠨ ᠰᠤᠷᠭᠠᠨ ᠬᠥᠮᠦᠵᠢᠯ | ᠵᠢᠭᠠᠨ ᠰᠤᠷᠭᠠᠯᠲᠠ ᠶᠢᠨ ᠴᠢᠨᠠᠷ ᠴᠢᠨᠰᠠᠭ᠎ᠠ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠪᠦᠬᠦ ᠰᠤᠷᠤᠭᠴᠢ ᠶᠢᠨ | ᠤᠷᠠᠯᠢᠭ ᠤᠨ ᠦᠵᠡᠭᠦᠯᠭᠡ ᠶᠢᠨ ᠲᠣᠭᠯᠠᠯᠲᠠ ᠶᠢᠨ ᠲᠣᠭᠲᠠᠴᠠ ᠶᠢ ᠦᠨᠳᠦᠰᠦᠨ ᠳᠤ ᠪᠠᠨ ᠪᠠᠶᠢᠩᠭᠤᠵᠢᠭᠤᠯᠤᠨ | ᠪᠠᠶᠢᠭᠤᠯᠵᠤ᠂ ᠰᠢᠨᠵᠢᠯᠡᠭᠡᠨ ᠤ ᠰᠠᠯᠠᠭ᠎ᠠ ᠠᠯᠤᠰᠯᠠᠭᠰᠠᠨ ᠴᠢᠨᠠᠷᠯᠢᠭ ᠭᠤᠸ᠎ᠠ ᠰᠠᠶᠢᠬᠠᠨ ᠤ ᠬᠥᠮᠦᠵᠢᠯ ᠤᠨ ᠡᠬᠢ | ᠪᠠᠶᠠᠯᠢᠭ ᠤᠨ ᠳᠣᠭᠲᠠᠯᠴᠠᠭ᠎ᠠ ᠶᠢ ᠠᠩᠬ᠎ᠠ ᠠᠯᠬᠤᠮ ᠪᠠᠶᠢᠭᠤᠯᠵᠤ᠂ ᠪᠠᠭᠰᠢ ᠶᠢᠨ ᠲᠥᠷᠥᠯ ᠤᠨ ᠲᠤᠰᠬᠠᠢ ᠮᠡᠷᠭᠡᠵᠢᠯ ᠤᠨ | ᠰᠤᠷᠤᠭᠴᠢᠳ ᠲᠤ ᠬᠠᠨᠳᠤᠭᠤᠯᠤᠭᠰᠠᠨ ᠭᠤᠸ᠎ᠠ ᠰᠠᠶᠢᠬᠠᠨ ᠤ ᠬᠥᠮᠦᠵᠢᠯ ᠤᠨ ᠬᠢᠴᠢᠶᠡᠯ ᠢ ᠨᠡᠶᠢᠳᠡᠮ ᠪᠥᠷᠬᠦᠭᠦᠯᠬᠦ ᠶᠢ | ᠪᠡᠶᠡᠯᠡᠭᠦᠯᠵᠦ᠂ ᠤᠷᠠᠯᠢᠭ ᠤᠨ ᠰᠢᠨᠵᠢᠯᠡᠭᠡᠨ ᠤ ᠰᠠᠯᠠᠭᠠᠨ ᠤ ᠭᠤᠣᠯᠯᠠᠭᠴᠢ ᠪᠠᠭᠰᠢ ᠶᠢᠨ ᠪᠣᠯᠪᠠᠰᠤᠷᠠᠭᠤᠯᠤᠯ ᠢ ᠪᠦᠬᠦ | ᠲᠠᠯ᠎ᠠ ᠪᠠᠷ ᠥᠷᠨᠢᠭᠦᠯᠦᠨ᠂ ᠬᠡᠰᠡᠭ ᠪᠦᠯᠦᠭ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠨᠡᠷᠡᠲᠦ | ᠪᠠᠭᠰᠢ ᠶᠢᠨ ᠠᠵᠢᠯᠯᠠᠬᠤ ᠲᠠᠰᠤᠭ ᠢ ᠪᠠᠶᠢᠭᠤᠯᠵᠤ᠂ ᠬᠡᠰᠡᠭ ᠪᠦᠯᠦᠭ ᠤᠯᠤᠰ ᠤᠨ ᠳᠡᠰ ᠤᠨ ᠳᠠᠭᠤᠷᠢᠶᠠᠯ ᠦᠵᠡᠭᠦᠯᠬᠦ | ᠰᠤᠷᠤᠭᠴᠢ ᠶᠢᠨ ᠤᠷᠠᠯᠢᠭ ᠤᠨ ᠪᠦᠯᠬᠦᠮ ᠢ ᠪᠤᠶᠢᠵᠢᠭᠤᠯᠵᠤ᠂ ᠬᠡᠰᠡᠭ ᠪᠦᠯᠦᠭ ᠣᠨᠴᠠᠯᠢᠭ ᠲᠠᠢ ᠬᠥᠭᠵᠢᠭᠦᠯᠦᠭᠰᠡᠨ | ᠳᠠᠭᠤᠷᠢᠶᠠᠯ ᠦᠵᠡᠭᠦᠯᠬᠦ ᠰᠤᠷᠭᠠᠭᠤᠯᠢ ᠴᠣᠯᠭᠤᠷᠠᠨ ᠭᠠᠷᠪᠠ᠃ ᠪᠠᠰᠠ ᠭᠤᠷᠪᠠ ᠠᠴᠠ ᠲᠠᠪᠤᠨ ᠵᠢᠯ ᠤᠨ | ᠬᠤᠭᠤᠴᠠᠭ᠎ᠠ ᠶᠢ ᠬᠡᠷᠡᠭᠯᠡᠵᠦ᠂ ᠴᠢᠨᠠᠷᠯᠢᠭ ᠪᠥᠭᠡᠳ ᠲᠡᠩᠴᠡᠭᠦᠷᠢᠲᠡᠢ ᠭᠤᠸ᠎ᠠ ᠰᠠᠶᠢᠬᠠᠨ ᠤ ᠬᠥᠮᠦᠵᠢᠯ ᠢ ᠨᠠᠩ | ᠲᠦᠭᠡᠮᠡᠯᠵᠢᠭᠦᠯᠵᠦ᠂ ᠰᠤᠷᠤᠭᠴᠢᠳ ᠤᠨ ᠭᠤᠸ᠎ᠠ ᠲᠠᠭᠠᠰᠢᠶᠠᠯ ᠪᠠ ᠬᠥᠮᠦᠨ ᠰᠣᠶᠣᠯ ᠤᠨ ᠬᠡᠪ ᠪᠣᠯᠪᠠᠰᠤᠷᠠᠯ ᠢ ᠨᠡᠶᠢᠳᠡᠮ | ᠳᠡᠭᠡᠭᠰᠢᠯᠡᠭᠦᠯᠦᠨ᠂ ᠪᠠᠭᠰᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠬᠡᠪ ᠪᠣᠯᠪᠠᠰᠤᠷᠠᠯ ᠢ ᠢᠯᠡᠳᠲᠡ | ᠳᠡᠭᠡᠭᠰᠢᠯᠡᠭᠦᠯᠵᠦ᠂ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠠᠭᠤᠷ ᠠᠮᠢᠰᠬᠤᠯ ᠢ ᠨᠡᠩ ᠭᠦᠨ | ᠵᠤᠵᠠᠭᠠᠨ ᠪᠣᠯᠭᠠᠵᠤ᠂ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠠᠵᠢᠯ ᠤᠨ ᠪᠠᠶᠢᠭᠤᠯᠤᠯ ᠲᠣᠭᠲᠠᠴᠠ ᠶᠢ | ᠨᠠᠩ ᠲᠡᠭᠦᠯᠳᠡᠷᠵᠢᠭᠦᠯᠦᠨ᠂ ᠦᠷ᠎ᠡ ᠪᠦᠲᠦᠮᠵᠢ ᠶᠢ ᠲᠣᠪᠤᠶᠢᠮ᠎ᠠ ᠴᠢᠩᠭᠠᠷᠠᠭᠤᠯᠪᠠ᠃ ᠦᠷᠭᠦᠯᠵᠢᠯᠡᠨ ᠴᠢᠷᠮᠠᠶᠢᠬᠤ ᠪᠠᠷ | ᠳᠡᠮᠵᠢᠨ᠂ ᠪᠦᠬᠦᠨ ᠢ ᠬᠠᠮᠤᠷᠤᠭᠰᠠᠨ᠂ ᠣᠯᠠᠨ ᠶᠠᠩᠵᠤᠴᠢᠯᠠᠭᠰᠠᠨ᠂ ᠴᠢᠨᠠᠷᠯᠢᠭ ᠳᠤᠮᠳᠠᠳᠤ ᠤᠯᠤᠰ ᠤᠨ ᠣᠨᠴᠠᠯᠢᠭ ᠲᠠᠢ | ᠣᠳᠣᠬᠢᠴᠢᠯᠠᠭᠰᠠᠨ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠳᠣᠭᠲᠠᠯᠴᠠᠭ᠎ᠠ ᠶᠢ ᠲᠡᠭᠦᠯᠳᠡᠷᠵᠢᠭᠦᠯᠬᠦ ᠶᠢ | ᠠᠬᠢᠭᠤᠯᠪᠠ᠃ | ᠭᠤᠷᠪᠠ᠂ ᠭᠤᠸ᠎ᠠ ᠰᠠᠶᠢᠬᠠᠨ ᠤ ᠬᠥᠮᠦᠵᠢᠯ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠠᠵᠢᠯᠯᠠᠭ᠎ᠠ ᠶᠢ ᠶᠠᠭᠠᠬᠢᠵᠤ ᠬᠡᠷᠡᠭᠵᠢᠭᠦᠯᠦᠭᠰᠡᠨ ᠪᠤᠢ︖ | ᠬᠠᠷᠢᠭᠤᠯᠲᠠ᠄ ︽ᠮᠡᠳᠡᠭᠳᠡᠯ︾ ᠳᠤ ᠤᠷᠠᠯᠢᠭ ᠤᠨ ᠰᠢᠨᠵᠢᠯᠡᠭᠡᠨ ᠤ ᠰᠠᠯᠠᠭ᠎ᠠ ᠪᠣᠯᠤᠨ ᠪᠤᠰᠤᠳ ᠰᠢᠨᠵᠢᠯᠡᠭᠡᠨ ᠤ | ᠰᠠᠯᠠᠭ᠎ᠠ ᠶᠢ ᠬᠠᠮᠵᠢᠯᠴᠠᠨ ᠠᠬᠢᠭᠤᠯᠬᠤ ᠭᠤᠸ᠎ᠠ ᠰᠠᠶᠢᠬᠠᠨ ᠤ ᠬᠥᠮᠦᠵᠢᠯ ᠤᠨ ᠬᠢᠴᠢᠶᠡᠯ ᠤᠨ ᠳᠣᠭᠲᠠᠯᠴᠠᠭ᠎ᠠ ᠶᠢ | ᠪᠠᠶᠢᠭᠤᠯᠤᠨ ᠲᠡᠭᠦᠯᠳᠡᠷᠵᠢᠭᠦᠯᠵᠦ᠂ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠳᠠᠬᠢ ᠤᠷᠠᠯᠢᠭ ᠤᠨ | ᠬᠢᠴᠢᠶᠡᠯ ᠤᠨ ᠭᠤᠣᠯ ᠠᠷᠭ᠎ᠠ ᠵᠠᠮ ᠤᠨ ᠦᠢᠯᠡᠳᠦᠯ ᠢ ᠭᠦᠢᠴᠡᠳ ᠪᠠᠳᠠᠷᠠᠭᠤᠯᠤᠨ᠂ ᠭᠤᠸ᠎ᠠ ᠰᠠᠶᠢᠬᠠᠨ ᠤ ᠬᠥᠮᠦᠵᠢᠯ ᠤᠨ | ᠣᠨᠴᠠᠯᠢᠭ ᠢ ᠵᠢᠷᠤᠮᠯᠠᠵᠤ᠂ ᠥᠷᠲᠡᠭ ᠢ ᠪᠦᠲᠦᠭᠡᠬᠦ ᠶᠢ ᠳᠣᠪᠤᠶᠢᠯᠭᠠᠨ᠂ ᠵᠢᠭᠠᠨ ᠰᠤᠷᠭᠠᠯᠲᠠ ᠪᠣᠯᠤᠨ ᠦᠢᠯᠡᠳᠦᠯᠭᠡ ᠶᠢ | ᠣᠷᠭᠠᠨᠢᠭ ᠢᠶᠠᠷ ᠨᠢᠭᠡᠳᠬᠡᠬᠦ ᠶᠢ ᠴᠢᠩᠭᠠᠳᠬᠠᠬᠤ ᠬᠡᠷᠡᠭᠲᠡᠢ ᠭᠡᠵᠦ ᠱᠠᠭᠠᠷᠳᠠᠪᠠ᠃ ᠭᠤᠸ᠎ᠠ ᠰᠠᠶᠢᠬᠠᠨ ᠤ ᠬᠥᠮᠦᠵᠢᠯ ᠪᠠ | ᠶᠣᠰᠣ ᠮᠣᠷᠠᠯ ᠤᠨ ᠬᠥᠮᠦᠵᠢᠯ᠂ ᠣᠶᠤᠨ ᠤ ᠬᠥᠮᠦᠵᠢᠯ᠂ ᠪᠡᠶ᠎ᠡ ᠶᠢᠨ ᠲᠠᠮᠢᠷ᠂ ᠬᠥᠳᠡᠯᠮᠦᠷᠢ ᠶᠢᠨ ᠬᠥᠮᠦᠵᠢᠯ ᠤᠨ | ᠠᠭᠤᠰᠤᠯᠴᠠᠭ᠎ᠠ ᠶᠢ ᠴᠢᠩᠭᠠᠳᠬᠠᠵᠤ᠂ ᠡᠯ᠎ᠡ ᠰᠢᠨᠵᠢᠯᠡᠭᠡᠨ ᠤ ᠰᠠᠯᠠᠭ᠎ᠠ ᠳᠤ ᠠᠭᠤᠯᠤᠭᠳᠠᠵᠤ ᠪᠠᠶᠢᠭ᠎ᠠ ᠭᠤᠸ᠎ᠠ | ᠰᠠᠶᠢᠬᠠᠨ ᠤ ᠬᠥᠮᠦᠵᠢᠯ ᠤᠨ ᠡᠬᠢ ᠪᠠᠶᠠᠯᠢᠭ ᠢ ᠢᠯᠡᠷᠡᠭᠦᠯᠦᠨ ᠬᠡᠷᠡᠭᠯᠡᠵᠦ᠂ ᠰᠢᠨᠵᠢᠯᠡᠭᠡᠨ ᠤ ᠰᠠᠯᠠᠭ᠎ᠠ ᠬᠤᠪᠢᠶᠠᠨ | ᠭᠤᠸ᠎ᠠ ᠰᠠᠶᠢᠬᠠᠨ ᠤ ᠬᠥᠮᠦᠵᠢᠯ ᠤᠨ ᠵᠢᠭᠠᠨ ᠰᠤᠷᠭᠠᠯᠲᠠ ᠶᠢ ᠵᠢᠯᠣᠭᠤᠳᠬᠤ ᠶᠢ ᠲᠣᠭᠲᠠᠭᠠᠬᠤ ᠶᠢ | ᠠᠬᠢᠭᠤᠯᠪᠠ᠃ ︽ᠮᠡᠳᠡᠭᠳᠡᠯ︾ ᠳᠤ ᠤᠷᠠᠯᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ | ᠶᠡᠭᠡ ᠪᠠᠷ ᠲᠦᠯᠬᠢᠨ ᠠᠬᠢᠭᠤᠯᠵᠤ᠂ ᠤᠷᠠᠯᠢᠭ ᠤᠨ ᠬᠢᠴᠢᠶᠡᠯ ᠢ ᠪᠦᠷᠢᠨ ᠭᠦᠢᠴᠡᠳ ᠰᠠᠶᠢᠲᠤᠷ ᠨᠡᠭᠡᠭᠡᠨ᠂ ᠤᠷᠠᠯᠢᠭ ᠤᠨ | ᠰᠤᠷᠭᠠᠨ ᠬᠥᠮᠦᠵᠢᠯ ᠤᠨ ᠬᠦᠴᠦᠯᠡᠬᠦ ᠴᠡᠭ ᠢ ᠬᠥᠮᠦᠨ ᠬᠥᠮᠦᠵᠢᠭᠦᠯᠬᠦ ᠳᠡᠭᠡᠷ᠎ᠡ ᠲᠠᠯᠪᠢᠵᠤ᠂ ᠭᠤᠸ᠎ᠠ ᠰᠠᠶᠢᠬᠠᠨ ᠤ | ᠬᠥᠮᠦᠵᠢᠯ ᠢᠶᠠᠷ ᠤᠷᠠᠯᠢᠭ ᠤᠨ ᠰᠤᠷᠭᠠᠨ ᠬᠥᠮᠦᠵᠢᠯ ᠢ ᠥᠭᠡᠷᠡᠴᠢᠯᠡᠬᠦ ᠶᠢᠨ ᠬᠠᠮᠲᠤ ᠤᠷᠠᠯᠢᠭ ᠤᠨ ᠰᠤᠷᠭᠠᠨ | ᠬᠥᠮᠦᠵᠢᠯ ᠢ ᠳᠡᠭᠡᠭᠰᠢᠯᠡᠭᠦᠯᠦᠨ᠂ ᠡᠭᠦᠨ ᠤ ᠤᠯᠠᠮ ᠠᠴᠠ ᠰᠤᠷᠤᠭᠴᠢᠳ ᠤᠨ ᠭᠤᠸ᠎ᠠ ᠰᠠᠶᠢᠬᠠᠨ ᠤ ᠬᠡᠪ ᠪᠣᠯᠪᠠᠰᠤᠷᠠᠯ ᠢ | ᠳᠡᠭᠡᠭᠰᠢᠯᠡᠭᠦᠯᠵᠦ᠂ ᠥᠷᠲᠡᠭ ᠢ ᠪᠦᠲᠦᠭᠡᠬᠦ᠂ ᠣᠶᠤᠨ ᠰᠠᠨᠠᠭᠠᠨ ᠤ ᠠᠮᠢᠳᠤᠷᠠᠯ ᠢ ᠪᠠᠶᠠᠯᠢᠭᠵᠢᠭᠤᠯᠬᠤ᠂ ᠬᠥᠮᠦᠨ ᠤ | ᠠᠮᠢᠳᠤᠷᠠᠯ ᠤᠨ ᠬᠡᠪ ᠨᠠᠮᠪᠠ ᠶᠢ ᠲᠡᠭᠦᠯᠳᠡᠷᠵᠢᠭᠦᠯᠬᠦ᠂ ᠪᠣᠯᠪᠠᠰᠤᠨ ᠦᠭᠡ ᠶᠠᠷᠢᠶ᠎ᠠ ᠦᠢᠯᠡ ᠠᠵᠢᠯᠯᠠᠭ᠎ᠠ ᠶᠢ ᠬᠠᠳᠠᠭᠠᠯᠠᠬᠤ᠂ | ᠨᠡᠶᠢᠭᠡᠮ ᠤᠨ ᠡᠶ᠎ᠡ ᠵᠣᠬᠢᠴᠠᠯ ᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠳᠥᠷᠪᠡ᠂ ᠰᠤᠷᠤᠭᠴᠢᠳ ᠤᠨ ᠭᠤᠸ᠎ᠠ ᠲᠠᠭᠠᠰᠢᠶᠠᠯ ᠪᠠ ᠬᠥᠮᠦᠨ ᠰᠣᠶᠣᠯ ᠤᠨ ᠬᠡᠪ ᠪᠣᠯᠪᠠᠰᠤᠷᠠᠯ ᠢ ᠶᠠᠭᠠᠬᠢᠵᠤ | ᠳᠡᠭᠡᠭᠰᠢᠯᠡᠭᠦᠯᠦᠭᠰᠡᠨ ᠪᠤᠢ︖ | ᠬᠠᠷᠢᠭᠤᠯᠲᠠ᠄ ᠰᠤᠷᠤᠭᠴᠢᠳ ᠪᠣᠯ ᠭᠤᠸ᠎ᠠ ᠰᠠᠶᠢᠬᠠᠨ ᠤ ᠬᠥᠮᠦᠵᠢᠯ ᠤᠨ ᠠᠵᠢᠯ ᠤᠨ ᠲᠥᠪ ᠮᠥᠨ᠂ ᠬᠥᠮᠦᠨ | ᠪᠦᠬᠦᠨ ᠳᠤ ᠬᠠᠨᠳᠤᠭᠤᠯᠤᠨ ᠭᠤᠸ᠎ᠠ ᠰᠠᠶᠢᠬᠠᠨ ᠤ ᠬᠥᠮᠦᠵᠢᠯ ᠤᠨ ᠠᠵᠢᠯ ᠤᠨ ᠦᠨᠳᠦᠰᠦᠨ ᠱᠠᠭᠠᠷᠳᠠᠯᠭ᠎ᠠ ᠶᠢ | ᠪᠠᠷᠢᠮᠲᠠᠯᠠᠪᠠ᠃ ︽ᠮᠡᠳᠡᠭᠳᠡᠯ︾ ᠳᠤ ᠭᠤᠸ᠎ᠠ ᠰᠠᠶᠢᠬᠠᠨ ᠤ ᠬᠥᠮᠦᠵᠢᠯ ᠢᠶᠠᠷ ᠰᠤᠷᠤᠭᠴᠢᠳ ᠢ ᠠᠭᠤᠰᠬᠠᠵᠤ᠂ | ᠰᠤᠷᠤᠭᠴᠢᠳ ᠤᠨ ᠰᠣᠶᠣᠯ ᠤᠨ ᠣᠶᠢᠯᠠᠭᠠᠯᠲᠠ᠂ ᠭᠤᠸ᠎ᠠ ᠰᠠᠶᠢᠬᠠᠨ ᠤ ᠮᠡᠳᠡᠷᠡᠮᠵᠢ᠂ ᠤᠷᠠᠯᠢᠭ ᠤᠨ ᠢᠯᠡᠷᠡᠯ᠂ | ᠪᠦᠲᠦᠭᠡᠯᠴᠢ ᠦᠢᠯᠡᠳᠦᠯᠭᠡ ᠵᠡᠷᠭᠡ ᠭᠤᠣᠯ ᠬᠡᠪ ᠪᠣᠯᠪᠠᠰᠤᠷᠠᠯ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠂ | ᠰᠤᠷᠤᠭᠴᠢᠳ ᠤᠨ ᠦᠵᠡᠯ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠰᠤᠷᠤᠭᠴᠢᠳ ᠤᠨ ᠪᠡᠶ᠎ᠡ | ᠰᠡᠳᠬᠢᠯ ᠢ ᠨᠡᠩ ᠪᠠᠶᠠᠷ ᠪᠠᠶᠠᠰᠬᠤᠯᠠᠩ ᠲᠠᠢ᠂ ᠠᠮᠢᠵᠢᠷᠠᠯ ᠤᠨ ᠬᠦᠴᠦᠨ ᠢ ᠨᠡᠩ ᠢᠯᠡᠷᠡᠭᠦᠯᠵᠦ᠂ ᠬᠥᠮᠦᠨ ᠮᠥᠰᠦ ᠶᠢ ᠨᠢ | ᠨᠡᠩ ᠲᠡᠭᠦᠯᠳᠡᠷᠵᠢᠭᠦᠯᠬᠦ ᠬᠡᠷᠡᠭᠲᠡᠢ ᠭᠡᠵᠦ ᠱᠠᠭᠠᠷᠳᠠᠪᠠ᠃ ᠰᠤᠷᠭᠠᠨ ᠬᠥᠮᠦᠵᠢᠯ ᠤᠨ ᠵᠢᠮ᠎ᠡ ᠶᠣᠰᠣ ᠪᠠ ᠴᠢᠳᠠᠪᠤᠷᠢᠲᠠᠨ ᠤ | ᠥᠰᠦᠨ ᠪᠣᠶᠢᠵᠢᠯᠲᠠ ᠶᠢᠨ ᠵᠢᠮ᠎ᠡ ᠶᠣᠰᠣ ᠶᠢ ᠬᠦᠨᠳᠦᠳᠬᠡᠵᠦ᠂ ᠤᠷᠠᠯᠢᠭ ᠢ ᠠᠮᠢᠳᠤᠯᠢᠭᠵᠢᠭᠤᠯᠬᠤ ᠬᠢᠴᠢᠶᠡᠯ ᠤᠨ | ᠲᠠᠩᠬᠢᠮ ᠢ ᠪᠠᠶᠢᠭᠤᠯᠤᠨ᠂ ᠰᠤᠷᠤᠭᠴᠢᠳ ᠤᠨ ᠢᠳᠡᠪᠬᠢᠵᠢᠯ ᠢ ᠬᠥᠭᠵᠢᠭᠡᠵᠦ᠂ ᠣᠷᠣᠯᠴᠠᠬᠤ ᠳᠠᠪᠲᠠᠮᠵᠢ ᠶᠢ | ᠳᠡᠭᠡᠭᠰᠢᠯᠡᠭᠦᠯᠦᠨ᠂ ᠰᠤᠷᠤᠭᠴᠢᠳ ᠤᠨ ᠢᠲᠡᠭᠡᠯ ᠵᠣᠷᠢᠭ ᠪᠠ ᠴᠤᠭ ᠵᠢᠪᠬᠤᠭ᠎ᠠ ᠶᠢ ᠢᠯᠡᠷᠡᠭᠦᠯᠪᠡ᠃ ᠤᠷᠠᠯᠢᠭ ᠤᠨ | ᠦᠢᠯᠡᠳᠦᠯᠭᠡ ᠶᠢᠨ ᠠᠵᠢᠯᠯᠠᠭ᠎ᠠ ᠶᠢ ᠲᠦᠭᠡᠮᠡᠯᠵᠢᠭᠦᠯᠬᠦ ᠠᠵᠢᠯᠯᠠᠭ᠎ᠠ ᠶᠢ ᠥᠷᠨᠢᠭᠦᠯᠵᠦ᠂ ᠬᠥᠮᠦᠨ ᠪᠦᠬᠦᠨ ᠳᠤ | ᠬᠠᠨᠳᠤᠭᠤᠯᠤᠭᠰᠠᠨ ᠰᠤᠷᠭᠠᠭᠤᠯᠢ ᠶᠢᠨ ᠤᠷᠠᠯᠢᠭ ᠤᠨ ᠦᠵᠡᠭᠦᠯᠭᠡ ᠶᠢᠨ ᠲᠣᠭᠲᠠᠴᠠ ᠶᠢ ᠲᠡᠭᠦᠯᠳᠡᠷᠵᠢᠭᠦᠯᠦᠨ᠂ | ᠰᠤᠷᠤᠭᠴᠢ ᠨᠢᠭᠡ ᠪᠦᠷᠢ ᠳᠤ ᠴᠥᠮ ᠳᠡᠯᠭᠡᠨ ᠦᠵᠡᠭᠦᠯᠬᠦ ᠲᠣᠬᠢᠶᠠᠯ ᠪᠠ ᠲᠠᠪᠴᠠᠩ ᠲᠠᠢ ᠪᠣᠯᠭᠠᠪᠠ᠃ ᠦᠨᠡᠯᠡᠬᠦ | ᠬᠥᠲᠥᠯᠦᠮᠵᠢ ᠪᠠ ᠤᠳᠤᠷᠢᠳᠤᠮᠵᠢ ᠶᠢᠨ ᠦᠢᠯᠡᠳᠦᠯ ᠢ ᠪᠠᠳᠠᠷᠠᠭᠤᠯᠵᠤ᠂ ᠰᠤᠷᠤᠭᠴᠢᠳ ᠤᠨ ᠦᠰᠦᠨ ᠪᠤᠶᠢᠵᠢᠯᠲᠠ ᠶᠢ | ᠠᠩᠬᠠᠷᠤᠨ᠂ ᠰᠤᠷᠤᠭᠴᠢᠳ ᠤᠨ ᠳᠤᠷ᠎ᠠ ᠰᠣᠨᠢᠷᠬᠠᠯ ᠪᠠ ᠥᠪᠡᠷᠮᠢᠴᠡ ᠣᠨᠴᠠᠯᠢᠭ ᠢ ᠬᠦᠨᠳᠦᠳᠬᠡᠨ ᠬᠠᠮᠠᠭᠠᠯᠠᠵᠤ᠂ | ᠰᠤᠷᠤᠭᠴᠢᠳ ᠤᠨ ᠭᠤᠸ᠎ᠠ ᠰᠠᠶᠢᠬᠠᠨ ᠢ ᠣᠯᠵᠤ ᠮᠡᠳᠡᠬᠦ᠂ ᠭᠤᠸ᠎ᠠ ᠰᠠᠶᠢᠬᠠᠨ ᠢ ᠲᠥᠷᠦᠭᠳᠡᠬᠦ᠂ ᠭᠤᠸ᠎ᠠ ᠰᠠᠶᠢᠬᠠᠨ ᠢ | ᠢᠯᠡᠷᠡᠭᠦᠯᠬᠦ᠂ ᠭᠤᠸ᠎ᠠ ᠰᠠᠶᠢᠬᠠᠨ ᠢ ᠰᠣᠨᠢᠷᠬᠠᠬᠤ᠂ ᠭᠤᠸ᠎ᠠ ᠰᠠᠶᠢᠬᠠᠨ ᠢ ᠡᠭᠦᠳᠬᠦ ᠴᠢᠳᠠᠪᠤᠷᠢ ᠶᠢ ᠪᠦᠬᠦ ᠲᠠᠯ᠎ᠠ ᠪᠠᠷ | ᠰᠢᠯᠭᠠᠨ ᠪᠠᠶᠢᠴᠠᠭᠠᠪᠠ᠃ | ᠲᠠᠪᠤ᠂ ᠡᠯ᠎ᠡ ᠰᠢᠨᠵᠢᠯᠡᠭᠡᠨ ᠤ ᠰᠠᠯᠠᠭᠠᠨ ᠤ ᠪᠠᠭᠰᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠦᠵᠡᠯ ᠤᠬᠠᠮᠰᠠᠷ | ᠪᠠ ᠭᠤᠸ᠎ᠠ ᠰᠠᠶᠢᠬᠠᠨ ᠤ ᠬᠥᠮᠦᠵᠢᠯ ᠤᠨ ᠬᠡᠪ ᠪᠣᠯᠪᠠᠰᠤᠷᠠᠯ ᠢ ᠶᠠᠭᠠᠬᠢᠵᠤ ᠬᠥᠮᠥᠵᠢᠭᠦᠯᠦᠭᠰᠡᠨ ᠪᠤᠢ︖ | ᠬᠠᠷᠢᠭᠤᠯᠲᠠ᠄ ᠪᠠᠭᠰᠢ ᠪᠣᠯ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠠᠵᠢᠯ ᠢ ᠪᠦᠬᠦ ᠲᠠᠯ᠎ᠠ ᠪᠠᠷ | ᠴᠢᠩᠭᠠᠳᠬᠠᠨ ᠰᠠᠶᠢᠵᠢᠷᠠᠭᠤᠯᠬᠤ ᠵᠠᠩᠭᠢᠯᠠᠭ᠎ᠠ ᠮᠥᠨ᠃ ︽ᠮᠡᠳᠡᠭᠳᠡᠯ︾ ᠳᠤ ᠭᠤᠸ᠎ᠠ ᠰᠠᠶᠢᠬᠠᠨ ᠤ ᠬᠥᠮᠥᠵᠢᠯ ᠢᠶᠠᠷ | ᠪᠠᠭᠰᠢ ᠶᠢ ᠠᠭᠤᠰᠬᠠᠨ᠂ ᠭᠤᠸ᠎ᠠ ᠰᠠᠶᠢᠬᠠᠨ ᠤ ᠬᠥᠮᠦᠵᠢᠯ ᠢᠶᠠᠷ ᠪᠠᠭᠰᠢ ᠶᠢᠨ ᠠᠵᠢᠯ ᠮᠡᠷᠭᠡᠵᠢᠯ ᠤᠨ ᠭᠤᠸ᠎ᠠ | ᠰᠠᠶᠢᠬᠠᠨ ᠤ ᠬᠥᠮᠦᠵᠢᠯ ᠤᠨ ᠴᠢᠳᠠᠮᠵᠢ ᠶᠢ ᠪᠠᠳᠠᠷᠠᠭᠤᠯᠵᠤ᠂ ᠪᠦᠬᠦ ᠠᠵᠢᠯᠲᠠᠨ ᠤ ᠭᠤᠸ᠎ᠠ ᠰᠠᠶᠢᠬᠠᠨ ᠤ ᠬᠥᠮᠦᠵᠢᠯ ᠤᠨ | ᠤᠬᠠᠮᠰᠠᠷ ᠪᠠ ᠭᠤᠸ᠎ᠠ ᠰᠠᠶᠢᠬᠠᠨ ᠤ ᠬᠥᠮᠦᠵᠢᠯ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠦᠨ᠂ ᠬᠥᠮᠦᠨ ᠮᠥᠰᠦ ᠶᠢᠨ | ᠷᠢᠳᠢ ᠰᠢᠳᠢ ᠶᠢ ᠪᠣᠢ ᠪᠣᠯᠭᠠᠵᠤ᠂ ᠭᠤᠸ᠎ᠠ ᠰᠠᠶᠢᠬᠠᠨ ᠤ ᠬᠥᠮᠦᠵᠢᠯ ᠤᠨ ᠰᠡᠳᠬᠢᠯᠭᠡ ᠶᠢ ᠬᠥᠮᠥᠵᠢᠭᠦᠯᠬᠦ ᠬᠡᠷᠡᠭᠲᠡᠢ | ᠭᠡᠵᠦ ᠱᠠᠭᠠᠷᠳᠠᠪᠠ᠃ ᠪᠠᠭᠰᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ | ᠠᠵᠢᠯᠯᠠᠭ᠎ᠠ ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠡᠯ᠎ᠡ ᠰᠢᠨᠵᠢᠯᠡᠭᠡᠨ ᠤ ᠰᠠᠯᠠᠭᠠᠨ ᠤ ᠪᠠᠭᠰᠢ ᠶᠢᠨ ᠭᠤᠸ᠎ᠠ | ᠰᠠᠶᠢᠬᠠᠨ ᠤ ᠬᠥᠮᠦᠵᠢᠯ ᠤᠨ ᠦᠵᠡᠯ ᠤᠬᠠᠮᠰᠠᠷ ᠪᠠ ᠭᠤᠸ᠎ᠠ ᠰᠠᠶᠢᠬᠠᠨ ᠤ ᠬᠥᠮᠦᠵᠢᠯ ᠤᠨ ᠬᠡᠪ ᠪᠣᠯᠪᠠᠰᠤᠷᠠᠯ ᠢ | ᠴᠢᠩᠭᠠᠳᠬᠠᠨ ᠳᠡᠭᠡᠭᠰᠢᠯᠡᠭᠦᠯᠵᠦ᠂ ᠭᠤᠸ᠎ᠠ ᠰᠠᠶᠢᠬᠠᠨ ᠤ ᠬᠥᠮᠦᠵᠢᠯ ᠢ ᠰᠤᠷᠭᠠᠨ ᠬᠥᠮᠦᠵᠢᠯ ᠤᠨ ᠰᠢᠰᠲ᠋ᠧᠮ ᠤᠨ | ᠤᠳᠤᠷᠢᠳᠬᠤ ᠺᠠᠳ᠋ᠷ ᠪᠠ ᠪᠠᠭᠰᠢ ᠶᠢᠨ ᠪᠣᠯᠪᠠᠰᠤᠷᠠᠭᠤᠯᠤᠯ ᠤᠨ ᠲᠥᠯᠥᠪᠯᠡᠭᠡ ᠳᠤ ᠣᠷᠣᠭᠤᠯᠪᠠ᠃ ᠪᠠᠭᠰᠢ ᠶᠢ | ᠡᠬᠢᠨ ᠠᠴᠠ ᠨᠢ ᠬᠥᠮᠦᠵᠢᠭᠦᠯᠬᠦ ᠶᠢ ᠰᠠᠶᠢᠲᠤᠷ ᠠᠳᠬᠤᠨ᠂ ᠭᠤᠸ᠎ᠠ ᠰᠠᠶᠢᠬᠠᠨ ᠤ ᠬᠥᠮᠦᠵᠢᠯ ᠤᠨ ᠬᠢᠴᠢᠶᠡᠯ ᠢ | ᠪᠠᠭᠰᠢ ᠶᠢᠨ ᠲᠥᠷᠥᠯ ᠤᠨ ᠲᠤᠰᠬᠠᠢ ᠮᠡᠷᠭᠡᠵᠢᠯ ᠤᠨ ᠰᠤᠷᠤᠭᠴᠢᠳ ᠤᠨ ᠬᠥᠮᠦᠨ ᠰᠣᠶᠣᠯ ᠤᠨ ᠬᠡᠪ ᠪᠣᠯᠪᠠᠰᠤᠷᠠᠯ ᠤᠨ | ᠬᠢᠴᠢᠶᠡᠯ ᠳᠤ ᠣᠷᠣᠭᠤᠯᠵᠤ᠂ ᠭᠤᠸ᠎ᠠ ᠰᠠᠶᠢᠬᠠᠨ ᠤ ᠬᠥᠮᠦᠵᠢᠯ ᠤᠨ ᠬᠡᠪ ᠪᠣᠯᠪᠠᠰᠤᠷᠠᠯ ᠤᠨ ᠬᠤᠯᠪᠣᠭᠳᠠᠯ ᠪᠦᠬᠦᠢ | ᠠᠭᠤᠯᠭ᠎ᠠ ᠶᠢ ᠪᠠᠭᠰᠢ ᠶᠢᠨ ᠬᠢᠷᠢ ᠭᠡᠮ ᠤᠨ ᠰᠢᠯᠭᠠᠯᠲᠠ ᠳᠤ ᠣᠷᠣᠭᠤᠯᠤᠨ᠂ ᠪᠦᠬᠦ ᠤᠯᠤᠰ ᠤᠨ ᠤᠷᠠᠯᠢᠭ ᠤᠨ | ᠰᠤᠷᠭᠠᠨ ᠬᠥᠮᠦᠵᠢᠯ ᠤᠨ ᠲᠥᠷᠥᠯ ᠤᠨ ᠰᠤᠷᠤᠭᠴᠢ ᠪᠣᠯᠤᠨ ᠪᠠᠭᠰᠢ ᠶᠢᠨ ᠦᠨᠳᠦᠰᠦᠨ ᠴᠢᠳᠠᠪᠤᠷᠢ ᠶᠢᠨ | ᠦᠵᠡᠭᠦᠯᠭᠡ ᠶᠢ ᠰᠠᠶᠢᠲᠤᠷ ᠡᠷᠬᠢᠯᠡᠪᠡ᠃ | ᠵᠢᠷᠭᠤᠭ᠎ᠠ᠂ ᠰᠤᠷᠭᠠᠭᠤᠯᠢ ᠶᠢᠨ ᠬᠦᠷᠢᠶᠡᠨ ᠤ ᠭᠤᠸ᠎ᠠ ᠰᠠᠶᠢᠬᠠᠨ ᠤ ᠬᠥᠮᠦᠵᠢᠯ ᠤᠨ ᠰᠣᠶᠣᠯ ᠤᠨ ᠰᠠᠶᠢᠨ | ᠰᠠᠶᠢᠬᠠᠨ ᠣᠷᠴᠢᠨ ᠨᠥᠬᠦᠴᠡᠯ ᠢ ᠶᠠᠭᠠᠬᠢᠵᠤ ᠪᠣᠢ ᠪᠣᠯᠭᠠᠭᠰᠠᠨ ᠪᠤᠢ︖ | ᠬᠠᠷᠢᠭᠤᠯᠲᠠ᠄ ᠰᠤᠷᠭᠠᠭᠤᠯᠢ ᠶᠢᠨ ᠬᠦᠷᠢᠶᠡᠨ ᠤ ᠰᠣᠶᠣᠯ ᠪᠣᠯ ᠪᠠᠭᠰᠢ ᠰᠤᠷᠤᠭᠴᠢᠳ ᠤᠨ ᠰᠡᠳᠬᠢᠯ ᠤᠨ ᠭᠡᠷ | ᠣᠷᠣᠨ ᠮᠥᠨ᠂ ᠭᠤᠸ᠎ᠠ ᠰᠠᠶᠢᠬᠠᠨ ᠤ ᠬᠥᠮᠦᠵᠢᠯ ᠢ ᠰᠤᠷᠭᠠᠭᠤᠯᠢ ᠶᠢᠨ ᠬᠦᠷᠢᠶᠡᠨ ᠤ ᠠᠮᠢᠳᠤᠷᠠᠯ ᠤᠨ ᠪᠦᠬᠦ ᠲᠠᠯ᠎ᠠ ᠳᠤ | ᠠᠭᠤᠰᠬᠠᠬᠤ ᠬᠡᠷᠡᠭᠲᠡᠢ᠃ ︽ᠮᠡᠳᠡᠭᠳᠡᠯ︾ ᠳᠤ ᠭᠤᠸ᠎ᠠ ᠰᠠᠶᠢᠬᠠᠨ ᠤ ᠬᠥᠮᠦᠵᠢᠯ ᠢ ᠰᠤᠷᠭᠠᠭᠤᠯᠢ ᠳᠤ ᠠᠭᠤᠰᠬᠠᠵᠤ᠂ | ᠥᠭᠡᠳᠡᠯᠡᠨ ᠳᠠᠪᠰᠢᠬᠤ᠂ ᠪᠣᠯᠪᠠᠰᠤᠨ ᠡᠷᠬᠢᠮᠰᠦᠭ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠰᠤᠷᠭᠠᠭᠤᠯᠢ ᠶᠢᠨ | ᠬᠦᠷᠢᠶᠡᠨ ᠤ ᠰᠣᠶᠣᠯ ᠢ ᠪᠣᠢ ᠪᠣᠯᠭᠠᠨ᠂ ᠴᠠᠭ ᠦᠷᠭᠦᠯᠵᠢ᠂ ᠭᠠᠵᠠᠷ ᠪᠣᠯᠭᠠᠨ ᠳᠤ᠂ ᠬᠥᠮᠦᠨ ᠪᠦᠬᠦᠨ ᠳᠤ ᠭᠤᠸ᠎ᠠ | ᠰᠠᠶᠢᠬᠠᠨ ᠤ ᠬᠥᠮᠦᠵᠢᠯ ᠬᠢᠬᠦ ᠬᠥᠮᠦᠨ ᠬᠥᠮᠦᠵᠢᠭᠦᠯᠬᠦ ᠣᠷᠴᠢᠨ ᠢ ᠪᠠᠶᠢᠭᠤᠯᠬᠤ ᠬᠡᠷᠡᠭᠲᠡᠢ ᠭᠡᠵᠦ | ᠱᠠᠭᠠᠷᠳᠠᠪᠠ᠃ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠷᠠᠯᠢᠭ ᠢ ᠤᠯᠠᠮᠵᠢᠯᠠᠨ ᠵᠠᠯᠭᠠᠮᠵᠢᠯᠠᠬᠤ | ᠰᠤᠷᠭᠠᠭᠤᠯᠢ ᠪᠠ ᠤᠯᠠᠮᠵᠢᠯᠠᠨ ᠵᠠᠯᠭᠠᠮᠵᠢᠯᠠᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ | ᠥᠷᠨᠢᠭᠦᠯᠵᠦ᠂ ᠬᠡᠰᠡᠭ ᠪᠦᠯᠦᠭ ᠨᠡᠶᠢᠲᠡᠯᠢᠭ ᠬᠡᠷᠡᠭ ᠤᠨ ᠵᠢᠱᠢᠶ᠎ᠡ ᠪᠠ ᠰᠣᠶᠣᠯ ᠤᠨ ᠡᠬᠢ ᠪᠠᠶᠠᠯᠢᠭ ᠢ ᠪᠣᠢ ᠪᠣᠯᠭᠠᠨ᠂ | ᠪᠠᠭᠰᠢ ᠰᠤᠷᠤᠭᠴᠢᠳ ᠢ ᠬᠥᠲᠥᠯᠥᠨ ᠵᠢᠯᠣᠭᠤᠳᠴᠤ ᠰᠣᠶᠣᠯ ᠤᠨ ᠢᠲᠡᠭᠡᠯ ᠢ ᠨᠢ ᠪᠠᠲᠤᠳᠬᠠᠪᠠ᠃ ᠡᠯᠪᠡᠭ ᠪᠠᠶᠠᠯᠢᠭ | ᠣᠯᠠᠨ ᠶᠠᠩᠵᠤᠴᠢᠯᠠᠭᠰᠠᠨ ᠤᠷᠠᠯᠢᠭ ᠤᠨ ᠪᠦᠯᠬᠦᠮ ᠢ ᠪᠠᠶᠢᠭᠤᠯᠵᠤ᠂ ᠤᠯᠤᠰ ᠤᠨ ᠳᠡᠰ ᠤᠨ ᠳᠠᠭᠤᠷᠢᠶᠠᠯ ᠦᠵᠡᠭᠦᠯᠬᠦ | ᠶᠡᠭᠡ ᠳᠡᠭᠡᠳᠦ ᠰᠤᠷᠭᠠᠭᠤᠯᠢ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠤᠷᠠᠯᠢᠭ ᠤᠨ ᠪᠦᠯᠬᠦᠮ ᠤᠨ | ᠪᠠᠶᠢᠭᠤᠯᠤᠯᠲᠠ ᠶᠢ ᠴᠢᠩᠭᠠᠳᠬᠠᠨ᠂ ᠤᠯᠤᠰ ᠤᠨ ᠴᠢᠬᠤᠯᠠ ᠶᠡᠭᠡ ᠲᠣᠭᠯᠠᠯᠲᠠ ᠭᠠᠷᠭᠠᠬᠤ ᠪᠠ ᠰᠤᠷᠭᠠᠭᠤᠯᠢ ᠶᠢᠨ | ᠨᠡᠶᠢᠭᠡᠮ ᠤᠨ ᠪᠦᠯᠬᠦᠮ ᠤᠨ ᠠᠵᠢᠯᠯᠠᠭ᠎ᠠ ᠶᠢ ᠰᠣᠯᠢᠯᠴᠠᠬᠤ ᠲᠣᠭᠲᠠᠴᠠ ᠶᠢ ᠪᠠᠶᠢᠭᠤᠯᠪᠠ᠃ ᠰᠤᠷᠭᠠᠭᠤᠯᠢ ᠳᠠᠬᠢ ᠡᠯ᠎ᠡ | ᠵᠦᠢᠯ ᠤᠨ ᠲᠠᠪᠴᠠᠩ᠂ ᠣᠨᠴᠠᠭᠠᠶᠢᠯᠠᠨ ᠳᠡᠯᠭᠡᠭᠦᠷᠭᠡ᠂ ᠦᠵᠡᠭᠦᠯᠭᠡ ᠶᠢᠨ ᠳᠡᠯᠭᠡᠴᠡ᠂ ᠰᠤᠷᠭᠠᠭᠤᠯᠢ ᠶᠢᠨ ᠷᠠᠳᠢᠣ᠋ | ᠨᠡᠪᠲᠡᠷᠡᠭᠦᠯᠭᠡ᠂ ᠲᠧᠯᠸᠢᠰ ᠬᠤᠷᠢᠶ᠎ᠠ᠂ ᠰᠤᠷᠭᠠᠭᠤᠯᠢ ᠶᠢᠨ ᠰᠦᠯᠵᠢᠶ᠎ᠡ ᠵᠡᠷᠭᠡ ᠶᠢ ᠭᠦᠢᠴᠡᠳ ᠠᠰᠢᠭᠯᠠᠨ | ᠰᠤᠷᠭᠠᠭᠤᠯᠢ ᠶᠢᠨ ᠬᠦᠷᠢᠶᠡᠨ ᠤ ᠰᠣᠶᠣᠯ ᠤᠷᠠᠯᠢᠭ ᠤᠨ ᠦᠵᠡᠭᠦᠯᠭᠡ ᠶᠢᠨ ᠣᠷᠣᠨ ᠵᠠᠢ ᠶᠢ ᠪᠠᠶᠢᠭᠤᠯᠪᠠ᠃ | ᠳᠣᠯᠤᠭ᠎ᠠ᠂ ᠬᠥᠳᠡᠭᠡ ᠲᠣᠰᠬᠤᠨ ᠤ ᠭᠤᠸ᠎ᠠ ᠰᠠᠶᠢᠬᠠᠨ ᠤ ᠬᠥᠮᠦᠵᠢᠯ ᠤᠨ ᠴᠢᠨᠠᠷ ᠴᠢᠨᠰᠠᠭ᠎ᠠ ᠶᠢ | ᠳᠡᠭᠡᠭᠰᠢᠯᠡᠭᠦᠯᠦᠨ ᠬᠥᠭᠵᠢᠭᠦᠯᠬᠦ ᠶᠢ ᠶᠠᠭᠠᠬᠢᠵᠤ ᠪᠡᠶᠡᠯᠡᠭᠦᠯᠦᠭᠰᠡᠨ ᠪᠤᠢ︖ | ᠬᠠᠷᠢᠭᠤᠯᠲᠠ᠄ ᠬᠥᠳᠡᠭᠡ ᠲᠣᠰᠬᠤᠨ ᠤ ᠭᠤᠸ᠎ᠠ ᠰᠠᠶᠢᠬᠠᠨ ᠤ ᠬᠥᠮᠦᠵᠢᠯ ᠤᠨ ᠴᠢᠨᠠᠷ ᠴᠢᠨᠰᠠᠭ᠎ᠠ ᠶᠢ | ᠳᠡᠭᠡᠭᠰᠢᠯᠡᠭᠦᠯᠦᠨ ᠬᠥᠭᠵᠢᠭᠦᠯᠬᠦ ᠶᠢ ᠠᠬᠢᠭᠤᠯᠬᠤ ᠪᠣᠯ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ | ᠴᠢᠬᠤᠯᠠ ᠠᠭᠤᠯᠭ᠎ᠠ ᠮᠥᠨ᠃ | ᠨᠢᠭᠡ ᠳᠤ᠂ ᠠᠬᠢᠭᠤᠯᠬᠤ ᠲᠣᠭᠲᠠᠴᠠ ᠶᠢ ᠰᠢᠯᠢᠳᠡᠭᠵᠢᠭᠦᠯᠪᠡ᠃ ᠰᠢᠶᠠᠨ ᠢᠶᠠᠷ ᠰᠠᠭᠤᠷᠢ ᠪᠣᠯᠭᠠᠬᠤ᠂ ᠬᠤᠲᠠ ᠶᠢ | ᠨᠢᠭᠡᠳᠦᠯᠲᠡᠢ ᠲᠥᠯᠥᠪᠯᠡᠬᠦ᠂ ᠮᠤᠵᠢ ᠪᠠᠷ ᠵᠢᠯᠣᠭᠤᠳᠤᠭᠤᠯᠬᠤ ᠶᠢ ᠰᠦᠪᠡᠭᠴᠢᠯᠡᠵᠦ᠂ ᠬᠥᠳᠡᠭᠡ ᠲᠣᠰᠬᠤᠨ ᠤ ᠭᠤᠸ᠎ᠠ | ᠰᠠᠶᠢᠬᠠᠨ ᠤ ᠬᠥᠮᠦᠵᠢᠯ ᠤᠨ ᠴᠢᠨᠠᠷ ᠴᠢᠨᠰᠠᠭ᠎ᠠ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠠᠵᠢᠯ ᠤᠨ ᠲᠣᠭᠲᠠᠴᠠ ᠶᠢ | ᠲᠡᠭᠦᠯᠳᠡᠷᠵᠢᠭᠦᠯᠦᠨ᠂ ᠰᠢᠶᠠᠨ ᠤ ᠰᠢᠯᠢᠳᠡᠭ ᠭᠤᠸ᠎ᠠ ᠰᠠᠶᠢᠬᠠᠨ ᠤ ᠬᠥᠮᠦᠵᠢᠯ ᠤᠨ ᠪᠠᠭᠰᠢ ᠶᠢᠨ ᠨᠡᠭᠦᠳᠡᠯ ᠬᠢᠴᠢᠶᠡᠯᠯᠡᠭᠡ᠂ | ᠴᠢᠨᠠᠷᠯᠢᠭ ᠭᠤᠸ᠎ᠠ ᠰᠠᠶᠢᠬᠠᠨ ᠤ ᠬᠥᠮᠦᠵᠢᠯ ᠤᠨ ᠬᠢᠴᠢᠶᠡᠯ ᠤᠨ ᠡᠬᠢ ᠪᠠᠶᠠᠯᠢᠭ ᠢ ᠬᠠᠮᠲᠤ ᠳᠤ ᠪᠠᠨ ᠬᠤᠪᠢᠶᠠᠯᠴᠠᠨ | ᠡᠳ᠋ᠯᠡᠬᠦ ᠶᠢ ᠲᠤᠬᠠᠢ ᠶᠢᠨ ᠭᠠᠵᠠᠷ ᠣᠷᠣᠨ ᠤ ᠪᠠᠶᠢᠳᠠᠯ ᠳᠤ ᠲᠣᠬᠢᠷᠠᠭᠤᠯᠤᠨ ᠠᠬᠢᠭᠤᠯᠵᠤ᠂ ᠰᠤᠷᠭᠠᠭᠤᠯᠢ ᠶᠢᠨ ᠭᠤᠸ᠎ᠠ | ᠰᠠᠶᠢᠬᠠᠨ ᠤ ᠬᠥᠮᠦᠵᠢᠯ ᠤᠨ ᠴᠢᠨᠠᠷᠯᠢᠭ ᠲᠡᠩᠴᠡᠭᠦᠷᠢᠲᠡᠢ ᠬᠥᠭᠵᠢᠯᠲᠡ ᠶᠢ ᠠᠬᠢᠭᠤᠯᠪᠠ᠃ | ᠬᠤᠶᠠᠷ ᠲᠤ᠂ ᠰᠣᠯᠢᠯᠴᠠᠭᠠᠨ ᠤ ᠲᠣᠭᠲᠠᠴᠠ ᠶᠢ ᠪᠠᠶᠢᠭᠤᠯᠪᠠ᠃ ᠶᠡᠭᠡ ᠳᠡᠭᠡᠳᠦ ᠰᠤᠷᠭᠠᠭᠤᠯᠢ ᠪᠣᠯᠤᠨ ᠳᠤᠮᠳᠠᠳᠤ | ᠪᠠᠭ᠎ᠠ ᠰᠤᠷᠭᠠᠭᠤᠯᠢ᠂ ᠬᠤᠲᠠ ᠬᠥᠳᠡᠭᠡ ᠶᠢᠨ ᠰᠤᠷᠭᠠᠭᠤᠯᠢ ᠶᠢᠨ ᠬᠤᠭᠤᠷᠣᠨᠳᠣᠬᠢ ︽ᠭᠠᠷ ᠬᠤᠯᠪᠣᠯᠴᠠᠵᠤ︾ ᠬᠠᠷᠢᠯᠴᠠᠨ | ᠰᠤᠷᠤᠯᠴᠠᠵᠤ ᠰᠣᠯᠢᠯᠴᠠᠬᠤ ᠪᠠ ᠬᠠᠪᠰᠤᠷᠤᠨ ᠲᠡᠳᠬᠦᠬᠦ ᠲᠣᠭᠲᠠᠴᠠ ᠶᠢ ᠪᠠᠶᠢᠭᠤᠯᠵᠤ᠂ ᠶᠡᠭᠡ ᠳᠡᠭᠡᠳᠦ | ᠰᠤᠷᠭᠠᠭᠤᠯᠢ ᠶᠢᠨ ᠤᠷᠠᠯᠢᠭ ᠤᠨ ᠨᠡᠶᠢᠭᠡᠮᠯᠢᠭ ᠪᠣᠯᠤᠨ ᠬᠥᠳᠡᠭᠡ ᠲᠣᠰᠬᠤᠨ ᠤ ᠰᠤᠷᠭᠠᠭᠤᠯᠢ ᠶᠢᠨ ᠬᠤᠣᠰ ᠴᠢᠭᠯᠡᠯ ᠢᠶᠠᠷ | ᠰᠣᠯᠢᠯᠴᠠᠬᠤ ᠲᠣᠭᠲᠠᠴᠠ ᠶᠢ ᠬᠠᠶᠢᠨ ᠰᠦᠪᠡᠭᠴᠢᠯᠡᠵᠦ᠂ ᠬᠤᠲᠠ ᠬᠥᠳᠡᠭᠡ ᠶᠢᠨ ᠳᠤᠮᠳᠠᠳᠤ ᠪᠠᠭ᠎ᠠ ᠰᠤᠷᠭᠠᠭᠤᠯᠢ ᠶᠢᠨ | ᠰᠤᠷᠤᠭᠴᠢᠳ ᠤᠨ ᠭᠤᠸ᠎ᠠ ᠰᠠᠶᠢᠬᠠᠨ ᠤ ᠬᠥᠮᠦᠵᠢᠯ ᠤᠨ ᠭᠤᠣᠯ ᠰᠡᠳᠦᠪᠲᠦ ᠰᠤᠳᠤᠯᠤᠨ ᠰᠤᠷᠤᠯᠴᠠᠬᠤ | ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠪᠡ᠃ | ᠭᠤᠷᠪᠠ ᠳᠤ᠂ ᠦᠵᠡᠭᠦᠯᠭᠡ ᠶᠢᠨ ᠲᠣᠭᠲᠠᠴᠠ ᠶᠢ ᠲᠡᠭᠦᠯᠳᠡᠷᠵᠢᠭᠦᠯᠪᠡ᠃ ᠬᠥᠳᠡᠭᠡ ᠲᠣᠰᠬᠤᠨ ᠤ | ᠰᠤᠷᠤᠭᠴᠢᠳ ᠤᠨ ᠲᠤᠰᠬᠠᠢ ᠲᠠᠯᠠᠪᠠᠢ ᠦᠵᠡᠭᠦᠯᠭᠡ ᠶᠢᠨ ᠲᠠᠪᠴᠠᠩ ᠢ ᠣᠯᠠᠨ ᠬᠡᠯᠪᠡᠷᠢ ᠪᠠᠷ ᠪᠠᠶᠢᠭᠤᠯᠵᠤ᠂ ᠬᠥᠳᠡᠭᠡ | ᠲᠣᠰᠬᠤᠨ ᠤ ᠰᠤᠷᠭᠠᠭᠤᠯᠢ ᠶᠢᠨ ᠪᠠᠭᠠᠴᠤᠳ ᠤᠨ ᠣᠷᠳᠣᠨ ᠵᠡᠷᠭᠡ ᠶᠢ ᠠᠰᠢᠭᠯᠠᠨ ᠰᠤᠷᠤᠭᠴᠢᠳ ᠥᠪᠡᠷᠮᠢᠴᠡ | ᠤᠷᠠᠯᠢᠭ ᠤᠨ ᠦᠵᠡᠭᠦᠯᠭᠡ ᠶᠢᠨ ᠠᠵᠢᠯᠯᠠᠭ᠎ᠠ ᠥᠷᠨᠢᠭᠦᠯᠬᠦ ᠶᠢ ᠵᠣᠷᠢᠭᠵᠢᠭᠤᠯᠪᠠ᠃ | ᠳᠥᠷᠪᠡ ᠳᠤ᠂ ᠪᠠᠭᠰᠢ ᠶᠢᠨ ᠬᠦᠴᠦᠨ ᠢ ᠴᠢᠩᠭᠠᠷᠠᠭᠤᠯᠪᠠ᠃ ᠬᠥᠳᠡᠭᠡ ᠲᠣᠰᠬᠤᠨ ᠤ ᠰᠤᠷᠭᠠᠭᠤᠯᠢ ᠶᠢᠨ | ᠭᠤᠸ᠎ᠠ ᠰᠠᠶᠢᠬᠠᠨ ᠤ ᠬᠥᠮᠦᠵᠢᠯ ᠤᠨ ᠪᠠᠭᠰᠢ ᠶᠢ ᠬᠥᠮᠦᠵᠢᠭᠦᠯᠦᠨ ᠪᠣᠯᠪᠠᠰᠤᠷᠠᠭᠤᠯᠬᠤ ᠶᠢ ᠴᠢᠩᠭᠠᠳᠬᠠᠵᠤ᠂ | ᠤᠷᠠᠯᠢᠭ ᠤᠨ ᠳᠡᠭᠡᠳᠦ ᠰᠤᠷᠭᠠᠭᠤᠯᠢ ᠶᠢᠨ ᠬᠢᠨ ᠬᠤᠲᠠ ᠬᠥᠳᠡᠭᠡ ᠶᠢᠨ ᠲᠥᠯᠥᠪᠵᠢᠭᠦᠯᠭᠡ ᠪᠣᠯᠤᠨ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠣᠷᠣᠯᠴᠠᠬᠤ ᠶᠢ ᠳᠡᠮᠵᠢᠪᠡ᠃ | ᠨᠠᠢᠮᠠ᠂ ᠰᠢᠨ᠎ᠡ ᠮᠡᠷᠭᠡᠵᠢᠯ ᠤᠨ ᠥᠭᠡᠷᠡᠴᠢᠯᠡᠯᠲᠡ ᠨᠢ ᠭᠤᠸ᠎ᠠ ᠰᠠᠶᠢᠬᠠᠨ ᠤ ᠬᠥᠮᠦᠵᠢᠯ ᠳᠤ ᠶᠠᠭᠠᠬᠢᠵᠤ ᠡᠨᠧᠷᠭᠢ | ᠣᠯᠭᠤᠭᠰᠠᠨ ᠪᠤᠢ︖ | ᠬᠠᠷᠢᠭᠤᠯᠲᠠ᠄ ︽ᠮᠡᠳᠡᠭᠳᠡᠯ︾ ᠨᠢ ᠣᠳᠣᠬᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ | ᠳᠠᠪᠰᠢᠯᠲᠠ᠂ ᠰᠤᠷᠭᠠᠨ ᠬᠥᠮᠦᠵᠢᠯ ᠤᠨ ᠬᠤᠪᠢᠰᠤᠯᠲᠠ ᠶᠢᠨ ᠬᠠᠨᠳᠤᠰᠢ ᠪᠠ ᠵᠠᠯᠠᠭᠤᠴᠤᠳ ᠪᠠᠭᠠᠴᠤᠳ ᠤᠨ ᠪᠡᠶ᠎ᠡ | ᠰᠡᠳᠬᠢᠯ ᠤᠨ ᠣᠨᠴᠠᠯᠢᠭ ᠲᠠᠢ ᠤᠶᠠᠯᠳᠣᠭᠤᠯᠤᠨ᠂ ᠭᠤᠸ᠎ᠠ ᠰᠠᠶᠢᠬᠠᠨ ᠤ ᠬᠥᠮᠦᠵᠢᠯ ᠤᠨ ᠣᠶᠤᠨᠴᠢ ᠰᠤᠷᠭᠠᠨ | ᠬᠥᠮᠦᠵᠢᠯ ᠤᠨ ᠡᠨᠧᠷᠭᠢ ᠣᠯᠭᠤᠬᠤ ᠠᠵᠢᠯᠯᠠᠭ᠎ᠠ ᠶᠢ ᠬᠡᠷᠡᠭᠵᠢᠭᠦᠯᠬᠦ ᠪᠠᠷ ᠳᠤᠷᠠᠳᠪᠠ᠃ ᠨᠢᠭᠡ ᠳᠤ᠂ ᠳ᠋ᠢᠵᠢᠲ᠋ᠠᠯ | ᠮᠡᠷᠭᠡᠵᠢᠯ ᠢᠶᠠᠷ ᠡᠨᠧᠷᠭᠢ ᠣᠯᠭᠤᠬᠤ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ᠂ ᠤᠯᠤᠰ ᠤᠨ ᠣᠶᠤᠨᠴᠢ | ᠰᠤᠷᠭᠠᠨ ᠬᠥᠮᠦᠵᠢᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠪᠠ ᠣᠷᠣᠨ ᠨᠤᠲᠤᠭ ᠤᠨ ᠲᠠᠪᠴᠠᠩ ᠳᠤ | ᠲᠦᠰᠢᠭᠯᠡᠨ᠂ ᠴᠢᠨᠠᠷᠯᠢᠭ ᠭᠤᠸ᠎ᠠ ᠰᠠᠶᠢᠬᠠᠨ ᠤ ᠬᠥᠮᠦᠵᠢᠯ ᠤᠨ ᠳ᠋ᠢᠵᠢᠲ᠋ᠠᠯ ᠰᠤᠷᠭᠠᠨ ᠬᠥᠮᠦᠵᠢᠯ ᠤᠨ ᠡᠬᠢ ᠪᠠᠶᠠᠯᠢᠭ ᠢ | ᠨᠡᠭᠡᠭᠡᠨ ᠠᠰᠢᠭᠯᠠᠬᠤ ᠶᠢᠨ ᠬᠠᠮᠲᠤ ᠦᠷᠭᠦᠯᠵᠢᠯᠡᠨ ᠰᠢᠨᠡᠳᠭᠡᠪᠡ᠃ ᠬᠤᠶᠠᠷ ᠲᠤ᠂ ᠳ᠋ᠢᠵᠢᠲ᠋ᠠᠯ ᠮᠡᠷᠭᠡᠵᠢᠯ ᠪᠣᠯᠤᠨ | ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠠᠭᠤᠰᠤᠯᠴᠠᠭ᠎ᠠ ᠶᠢ ᠠᠬᠢᠭᠤᠯᠵᠤ᠂ ᠡᠭᠦᠯᠡᠨ ᠦᠵᠡᠭᠦᠯᠭᠡ᠂ | ᠳ᠋ᠢᠵᠢᠲ᠋ᠠᠯ ᠰᠣᠶᠣᠯ ᠤᠨ ᠦᠵᠡᠰᠭᠦᠯᠡᠩ᠂ ᠵᠢᠱᠢᠮᠡᠭ ᠲᠣᠭᠯᠠᠯᠲᠠ᠂ ᠪᠦᠷᠢᠨ ᠵᠠᠩᠭᠢ ᠶᠢᠨ ᠮᠡᠷᠭᠡᠵᠢᠯ ᠵᠡᠷᠭᠡ ᠶᠢ ᠬᠡᠷᠡᠭᠯᠡᠨ | ᠳᠤᠮᠳᠠᠳᠤ ᠶᠢᠨ ᠪᠣᠯᠪᠠᠰᠤᠨ ᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠬᠦ ᠶᠢ ᠰᠦᠪᠡᠭᠴᠢᠯᠡᠬᠦ ᠶᠢ | ᠠᠬᠢᠭᠤᠯᠪᠠ᠃ ᠭᠤᠷᠪᠠ ᠳᠤ᠂ ᠨᠥᠬᠦᠴᠡᠯ ᠲᠠᠢ ᠭᠠᠵᠠᠷ ᠣᠷᠣᠨ ᠨᠢ ᠮᠡᠷᠭᠡᠵᠢᠯ᠂ ᠲᠣᠮᠣ ᠳ᠋ᠠᠶᠢᠲ᠋ᠠ᠂ ᠪᠣᠳᠠᠰ ᠤᠨ ᠢᠨᠲ᠋ᠧᠷ | ᠰᠦᠯᠵᠢᠶ᠎ᠡ᠂ ᠬᠢᠮᠡᠯ ᠣᠶᠤᠨ᠂ ᠵᠢᠱᠢᠮᠡᠭ ᠠᠬᠤᠢ ᠵᠡᠷᠭᠡ ᠠᠮᠢᠳᠤᠯᠢᠭᠵᠢᠭᠤᠯᠤᠭᠰᠠᠨ ᠵᠢᠭᠠᠨ ᠰᠤᠷᠭᠠᠯᠲᠠ ᠶᠢᠨ | ᠠᠭᠤᠯᠭ᠎ᠠ ᠶᠢ ᠰᠦᠪᠡᠭᠴᠢᠯᠡᠨ ᠠᠰᠢᠭᠯᠠᠬᠤ ᠶᠢ ᠵᠣᠷᠢᠭᠵᠢᠭᠤᠯᠵᠤ᠂ ᠵᠢᠭᠠᠨ ᠰᠤᠷᠭᠠᠯᠲᠠ ᠶᠢᠨ ᠠᠷᠭ᠎ᠠ ᠮᠠᠶ᠋ᠢᠭ ᠤᠨ | ᠰᠢᠨ᠎ᠡ ᠶᠢ ᠡᠭᠦᠳᠦᠨ᠂ ᠤᠷᠠᠯᠢᠭ ᠤᠨ ᠪᠡᠶᠡᠴᠢᠯᠡᠨ ᠣᠶᠢᠯᠠᠭᠠᠯᠲᠠ ᠶᠢ ᠪᠠᠶᠠᠯᠢᠭᠵᠢᠭᠤᠯᠤᠨ᠂ ᠦᠨᠡᠯᠡᠬᠦ ᠶᠠᠪᠤᠴᠠ ᠶᠢ | ᠰᠠᠶᠢᠵᠢᠷᠠᠭᠤᠯᠪᠠ᠃ | ᠶᠢᠰᠦ᠂ ᠨᠡᠶᠢᠭᠡᠮ ᠤᠨ ᠭᠤᠸ᠎ᠠ ᠰᠠᠶᠢᠬᠠᠨ ᠤ ᠬᠥᠮᠦᠵᠢᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ | ᠠᠵᠢᠯᠯᠠᠭ᠎ᠠ ᠶᠢ ᠶᠠᠭᠠᠬᠢᠵᠤ ᠥᠷᠨᠢᠭᠦᠯᠦᠭᠰᠡᠨ ᠪᠤᠢ︖ | ᠬᠠᠷᠢᠭᠤᠯᠲᠠ᠄ ︽ᠮᠡᠳᠡᠭᠳᠡᠯ︾ ᠳᠤ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠢ ᠬᠠᠮᠵᠢᠨ | ᠠᠬᠢᠭᠤᠯᠬᠤ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ ᠭᠡᠵᠦ ᠱᠠᠭᠠᠷᠳᠠᠪᠠ᠃ ᠨᠢᠭᠡ ᠳᠤ᠂ ᠭᠠᠵᠠᠷ ᠣᠷᠣᠨ ᠤ | ᠰᠣᠶᠣᠯ ᠢ ᠢᠯᠡᠷᠡᠭᠦᠯᠵᠦ᠂ ᠣᠯᠠᠨ ᠨᠡᠶᠢᠲᠡ ᠶᠢᠨ ᠰᠣᠶᠣᠯ ᠤᠨ ᠡᠬᠢ ᠪᠠᠶᠠᠯᠢᠭ ᠢ ᠠᠰᠢᠭᠯᠠᠬᠤ ᠳᠤ ᠭᠦᠢᠴᠡᠳ | ᠪᠠᠲᠤᠯᠠᠭ᠎ᠠ ᠬᠠᠩᠭᠠᠵᠤ᠂ ᠨᠥᠬᠦᠴᠡᠯ ᠲᠠᠢ ᠭᠠᠵᠠᠷ ᠣᠷᠣᠨ᠂ ᠰᠤᠷᠭᠠᠭᠤᠯᠢ ᠪᠣᠯᠤᠨ ᠣᠯᠠᠨ ᠨᠡᠶᠢᠲᠡ ᠶᠢᠨ ᠰᠣᠶᠣᠯ | ᠤᠷᠠᠯᠢᠭ ᠤᠨ ᠲᠠᠯᠠᠪᠤᠷ ᠣᠷᠳᠣᠨ᠂ ᠤᠳᠬ᠎ᠠ ᠤᠷᠠᠯᠢᠭ ᠤᠨ ᠬᠦᠷᠢᠶᠡᠯᠡᠩ ᠪᠦᠯᠬᠦᠮ ᠤᠨ ᠰᠣᠯᠢᠯᠴᠠᠭ᠎ᠠ ᠪᠠ | ᠬᠠᠮᠲᠤᠷᠠᠯᠴᠠᠭ᠎ᠠ ᠬᠤᠣᠰ ᠴᠢᠭᠯᠡᠯ ᠢᠶᠠᠷ ᠦᠢᠯᠡᠳᠦᠯᠴᠡᠬᠦ ᠶᠢ ᠠᠬᠢᠭᠤᠯᠤᠨ᠂ ᠦᠨᠳᠦᠰᠦᠨ ᠣᠯᠠᠨ ᠨᠡᠶᠢᠲᠡ ᠶᠢᠨ | ᠰᠣᠶᠣᠯ ᠤᠨ ᠦᠢᠯᠡᠴᠢᠯᠡᠭᠡᠨ ᠤ ᠲᠥᠷᠥᠯ ᠵᠦᠢᠯ ᠪᠠ ᠡᠯ᠎ᠡ ᠲᠥᠷᠥᠯ ᠤᠨ ᠨᠡᠶᠢᠭᠡᠮ ᠤᠨ ᠡᠬᠢ ᠪᠠᠶᠠᠯᠢᠭ ᠢ | ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ᠂ ᠦᠢᠯᠡᠳᠦᠯᠭᠡ ᠶᠢᠨ ᠠᠵᠢᠯᠯᠠᠭ᠎ᠠ ᠳᠤ ᠦᠢᠯᠡᠴᠢᠯᠡᠬᠦ ᠶᠢ | ᠠᠬᠢᠭᠤᠯᠪᠠ᠃ ᠬᠤᠶᠠᠷ ᠲᠤ᠂ ᠭᠡᠷ ᠪᠦᠯᠢ᠂ ᠰᠤᠷᠭᠠᠭᠤᠯᠢ᠂ ᠨᠡᠶᠢᠭᠡᠮ ᠤᠨ ᠬᠠᠮᠵᠢᠯᠴᠠᠭ᠎ᠠ ᠶᠢ ᠴᠢᠩᠭᠠᠳᠬᠠᠵᠤ᠂ ᠭᠡᠷ | ᠪᠦᠯᠢ ᠪᠠ ᠰᠤᠷᠭᠠᠭᠤᠯᠢ ᠬᠠᠮᠲᠤ ᠳᠤ ᠪᠠᠨ ᠪᠠᠶᠢᠭᠤᠯᠬᠤ ᠪᠠ ᠨᠡᠶᠢᠭᠡᠮ ᠤᠨ ᠦᠢᠯᠡᠴᠢᠯᠡᠭᠡ ᠥᠷᠨᠢᠭᠦᠯᠬᠦ ᠶᠢ | ᠵᠣᠷᠢᠭᠵᠢᠭᠤᠯᠪᠠ᠃ ᠭᠤᠷᠪᠠ ᠳᠤ᠂ ᠣᠷᠣᠭᠤᠯᠤᠨ ᠠᠪᠴᠢᠷᠠᠬᠤ᠂ ᠭᠠᠳᠠᠭᠰᠢ ᠭᠠᠷᠭᠠᠬᠤ ᠶᠢ ᠤᠶᠠᠯᠳᠤᠭᠤᠯᠤᠭᠰᠠᠨ | ᠣᠯᠠᠨ ᠳᠡᠰ ᠳᠠᠪᠬᠤᠷᠭᠠᠲᠤ ᠣᠯᠠᠨ ᠶᠠᠩᠵᠤᠴᠢᠯᠠᠭᠰᠠᠨ ᠳᠤᠮᠳᠠᠳᠤ ᠭᠠᠳᠠᠭᠠᠳᠤ ᠶᠢᠨ ᠰᠤᠷᠤᠭᠴᠢᠳ ᠤᠨ ᠤᠷᠠᠯᠢᠭ ᠤᠨ | ᠵᠤᠰᠠᠯᠠᠩ᠂ ᠡᠪᠦᠯ ᠤᠨ ᠤᠯᠠᠷᠢᠯ ᠤᠨ ᠪᠠᠭᠤᠴᠠ ᠵᠡᠷᠭᠡ ᠠᠵᠢᠯᠯᠠᠭ᠎ᠠ ᠶᠢ ᠥᠷᠨᠢᠭᠦᠯᠵᠦ᠂ ᠬᠡᠰᠡᠭ ᠪᠦᠯᠦᠭ ᠣᠷᠣᠨ | ᠪᠦᠰᠡ ᠪᠠ ᠳᠡᠯᠡᠬᠡᠢ ᠶᠢ ᠨᠥᠯᠥᠭᠡᠯᠡᠬᠦ ᠬᠦᠴᠦᠨ ᠪᠥᠬᠦᠢ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ | ᠦᠵᠡᠭᠦᠯᠭᠡ ᠶᠢᠨ ᠲᠣᠭᠯᠠᠯᠲᠠ ᠶᠢᠨ ᠠᠵᠢᠯᠯᠠᠭ᠎ᠠ ᠶᠢ ᠪᠣᠢ ᠪᠣᠯᠭᠠᠬᠤ ᠶᠢ ᠳᠡᠮᠵᠢᠪᠡ᠃ | ᠠᠷᠪᠠ᠂ ︽ᠮᠡᠳᠡᠭᠳᠡᠯ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠶᠠᠭᠠᠬᠢᠵᠤ ᠪᠠᠲᠤᠯᠠᠬᠤ ᠪᠤᠢ︖ | ᠬᠠᠷᠢᠭᠤᠯᠲᠠ᠄ ︽ᠮᠡᠳᠡᠭᠳᠡᠯ︾ ᠢ ᠨᠡᠶᠢᠲᠡᠯᠡᠭᠰᠡᠨ ᠤ ᠳᠠᠷᠠᠭ᠎ᠠ᠂ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ | ᠪᠣᠯ ᠵᠠᠩᠭᠢᠯᠠᠭ᠎ᠠ ᠪᠣᠯᠤᠨ᠎ᠠ᠃ | ᠨᠢᠭᠡ ᠳᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠰᠤᠷᠭᠠᠭᠤᠯᠢ ᠳᠤ ᠭᠤᠸ᠎ᠠ | ᠰᠠᠶᠢᠬᠠᠨ ᠤ ᠬᠥᠮᠦᠵᠢᠯ ᠢ ᠠᠭᠤᠰᠬᠠᠬᠤ ᠠᠵᠢᠯᠯᠠᠭ᠎ᠠ ᠶᠢ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠤ | ᠣᠷᠣᠭᠤᠯᠵᠤ᠂ ᠳᠦᠷᠢᠮ ᠤᠨ ᠪᠠᠲᠤᠯᠠᠭ᠎ᠠ ᠶᠢ ᠲᠡᠭᠦᠯᠳᠡᠷᠵᠢᠭᠦᠯᠦᠨ᠂ ᠨᠢᠭᠡᠳᠦᠯᠲᠡᠢ ᠲᠥᠯᠥᠪᠵᠢᠭᠦᠯᠦᠨ | ᠵᠣᠬᠢᠴᠠᠭᠤᠯᠬᠤ ᠶᠢ ᠴᠢᠩᠭᠠᠳᠬᠠᠵᠤ᠂ ᠬᠢᠨᠠᠨ ᠵᠢᠯᠣᠭᠤᠳᠴᠤ ᠦᠨᠡᠯᠡᠨ ᠵᠢᠱᠢᠬᠦ ᠶᠢ ᠴᠢᠩᠭᠠᠷᠠᠭᠤᠯᠤᠨ᠂ ᠲᠡᠭᠦᠨ ᠢ | ᠰᠤᠷᠭᠠᠭᠤᠯᠢ ᠶᠢ ᠦᠨᠡᠯᠡᠨ ᠰᠢᠯᠭᠠᠬᠤ ᠴᠢᠬᠤᠯᠠ ᠠᠭᠤᠯᠭ᠎ᠠ ᠪᠣᠯᠭᠠᠬᠤ ᠬᠡᠷᠡᠭᠲᠡᠢ ᠭᠡᠵᠦ ᠱᠠᠭᠠᠷᠳᠠᠪᠠ᠃ ᠰᠤᠷᠭᠠᠨ | ᠬᠥᠮᠦᠵᠢᠯ ᠤᠨ ᠰᠠᠯᠠᠭ᠎ᠠ ᠮᠥᠴᠢᠷ ᠪᠣᠯᠤᠨ ᠡᠯ᠎ᠡ ᠰᠤᠷᠭᠠᠭᠤᠯᠢ ᠶᠢᠨ ᠬᠢᠨ ᠭᠤᠸ᠎ᠠ ᠰᠠᠶᠢᠬᠠᠨ ᠤ ᠬᠥᠮᠦᠵᠢᠯ ᠤᠨ | ᠠᠵᠢᠯ ᠤᠨ ᠥᠪᠡᠷ ᠤᠨ ᠦᠨᠡᠯᠡᠯᠲᠡ ᠪᠠ ᠵᠢᠯ ᠤᠨ ᠮᠡᠳᠡᠭᠦᠯᠦᠯᠲᠡ ᠶᠢᠨ ᠳᠦᠷᠢᠮ ᠢ ᠬᠡᠷᠡᠭᠵᠢᠭᠦᠯᠵᠦ᠂ ᠳᠤᠮᠳᠠᠳᠤ | ᠤᠯᠤᠰ ᠤᠨ ᠣᠨᠴᠠᠯᠢᠭ ᠲᠠᠢ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠦᠨᠡᠯᠡᠯᠲᠡ ᠶᠢᠨ ᠳᠦᠷᠢᠮ ᠢ | ᠬᠠᠶᠢᠨ ᠰᠦᠪᠡᠭᠴᠢᠯᠡᠨ᠎ᠡ᠃ | ᠬᠤᠶᠠᠷ ᠲᠤ᠂ ᠨᠥᠬᠦᠴᠡᠯ ᠤᠨ ᠪᠠᠲᠤᠯᠠᠭ᠎ᠠ ᠶᠢ ᠴᠢᠩᠭᠠᠳᠬᠠᠨ᠎ᠠ᠃ ᠡᠯ᠎ᠡ ᠭᠠᠵᠠᠷ ᠤᠨ ᠪᠡᠯᠡ | ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠠᠵᠢᠯ ᠢ | ᠳᠡᠮᠵᠢᠨ᠂ ᠶᠡᠭᠡ ᠳᠡᠭᠡᠳᠦ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠳᠤ ᠲᠤᠰᠬᠠᠢ ᠵᠠᠷᠤᠳᠠᠯ ᠭᠠᠷᠭᠠᠬᠤ ᠶᠢ | ᠵᠣᠷᠢᠭᠵᠢᠭᠤᠯᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠵᠠᠷᠤᠳᠠᠯ ᠤᠨ ᠪᠡᠯᠡ ᠣᠷᠣᠭᠤᠯᠤᠯᠲᠠ ᠶᠢᠨ ᠡᠷᠴᠢᠮ ᠢ | ᠴᠢᠩᠭᠠᠷᠠᠭᠤᠯᠤᠨ᠎ᠠ᠃ ᠦᠨᠳᠦᠰᠦᠨ ᠤᠷᠠᠯᠢᠭ ᠤᠨ ᠲᠠᠯᠠᠪᠤᠷ ᠤᠨ ᠪᠡᠯᠡᠳᠬᠡᠮᠵᠢ ᠪᠠ ᠪᠠᠭᠠᠵᠢ ᠬᠡᠷᠡᠭᠰᠡᠯ ᠢ ᠪᠠᠲᠤᠯᠠᠵᠤ᠂ | ᠨᠡᠶᠢᠭᠡᠮ ᠤᠨ ᠭᠤᠸ᠎ᠠ ᠰᠠᠶᠢᠬᠠᠨ ᠤ ᠬᠥᠮᠦᠵᠢᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠦᠨ᠎ᠡ᠃ | ᠭᠤᠷᠪᠠ ᠳᠤ᠂ ᠤᠬᠠᠭᠤᠯᠤᠨ ᠳᠡᠯᠭᠡᠷᠡᠭᠦᠯᠬᠦ ᠶᠢ ᠴᠢᠩᠭᠠᠳᠬᠠᠨ᠎ᠠ᠃ ᠡᠯ᠎ᠡ ᠭᠠᠵᠠᠷ ᠤᠨ ᠡᠯ᠎ᠡ | ᠰᠤᠷᠭᠠᠭᠤᠯᠢ ᠶᠢᠨ ᠬᠢᠨ ᠰᠤᠷᠭᠠᠭᠤᠯᠢ ᠳᠤ ᠭᠤᠸ᠎ᠠ ᠰᠠᠶᠢᠬᠠᠨ ᠤ ᠬᠥᠮᠦᠵᠢᠯ ᠢ ᠠᠭᠤᠰᠬᠠᠬᠤ ᠠᠵᠢᠯᠯᠠᠭ᠎ᠠ ᠶᠢᠨ | ᠰᠢᠨ᠎ᠡ ᠶᠢ ᠡᠭᠦᠳᠴᠦ ᠭᠦᠨᠵᠡᠭᠡᠶᠢᠷᠡᠭᠦᠯᠬᠦ ᠪᠦᠲᠦᠮᠵᠢᠲᠡᠢ ᠠᠷᠭ᠎ᠠ ᠵᠠᠮ ᠢ ᠰᠦᠪᠡᠭᠴᠢᠯᠡᠵᠦ᠂ ᠤᠬᠠᠭᠤᠯᠤᠨ ᠳᠡᠯᠭᠡᠷᠡᠭᠦᠯᠬᠦ | ᠡᠷᠴᠢᠮ ᠢ ᠴᠢᠩᠭᠠᠷᠠᠭᠤᠯᠤᠨ᠂ ᠨᠡᠶᠢᠭᠡᠮ ᠤᠨ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠵᠤ᠂ | ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠢ ᠬᠠᠮᠲᠤ ᠳᠤ ᠪᠠᠨ ᠠᠩᠬᠠᠷᠤᠨ ᠳᠡᠮᠵᠢᠬᠦ ᠰᠠᠶᠢᠨ ᠰᠠᠶᠢᠬᠠᠨ | ᠣᠷᠴᠢᠨ ᠪᠠ ᠭᠦᠨ ᠵᠤᠵᠠᠭᠠᠨ ᠠᠭᠤᠷ ᠠᠮᠢᠰᠬᠤᠯ ᠢ ᠪᠣᠢ ᠪᠣᠯᠭᠠᠬᠤ ᠬᠡᠷᠡᠭᠲᠡᠢ ᠭᠡᠵᠦ ᠱᠠᠭᠠᠷᠳᠠᠪᠠ᠃ | | |