ᠡᠪᠦᠯ ᠤᠨ ᠠᠮᠠᠷᠠᠯᠲᠠ ᠬᠦᠷᠴᠦ ᠢᠷᠡᠯ᠎ᠡ᠂ ᠰᠤᠷᠤᠭᠴᠢᠳ ᠰᠤᠷᠤᠯᠴᠠᠬᠤ᠂ ᠠᠮᠠᠷᠠᠬᠤ᠂ ᠵᠤᠭᠠᠴᠠᠬᠤ᠂ | ᠬᠥᠳᠡᠯᠭᠡᠭᠡᠨ ᠬᠢᠬᠦ ᠶᠢ ᠵᠣᠬᠢᠰᠲᠠᠢ ᠲᠣᠬᠢᠷᠠᠭᠤᠯᠬᠤ ᠶᠢᠨ ᠬᠠᠮᠲᠤ ᠡᠷᠬᠡᠪᠰᠢ ᠬᠠᠷᠠᠭ᠎ᠠ ᠪᠠᠨ ᠬᠠᠮᠠᠭᠠᠯᠠᠬᠤ ᠶᠢ ᠠᠩᠬᠠᠷᠬᠤ | ᠬᠡᠷᠡᠭᠲᠡᠢ᠃ ᠬᠠᠷᠪᠢᠨ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠪᠣᠯᠤᠨ ᠬᠠᠷᠠᠮᠥ᠋ᠷᠡᠨ ᠮᠤᠵᠢ ᠶᠢᠨ | ᠨᠢᠳᠦᠨ ᠤ ᠡᠮᠨᠡᠯᠭᠡ ᠶᠢᠨ ᠬᠤᠷᠢᠶ᠎ᠠ ᠠᠴᠠ ᠬᠠᠮᠲᠤᠷᠠᠨ ᠲᠣᠭᠲᠠᠭᠠᠭᠰᠠᠨ ᠡᠪᠦᠯ ᠤᠨ ᠠᠮᠠᠷᠠᠯᠲᠠ ᠶᠢᠨ ᠬᠤᠭᠤᠴᠠᠭᠠᠨ ᠳᠤ | ᠨᠢᠳᠦᠨ ᠪᠠᠨ ᠬᠠᠮᠠᠭᠠᠯᠠᠬᠤ ᠰᠠᠨᠠᠭᠤᠯᠤᠮᠵᠢ ᠶᠢ ᠦᠵᠡᠵᠡᠭᠡᠶ᠎ᠡ︕ | ᠡᠳᠦᠷ ᠲᠤᠲᠤᠮ ᠤᠨ ᠨᠢᠳᠦᠨ ᠤ ᠡᠷᠡᠭᠦᠯ ᠬᠠᠮᠠᠭᠠᠯᠠᠯ ᠢ ᠡᠷᠬᠡᠪᠰᠢ ᠴᠢᠬᠤᠯᠠᠴᠢᠯᠠᠬᠤ ᠬᠡᠷᠡᠭᠲᠡᠢ | 1. ᠨᠢᠳᠦ ᠬᠡᠷᠡᠭᠯᠡᠬᠦ ᠡᠷᠡᠭᠦᠯ ᠬᠠᠮᠠᠭᠠᠯᠠᠯ ᠢ ᠠᠩᠬᠠᠷᠴᠤ᠂ ᠨᠢᠳᠦᠨ ᠤ ᠡᠪᠡᠳᠴᠢᠨ ᠢ ᠰᠡᠷᠭᠡᠶᠢᠯᠡᠬᠦ | ᠬᠡᠷᠡᠭᠲᠡᠢ᠃ ᠡᠪᠦᠯ ᠤᠨ ᠠᠮᠠᠷᠠᠯᠲᠠ ᠶᠢᠨ ᠬᠤᠭᠤᠴᠠᠭᠠᠨ ᠳᠤ ᠬᠡᠦᠬᠡᠳ ᠭᠠᠳᠠᠨ᠎ᠠ ᠭᠠᠷᠴᠤ ᠨᠠᠭᠠᠳᠬᠤ ᠣᠯᠠᠰᠢᠷᠠᠬᠤ | ᠪᠣᠯᠬᠤᠷ ᠭᠠᠷ ᠢᠶᠠᠨ ᠦᠷᠭᠦᠯᠵᠢ ᠤᠬᠢᠶᠠᠨ᠂ ᠨᠢᠳᠦ ᠪᠠᠨ ᠳᠤᠷ᠎ᠠ ᠪᠠᠷ ᠢᠶᠠᠨ ᠨᠤᠬᠤᠯᠠᠬᠤ ᠦᠭᠡᠢ ᠪᠠᠶᠢᠵᠤ᠂ ᠰᠠᠯᠢᠰᠤᠲᠤ | ᠪᠦᠷᠬᠦᠪᠴᠢ ᠶᠢᠨ ᠦᠷᠪᠢᠰᠦᠯ᠂ ᠨᠢᠳᠦᠨ ᠤ ᠬᠥᠰᠢᠶ᠎ᠡ ᠡᠪᠡᠳᠴᠢᠨ ᠵᠡᠷᠭᠡ ᠨᠢᠳᠦᠨ ᠤ ᠰᠠᠯᠠᠭᠠᠨ ᠤ ᠡᠪᠡᠳᠴᠢᠨ | ᠣᠯᠬᠤ ᠶᠢ ᠰᠡᠷᠭᠡᠶᠢᠯᠡᠬᠦ ᠬᠡᠷᠡᠭᠲᠡᠢ᠃ | 2. ᠨᠢᠳᠦ ᠬᠠᠭᠤᠷᠠᠶᠢᠳᠤᠬᠤ ᠠᠴᠠ ᠰᠡᠷᠭᠡᠶᠢᠯᠡᠨ᠎ᠡ᠃ ᠭᠡᠷ ᠲᠤ ᠪᠠᠨ ᠪᠠᠶᠢᠬᠤ ᠬᠤᠭᠤᠴᠠᠭᠠᠨ ᠳᠤ᠂ ᠬᠡᠦᠬᠡᠳ | ᠭᠠᠷ ᠤᠲᠠᠰᠤ᠂ ᠺᠣᠮᠫᠢᠦ᠋ᠲ᠋ᠧᠷ ᠵᠡᠷᠭᠡ ᠡᠯᠧᠺᠲᠷᠣᠨ ᠦᠢᠯᠡᠳᠬᠦᠨ ᠢ ᠦᠵᠡᠬᠦ ᠨᠢ ᠣᠯᠠᠰᠢᠷᠠᠨ ᠬᠡᠦᠬᠡᠳ ᠤᠨ ᠬᠡᠪ ᠤᠨ | ᠨᠢᠳᠦ ᠴᠠᠪᠴᠢᠬᠤ ᠤᠳᠠᠭ᠎ᠠ ᠶᠢ ᠶᠡᠭᠡ ᠪᠠᠷ ᠪᠠᠭᠤᠷᠠᠭᠤᠯᠵᠤ᠂ ᠠᠮᠠᠷᠬᠠᠨ ᠨᠢᠳᠦ ᠬᠠᠳᠠᠬᠤ ᠶᠢᠨ ᠬᠠᠮᠲᠤ ᠶᠠᠳᠠᠷᠠᠬᠤ | ᠪᠣᠯᠬᠤᠷ᠂ ᠬᠡᠦᠬᠡᠳ ᠤᠨ ᠡᠯᠧᠺᠲᠷᠣᠨ ᠦᠢᠯᠡᠳᠬᠦᠨ ᠢ ᠬᠡᠷᠡᠭᠯᠡᠬᠦ ᠴᠠᠭ ᠢ ᠴᠢᠩᠭ᠎ᠠ ᠡᠵᠡᠮᠳᠡᠬᠦ ᠬᠡᠷᠡᠭᠲᠡᠢ᠃ | 3. ᠨᠢᠳᠦ ᠪᠠᠨ ᠬᠡᠲᠦ ᠬᠡᠷᠡᠭᠯᠡᠬᠦ ᠶᠢ ᠰᠡᠷᠭᠡᠶᠢᠯᠡᠨ᠂ ᠰᠤᠷᠤᠯᠴᠠᠬᠤ ᠲᠥᠯᠥᠪᠯᠡᠭᠡ ᠵᠣᠬᠢᠰᠲᠠᠢ ᠲᠣᠭᠲᠠᠭᠠᠬᠤ | ᠬᠡᠷᠡᠭᠲᠡᠢ᠃ ᠬᠡᠪ ᠤᠨ ᠬᠢᠴᠢᠶᠡᠯ ᠲᠥᠷᠥᠯ ᠤᠨ ᠰᠤᠷᠤᠯᠴᠠᠯᠭ᠎ᠠ ᠶᠢᠨ ᠡᠭᠦᠷᠭᠡ ᠠᠴᠠ ᠭᠠᠳᠠᠨᠠᠬᠢ᠂ ᠬᠡᠦᠬᠡᠳ ᠤᠨ ᠳᠤᠷ᠎ᠠ | ᠰᠣᠨᠢᠷᠬᠠᠯ ᠤᠨ ᠬᠢᠴᠢᠶᠡᠯ ᠳᠡᠭᠡᠷ᠎ᠡ ᠨᠢᠳᠦ ᠬᠡᠷᠡᠭᠯᠡᠬᠦ ᠶᠢ ᠠᠩᠬᠠᠷᠬᠤ ᠬᠡᠷᠡᠭᠲᠡᠢ᠂ ᠵᠢᠱᠢᠶᠡᠯᠡᠪᠡᠯ᠄ ᠲᠡᠭᠦᠯᠳᠡᠷ ᠬᠥᠭᠵᠢᠮ᠂ | ᠵᠢᠷᠤᠭ ᠵᠢᠷᠤᠬᠤ᠂ ᠤᠷᠠᠨ ᠪᠢᠴᠢᠯᠭᠡ᠂ ᠮᠢᠭᠮᠠᠨ ᠰᠢᠲᠠᠷ᠎ᠠ᠂ ᠯᠧ ᠭᠤᠣ ᠵᠡᠷᠭᠡ ᠣᠶᠢᠷ᠎ᠠ ᠵᠠᠢ ᠳᠤ ᠨᠢᠳᠦ ᠬᠡᠷᠡᠭᠯᠡᠬᠦ ᠨᠢ | ᠮᠠᠰᠢ ᠠᠮᠠᠷᠬᠠᠨ ᠬᠠᠷᠠᠭ᠎ᠠ ᠶᠢ ᠶᠠᠳᠠᠷᠠᠭᠤᠯᠵᠤ᠂ ᠬᠡᠦᠬᠡᠳ ᠢ ᠣᠶᠢᠷ᠎ᠠ ᠬᠠᠷᠠᠭ᠎ᠠ ᠲᠠᠢ ᠪᠣᠯᠭᠠᠬᠤ ᠪᠤᠶᠤ ᠣᠶᠢᠷ᠎ᠠ | ᠬᠠᠷᠠᠭ᠎ᠠ ᠶᠢ ᠬᠦᠨᠳᠦᠷᠡᠭᠦᠯᠦᠨ᠎ᠡ᠃ | 4. ᠡᠳᠦᠷ ᠪᠦᠷᠢ ᠨᠢᠳᠦᠨ ᠤ ᠡᠷᠡᠭᠦᠯᠵᠢᠯ ᠤᠨ ᠲᠠᠮᠢᠷ ᠬᠢᠬᠦ ᠶᠢ ᠪᠠᠲᠤᠯᠠᠬᠤ ᠬᠡᠷᠡᠭᠲᠡᠢ᠃ ᠭᠡᠷ ᠲᠤ ᠪᠠᠨ | ᠰᠤᠷᠤᠯᠴᠠᠬᠤ ᠬᠤᠭᠤᠴᠠᠭᠠᠨ ᠳᠤ ᠡᠳᠦᠷ ᠪᠦᠷᠢ ᠶᠢᠨ ᠦᠳᠡ ᠶᠢᠨ ᠡᠮᠦᠨ᠎ᠡ ᠪᠠ ᠦᠳᠡ ᠶᠢᠨ ᠬᠤᠶᠢᠨ᠎ᠠ ᠲᠤᠰ ᠲᠤᠰ | ᠨᠢᠭᠡ ᠤᠳᠠᠭ᠎ᠠ ᠨᠢᠳᠦᠨ ᠤ ᠡᠷᠡᠭᠦᠯᠵᠢᠯ ᠤᠨ ᠲᠠᠮᠢᠷ ᠬᠢᠬᠦ ᠶᠢ ᠪᠠᠷᠢᠮᠲᠠᠯᠠᠬᠤ ᠶᠢᠨ ᠬᠠᠮᠲᠤ ᠬᠥᠳᠡᠯᠭᠡᠭᠡᠨ ᠪᠠ | ᠪᠠᠯᠴᠢᠷ ᠤᠨ ᠪᠠᠶᠢᠷᠢ ᠶᠢ ᠵᠥᠪ ᠡᠵᠡᠮᠳᠡᠪᠡᠯ ᠰᠠᠶ᠋ᠢ ᠨᠢᠳᠦᠨ ᠤ ᠴᠢᠯᠡᠭᠡ ᠶᠢ ᠨᠠᠮᠳᠠᠭᠤᠯᠬᠤ ᠦᠢᠯᠡᠳᠦᠯ ᠦᠵᠡᠭᠦᠯᠦᠨ᠎ᠡ᠃ | 5. ᠨᠢᠳᠦᠨ ᠤ ᠡᠮ ᠢ ᠪᠣᠯᠭᠤᠮᠵᠢᠲᠠᠢ ᠬᠡᠷᠡᠭᠯᠡᠬᠦ ᠬᠡᠷᠡᠭᠲᠡᠢ᠃ ᠭᠡᠷ ᠲᠤ ᠪᠠᠨ ᠪᠠᠶᠢᠬᠤ ᠦᠶ᠎ᠡ ᠳᠤ ᠨᠢᠳᠦ ᠡᠪ | ᠦᠭᠡᠢ ᠪᠣᠯᠪᠠᠯ ᠤᠷᠢᠳ ᠢᠶᠠᠷ ᠨᠢᠳᠦ ᠪᠠᠨ ᠠᠮᠠᠷᠠᠭᠤᠯᠤᠨ᠎ᠠ᠂ ᠳᠤᠷ᠎ᠠ ᠪᠠᠷ ᠢᠶᠠᠨ ᠨᠢᠳᠦᠨ ᠡᠮ ᠳᠤᠰᠤᠭᠠᠵᠤ ᠪᠣᠯᠬᠤ | ᠦᠭᠡᠢ᠂ ᠣᠯᠠᠩᠬᠢ ᠨᠢᠳᠦᠨ ᠤ ᠡᠮ ᠪᠦᠷ ᠢᠯᠵᠠᠷᠠᠬᠤ ᠶᠢ ᠰᠡᠷᠭᠡᠶᠢᠯᠡᠬᠦ ᠡᠳ᠋ ᠠᠭᠤᠯᠵᠤ᠂ ᠵᠣᠬᠢᠰ ᠦᠭᠡᠢ ᠬᠡᠷᠡᠭᠯᠡᠪᠡᠯ | ᠨᠢᠳᠦ ᠪᠠᠨ ᠳᠠᠬᠢᠨᠲᠠ ᠭᠡᠮᠲᠦᠭᠡᠨ᠎ᠡ᠂ ᠬᠡᠷᠪᠡ ᠨᠠᠮᠳᠠᠬᠤ ᠦᠭᠡᠢ ᠪᠣᠯ ᠴᠠᠭ ᠲᠤᠬᠠᠢ ᠳᠤ ᠨᠢ ᠡᠮᠨᠡᠭᠦᠯᠬᠦ ᠬᠡᠷᠡᠭᠲᠡᠢ᠃ | | | ᠣᠶᠢᠷ᠎ᠠ ᠬᠠᠷᠠᠭ᠎ᠠ ᠶᠢ ᠤᠷᠢᠳᠴᠢᠯᠠᠨ ᠰᠡᠷᠭᠡᠶᠢᠯᠡᠬᠦ ᠶᠢ ᠡᠷᠬᠡᠪᠰᠢ ᠪᠠᠷᠢᠮᠲᠠᠯᠠᠬᠤ ᠬᠡᠷᠡᠭᠲᠡᠢ | 1. ᠰᠤᠷᠤᠭᠴᠢ ᠶᠢᠨ ᠨᠢᠳᠦᠨ ᠤ ᠪᠠᠶᠢᠴᠠᠭᠠᠯᠲᠠ ᠶᠢᠨ ᠳ᠋ᠦᠩ ᠢ ᠴᠢᠬᠤᠯᠠᠴᠢᠯᠠᠨ᠎ᠠ | ᠡᠯ᠎ᠡ ᠰᠤᠷᠭᠠᠭᠤᠯᠢ ᠨᠢᠭᠡᠨᠲᠡ ᠰᠤᠷᠤᠭᠴᠢᠳ ᠤᠨ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ | ᠬᠠᠷᠠᠭᠠᠨ ᠤ ᠪᠠᠶᠢᠴᠠᠭᠠᠯᠲᠠ ᠶᠢ ᠥᠷᠨᠢᠭᠦᠯᠪᠡ᠂ ᠭᠡᠷ ᠤᠨ ᠠᠬᠠᠮᠠᠳ ᠰᠤᠷᠭᠠᠭᠤᠯᠢ ᠶᠢᠨ ᠬᠠᠷᠢᠭᠤ ᠲᠤᠰᠬᠠᠭᠰᠠᠨ | ᠬᠡᠦᠬᠡᠳ ᠤᠨ ᠬᠠᠷᠠᠭᠠᠨ ᠤ ᠪᠠᠶᠢᠴᠠᠭᠠᠯᠲᠠ ᠶᠢᠨ ᠦᠷ᠎ᠡ ᠳ᠋ᠦᠩ ᠵᠢᠴᠢ ᠬᠡᠦᠬᠡᠳ ᠤᠨ ᠬᠠᠷᠠᠭᠠᠨ ᠤ ᠬᠤᠪᠢᠷᠠᠯᠲᠠ ᠶᠢᠨ | ᠪᠠᠶᠢᠳᠠᠯ ᠢ ᠴᠢᠬᠤᠯᠠᠴᠢᠯᠠᠵᠤ᠂ ᠠᠩᠬ᠎ᠠ ᠠᠯᠬᠤᠮ ᠤᠨ ᠰᠠᠨᠠᠭᠤᠯᠭ᠎ᠠ ᠪᠠ ᠰᠡᠷᠡᠮᠵᠢᠯᠡᠭᠦᠯᠬᠦ ᠰᠠᠨᠠᠭᠤᠯᠤᠮᠵᠢ ᠶᠢ ᠨᠠᠷᠢᠨ | ᠨᠢᠮᠪᠠᠢ ᠤᠩᠰᠢᠵᠤ᠂ ᠬᠡᠪ ᠤᠨ ᠪᠤᠰᠤ ᠪᠠᠶᠢᠳᠠᠯ ᠢ ᠣᠯᠵᠤ ᠮᠡᠳᠡᠪᠡᠯ ᠴᠠᠭ ᠲᠤᠬᠠᠢ ᠳᠤ ᠨᠢ ᠦᠵᠡᠭᠦᠯᠬᠦ ᠬᠡᠷᠡᠭᠲᠡᠢ᠃ | 2. ᠭᠠᠳᠠᠨᠠᠬᠢ ᠬᠥᠳᠡᠯᠭᠡᠭᠡᠨ ᠪᠠ ᠪᠡᠶ᠎ᠡ ᠶᠢᠨ ᠲᠠᠮᠢᠷ ᠤᠨ ᠪᠣᠯᠪᠠᠰᠤᠷᠠᠯ ᠢ ᠵᠣᠬᠢᠰᠲᠠᠢ ᠬᠢᠯᠭᠡᠬᠦ ᠶᠢ ᠪᠠᠲᠤᠯᠠᠨ᠎ᠠ | ᠪᠠᠶᠢᠭᠠᠯᠢ ᠶᠢᠨ ᠭᠡᠷᠡᠯ ᠬᠠᠷᠠᠭᠠᠨ ᠤ ᠲᠣᠣᠷᠯᠢᠭ ᠪᠦᠷᠬᠦᠪᠴᠢ ᠶᠢᠨ ᠳᠣᠲᠣᠷᠠᠬᠢ ᠳ᠋ᠥᠸᠧ ᠪᠠ ᠠᠨ ᠤ | ᠱᠦᠭᠦᠷᠡᠯᠲᠡ ᠶᠢ ᠠᠬᠢᠭᠤᠯᠵᠤ᠂ ᠨᠢᠳᠦᠨ ᠤ ᠲᠡᠩᠭᠡᠯᠢᠭ ᠤᠷᠲᠤᠰᠬᠤ ᠶᠢ ᠤᠳᠠᠭᠠᠰᠢᠷᠠᠭᠤᠯᠵᠤ᠂ ᠣᠶᠢᠷ᠎ᠠ ᠬᠠᠷᠠᠭ᠎ᠠ | ᠲᠠᠢ ᠪᠣᠯᠬᠤ ᠪᠠ ᠣᠶᠢᠷ᠎ᠠ ᠬᠠᠷᠠᠭ᠎ᠠ ᠬᠦᠨᠳᠦᠷᠡᠬᠦ ᠶᠢ ᠤᠳᠠᠭᠠᠰᠢᠷᠠᠭᠤᠯᠳᠠᠭ᠃ ᠰᠤᠷᠤᠯᠭ᠎ᠠ ᠶᠢᠨ ᠴᠢᠯᠦᠭᠡᠨ ᠳᠤ᠂ | ᠬᠡᠦᠬᠡᠳ ᠡᠳᠦᠷ ᠪᠣᠯᠭᠠᠨ ᠭᠠᠳᠠᠨ᠎ᠠ ᠭᠠᠷᠴᠤ ᠬᠥᠳᠡᠯᠭᠡᠭᠡᠨ ᠬᠢᠬᠦ ᠪᠤᠶᠤ ᠪᠡᠶ᠎ᠡ ᠶᠢᠨ ᠲᠠᠮᠢᠷ ᠤᠨ ᠪᠣᠯᠪᠠᠰᠤᠷᠠᠯ ᠬᠢᠵᠦ᠂ | ᠠᠯᠤᠰ ᠢ ᠪᠠᠷᠠᠯᠠᠬᠤ ᠬᠡᠷᠡᠭᠲᠡᠢ᠃ ᠡᠪᠦᠯ ᠤᠨ ᠤᠯᠠᠷᠢᠯ ᠠᠯᠢ ᠴᠢᠳᠠᠬᠤ ᠪᠠᠷ ᠬᠡᠦᠬᠡᠳ ᠢ ᠴᠣᠩᠬᠤ ᠪᠠᠷ ᠠᠯᠤᠰ ᠢ | ᠬᠠᠷᠠᠭᠤᠯᠵᠤ᠂ ᠭᠡᠷ ᠳᠣᠲᠣᠷ᠎ᠠ ᠵᠣᠬᠢᠰᠲᠠᠢ ᠬᠥᠳᠡᠯᠭᠡᠭᠡᠨ ᠬᠢᠯᠭᠡᠬᠦ ᠬᠡᠷᠡᠭᠲᠡᠢ᠃ | 3. ᠤᠩᠰᠢᠵᠤ ᠪᠢᠴᠢᠬᠦ ᠳᠤ ᠪᠠᠨ ᠳᠡᠭᠰᠢᠭᠡᠨᠰᠠᠭᠤᠬᠤ ᠶᠢ ᠪᠠᠲᠤᠯᠠᠨ᠎ᠠ | ᠨᠢᠳᠦᠨ ᠤ ᠵᠣᠬᠢᠴᠠᠭᠤᠯᠬᠤ ᠬᠡᠮᠵᠢᠶ᠎ᠡ ᠪᠣᠯᠤᠨ ᠬᠠᠷᠠᠭᠠᠨ ᠤ ᠵᠠᠢ ᠶᠢᠨ ᠣᠶᠢᠷ᠎ᠠ ᠬᠤᠯᠠ ᠰᠢᠭᠤᠳ | ᠬᠤᠯᠪᠣᠭ᠎ᠠ ᠲᠠᠢ ᠪᠠᠶᠢᠵᠤ᠂ ᠤᠩᠰᠢᠵᠤ ᠪᠢᠴᠢᠬᠦ ᠳᠤ ᠪᠠᠨ ᠳᠡᠭᠰᠢᠭᠡᠨ ᠰᠠᠭᠤᠬᠤ ᠶᠢ ᠪᠠᠲᠤᠯᠠᠪᠠᠯ ᠨᠢᠳᠦᠨ ᠤ | ᠳᠠᠷᠤᠭᠠᠰᠤ ᠶᠢ ᠪᠠᠭᠤᠷᠠᠭᠤᠯᠵᠤ᠂ ᠬᠠᠷᠠᠭᠠᠨ ᠤ ᠶᠠᠳᠠᠷᠠᠵᠤ ᠬᠦᠨᠳᠦᠷᠡᠬᠦ ᠶᠢ ᠰᠡᠷᠭᠡᠶᠢᠯᠡᠵᠦ ᠴᠢᠳᠠᠨ᠎ᠠ᠃ ︽ᠭᠤᠷᠪᠠᠨ | ᠨᠢᠭᠡ ᠶᠢᠨ ᠵᠠᠷᠴᠢᠮ︾᠂ ᠲᠤᠬᠠᠶᠢᠯᠠᠪᠠᠯ ︽ᠨᠢᠳᠦ ᠨᠣᠮ ᠪᠢᠴᠢᠭ ᠠᠴᠠ ᠨᠢᠭᠡ ᠲᠣᠬᠤᠢ ᠵᠠᠶᠢᠲᠠᠢ ᠪᠠᠶᠢᠬᠤ᠂ ᠴᠡᠭᠡᠵᠢ | ᠪᠢᠴᠢᠭ ᠤᠨ ᠰᠢᠷᠡᠭᠡᠨ ᠠᠴᠠ ᠨᠢᠭᠡ ᠨᠢᠳᠤᠷᠭ᠎ᠠ ᠬᠤᠯᠠ ᠪᠠᠶᠢᠬᠤ᠂ ᠭᠠᠷ ᠪᠢᠷ ᠤᠨ ᠦᠵᠦᠭᠦᠷ ᠠᠴᠠ ᠨᠢᠭᠡ ᠢᠮᠠᠬᠤ | ᠬᠤᠯᠠ ᠪᠠᠶᠢᠬᠤ︾ ᠶᠢ ᠪᠠᠷᠢᠮᠲᠠᠯᠠᠬᠤ ᠬᠡᠷᠡᠭᠲᠡᠢ᠃ | 4. ᠣᠶᠢᠷ᠎ᠠ ᠵᠠᠢ ᠳᠤ ᠤᠳᠠᠭᠠᠨ ᠴᠠᠭ ᠨᠢᠳᠦ ᠬᠡᠷᠡᠭᠯᠡᠬᠦ ᠶᠢ ᠪᠠᠭᠠᠰᠬᠠᠨ᠎ᠠ | ᠣᠶᠢᠷ᠎ᠠ ᠵᠠᠢ ᠳᠤ ᠣᠩᠰᠢᠵᠤ ᠪᠢᠴᠢᠬᠦ ᠴᠠᠭ ᠢ 40 ᠮᠢᠨᠦ᠋ᠲ ᠠᠴᠠ ᠬᠡᠲᠦᠷᠡᠭᠦᠯᠵᠦ ᠪᠣᠯᠬᠤ ᠦᠭᠡᠢ᠂ 40 | ᠮᠢᠨᠦ᠋ᠲ ᠪᠦᠷᠢ ᠳᠤ 10 ᠮᠢᠨᠦ᠋ᠲ ᠠᠮᠠᠷᠠᠵᠤ᠂ ᠴᠣᠩᠬᠤ ᠪᠠᠷ ᠠᠯᠤᠰ ᠢ ᠪᠠᠷᠠᠯᠠᠵᠤ ︵6 ᠮᠧᠲᠷ ᠤᠨ ᠬᠤᠯᠠ︶ ᠨᠢᠳᠦᠨ ᠤ | ᠶᠠᠳᠠᠷᠠᠭ᠎ᠠ ᠪᠠᠨ ᠲᠠᠶᠢᠯᠬᠤ ᠬᠡᠷᠡᠭᠲᠡᠢ᠃ | 5. ᠡᠯᠧᠺᠲᠷᠣᠨ ᠦᠢᠯᠡᠳᠬᠦᠨ ᠢ ᠬᠡᠷᠡᠭᠯᠡᠬᠦ ᠴᠠᠭ ᠢ ᠵᠣᠬᠢᠰᠲᠠᠢ ᠬᠢᠵᠠᠭᠠᠷᠯᠠᠨ᠎ᠠ | 6 ᠨᠠᠰᠤᠨ ᠠᠴᠠ ᠳᠣᠷᠤᠭᠰᠢᠬᠢ ᠬᠡᠦᠬᠡᠳ ᠲᠤ ᠠᠯᠢ ᠴᠢᠳᠠᠬᠤ ᠪᠠᠷ ᠭᠠᠷ ᠤᠲᠠᠰᠤ ᠪᠠ ᠺᠣᠮᠫᠢᠦ᠋ᠲ᠋ᠧᠷ ᠢ | ᠬᠡᠷᠡᠭᠯᠡᠭᠦᠯᠬᠦ ᠠᠴᠠ ᠵᠠᠶᠢᠯᠠᠰᠬᠢᠬᠤ ᠬᠡᠷᠡᠭᠲᠡᠢ᠂ ᠬᠡᠷᠪᠡ ᠡᠯᠧᠺᠲᠷᠣᠨ ᠦᠢᠯᠡᠳᠬᠦᠨ ᠬᠡᠷᠡᠭᠯᠡᠬᠦ ᠳᠤ ᠬᠦᠷᠪᠡᠯ᠂ ᠶᠡᠭᠡ | ᠳᠡᠯᠭᠡᠴᠡᠲᠦ ᠡᠯᠧᠺᠲᠷᠣᠨ ᠪᠦᠲᠦᠭᠡᠭᠳᠡᠬᠦᠨ ᠢ ᠰᠣᠩᠭᠤᠵᠤ᠂ ᠬᠤᠯᠠ ᠠᠴᠠ ᠦᠵᠡᠭᠦᠯᠬᠦ ᠬᠡᠷᠡᠭᠲᠡᠢ᠃ ᠡᠳᠦᠷ | ᠪᠦᠷᠢ ᠶᠢᠨ ᠡᠯᠧᠺᠲᠷᠣᠨ ᠦᠢᠯᠡᠳᠬᠦᠨ ᠬᠡᠷᠡᠭᠯᠡᠬᠦ ᠴᠠᠭ ᠢ 1 ᠴᠠᠭ ᠠᠴᠠ ᠬᠡᠲᠦᠷᠡᠭᠦᠯᠵᠦ ᠪᠣᠯᠬᠤ ᠦᠭᠡᠢ᠂ 15 | ᠮᠢᠨᠦ᠋ᠲ ᠬᠡᠷᠡᠭᠯᠡᠬᠦ ᠪᠦᠷᠢ 5 ᠮᠢᠨᠦ᠋ᠲ ᠠᠮᠠᠷᠠᠭᠤᠯᠬᠤ ᠬᠡᠷᠡᠭᠲᠡᠢ᠃ | 6. ᠭᠡᠷᠡᠯ ᠰᠠᠶᠢᠨ ᠣᠷᠴᠢᠨ ᠳᠤ ᠨᠢᠳᠦ ᠪᠠᠨ ᠬᠡᠷᠡᠭᠯᠡᠨ᠎ᠡ | ᠨᠣᠮ ᠤᠩᠰᠢᠵᠤ ᠪᠢᠴᠢᠬᠦ ᠳᠤ ᠪᠠᠨ ᠭᠡᠷᠡᠯ ᠢ ᠵᠡᠭᠦᠨ ᠡᠮᠦᠨ᠎ᠡ ᠲᠠᠯ᠎ᠠ ᠠᠴᠠ ᠳᠤᠰᠬᠠᠵᠤ ︵ᠵᠢᠱᠢᠶᠡᠯᠡᠪᠡᠯ ᠵᠡᠭᠦᠨ | ᠭᠠᠷ ᠢᠶᠠᠷ ᠢᠶᠠᠨ ᠦᠰᠦᠭ ᠪᠢᠴᠢᠪᠡᠯ᠂ ᠭᠡᠷᠡᠯ ᠢ ᠪᠠᠷᠠᠭᠤᠨ ᠡᠮᠦᠨ᠎ᠡ ᠲᠠᠯ᠎ᠠ ᠠᠴᠠ ᠳᠤᠰᠬᠠᠨ᠎ᠠ︶᠂ ᠰᠡᠭᠦᠳᠡᠷ | ᠬᠠᠷᠠᠭ᠎ᠠ ᠶᠢ ᠬᠠᠯᠬᠠᠯᠠᠬᠤ ᠠᠴᠠ ᠵᠠᠶᠢᠯᠠᠰᠬᠢᠨ᠎ᠡ︔ ᠲᠠᠯᠪᠢᠭᠤᠷ ᠳ᠋ᠧᠩ ᠢ ᠬᠡᠷᠡᠭᠯᠡᠬᠦ ᠦᠶ᠎ᠡ ᠳᠤ᠂ ᠰᠢᠷᠡᠭᠡᠨ ᠨᠢᠭᠤᠷ ᠤᠨ | ᠭᠡᠷᠡᠯ ᠤᠨ ᠲᠤᠰᠤᠯᠲᠠ ᠢ ᠵᠢᠭᠳᠡ ᠪᠠᠶᠢᠯᠭᠠᠵᠤ᠂ ᠭᠡᠷ ᠤᠨ ᠳ᠋ᠧᠩ ᠢ ᠵᠡᠷᠭᠡ ᠳᠤ ᠨᠢ ᠨᠡᠭᠡᠭᠡᠨ᠎ᠡ ︵ᠥᠩᠭᠡᠲᠦ ᠳ᠋ᠧᠩ ᠢ | ᠬᠡᠷᠡᠭᠯᠡᠬᠦ ᠦᠭᠡᠢ︶︔ ᠲᠧᠯᠸᠢᠰ ᠦᠵᠡᠬᠦ ᠦᠶ᠎ᠡ ᠳᠤ᠂ ᠵᠣᠬᠢᠰᠲᠠᠢ ᠵᠠᠢ ᠶᠢ ᠪᠠᠷᠢᠮᠲᠠᠯᠠᠵᠤ᠂ ᠲᠧᠯᠸᠢᠰ ᠤᠨ | ᠳᠡᠯᠭᠡᠴᠡ ᠶᠢᠨ ᠥᠨᠳᠦᠷᠴᠡ ᠬᠥᠮᠦᠨ ᠤ ᠬᠠᠷᠠᠭᠠᠨ ᠱᠤᠭᠤᠮ ᠲᠠᠢ ᠵᠡᠷᠭᠡᠴᠡᠬᠦ ᠪᠤᠶᠤ ᠪᠠᠭ᠎ᠠ ᠳᠣᠣᠷ᠎ᠠ ᠪᠠᠶᠢᠬᠤ ᠶᠢ | ᠪᠠᠲᠤᠯᠠᠬᠤ ᠬᠡᠷᠡᠭᠲᠡᠢ᠃ | 7. ᠰᠢᠮ᠎ᠡ ᠲᠡᠵᠢᠭᠡᠯ ᠢ ᠲᠡᠩᠴᠡᠭᠦᠯᠵᠦ᠂ ᠰᠢᠬᠢᠷᠯᠢᠭ ᠢᠳᠡᠭᠡᠨ ᠪᠠᠭ᠎ᠠ ᠢᠳᠡᠨ᠎ᠡ | ᠲᠤᠷᠰᠢᠯᠲᠠ ᠠᠴᠠ ᠰᠢᠬᠢᠷᠯᠢᠭ ᠢᠳᠡᠭᠡᠨ ᠢ ᠰᠢᠩᠭᠡᠭᠡᠬᠦ ᠶᠠᠪᠤᠴᠠ ᠳᠤ ᠬᠦᠴᠢᠯᠯᠢᠭ ᠡᠳ᠋ ᠪᠠ ᠱᠥᠯᠲᠦᠯᠢᠭ ᠡᠳ᠋ | ᠴᠢᠰᠤᠨ ᠤ ᠺᠠᠯᠼᠢ ᠶᠢ ᠰᠠᠭᠠᠷᠮᠠᠭᠵᠢᠭᠤᠯᠵᠤ᠂ ᠴᠢᠰᠤᠨ ᠤ ᠺᠠᠯᠼᠢ ᠪᠠᠭᠠᠰᠤᠨ᠂ ᠺᠠᠯᠼᠢ ᠳᠤᠲᠠᠬᠤ ᠨᠢ ᠨᠢᠳᠦᠨ ᠤ | ᠴᠡᠴᠡᠬᠡᠢ ᠶᠢᠨ ᠤᠶᠠᠨ ᠬᠠᠳᠠᠨ ᠴᠢᠨᠠᠷ ᠪᠠᠭᠤᠷᠠᠭᠤᠯᠵᠤ᠂ ᠨᠢᠳᠦᠨ ᠤ ᠲᠡᠩᠭᠡᠯᠢᠭ ᠠᠮᠠᠷᠬᠠᠨ ᠤᠷᠲᠤᠰᠴᠤ᠂ ᠣᠶᠢᠷ᠎ᠠ | ᠬᠠᠷᠠᠭ᠎ᠠ ᠲᠠᠢ ᠪᠣᠯᠬᠤ ᠪᠤᠶᠤ ᠬᠦᠨᠳᠦᠷᠡᠨ᠎ᠡ ᠭᠡᠳᠡᠭ ᠢ ᠭᠡᠷᠡᠴᠢᠯᠡᠪᠡ᠃ ᠬᠡᠦᠬᠡᠳ ᠬᠤᠭᠤᠯᠠ ᠭᠤᠯᠤᠬᠤ ᠦᠭᠡᠢ᠂ | ᠬᠤᠭᠤᠯᠠ ᠢᠯᠭᠠᠬᠤ ᠦᠭᠡᠢ᠂ ᠢᠯᠡᠭᠦᠬᠡᠨ ᠵᠢᠮᠢᠰ ᠪᠠ ᠢᠳᠡᠰᠢᠨ ᠨᠣᠭᠤᠭ᠎ᠠ ᠢᠳᠡᠵᠦ᠂ ᠰᠢᠬᠢᠷᠯᠢᠭ ᠢᠳᠡᠭᠡᠨ | ᠳᠤᠲᠠᠭᠤ ᠢᠳᠡᠵᠦ᠂ ᠰᠢᠬᠢᠷᠯᠢᠭ ᠤᠮᠳᠠᠭᠠᠨ ᠳᠤᠲᠠᠭᠤ ᠤᠤᠭᠤᠬᠤ ᠬᠡᠷᠡᠭᠲᠡᠢ᠃ | 8. ᠭᠦᠢᠴᠡᠳ ᠤᠨᠲᠠᠬᠤ ᠶᠢ ᠪᠠᠲᠤᠯᠠᠨ᠎ᠠ | ᠭᠦᠢᠴᠡᠳ ᠤᠨᠲᠠᠬᠤ ᠨᠢ ᠣᠶᠢᠷ᠎ᠠ ᠬᠠᠷᠠᠭ᠎ᠠ ᠶᠢ ᠰᠡᠷᠭᠡᠶᠢᠯᠡᠵᠦ ᠴᠢᠳᠠᠨ᠎ᠠ ᠭᠡᠳᠡᠭ ᠢ ᠰᠣᠳᠤᠯᠭᠠᠨ | ᠬᠠᠷᠠᠭᠤᠯᠵᠠᠢ᠃ ᠪᠠᠭ᠎ᠠ ᠰᠤᠷᠭᠠᠭᠤᠯᠢ ᠶᠢᠨ ᠰᠤᠷᠤᠭᠴᠢ ᠡᠳᠦᠷ ᠪᠦᠷᠢ 10 ᠴᠠᠭ᠂ ᠠᠩᠬ᠎ᠠ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠰᠤᠷᠤᠭᠴᠢ 9 ᠴᠠᠭ᠂ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢ 8 ᠴᠠᠭ | ᠤᠨᠲᠠᠬᠤ ᠶᠢ ᠪᠠᠲᠤᠯᠬᠠᠤ ᠬᠡᠷᠡᠭᠲᠡᠢ᠃ | | ᠠᠰᠠᠭᠤᠳᠠᠯ ᠲᠠᠢ ᠪᠣᠯ ᠵᠠᠪᠠᠯ ᠡᠮᠨᠡᠭᠦᠯᠬᠦ ᠬᠡᠷᠡᠭᠲᠡᠢ | 1. ᠡᠪᠦᠯ ᠤᠨ ᠠᠮᠠᠷᠠᠯᠲᠠ ᠶᠢᠨ ᠬᠤᠭᠤᠴᠠᠭᠠᠨ ᠳᠤ᠂ ᠬᠡᠷᠪᠡ ᠬᠡᠦᠬᠡᠳ ᠤᠨ ᠨᠢᠳᠦ ᠤᠯᠠᠶᠢᠵᠤ ᠬᠠᠪᠤᠳᠬᠤ᠂ | ᠡᠪᠡᠳᠬᠦ᠂ ᠭᠡᠷᠡᠯ ᠠᠴᠠ ᠠᠶᠤᠬᠤ᠂ ᠨᠢᠯᠪᠤᠰᠤ ᠭᠤᠭᠤᠵᠢᠬᠤ ᠵᠡᠷᠭᠡ ᠪᠠᠶᠢᠳᠠᠯ ᠢᠯᠡᠷᠡᠪᠡᠯ ᠥᠪᠡᠰᠦᠪᠡᠨ ᠡᠮᠨᠡᠬᠦ ᠦᠭᠡᠢ᠂ | ᠴᠠᠭ ᠲᠤᠬᠠᠢ ᠳᠤ ᠨᠢ ᠵᠢᠩᠬᠢᠨᠢ ᠨᠢᠳᠦᠨ ᠤ ᠡᠮᠨᠡᠯᠭᠡ ᠳᠤ ᠬᠦᠴᠦ ᠡᠮᠨᠡᠭᠦᠯᠬᠦ ᠬᠡᠷᠡᠭᠲᠡᠢ᠃ | 2. ᠢᠷᠲᠦ ᠡᠳ᠋ ᠪᠠᠷᠢᠵᠤ ᠲᠣᠭᠯᠠᠵᠤ ᠪᠣᠯᠬᠤ ᠦᠭᠡᠢ᠂ ᠴᠢᠩᠭ᠎ᠠ ᠬᠦᠴᠢᠯᠯᠢᠭ᠂ ᠴᠢᠩᠭ᠎ᠠ ᠱᠥᠯᠲᠦᠯᠢᠭ | ᠤᠬᠢᠶᠠᠯᠭ᠎ᠠ ᠶᠢᠨ ᠡᠳ᠋ ᠲᠠᠢ ᠣᠶᠢᠷᠠᠳᠬᠤ ᠠᠴᠠ ᠵᠠᠶᠢᠯᠠᠰᠬᠢᠨ᠎ᠠ᠃ ᠨᠢᠳᠦᠨ ᠳᠤ ᠶᠠᠭᠤᠮ᠎ᠠ ᠣᠷᠣᠪᠠᠯ᠂ ᠨᠢᠳᠦ ᠪᠠᠨ | ᠰᠢᠭᠤᠳ ᠨᠤᠬᠤᠯᠠᠬᠤ ᠦᠭᠡᠢ᠂ ᠨᠢᠳᠦ ᠪᠠᠨ ᠪᠠᠭ᠎ᠠ ᠠᠠᠨᠢᠵᠤ᠂ ᠣᠷᠣᠭᠰᠠᠨ ᠶᠠᠭᠤᠮ᠎ᠠ ᠶᠢ ᠨᠢᠳᠦᠨ ᠨᠢᠯᠪᠤᠰᠤ ᠪᠠᠨ | ᠤᠷᠤᠰᠬᠠᠨ ᠭᠠᠷᠭᠠᠨ᠎ᠠ᠂ ᠬᠡᠷᠪᠡ ᠠᠶᠠᠷ ᠢᠶᠠᠨ ᠭᠠᠷᠬᠤ ᠦᠭᠡᠢ ᠪᠤᠶᠤ ᠣᠨᠳᠣᠤ ᠢᠯᠡᠷᠡᠯ ᠲᠠᠢ ᠪᠣᠯ ᠴᠠᠭ ᠲᠤᠬᠠᠢ ᠳᠤ | ᠨᠢ ᠡᠮᠨᠡᠭᠦᠯᠬᠦ ᠬᠡᠷᠡᠭᠲᠡᠢ᠃ | 3. ᠭᠡᠷ ᠤᠨ ᠠᠬᠠᠮᠠᠳ ᠬᠡᠦᠬᠡᠳ ᠤᠨ ᠢᠶᠠᠨ ᠲᠣᠯᠤᠭᠠᠢ ᠪᠠᠨ ᠭᠢᠯᠵᠢᠢᠯᠭᠡᠨ ᠶᠠᠭᠤᠮ᠎ᠠ ᠬᠠᠷᠠᠬᠤ᠂ ᠦᠷᠭᠦᠯᠵᠢ | ᠨᠢᠳᠦ ᠪᠠᠨ ᠰᠡᠶᠢᠮᠡᠶᠢᠯᠭᠡᠬᠦ᠂ ᠨᠢᠳᠦ ᠪᠠᠨ ᠰᠢᠬᠠᠬᠤ ᠵᠡᠷᠭᠡ ᠢᠯᠡᠷᠡᠯ ᠢ ᠣᠯᠵᠤ ᠮᠡᠳᠡᠪᠡᠯ᠂ ᠳᠠᠷᠤᠢ ᠳᠤ ᠨᠢ ᠵᠣᠬᠢᠰᠲᠠᠢ | ᠠᠮᠠᠷᠠᠭᠤᠯᠬᠤ ᠪᠠ ᠬᠥᠳᠡᠯᠭᠡᠭᠡᠨ ᠬᠢᠯᠭᠡᠵᠦ᠂ ᠠᠮᠠᠷᠠᠯᠲᠠ ᠶᠢᠨ ᠬᠤᠭᠤᠴᠠᠭ᠎ᠠ ᠶᠢ ᠠᠰᠢᠭᠯᠠᠨ ᠵᠢᠩᠬᠢᠨᠢ ᠨᠢᠳᠦᠨ ᠤ | ᠡᠮᠨᠡᠯᠭᠡ ᠶᠢᠨ ᠬᠤᠷᠢᠶᠠᠨ ᠳᠤ ᠬᠦᠷᠴᠦ ᠪᠠᠶᠢᠴᠠᠭᠠᠯᠭᠠᠵᠤ ᠵᠠᠰᠠᠭᠤᠯᠤᠨ᠎ᠠ ᠂ ᠬᠡᠷᠪᠡ ᠣᠶᠢᠷ᠎ᠠ ᠬᠠᠷᠠᠭ᠎ᠠ ᠪᠣᠯᠤᠭᠰᠠᠨ ᠪᠣᠯ | ᠴᠠᠭ ᠲᠤᠬᠠᠢ ᠳᠤ ᠨᠢ ᠵᠠᠰᠠᠭᠤᠯᠬᠤ ᠪᠣᠯ ᠣᠶᠢᠷ᠎ᠠ ᠬᠠᠷᠠᠭ᠎ᠠ ᠬᠦᠨᠳᠦᠷᠡᠬᠦ ᠶᠢ ᠬᠤᠷᠢᠭᠯᠠᠬᠤ ᠬᠠᠮᠤᠭ ᠤᠨ ᠵᠥᠪ ᠪᠥᠭᠡᠳ | ᠪᠦᠲᠦᠮᠵᠢᠲᠡᠢ ᠠᠷᠭ᠎ᠠ ᠮᠠᠶ᠋ᠢᠭ ᠪᠣᠯᠤᠨ᠎ᠠ᠃ | 4. ᠴᠠᠭᠠᠨ ᠰᠠᠷ᠎ᠠ ᠶᠢᠨ ᠬᠤᠭᠤᠴᠠᠭᠠᠨ ᠳᠤ᠂ ᠬᠤᠸᠠᠷ ᠫᠤᠤᠵᠢᠩ ᠲᠠᠯᠪᠢᠵᠤ ᠨᠢᠳᠦ ᠪᠠ ᠪᠡᠶ᠎ᠡ ᠮᠠᠬᠠᠪᠣᠳ ᠢᠶᠠᠨ | ᠰᠢᠷᠬᠠᠳᠤᠭᠤᠯᠬᠤ ᠪᠠᠶᠢᠳᠠᠯ ᠦᠷᠭᠦᠯᠵᠢ ᠭᠠᠷᠳᠠᠭ᠂ ᠭᠡᠷ ᠤᠨ ᠠᠬᠠᠮᠠᠳ ᠡᠷᠬᠡᠪᠰᠢ ᠬᠡᠦᠬᠡᠳ ᠤᠨ ᠠᠮᠤᠷ ᠲᠦᠪᠰᠢᠨ ᠤ | ᠬᠥᠮᠦᠵᠢᠯ ᠪᠠ ᠬᠠᠮᠠᠭᠠᠯᠠᠯᠲᠠ ᠶᠢ ᠰᠠᠶᠢᠲᠤᠷ ᠬᠢᠵᠦ᠂ ᠰᠠᠨᠠᠭᠠᠨ ᠳᠤ ᠦᠭᠡᠢ ᠭᠡᠮᠲᠦᠯ ᠭᠠᠷᠬᠤ ᠠᠴᠠ ᠵᠠᠶᠢᠯᠠᠰᠬᠢᠬᠤ | ᠬᠡᠷᠡᠭᠲᠡᠢ᠃ | | | |