ᠡᠪᠦᠯ ᠤᠨ ᠠᠮᠠᠷᠠᠯᠲᠠ ᠶᠢᠨ ᠬᠤᠭᠤᠴᠠᠭᠠᠨ ᠳᠤ᠂ ᠬᠥᠮᠦᠨ ᠪᠠ ᠪᠣᠳᠠᠰ ᠤᠨ ᠭᠦᠢᠯᠭᠡᠭᠡ ᠨᠢᠭᠲᠠᠷᠠᠵᠤ᠂ | ︽ᠶᠢᠰᠦᠨ ᠵᠢᠵᠢᠭ ᠲᠠᠯᠠᠪᠤᠷ︾ ᠢᠶᠠᠷ ᠣᠷᠣᠵᠤ ᠭᠠᠷᠬᠤ ᠳᠠᠪᠲᠠᠮᠵᠢ ᠨᠡᠮᠡᠭᠳᠡᠬᠦ ᠪᠣᠯᠤᠨ᠎ᠠ᠃ ︽ᠶᠢᠰᠦᠨ ᠵᠢᠵᠢᠭ | ᠲᠠᠯᠠᠪᠤᠷ︾ ᠲᠤᠬᠠᠶᠢᠯᠠᠪᠠᠯ᠂ ᠵᠢᠵᠢᠭ ᠬᠤᠳᠠᠯᠳᠤᠭᠠᠨ ᠤ ᠲᠠᠯᠠᠪᠤᠷ᠂ ᠵᠢᠵᠢᠭ ᠢᠳᠡᠭᠡᠨ ᠤᠮᠳᠠᠭᠠᠨ ᠤ ᠭᠠᠵᠠᠷ᠂ ᠵᠢᠵᠢᠭ | ᠣᠯᠠᠨ ᠨᠡᠶᠢᠲᠡ ᠶᠢᠨ ᠵᠤᠭ᠎ᠠ ᠴᠡᠩᠭᠡᠯ ᠤᠨ ᠲᠠᠯᠠᠪᠤᠷ᠂ ᠵᠢᠵᠢᠭ ᠦᠢᠯᠡᠳᠪᠦᠷᠢᠯᠡᠵᠦ ᠪᠣᠯᠪᠠᠰᠤᠷᠠᠭᠤᠯᠬᠤ ᠠᠵᠤ ᠠᠬᠤᠶᠢᠯᠠᠯ᠂ | ᠵᠢᠵᠢᠭ ᠪᠠᠭᠤᠳᠠᠯ᠂ ᠵᠢᠵᠢᠭ ᠰᠡᠯᠡᠭᠦᠴᠡᠵᠦ ᠪᠡᠶ᠎ᠡ ᠪᠣᠯᠪᠠᠰᠤᠷᠠᠭᠤᠯᠬᠤ ᠲᠠᠯᠠᠪᠤᠷ᠂ ᠵᠢᠵᠢᠭ ᠰᠦᠯᠵᠢᠶᠡᠨ ᠤ ᠪᠠᠭᠠᠷ᠂ | ᠵᠢᠵᠢᠭ ᠵᠢᠭᠠᠨ ᠰᠤᠷᠭᠠᠯᠲᠠ ᠶᠢᠨ ᠪᠠᠶᠢᠭᠤᠯᠤᠮᠵᠢ᠂ ᠵᠢᠵᠢᠭ ᠡᠮᠨᠡᠯᠭᠡ ᠶᠢᠨ ᠭᠠᠵᠠᠷ ᠪᠣᠯᠤᠨ᠎ᠠ᠃ | ︽ᠶᠢᠰᠦᠨ ᠵᠢᠵᠢᠭ ᠲᠠᠯᠠᠪᠤᠷ︾ ᠲᠤ ᠭᠠᠯ ᠰᠡᠷᠭᠡᠶᠢᠯᠡᠬᠦ ᠠᠮᠤᠷ ᠲᠦᠪᠰᠢᠨ ᠤ ᠰᠠᠨᠠᠭᠤᠯᠤᠮᠵᠢ | 1. ᠵᠡᠭᠡᠯᠢ ᠳᠠᠭᠠᠤ ᠶᠢᠨ ᠡᠭᠦᠳᠡᠨ ᠳᠡᠯᠭᠡᠭᠦᠷ ᠪᠠ ︽ᠶᠢᠰᠦᠨ ᠵᠢᠵᠢᠭ ᠲᠠᠯᠠᠪᠤᠷ︾ ᠲᠤ ᠣᠷᠣᠬᠤ ᠦᠶ᠎ᠡ ᠳᠤ᠂ | ᠭᠠᠯ ᠰᠡᠷᠭᠡᠶᠢᠯᠡᠬᠦ ᠠᠮᠤᠷ ᠲᠦᠪᠰᠢᠨ ᠢ ᠠᠩᠬᠠᠷᠬᠤ ᠬᠡᠷᠡᠭᠲᠡᠢ᠃ ᠲᠠᠮᠠᠬᠢ ᠳᠠᠲᠠᠵᠤ ᠪᠣᠯᠬᠤ ᠦᠭᠡᠢ᠂ ᠢᠯᠡ ᠭᠠᠯ ᠢ | ᠬᠡᠷᠡᠭᠯᠡᠵᠦ ᠪᠣᠯᠬᠤ ᠦᠭᠡᠢ᠃ | 2. ᠠᠮᠢ ᠵᠢᠭᠤᠲᠠᠬᠤ ᠭᠤᠳᠤᠮ᠂ ᠠᠮᠤᠷ ᠲᠦᠪᠰᠢᠨ ᠭᠠᠷᠤᠴᠠ ᠶᠢᠨ ᠪᠣᠳᠠᠲᠠᠢ ᠣᠷᠣᠨ ᠪᠠᠶᠢᠷᠢ ᠶᠢ | ᠣᠶᠢᠯᠠᠭᠠᠵᠤ᠂ ᠬᠡᠷᠪᠡ ᠭᠠᠯ ᠤᠨ ᠠᠶᠤᠯ ᠲᠣᠬᠢᠶᠠᠯᠳᠤᠪᠠᠯ᠂ ᠲᠠᠷᠬᠠᠭᠠᠨ ᠵᠠᠶᠢᠯᠠᠭᠤᠯᠬᠤ ᠵᠢᠭᠠᠯᠲᠠ ᠶᠢᠨ ᠲᠡᠮᠳᠡᠭ ᠪᠣᠯᠤᠨ | ᠭᠠᠯ ᠰᠡᠷᠭᠡᠶᠢᠯᠡᠵᠦ ᠪᠠᠴᠢᠮ ᠪᠠᠶᠢᠳᠠᠯ ᠢ ᠠᠷᠭᠠᠴᠠᠬᠤ ᠷᠠᠳᠢᠣ᠋ ᠨᠡᠪᠲᠡᠷᠡᠭᠦᠯᠭᠡ ᠵᠢᠴᠢ ᠠᠬᠤᠢ ᠲᠠᠯᠠᠪᠠᠢ ᠶᠢᠨ ᠠᠵᠢᠯᠲᠠᠨ ᠤ | ᠵᠢᠯᠣᠭᠤᠳᠤᠯᠭ᠎ᠠ ᠪᠠᠷ ᠵᠥᠪ᠂ ᠲᠦᠷᠭᠡᠨ᠂ ᠡᠮᠬᠢ ᠵᠢᠷᠤᠮ ᠲᠠᠢ ᠲᠠᠷᠬᠠᠨ ᠵᠠᠶᠢᠯᠠᠵᠤ ᠥᠪᠡᠷ ᠢ ᠪᠠᠨ ᠠᠪᠤᠷᠠᠬᠤ ᠬᠡᠷᠡᠭᠲᠡᠢ᠃ | 3. ᠭᠠᠯ ᠤᠨᠲᠠᠷᠠᠭᠠᠬᠤ ᠪᠡᠯᠡᠳᠬᠡᠮᠵᠢ ᠪᠠᠭᠠᠵᠢ ᠬᠡᠷᠡᠭᠰᠡᠯ᠂ ᠠᠮᠢ ᠵᠢᠭᠤᠲᠠᠬᠤ ᠲᠥᠬᠦᠭᠡᠷᠦᠮᠵᠢ ᠶᠢᠨ ᠣᠷᠣᠨ | ᠪᠠᠶᠢᠷᠢ ᠪᠣᠯᠤᠨ ᠬᠡᠷᠡᠭᠯᠡᠬᠦ ᠠᠷᠭ᠎ᠠ ᠶᠢ ᠣᠶᠢᠯᠠᠭᠠᠨ ᠡᠵᠡᠮᠰᠢᠵᠦ᠂ ᠬᠡᠷᠪᠡ ᠭᠠᠯ ᠤᠨ ᠠᠶᠤᠯ ᠲᠣᠬᠢᠶᠠᠯᠳᠤᠪᠠᠯ᠂ ᠵᠥᠪ | ᠣᠨᠣᠪᠴᠢᠲᠠᠢ ᠬᠡᠷᠡᠭᠯᠡᠵᠦ᠂ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ᠃ | ︽ᠶᠢᠰᠦᠨ ᠵᠢᠵᠢᠭ ᠲᠠᠯᠠᠪᠤᠷ︾ ᠲᠤ ᠭᠠᠯ ᠭᠠᠷᠤᠭᠰᠠᠨ ᠤ ᠳᠠᠷᠠᠭ᠎ᠠ ᠶᠠᠭᠠᠬᠢᠵᠤ ᠠᠮᠢ ᠵᠢᠭᠤᠲᠠᠬᠤ ᠪᠣᠢ | ᠲᠣᠭᠲᠠᠭᠤᠨ ᠪᠠᠶᠢᠬᠤ ᠬᠡᠷᠡᠭᠲᠡᠢ᠃ ᠭᠠᠯ ᠭᠠᠷᠤᠭᠰᠠᠨ ᠤ ᠳᠠᠷᠠᠭ᠎ᠠ᠂ ᠯᠠᠪᠳᠠᠭᠤᠨ ᠲᠣᠭᠲᠠᠭᠤᠨ ᠪᠠᠶᠢᠬᠤ ᠶᠢ | ᠪᠠᠲᠤᠯᠠᠵᠤ᠂ ᠵᠥᠪ ᠠᠮᠢ ᠵᠢᠭᠤᠲᠠᠬᠤ ᠵᠠᠮ ᠢ ᠰᠣᠩᠭᠤᠵᠤ᠂ ᠶᠠᠭᠠᠬᠢᠭᠰᠠᠨ ᠴᠤ ᠰᠣᠬᠤᠷ ᠪᠠᠯᠠᠢ ᠪᠠᠷ ᠰᠠᠨᠳᠤᠷᠴᠤ | ᠪᠣᠯᠬᠤ ᠦᠭᠡᠢ᠃ | ᠡᠳ᠋ ᠪᠣᠳᠠᠰ ᠢ ᠪᠢᠲᠡᠭᠡᠢ ᠬᠠᠮᠢᠶᠠᠷ᠃ ᠭᠠᠯ ᠭᠠᠷᠤᠭᠰᠠᠨ ᠭᠠᠵᠠᠷ ᠠᠴᠠ ᠠᠯᠢ ᠴᠢᠳᠠᠬᠤ ᠪᠠᠷ ᠲᠦᠷᠭᠡᠨ ᠵᠠᠶᠢᠯᠠᠵᠤ᠂ | ᠡᠳ᠋ ᠪᠣᠳᠠᠰ ᠤᠨ ᠲᠥᠯᠦᠭᠡ ᠠᠮᠢ ᠵᠢᠭᠤᠲᠠᠬᠤ ᠴᠠᠭ ᠲᠣᠬᠢᠶᠠᠯ ᠢ ᠠᠯᠳᠠᠵᠤ ᠪᠣᠯᠬᠤ ᠦᠭᠡᠢ᠃ ᠨᠢᠭᠡᠨᠲᠡ ᠭᠠᠯ ᠤᠨ | ᠲᠠᠯᠠᠪᠤᠷ ᠠᠴᠠ ᠳᠤᠲᠠᠭᠠᠭᠰᠠᠨ ᠬᠥᠮᠦᠰ ᠳᠠᠬᠢᠨ ᠪᠤᠴᠠᠵᠤ ᠪᠣᠯᠬᠤ ᠦᠭᠡᠢ᠃ | ᠤᠲᠤᠭ᠎ᠠ ᠮᠠᠨᠠᠨ ᠠᠴᠠ ᠵᠠᠶᠢᠯᠠ᠃ ᠠᠮᠢ ᠵᠢᠭᠤᠲᠠᠬᠤ ᠦᠶᠡᠰ ︽ᠭᠠᠯ ᠭᠠᠷᠤᠮᠠᠭᠴᠠ ᠬᠤᠷᠳᠤᠨ | ᠳᠤᠲᠠᠭᠠᠬᠤ︾ ᠶᠢ ᠪᠠᠲᠤ ᠴᠡᠭᠡᠵᠢᠯᠡᠵᠦ᠂ ᠭᠠᠯ ᠤᠨ ᠠᠶᠤᠯ ᠠᠴᠠ ᠲᠦᠷᠭᠡᠨ ᠵᠠᠶᠢᠯᠠᠨ᠎ᠠ᠃ ᠨᠢᠷᠤᠭᠤ ᠪᠠᠨ ᠪᠥᠬᠦᠶᠢᠯᠭᠡᠨ | ᠣᠴᠣᠶᠢᠵᠤ᠂ ᠠᠮᠢᠰᠬᠤᠯ ᠴᠢᠬᠤᠯᠳᠠᠵᠤ ᠪᠠᠶᠢᠪᠠᠴᠤ ᠨᠣᠶᠢᠲᠠᠨ ᠠᠯᠴᠢᠭᠤᠷ ᠢ ᠠᠮᠠ ᠬᠠᠮᠠᠷ ᠠᠴᠠ ᠪᠠᠨ ᠰᠠᠯᠭᠠᠵᠤ | ᠪᠣᠯᠬᠤ ᠦᠭᠡᠢ᠃ | ᠠᠶᠤᠯ ᠠᠴᠠ ᠵᠦᠢ ᠵᠣᠬᠢᠰᠲᠠᠢ ᠵᠠᠶᠢᠯᠠᠨ᠎ᠠ ᠃ ᠭᠠᠯ ᠤᠨ ᠡᠭᠦᠰᠦᠯ ᠨᠢ ᠳᠡᠭᠡᠷ᠎ᠡ ᠳᠠᠪᠬᠤᠷᠭ᠎ᠠ ᠳᠤ ᠪᠠᠶᠢᠬᠤ | ᠦᠶ᠎ᠡ ᠳᠤ᠂ ᠠᠰᠠᠷ ᠤᠨ ᠬᠤᠩᠬᠢᠯ ᠳᠤ ᠤᠲᠤᠭ᠎ᠠ ᠦᠭᠡᠢ ᠪᠣᠯ ᠠᠮᠢ ᠵᠢᠭᠤᠳᠠᠬᠤ ᠪᠥᠲᠡᠭᠡᠯᠭᠡ ᠶᠢ ᠳᠥᠭᠦᠮᠬᠡᠨ ᠵᠡᠭᠦᠬᠦ | ᠪᠤᠶᠤ ᠨᠦᠢᠲᠠᠨ ᠠᠯᠴᠢᠭᠤᠷ ᠢᠶᠠᠷ ᠬᠠᠮᠠᠷ ᠢᠶᠠᠨ ᠪᠥᠭᠯᠡᠵᠦ᠂ ᠠᠰᠠᠷ ᠤᠨ ᠱᠠᠲᠤ ᠪᠠᠷ ᠳᠣᠷᠣᠭᠰᠢ ᠲᠦᠷᠭᠡᠨ ᠵᠢᠭᠤᠲᠠᠵᠤ᠂ | ᠠᠰᠠᠷ ᠤᠨ ᠱᠠᠲᠤ ᠪᠠᠷ ᠥᠩᠭᠡᠷᠡᠬᠦ ᠦᠶ᠎ᠡ ᠳᠤ ᠭᠠᠷ ᠤᠨ ᠠᠶ᠎ᠠ ᠪᠠᠷ ᠭᠠᠯ ᠰᠡᠷᠭᠡᠶᠢᠯᠡᠬᠦ ᠡᠭᠦᠳᠡ ᠶᠢ ᠬᠠᠭᠠᠵᠤ᠂ | ᠴᠠᠬᠢᠯᠭᠠᠨ ᠱᠠᠲᠤᠨ ᠳᠤ ᠰᠠᠭᠤᠵᠤ ᠪᠣᠯᠬᠤ ᠦᠭᠡᠢ᠃ | ᠭᠤᠷᠪᠠ ᠶᠢ ᠴᠡᠪᠡᠷᠯᠡᠬᠦ ᠭᠤᠷᠪᠠ ᠶᠢ ᠬᠠᠭᠠᠬᠤ ᠭᠤᠷᠪᠠ ᠶᠢ ᠪᠠᠶᠢᠴᠠᠭᠠᠬᠤ ᠶᠢ ᠰᠠᠶᠢᠲᠤᠷ ᠬᠢᠨ᠎ᠡ | ᠲᠣᠭᠤᠭᠠᠨ ᠭᠡᠷ ᠢᠶᠠᠨ ᠴᠡᠪᠡᠷᠯᠡᠨ᠎ᠡ᠃ ᠲᠣᠭᠤᠭᠠᠨ ᠭᠡᠷ ᠪᠣᠯ ᠭᠡᠷ ᠪᠦᠯᠢ ᠶᠢᠨ ᠬᠠᠮᠤᠭ ᠤᠨ ᠠᠷᠪᠢᠨ ᠭᠠᠯ | ᠬᠡᠷᠡᠭᠯᠡᠬᠦ ᠭᠠᠵᠠᠷ ᠪᠠᠶᠢᠵᠤ᠂ ᠲᠣᠭᠤᠭᠠᠨ ᠭᠡᠷ ᠢ ᠴᠡᠪᠡᠷᠯᠡᠬᠦ ᠶᠢᠨ ᠭᠤᠣᠯᠳᠠᠯᠭ᠎ᠠ ᠨᠢ ᠲᠣᠰᠣ᠂ ᠴᠠᠭᠠᠰᠤ᠂ ᠪᠥᠰ ᠵᠡᠷᠭᠡ | ᠰᠢᠲᠠᠮᠠᠬᠠᠢ ᠪᠣᠳᠠᠰ ᠢ ᠵᠤᠤᠬ᠎ᠠ ᠵᠡᠷᠭᠡ ᠭᠠᠯ ᠤᠨ ᠡᠬᠢ ᠠᠴᠠ ᠬᠤᠯᠠ ᠪᠠᠶᠢᠯᠭᠠᠨ᠎ᠠ᠃ ᠡᠭᠦᠨ ᠤ ᠬᠠᠮᠲᠤ ᠣᠲᠤᠭ᠎ᠠ | ᠰᠤᠷᠤᠭᠴᠢ᠂ ᠰᠢᠲᠠᠮᠠᠬᠠᠢ ᠬᠡᠢ ᠶᠢᠨ ᠵᠤᠤᠬ᠎ᠠ ᠶᠢ ᠲᠣᠭᠲᠠᠮᠠᠯ ᠬᠤᠭᠤᠴᠠᠭ᠎ᠠ ᠲᠠᠢ ᠴᠡᠪᠡᠷᠯᠡᠨ᠎ᠡ᠃ | ᠨᠠᠷᠠᠪᠴᠢ ᠪᠠᠨ ᠴᠡᠪᠡᠷᠯᠡᠨ᠎ᠡ᠃ ᠨᠠᠷᠠᠪᠴᠢᠨ ᠳᠡᠭᠡᠷᠡᠬᠢ ᠡᠯᠳᠡᠪ ᠶᠠᠭᠤᠮ᠎ᠠ᠂ ᠣᠨᠴᠠᠭᠠᠶᠢᠯᠠᠨ ᠴᠠᠭᠠᠰᠤᠨ ᠬᠠᠶᠢᠷᠴᠠᠭ᠂ | ᠴᠠᠭᠠᠰᠤ᠂ ᠰᠦᠯᠢᠶᠣᠣ ᠵᠡᠷᠭᠡ ᠨᠣᠴᠣᠮᠠᠲᠠᠭᠠᠢ ᠪᠣᠳᠠᠰ ᠢ ᠴᠠᠭ ᠲᠤᠬᠠᠢ ᠳᠤ ᠨᠢ ᠴᠡᠪᠡᠷᠯᠡᠬᠦ ᠬᠡᠷᠡᠭᠲᠡᠢ᠃ ᠤᠷᠲᠤ | ᠬᠤᠭᠤᠴᠠᠭ᠎ᠠ ᠪᠠᠷ ᠭᠠᠳᠠᠭᠰᠢ ᠭᠠᠷᠬᠤ ᠳᠤ ᠪᠠᠨ ᠡᠭᠦᠳᠡ ᠴᠣᠩᠬᠤ ᠪᠠᠨ ᠬᠠᠭᠠᠵᠤ᠂ ᠭᠠᠯ ᠤᠨ ᠣᠴᠢ ᠭᠡᠷ ᠲᠤ ᠣᠷᠣᠵᠤ | ᠭᠠᠯ ᠤᠨ ᠠᠶᠤᠯ ᠭᠠᠷᠬᠤ ᠠᠴᠠ ᠰᠡᠷᠭᠡᠶᠢᠯᠡᠬᠦ ᠬᠡᠷᠡᠭᠲᠡᠢ᠃ | ᠠᠰᠠᠷ ᠤᠨ ᠬᠤᠩᠬᠢᠯ ᠢᠶᠠᠨ ᠴᠡᠪᠡᠷᠯᠡᠨ᠎ᠡ᠃ ᠠᠰᠠᠷ ᠤᠨ ᠬᠤᠩᠬᠢᠯ᠂ ᠠᠰᠠᠷ ᠤᠨ ᠱᠠᠲᠤᠨ ᠤ ᠥᠨᠴᠦᠭ ᠪᠤᠯᠤᠩ | ᠵᠡᠷᠭᠡ ᠭᠠᠵᠠᠷ ᠲᠤ ᠡᠯᠳᠡᠪ ᠶᠠᠭᠤᠮ᠎ᠠ ᠣᠪᠣᠭᠠᠯᠠᠵᠤ ᠪᠣᠯᠬᠤ ᠦᠭᠡᠢ︔ ᠴᠠᠬᠢᠯᠭᠠᠨ ᠬᠥᠳᠡᠯᠭᠡᠭᠦᠷᠲᠦ ᠲᠡᠷᠭᠡ ᠶᠢ | ᠠᠰᠠᠷ ᠤᠨ ᠱᠠᠲᠤᠨ ᠤ ᠬᠤᠭᠤᠷᠤᠨᠲᠤ᠂ ᠲᠠᠷᠬᠠᠭᠠᠨ ᠵᠠᠶᠢᠯᠠᠭᠤᠯᠬᠤ ᠵᠠᠮ᠂ ᠠᠮᠤᠷ ᠲᠦᠪᠰᠢᠨ ᠭᠠᠷᠤᠴᠠ ᠵᠡᠷᠭᠡ | ᠭᠠᠵᠠᠷ ᠲᠤ ᠴᠡᠨᠡᠭᠯᠡᠵᠦ ᠪᠣᠯᠬᠤ ᠦᠭᠡᠢ᠂ ᠴᠠᠬᠢᠯᠭᠠᠨ ᠴᠡᠨᠡᠭᠯᠡᠬᠦ ᠳᠤ ᠪᠠᠨ ᠴᠠᠭ ᠨᠢ ᠬᠡᠳᠦ ᠤᠷᠲᠤ ᠪᠠᠶᠢᠵᠤ ᠪᠣᠯᠬᠤ | ᠦᠭᠡᠢ᠂ ᠡᠷᠭᠢᠨ ᠲᠣᠭᠤᠷᠢᠨ ᠳᠤ ᠨᠢ ᠰᠢᠲᠠᠮᠠᠬᠠᠢ ᠪᠣᠳᠠᠰ ᠲᠠᠯᠪᠢᠵᠤ ᠪᠣᠯᠬᠤ ᠦᠭᠡᠢ᠃ ᠭᠠᠯ ᠤᠨᠲᠠᠷᠠᠭᠠᠬᠤ ᠨᠡᠪᠲᠡᠷᠡᠬᠦ | ᠵᠠᠮ᠂ ᠠᠮᠤᠷ ᠲᠦᠪᠰᠢᠨ ᠭᠠᠷᠤᠴᠠ᠂ ᠲᠠᠷᠬᠠᠭᠠᠨ ᠵᠠᠶᠢᠯᠠᠭᠤᠯᠬᠤ ᠭᠤᠳᠤᠮ ᠤᠨ ᠰᠠᠭᠠᠳ ᠦᠭᠡᠢ ᠨᠡᠪᠲᠡᠷᠡᠬᠦ ᠶᠢ | ᠪᠠᠲᠤᠯᠠᠵᠤ᠂ ᠴᠠᠬᠢᠯᠭᠠᠨ ᠳᠡᠭᠡᠰᠦᠨ ᠬᠤᠳᠳᠤᠭ ᠪᠣᠯᠤᠨ ᠴᠠᠬᠢᠯᠭᠠᠨ ᠱᠠᠲᠤᠨ ᠤ ᠬᠠᠰᠢᠯᠭ᠎ᠠ ᠳᠤ ᠡᠯᠳᠡᠪ ᠶᠠᠭᠤᠮ᠎ᠠ | ᠣᠪᠤᠭᠠᠯᠠᠵᠤ ᠪᠣᠯᠬᠤ ᠦᠭᠡᠢ ᠃ | ᠰᠢᠲᠠᠮᠠᠬᠠᠢ ᠬᠡᠢ ᠶᠢ ᠬᠠᠭᠠᠨ᠎ᠠ᠃ ᠰᠢᠲᠠᠮᠠᠬᠠᠢ ᠬᠡᠢ ᠶᠢ ᠬᠡᠷᠡᠭᠯᠡᠭᠰᠡᠨ ᠤ ᠳᠠᠷᠠᠭ᠎ᠠ ᠳᠠᠷᠤᠢ ᠳᠤ ᠨᠢ ᠬᠡᠢ ᠶᠢᠨ | ᠢᠷᠡᠯᠲᠡ ᠶᠢ ᠬᠠᠭᠠᠵᠤ᠂ ᠰᠢᠲᠠᠮᠠᠬᠠᠢ ᠬᠡᠢ ᠶᠢᠨ ᠭᠤᠤᠷᠰᠤ ᠶᠢ ᠳᠤᠷ᠎ᠠ ᠪᠠᠷ ᠢᠶᠠᠨ ᠬᠤᠪᠢᠷᠠᠭᠤᠯᠬᠤ ᠦᠭᠡᠢ᠂ ᠰᠢᠲᠠᠮᠠᠬᠠᠢ | ᠬᠡᠢ ᠶᠢᠨ ᠵᠥᠭᠡᠯᠡᠨ ᠭᠤᠤᠷᠰᠤ ᠬᠠᠭᠤᠴᠢᠷᠠᠭᠰᠠᠨ᠂ ᠮᠤᠯᠲᠤᠷᠤᠭᠰᠠᠨ᠂ ᠬᠡᠢ ᠭᠠᠷᠤᠭᠰᠠᠨ ᠵᠡᠷᠭᠡ ᠭᠡᠷ ᠪᠦᠯᠢ ᠶᠢᠨ | ᠭᠠᠯ ᠤᠨ ᠠᠶᠤᠯ ᠤᠨ ᠳᠠᠯᠳᠠ ᠭᠡᠮ ᠣᠷᠣᠰᠢᠵᠤ ᠪᠠᠶᠢᠬᠤ ᠡᠰᠡᠬᠦ ᠶᠢ ᠲᠣᠭᠲᠠᠮᠠᠯ ᠬᠤᠭᠤᠴᠠᠭ᠎ᠠ ᠲᠠᠢ ᠪᠠᠶᠢᠴᠠᠭᠠᠬᠤ | ᠬᠡᠷᠡᠭᠲᠡᠢ᠃ | ᠴᠠᠬᠢᠯᠭᠠᠨ ᠢ ᠬᠠᠭᠠᠨ᠎ᠠ ᠃ ᠭᠡᠷ ᠤᠨ ᠡᠯ᠎ᠡ ᠵᠦᠢᠯ ᠤᠨ ᠴᠠᠬᠢᠯᠭᠠᠨ ᠬᠡᠷᠡᠭᠰᠡᠯ ᠰᠠᠭᠤᠭᠠᠯᠢ ᠠᠷᠠᠳ ᠲᠤ ᠳᠥᠭᠦᠮ | ᠦᠵᠡᠭᠦᠯᠬᠦ ᠶᠢᠨ ᠬᠠᠮᠲᠤ ᠪᠠᠰᠠ ᠵᠣᠬᠢᠬᠤ ᠳᠠᠯᠳᠠ ᠭᠡᠮ ᠣᠷᠣᠰᠢᠳᠠᠭ᠂ ᠰᠠᠭᠤᠭᠠᠯᠢ ᠠᠷᠠᠳ ᠡᠷᠬᠡᠪᠰᠢ ᠬᠡᠷᠡᠭᠯᠡᠬᠦ ᠴᠠᠭ | ᠪᠠ ᠬᠡᠷᠡᠭᠯᠡᠬᠦ ᠠᠷᠭ᠎ᠠ ᠶᠢ ᠠᠩᠬᠠᠷᠴᠤ᠂ ᠬᠡᠷᠡᠭᠯᠡᠬᠦ ᠦᠭᠡᠢ ᠦᠶ᠎ᠡ ᠳᠤ ᠳᠠᠷᠦ᠋ᠢᠬᠠᠨ ᠴᠠᠬᠢᠯᠭᠠᠨ ᠡᠭᠦᠰᠭᠡᠭᠴᠢ ᠠᠴᠠ | ᠰᠠᠯᠭᠠᠬᠤ ᠬᠡᠷᠡᠭᠲᠡᠢ᠃ | ᠭᠠᠯ ᠢ ᠤᠨᠲᠠᠷᠠᠭᠠᠨ᠎ᠠ ᠃ ᠣᠷᠣ ᠳᠡᠭᠡᠷ᠎ᠡ ᠪᠤᠶᠤ ᠱᠠᠹᠠ ᠳᠡᠭᠡᠷ᠎ᠡ ᠬᠡᠪᠲᠡᠭᠡᠳ ᠲᠠᠮᠠᠬᠢ ᠲᠠᠲᠠᠬᠤ ᠦᠭᠡᠢ᠂ | ᠨᠣᠴᠣᠭᠠᠭᠤᠷ ᠵᠡᠷᠭᠡ ᠶᠢ ᠬᠡᠦᠬᠡᠳ ᠤᠨ ᠭᠠᠷ ᠬᠦᠷᠬᠦ ᠦᠭᠡᠢ ᠭᠠᠵᠠᠷ ᠲᠠᠯᠪᠢᠵᠤ᠂ ᠰᠫᠢᠷᠲ ᠵᠤᠤᠬ᠎ᠠ ᠵᠡᠷᠭᠡ ᠢᠯᠡ | ᠭᠠᠯ ᠢ ᠬᠡᠷᠡᠭᠯᠡᠵᠦ ᠪᠠᠷᠠᠪᠠᠯ ᠬᠠᠭᠠᠨ᠎ᠠ᠃ | ᠡᠬᠢ ᠡᠭᠦᠰᠦᠯ ᠢ ᠪᠠᠶᠢᠴᠠᠭᠠᠨ᠎ᠠ᠃ ᠴᠠᠬᠢᠯᠭᠠᠨ ᠬᠡᠷᠡᠭᠰᠡᠯ ᠤᠨ ᠲᠥᠬᠦᠭᠡᠷᠦᠮᠵᠢ ᠠᠴᠠ ᠭᠠᠯ ᠭᠠᠷᠬᠤ᠂ ᠬᠡᠦᠬᠡᠳ | ᠭᠠᠯ ᠢᠶᠠᠷ ᠨᠠᠭᠠᠳᠬᠤ ᠵᠡᠷᠭᠡ ᠪᠣᠯ ᠭᠡᠷ ᠪᠦᠯᠢ ᠶᠢᠨ ᠭᠠᠯ ᠤᠨ ᠠᠶᠤᠯ ᠢ ᠡᠭᠦᠰᠭᠡᠬᠦ ᠴᠢᠬᠤᠯᠠ ᠰᠢᠯᠲᠠᠭᠠᠨ ᠤ ᠨᠢᠭᠡ | ᠮᠥᠨ᠂ ᠬᠡᠦᠬᠡᠳ ᠢ ᠭᠠᠯ ᠢᠶᠠᠷ ᠨᠠᠭᠠᠳᠴᠤ ᠪᠣᠯᠬᠤ ᠦᠭᠡᠢ ᠭᠡᠵᠦ ᠬᠥᠮᠥᠵᠢᠭᠦᠯᠵᠦ ᠰᠠᠨᠠᠭᠤᠯᠤᠨ᠎ᠠ᠃ ᠡᠭᠦᠨ ᠤ ᠬᠠᠮᠲᠤ | ᠴᠠᠬᠢᠯᠭᠠᠨ ᠤ ᠵᠠᠮ ᠢ ᠲᠣᠭᠲᠠᠮᠠᠯ ᠬᠤᠭᠤᠴᠠᠭ᠎ᠠ ᠲᠠᠢ ᠪᠠᠶᠢᠴᠠᠭᠠᠨ ᠵᠠᠰᠠᠵᠤ᠂ ᠭᠠᠯ ᠤᠨ ᠠᠶᠤᠯ ᠤᠨ ᠳᠠᠯᠳᠠ ᠭᠡᠮ ᠢ | ᠡᠬᠢ ᠡᠭᠦᠰᠦᠯ ᠠᠴᠠ ᠨᠢ ᠪᠠᠭᠠᠰᠬᠠᠨ᠎ᠠ᠃ | ᠳᠠᠯᠳᠠ ᠭᠡᠮ ᠢ ᠪᠠᠶᠢᠴᠠᠭᠠᠨ᠎ᠠ ᠃ ᠴᠢᠨᠠᠷ ᠮᠠᠭᠤᠲᠠᠢ᠂ ︽ᠭᠤᠷᠪᠠ ᠦᠭᠡᠢ︾ ᠶᠡᠭᠡ ᠴᠢᠳᠠᠮᠵᠢᠲᠤ ᠴᠠᠬᠢᠯᠭᠠᠨ | ᠬᠡᠷᠡᠭᠰᠡᠯ ᠤᠨ ᠦᠢᠯᠡᠳᠬᠦᠨ ᠢ ᠬᠡᠷᠡᠭᠯᠡᠬᠦ ᠦᠭᠡᠢ᠂ ᠳᠤᠯᠠᠭᠠᠯᠠᠬᠤ ᠲᠥᠬᠦᠭᠡᠷᠦᠮᠵᠢ ᠪᠠ ᠨᠣᠴᠣᠮᠠᠲᠠᠭᠠᠢ ᠪᠣᠳᠠᠰ ᠤᠨ | ᠠᠮᠤᠷ ᠲᠦᠪᠰᠢᠨ ᠤ ᠵᠠᠢ ᠶᠢ ᠪᠠᠲᠤᠯᠠᠬᠤ ᠬᠡᠷᠡᠭᠲᠡᠢ᠃ ᠣᠷᠣᠨ ᠳᠡᠭᠡᠷ᠎ᠡ ᠲᠠᠮᠠᠬᠢ ᠲᠠᠲᠠᠬᠤ ᠦᠭᠡᠢ᠂ ᠲᠠᠮᠠᠬᠢᠨ | ᠶᠣᠵᠤᠭᠤᠷ ᠢᠶᠠᠨ ᠬᠠᠮᠢᠶ᠎ᠠ ᠦᠭᠡᠢ ᠬᠠᠶᠠᠬᠤ ᠦᠭᠡᠢ᠃ ᠡᠳᠦᠷ ᠲᠤᠲᠤᠮ ᠤᠨ ᠠᠷᠢᠭᠤᠳᠬᠠᠯ ᠬᠢᠬᠦ ᠳᠤ ᠤᠭᠯᠠᠭᠤᠷᠭ᠎ᠠ᠂ | ᠴᠠᠬᠢᠯᠭᠠᠨ ᠬᠡᠷᠡᠭᠰᠡᠯ ᠵᠡᠷᠭᠡ ᠴᠠᠬᠢᠯᠭᠠᠨ ᠲᠠᠢ ᠲᠥᠬᠦᠭᠡᠷᠦᠮᠵᠢ ᠳᠤ ᠠᠷᠢᠭᠤᠳᠬᠠᠬᠤ ᠰᠢᠩᠭᠡᠨ ᠪᠡᠶᠡᠲᠦ ᠶᠢ ᠬᠡᠲᠦ | ᠰᠠᠴᠤᠵᠤ ᠪᠣᠯᠬᠤ ᠦᠭᠡᠢ᠃ | ᠴᠢᠳᠠᠪᠤᠷᠢ ᠶᠢ ᠪᠠᠶᠢᠴᠠᠭᠠᠨ᠎ᠠ᠃ ᠭᠠᠯ ᠤᠨ ᠠᠶᠤᠯ ᠠᠴᠠ ᠠᠮᠢ ᠵᠢᠭᠤᠲᠠᠵᠤ ᠥᠪᠡᠷ ᠢ ᠪᠠᠨ ᠠᠪᠤᠷᠠᠬᠤ | ᠶᠡᠷᠦ ᠶᠢᠨ ᠮᠡᠳᠡᠯᠭᠡ ᠶᠢ ᠢᠳᠡᠪᠬᠢᠲᠡᠢ ᠰᠤᠷᠤᠯᠴᠠᠨ ᠡᠵᠡᠮᠰᠢᠵᠦ᠂ ᠭᠠᠯ ᠤᠨ ᠠᠶᠤᠯ ᠳᠤ ᠲᠣᠬᠢᠶᠠᠯᠳᠤᠪᠠᠯ ᠯᠠᠪᠳᠠᠭᠤᠨ | ᠲᠣᠭᠲᠠᠭᠤᠨ ᠪᠠᠶᠢᠵᠤ᠂ ᠶᠠᠭᠠᠷᠠᠵᠤ ᠰᠠᠨᠳᠤᠷᠬᠤ ᠪᠤᠶᠤ ᠡᠳ᠋ ᠪᠣᠳᠠᠰ ᠳᠤ ᠰᠢᠨᠤᠬᠠᠶᠢᠷᠠᠵᠤ ᠪᠣᠯᠬᠤ ᠦᠭᠡᠢ᠂ ᠵᠥᠪ | ᠣᠨᠣᠪᠴᠢᠲᠠᠢ ᠠᠮᠢ ᠵᠢᠭᠤᠲᠠᠬᠤ ᠠᠷᠭ᠎ᠠ ᠪᠠᠷ ᠠᠯᠢ ᠲᠦᠷᠭᠡᠨ ᠢᠶᠠᠷ ᠠᠮᠢ ᠵᠢᠭᠤᠲᠠᠬᠤ ᠪᠤᠶᠤ ᠠᠪᠤᠷᠠᠨ ᠲᠤᠰᠠᠯᠠᠬᠤ ᠶᠢ | ᠬᠦᠯᠢᠶᠡᠬᠦ ᠬᠡᠷᠡᠭᠲᠡᠢ᠃ | | |