1 ᠰᠠᠷ᠎ᠠ ᠶᠢᠨ 30 ᠤ ᠡᠳᠦᠷ ᠤᠨ ᠦᠳᠡ ᠶᠢᠨ ᠡᠮᠦᠨ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠬᠤᠶᠠᠳᠤᠭᠠᠷ ᠬᠤᠷᠠᠯ ᠬᠥᠬᠡᠬᠤᠲᠠ ᠳᠤ ᠡᠬᠢᠯᠡᠪᠡ᠃ | ᠬᠤᠷᠠᠯ ᠤᠨ ᠲᠠᠯᠠᠪᠠᠢ ᠶᠢᠨ ᠪᠠᠶᠢᠷᠢᠯᠠᠭᠤᠯᠤᠯᠲᠠ ᠳᠥᠭᠦᠮ ᠪᠥᠭᠡᠳ ᠪᠣᠷᠣᠭᠵᠢᠭᠤᠨ᠂ ᠠᠭᠤᠷ ᠠᠮᠢᠰᠬᠤᠯ ᠲᠥᠪ | ᠴᠢᠩᠭ᠎ᠠ ᠪᠥᠭᠡᠳ ᠬᠦᠷ ᠬᠥᠭᠵᠢᠶᠡᠨ ᠲᠠᠢ ᠪᠠᠶᠢᠯ᠎ᠠ᠃ ᠪᠥᠬᠦ ᠣᠷᠣᠨ ᠤ ᠡᠯ᠎ᠡ ᠭᠠᠵᠠᠷ᠂ ᠡᠯ᠎ᠡ ᠹᠷᠣᠨᠲ ᠠᠴᠠ | ᠢᠷᠡᠭᠰᠡᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢᠳ ᠶᠡᠭᠡ ᠬᠤᠷᠠᠯ ᠳᠤ ᠣᠷᠣᠯᠴᠠᠵᠤ᠂ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠣᠯᠭᠤᠭᠰᠠᠨ | ᠠᠷᠢᠭᠤᠨ ᠳᠠᠷᠬᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ᠎ᠡ᠃ | | | | | | 1 ᠰᠠᠷ᠎ᠠ ᠶᠢᠨ 30 ᠤ ᠡᠳᠦᠷ ᠤᠨ ᠦᠳᠡ ᠶᠢᠨ ᠡᠮᠦᠨ᠎ᠡ᠂ ᠶᠡᠭᠡ ᠬᠤᠷᠠᠯ ᠤᠨ ᠲᠡᠷᠢᠭᠦᠯᠡᠭᠴᠢᠳ ᠤᠨ | ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠬᠡᠭᠴᠢ ᠲᠡᠷᠢᠭᠦᠯᠡᠭᠴᠢ ᠰᠦᠨ ᠱᠣᠤ ᠴᠧᠩ ᠶᠡᠭᠡ ᠬᠤᠷᠠᠯ ᠢ | ᠡᠷᠭᠢᠯᠡᠪᠡ᠃ | ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠭᠡᠭᠴᠢ | ᠲᠡᠷᠢᠭᠦᠯᠡᠭᠴᠢ ᠰᠦᠨ ᠱᠤᠤ ᠴᠧᠩ ᠶᠡᠭᠡ ᠬᠤᠷᠠᠯ ᠢ ᠡᠷᠬᠢᠯᠡᠪᠡ᠃ ᠶᠡᠭᠡ ᠬᠤᠷᠠᠯ ᠤᠨ ᠲᠡᠷᠢᠭᠦᠯᠡᠭᠴᠢᠳ ᠤᠨ | ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠭᠡᠭᠴᠢ ᠲᠡᠷᠢᠭᠦᠯᠡᠭᠴᠢ ᠯᠢᠨ ᠱᠤᠤ ᠴᠦᠨ᠂ ᠵᠠᠩ ᠱᠤᠤ | ᠴᠦᠨ᠂ ᠳ᠋ᠤᠸᠠᠨ ᡁᠢ ᠴᠢᠶᠠᠩ᠂ ᠠᠢ ᠯᠢ ᠬᠤᠸᠠ᠂ ᠯᠢ ᠪᠢᠩ ᠷᠦᠩ᠂ ᠦ᠋ ᠶᠠᠨ ᠭᠠᠩ᠂ ᠱᠢ ᠸᠧᠨ ᠰᠢᠤᠸᠠᠢ | ᠲᠡᠷᠢᠭᠦᠯᠡᠭᠴᠢᠳ ᠤᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃ | ᠸᠠᠩ ᠯᠢ ᠰᠢᠶᠠ᠂ ᠵᠠᠩ ᠶᠠᠨ ᠺᠦᠨ᠂ ᠶᠠᠩ ᠸᠧᠢ ᠳ᠋ᠦᠩ᠂ ᠯᠢᠦ ᠱᠤᠸᠠᠩ᠂ ᠪᠣᠣ ᠭᠠᠩ᠂ ᠵᠧᠩ ᠬᠤᠩ | ᠹᠠᠨ᠂ ᠳ᠋ᠢᠩ ᠰᠢᠤ ᠹᠧᠩ᠂ ᠮᠧᠩ ᠰᠢᠶᠠᠨ ᠳ᠋ᠦᠩ᠂ ᠶᠠᠩ ᠰᠢᠶᠣᠣ ᠺᠠᠩ᠂ ᠬᠤᠸᠠᠩ ᡁᠢ ᠴᠢᠶᠠᠩ᠂ ᠯᠢ ᠢᠦᠢ ᠭᠠᠩ᠂ | ᠬᠦᠦᠳᠠᠭᠤᠯᠠ᠂ ᠢᠦᠢ ᠯᠢ ᠰᠢᠨ᠂ ᠴᠧᠨ ᠯᠢᠶᠠᠨ ᠪᠢᠩ᠂ ᠴᠢ᠊ ᠪᠠᠲᠤ᠂ ᠪᠦᠦ ᠰᠢᠶᠠᠨ ᠬᠤᠸᠠ᠂ ᠵᠧᠩ ᠭᠤᠸᠠᠩ | ᠵᠤᠤ᠂ ᠶᠣᠣ ᠶᠦᠩ ᠪᠥᠸᠧ᠂ ᠳᠠᠶᠢᠴᠢᠨ᠂ ᠶᠠᠩ ᠶᠢᠨ᠂ ᠪᠠᠢ ᠴᠢᠩ ᠶᠤᠸᠠᠨ᠂ ᠯᠥᠸᠧ ᡁᠢ ᠬᠤ᠋᠂ ᠸᠧᠢ ᠭᠦᠸᠧ | ᠨᠠᠨ᠂ ᠠᠨ ᠷᠦᠨ ᠱᠧᠩ᠂ ᠵᠠᠩ ᠯᠧᠢ᠂ ᠵᠠᠩ ᠪᠠᠢ ᠴᠧᠩ᠂ ᠶᠠᠩ ᠵᠢᠶᠧ᠂ ᠰᠦᠨ ᠵᠢᠶᠦ᠋ᠨ ᠴᠢᠩ᠂ ᠶᠠᠩ ᠭᠦᠸᠧ | ᠠᠨ᠂ ᠸᠠᠩ ᠰᠢᠤᠸᠠᠢ ᠦ᠋᠂ ᠶᠠᠩ ᠽᠥᠩ ᠷᠧᠨ᠂ ᠯᠢ ᠶᠦᠩ ᠵᠢᠶᠦ᠋ᠨ᠂ ᠴᠧᠨ ᠯᠦ ᠱᠧᠩ᠂ ᠵᠠᠩ ᠵᠢᠶᠦ᠋ᠨ ᠨᠠᠷ | ᠲᠡᠷᠢᠭᠦᠯᠡᠭᠴᠢᠳ ᠤᠨ ᠲᠠᠶᠢᠰᠠᠨ ᠳᠤ ᠰᠠᠭᠠᠲᠠᠪᠠ᠃ | ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠳᠤ ᠣᠷᠣᠯᠴᠠᠬᠤ ᠶᠣᠰᠣᠲᠠᠢ ᠲᠥᠯᠥᠭᠡᠯᠡᠭᠴᠢ 540 | ᠬᠥᠮᠥᠨ ᠪᠣᠢ᠃ ᠲᠤᠰ ᠤᠳᠠᠭ᠎ᠠ ᠶᠢᠨ ᠪᠦᠬᠦᠳᠠ ᠬᠤᠷᠠᠯ ᠳᠤ 526 ᠲᠥᠯᠥᠭᠡᠯᠡᠭᠴᠢ ᠣᠷᠣᠯᠴᠠᠵᠤ᠂ ᠬᠠᠤᠯᠢ ᠳᠤ | ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠪᠡ᠃ | ᠦᠳᠡ ᠶᠢᠨ ᠡᠮᠦᠨᠡᠬᠢ 9 ᠴᠠᠭ ᠲᠤ᠂ ᠰᠦᠨ ᠱᠣᠤ ᠴᠧᠩ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠬᠤᠶᠠᠳᠤᠭᠠᠷ ᠬᠤᠷᠠᠯ ᠡᠬᠢᠯᠡᠯ᠎ᠡ ᠭᠡᠵᠦ ᠲᠤᠩᠬᠠᠭᠯᠠᠪᠠ᠃ ᠪᠦᠭᠦᠳᠡᠭᠡᠷ ᠢᠶᠠᠨ ᠪᠣᠰᠴᠤ ᠵᠣᠭᠰᠣᠨ ᠤᠯᠤᠰ ᠤᠨ ᠰᠦᠯᠳᠡ | ᠳᠠᠭᠤᠤ ᠶᠢ ᠬᠠᠩᠭᠢᠨᠠᠲᠠᠯ᠎ᠠ ᠳᠠᠭᠤᠯᠠᠵᠠᠭᠠᠪᠠ᠃ | | | | | | 1 ᠰᠠᠷ᠎ᠠ ᠶᠢᠨ 30 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ | ᠸᠠᠩ ᠯᠢ ᠰᠢᠶᠠ ᠶᠡᠭᠡ ᠬᠤᠷᠠᠯ ᠳᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠬᠢᠪᠡ᠃ | | | | | | 1 ᠰᠠᠷ᠎ᠠ ᠶᠢᠨ 30 ᠤ ᠦᠳᠡ ᠶᠢᠨ ᠡᠮᠦᠨ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ | ᠬᠤᠷᠠᠯ ᠭᠦᠭᠡᠬᠤᠲᠠ ᠳᠤ ᠡᠬᠢᠯᠡᠪᠡ᠃ | | | ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠶᠡᠭᠡ ᠬᠤᠷᠠᠯ ᠳᠤ ᠵᠠᠰᠠᠭ ᠤᠨ ᠣᠷᠳᠣᠨ ᠤ | ᠠᠵᠢᠯ ᠤᠨ ᠢᠯᠡᠳᠬᠡᠯ ᠬᠢᠵᠡᠢ᠃ | ᠸᠠᠩ ᠯᠢ ᠰᠢᠶᠠ᠂ 2023 ᠣᠨ ᠪᠣᠯ ᠥᠪᠥᠷ ᠮᠣᠩᠭᠤᠯ ᠤᠨ ᠬᠥᠭᠵᠢᠯᠲᠡ ᠶᠢᠨ ᠲᠡᠦᠬᠡᠨ ᠳᠡᠭᠡᠷᠡᠬᠢ ᠬᠥᠰᠢᠶ᠎ᠡ | ᠳᠤᠷᠠᠰᠬᠠᠯ ᠤᠨ ᠠᠴᠢ ᠬᠤᠯᠪᠣᠭᠳᠠᠯ ᠲᠠᠢ ᠨᠢᠭᠡ ᠵᠢᠯ ᠪᠣᠯᠣᠨ᠎ᠠ᠃ ᠶᠡᠷᠦᠩᠬᠡᠢ ᠱᠦᠵᠢ ᠰᠢ ᠶᠢᠨ ᠫᠢᠩ ᠳᠠᠬᠢᠨᠲᠠ ᠮᠠᠨ ᠤ | ᠣᠷᠣᠨ ᠳᠤ ᠰᠢᠨᠵᠢᠯᠡᠨ ᠪᠠᠶᠢᠴᠠᠭᠠᠵᠤ᠂ ᠪᠢᠳᠡᠨ ᠳᠤ ᠯᠤᠲᠤ ᠶᠡᠭᠡ ᠤᠯᠤᠰ ᠲᠥᠷᠥ ᠶᠢᠨ ᠬᠠᠶᠢᠷ᠎ᠠ ᠬᠠᠯᠠᠮᠵᠢᠯᠠᠯ ᠪᠠ | ᠡᠷᠬᠢᠮ ᠨᠠᠨᠳᠢᠨ ᠬᠥᠭᠵᠢᠯᠲᠡ ᠶᠢᠨ ᠠᠵᠠ ᠲᠣᠭᠢᠶᠠᠯ ᠣᠯᠭᠤᠪᠠ᠃ ᠲᠥᠷᠥ ᠶᠢᠨ ᠶᠠᠪᠤᠳᠠᠯ ᠤᠨ ᠬᠤᠷᠢᠶ᠎ᠠ ᠥᠪᠥᠷ | ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠰᠠᠨᠠᠯ ᠨᠡᠶᠢᠲᠡᠯᠡᠵᠦ᠂ ᠪᠢᠳᠡᠨ ᠤ ᠲᠠᠪᠤᠨ ᠶᠡᠭᠡ ᠡᠭᠦᠷᠭᠡ ᠶᠢ | ᠨᠠᠩ ᠰᠠᠶᠢᠲᠤᠷ ᠪᠡᠶᠡᠯᠡᠭᠦᠯᠬᠦ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠪᠡ᠃ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ | ᠦᠨᠡᠨ ᠰᠡᠳᠬᠢᠯ ᠠᠴᠠ ᠪᠠᠨ ᠨᠠᠮ ᠤᠨ ᠠᠴᠢ ᠳᠤ ᠲᠠᠯᠠᠷᠬᠠᠨ ᠨᠠᠮ ᠤᠨ ᠦᠭᠡ ᠶᠢ ᠰᠣᠨᠣᠰᠴᠤ᠂ ᠶᠡᠷᠦᠩᠬᠡᠢ ᠱᠦᠵᠢ | ᠰᠢ ᠶᠢᠨ ᠫᠢᠩ ᠢ ᠨᠢᠭᠲᠠ ᠲᠠᠭᠠᠨ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠠᠵᠢᠯ ᠤᠨ ᠭᠤᠣᠯ ᠰᠢᠵᠢᠮ | ᠢ ᠪᠠᠲᠤ ᠡᠵᠡᠮᠳᠡᠵᠦ᠂ ᠴᠢᠨᠠᠷ ᠰᠠᠶᠢᠲᠠᠢ ᠬᠥᠭᠵᠢᠯᠲᠡ ᠭᠡᠬᠦ ᠡᠨᠡ ᠬᠦ ᠲᠡᠷᠢᠭᠦᠨ ᠴᠢᠬᠤᠯᠠ ᠡᠭᠦᠷᠭᠡ ᠲᠠᠢ ᠨᠢᠭᠲᠠ | ᠤᠶᠠᠯᠳᠤᠭᠤᠯᠵᠤ᠂ ᠭᠤᠣᠯ ᠪᠤᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠨᠡᠮᠡᠭᠳᠡᠯ ᠤᠨ ᠬᠤᠷᠳᠤᠴᠠ ᠪᠦᠭᠦ | ᠤᠯᠤᠰ ᠤᠨ ᠡᠮᠦᠨ᠎ᠡ ᠡᠩᠨᠡᠭᠡᠨ ᠳᠤ ᠣᠷᠣᠬᠤ ᠶᠢ ᠠᠬᠢᠭᠤᠯᠵᠤ᠂ ᠤᠯᠤᠰ ᠤᠨ ᠡᠨᠧᠷᠭᠢ ᠪᠠ ᠠᠮᠤ ᠪᠤᠳᠠᠭᠠᠨ ᠤ ᠠᠮᠤᠷ | ᠲᠦᠪᠰᠢᠨ ᠢ ᠪᠠᠲᠤᠯᠠᠬᠤ ᠴᠢᠳᠠᠪᠤᠷᠢ ᠶᠢ ᠢᠯᠡᠳᠲᠡ ᠴᠢᠩᠭᠠᠷᠠᠭᠤᠯᠵᠤ᠂ ︽ᠤᠮᠠᠷᠠᠲᠤ ᠶᠢᠨ ᠭᠤᠷᠪᠠᠨ ᠣᠷᠣᠨ︾ ᠤ | ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠪᠦᠭᠦ ᠲᠠᠯ᠎ᠠ ᠪᠠᠷ ᠡᠬᠢᠯᠡᠵᠦ᠂ ᠬᠥᠭᠵᠢᠯᠲᠡ ᠶᠢᠨ ᠶᠠᠰᠤ | ᠴᠢᠨᠠᠷ ᠦᠷ᠎ᠡ ᠠᠰᠢᠭ ᠴᠢᠨᠠᠭᠰᠢᠳᠠ ᠳᠡᠭᠡᠭᠰᠢᠯᠡᠵᠦ᠂ ᠡᠯ᠎ᠡ ᠠᠶᠢᠮᠠᠭ ᠬᠤᠲᠠ ᠶᠢᠨ ᠬᠢᠨ ᠠᠳᠠᠯᠢᠳᠬᠠᠨ ᠰᠤᠷᠤᠯᠴᠠᠵᠤ | ᠨᠡᠬᠡᠨ ᠳᠠᠪᠠᠵᠤ᠂ ᠬᠥᠭᠵᠢᠬᠦ ᠪᠠᠷ ᠬᠦᠴᠦᠯᠡᠨ ᠴᠢᠷᠮᠠᠶᠢᠵᠤ᠂ ᠪᠦᠭᠦ ᠵᠢᠯ ᠤᠨ ᠬᠠᠷᠠᠯᠲᠠ ᠡᠭᠦᠷᠭᠡ ᠪᠠᠨ ᠲᠡᠭᠦᠰ | ᠠᠮᠵᠢᠯᠲᠠ ᠲᠠᠢ ᠪᠡᠶᠡᠯᠡᠭᠦᠯᠵᠦ᠂ ᠨᠢᠭᠡᠨ ᠬᠤᠪᠢ ᠭᠢᠯᠪᠠᠷ ᠪᠤᠰᠤ ᠪᠠᠷ ᠣᠯᠣᠭᠰᠠᠨ ᠬᠢᠷᠢ ᠪᠦᠲᠦᠮᠵᠢ ᠶᠢᠨ | ᠬᠠᠭᠤᠳᠠᠰᠤ ᠶᠢ ᠲᠤᠰᠢᠶᠠᠵᠠᠢ ᠭᠡᠪᠡ᠃ | ᠸᠠᠩ ᠯᠢ ᠰᠢᠶᠠ᠂ ᠣᠳᠣᠬᠠᠨ ᠳᠤ᠂ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ | ᠬᠠᠨᠳᠤᠰᠢ ᠮᠠᠰᠢ ᠰᠠᠶᠢᠨ ᠪᠠᠶᠢᠵᠤ᠂ ᠡᠶᠢᠮᠦ ᠠᠵᠠ ᠲᠣᠭᠢᠶᠠᠯ ᠣᠯᠳᠠᠬᠤᠶ᠎ᠠ ᠪᠡᠷᠬᠡ ᠶᠤᠮ᠃ ᠶᠡᠷᠦᠩᠬᠡᠢ ᠱᠦᠵᠢ | ᠰᠢ ᠶᠢᠨ ᠫᠢᠩ ᠤᠨ ᠴᠢᠩ ᠰᠡᠳᠬᠢᠯ ᠤᠨ ᠬᠦᠰᠡᠯ ᠨᠠᠶᠢᠳᠠᠯᠭ᠎ᠠ ᠪᠣᠯᠣᠨ ᠨᠠᠮ ᠤᠨ ᠲᠥᠪ ᠬᠤᠷᠢᠶ᠎ᠠ ᠶᠢᠨ ᠬᠠᠯᠠᠮᠵᠢᠯᠠᠯ | ᠳᠡᠮᠵᠢᠯᠭᠡ ᠪᠣᠯ ᠪᠢᠳᠡᠨ ᠤ ᠡᠷᠡᠮᠡᠬᠡᠶᠢᠯᠡᠨ ᠤᠷᠤᠭᠰᠢᠯᠠᠬᠤ ᠶᠢᠨ ᠬᠠᠮᠤᠭ ᠤᠨ ᠶᠡᠭᠡ ᠬᠥᠳᠡᠯᠭᠡᠬᠦ ᠬᠦᠴᠦᠨ ᠮᠥᠨ᠂ | ᠪᠢᠳᠡ ᠬᠤᠪᠢ ᠳᠠᠭᠢᠨ ᠢᠶᠠᠷ ᠨᠠᠨᠳᠢᠩᠨᠠᠵᠤ᠂ ᠠᠴᠢ ᠡᠨᠡᠷᠢᠯ ᠳᠤᠨᠢ ᠲᠠᠯᠠᠷᠬᠠᠨ ᠡᠷᠡᠮᠡᠬᠡᠶᠢᠯᠡᠨ ᠤᠷᠤᠭᠰᠢᠯᠠᠬᠤ ᠭᠡᠷᠡᠭᠲᠡᠢ︔ | ᠡᠨᠡ ᠬᠤᠶᠠᠷ ᠵᠢᠯ ᠳᠤ ᠮᠠᠨ ᠤ ᠣᠷᠣᠨ ᠤ ᠬᠥᠭᠵᠢᠯᠲᠡ ᠶᠢᠨ ᠭᠠᠯᠲᠤ ᠲᠡᠷᠭᠡ ᠬᠤᠷᠳᠤ ᠨᠡᠮᠡᠨ ᠳᠠᠪᠬᠢᠭᠰᠠᠨ ᠨᠢ ᠮᠠᠰᠢ | ᠭᠢᠯᠪᠠᠷ ᠪᠤᠰᠤ ᠶᠤᠮ᠂ ᠪᠢᠳᠡ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠤᠳᠠᠭᠠᠰᠢᠷᠠᠵᠤ ᠪᠤᠯᠬᠤ ᠥᠭᠡᠶ︔ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ | ᠴᠢᠷᠮᠠᠶᠢᠯᠭ᠎ᠠ ᠭᠠᠷᠭᠠᠬᠤ ᠶᠢ ᠤᠷᠮᠠᠰᠢᠭᠤᠯᠤᠨ ᠵᠣᠷᠢᠭᠵᠢᠭᠤᠯᠬᠤ ᠪᠠᠷ ᠲᠡᠮᠵᠢᠨ ᠪᠤᠢ ᠪᠤᠯᠭᠠᠬᠰᠠᠨ ᠨᠡᠬᠡᠵᠦ ᠬᠥᠭᠡᠭᠡᠵᠦ | ᠳᠠᠪᠠᠵᠤ ᠭᠠᠷᠤᠨ ᠲᠡᠷᠢᠭᠦᠨ ᠤ ᠬᠢ ᠪᠤᠯᠬᠤ ᠪᠠᠷ ᠴᠢᠷᠮᠠᠶᠢᠬᠤ᠂ ᠬᠥᠭᠵᠢᠯᠲᠡ ᠶᠢ ᠱᠠᠯᠠᠪᠳᠠᠭᠤᠯᠤᠨ ᠠᠳᠬᠤᠬᠤ ᠭᠦᠨ | ᠵᠤᠵᠠᠭᠠᠨ ᠠᠭᠤᠷ ᠠᠮᠢᠰᠬᠤᠯ ᠨᠢ ᠮᠠᠰᠢ ᠡᠷᠬᠢᠮ ᠨᠠᠨᠳᠢᠨ ᠶᠤᠮ᠂ ᠪᠢᠳᠡ ᠢᠯᠠᠯᠲᠠ ᠶᠢᠨ ᠡᠷᠴᠢᠨ ᠳᠡᠭᠡᠷ᠎ᠡ ᠪᠠᠨ | ᠴᠢᠷᠮᠠᠶᠢᠨ ᠤᠷᠤᠭᠰᠢᠯᠠᠵᠤ᠂ ᠳᠠᠭᠢᠨ ᠰᠢᠨ᠎ᠡ ᠥᠨᠳᠦᠷᠯᠢᠭ ᠲᠤ ᠠᠪᠠᠷᠢᠬᠤ ᠬᠡᠷᠡᠭᠲᠡᠢ ᠭᠡᠪᠡ᠃ | ᠸᠠᠩ ᠯᠢ ᠰᠢᠶᠠ᠂ ᠡᠨᠡ ᠵᠢᠯ ᠤᠨ ᠠᠵᠢᠯ ᠢᠶᠠᠨ ᠰᠠᠶᠢᠲᠤᠷ ᠬᠢᠬᠦ ᠳᠤ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ | ᠪᠤᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ | ᠬᠤᠶᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ | ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ | ᠶᠡᠷᠦᠩᠬᠡᠢ ᠭᠦᠭ ᠠᠶᠠᠰ ᠢ ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠤᠯᠭᠠᠵᠤ᠂ | ᠬᠤᠶᠠᠷ ᠶᠡᠭᠡ ᠶᠠᠪᠤᠳᠠᠯ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠵᠦ᠂ ᠰᠡᠳᠬᠢᠯ ᠨᠢᠭᠡᠳᠦᠨ ᠬᠦᠴᠦ ᠪᠠᠨ | ᠬᠠᠮᠲᠤᠳᠬᠠᠵᠤ ᠰᠢᠨ᠎ᠡ ᠵᠠᠮ ᠢ ᠨᠡᠭᠡᠭᠡᠵᠦ᠂ ᠳᠤᠮᠳᠠ ᠲᠦᠪᠰᠢᠨ ᠳᠤ ᠳᠠᠪᠰᠢᠨ ᠣᠷᠣᠵᠤ᠂ ᠣᠮᠤᠭ ᠵᠣᠷᠢᠭ | ᠪᠠᠳᠠᠷᠠᠩᠭᠤᠢ ᠪᠠᠷ ᠡᠷᠡᠯᠬᠡᠭᠯᠡᠨ ᠴᠢᠷᠮᠠᠶᠢᠵᠤ᠂ ᠵᠣᠷᠢᠭᠲᠠᠢ ᠤᠷᠤᠭᠰᠢᠯᠠᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠲᠠᠰᠤᠷᠠᠯᠳᠡ ᠦᠭᠡᠢ ᠪᠢᠴᠢᠭᠯᠡᠬᠦ ᠬᠡᠷᠡᠭᠲᠡᠢ | ᠭᠡᠵᠦ ᠬᠡᠯᠡᠪᠡ᠃ | ᠸᠠᠩ ᠯᠢ ᠰᠢᠶᠠ ᠢᠯᠡᠳᠬᠡᠯ ᠳᠡᠭᠡᠨ 2024 ᠣᠨ ᠤ ᠪᠦᠭᠦ ᠣᠷᠣᠨ ᠤ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠶᠢ ᠳᠤᠷᠠᠳᠪᠠ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ | ᠦᠷᠳᠡᠭ ᠢ 6% ᠠᠴᠠ ᠳᠡᠭᠡᠭᠰᠢ ᠪᠠᠷ ᠨᠡᠮᠡᠭᠳᠡᠭᠦᠯᠦᠨ᠎ᠡ︔ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠨᠡᠮᠡᠭᠳᠡᠯ ᠦᠷᠳᠡᠭ ᠢ 7% ᠣᠷᠴᠢᠮ ᠢᠶᠠᠷ ᠨᠡᠮᠡᠭᠳᠡᠭᠦᠯᠦᠨ᠎ᠡ︔ ᠲᠣᠭᠲᠠᠮᠠᠯ ᠭᠦ᠋ᠷᠦᠩᠭᠡ ᠶᠢᠨ ᠪᠡᠯᠡ ᠣᠷᠣᠭᠤᠯᠤᠯᠲᠠ ᠶᠢ | 15% ᠣᠷᠴᠢᠮ ᠨᠡᠮᠡᠭᠳᠡᠭᠦᠯᠤᠨ᠎ᠠ︔ ᠡᠩ ᠤᠨ ᠤᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ ᠠᠳᠠᠯᠢ | ᠪᠠᠷᠢᠮᠵᠢᠶ᠎ᠠ ᠪᠠᠷ 5.5% ᠣᠷᠴᠢᠮ ᠨᠡᠮᠡᠭᠳᠡᠭᠦᠯᠦᠨ᠎ᠡ︔ ᠬᠤᠳᠠ ᠪᠠᠯᠭᠠᠰᠤᠨ ᠤ 18 ᠲᠦᠮᠡ ᠠᠴᠠ ᠳᠡᠭᠡᠭᠰᠢ | ᠬᠥᠮᠥᠨ ᠳᠤ ᠰᠢᠨ᠎ᠡ ᠪᠠᠷ ᠠᠵᠢᠯ ᠣᠯᠭᠤᠵᠤ᠂ ᠬᠤᠳᠠ ᠪᠠᠯᠭᠠᠰᠤᠨ ᠤ ᠪᠠᠶᠢᠴᠠᠭᠠᠭᠰᠠᠨ ᠠᠵᠢᠯ ᠠᠯᠳᠠᠭᠰᠠᠨ ᠨᠤᠷᠮ᠎ᠠ ᠶᠢ | 6% ᠣᠷᠴᠢᠮ ᠳᠤ ᠭᠢᠵᠠᠭᠠᠷᠯᠠᠨ᠎ᠠ︔ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠠᠵᠤ ᠠᠬᠤᠢ ᠶᠢᠨ | ᠨᠡᠮᠡᠭᠳᠡᠯ ᠲᠠᠢ ᠦᠨᠳᠦᠰᠦᠨ ᠳᠡᠭᠡᠨ ᠠᠳᠠᠯᠢᠬᠠᠨ ᠠᠯᠬᠤᠮ ᠲᠠᠢ ᠪᠠᠶᠢᠯᠭᠠᠨ᠎ᠠ︔ ᠰᠠᠭᠤᠭᠠᠯᠢ ᠠᠷᠠᠳ ᠤᠨ ᠬᠡᠷᠡᠭᠯᠡᠭᠡ ᠶᠢᠨ | ᠦᠨ᠎ᠡ ᠶᠢᠨ ᠥᠰᠦᠯᠲᠡ ᠶᠢᠨ ᠬᠡᠮᠵᠢᠶ᠎ᠡ ᠶᠢ 3% ᠣᠷᠴᠢᠮ ᠳᠤ ᠭᠢᠵᠠᠭᠠᠷᠯᠠᠨ᠎ᠠ︔ ᠭᠠᠵᠠᠷ ᠣᠷᠣᠨ ᠤ ᠨᠢᠭᠡᠴᠢ | ᠦᠢᠯᠡᠳᠪᠦᠷᠢᠯᠡᠯ ᠤᠨ ᠪᠦᠭᠦ ᠦᠷᠲᠡᠭ ᠤᠨ ᠡᠨᠧᠷᠭᠢ ᠶᠢᠨ ᠬᠤᠷᠣᠭᠳᠠᠭᠤᠯᠤᠯ ᠢ 1.6% ᠣᠷᠴᠢᠮ ᠢᠶᠠᠷ | ᠪᠠᠭᠤᠷᠠᠭᠤᠯᠤᠨ᠎ᠠ᠃ | ᠸᠠᠩ ᠯᠢ ᠰᠢᠶᠠ᠂ ᠡᠳᠡᠭᠡᠷ ᠬᠠᠷᠠᠯᠲᠠ ᠶᠢ ᠪᠡᠶᠡᠯᠡᠭᠦᠯᠬᠦ ᠳᠤ ᠡᠷᠬᠡᠪᠰᠢ ᠨᠠᠮ ᠤᠨ ᠲᠥᠪ ᠬᠤᠷᠢᠶ᠎ᠠ ᠶᠢᠨ | ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠪᠦᠲᠦᠭᠡᠯᠴᠢ ᠪᠠᠷ | ᠰᠠᠶᠢᠲᠤᠷ ᠠᠳᠬᠤᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠳᠤᠷᠠᠳᠤᠭᠰᠠᠨ ︽ᠵᠢᠷᠭᠤᠭᠠᠨ | ᠢᠨᠵᠧᠨᠧᠷᠢᠩ︾ ᠢ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠮᠥᠷᠳᠡᠨ ᠨᠠᠶᠢᠳᠠᠪᠤᠷᠢᠵᠢᠭᠤᠯᠵᠤ᠂ ᠢᠲᠡᠭᠡᠯ ᠵᠣᠷᠢᠭ ᠢᠶᠠᠨ | ᠪᠠᠲᠤᠳᠬᠠᠵᠤ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠴᠢᠳᠠᠪᠠᠯ ᠰᠠᠶᠢᠨ ᠬᠢᠵᠦ᠂ ᠴᠢᠳᠠᠪᠠᠯ ᠲᠦᠷᠭᠡᠨ ᠬᠢᠵᠦ᠂ | 10 ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠬᠦ ᠬᠡᠷᠡᠭᠲᠡᠢ᠃ ᠨᠢᠭᠡ ᠳᠤ᠂ ᠲᠦᠷᠦ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠬᠤ ᠶᠢ ᠪᠦᠭᠦ ᠬᠦᠴᠦᠨ ᠢᠶᠠᠷ ᠢᠶᠠᠨ ᠠᠳᠬᠤᠵᠤ᠂ ᠲᠦᠷᠦ ᠶᠢᠨ ᠪᠣᠳᠣᠯᠭ᠎ᠠ ᠶᠢᠨ ᠠᠰᠢᠭ ᠲᠤᠰᠠ ᠶᠢ | ᠦᠨᠡᠨ ᠬᠦ ᠪᠣᠳᠠᠲᠤ ᠦᠢᠯᠡᠳᠪᠦᠷᠢᠯᠡᠯ ᠤᠨ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ᠃ ᠬᠤᠶᠠᠷ ᠲᠤ᠂ ᠪᠡᠯᠡ | ᠣᠷᠣᠭᠤᠯᠤᠯᠲᠠ ᠪᠠᠷ ᠳᠠᠶᠢᠴᠢᠯᠠᠬᠤ ᠪᠠᠶᠢᠯᠳᠤᠬᠤ ᠪᠣᠳᠣᠯᠭ᠎ᠠ ᠶᠢ ᠡᠷᠡᠰ ᠬᠡᠷᠡᠭᠵᠢᠭᠦᠯᠵᠦ᠂ ᠴᠢᠬᠤᠯᠠ ᠶᠡᠭᠡ ᠲᠥᠷᠥᠯ | ᠵᠦᠢᠯ ᠤᠨ ᠪᠡᠯᠡ ᠣᠷᠣᠭᠤᠯᠤᠯᠲᠠ ᠶᠢ 9000 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠶᠡᠯᠡᠭᠦᠯᠬᠦ ᠪᠠᠷ | ᠴᠢᠷᠮᠠᠶᠢᠬᠤ ᠬᠡᠷᠡᠭᠲᠡᠢ᠃ ᠭᠤᠷᠪᠠ ᠳᠤ᠂ ᠠᠷᠭ᠎ᠠ ᠪᠦᠭᠦᠨ ᠢ ᠰᠦᠪᠡᠭᠴᠢᠯᠡᠨ ᠬᠡᠷᠡᠭᠯᠡᠭᠡ ᠶᠢᠨ ᠳᠠᠯᠳᠠ ᠬᠦᠴᠦᠨ ᠢ | ᠬᠥᠭᠵᠢᠭᠡᠵᠦ᠂ ᠬᠡᠷᠡᠭᠯᠡᠭᠡ ᠶᠢ ᠬᠢᠵᠢᠭ ᠤᠨ ᠳᠠᠷᠠᠭᠠᠬᠢ ᠰᠡᠷᠭᠦᠬᠦ ᠪᠠᠶᠢᠳᠠᠯ ᠠᠴᠠ ᠦᠷᠭᠦᠯᠵᠢᠯᠡᠨ ᠥᠷᠭᠡᠳᠬᠡᠬᠦ ᠲᠡᠶᠢᠰᠢ | ᠬᠤᠪᠢᠷᠠᠭᠤᠯᠬᠤ ᠬᠡᠷᠡᠭᠲᠡᠢ᠃ ᠳᠥᠷᠪᠡ ᠳᠤ᠂ ᠶᠡᠷᠦ ᠪᠤᠰᠤ ᠶᠢᠨ ᠠᠷᠭ᠎ᠠ ᠬᠡᠮᠵᠢᠶ᠎ᠡ ᠪᠠᠷ ᠰᠢᠨᠵᠢᠯᠡᠬᠦ ᠤᠬᠠᠭᠠᠨ ᠲᠦ᠋ᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠵᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠬᠤ | ᠬᠥᠭᠵᠢᠯᠲᠡ ᠶᠢᠨ ᠲᠠᠯ᠎ᠠ ᠪᠠᠷ ᠱᠠᠯᠠᠮᠠᠭᠠᠶᠢᠯᠠᠨ ᠤᠷᠤᠭᠰᠢᠯᠠᠵᠤ ᠬᠦᠴᠦᠯᠡᠨ ᠨᠡᠬᠡᠵᠦ᠂ ᠬᠥᠭᠡᠭᠡᠵᠦ ᠭᠦᠢᠴᠡᠬᠦ | ᠬᠡᠷᠡᠭᠲᠡᠢ᠃ ᠲᠠᠪᠤ ᠳᠤ᠂ ᠥᠪᠥᠷ ᠮᠣᠩᠭᠤᠯ ᠤᠨ ᠣᠨᠴᠠᠯᠢᠭ ᠲᠠᠢ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ | ᠨᠠᠷᠢᠨ ᠨᠢᠮᠪᠠᠢ ᠪᠠᠶᠢᠭᠤᠯᠵᠤ᠂ ᠮᠠᠯ ᠠᠵᠤ ᠠᠬᠤᠢ ᠲᠠᠷᠢᠶᠠᠯᠠᠩ ᠤᠨ ᠬᠥᠭᠵᠢᠯᠲᠡ ᠶᠢᠨ ᠲᠦᠪᠰᠢᠨ ᠢ ᠳᠡᠭᠡᠭᠰᠢᠯᠡᠭᠦᠯᠭᠦ᠂ | ᠠᠵᠤ ᠦᠢᠯᠡᠳᠪᠦᠷᠢ ᠶᠢᠨ ᠭᠤᠣᠯ ᠡᠭᠦᠷᠭᠡ ᠶᠢ ᠡᠭᠦᠷᠭᠡᠯᠡᠬᠦ᠂ ᠰᠢᠨ᠎ᠡ ᠡᠨᠧᠷᠭᠢ ᠪᠠᠷ ᠭᠤᠣᠯ ᠪᠤᠯᠭᠠᠬᠤ᠂ ᠤᠳᠤ | ᠦᠶ᠎ᠡ ᠶᠢᠨ ᠦᠢᠯᠡᠴᠢᠯᠡᠭᠡᠨ ᠤ ᠦᠢᠯᠡᠰ ᠤᠨ ᠲᠡᠰ ᠳᠡᠪᠰᠢᠬᠦ ᠶᠢ ᠠᠬᠢᠭᠤᠯᠬᠤ ᠬᠡᠷᠡᠭᠲᠡᠢ᠃ ᠵᠢᠷᠭᠤᠭ᠎ᠠ ᠳᠤ᠂ ᠡᠷᠡᠰ | ᠭᠤᠶᠢᠪᠢᠰᠢ ᠦᠭᠡᠢ ᠪᠠᠷ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠨᠡᠭᠡᠭᠡᠯᠲᠡ ᠶᠢ ᠥᠷᠭᠡᠳᠬᠡᠵᠦ᠂ ᠵᠠᠬ᠎ᠠ | ᠳᠡᠯᠭᠡᠭᠦᠷ ᠤᠨ ᠠᠮᠢᠵᠢᠷᠠᠯ ᠤᠨ ᠬᠦᠴᠦᠨ ᠪᠠ ᠨᠡᠶᠢᠭᠡᠮ ᠤᠨ ᠪᠦᠲᠦᠭᠡᠯᠴᠢ ᠬᠦᠴᠦᠨ ᠢ ᠴᠢᠨᠠᠭᠰᠢᠳᠠ ᠬᠥᠭᠵᠢᠭᠡᠬᠦ | ᠬᠡᠷᠡᠭᠲᠡᠢ᠃ ᠲᠤᠯᠤᠭ᠎ᠠ ᠳᠤ᠂ ︽ᠤᠯᠤᠰ ᠤᠨ ᠶᠡᠭᠡ ᠶᠠᠪᠤᠳᠠᠯ︾ ᠤᠨ ᠥᠨᠳᠥᠷᠴᠡ ᠠᠴᠠ ᠮᠠᠨ ᠤ ᠤᠯᠤᠰ ᠤᠨ | ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠰᠠᠶᠢᠲᠤᠷ ᠪᠦᠲᠦᠭᠡᠨ ᠪᠠᠶᠢᠭᠤᠯᠵᠤ᠂ | ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠬᠤᠰᠢᠭᠤᠴᠢ ᠣᠷᠣᠨ ᠢ ᠴᠢᠷᠮᠠᠶᠢᠨ ᠪᠦᠲᠦᠭᠡᠨ ᠪᠠᠶᠢᠭᠤᠯᠬᠤ | ᠬᠡᠷᠡᠭᠲᠡᠢ᠃ ᠨᠠᠢᠮᠠ ᠳᠤ᠂ ᠣᠷᠣᠨ ᠪᠦᠰᠡ ᠶᠢᠨ ᠬᠥᠭᠵᠢᠯᠲᠡ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ | ᠭᠦᠭᠡᠬᠤᠲᠠ ᠪᠤᠭᠤᠲᠤ ᠣᠷᠳᠣᠰ ᠤᠯᠠᠭᠠᠨᠴᠠᠪ ᠢ ᠪᠦᠭᠦ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠬᠥᠲᠥᠯᠥᠨ | ᠳᠠᠭᠠᠭᠤᠯᠬᠤ ︽ᠪᠤᠬ᠎ᠠ ᠲᠡᠷᠭᠡ︾ ᠪᠤᠯᠭᠠᠵᠤ᠂ ᠥᠪᠥᠷ ᠮᠣᠩᠭᠤᠯ ᠤᠨ ᠵᠡᠭᠦᠨ ᠬᠡᠰᠡᠭ ᠤᠨ ᠪᠦᠭᠦ ᠲᠠᠯ᠎ᠠ ᠶᠢᠨ ᠬᠥᠭᠵᠢᠯ | ᠮᠠᠨᠳᠤᠯ ᠤᠨ ᠬᠤᠷᠳᠤᠴᠠ ᠶᠢ ᠲᠦᠷᠭᠡᠳᠬᠡᠬᠦ ᠬᠡᠷᠡᠭᠲᠡᠢ᠃ ᠶᠢᠰᠦ ᠳᠤ᠂ ᠠᠷᠠᠳ ᠤᠨ ᠠᠮᠢᠳᠤᠷᠠᠯ ᠤᠨ ᠶᠠᠪᠤᠳᠠᠯ ᠢ | ᠡᠷᠬᠡᠪᠰᠢ ᠪᠣᠳᠠᠲᠠᠢ ᠬᠢᠵᠦ ᠰᠠᠶᠢᠲᠤᠷ ᠬᠢᠵᠦ᠂ ᠤᠯᠠᠨ ᠲᠦᠮᠡᠨ ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ | ᠪᠠᠶᠢᠭ᠎ᠠ ᠠᠰᠠᠭᠤᠳᠠᠯ ᠢ ᠦᠨᠡᠨ ᠬᠦ ᠰᠢᠢᠳᠪᠦᠷᠢᠯᠡᠬᠦ ᠬᠡᠷᠡᠭᠲᠡᠢ᠃ ᠠᠷᠪᠠ ᠳᠤ᠂ ᠡᠬᠡ ᠤᠯᠤᠰ ᠤᠨ ︽ᠤᠮᠠᠷᠠᠲᠤ ᠶᠡᠭᠡ | ᠬᠠᠭᠠᠯᠭ᠎ᠠ︾ ᠶᠢ ᠡᠷᠡᠰ ᠰᠠᠶᠢᠲᠤᠷ ᠰᠠᠬᠢᠵᠤ᠂ ᠨᠡᠶᠢᠰᠯᠡᠯ ᠤᠨ ︽ᠬᠤᠳᠠ ᠶᠢᠨ ᠬᠠᠮᠠᠭᠠᠯᠠᠯᠲᠠ ᠶᠢᠨ ᠭᠤᠣᠯ︾ ᠪᠣᠯᠵᠤ᠂ | ᠥᠨᠳᠥᠷ ᠲᠦᠪᠰᠢᠨ ᠪᠦᠬᠦᠢ ᠤᠮᠠᠷᠠᠲᠤ ᠬᠢᠯᠢ ᠶᠢᠨ ᠠᠮᠤᠷ ᠲᠦᠪᠰᠢᠨ ᠤ ᠰᠢᠰᠲ᠋ᠧᠮ ᠢ ᠪᠦᠭᠦ ᠬᠦᠴᠦᠨ ᠢᠶᠠᠷ ᠢᠶᠠᠨ | ᠪᠠᠶᠢᠭᠤᠯᠬᠤ ᠬᠡᠷᠡᠭᠲᠡᠢ ᠭᠡᠵᠦ ᠬᠡᠯᠡᠪᠡ᠃ | ᠸᠠᠩ ᠯᠢ ᠰᠢᠶᠠ᠂ ᠡᠯ᠎ᠡ ᠱᠠᠲᠤᠨ ᠤ ᠵᠠᠰᠠᠭ ᠤᠨ ᠣᠷᠳᠣᠨ ᠤ ᠠᠯᠢᠪᠠ ᠠᠵᠢᠯ ᠴᠥᠮ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠤᠨ | ᠲᠣᠭᠤᠷᠢᠨ ᠳᠤ᠂ ᠥᠴᠥᠬᠡᠨ ᠴᠦ ᠬᠡᠯᠪᠠᠶᠢᠬᠦ ᠦᠭᠡᠢ ᠪᠠᠶᠢᠵᠤ᠂ ︽ᠵᠢᠷᠭᠤᠭᠠᠨ ᠥᠭᠦᠯᠡᠪᠦᠷᠢ ᠦᠭᠡ ᠶᠢᠨ ᠪᠣᠳᠠᠲᠤ | ᠶᠠᠪᠤᠳᠠᠯ ᠪᠠ ᠶᠣᠰᠣ ᠤᠴᠢᠷ︾ ᠢ ᠢᠮᠠᠭᠲᠠ ᠪᠠᠲᠤ ᠴᠡᠭᠡᠵᠢᠯᠡᠵᠦ᠂ ︽ᠲᠤᠯᠤᠭᠠᠨ ᠲᠠᠯ᠎ᠠ ᠪᠠᠷ ᠵᠢᠱᠢᠶᠡᠴᠢ | ᠪᠤᠯᠬᠤ︾ ᠳᠡᠭᠡᠷ᠎ᠡ ᠬᠠᠷᠢᠭᠤᠴᠠᠯᠭ᠎ᠠ ᠡᠭᠦᠷᠭᠡᠯᠡᠯ ᠵᠢᠳᠬᠦᠯ ᠴᠢᠷᠮᠠᠶᠢᠯᠭ᠎ᠠ ᠪᠠᠨ ᠢᠯᠡᠷᠡᠭᠦᠯᠬᠦ ᠬᠡᠷᠡᠭᠲᠡᠢ᠃ ᠲᠤᠭ ᠲᠡᠮᠳᠡᠭ | ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠵᠦ᠂ ︽ᠬᠤᠶᠠᠷ ᠢ ᠲᠣᠭᠲᠠᠭᠠᠭᠰᠠᠨ︾ ᠢ ᠡᠷᠡᠰ ᠬᠦᠷᠢᠶᠡᠯᠡᠵᠦ᠂ | ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ᠃ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠵᠦ᠂ ᠡᠯ᠎ᠡ ᠲᠠᠯ᠎ᠠ ᠶᠢᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠡᠷᠬᠡ ᠶᠢ ᠢᠯᠡ ᠪᠠᠷ | ᠬᠡᠷᠡᠭᠵᠢᠭᠦᠯᠬᠦ ᠬᠡᠷᠡᠭᠲᠡᠢ᠃ ᠦᠨᠡᠨ ᠬᠦ ᠠᠳᠬᠤᠨ ᠪᠣᠳᠠᠲᠠᠢ ᠠᠵᠢᠯᠯᠠᠵᠤ᠂ ︽ᠲᠡᠷᠡ ᠶᠣᠰᠣᠭᠠᠷ ᠨᠢ | ᠨᠠᠶᠢᠳᠠᠪᠤᠷᠢᠵᠢᠭᠤᠯᠵᠤ᠂ ᠪᠤᠰᠢᠭᠤ ᠬᠥᠳᠡᠯᠦᠯᠴᠡᠨ ᠰᠢᠭᠤᠷᠬᠠᠢ ᠠᠵᠢᠯᠯᠠᠵᠤ᠂ ᠦᠨᠡᠨ ᠢ ᠪᠠᠷᠢᠮᠲᠠᠯᠠᠨ ᠪᠣᠳᠠᠲᠠᠢ ᠶᠢ | ᠡᠷᠬᠢᠮᠯᠡᠵᠦ᠂ ᠵᠣᠷᠢᠭᠲᠠᠢ ᠬᠢᠵᠦ ᠴᠢᠳᠠᠮᠠᠭᠠᠢ ᠪᠠᠷ ᠦᠷ᠎ᠡ ᠪᠦᠳᠦᠮᠵᠢ ᠭᠠᠷᠭᠠᠨ︾ ᠨᠠᠶᠢᠳᠠᠪᠤᠷᠢᠵᠢᠭᠤᠯᠤᠯᠲᠠ ᠶᠢ | ᠠᠳᠬᠤᠬᠤ ᠶᠢ ᠪᠡᠶᠡᠯᠡᠭᠦᠯᠬᠦ ᠬᠡᠷᠡᠭᠲᠡᠢ᠃ ᠠᠷᠢᠭᠤᠨ ᠴᠢᠬᠡᠴᠢ ᠪᠠᠶᠢᠵᠤ᠂ ᠴᠥᠬᠦᠷᠡᠰᠢ ᠦᠭᠡᠢ ᠪᠠᠷ ᠰᠤᠷᠲᠠᠯ ᠢ | ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠠᠯ ᠢ ᠡᠰᠡᠷᠭᠦᠴᠡᠵᠦ᠂ ᠦᠨᠳᠦᠰᠦᠨ ᠱᠠᠲᠤᠨ ᠤ ᠳᠠᠷᠤᠭᠠᠰᠤ ᠶᠢ | ᠦᠨᠡᠨ ᠬᠦ ᠬᠥᠩᠭᠡᠷᠡᠭᠦᠯᠬᠦ ᠬᠡᠷᠡᠭᠲᠡᠢ ᠭᠡᠪᠡ᠃ | ᠸᠠᠩ ᠯᠢ ᠰᠢᠶᠠ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠪᠣᠯ ᠬᠠᠮᠤᠭ ᠤᠨ | ᠶᠡᠭᠡ ᠤᠯᠤᠰ ᠲᠦᠷᠦ ᠮᠥᠨ᠂ ᠴᠢᠨᠠᠷ ᠰᠠᠶᠢᠲᠠᠢ ᠬᠥᠭᠵᠢᠯᠲᠡ ᠶᠢ ᠪᠠᠷᠢᠮᠲᠠᠯᠠᠬᠤ ᠪᠣᠯ ᠰᠢᠨ᠎ᠡ ᠴᠠᠭ ᠦᠶ᠎ᠡ ᠶᠢᠨ | ᠬᠠᠲᠠᠭᠤ ᠶᠣᠰᠣ ᠮᠥᠨ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ | ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠳᠠᠭᠠᠭᠤᠯᠭ᠎ᠠ ᠳᠣᠣᠷ᠎ᠠ᠂ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠡᠨᠡᠷᠢᠯ ᠳᠤ ᠨᠢ ᠲᠠᠯᠠᠷᠬᠠᠨ | ᠡᠷᠡᠮᠡᠬᠡᠶᠢᠯᠡᠨ ᠤᠷᠤᠭᠰᠢᠯᠠᠵᠤ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ | ᠪᠢᠴᠢᠭᠯᠡᠶ᠎ᠡ ᠭᠡᠪᠡ᠃ | ᠬᠤᠷᠠᠯ ᠤᠨ ᠵᠥᠪᠯᠡᠬᠦ ᠵᠦᠢᠯᠡᠰ ᠢ ᠦᠨᠳᠦᠰᠦᠯᠡᠨ᠂ ᠶᠡᠭᠡ ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ | 2023 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ | ᠭᠦᠢᠴᠡᠳᠬᠡᠭᠰᠡᠨ ᠪᠠᠶᠢᠳᠠᠯ ᠵᠢᠴᠢ 2024 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ | ᠬᠥᠭᠵᠢᠯᠲᠡ ᠶᠢᠨ ᠲᠥᠯᠥᠪᠯᠡᠭᠡ ᠶᠢᠨ ᠲᠥᠰᠥᠯ ᠤᠨ ᠮᠡᠳᠡᠭᠦᠯᠦᠯᠲᠡ᠂ ᠥᠪᠡᠷᠲᠡᠭᠡᠨ ᠵᠠᠰᠠᠬᠤ ᠣᠷᠣᠨ ᠤ 2023 | ᠣᠨ ᠤ ᠲᠥᠰᠥᠪ ᠢ ᠭᠦᠢᠴᠡᠳᠬᠡᠭᠰᠡᠨ ᠪᠠᠶᠢᠳᠠᠯ ᠪᠠ 2024 ᠣᠨ ᠤ ᠲᠥᠰᠥᠪ ᠤᠨ ᠲᠥᠰᠥᠯ ᠤᠨ | ᠮᠡᠳᠡᠭᠦᠯᠦᠯᠲᠡ ᠶᠢ ᠬᠢᠨᠠᠨ ᠪᠠᠶᠢᠴᠠᠭᠠᠵᠠᠢ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠶᠢᠨ ᠳᠡᠳ᠋ ᠡᠷᠭᠢᠯᠡᠭᠴᠢ ᠵᠠᠩ ᠱᠤᠤ ᠴᠦᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠶᠢᠨ ᠬᠠᠤᠯᠢ ᠲᠣᠭᠲᠠᠭᠠᠬᠤ ᠳᠦᠷᠢᠮ | ︵ᠵᠠᠰᠠᠪᠤᠷᠢ ᠣᠷᠣᠭᠤᠯᠬᠤ ᠲᠥᠰᠥᠯ︶ ᠤᠨ ᠲᠤᠬᠠᠢ ᠲᠣᠳᠣᠷᠬᠠᠶᠢᠯᠠᠯᠲᠠ ᠬᠢᠪᠡ᠃ | ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠭᠦᠮ ᠤᠨ ᠪᠠᠶᠢᠩᠭᠤ ᠶᠢᠨ ᠲᠡᠷᠢᠭᠦᠯᠡᠭᠴᠢ ᠵᠠᠩ ᠱᠤᠤ ᠴᠦᠨ | ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠬᠤᠶᠠᠳᠤᠭᠠᠷ ᠬᠤᠷᠠᠯ ᠤᠨ ᠰᠣᠩᠭᠤᠭᠤᠯᠢ ᠶᠢᠨ ᠠᠷᠭ᠎ᠠ ︵ᠲᠥᠰᠥᠯ︶ ᠶᠢᠨ ᠲᠤᠬᠠᠢ ᠲᠣᠳᠣᠷᠬᠠᠶᠢᠯᠠᠯᠲᠠ | ᠬᠢᠪᠡ᠃ | ᠬᠠᠤᠯᠢ ᠳᠤ ᠲᠣᠭᠲᠠᠭᠠᠭᠰᠠᠨ ᠰᠤᠯᠠ ᠣᠷᠤᠯᠴᠠᠬᠤ ᠬᠥᠮᠥᠰ᠂ ᠥᠪᠡᠷᠲᠡᠭᠡᠨ ᠵᠠᠰᠠᠬᠤ ᠣᠷᠣᠨ ᠤ ᠠᠷᠪᠠᠨ | ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ | ᠨᠠᠢᠮᠠᠳᠤᠭᠠᠷ ᠬᠤᠷᠠᠯ ᠠᠴᠠ ᠲᠣᠭᠲᠠᠭᠠᠭᠰᠠᠨ ᠰᠤᠯᠠ ᠣᠷᠤᠯᠴᠠᠬᠤ ᠬᠥᠮᠥᠰ ᠪᠣᠯᠣᠨ ᠥᠪᠡᠷᠲᠡᠭᠡᠨ ᠵᠠᠰᠠᠬᠤ ᠣᠷᠣᠨ ᠤ | ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠬᠤᠶᠠᠳᠤᠭᠠᠷ | ᠬᠤᠷᠠᠯ ᠳᠤ ᠣᠷᠣᠯᠴᠠᠵᠤ ᠪᠠᠶᠢᠭ᠎ᠠ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠶᠡᠭᠡ ᠬᠤᠷᠠᠯ ᠳᠤ ᠰᠤᠯᠠ | ᠣᠷᠣᠯᠴᠠᠵᠠᠢ᠃ | | |