︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠯᠪᠠᠨ ᠲᠢᠩᠬᠢᠮ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ︿ᠴᠢᠳᠠᠪᠤᠷᠢᠲᠠᠨ ᠢᠶᠠᠷ | ᠥᠪᠥᠷ ᠮᠣᠩᠭᠤᠯ ᠢᠶᠠᠨ ᠮᠠᠨᠳᠤᠭᠤᠯᠬᠤ﹀ ᠢᠨᠵᠧᠨᠧᠷᠢᠩ ᠤᠨ ᠲᠥᠷᠥ ᠶᠢᠨ ᠪᠣᠳᠣᠯᠭ᠎ᠠ ᠨᠤᠭᠤᠳ ᠢ ᠬᠡᠷᠡᠭᠵᠢᠭᠦᠯᠬᠦ | ᠲᠤᠬᠠᠢ ᠰᠠᠨᠠᠯ︾ ︵ᠥᠪᠥᠷ ᠨᠠᠮ ᠠᠯᠪᠠᠨ ᠲᠠᠷᠬᠠᠭᠠᠭᠰᠠᠨ ﹇2024﹈ 18 ᠳ᠋ᠤᠭᠠᠷ ᠲᠣᠭᠠᠲᠤ︶ ᠤᠨ ᠬᠤᠯᠪᠣᠭᠳᠠᠯ | ᠪᠦᠬᠦᠢ ᠱᠠᠭᠠᠷᠳᠠᠯᠭ᠎ᠠ ᠶᠣᠰᠣᠭᠠᠷ᠂ ᠥᠪᠥᠷ ᠮᠣᠩᠭᠤᠯ ᠤᠨ ᠮᠠᠰᠢᠨ ᠴᠠᠬᠢᠯᠭᠠᠨ ᠤ ᠠᠵᠢᠯ ᠮᠡᠷᠭᠡᠵᠢᠯ ᠤᠨ ᠳᠡᠭᠡᠳᠦ | ᠰᠤᠷᠭᠠᠭᠤᠯᠢ ᠴᠢᠳᠠᠪᠤᠷᠢᠲᠠᠨ ᠤᠷᠢᠬᠤ ᠠᠯᠪᠠᠨ ᠵᠠᠷᠯᠠᠯ ᠢ ᠨᠡᠶᠢᠲᠡᠯᠡᠬᠦ᠂ ᠨᠡᠷ᠎ᠡ ᠮᠡᠳᠡᠭᠦᠯᠵᠦ ᠬᠢᠨᠠᠨ ᠪᠠᠶᠢᠴᠠᠭᠠᠬᠤ ᠶᠢ | ᠵᠣᠬᠢᠶᠠᠨ ᠪᠠᠶᠢᠭᠤᠯᠬᠤ᠂ ᠲᠤᠰᠬᠠᠢ ᠮᠡᠷᠭᠡᠵᠢᠯᠲᠡᠨ ᠦᠨᠡᠯᠡᠨ ᠵᠢᠱᠢᠵᠦ ᠮᠠᠭᠠᠳᠯᠠᠨ ᠲᠣᠭᠲᠠᠭᠠᠬᠤ᠂ ᠪᠠᠶᠢᠴᠠᠭᠠᠬᠤ᠂ | ᠪᠡᠶ᠎ᠡ ᠶᠢᠨ ᠪᠠᠶᠢᠴᠠᠭᠠᠯᠲᠠ ᠬᠢᠬᠦ ᠵᠡᠷᠭᠡ ᠳᠡᠰ ᠳᠠᠷᠠᠭᠠᠯᠠᠯ ᠢᠶᠠᠷ ᠳᠠᠮᠵᠢᠨ᠂ ᠣᠷᠣᠭᠤᠯᠤᠨ ᠠᠪᠴᠢᠷᠠᠬᠤ ᠪᠠᠷ ᠪᠠᠶᠢᠭ᠎ᠠ | ᠴᠢᠳᠠᠪᠤᠷᠢᠲᠠᠨ ᠤ ᠬᠡᠪᠴᠢᠶᠡᠨ ᠳᠤ 1 ᠬᠥᠮᠦᠨ ᠣᠷᠣᠪᠠ᠂ ᠣᠳᠣ ᠣᠷᠣᠭᠤᠯᠤᠨ ᠠᠪᠴᠢᠷᠠᠬᠤ ᠪᠠᠷ ᠪᠠᠶᠢᠭ᠎ᠠ ᠳᠡᠭᠡᠳᠦ | ᠳᠡᠰ ᠤᠨ ᠴᠢᠳᠠᠪᠤᠷᠢᠲᠠᠨ ᠵᠢᠴᠢ ᠣᠷᠣᠭᠤᠯᠤᠨ ᠠᠪᠴᠢᠷᠠᠬᠤ ᠪᠠᠷ ᠪᠠᠶᠢᠭ᠎ᠠ ᠨᠢᠭᠡᠴᠢ ᠶᠢ ᠢᠯᠡ ᠨᠡᠶᠢᠲᠡᠯᠡᠪᠡ᠃ | ᠨᠢᠭᠡ᠂ ᠢᠯᠡ ᠨᠡᠶᠢᠲᠡᠯᠡᠬᠦ ᠡᠲᠡᠭᠡᠳ | ᠪᠣᠤ ᠰᠢᠨ ᠢᠦᠢ᠂ ᠡᠷᠡᠭᠲᠡᠢ᠂ 1994 ᠣᠨ ᠤ 4 ᠰᠠᠷ᠎ᠠ ᠳᠤ ᠲᠦᠷᠦᠵᠠᠢ᠂ ᠳ᠋ᠣᠺᠲ᠋ᠣᠷ ︵ᠮᠠᠲ᠋ᠧᠷᠢᠶᠠᠯ ᠤᠨ | ᠰᠢᠨᠵᠢᠯᠡᠬᠦ ᠤᠬᠠᠭᠠᠨ ᠪᠣᠯᠤᠨ ᠢᠨᠵᠧᠨᠧᠷᠢᠩ ᠤᠨ ᠳ᠋ᠣᠺᠲ᠋ᠣᠷ︶᠂ ᠤᠷᠢᠬᠤ ᠪᠠᠷ ᠲᠥᠯᠥᠪᠯᠡᠵᠦ ᠪᠠᠶᠢᠭ᠎ᠠ ᠨᠢᠭᠡᠴᠢ᠄ | ᠥᠪᠥᠷ ᠮᠣᠩᠭᠤᠯ ᠤᠨ ᠮᠠᠰᠢᠨ ᠴᠠᠬᠢᠯᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠄ ᠤᠷᠢᠬᠤ ᠠᠵᠢᠯ ᠤᠨ | ᠪᠠᠶᠢᠷᠢ᠄ ᠡᠨᠧᠷᠭᠢ ᠪᠣᠯᠤᠨ ᠮᠠᠲ᠋ᠧᠷᠢᠶᠠᠯ ᠤᠨ ᠢᠨᠵᠧᠨᠧᠷᠢᠩ ᠤᠨ ᠰᠠᠯᠪᠤᠷᠢ᠃ | ᠬᠤᠶᠠᠷ᠂ ᠢᠯᠡ ᠨᠡᠶᠢᠲᠡᠯᠡᠬᠦ ᠴᠠᠭ ᠬᠤᠭᠤᠴᠠᠭ᠎ᠠ | 2024 ᠣᠨ ᠤ 10 ᠰᠠᠷ᠎ᠠ ᠶᠢᠨ 10 - 2024 ᠣᠨ ᠤ 10 ᠰᠠᠷ᠎ᠠ ᠶᠢᠨ 15 ᠤ ᠡᠳᠦᠷ | ᠭᠤᠷᠪᠠ᠂ ᠬᠦᠯᠢᠶᠡᠨ ᠠᠪᠴᠤ ᠰᠢᠢᠳᠪᠦᠷᠢᠯᠡᠬᠦ ᠠᠷᠭ᠎ᠠ ᠮᠠᠶ᠋ᠢᠭ | ᠨᠢᠭᠡᠴᠢ ᠪᠠ ᠬᠤᠪᠢ ᠬᠥᠮᠦᠨ ᠤᠲᠠᠰᠤ ᠢᠷᠡᠭᠦᠯᠬᠦ᠂ ᠵᠠᠬᠢᠳᠠᠯ ᠢᠷᠡᠭᠦᠯᠬᠦ ᠵᠡᠷᠭᠡ ᠬᠡᠯᠪᠡᠷᠢ ᠪᠠᠷ ᠳᠡᠭᠡᠷ᠎ᠡ | ᠳᠤᠷᠠᠳᠤᠭᠰᠠᠨ ᠢᠯᠡ ᠨᠡᠶᠢᠲᠡᠯᠡᠭᠰᠡᠳ ᠤᠨ ᠬᠤᠯᠪᠣᠭᠳᠠᠯ ᠪᠦᠬᠦᠢ ᠪᠠᠶᠢᠳᠠᠯ ᠪᠠ ᠠᠰᠠᠭᠤᠳᠠᠯ ᠢ ᠲᠤᠰᠬᠠᠵᠤ ᠪᠣᠯᠤᠨ᠎ᠠ᠂ | ᠲᠤᠰᠬᠠᠬᠤ ᠮᠠᠲ᠋ᠧᠷᠢᠶᠠᠯ ᠲᠤ ᠨᠢᠭᠡᠴᠢ ᠶᠢᠨ ᠠᠯᠪᠠᠨ ᠲᠠᠮᠠᠭ᠎ᠠ ᠶᠢ ᠳᠠᠷᠤᠬᠤ ᠴᠢᠬᠤᠯᠠᠲᠠᠢ᠂ ᠬᠤᠪᠢ ᠬᠥᠮᠦᠨ ᠲᠤᠰᠬᠠᠪᠠᠯ | ᠦᠨᠡᠨ ᠨᠡᠷ᠎ᠡ ᠪᠠᠨ ᠪᠢᠴᠢᠬᠦ ᠶᠢᠨ ᠬᠠᠮᠲᠤ ᠬᠠᠷᠢᠯᠴᠠᠬᠤ ᠠᠷᠭ᠎ᠠ ᠮᠠᠶ᠋ᠢᠭ ᠢᠶᠠᠨ ᠬᠠᠩᠭᠠᠬᠤ ᠬᠡᠷᠡᠭᠲᠡᠢ᠃ | ᠬᠦᠯᠢᠶᠡᠨ ᠠᠪᠬᠤ ᠴᠠᠭ᠄ ᠦᠳᠡ ᠶᠢᠨ ᠡᠮᠦᠨ᠎ᠡ 9᠄ 00 - 12᠄ 00᠂ | ᠦᠳᠡ ᠶᠢᠨ ᠬᠤᠶᠢᠨ᠎ᠠ 14᠄ 30 - 17᠄ 00 | ᠬᠦᠯᠢᠶᠡᠨ ᠠᠪᠴᠤ ᠰᠢᠢᠳᠪᠦᠷᠢᠯᠡᠬᠦ ᠤᠲᠠᠰᠤ᠄ 0471 - 5279029 ︵ᠥᠪᠥᠷ ᠮᠣᠩᠭᠤᠯ ᠤᠨ ᠮᠠᠰᠢᠨ | ᠴᠠᠬᠢᠯᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠠᠵᠢᠯᠲᠠᠨ ᠤ ᠶᠠᠪᠤᠳᠠᠯ ᠤᠨ ᠭᠠᠵᠠᠷ︶ | | | ᠥᠪᠥᠷ ᠮᠣᠩᠭᠤᠯ ᠤᠨ ᠮᠠᠰᠢᠨ ᠴᠠᠬᠢᠯᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ | 2024 ᠣᠨ ᠤ 10 ᠰᠠᠷ᠎ᠠ ᠶᠢᠨ 10 ᠤ ᠡᠳᠦᠷ | |