ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ | ᠵᠠᠰᠠᠭ ᠤᠨ ᠲᠢᠩᠬᠢᠮ ᠤᠨ ︽2024 ᠣᠨ ᠤ ᠳᠡᠭᠡᠳᠦ ᠤᠷ᠎ᠠ ᠴᠢᠳᠠᠪᠤᠷᠢᠲᠤ ᠴᠢᠳᠠᠪᠤᠷᠢᠲᠠᠨ ᠢ ᠪᠣᠯᠪᠠᠰᠤᠷᠠᠭᠤᠯᠬᠤ | ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠠ ᠤᠷ᠎ᠠ ᠴᠢᠳᠠᠪᠤᠷᠢᠲᠤ ᠪᠠᠭᠰᠢ ᠶᠢᠨ | ᠠᠵᠢᠯᠯᠠᠬᠤ ᠲᠠᠰᠤᠭ ᠤᠨ ᠪᠠᠶᠢᠭᠤᠯᠤᠯᠲᠠ ᠶᠢᠨ ᠲᠥᠷᠥᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠲᠤᠬᠠᠢ | ᠮᠡᠳᠡᠭᠳᠡᠯ︾ ︵ᠥᠪᠥᠷ ᠬᠥᠮᠦᠨ ᠤ ᠬᠦᠴᠦᠨ ᠲᠠᠷᠬᠠᠭᠠᠭᠰᠠᠨ ﹇2024﹈ 205 ᠳ᠋ᠤᠭᠠᠷ ᠲᠣᠭᠠᠲᠤ︶ ᠤᠨ | ᠱᠠᠭᠠᠷᠳᠠᠯᠭ᠎ᠠ ᠶᠢ ᠦᠨᠳᠦᠰᠦᠯᠡᠨ᠂ ᠰᠤᠷᠭᠠᠭᠤᠯᠢ ᠠᠴᠠ ᠲᠠᠨᠢᠯᠴᠠᠭᠤᠯᠬᠤ ᠪᠠ ᠬᠤᠷᠠᠯ ᠢᠶᠠᠷ ᠰᠤᠳᠤᠯᠬᠤ ᠪᠠᠷ ᠳᠠᠮᠵᠢᠨ᠂ | ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ 2024 ᠣᠨ ᠤ ᠤᠯᠤᠰ ᠤᠨ ᠳᠡᠰ ᠤᠨ ᠪᠠ | ᠥᠪᠡᠷᠲᠡᠭᠡᠨ ᠵᠠᠰᠠᠬᠤ ᠣᠷᠣᠨ ᠤ ᠳᠡᠰ ᠤᠨ ᠲᠠᠨᠢᠯᠴᠠᠭᠤᠯᠬᠤ ᠪᠠᠷ ᠪᠠᠶᠢᠭ᠎ᠠ ᠤᠷ᠎ᠠ ᠴᠢᠳᠠᠪᠤᠷᠢᠲᠤ ᠪᠠᠭᠰᠢ ᠶᠢᠨ | ᠠᠵᠢᠯᠯᠠᠬᠤ ᠲᠠᠰᠤᠭ ᠢ ᠪᠠᠶᠢᠭᠤᠯᠬᠤ ᠲᠥᠷᠥᠯ ᠵᠦᠢᠯ ᠤᠨ ᠨᠡᠷᠡᠰ ᠢ ᠲᠣᠭᠲᠠᠭᠠᠵᠤ᠂ ᠡᠳᠦᠭᠡ ᠢᠯᠡ ᠨᠡᠶᠢᠲᠡᠯᠡᠪᠡ᠃ | ᠢᠯᠡ ᠨᠡᠶᠢᠲᠡᠯᠡᠬᠦ ᠴᠠᠭ᠄ 2024 ᠣᠨ ᠤ 1 ᠰᠠᠷ᠎ᠠ ᠶᠢᠨ 23-1 ᠰᠠᠷ᠎ᠠ ᠶᠢᠨ 29 ᠤ ᠡᠳᠦᠷ᠃ ᠨᠢᠭᠡᠴᠢ ᠪᠠ | ᠬᠤᠪᠢ ᠬᠥᠮᠦᠨ ᠢᠷᠡᠬᠦ᠂ ᠵᠠᠬᠢᠳᠠᠯ ᠢᠷᠡᠭᠦᠯᠬᠦ᠂ ᠤᠲᠠᠰᠤ ᠢᠷᠡᠭᠦᠯᠬᠦ ᠵᠡᠷᠭᠡ ᠬᠡᠯᠪᠡᠷᠢ ᠪᠠᠷ ᠳᠡᠭᠡᠷ᠎ᠡ ᠳᠤᠷᠠᠳᠤᠭᠰᠠᠨ | ᠢᠯᠡ ᠨᠡᠶᠢᠲᠡᠯᠡᠭᠰᠡᠳ ᠤᠨ ᠬᠤᠯᠪᠣᠭᠳᠠᠯ ᠪᠦᠬᠦᠢ ᠪᠠᠶᠢᠳᠠᠯ ᠪᠠ ᠠᠰᠠᠭᠤᠳᠠᠯ ᠢ ᠲᠤᠰᠬᠠᠵᠤ ᠪᠣᠯᠤᠨ᠎ᠠ᠃ ᠲᠤᠰᠬᠠᠭᠰᠠᠨ | ᠠᠰᠠᠭᠤᠳᠠᠯ ᠢ ᠪᠠᠶᠢᠴᠠᠭᠠᠨ ᠬᠢᠨᠠᠬᠤ ᠳᠤ ᠳᠥᠭᠦᠮ ᠦᠵᠡᠭᠦᠯᠬᠦ ᠶᠢᠨ ᠲᠥᠯᠥᠭᠡ᠂ ᠠᠰᠠᠭᠤᠳᠠᠯ ᠢ ᠲᠤᠰᠬᠠᠬᠤ ᠦᠶ᠎ᠡ ᠳᠤ | ᠬᠤᠯᠪᠣᠭᠳᠠᠯ ᠪᠦᠬᠦᠢ ᠰᠦᠪᠡᠭᠴᠢ ᠶᠢ ᠬᠠᠩᠭᠠᠬᠤ ᠶᠢᠨ ᠬᠠᠮᠲᠤ ᠲᠤᠰ ᠬᠥᠮᠦᠨ ᠤ ᠦᠨᠡᠨ ᠣᠪᠣᠭ ᠨᠡᠷ᠎ᠡ᠂ ᠬᠠᠷᠢᠯᠴᠠᠬᠤ | ᠠᠷᠭ᠎ᠠ ᠮᠠᠶ᠋ᠢᠭ ᠪᠠ ᠠᠵᠢᠯᠯᠠᠵᠤ ᠪᠠᠶᠢᠭ᠎ᠠ ᠨᠢᠭᠡᠴᠢ ᠵᠡᠷᠭᠡ ᠮᠡᠳᠡᠭᠡ ᠵᠠᠩᠭᠢ ᠶᠢ ᠬᠠᠩᠭᠠᠵᠤ᠂ ᠪᠢᠳᠡ ᠠᠵᠢᠯ ᠤᠨ ᠰᠠᠬᠢᠯᠭ᠎ᠠ | ᠪᠠᠲᠤ ᠶᠢ ᠴᠢᠩᠭ᠎ᠠ ᠵᠢᠷᠤᠮᠯᠠᠨ᠂ ᠨᠢᠭᠤᠴᠠ ᠶᠢ ᠬᠠᠮᠠᠭᠠᠯᠠᠬᠤ ᠡᠭᠦᠷᠭᠡ ᠪᠠᠨ ᠭᠦᠢᠴᠡᠳᠬᠡᠵᠦ᠂ ᠬᠢᠨᠠᠨ ᠪᠠᠶᠢᠴᠠᠭᠠᠭᠰᠠᠨ | ᠪᠠᠶᠢᠳᠠᠯ ᠢ ᠳᠠᠷᠤᠢ ᠳᠤ ᠨᠢ ᠬᠠᠷᠢᠭᠤ ᠪᠤᠴᠠᠭᠠᠨ᠎ᠠ᠃ | ᠬᠠᠶ᠋ᠢᠭ᠄ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠳ᠋ᠢᠩ ᠰᠢᠶᠠᠩ ᠵᠠᠮ ᠤᠨ 5 ᠳ᠋ᠤᠭᠠᠷ ᠨᠣᠮᠧᠷ | ᠰᠢᠤᠳᠠᠨ ᠨᠣᠮᠧᠷ᠄ 010011 | ᠬᠠᠷᠢᠯᠴᠠᠬᠤ ᠤᠲᠠᠰᠤ᠄ 0471 - 2856822 | ᠢᠮᠧᠯ᠄ nmgjytjsgzc@126.com | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ | 2024 ᠣᠨ ᠤ 1 ᠰᠠᠷ᠎ᠠ ᠶᠢᠨ 23 ᠤ ᠡᠳᠦᠷ | | | | | | | |