ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ | ᠥᠪᠥᠷ ᠵᠠᠰᠠᠭ ᠠᠯᠪᠠᠨ ᠲᠠᠷᠬᠠᠭᠠᠭᠰᠠᠨ ﹇2024﹈ 35 ᠳ᠋ᠤᠭᠠᠷ ᠲᠣᠭᠠᠲᠤ | ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠰᠠᠨᠠᠯ | | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠢ ᠳᠤ᠄ | ᠮᠠᠨ ᠤ ᠣᠷᠣᠨ ᠤ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠠᠵᠢᠯ ᠤᠨ ᠲᠣᠭᠲᠠᠯᠴᠠᠭ᠎ᠠ ᠶᠢ | ᠲᠦᠷᠭᠡᠳᠬᠡᠨ ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠴᠢᠳᠠᠪᠤᠷᠢ ᠶᠢ ᠳᠡᠭᠡᠭᠰᠢᠯᠡᠭᠦᠯᠦᠨ᠂ | ᠰᠢᠨ᠎ᠡ ᠴᠠᠭ ᠦᠶ᠎ᠡ ᠶᠢᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠠᠵᠢᠯ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠵᠤ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ | ᠬᠠᠯᠬᠠᠪᠴᠢ ᠶᠢᠨ ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠬᠦ ᠶᠢᠨ ᠲᠤᠰᠠᠳᠠ᠂ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠳᠣᠣᠷᠠᠬᠢ ᠮᠡᠲᠦ ᠰᠠᠨᠠᠯ ᠢ | ᠳᠤᠷᠠᠳᠪᠠ᠃ | ᠨᠢᠭᠡ᠂ ᠶᠡᠷᠦᠩᠬᠡᠢ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠬᠥᠮᠥᠨ ᠤ ᠠᠮᠢ ᠨᠠᠰᠤ ᠪᠠ ᠡᠷᠡᠭᠦᠯ ᠡᠩᠬᠡ ᠶᠢ ᠬᠠᠮᠠᠭᠠᠯᠠᠬᠤ ᠪᠠᠷ | ᠵᠣᠷᠢᠯᠲᠠ ᠪᠣᠯᠭᠠᠨ᠂ ︽ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ︾ ᠶᠢ ᠪᠠᠷᠢᠮᠲᠠᠯᠠᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ | ᠰᠢᠵᠢᠮ ᠪᠣᠯᠭᠠᠨ᠂ ᠵᠠᠰᠠᠭ ᠤᠨ ᠣᠷᠳᠣᠨ ᠢᠶᠠᠷ ᠭᠤᠣᠯᠯᠠᠭᠤᠯᠬᠤ᠂ ᠰᠠᠯᠠᠭ᠎ᠠ ᠮᠥᠴᠢᠷ ᠬᠠᠮᠵᠢᠯᠴᠠᠬᠤ᠂ ᠨᠡᠶᠢᠭᠡᠮ | ᠨᠡᠶᠢᠲᠡ ᠶᠢ ᠳᠠᠶᠢᠴᠢᠯᠠᠬᠤ ᠪᠠᠷ ᠳᠠᠮᠵᠢᠭᠤᠯᠵᠤ᠂ ︽ᠠᠪᠤᠷᠠᠯᠲᠠ ᠳᠡᠷᠭᠡᠳᠡ ᠴᠢᠨᠢ︾ ᠭᠡᠬᠦ 10 ᠲᠤᠰᠬᠠᠢ | ᠠᠵᠢᠯᠯᠠᠭᠠᠨ ᠢ ᠯᠠᠪᠳᠠᠭᠤᠨ ᠪᠠᠲᠤᠲᠠᠢ ᠠᠬᠢᠭᠤᠯᠤᠨ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠠᠵᠢᠯ ᠤᠨ | ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠲᠠᠰᠤᠷᠠᠯᠲᠠ ᠦᠭᠡᠢ ᠪᠦᠷᠢᠨᠰᠢᠭᠦᠯᠵᠦ᠂ ᠵᠢᠷᠦᠬᠡ | ᠠᠭᠤᠰᠬᠢᠨ ᠤ ᠰᠡᠷᠭᠦᠭᠡᠯᠲᠡ ᠬᠢᠭᠡᠳ ᠪᠡᠶ᠎ᠡ ᠶᠢᠨ ᠭᠠᠳᠠᠨ᠎ᠠ ᠠᠴᠠ ᠴᠡᠴᠡᠷᠡᠬᠦ ᠶᠢ ᠠᠷᠢᠯᠭᠠᠬᠤ ᠠᠦ᠋ᠲ᠋ᠣ᠋ ᠬᠡᠮᠵᠢᠭᠦᠷᠯᠢᠭ | ︵AED ᠮᠠᠰᠢᠨ︶ ᠤᠨ ᠬᠡᠷᠡᠭᠯᠡᠯᠲᠡ᠂ ᠠᠮᠢᠰᠬᠤᠯ ᠤᠨ ᠵᠠᠮ ᠤᠨ ᠣᠨᠳᠣᠣ ᠪᠣᠳᠠᠰ ᠤᠨ ᠲᠦᠭᠵᠢᠷᠡᠯ᠂ | ᠰᠢᠷᠬᠠᠲᠤᠭᠰᠠᠨ ᠢ ᠠᠪᠤᠷᠠᠬᠤ᠂ ᠭᠠᠮᠰᠢᠭ ᠢ ᠰᠡᠷᠭᠡᠶᠢᠯᠡᠵᠦ ᠠᠶᠤᠯ ᠠᠴᠠ ᠵᠠᠶᠢᠯᠠᠬᠤ ᠵᠡᠷᠭᠡ ᠥᠪᠡᠷ ᠢ ᠪᠠᠨ ᠪᠠ ᠥᠷᠥᠭᠡᠯ | ᠬᠤᠭᠤᠷᠣᠨᠳᠤ ᠪᠠᠨ ᠬᠠᠷᠢᠯᠴᠠᠨ ᠠᠪᠤᠷᠠᠬᠤ ᠮᠡᠳᠡᠯᠭᠡ ᠮᠡᠷᠭᠡᠰᠢᠯ ᠢ ᠳᠡᠯᠭᠡᠷᠡᠭᠦᠯᠦᠨ ᠲᠦᠭᠡᠮᠡᠯᠵᠢᠭᠦᠯᠵᠦ᠂ ᠣᠯᠠᠨ | ᠲᠦᠮᠡᠨᠴᠢ ᠴᠢᠨᠠᠷᠲᠠᠢ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠴᠢᠳᠠᠪᠤᠷᠢ ᠪᠠ ᠲᠦᠪᠰᠢᠨ ᠢ | ᠳᠡᠭᠡᠭᠰᠢᠯᠡᠭᠦᠯᠦᠨ᠂ 2030 ᠣᠨ ᠪᠤᠯᠲᠠᠯ᠎ᠠ᠂ ᠪᠥᠬᠦ ᠤᠯᠤᠰ ᠤᠨ ᠳᠤᠮᠳᠠ ᠵᠡᠷᠭᠡ ᠠᠴᠠ ᠳᠡᠭᠡᠭᠰᠢᠬᠢ ᠬᠠᠷᠠᠯᠲᠠ ᠳᠤ | ᠬᠦᠷᠦᠭᠦᠯᠦᠨ᠎ᠡ᠃ ᠵᠢᠯ ᠪᠦᠷᠢ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠮᠡᠳᠡᠯᠭᠡ ᠶᠢ 70 ᠲᠦᠮᠡᠨ | ᠬᠥᠮᠥᠨ ᠤᠳᠠᠭ᠎ᠠ ᠠᠴᠠ ᠳᠡᠭᠡᠭᠰᠢ ᠲᠦᠭᠡᠮᠡᠯᠵᠢᠭᠦᠯᠵᠦ᠂ 2030 ᠣᠨ ᠪᠣᠯᠬᠤ ᠳᠤ ︽ᠳᠣᠯᠣᠳᠤᠭᠠᠷ ᠨᠡᠶᠢᠳᠡᠮ | ᠪᠠᠶᠢᠴᠠᠭᠠᠯᠲᠠ︾ ᠶᠢᠨ ᠬᠥᠮᠥᠨ ᠠᠮᠠ ᠳᠠᠬᠢ ᠨᠡᠶᠢᠲᠡ ᠲᠦᠭᠡᠮᠡᠯᠵᠢᠭᠦᠯᠦᠭᠰᠡᠨ ᠨᠣᠷᠮ᠎ᠠ ᠶᠢᠨ ᠡᠵᠡᠯᠡᠬᠦ ᠬᠠᠷᠢᠴᠠᠯ ᠢ | 30% ᠠᠴᠠ ᠳᠡᠭᠡᠭᠰᠢ ᠳᠤ ᠬᠦᠷᠦᠭᠦᠯᠵᠦ᠂ ᠪᠦᠬᠦ ᠣᠷᠣᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠤ | ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠮᠡᠳᠡᠯᠭᠡ ᠪᠠ ᠮᠡᠷᠭᠡᠰᠢᠯ ᠤᠨ ᠲᠦᠪᠰᠢᠨ ᠢ ᠲᠠᠰᠤᠷᠠᠯᠲᠠ ᠦᠭᠡᠢ | ᠲᠡᠬᠡᠭᠰᠢᠯᠡᠬᠦᠯᠦᠨ᠎ᠡ᠃ ᠵᠢᠯ ᠪᠦᠷᠢ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠦᠨᠡᠮᠯᠡᠯ ᠠᠪᠬᠤ ᠬᠥᠮᠥᠨ ᠤ | ᠲᠤᠭ᠎ᠠ ᠶᠢ 8 ᠲᠦᠮᠡ ᠢᠯᠡᠭᠦᠦ ᠨᠡᠮᠡᠭᠳᠡᠭᠦᠯᠵᠦ᠂ 2030 ᠣᠨ ᠪᠣᠯᠬᠤ ᠳᠤ᠂ ︽ᠳᠣᠯᠣᠳᠤᠭᠠᠷ ᠨᠡᠶᠢᠳᠡᠮ | ᠪᠠᠶᠢᠴᠠᠭᠠᠯᠲᠠ︾ ᠶᠢᠨ ᠬᠥᠮᠥᠨ ᠠᠮᠠ ᠳᠠᠬᠢ ᠦᠨᠡᠮᠯᠡᠯ ᠠᠪᠤᠭᠰᠠᠨ ᠬᠥᠮᠥᠨ ᠤ ᠲᠤᠭ᠎ᠠ ᠶᠢᠨ ᠡᠵᠡᠯᠡᠬᠦ ᠬᠠᠷᠢᠴᠠᠯ ᠢ | 4.2% ᠠᠴᠠ ᠳᠡᠭᠡᠭᠰᠢ ᠳᠤ ᠬᠦᠷᠦᠭᠦᠯᠵᠦ᠂ ᠡᠮᠨᠡᠯᠭᠡ ᠳᠤ ᠰᠠᠭᠤᠬᠤ ᠠᠴᠠ ᠡᠮᠦᠨᠡᠬᠢ ᠲᠦᠷᠭᠡᠨ ᠠᠪᠤᠷᠠᠯᠲᠠ ᠳᠤ | ᠣᠷᠣᠯᠴᠠᠬᠤ ᠣᠯᠠᠨ ᠨᠡᠶᠢᠲᠡ ᠶᠢᠨ ᠬᠠᠷᠢᠴᠠᠯ ᠪᠠ ᠰᠢᠢᠳᠪᠦᠷᠢᠯᠡᠬᠦ ᠴᠢᠳᠠᠪᠤᠷᠢ ᠶᠢ ᠦᠷᠭᠦᠯᠵᠢᠯᠡᠨ | ᠲᠡᠬᠡᠭᠰᠢᠯᠡᠬᠦᠯᠦᠨ᠎ᠡ᠃ 2030 ᠣᠨ ᠪᠤᠯᠲᠠᠯ᠎ᠠ᠂ ᠣᠯᠠᠨ ᠨᠡᠶᠢᠲᠡ ᠶᠢᠨ ᠲᠠᠯᠠᠪᠤᠷ ᠭᠠᠵᠠᠷ ᠲᠠᠬᠢ AED | ᠮᠠᠰᠢᠨ ᠢ 10 ᠲᠦᠮᠡᠨ ᠬᠥᠮᠥᠨ ᠪᠦᠷᠢ ᠳᠤ 30 ᠰᠠᠤᠷᠢ ᠲᠣᠬᠢᠷᠠᠭᠤᠯᠤᠨ ᠤᠭᠰᠠᠷᠠᠵᠤ᠂ ᠬᠥᠮᠥᠨ ᠬᠠᠷ᠎ᠠ ᠣᠯᠠᠨᠲᠠᠢ | ᠣᠯᠠᠨ ᠨᠡᠶᠢᠲᠡ ᠶᠢᠨ ᠲᠠᠯᠠᠪᠤᠷ ᠭᠠᠵᠠᠷ ᠪᠣᠯᠭᠠᠨ ᠳᠤ ᠬᠠᠮᠤᠷᠠᠭᠤᠯᠬᠤ ᠶᠢ ᠪᠡᠶᠡᠯᠡᠭᠦᠯᠦᠨ᠎ᠡ᠃ A ᠲᠠᠰ ᠤᠨ | ᠦᠵᠡᠮᠵᠢ ᠶᠢᠨ ᠣᠷᠣᠨ ᠳᠤ ᠠᠪᠤᠷᠠᠯᠲᠠ ᠶᠢᠨ ᠥᠷᠲᠡᠭᠡ ᠪᠠᠶᠢᠭᠤᠯᠬᠤ ᠶᠢ ᠢᠳᠡᠪᠬᠢᠲᠡᠢ ᠠᠬᠢᠭᠤᠯᠵᠤ᠂ 5A ᠲᠠᠰ ᠤᠨ | ᠦᠵᠡᠮᠵᠢ ᠶᠢᠨ ᠣᠷᠣᠨ ᠪᠦᠭᠦᠨ ᠳᠤ ᠤᠯᠠᠭᠠᠨ ᠵᠠᠭᠠᠯᠮᠠᠶᠢᠲᠠᠨ ᠤ ᠠᠪᠤᠷᠠᠯᠲᠠ ᠶᠢᠨ ᠥᠷᠲᠡᠭᠡ ᠲᠠᠢ ᠪᠤᠯᠭᠠᠬᠤ ᠶᠢ | ᠪᠡᠶᠡᠯᠡᠭᠦᠯᠦᠨ᠎ᠡ᠃ ᠥᠷᠭᠡᠨ ᠣᠯᠠᠨ ᠠᠷᠠᠳ ᠲᠦᠮᠡᠨ ᠢ ᠵᠣᠷᠢᠭᠵᠢᠭᠤᠯᠬᠤ ᠪᠠ ᠬᠥᠲᠥᠯᠥᠨ ᠵᠢᠯᠤᠭᠤᠳᠴᠤ ᠪᠠᠶᠢᠭᠠᠳ | ᠣᠯᠠᠨ ᠲᠦᠮᠡᠨᠴᠢ ᠴᠢᠨᠠᠷᠲᠠᠢ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠠᠵᠢᠯ ᠳᠤ ᠣᠷᠣᠯᠴᠠᠭᠤᠯᠵᠤ᠂ | ︽ᠠᠪᠤᠷᠠᠯᠲᠠ ᠳᠡᠷᠭᠡᠳᠡ ᠴᠢᠨᠢ︾ ᠨᠡᠷᠡᠲᠦ ᠲᠡᠮᠳᠡᠭ ᠤᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠂ ︽ᠬᠥᠮᠥᠨ | ᠪᠦᠭᠦᠨ ᠲᠦᠷᠭᠡᠨ ᠠᠪᠤᠷᠠᠯᠲᠠ ᠬᠢᠬᠦ ᠶᠢ ᠰᠤᠷᠤᠯᠴᠠᠵᠤ᠂ ᠲᠦᠷᠭᠡᠨ ᠠᠪᠤᠷᠠᠯᠲᠠ ᠬᠢᠬᠦ ᠨᠢ ᠬᠥᠮᠥᠨ ᠪᠦᠭᠦᠨ ᠤ | ᠲᠥᠯᠥᠭᠡ︾ ᠭᠡᠬᠦ ᠭᠦᠨ ᠵᠤᠵᠠᠭᠠᠨ ᠠᠭᠤᠷ ᠠᠮᠢᠰᠬᠤᠯ ᠢ ᠶᠡᠭᠡ ᠪᠠᠷ ᠪᠣᠢ ᠪᠣᠯᠭᠠᠵᠤ᠂ ᠢᠳᠡᠪᠬᠢ ᠬᠦᠴᠦᠨ ᠢ | ᠪᠠᠳᠠᠷᠠᠭᠤᠯᠤᠨ᠂ ᠰᠢᠨ᠎ᠡ ᠬᠡᠪ ᠰᠤᠷᠲᠠᠯ ᠢ ᠬᠥᠲᠥᠯᠥᠨ ᠳᠠᠭᠠᠭᠤᠯᠤᠨ᠎ᠠ᠃ | ᠬᠤᠶᠠᠷ᠂ ᠭᠤᠣᠯ ᠡᠭᠦᠷᠭᠡ | ︵ᠨᠢᠭᠡ︶ ︽ᠠᠪᠤᠷᠠᠯᠲᠠ ᠳᠡᠷᠭᠡᠳᠡ ᠴᠢᠨᠢ︾ ᠭᠡᠬᠦ ᠲᠤᠰᠬᠠᠢ ᠠᠵᠢᠯᠯᠠᠭᠠᠨ ᠢ ᠬᠡᠷᠡᠭᠵᠢᠭᠦᠯᠦᠨ᠎ᠡ᠃ | 1. ︽ᠠᠪᠤᠷᠠᠯᠲᠠ ᠳᠡᠷᠭᠡᠳᠡ ᠴᠢᠨᠢ·ᠰᠤᠷᠭᠠᠭᠤᠯᠢ ᠶᠢᠨ ᠬᠦᠷᠢᠶᠡᠨ ᠳᠤ ᠰᠠᠬᠢᠨ ᠬᠠᠮᠠᠭᠠᠯᠠᠶ᠎ᠠ︾ ᠭᠡᠬᠦ | ᠠᠵᠢᠯᠯᠠᠭᠠᠨ᠃ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠮᠡᠳᠡᠯᠭᠡ ᠶᠢ ᠡᠯ᠎ᠡ ᠱᠠᠲᠤᠨ ᠤ ᠡᠯ᠎ᠡ | ᠲᠥᠷᠥᠯ ᠤᠨ ᠰᠤᠷᠭᠠᠭᠤᠯᠢ ᠶᠢᠨ ᠬᠡᠪ ᠴᠢᠨᠠᠷ ᠤᠨ ᠰᠤᠷᠭᠠᠨ ᠬᠥᠮᠦᠵᠢᠯ ᠳᠤ ᠣᠷᠣᠭᠤᠯᠵᠤ᠂ ᠰᠤᠷᠤᠭᠴᠢᠳ ᠤᠨ | ᠴᠡᠷᠢᠭ ᠤᠨ ᠪᠣᠯᠪᠠᠰᠤᠷᠠᠯ ᠳᠤ ᠣᠷᠣᠭᠤᠯᠤᠨ᠂ ᠶᠡᠭᠡ ᠳᠡᠭᠡᠳᠦ ᠰᠤᠷᠭᠠᠭᠤᠯᠢ ᠨᠤᠭᠤᠳ ᠪᠠᠴᠢᠮ ᠪᠠᠶᠢᠳᠠᠯ ᠢ | ᠠᠷᠭᠠᠴᠠᠭᠠᠵᠤ ᠠᠪᠤᠷᠠᠯᠲᠠ ᠬᠢᠬᠦ ᠬᠠᠮᠢᠶ᠎ᠠ ᠪᠦᠬᠦᠢ ᠰᠣᠩᠭᠤᠨ ᠰᠤᠷᠬᠤ ᠬᠢᠴᠢᠶᠡᠯ ᠲᠣᠬᠢᠷᠠᠭᠤᠯᠬᠤ ᠶᠢᠨ ᠬᠠᠮᠲᠤ | ᠰᠤᠷᠤᠯᠭ᠎ᠠ ᠶᠢᠨ ᠬᠤᠪᠢ ᠶᠢᠨ ᠬᠠᠮᠢᠶᠠᠷᠤᠯᠲᠠ ᠳᠤ ᠣᠷᠣᠭᠤᠯᠬᠤ ᠶᠢ ᠨᠢ ᠵᠣᠷᠢᠭᠵᠢᠭᠤᠯᠵᠤ᠂ ᠨᠥᠬᠦᠴᠡᠯ ᠲᠠᠢ ᠳᠤᠮᠳᠠᠳᠤ | ᠰᠤᠷᠭᠠᠭᠤᠯᠢ ᠨᠢ ᠲᠦᠷᠭᠡᠨ ᠠᠪᠤᠷᠠᠯᠲᠠ ᠬᠢᠬᠦ ᠬᠥᠮᠦᠵᠢᠯ ᠢ ᠰᠤᠷᠭᠠᠭᠤᠯᠢ ᠶᠢᠨ ᠬᠢᠴᠢᠶᠡᠯ ᠤᠨ ᠳᠡᠪᠲᠡᠷ ᠲᠤ ᠪᠠᠨ | ᠣᠷᠣᠭᠤᠯᠵᠤ ᠬᠢᠴᠢᠶᠡᠯᠯᠡᠨ᠎ᠡ᠃ ᠰᠤᠷᠭᠠᠭᠤᠯᠢ ᠶᠢᠨ ᠡᠮᠴᠢ᠂ ᠪᠡᠶ᠎ᠡ ᠶᠢᠨ ᠲᠠᠮᠢᠷ ᠬᠢᠭᠡᠳ ᠡᠷᠡᠭᠦᠯ ᠡᠩᠬᠡ ᠶᠢᠨ | ᠬᠢᠴᠢᠶᠡᠯ ᠤᠨ ᠪᠠᠭᠰᠢ᠂ ᠠᠩᠭᠢ ᠶᠢᠨ ᠡᠷᠬᠢᠯᠡᠭᠴᠢ ᠵᠡᠷᠭᠡ ᠭᠤᠣᠯᠳᠠᠯᠭ᠎ᠠ ᠲᠠᠢ ᠪᠠᠭᠰᠢ ᠠᠵᠢᠯᠲᠠᠨ ᠠᠵᠢᠯᠴᠢᠳ ᠲᠤ | ᠤᠯᠠᠭᠠᠨ ᠵᠠᠭᠠᠯᠮᠠᠶᠢᠲᠠᠨ ᠤ ᠠᠪᠤᠷᠠᠯᠲᠠ ᠬᠢᠭᠴᠢ ᠶᠢᠨ ᠦᠨᠡᠮᠯᠡᠯ ᠠᠪᠬᠤ ᠪᠣᠯᠪᠠᠰᠤᠷᠠᠯ ᠥᠷᠨᠢᠭᠦᠯᠵᠦ᠂ 2030 ᠣᠨ | ᠪᠣᠯᠬᠤ ᠳᠤ ᠦᠨᠡᠮᠯᠡᠯ ᠠᠪᠤᠭᠰᠠᠨ ᠬᠠᠷᠢᠴᠠᠯ ᠢ 30% ᠠᠴᠠ ᠳᠡᠭᠡᠭᠰᠢ ᠳᠤ ᠬᠦᠷᠦᠭᠦᠯᠦᠨ᠎ᠡ᠃ ᠪᠠᠭᠰᠢ ᠠᠵᠢᠯᠲᠠᠨ | ᠠᠵᠢᠯᠴᠢᠳ ᠲᠤ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠲᠠᠯ᠎ᠠ ᠪᠠᠷ ᠬᠢ ᠪᠠᠭᠰᠢ ᠨᠠᠷ ᠤᠨ ᠪᠣᠯᠪᠠᠰᠤᠷᠠᠯ | ᠥᠷᠨᠢᠭᠦᠯᠬᠦ ᠪᠠᠨ ᠴᠢᠩᠭᠠᠳᠬᠠᠨ᠂ ᠶᠡᠭᠡ ᠳᠡᠭᠡᠳᠦ ᠰᠤᠷᠭᠠᠭᠤᠯᠢ ᠪᠠ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠱᠠᠲᠤᠨ ᠤ ᠰᠤᠷᠭᠠᠭᠤᠯᠢ ᠳᠤ ᠠᠳᠠᠭ ᠲᠤ ᠪᠠᠨ 1 ᠲᠤᠰᠬᠠᠢ ︵ᠬᠠᠪᠰᠤᠷᠭᠠᠭᠰᠠᠨ︶ ᠲᠤᠰᠢᠶᠠᠯ ᠤᠨ | ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠪᠠᠭᠰᠢ ᠲᠠᠢ ᠪᠤᠯᠭᠠᠬᠤ ᠪᠠᠷ ᠬᠦᠴᠦᠯᠡᠨ ᠴᠢᠷᠮᠠᠶᠢᠨ᠎ᠠ᠃ ᠲᠦᠷᠭᠡᠨ | ᠠᠪᠤᠷᠠᠯᠲᠠ ᠶᠢᠨ ᠬᠥᠮᠦᠵᠢᠯ ᠤᠨ ᠲᠤᠷᠰᠢᠯᠲᠠ ᠶᠢᠨ ᠴᠡᠭ ᠤᠨ ᠰᠤᠷᠭᠠᠭᠤᠯᠢ᠂ ᠰᠢᠶᠠᠩ ᠪᠠᠯᠭᠠᠰᠤᠨ ᠤ ᠱᠠᠲᠤᠨ ᠤ | ᠪᠠᠴᠢᠮ ᠪᠠᠶᠢᠳᠠᠯ ᠢ ᠠᠷᠭᠠᠴᠠᠭᠠᠵᠤ ᠠᠶᠤᠯ ᠠᠴᠠ ᠵᠠᠶᠢᠯᠠᠬᠤ ᠲᠠᠯᠠᠪᠤᠷ ᠭᠠᠵᠠᠷ ᠤᠨ ᠴᠡᠭ ᠲᠣᠭᠲᠠᠭᠠᠭᠰᠠᠨ | ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠵᠡᠷᠭᠡ ᠲᠠᠢ ᠤᠶᠠᠯᠳᠤᠭᠤᠯᠤᠨ ᠡᠮᠴᠢᠯᠡᠭᠡᠨ ᠤ ᠲᠦᠷᠭᠡᠨ ᠠᠪᠤᠷᠠᠯᠳᠠ | ᠬᠢᠬᠦ ᠲᠥᠬᠦᠭᠡᠷᠦᠮᠵᠢ ᠶᠢ ᠲᠣᠬᠢᠷᠠᠭᠤᠯᠵᠤ᠂ ᠤᠯᠠᠭᠠᠨ ᠵᠠᠭᠠᠯᠮᠠᠶᠢᠲᠠᠨ ᠤ ᠠᠮᠢ ᠨᠠᠰᠤᠨ ᠤ ᠠᠮᠤᠷ ᠲᠦᠪᠰᠢᠨ ᠢ | ᠪᠡᠶᠡᠴᠢᠯᠡᠨ ᠣᠶᠢᠯᠠᠭᠠᠬᠤ ᠣᠷᠳᠣᠨ᠂ ᠲᠦᠭᠡᠮᠡᠯ ᠬᠠᠶᠢᠷ᠎ᠠ ᠶᠢᠨ ᠰᠤᠷᠭᠠᠭᠤᠯᠢ ᠶᠢᠨ ᠡᠮᠴᠢ ᠶᠢᠨ ᠲᠠᠰᠤᠭ ᠤᠨ ᠪᠦᠲᠦᠭᠡᠨ | ᠪᠠᠶᠢᠭᠤᠯᠤᠯᠲᠠ ᠶᠢ ᠢᠳᠡᠪᠬᠢᠲᠡᠢ ᠠᠬᠢᠭᠤᠯᠤᠨ᠎ᠠ᠃ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢᠨ ᠪᠠᠴᠢᠮ | ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠵᠣᠬᠢᠶᠠᠨ ᠪᠠᠶᠢᠭᠤᠯᠬᠤ ᠶᠢ | ᠵᠣᠷᠢᠭᠵᠢᠭᠤᠯᠤᠨ ᠳᠠᠮᠵᠢᠵᠤ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠰᠣᠷᠢᠯᠲᠠ ᠥᠷᠨᠢᠭᠦᠯᠦᠨ᠂ | ᠰᠤᠷᠭᠠᠭᠤᠯᠢ ᠶᠢᠨ ᠬᠦᠷᠢᠶᠡᠨ ᠤ ᠬᠢᠨ ᠤ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠴᠢᠳᠠᠪᠤᠷᠢ ᠶᠢ | ᠲᠡᠬᠡᠭᠰᠢᠯᠡᠬᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠬᠠᠷᠢᠭᠤᠴᠠᠨ᠎ᠠ᠂ ᠲᠡᠷᠢᠭᠦᠨ ᠳᠤ | ᠵᠢᠭᠰᠠᠭᠠᠭᠳᠠᠭᠰᠠᠨ ᠨᠢ ᠲᠦᠷᠦᠭᠦᠯᠡᠨ ᠬᠢᠬᠦ ᠨᠢᠭᠡᠴᠢ ᠪᠣᠯᠣᠨ᠎ᠠ᠂ ᠳᠣᠷᠣᠭᠰᠢ ᠠᠳᠠᠯᠢ︶ | 2. ︽ᠠᠪᠤᠷᠠᠯᠲᠠ ᠳᠡᠷᠭᠡᠳᠡ ᠴᠢᠨᠢ·ᠵᠠᠮ ᠬᠠᠷᠢᠯᠴᠠᠭ᠎ᠠ ᠬᠠᠨᠢ ᠪᠣᠯᠣᠶ᠎ᠠ︾ ᠭᠡᠬᠦ ᠠᠵᠢᠯᠯᠠᠭᠠᠨ᠃ | ᠲᠦᠷᠢᠶᠡᠰᠦᠨ ᠮᠠᠰᠢᠨ ᠲᠡᠷᠭᠡ ᠵᠡᠷᠭᠡ ᠡᠵᠡᠩᠨᠡᠯᠲᠡ ᠶᠢᠨ ᠲᠡᠷᠭᠡ ᠬᠥᠰᠬᠡ ᠶᠢᠨ ᠵᠢᠯᠣᠭᠤᠴᠢ᠂ ᠠᠶᠠᠨᠴᠢᠳ ᠤᠨ | ᠤᠷᠤᠰᠬᠠᠯ ᠶᠡᠬᠡᠲᠡᠢ ᠲᠡᠭᠡᠭᠡᠪᠦᠷᠢ ᠶᠢᠨ ᠲᠠᠯᠠᠪᠤᠷ ᠥᠷᠲᠡᠭᠡ ᠶᠢᠨ ᠠᠵᠢᠯᠲᠠᠨ ᠪᠠ ᠵᠠᠮ ᠬᠠᠷᠢᠯᠴᠠᠭᠠᠨ ᠤ ᠬᠠᠤᠯᠢ | ᠬᠡᠷᠡᠭᠵᠢᠭᠦᠯᠬᠦ ᠠᠵᠢᠯᠲᠠᠨ᠂ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠡᠩᠨᠡᠭᠡ ᠳᠤ | ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠪᠣᠯᠪᠠᠰᠤᠷᠠᠯ ᠥᠷᠨᠢᠭᠦᠯᠬᠦ ᠡᠷᠴᠢᠮ ᠢᠶᠠᠨ ᠴᠢᠩᠭᠠᠷᠠᠭᠤᠯᠤᠨ᠂ | ᠨᠢᠭᠡᠳᠦᠭᠡᠷ ᠹᠷᠣᠨᠲ ᠤᠨ ᠠᠵᠢᠯᠲᠠᠨ ᠪᠦᠬᠦᠨ ᠢ ᠬᠠᠮᠤᠷᠬᠤ ᠪᠠᠷ ᠬᠦᠴᠦᠯᠡᠨ ᠴᠢᠷᠮᠠᠶᠢᠵᠤ᠂ 2030 ᠣᠨ ᠪᠣᠯᠬᠤ ᠳᠤ | ᠤᠯᠠᠭᠠᠨ ᠵᠠᠭᠠᠯᠮᠠᠶᠢᠲᠠᠨ ᠤ ᠠᠪᠤᠷᠠᠯᠲᠠ ᠬᠢᠭᠴᠢ ᠶᠢᠨ ᠦᠨᠡᠮᠯᠡᠯ ᠠᠪᠤᠭᠰᠠᠨ ᠨᠣᠷᠮ᠎ᠠ ᠶᠢ 30% ᠠᠴᠠ ᠳᠣᠣᠷ᠎ᠠ | ᠦᠭᠡᠢ ᠪᠣᠯᠭᠠᠨ᠎ᠠ᠃ ᠵᠢᠯᠣᠭᠤᠴᠢ ᠶᠢᠨ ᠰᠤᠷᠭᠠᠭᠤᠯᠢ ᠨᠤᠭᠤᠳ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ | ᠬᠢᠬᠦ ᠠᠵᠢᠯ ᠢ ᠪᠣᠯᠪᠠᠰᠤᠷᠠᠯ ᠤᠨ ᠰᠢᠯᠭᠠᠬᠤ ᠠᠭᠤᠯᠭ᠎ᠠ ᠳᠤ ᠪᠠᠨ ᠣᠷᠣᠭᠤᠯᠬᠤ ᠶᠢ ᠨᠢ ᠵᠣᠷᠢᠭᠵᠢᠭᠤᠯᠵᠤ᠂ ᠰᠢᠨ᠎ᠡ ᠪᠠᠷ | ᠵᠢᠯᠣᠭᠤᠴᠢ ᠶᠢᠨ ᠦᠨᠡᠮᠯᠡᠯ ᠭᠠᠷᠳᠠᠵᠦ ᠪᠠᠶᠢᠭ᠎ᠠ ᠬᠥᠮᠥᠰ ᠲᠤ ᠬᠠᠨᠳᠤᠭᠤᠯᠤᠭᠰᠠᠨ ᠪᠣᠯᠪᠠᠰᠤᠷᠠᠯ ᠪᠦᠭᠦᠨ ᠳᠤ | ᠬᠠᠮᠤᠷᠤᠭᠤᠯᠬᠤ ᠪᠠᠷ ᠬᠦᠴᠦᠯᠡᠨ ᠴᠢᠷᠮᠠᠶᠢᠨ᠎ᠠ᠃ ᠠᠶᠢᠮᠠᠭ ᠬᠤᠲᠠ ᠶᠢᠨ ᠪᠠᠶᠢᠭ᠎ᠠ ᠭᠠᠵᠠᠷ ᠤᠨ ᠭᠤᠣᠯ ᠪᠣᠯᠬᠤ | ᠲᠦᠷᠭᠡᠨ ᠤ ᠲᠡᠮᠦᠷ ᠵᠠᠮ ᠤᠨ ᠥᠷᠲᠡᠭᠡ᠂ ᠠᠶᠠᠨᠴᠢᠳ ᠤᠨ ᠲᠡᠭᠡᠭᠡᠪᠦᠷᠢ ᠶᠢᠨ ᠬᠦᠢᠰᠦ᠂ ᠬᠤᠲᠠ ᠶᠢᠨ ᠵᠢᠮᠲᠦ ᠵᠠᠮ | ᠬᠠᠷᠢᠯᠴᠠᠭ᠎ᠠ ᠵᠡᠷᠭᠡ ᠥᠷᠲᠡᠭᠡ ᠴᠡᠭ ᠲᠤ ᠡᠮᠴᠢᠯᠡᠭᠡᠨ ᠤ ᠲᠦᠷᠭᠡᠨ ᠠᠪᠤᠷᠠᠯᠲᠠ ᠬᠢᠬᠦ ᠲᠥᠬᠦᠭᠡᠷᠦᠮᠵᠢ ᠶᠢ ᠪᠦᠬᠦ | ᠲᠠᠯ᠎ᠠ ᠪᠠᠷ ᠪᠠᠶᠢᠷᠢᠯᠠᠭᠤᠯᠬᠤ ᠶᠢᠨ ᠬᠠᠮᠲᠤ᠂ ᠬᠤᠰᠢᠭᠤ ᠰᠢᠶᠠᠨ ︵ᠬᠤᠲᠠ᠂ ᠲᠣᠭᠤᠷᠢᠭ︶ ᠳᠤ ᠠᠯᠬᠤᠮ | ᠠᠯᠬᠤᠮ ᠢᠶᠠᠷ ᠳᠡᠯᠭᠡᠷᠡᠭᠦᠯᠦᠨ᠎ᠡ᠃ ᠵᠠᠮ ᠲᠡᠭᠡᠭᠡᠪᠦᠷᠢ᠂ ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠬᠡᠯ ᠤᠨ | ᠪᠠᠭᠤᠳᠠᠯ ᠵᠡᠷᠭᠡ ᠳᠤ ᠠᠵᠢᠯᠯᠠᠭᠰᠠᠳ ᠪᠠ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ | ᠡᠩᠨᠡᠭᠡ ᠳᠤ ᠤᠯᠠᠭᠠᠨ ᠵᠠᠭᠠᠯᠮᠠᠶᠢᠲᠠᠨ ᠤ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠰᠠᠶᠢᠨ ᠳᠤᠷ᠎ᠠ ᠶᠢᠨ | ᠡᠩᠨᠡᠭᠡ ᠶᠢ ᠵᠣᠬᠢᠶᠠᠨ ᠪᠠᠶᠢᠭᠤᠯᠵᠤ᠂ ᠴᠢᠬᠤᠯᠠ ᠶᠡᠭᠡ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠤᠨ ᠵᠠᠮ | ᠬᠠᠷᠢᠯᠴᠠᠭ᠎ᠠ ᠲᠡᠭᠡᠭᠡᠪᠦᠷᠢ ᠶᠢᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠰᠠᠶᠢᠨ ᠳᠤᠷ᠎ᠠ ᠶᠢᠨ | ᠦᠢᠯᠡᠴᠢᠯᠡᠭᠡ ᠳᠤ ᠢᠳᠡᠪᠬᠢᠲᠡᠢ ᠣᠷᠣᠯᠴᠠᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ | ᠲᠡᠭᠡᠭᠡᠪᠦᠷᠢ ᠶᠢᠨ ᠲᠢᠩᠬᠢᠮ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ᠂ ᠠᠷᠠᠳ ᠤᠨ ᠠᠭᠠᠷ ᠤᠨ ᠲᠡᠭᠡᠭᠡᠪᠦᠷᠢ ᠶᠢᠨ ᠥᠪᠥᠷ ᠮᠣᠩᠭᠤᠯ ᠳᠠᠬᠢ ᠠᠶᠤᠯ ᠦᠭᠡᠢ ᠶᠢᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠥᠪᠥᠷ ᠮᠣᠩᠭᠤᠯ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠬᠡᠯ ᠤᠨ | ᠪᠠᠭᠤᠳᠠᠯ ᠤᠨ ᠪᠦᠯᠦᠭᠯᠡᠯᠳᠦ ᠺᠣᠮᠫᠠᠨᠢ᠂ ᠳᠤᠮᠳᠠᠳᠤ ᠤᠯᠤᠰ ᠤᠨ ᠲᠡᠮᠦᠷ ᠵᠠᠮ ᠤᠨ ᠬᠥᠬᠡᠬᠤᠲᠠ ᠲᠣᠪᠴᠢᠶ᠎ᠠ ᠶᠢᠨ | ᠪᠦᠯᠦᠭᠯᠡᠯᠳᠦ ᠬᠢᠵᠠᠭᠠᠷᠲᠤ ᠺᠣᠮᠫᠠᠨᠢ᠂ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ | ᠬᠠᠷᠢᠭᠤᠴᠠᠨ᠎ᠠ︶ | 3. ︽ᠠᠪᠤᠷᠠᠯᠲᠠ ᠳᠡᠷᠭᠡᠳᠡ ᠴᠢᠨᠢ·ᠪᠠᠶᠢᠭᠤᠯᠭ᠎ᠠ ᠤᠷᠢᠳ ᠢᠶᠠᠷ ᠬᠥᠳᠡᠯᠦᠯᠴᠡᠶ᠎ᠡ︾ ᠭᠡᠬᠦ ᠠᠵᠢᠯᠯᠠᠭᠠᠨ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠤᠬᠠᠭᠤᠯᠬᠤ | ᠬᠡᠯᠲᠡᠰ ᠲᠠᠢ ᠬᠠᠮᠲᠤᠷᠠᠯᠴᠠᠨ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠮᠡᠳᠡᠯᠭᠡ ᠶᠢ ᠠᠯᠪᠠᠲᠠᠨ ᠤ | ᠠᠩᠬᠠᠨ ᠤ ᠲᠤᠰᠢᠶᠠᠯ ᠳᠤ ᠭᠠᠷᠬᠤ ᠪᠣᠯᠪᠠᠰᠤᠷᠠᠯ᠂ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ | ᠰᠤᠷᠭᠠᠭᠤᠯᠢ︶ ᠶᠢᠨ ᠺᠠᠳ᠋ᠷ ᠤᠨ ᠪᠣᠯᠪᠠᠰᠤᠷᠠᠯ᠂ ᠨᠡᠶᠢᠭᠡᠮ ᠵᠢᠷᠤᠮ ᠤᠨ ᠳᠡᠭᠡᠳᠦ ᠰᠤᠷᠭᠠᠭᠤᠯᠢ ᠶᠢᠨ ᠭᠤᠣᠯ ᠴᠣᠭᠴᠠᠲᠤ | ᠠᠩᠭᠢ ᠤᠳᠠᠭ᠎ᠠ ᠶᠢᠨ ᠵᠢᠭᠠᠨ ᠰᠤᠷᠭᠠᠯᠲᠠ ᠪᠠ ᠰᠦᠯᠵᠢᠶᠡᠨ ᠤ ᠳᠡᠭᠡᠳᠦ ᠰᠤᠷᠭᠠᠭᠤᠯᠢ ᠶᠢᠨ ᠰᠤᠷᠤᠯᠴᠠᠬᠤ | ᠠᠭᠤᠯᠭ᠎ᠠ ᠳᠤ ᠤᠷᠤᠭᠤᠯᠬᠤ ᠲᠠᠯ᠎ᠠ ᠪᠠᠷ ᠰᠦᠪᠡᠭᠴᠢᠯᠡᠯᠲᠡ ᠬᠢᠵᠦ᠂ ︽ᠰᠤᠷᠤᠯᠴᠠᠯᠭ᠎ᠠ ᠪᠠᠷ ᠤᠯᠤᠰ ᠢᠶᠠᠨ | ᠬᠦᠴᠦᠷᠬᠡᠭᠵᠢᠭᠦᠯᠬᠦ︾ ᠥᠪᠥᠷ ᠮᠣᠩᠭᠤᠯ ᠤᠨ ᠲᠠᠪᠴᠠᠩ ᠳᠤ ᠳᠡᠯᠭᠡᠨ ᠦᠵᠡᠭᠦᠯᠵᠦ᠂ ᠪᠠᠶᠢᠭᠤᠯᠭ᠎ᠠ ᠶᠢᠨ | ᠺᠠᠳ᠋ᠷᠴᠤᠳ ᠲᠤ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠮᠡᠳᠡᠯᠭᠡ ᠶᠢ ᠲᠦᠭᠡᠮᠡᠯᠵᠢᠭᠦᠯᠦᠨ᠂ | ᠥᠪᠡᠷ ᠢ ᠪᠠᠨ ᠪᠠ ᠥᠷᠥᠭᠡᠯ ᠬᠤᠭᠤᠷᠣᠨᠳᠤ ᠪᠠᠨ ᠬᠠᠷᠢᠯᠴᠠᠨ ᠠᠪᠤᠷᠠᠬᠤ ᠮᠡᠷᠭᠡᠰᠢᠯ ᠢ ᠨᠢ ᠳᠡᠭᠡᠭᠰᠢᠯᠡᠭᠦᠯᠦᠨ᠎ᠡ᠃ ᠨᠠᠮ | ᠵᠠᠰᠠᠭ ᠤᠨ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠢ ᠨᠦᠭᠦᠳ ᠢ ᠵᠢᠯ ᠪᠦᠷᠢ ᠪᠠᠴᠢᠮ ᠪᠠᠶᠢᠳᠠᠯ ᠢ ᠠᠷᠭᠠᠴᠠᠭᠠᠵᠤ | ᠠᠪᠤᠷᠠᠯᠲᠠ ᠬᠢᠬᠦ ᠪᠣᠯᠪᠠᠰᠤᠷᠠᠯ ᠡᠷᠬᠢᠯᠡᠬᠦᠯᠬᠦ ᠪᠠᠷ ᠰᠠᠨᠠᠭᠠᠴᠢᠯᠠᠬᠤ ᠶᠢᠨ ᠬᠠᠮᠲᠤ᠂ ᠪᠣᠯᠪᠠᠰᠤᠷᠠᠯ ᠤᠨ ᠬᠠᠮᠤᠷᠬᠤ | ᠬᠡᠪᠴᠢᠶ᠎ᠡ ᠶᠢ ᠠᠯᠬᠤᠮ ᠠᠯᠬᠤᠮ ᠢᠶᠠᠷ ᠥᠷᠭᠡᠳᠬᠡᠨ᠎ᠡ᠃ ︵ᠥᠪᠡᠷᠲᠡᠭᠡᠨ ᠵᠠᠰᠠᠬᠤ ᠣᠷᠣᠨ ᠤ ᠤᠯᠠᠭᠠᠨ | ᠵᠠᠭᠠᠯᠮᠠᠶᠢᠲᠠᠨ ᠤ ᠨᠡᠶᠢᠭᠡᠮᠯᠢᠭ᠂ ᠨᠠᠮ ᠤᠨ ᠬᠤᠷᠢᠶᠠᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠬᠤᠷᠢᠶ᠎ᠠ᠂ | ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠬᠠᠷᠢᠭᠤᠴᠠᠨ᠎ᠠ︶ | 4. ︽ᠠᠪᠤᠷᠠᠯᠲᠠ ᠳᠡᠷᠭᠡᠳᠡ ᠴᠢᠨᠢ·ᠦᠵᠡᠮᠵᠢ ᠶᠢᠨ ᠣᠷᠣᠨ ᠳᠤ ᠰᠠᠬᠢᠨ ᠬᠠᠮᠠᠭᠠᠯᠠᠶ᠎ᠠ︾ ᠭᠡᠬᠦ | ᠠᠵᠢᠯᠯᠠᠭᠠᠨ᠃ A ᠲᠠᠰ ᠤᠨ ᠦᠵᠡᠮᠵᠢ ᠶᠢᠨ ᠣᠷᠣᠨ ᠤ ᠠᠵᠢᠯᠲᠠᠨ᠂ ᠵᠢᠭᠤᠯᠴᠢᠯᠠᠯ ᠤᠨ ᠭᠠᠵᠠᠷ ᠤᠨ | ᠵᠢᠭᠤᠯᠴᠢᠯᠠᠯ ᠤᠨ ᠬᠥᠲᠥᠴᠢ ᠳᠤ ᠬᠠᠨᠳᠤᠭᠤᠯᠵᠤ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠪᠣᠯᠪᠠᠰᠤᠷᠠᠯ | ᠥᠷᠨᠢᠭᠦᠯᠬᠦ ᠶᠢ ᠠᠬᠢᠭᠤᠯᠵᠤ᠂ ᠦᠵᠡᠮᠵᠢ ᠶᠢᠨ ᠣᠷᠣᠨ ᠤ ᠠᠵᠢᠯᠲᠠᠨ᠂ ᠵᠢᠭᠤᠯᠴᠢᠯᠠᠯ ᠤᠨ ᠭᠠᠵᠠᠷ ᠤᠨ | ᠵᠢᠭᠤᠯᠴᠢᠯᠠᠯ ᠤᠨ ᠬᠥᠲᠥᠴᠢ ᠶᠢᠨ ᠤᠯᠠᠭᠠᠨ ᠵᠠᠭᠠᠯᠮᠠᠶᠢᠲᠠᠨ ᠤ ᠠᠪᠤᠷᠠᠯᠲᠠ ᠬᠢᠭᠴᠢ ᠶᠢᠨ ᠦᠨᠡᠮᠯᠡᠯ ᠭᠠᠷᠳᠠᠬᠤ | ᠬᠠᠷᠢᠴᠠᠯ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ | ᠠᠵᠢᠯᠯᠠᠭ᠎ᠠ ᠶᠢ ᠦᠵᠡᠮᠵᠢ ᠶᠢᠨ ᠣᠷᠣᠨ ᠳᠤ ᠣᠷᠣᠭᠤᠯᠬᠤ ᠶᠢ ᠠᠬᠢᠭᠤᠯᠵᠤ᠂ ᠪᠦᠬᠦ ᠣᠷᠣᠨ ᠤ 3A ᠳᠡᠰ ᠠᠴᠠ | ᠳᠡᠭᠡᠭᠰᠢᠬᠢ ᠦᠵᠡᠮᠵᠢ ᠶᠢᠨ ᠣᠷᠣᠨ ᠪᠦᠭᠦᠨ ᠳᠤ AED ᠮᠠᠰᠢᠨ ᠲᠣᠬᠢᠷᠠᠭᠤᠯᠤᠨ ᠤᠭᠰᠠᠷᠠᠬᠤ ᠶᠢ ᠪᠡᠶᠡᠯᠡᠭᠦᠯᠦᠨ᠂ | ᠨᠥᠬᠦᠴᠡᠯ ᠲᠠᠢ 4A ᠲᠠᠰ ᠤᠨ ᠦᠵᠡᠮᠵᠢ ᠶᠢᠨ ᠣᠷᠣᠨ ᠳᠤ ᠤᠯᠠᠭᠠᠨ ᠵᠠᠭᠠᠯᠮᠠᠶᠢᠲᠠᠨ ᠤ ᠠᠪᠤᠷᠠᠯᠲᠠ ᠶᠢᠨ ᠥᠷᠳᠡᠭᠡ | ᠪᠠᠶᠢᠭᠤᠯᠬᠤ ᠶᠢ ᠠᠬᠢᠭᠤᠯᠵᠤ᠂ 5A ᠲᠠᠰ ᠤᠨ ᠦᠵᠡᠮᠵᠢ ᠶᠢᠨ ᠣᠷᠣᠨ ᠪᠦᠭᠦᠨ ᠳᠤ ᠤᠯᠠᠭᠠᠨ ᠵᠠᠭᠠᠯᠮᠠᠶᠢᠲᠠᠨ ᠤ | ᠠᠪᠤᠷᠠᠯᠲᠠ ᠶᠢᠨ ᠥᠷᠲᠡᠭᠡ ᠲᠠᠢ ᠪᠣᠯᠭᠠᠬᠤ ᠶᠢ ᠪᠡᠶᠡᠯᠡᠭᠦᠯᠦᠨ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ | ᠰᠠᠶᠢᠨ ᠲᠤᠷᠠᠴᠤᠳ ᠤᠨ ᠡᠩᠨᠡᠭᠡ ᠶᠢ ᠪᠦᠷᠢᠨᠰᠢᠭᠦᠯᠵᠦ᠂ ᠤᠰᠤᠨ ᠳᠤ ᠴᠠᠴᠠᠬᠤ ᠦᠵᠡᠭᠳᠡᠯ ᠠᠮᠠᠷᠬᠠᠨ ᠡᠭᠦᠰᠬᠦ | ᠭᠤᠣᠯᠳᠠᠯᠭ᠎ᠠ ᠲᠠᠢ ᠣᠷᠣᠨ ᠪᠦᠰᠡ ᠳᠤ ᠤᠰᠤᠨ ᠳᠤ ᠴᠠᠴᠠᠬᠤ ᠶᠢ ᠪᠣᠯᠭᠤᠮᠵᠢᠯᠠᠨ ᠰᠡᠷᠭᠡᠶᠢᠯᠡᠬᠦ ᠨᠡᠶᠢᠲᠡ ᠶᠢᠨ | ᠠᠰᠠᠷᠠᠮᠵᠢ ᠶᠢᠨ ᠲᠥᠷᠥᠯ ᠵᠦᠢᠯ ᠢ ᠬᠡᠷᠡᠭᠵᠢᠭᠦᠯᠵᠦ᠂ ︽ᠦᠵᠡᠮᠵᠢ ᠶᠢᠨ ᠣᠷᠣᠨ ᠤ ᠠᠪᠤᠷᠠᠯᠲᠠ ᠶᠢᠨ | ᠥᠷᠲᠡᠭᠡ + ᠰᠠᠶᠢᠨ ᠳᠤᠷ᠎ᠠ ᠶᠢᠨ ᠦᠢᠯᠡᠴᠢᠯᠡᠭᠡᠨ ᠤ ᠰᠠᠭᠤᠷᠢᠨ︾ ᠤ ᠠᠵᠢᠯ ᠤᠨ ᠵᠠᠭᠪᠤᠷ ᠢ ᠢᠳᠡᠪᠬᠢᠲᠡᠢ ᠪᠤᠢ | ᠪᠣᠯᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ᠂ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠡᠭᠦᠷᠭᠡ ᠬᠠᠷᠢᠭᠤᠴᠠᠯᠭ᠎ᠠ ᠠᠵᠢᠯ ᠤᠨ | ᠬᠤᠪᠢᠶᠠᠷᠢᠯᠠᠯ ᠶᠣᠰᠣᠭᠠᠷ ᠲᠤᠰ ᠲᠤᠰ ᠲᠦᠷᠦᠭᠦᠯᠡᠨ ᠬᠠᠷᠢᠭᠤᠴᠠᠨ᠎ᠠ︶ | 5. ︽ᠠᠪᠤᠷᠠᠯᠲᠠ ᠳᠡᠷᠭᠡᠳᠡ ᠴᠢᠨᠢ·ᠠᠶᠤᠯ ᠦᠭᠡᠢ ᠦᠢᠯᠡᠳᠪᠦᠷᠢᠯᠡᠶ᠎ᠡ︾ ᠭᠡᠬᠦ ᠠᠵᠢᠯᠯᠠᠭᠠᠨ᠃ ᠤᠯᠠᠭᠠᠨ | ᠵᠠᠭᠠᠯᠮᠠᠶᠢᠲᠠᠨ ᠤ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠪᠣᠯᠪᠠᠰᠤᠷᠠᠯ ᠢ ᠠᠭᠤᠷᠬᠠᠢ᠂ ᠡᠨᠧᠷᠭᠢ᠂ | ᠬᠢᠮᠢ ᠶᠢᠨ ᠠᠵᠤ ᠦᠢᠯᠡᠳᠪᠦᠷᠢ᠂ ᠪᠠᠷᠢᠯᠭ᠎ᠠ ᠵᠡᠷᠭᠡ ᠭᠤᠣᠯᠳᠠᠯᠭ᠎ᠠ ᠲᠠᠢ ᠠᠵᠢᠯ ᠲᠥᠷᠥᠯ ᠤᠨ ᠠᠵᠤ ᠠᠬᠤᠶᠢᠯᠠᠯ ᠤᠨ | ᠠᠶᠤᠯ ᠦᠭᠡᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠳ ᠲᠡᠶᠢᠰᠢ ᠬᠡᠯᠪᠠᠶᠢᠯᠭᠡᠵᠦ᠂ ᠠᠶᠤᠯ | ᠶᠡᠬᠡᠲᠡᠢ ᠪᠠ ᠭᠤᠣᠯᠳᠠᠯᠭ᠎ᠠ ᠲᠠᠢ ᠠᠵᠢᠯ ᠤᠨ ᠪᠠᠶᠢᠷᠢᠨ ᠳᠠᠬᠢ ᠠᠵᠢᠯᠯᠠᠭᠰᠠᠳ ᠤᠨ ᠤᠯᠠᠭᠠᠨ ᠵᠠᠭᠠᠯᠮᠠᠶᠢᠲᠠᠨ ᠤ | ᠠᠪᠤᠷᠠᠯᠲᠠ ᠬᠢᠭᠴᠢ ᠶᠢᠨ ᠦᠨᠡᠮᠯᠡᠯ ᠠᠪᠬᠤ ᠬᠠᠷᠢᠴᠠᠯ ᠢ ᠠᠯᠬᠤᠮ ᠠᠯᠬᠤᠮ ᠢᠶᠠᠷ ᠨᠡᠮᠡᠭᠳᠡᠭᠦᠯᠦᠨ᠎ᠡ᠃ ︽ᠠᠶᠤᠯ | ᠦᠭᠡᠢ ᠦᠢᠯᠡᠳᠪᠦᠷᠢᠯᠡᠯ ᠤᠨ ᠰᠠᠷ᠎ᠠ︾ ᠵᠡᠷᠭᠡ ᠴᠠᠭ ᠬᠤᠭᠤᠴᠠᠭ᠎ᠠ ᠲᠠᠢ ᠤᠶᠠᠯᠳᠤᠭᠤᠯᠤᠨ ᠪᠣᠯᠪᠠᠰᠤᠷᠠᠯ ᠪᠠ | ᠰᠣᠷᠢᠯᠲᠠ ᠥᠷᠨᠢᠭᠦᠯᠵᠦ᠂ ᠠᠵᠤ ᠠᠬᠤᠶᠢᠯᠠᠯ ᠤᠨ ᠠᠵᠢᠯ ᠡᠷᠬᠢᠯᠡᠭᠰᠡᠳ ᠤᠨ ᠠᠮᠤᠷ ᠲᠦᠪᠰᠢᠨ ᠤ ᠤᠬᠠᠮᠰᠠᠷ | ᠵᠢᠴᠢ ᠥᠪᠡᠷ ᠢ ᠪᠠᠨ ᠪᠠ ᠥᠷᠥᠭᠡᠯ ᠬᠤᠭᠤᠷᠣᠨᠳᠤ ᠪᠠᠨ ᠬᠠᠷᠢᠯᠴᠠᠨ ᠠᠪᠤᠷᠠᠬᠤ ᠮᠡᠷᠭᠡᠰᠢᠯ ᠢ ᠨᠢ | ᠳᠡᠭᠡᠭᠰᠢᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ | ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠠᠵᠢᠯᠴᠢᠨ ᠤ | ᠶᠡᠷᠦᠩᠬᠡᠢ ᠡᠪᠯᠡᠯ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠤᠯᠤᠰ ᠤᠨ ᠠᠭᠤᠷᠬᠠᠢ ᠶᠢᠨ ᠠᠮᠤᠷ ᠲᠦᠪᠰᠢᠨ ᠢ | ᠬᠢᠨᠠᠨ ᠪᠠᠶᠢᠴᠠᠭᠠᠬᠤ ᠲᠣᠪᠴᠢᠶ᠎ᠠ ᠶᠢᠨ ᠥᠪᠥᠷ ᠮᠣᠩᠭᠤᠯ ᠳᠠᠬᠢ ᠲᠣᠪᠴᠢᠶ᠎ᠠ ᠬᠠᠷᠢᠭᠤᠴᠠᠨ᠎ᠠ︶ | 6. ︽ᠠᠪᠤᠷᠠᠯᠲᠠ ᠳᠡᠷᠭᠡᠳᠡ ᠴᠢᠨᠢ· ᠪᠡᠶ᠎ᠡ ᠶᠢᠨ ᠲᠠᠮᠢᠷ ᠬᠠᠨᠢ ᠪᠣᠯᠣᠶ᠎ᠠ︾ ᠭᠡᠬᠦ ᠠᠵᠢᠯᠯᠠᠭᠠᠨ᠃ ᠪᠡᠶ᠎ᠡ ᠶᠢᠨ | ᠲᠠᠮᠢᠷ ᠤᠨ ᠲᠠᠯᠠᠪᠤᠷ ︵ᠣᠷᠳᠣᠨ︶ ᠲᠠᠬᠢ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠪᠡᠯᠡᠳᠬᠡᠮᠵᠢ | ᠲᠥᠬᠦᠭᠡᠷᠦᠮᠵᠢ ᠶᠢᠨ ᠲᠣᠬᠢᠷᠠᠭᠤᠯᠤᠯᠲᠠ ᠶᠢ ᠲᠡᠭᠦᠯᠳᠡᠷᠵᠢᠭᠦᠯᠵᠦ᠂ ᠲᠠᠯᠠᠪᠤᠷ ᠣᠷᠳᠣᠨ ᠤ ᠠᠵᠢᠯᠲᠠᠳ᠂ ᠲᠠᠮᠢᠷ ᠤᠨ | ᠠᠩᠭᠢ ᠶᠢᠨ ᠰᠢᠯᠢᠳᠡᠭ ᠳᠠᠰᠬᠠᠯᠵᠢᠭᠤᠯᠤᠭᠴᠢ ᠪᠠ ᠲᠠᠮᠢᠷᠴᠢᠨ ᠵᠢᠴᠢ ᠲᠤᠰᠠᠯᠠᠬᠤ ᠠᠵᠢᠯᠲᠠᠳ ᠲᠤ ᠬᠠᠨᠳᠤᠭᠤᠯᠵᠤ | ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠪᠣᠯᠪᠠᠰᠤᠷᠠᠯ ᠥᠷᠨᠢᠭᠦᠯᠦᠨ᠂ ᠤᠯᠠᠭᠠᠨ ᠵᠠᠭᠠᠯᠮᠠᠶᠢᠲᠠᠨ ᠤ | ᠠᠪᠤᠷᠠᠯᠲᠠ ᠬᠢᠭᠴᠢ ᠶᠢᠨ ᠦᠨᠡᠮᠯᠡᠯ ᠠᠪᠬᠤ ᠬᠠᠷᠢᠴᠠᠯ ᠢ ᠦᠷᠭᠦᠯᠵᠢᠯᠡᠨ ᠳᠡᠬᠡᠭᠰᠢᠯᠡᠬᠦᠯᠦᠨ᠎ᠡ᠃ ᠪᠠᠴᠢᠮ ᠪᠠᠶᠢᠳᠠᠯ ᠢ | ᠠᠷᠭᠠᠴᠠᠭᠠᠵᠤ ᠠᠪᠤᠷᠠᠯᠲᠠ ᠬᠢᠬᠦ ᠮᠡᠷᠭᠡᠰᠢᠯ ᠲᠠᠢ ᠲᠤᠰᠬᠠᠢ ᠮᠡᠷᠭᠡᠵᠢᠯ ᠤᠨ ᠰᠠᠶᠢᠨ ᠳᠤᠷᠠᠴᠤᠳ ᠢ ᠴᠢᠬᠤᠯᠠ ᠶᠡᠭᠡ | ᠤᠷᠤᠯᠳᠤᠭᠠᠨ ᠪᠠ ᠠᠵᠢᠯᠯᠠᠭ᠎ᠠ ᠳᠠᠬᠢ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠲᠤᠰᠠᠯᠠᠮᠵᠢ | ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠳᠤ ᠤᠷᠤᠯᠴᠠᠭᠤᠯᠬᠤ ᠤᠷᠲᠤ ᠬᠤᠭᠤᠴᠠᠭᠠᠨ ᠤ ᠪᠦᠲᠦᠮᠵᠢᠲᠡᠢ | ᠲᠣᠭᠲᠠᠴᠠ ᠶᠢ ᠪᠠᠶᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ᠂ ᠡᠷᠡᠭᠦᠯ | ᠡᠩᠬᠡ ᠥᠪᠥᠷ ᠮᠣᠩᠭᠤᠯ ᠤᠨ ᠠᠵᠢᠯᠯᠠᠭᠠᠨ ᠢ ᠠᠬᠢᠭᠤᠯᠬᠤ ᠵᠥᠪᠯᠡᠯ ᠤᠨ ᠠᠯᠪᠠᠨ ᠭᠡᠷ᠂ ᠤᠯᠠᠭᠠᠨ ᠵᠠᠭᠠᠯᠮᠠᠶᠢᠲᠠᠨ ᠤ | ᠨᠡᠶᠢᠭᠡᠮᠯᠢᠭ ᠬᠠᠷᠢᠭᠤᠴᠠᠨ᠎ᠠ︶ | 7. ︽ᠠᠪᠤᠷᠠᠯᠲᠠ ᠳᠡᠷᠭᠡᠳᠡ ᠴᠢᠨᠢ·ᠰᠠᠶᠢᠨ ᠳᠤᠷ᠎ᠠ ᠶᠢᠨ ᠦᠢᠯᠡᠴᠢᠯᠡᠭᠡ ᠬᠠᠮᠲᠤ ᠠᠶᠠᠯᠠᠶ᠎ᠠ︾ ᠭᠡᠬᠦ | ᠠᠵᠢᠯᠯᠠᠭᠠᠨ᠃ ᠡᠷᠡᠭᠦᠯ ᠡᠩᠬᠡ ᠳᠤᠮᠳᠠᠳᠤ ᠤᠯᠤᠰ᠂ ᠡᠷᠡᠭᠦᠯ ᠡᠩᠬᠡ ᠥᠪᠥᠷ ᠮᠣᠩᠭᠤᠯ ᠤᠨ ᠪᠦᠲᠦᠭᠡᠨ | ᠪᠠᠶᠢᠭᠤᠯᠤᠯᠲᠠ ᠶᠢᠨ ᠬᠦᠷᠢᠶᠡᠨ ᠳᠠᠬᠢ ᠰᠠᠶᠢᠨ ᠳᠤᠷ᠎ᠠ ᠶᠢᠨ ᠦᠢᠯᠡᠴᠢᠯᠡᠭᠡ ᠶᠢ ᠠᠬᠢᠭᠤᠯᠵᠤ᠂ ᠴᠢᠬᠤᠯᠠ ᠪᠠᠶᠠᠷ | ᠳᠤᠷᠠᠰᠬᠠᠯ ᠤᠨ ᠡᠳᠦᠷ ᠵᠡᠷᠭᠡ ᠲᠣᠬᠢᠶᠠᠯ ᠢ ᠠᠮᠵᠢᠭᠤᠯᠤᠨ᠂ ᠰᠢᠷᠢᠰ ᠭᠤᠣᠯ ᠰᠡᠳᠦᠪᠲᠦ ᠤᠬᠠᠭᠤᠯᠭ᠎ᠠ ᠪᠠ ᠰᠠᠶᠢᠨ | ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠵᠦ᠂ ᠪᠠᠴᠢᠮ ᠪᠠᠶᠢᠳᠠᠯ ᠢ | ᠠᠷᠭᠠᠴᠠᠭᠠᠵᠤ ᠠᠪᠤᠷᠠᠯᠲᠠ ᠬᠢᠬᠦ ᠶᠢ ᠴᠤᠤᠷᠢᠶᠠᠳᠠᠨ ᠳᠠᠭᠠᠬᠤ ᠪᠠ ᠣᠯᠠᠨ ᠲᠦᠮᠡᠨ ᠤ ᠭᠡᠨᠡᠳᠲᠡ ᠶᠢᠨ ᠬᠡᠷᠡᠭ ᠢ | ᠠᠷᠭᠠᠴᠠᠭᠠᠨ ᠰᠢᠢᠳᠪᠦᠷᠢᠯᠡᠵᠦ ᠥᠪᠡᠷ ᠢ ᠪᠠᠨ ᠪᠠ ᠥᠷᠥᠭᠡᠯ ᠬᠤᠭᠤᠷᠣᠨᠳᠤ ᠪᠠᠨ ᠬᠠᠷᠢᠯᠴᠠᠨ ᠠᠪᠤᠷᠠᠬᠤ | ᠴᠢᠳᠠᠪᠤᠷᠢ ᠶᠢ ᠨᠢ ᠳᠡᠭᠡᠭᠰᠢᠯᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠡᠶᠢᠭᠡᠮ ᠤᠨ | ᠠᠵᠢᠯ ᠤᠨ ᠬᠡᠯᠲᠡᠰ᠂ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ ᠲᠠᠢ ᠬᠠᠮᠲᠤᠷᠠᠨ ︽ᠠᠪᠤᠷᠠᠯᠲᠠ | ᠳᠡᠷᠭᠡᠳᠡ ᠴᠢᠨᠢ︾ ᠰᠠᠶᠢᠨ ᠳᠤᠷ᠎ᠠ ᠶᠢᠨ ᠦᠢᠯᠡᠴᠢᠯᠡᠭᠡᠨ ᠤ ᠨᠠᠷᠠᠲᠤ ᠲᠡᠮᠳᠡᠭ ᠢ ᠪᠣᠶ ᠪᠣᠯᠭᠠᠵᠤ᠂ ᠪᠠᠴᠢᠮ ᠪᠠᠶᠢᠳᠠᠯ ᠢ | ᠠᠷᠭᠠᠴᠠᠭᠠᠵᠤ ᠠᠪᠤᠷᠠᠯᠲᠠ ᠬᠢᠬᠦ ᠪᠣᠯᠪᠠᠰᠤᠷᠠᠯ ᠢ ︽ᠪᠣᠯᠪᠠᠰᠤᠨ ᠰᠤᠷᠲᠠᠯ ᠢ ᠤᠯᠠᠮᠵᠢᠯᠠᠨ·ᠠᠮᠢ ᠨᠠᠰᠤ ᠶᠢ | ᠬᠠᠮᠠᠭᠠᠯᠠᠰᠤᠭᠠᠢ︾ ᠭᠤᠣᠯ ᠰᠡᠳᠦᠪᠲᠦ ᠠᠵᠢᠯᠯᠠᠭ᠎ᠠ ᠳᠤ ᠣᠷᠣᠭᠤᠯᠤᠨ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ | ᠬᠢᠬᠦ ᠰᠠᠶᠢᠨ ᠳᠤᠷ᠎ᠠ ᠶᠢᠨ ᠦᠢᠯᠡᠴᠢᠯᠡᠭᠡ ᠥᠷᠨᠢᠭᠦᠯᠬᠦ ᠳᠤ ᠨᠢ ᠳᠡᠮᠵᠢᠯᠭᠡ ᠦᠵᠡᠭᠦᠯᠦᠨ᠎ᠡ᠃ ︵ᠥᠪᠡᠷᠲᠡᠭᠡᠨ ᠵᠠᠰᠠᠬᠤ | ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠡᠷᠡᠭᠦᠯ ᠡᠩᠬᠡ ᠥᠪᠥᠷ ᠮᠣᠩᠭᠤᠯ ᠤᠨ ᠠᠵᠢᠯᠯᠠᠭᠠᠨ ᠢ | ᠠᠬᠢᠭᠤᠯᠬᠤ ᠵᠥᠪᠯᠡᠯ ᠤᠨ ᠠᠯᠪᠠᠨ ᠭᠡᠷ ᠬᠠᠷᠢᠭᠤᠴᠠᠨ᠎ᠠ︶ | 8. ︽ᠠᠪᠤᠷᠠᠯᠲᠠ ᠳᠡᠷᠭᠡᠳᠡ ᠴᠢᠨᠢ·ᠨᠠᠰᠤᠲᠠᠨ ᠢ ᠠᠰᠠᠷᠠᠨ ᠬᠠᠷᠠᠭᠠᠯᠵᠠᠵᠤ ᠬᠠᠶᠢᠷᠠᠯᠠᠨ ᠬᠠᠮᠠᠭᠠᠯᠠᠶ᠎ᠠ︾ ᠭᠡᠬᠦ | ᠠᠵᠢᠯᠯᠠᠭᠠᠨ᠃ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠲᠥᠷᠥᠯ ᠤᠨ ᠪᠠᠴᠢᠮ ᠪᠠᠶᠢᠳᠠᠯ ᠢ | ᠠᠷᠭᠠᠴᠠᠭᠠᠵᠤ ᠠᠪᠤᠷᠠᠯᠲᠠ ᠬᠢᠬᠦ ᠠᠵᠢᠯ ᠢ ᠭᠦᠨᠵᠡᠭᠡᠢ ᠠᠬᠢᠭᠤᠯᠵᠤ᠂ ᠡᠷᠡᠭᠦᠯᠵᠢᠯ ᠰᠤᠪᠢᠯᠠᠯᠲᠠ ᠶᠢᠨ ᠬᠤᠯᠪᠣᠭᠠᠲᠤ | ᠴᠣᠭᠴᠠ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠳᠤ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ | ᠪᠣᠯᠪᠠᠰᠤᠷᠠᠯ ᠤᠨ ᠲᠠᠯᠠᠪᠤᠷ ᠭᠠᠵᠠᠷ ᠪᠠᠶᠢᠭᠤᠯᠤᠨ᠂ ᠨᠠᠰᠤᠲᠠᠨ ᠢ ᠠᠰᠠᠷᠠᠬᠤ ᠠᠰᠠᠷᠠᠨ ᠰᠤᠪᠢᠯᠠᠭᠴᠢᠳ ᠤᠨ | ᠤᠯᠠᠭᠠᠨ ᠵᠠᠭᠠᠯᠮᠠᠶᠢᠲᠠᠨ ᠤ ᠠᠪᠤᠷᠠᠯᠲᠠ ᠬᠢᠭᠴᠢ ᠶᠢᠨ ᠦᠨᠡᠮᠯᠡᠯ ᠠᠪᠬᠤ ᠬᠠᠷᠢᠴᠠᠯ ᠢ ᠲᠠᠰᠤᠷᠠᠯᠲᠠ ᠦᠭᠡᠢ | ᠳᠡᠭᠡᠭᠰᠢᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ᠂ ᠤᠯᠠᠭᠠᠨ | ᠵᠠᠭᠠᠯᠮᠠᠶᠢᠲᠠᠨ ᠤ ᠨᠡᠶᠢᠭᠡᠮᠯᠢᠭ ᠬᠠᠷᠢᠭᠤᠴᠠᠨ᠎ᠠ︶ | 9. ︽ᠠᠪᠤᠷᠠᠯᠲᠠ ᠳᠡᠷᠭᠡᠳᠡ ᠴᠢᠨᠢ·ᠠᠪᠤᠷᠠᠨ ᠲᠤᠰᠠᠯᠠᠬᠤ ᠬᠤᠰᠢᠭᠤᠴᠢ ᠪᠣᠯᠣᠶ᠎ᠠ︾ ᠭᠡᠬᠦ ᠠᠵᠢᠯᠯᠠᠭᠠᠨ᠃ | ᠭᠠᠯ ᠲᠦᠢᠮᠡᠷ ᠰᠡᠷᠭᠡᠶᠢᠯᠡᠨ ᠤᠨᠲᠠᠷᠠᠭᠠᠵᠤ ᠠᠪᠤᠷᠠᠨ ᠲᠤᠰᠠᠯᠠᠬᠤ᠂ ᠣᠶ ᠰᠢᠭᠤᠢ ᠶᠢᠨ ᠭᠠᠯ ᠲᠦᠢᠮᠡᠷ ᠰᠡᠷᠭᠡᠶᠢᠯᠡᠨ | ᠤᠨᠲᠠᠷᠠᠭᠠᠵᠤ ᠠᠪᠤᠷᠠᠨ ᠲᠤᠰᠠᠯᠠᠬᠤ᠂ ᠠᠭᠤᠷᠬᠠᠢ ᠶᠢᠨ ᠠᠪᠤᠷᠠᠨ ᠲᠤᠰᠠᠯᠠᠬᠤ ᠬᠦᠴᠦᠨ ᠳᠤ ᠪᠠᠴᠢᠮ ᠪᠠᠶᠢᠳᠠᠯ ᠢ | ᠠᠷᠭᠠᠴᠠᠭᠠᠵᠤ ᠠᠪᠤᠷᠠᠯᠲᠠ ᠬᠢᠬᠦ ᠪᠣᠯᠪᠠᠰᠤᠷᠠᠯ ᠥᠷᠨᠢᠭᠦᠯᠬᠦ ᠪᠠᠨ ᠴᠢᠩᠭᠠᠳᠬᠠᠵᠤ᠂ 2030 ᠣᠨ ᠪᠣᠯᠬᠤ ᠳᠤ | ᠤᠯᠠᠭᠠᠨ ᠵᠠᠭᠠᠯᠮᠠᠶᠢᠲᠠᠨ ᠤ ᠠᠪᠤᠷᠠᠯᠲᠠ ᠬᠢᠭᠴᠢ ᠶᠢᠨ ᠦᠨᠡᠮᠯᠡᠯ ᠠᠪᠤᠭᠰᠠᠨ ᠬᠠᠷᠢᠴᠠᠯ ᠢ 80% ᠠᠴᠠ ᠳᠣᠣᠷ᠎ᠠ | ᠦᠭᠡᠢ ᠪᠠᠶᠢᠯᠭᠠᠨ᠂ ᠨᠥᠬᠦᠴᠡᠯ ᠲᠠᠢ ᠨᠡᠶᠢᠭᠡᠮ ᠤᠨ ᠠᠪᠤᠷᠠᠨ ᠲᠤᠰᠠᠯᠠᠬᠤ ᠬᠦᠴᠦᠨ ᠤ ᠬᠢᠨ ᠤ ᠤᠯᠠᠭᠠᠨ | ᠵᠠᠭᠠᠯᠮᠠᠶᠢᠲᠠᠨ ᠤ ᠠᠪᠤᠷᠠᠯᠲᠠ ᠬᠢᠭᠴᠢ ᠶᠢᠨ ᠦᠨᠡᠮᠯᠡᠯ ᠠᠪᠬᠤ ᠬᠠᠷᠢᠴᠠᠯ ᠢ ᠠᠯᠬᠤᠮ ᠠᠯᠬᠤᠮ ᠢᠶᠠᠷ | ᠨᠡᠮᠡᠭᠳᠡᠭᠦᠯᠦᠨ᠎ᠡ᠃ ᠠᠪᠤᠷᠠᠨ ᠲᠤᠰᠠᠯᠠᠬᠤ ᠠᠩᠭᠢ ᠶᠢᠨ ᠭᠡᠰᠢᠭᠦᠳ ᠤᠨ ᠳᠣᠲᠣᠷ᠎ᠠ ᠨᠢᠭᠡ ᠪᠦᠯᠦᠭ ᠠᠪᠤᠷᠠᠨ ᠲᠤᠰᠠᠯᠠᠬᠤ | ᠪᠠᠭᠰᠢ ᠨᠠᠷ ᠢ ᠬᠥᠮᠥᠵᠢᠭᠦᠯᠵᠦ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠠᠩᠭᠢ ᠶᠢᠨ ᠥᠪᠡᠷ ᠢ ᠪᠠᠨ | ᠦᠪᠡᠰᠦᠪᠡᠨ ᠪᠣᠯᠪᠠᠰᠤᠷᠠᠭᠤᠯᠬᠤ ᠴᠢᠳᠠᠪᠤᠷᠢ ᠶᠢ ᠨᠢ ᠨᠡᠮᠡᠭᠳᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠪᠠᠴᠢᠮ | ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ᠂ ᠥᠪᠥᠷ ᠮᠣᠩᠭᠤᠯ ᠤᠨ ᠭᠠᠯ ᠲᠦᠢᠮᠡᠷ ᠰᠡᠷᠭᠡᠶᠢᠯᠡᠨ | ᠤᠨᠲᠠᠷᠠᠭᠠᠵᠤ ᠠᠪᠤᠷᠠᠨ ᠲᠤᠰᠠᠯᠠᠬᠤ ᠶᠡᠷᠦᠩᠬᠡᠢ ᠠᠩᠭᠢ᠂ ᠥᠪᠥᠷ ᠮᠣᠩᠭᠤᠯ ᠤᠨ ᠣᠶ ᠰᠢᠭᠤᠢ ᠶᠢᠨ ᠭᠠᠯ ᠲᠦᠢᠮᠡᠷ | ᠰᠡᠷᠭᠡᠶᠢᠯᠡᠨ ᠤᠨᠲᠠᠷᠠᠭᠠᠬᠤ ᠶᠡᠷᠦᠩᠬᠡᠢ ᠠᠩᠭᠢ᠂ ᠤᠯᠤᠰ ᠤᠨ ᠠᠭᠤᠷᠬᠠᠢ ᠶᠢᠨ ᠠᠮᠤᠷ ᠲᠦᠪᠰᠢᠨ ᠢ ᠬᠢᠨᠠᠨ | ᠪᠠᠶᠢᠴᠠᠭᠠᠬᠤ ᠲᠣᠪᠴᠢᠶ᠎ᠠ ᠶᠢᠨ ᠥᠪᠥᠷ ᠮᠣᠩᠭᠤᠯ ᠳᠠᠬᠢ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠶᠠᠪᠤᠳᠠᠯ ᠤᠨ ᠲᠢᠩᠬᠢᠮ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠬᠠᠷᠢᠭᠤᠴᠠᠨ᠎ᠠ︶ | 10. ︽ᠠᠪᠤᠷᠠᠯᠲᠠ ᠳᠡᠷᠭᠡᠳᠡ ᠴᠢᠨᠢ·ᠬᠢᠯᠢ ᠬᠢᠵᠠᠭᠠᠷ ᠢᠶᠠᠨ ᠰᠠᠬᠢᠨ ᠬᠠᠮᠠᠭᠠᠯᠠᠶ᠎ᠠ︾ ᠭᠡᠬᠦ ᠠᠵᠢᠯᠯᠠᠭᠠᠨ᠃ | ᠬᠢᠯᠢ ᠶᠢᠨ ᠬᠤᠰᠢᠭᠤ ᠬᠤᠲᠠ ᠳᠤ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠠᠵᠢᠯ ᠢ ᠲᠦᠭᠡᠮᠡᠯᠵᠢᠭᠦᠯᠬᠦ | ᠪᠣᠯᠪᠠᠰᠤᠷᠠᠯ ᠢ ᠥᠷᠭᠡᠨ ᠢᠶᠠᠷ ᠥᠷᠨᠢᠭᠦᠯᠵᠦ᠂ ᠬᠢᠯᠢ ᠶᠢᠨ ᠬᠠᠮᠠᠭᠠᠯᠠᠯᠲᠠ ᠶᠢᠨ ᠲᠣᠮᠢᠯᠠᠭᠰᠠᠨ ᠰᠠᠯᠪᠤᠷᠢ ᠶᠢᠨ ᠺᠠᠳ᠋ᠷ | ᠴᠠᠭᠳᠠᠭ᠎ᠠ᠂ ᠬᠢᠯᠢ ᠬᠠᠮᠠᠭᠠᠯᠠᠭᠴᠢ᠂ ᠪᠠᠬᠢᠯᠡᠯᠲᠡᠲᠦ ᠡᠷᠦᠬᠡ ᠨᠦᠭᠦᠳ ᠤᠨ ᠤᠯᠠᠭᠠᠨ ᠵᠠᠭᠠᠯᠮᠠᠶᠢᠲᠠᠨ ᠤ ᠠᠪᠤᠷᠠᠯᠲᠠ | ᠬᠢᠭᠴᠢ ᠶᠢᠨ ᠦᠨᠡᠮᠯᠡᠯ ᠠᠪᠬᠤ ᠬᠠᠷᠢᠴᠠᠯ ᠢ ᠭᠤᠣᠯᠳᠠᠯᠭ᠎ᠠ ᠲᠠᠢ ᠲᠡᠬᠡᠭᠰᠢᠯᠡᠬᠦᠯᠦᠨ᠎ᠡ᠃ ᠬᠢᠯᠢ ᠶᠢᠨ ᠬᠤᠰᠢᠭᠤ | ᠬᠤᠲᠠ ᠳᠠᠬᠢ ᠲᠦᠷᠭᠡᠨ ᠠᠪᠤᠷᠠᠯᠲᠠ ᠶᠢᠨ ᠬᠠᠶᠢᠷᠴᠠᠭ ︵ᠪᠣᠭᠴᠣ︶᠂ AED ᠮᠠᠰᠢᠨ ᠤ ᠬᠠᠮᠤᠷᠬᠤ ᠨᠣᠷᠮ᠎ᠠ ᠶᠢ | ᠳᠡᠭᠡᠭᠰᠢᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠬᠠᠷᠢᠭᠤᠴᠠᠨ᠎ᠠ︶ | ︵ᠬᠤᠶᠠᠷ︶ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠪᠠᠭᠰᠢ ᠨᠠᠷ ᠤᠨ ᠡᠩᠨᠡᠭᠡᠨ ᠤ | ᠪᠠᠶᠢᠭᠤᠯᠤᠯᠲᠠ ᠪᠠ ᠬᠠᠮᠢᠶᠠᠷᠤᠯᠲᠠ ᠶᠢ ᠴᠢᠩᠭᠠᠳᠬᠠᠨ᠎ᠠ᠃ | 1. ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠲᠤᠰᠬᠠᠢ ᠲᠤᠰᠢᠶᠠᠯᠲᠤ ᠪᠠᠭᠰᠢ ᠨᠠᠷ ᠤᠨ ᠡᠩᠨᠡᠭᠡᠨ ᠤ | ᠪᠠᠶᠢᠭᠤᠯᠤᠯᠲᠠ ᠶᠢ ᠴᠢᠩᠭᠠᠳᠬᠠᠨ᠎ᠠ᠃ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠲᠤᠰᠬᠠᠢ ᠲᠤᠰᠢᠶᠠᠯᠲᠤ | ᠪᠠᠭᠰᠢ ᠨᠠᠷ ᠤᠨ ᠡᠩᠨᠡᠭᠡ ᠶᠢ ᠪᠤᠶᠢᠵᠢᠭᠤᠯᠬᠤ ᠪᠠᠨ ᠴᠢᠩᠭᠠᠷᠠᠭᠤᠯᠤᠨ᠂ ᠠᠶᠢᠮᠠᠭ ᠬᠤᠲᠠ ᠶᠢᠨ ᠱᠠᠲᠤᠨ ᠤ ᠤᠯᠠᠭᠠᠨ | ᠵᠠᠭᠠᠯᠮᠠᠶᠢᠲᠠᠨ ᠤ ᠨᠡᠶᠢᠭᠡᠮᠯᠢᠭ ᠪᠦᠷᠢ ᠳᠤ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠲᠤᠰᠬᠠᠢ ᠲᠤᠰᠢᠶᠠᠯᠲᠤ | ᠪᠠᠭᠰᠢ ᠶᠢ ᠠᠳᠠᠭ ᠲᠤ ᠪᠠᠨ 3 ᠪᠠᠶᠢᠯᠭᠠᠵᠤ᠂ ᠬᠤᠰᠢᠭᠤ ᠰᠢᠶᠠᠨ ᠤ ᠱᠠᠲᠤᠨ ᠤ ᠤᠯᠠᠭᠠᠨ ᠵᠠᠭᠠᠯᠮᠠᠶᠢᠲᠠᠨ ᠤ | ᠨᠡᠶᠢᠭᠡᠮᠯᠢᠭ ᠪᠦᠷᠢ ᠳᠤ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠲᠤᠰᠬᠠᠢ ᠲᠤᠰᠢᠶᠠᠯᠲᠤ ᠪᠠᠭᠰᠢ ᠶᠢ | ᠠᠳᠠᠭ ᠲᠤ ᠪᠠᠨ 2 ᠪᠠᠶᠢᠯᠭᠠᠬᠤ ᠶᠢ ᠪᠡᠶᠡᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠤᠯᠠᠭᠠᠨ | ᠵᠠᠭᠠᠯᠮᠠᠶᠢᠲᠠᠨ ᠤ ᠨᠡᠶᠢᠭᠡᠮᠯᠢᠭ ᠬᠠᠷᠢᠭᠤᠴᠠᠨ᠎ᠠ︶ | 2. ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠲᠤᠰᠢᠶᠠᠯ ᠬᠠᠪᠰᠤᠷᠭᠠᠭᠰᠠᠨ ᠪᠠᠭᠰᠢ ᠨᠠᠷ ᠤᠨ | ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠡᠩ ᠲᠡᠷᠢᠭᠦᠨ ᠳᠤ ᠰᠤᠷᠭᠠᠨ ᠬᠥᠮᠦᠵᠢᠯ᠂ ᠡᠷᠡᠭᠦᠯ | ᠬᠠᠮᠠᠭᠠᠯᠠᠯ ᠵᠡᠷᠭᠡ ᠭᠤᠣᠯᠳᠠᠯᠭ᠎ᠠ ᠲᠠᠢ ᠰᠠᠯᠠᠭ᠎ᠠ ᠮᠥᠴᠢᠷ ᠤᠳ ᠤᠨ ᠲᠤᠰᠬᠠᠢ ᠮᠡᠷᠭᠡᠵᠢᠯ ᠤᠨ ᠠᠵᠢᠯᠲᠠᠳ ᠤᠨ | ᠳᠣᠲᠣᠷ᠎ᠠ ᠠᠴᠠ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠲᠤᠰᠢᠶᠠᠯ ᠬᠠᠪᠰᠤᠷᠭᠠᠭᠰᠠᠨ ᠪᠠᠭᠰᠢ ᠶᠢ | ᠬᠥᠮᠥᠵᠢᠭᠦᠯᠦᠨ᠎ᠡ᠃ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠲᠤᠰᠢᠶᠠᠯ ᠬᠠᠪᠰᠤᠷᠭᠠᠭᠰᠠᠨ ᠪᠠᠭᠰᠢ | ᠨᠠᠷ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠪᠣᠯᠪᠠᠰᠤᠷᠠᠯ ᠳᠤ ᠣᠷᠣᠯᠴᠠᠬᠤ ᠪᠠ ᠰᠠᠶᠢᠨ ᠳᠤᠷ᠎ᠠ ᠶᠢᠨ | ᠦᠢᠯᠡᠴᠢᠯᠡᠭᠡᠨ ᠤ ᠤᠷᠮᠠᠰᠢᠭᠤᠯᠬᠤ ᠲᠣᠭᠲᠠᠴᠠ ᠶᠢ ᠪᠠᠶᠢᠭᠤᠯᠵᠤ᠂ ᠪᠠᠭᠰᠢ ᠨᠠᠷ ᠤᠨ ᠡᠩᠨᠡᠭᠡᠨ ᠤ ᠪᠠᠶᠢᠭᠤᠯᠤᠯᠲᠠ ᠶᠢ | ᠲᠠᠰᠤᠷᠠᠯᠲᠠ ᠦᠭᠡᠢ ᠴᠢᠩᠭᠠᠳᠬᠠᠨ᠂ ᠲᠤᠰᠢᠶᠠᠯ ᠬᠠᠪᠰᠤᠷᠭᠠᠭᠰᠠᠨ ᠪᠠᠭᠰᠢ ᠨᠠᠷ ᠤᠨ ᠦᠢᠯᠡᠳᠦᠯ ᠢ ᠰᠠᠶᠢᠲᠤᠷ | ᠪᠠᠳᠠᠷᠠᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠬᠠᠷᠢᠭᠤᠴᠠᠨ᠎ᠠ︶ | 3. ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠪᠠᠭᠰᠢ ᠨᠠᠷ ᠤᠨ ᠡᠩᠨᠡᠭᠡᠨ ᠤ ᠬᠠᠮᠢᠶᠠᠷᠤᠯᠲᠠ ᠶᠢ | ᠴᠢᠩᠭᠠᠳᠬᠠᠨ᠎ᠠ᠃ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠪᠠᠭᠰᠢ ᠨᠠᠷ ᠤᠨ ᠡᠩᠨᠡᠭᠡᠨ ᠳᠤ | ᠤᠷᠤᠭᠤᠯᠬᠤ ᠶᠢ ᠵᠥᠪᠰᠢᠶᠡᠷᠡᠬᠦ ᠬᠢᠭᠡᠳ ᠡᠩᠨᠡᠭᠡᠨ ᠠᠴᠠ ᠪᠤᠴᠠᠭᠠᠨ ᠭᠠᠷᠭᠠᠬᠤ᠂ ᠤᠷᠮᠠᠰᠢᠭᠤᠯᠬᠤ ᠬᠢᠭᠡᠳ ᠰᠢᠯᠭᠠᠨ | ᠬᠢᠨᠠᠬᠤ ᠵᠡᠷᠭᠡ ᠬᠠᠮᠢᠶ᠎ᠠ ᠪᠦᠬᠦᠢ ᠳᠦᠷᠢᠮ ᠤᠳ ᠢ ᠤᠯᠠᠮ ᠨᠢᠭᠡ ᠠᠯᠬᠤᠮ ᠪᠦᠷᠢᠨᠰᠢᠭᠦᠯᠦᠨ᠎ᠡ᠃ ᠪᠠᠭᠰᠢ ᠶᠢᠨ ᠬᠢᠷᠢ | ᠭᠡᠮ ᠢ ᠵᠡᠷᠭᠡ ᠳᠡᠰ ᠬᠤᠪᠢᠶᠠᠬᠤ ᠪᠤᠶᠤ ᠤᠳᠤᠨ ᠲᠡᠰ ᠰᠢᠯᠭᠠᠷᠠᠭᠤᠯᠵᠤ ᠦᠨᠡᠯᠡᠨ ᠬᠠᠮᠢᠶᠠᠷᠬᠤ᠂ ᠨᠡᠷᠡᠲᠦ ᠪᠠᠭᠰᠢ ᠶᠢᠨ | ᠠᠵᠢᠯᠯᠠᠬᠤ ᠲᠠᠰᠤᠭ ᠪᠠᠶᠢᠭᠤᠯᠬᠤ᠂ ᠮᠡᠷᠭᠡᠰᠢᠯ ᠴᠢᠳᠠᠪᠤᠷᠢ ᠶᠢᠨ ᠤᠷᠤᠯᠳᠤᠭᠠᠨ ᠥᠷᠨᠢᠭᠦᠯᠬᠦ ᠵᠡᠷᠭᠡ ᠠᠷᠭ᠎ᠠ ᠮᠠᠶ᠋ᠢᠭ ᠢ | ᠢᠳᠡᠪᠬᠢᠲᠡᠢ ᠰᠦᠪᠡᠭᠴᠢᠯᠡᠨ᠂ ᠪᠠᠭᠰᠢ ᠨᠠᠷ ᠤᠨ ᠴᠢᠳᠠᠪᠤᠷᠢ ᠶᠢᠨ ᠲᠦᠪᠰᠢᠨ ᠢ ᠲᠠᠰᠤᠷᠠᠯᠲᠠ ᠦᠭᠡᠢ | ᠳᠡᠭᠡᠭᠰᠢᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠠᠵᠢᠯᠴᠢᠨ ᠤ | ᠶᠡᠷᠦᠩᠬᠡᠢ ᠡᠪᠯᠡᠯ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠰᠤᠷᠭᠠᠨ | ᠬᠥᠮᠦᠵᠢᠯ ᠤᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠠᠷᠢᠭᠤᠴᠠᠨ᠎ᠠ︶ | ︵ᠭᠤᠷᠪᠠ︶ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠵᠢᠭᠰᠠᠭᠠᠯ ᠤᠨ ᠭᠠᠵᠠᠷ ᠤᠨ ᠪᠦᠲᠦᠭᠡᠨ | ᠪᠠᠶᠢᠭᠤᠯᠤᠯᠲᠠ ᠬᠢᠭᠡᠳ ᠪᠣᠯᠪᠠᠰᠤᠷᠠᠯ ᠤᠨ ᠬᠠᠮᠢᠶᠠᠷᠤᠯᠲᠠ ᠶᠢ ᠴᠢᠩᠭᠠᠳᠬᠠᠨ᠎ᠠ᠃ | 1. ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠪᠣᠯᠪᠠᠰᠤᠷᠠᠯ ᠤᠨ ᠵᠢᠭᠰᠠᠭᠠᠯ ᠤᠨ ᠭᠠᠵᠠᠷ ᠤᠨ | ᠪᠦᠲᠦᠭᠡᠨ ᠪᠠᠶᠢᠭᠤᠯᠤᠯᠲᠠ ᠶᠢ ᠴᠢᠩᠭᠠᠷᠠᠭᠤᠯᠤᠨ᠎ᠠ᠃ ᠨᠢᠭᠡ ᠪᠦᠯᠦᠭ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ | ᠬᠢᠬᠦ ᠪᠣᠯᠪᠠᠰᠤᠷᠠᠯ ᠤᠨ ᠰᠠᠭᠤᠷᠢᠨ᠂ ᠠᠮᠢ ᠨᠠᠰᠤᠨ ᠤ ᠠᠮᠤᠷ ᠲᠦᠪᠰᠢᠨ ᠢ ᠪᠡᠶᠡᠴᠢᠯᠡᠨ ᠣᠶᠢᠯᠠᠭᠠᠬᠤ ᠣᠷᠳᠣᠨ | ︵ᠪᠡᠶᠡᠴᠢᠯᠡᠨ ᠣᠶᠢᠯᠠᠭᠠᠬᠤ ᠬᠢᠴᠢᠶᠡᠯ ᠤᠨ ᠭᠡᠷ︶ ᠢ ᠪᠠᠶᠢᠭᠤᠯᠵᠤ᠂ 2030 ᠣᠨ ᠪᠣᠯᠬᠤ ᠳᠤ ᠬᠤᠰᠢᠭᠤ ᠰᠢᠶᠠᠨ | ︵ᠬᠤᠲᠠ᠂ ᠲᠣᠭᠤᠷᠢᠭ︶ ᠪᠦᠷᠢ ᠳᠤ ᠠᠮᠢ ᠨᠠᠰᠤᠨ ᠤ ᠠᠮᠤᠷ ᠲᠦᠪᠰᠢᠨ ᠢ ᠪᠡᠶᠡᠴᠢᠯᠡᠨ ᠣᠶᠢᠯᠠᠭᠠᠬᠤ ᠣᠷᠳᠣᠨ | ︵ᠪᠡᠶᠡᠴᠢᠯᠡᠨ ᠣᠶᠢᠯᠠᠭᠠᠬᠤ ᠬᠢᠴᠢᠶᠡᠯ ᠤᠨ ᠭᠡᠷ︶ ᠢ ᠠᠳᠠᠭ ᠲᠤ ᠪᠠᠨ 1 ᠭᠠᠷᠭᠠᠬᠤ ᠪᠠᠷ ᠴᠢᠷᠮᠠᠶᠢᠨ᠎ᠠ᠃ ᠬᠤᠰᠢᠭᠤ | ᠰᠢᠶᠠᠨ ︵ᠬᠤᠲᠠ᠂ ᠲᠣᠭᠤᠷᠢᠭ︶ ᠤ ᠨᠢᠭᠡᠨᠲᠡ ᠪᠠᠶᠢᠭ᠎ᠠ ᠪᠣᠯᠪᠠᠰᠤᠷᠠᠯ ᠤᠨ ᠵᠢᠭᠰᠠᠭᠠᠯ ᠤᠨ ᠭᠠᠵᠠᠷ ᠢ ᠲᠥᠪᠯᠡᠷᠡᠭᠦᠯᠦᠨ | ᠵᠢᠭᠠᠨ ᠰᠤᠷᠭᠠᠬᠤ᠂ ᠪᠣᠯᠪᠠᠰᠤᠷᠠᠯ ᠬᠢᠬᠦ᠂ ᠮᠡᠳᠡᠯᠭᠡ ᠲᠦᠭᠡᠮᠡᠯᠵᠢᠭᠦᠯᠬᠦ ᠪᠠ ᠪᠡᠶᠡᠴᠢᠯᠡᠨ ᠣᠶᠢᠯᠠᠭᠠᠬᠤ ᠶᠢ ᠨᠢᠭᠡ | ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠴᠢᠨᠠᠷᠲᠠᠢ ᠰᠠᠭᠤᠷᠢᠨ ᠲᠡᠶᠢᠰᠢ ᠠᠯᠬᠤᠮ ᠠᠯᠬᠤᠮ ᠢᠶᠠᠷ ᠬᠥᠭᠵᠢᠭᠦᠯᠦᠨ | ᠥᠷᠭᠡᠳᠬᠡᠨ᠎ᠡ᠃ ᠨᠥᠬᠦᠴᠡᠯ ᠲᠠᠢ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ︶ ᠨᠢ ᠣᠳᠣ ᠶᠢᠨ ᠪᠠᠶᠢᠭ᠎ᠠ ᠲᠠᠯᠠᠪᠤᠷ ᠭᠠᠵᠠᠷ ᠢᠶᠠᠨ ᠠᠰᠢᠭᠯᠠᠨ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ | ᠤᠨ ᠬᠢᠨ ᠤ ᠬᠠᠮᠢᠶ᠎ᠠ ᠪᠦᠬᠦᠢ ᠪᠣᠯᠪᠠᠰᠤᠷᠠᠯ ᠥᠷᠨᠢᠭᠦᠯᠬᠦ ᠳᠤ ᠳᠡᠮᠵᠢᠯᠭᠡ ᠦᠵᠡᠭᠦᠯᠦᠨ᠎ᠡ᠃ ︵ᠥᠪᠡᠷᠲᠡᠭᠡᠨ ᠵᠠᠰᠠᠬᠤ | ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠰᠤᠷᠭᠠᠨ ᠬᠥᠮᠦᠵᠢᠯ ᠤᠨ ᠲᠢᠩᠬᠢᠮ ᠬᠠᠷᠢᠭᠤᠴᠠᠨ᠎ᠠ︶ | 2. ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠦᠢᠯᠡᠴᠢᠯᠡᠭᠡᠨ ᠤ ᠵᠢᠭᠰᠠᠭᠠᠯ ᠤᠨ ᠭᠠᠵᠠᠷ ᠢ | ᠲᠦᠷᠭᠡᠳᠬᠡᠨ ᠪᠠᠶᠢᠭᠤᠯᠤᠨ᠎ᠠ᠃ A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ᠂ ᠠᠶᠠᠨᠴᠢᠳ ᠤᠨ | ᠲᠡᠭᠡᠭᠡᠪᠦᠷᠢ ᠶᠢᠨ ᠵᠠᠮ ᠬᠠᠷᠢᠯᠴᠠᠭᠠᠨ ᠤ ᠬᠦᠢᠰᠦ ᠪᠤᠶᠤ ᠦᠢᠯᠡᠴᠢᠯᠡᠭᠡᠨ ᠤ ᠲᠠᠯᠠᠪᠤᠷ ᠥᠷᠲᠡᠭᠡ ᠵᠡᠷᠭᠡ ᠳᠤ | ᠠᠪᠤᠷᠠᠯᠲᠠ ᠶᠢᠨ ᠥᠷᠲᠡᠭᠡ ᠪᠠᠶᠢᠭᠤᠯᠵᠤ᠂ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠨᠤᠭᠤᠳ ᠲᠤ | ᠨᠡᠶᠢᠳᠡᠮ ᠲᠦᠷᠭᠡᠨ ᠠᠪᠤᠷᠠᠯᠲᠠ ᠶᠢᠨ ᠬᠠᠶᠢᠷᠴᠠᠭ ᠢ ᠪᠡᠯᠡᠳᠬᠡᠨ ᠲᠣᠬᠢᠷᠠᠭᠤᠯᠤᠨ᠎ᠠ᠃ ᠰᠤᠷᠭᠠᠭᠤᠯᠢ ᠨᠤᠭᠤᠳ ᠨᠢ | ᠭᠦᠢᠴᠡᠳ ᠬᠡᠮᠵᠢᠶᠡᠨ ᠤ ᠪᠣᠳᠠᠲᠤ ᠬᠡᠷᠡᠭᠴᠡᠭᠡ ᠲᠠᠢ ᠲᠦᠷᠭᠡᠨ ᠠᠪᠤᠷᠠᠯᠲᠠ ᠶᠢᠨ ᠬᠠᠶᠢᠷᠴᠠᠭ ᠢ ᠪᠡᠯᠡᠳᠬᠡᠨ | ᠲᠣᠬᠢᠷᠠᠭᠤᠯᠵᠤ᠂ ᠨᠥᠬᠦᠴᠡᠯ ᠲᠠᠢ ᠰᠤᠷᠭᠠᠭᠤᠯᠢ ᠨᠢ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠶᠢ ᠨᠢᠭᠡ | ᠴᠣᠭᠴᠠᠵᠢᠭᠤᠯᠤᠭᠰᠠᠨ ᠮᠠᠰᠢᠨ ᠵᠡᠷᠭᠡ ᠲᠦᠷᠭᠡᠨ ᠠᠪᠤᠷᠠᠯᠲᠠ ᠶᠢᠨ ᠲᠥᠬᠦᠭᠡᠷᠦᠮᠵᠢ ᠪᠡᠯᠡᠳᠬᠡᠨ ᠲᠣᠬᠢᠷᠠᠭᠤᠯᠵᠤ᠂ | ᠲᠦᠭᠡᠮᠡᠯ ᠬᠠᠶᠢᠷ᠎ᠠ ᠶᠢᠨ ᠰᠤᠷᠭᠠᠭᠤᠯᠢ ᠶᠢᠨ ᠡᠮᠴᠢ ᠶᠢᠨ ᠲᠠᠰᠤᠭ ᠤᠨ ᠪᠦᠲᠦᠭᠡᠨ ᠪᠠᠶᠢᠭᠤᠯᠤᠯᠲᠠ ᠶᠢ | ᠠᠬᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ᠂ ᠰᠤᠷᠭᠠᠨ | ᠬᠥᠮᠦᠵᠢᠯ ᠤᠨ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠬᠠᠷᠢᠭᠤᠴᠠᠨ᠎ᠠ︶ | 3. ᠬᠥᠮᠥᠨ ᠬᠠᠷ᠎ᠠ ᠣᠯᠠᠨᠲᠠᠢ ᠣᠯᠠᠨ ᠨᠡᠶᠢᠲᠡ ᠶᠢᠨ ᠲᠠᠯᠠᠪᠤᠷ ᠭᠠᠵᠠᠷ ᠲᠤ AED ᠮᠠᠰᠢᠨ ᠲᠣᠬᠢᠷᠠᠭᠤᠯᠤᠨ | ᠪᠠᠶᠢᠷᠢᠯᠠᠭᠤᠯᠬᠤ ᠶᠢ ᠠᠬᠢᠭᠤᠯᠤᠨ᠎ᠠ᠃ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠨᠢᠰᠬᠡᠯ ᠤᠨ ᠪᠠᠭᠤᠳᠠᠯ᠂ ᠲᠡᠷᠭᠡᠨ ᠥᠷᠲᠡᠭᠡ᠂ ᠭᠠᠵᠠᠷ ᠳᠣᠣᠷᠠᠬᠢ ᠲᠡᠮᠦᠷ | ᠵᠠᠮ ᠤᠨ ᠥᠷᠲᠡᠭᠡ᠂ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ᠂ ᠵᠠᠰᠠᠭ ᠵᠠᠬᠢᠷᠭᠠᠨ ᠤ ᠲᠥᠪ᠂ ᠲᠣᠮᠣ ᠬᠡᠯᠪᠡᠷᠢ ᠶᠢᠨ | ᠬᠤᠳᠠᠯᠳᠤᠭᠠᠨ ᠤ ᠭᠠᠵᠠᠷ ᠬᠡᠲᠦ ᠳᠡᠯᠭᠡᠭᠦᠷ ᠵᠡᠷᠭᠡ ᠬᠥᠮᠥᠨ ᠬᠠᠷ᠎ᠠ ᠣᠯᠠᠨᠲᠠᠢ ᠣᠯᠠᠨ ᠨᠡᠶᠢᠲᠡ ᠶᠢᠨ ᠲᠠᠯᠠᠪᠤᠷ | ᠭᠠᠵᠠᠷ ᠲᠤ AED ᠮᠠᠰᠢᠨ ᠤᠭᠰᠠᠷᠠᠨ ᠲᠣᠬᠢᠷᠠᠭᠤᠯᠵᠤ᠂ ᠨᠥᠬᠦᠴᠡᠯ ᠲᠠᠢ ᠲᠦᠷᠭᠡᠨ ᠠᠪᠤᠷᠠᠬᠤ ᠬᠥᠮᠦᠵᠢᠯ ᠤᠨ | ᠲᠤᠷᠰᠢᠯᠲᠠ ᠶᠢᠨ ᠴᠡᠭ ᠤᠨ ᠰᠤᠷᠭᠠᠭᠤᠯᠢ ᠳᠤ ᠠᠯᠬᠤᠮ ᠠᠯᠬᠤᠮ ᠢᠶᠠᠷ ᠤᠭᠰᠠᠷᠠᠨ ᠲᠣᠬᠢᠷᠠᠭᠤᠯᠬᠤ ᠶᠢ | ᠵᠣᠷᠢᠭᠵᠢᠭᠤᠯᠤᠨ᠎ᠠ᠃ AED ᠮᠠᠰᠢᠨ ᠤᠭᠰᠠᠷᠠᠨ ᠲᠣᠬᠢᠷᠠᠭᠤᠯᠤᠭᠰᠠᠨ ᠨᠢᠭᠡᠴᠢ ᠨᠢ ᠬᠠᠮᠠᠭᠠᠯᠠᠵᠤ ᠬᠠᠮᠢᠶᠠᠷᠬᠤ | ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ AED ᠮᠠᠰᠢᠨ ᠤ ᠬᠡᠷᠡᠭᠯᠡᠵᠦ ᠪᠣᠯᠬᠤ ᠪᠠ ᠬᠡᠷᠡᠭᠴᠡᠭᠡ ᠲᠠᠢ ᠪᠠᠶᠢᠬᠤ ᠶᠢ | ᠦᠨᠡᠨ ᠬᠦ ᠪᠠᠲᠤᠯᠠᠬᠤ ᠬᠡᠷᠡᠭᠲᠡᠢ᠃ AED ᠮᠠᠰᠢᠨ ᠢ ᠬᠡᠷᠡᠭᠯᠡᠬᠦ ᠪᠣᠯᠪᠠᠰᠤᠷᠠᠯ ᠢ ᠰᠠᠶᠢᠲᠤᠷ ᠠᠳᠬᠤᠵᠤ᠂ ᠠᠳᠠᠭ | ᠲᠤ ᠪᠠᠨ 1:10 ᠬᠠᠷᠢᠴᠠᠯ ᠢᠶᠠᠷ ᠦᠨᠡᠮᠯᠡᠯ ᠲᠠᠢ ᠠᠪᠤᠷᠠᠯᠲᠠ ᠬᠢᠭᠴᠢ ᠶᠢ ᠪᠣᠯᠪᠠᠰᠤᠷᠠᠭᠤᠯᠤᠨ᠎ᠠ᠃ ︵ᠥᠪᠡᠷᠲᠡᠭᠡᠨ | ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠡᠭᠦᠷᠭᠡ ᠬᠠᠷᠢᠭᠤᠴᠠᠯᠭ᠎ᠠ | ᠠᠵᠢᠯ ᠤᠨ ᠬᠤᠪᠢᠶᠠᠷᠢᠯᠠᠯ ᠶᠣᠰᠣᠭᠠᠷ ᠲᠣᠰ ᠲᠣᠰ ᠲᠦᠷᠦᠭᠦᠯᠡᠨ ᠬᠠᠷᠢᠭᠤᠴᠠᠨ᠎ᠠ︶ | 4. ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠪᠣᠯᠪᠠᠰᠤᠷᠠᠯ ᠪᠠ ᠬᠠᠮᠢᠶᠠᠷᠤᠯᠲᠠ ᠶᠢᠨ ᠬᠡᠪ | ᠵᠠᠭᠪᠤᠷ ᠢ ᠵᠢᠷᠤᠮᠵᠢᠭᠤᠯᠤᠨ᠎ᠠ᠃ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠪᠣᠯᠪᠠᠰᠤᠷᠠᠯ ᠢ | ᠪᠠᠷᠢᠮᠵᠢᠶᠠᠵᠢᠭᠤᠯᠬᠤ ᠪᠠᠶᠢᠭᠤᠯᠤᠯᠲᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠵᠤ | ᠠᠪᠤᠷᠠᠯᠲᠠ ᠬᠢᠬᠦ ᠪᠣᠯᠪᠠᠰᠤᠷᠠᠯ ᠢ ᠪᠠᠷᠢᠮᠵᠢᠶᠠᠵᠢᠭᠤᠯᠬᠤ᠂ ᠵᠢᠷᠤᠮᠵᠢᠭᠤᠯᠬᠤ ᠲᠦᠪᠰᠢᠨ ᠢᠶᠠᠨ ᠲᠠᠰᠤᠷᠠᠯᠲᠠ ᠦᠭᠡᠢ | ᠳᠡᠭᠡᠭᠰᠢᠯᠡᠭᠦᠯᠦᠨ᠂ ᠪᠣᠯᠪᠠᠰᠤᠷᠠᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠤᠯᠠᠭᠠᠨ | ᠵᠠᠭᠠᠯᠮᠠᠶᠢᠲᠠᠨ ᠤ ᠠᠪᠤᠷᠠᠯᠲᠠ ᠬᠢᠭᠴᠢ ᠶᠢᠨ ᠪᠣᠯᠪᠠᠰᠤᠷᠠᠯ ᠤᠨ ︽ᠵᠢᠭᠠᠬᠤ ᠰᠢᠯᠭᠠᠬᠤ ᠶᠢ ᠰᠠᠯᠭᠠᠨ | ᠲᠤᠰᠠᠭᠠᠷᠯᠠᠬᠤ︾ ᠥᠭᠡᠷᠡᠴᠢᠯᠡᠯᠲᠡ ᠶᠢ ᠢᠳᠡᠪᠬᠢᠲᠡᠢ ᠠᠬᠢᠭᠤᠯᠵᠤ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠠᠴᠠ | ᠰᠢᠯᠭᠠᠭᠴᠢ ᠶᠢᠨ ᠡᠩᠨᠡᠭᠡ ᠶᠢ ᠵᠣᠬᠢᠶᠠᠨ ᠪᠠᠶᠢᠭᠤᠯᠵᠤ᠂ ᠠᠪᠤᠷᠠᠯᠲᠠ ᠬᠢᠭᠴᠢ ᠶᠢᠨ ᠦᠨᠡᠮᠯᠡᠯ ᠠᠪᠬᠤ ᠰᠢᠯᠭᠠᠯᠲᠠ ᠶᠢ | ᠨᠢᠭᠡᠳᠦᠯᠲᠡᠢ ᠬᠠᠮᠢᠶᠠᠷᠬᠤ ᠪᠠ ᠡᠯ᠎ᠡ ᠰᠠᠯᠠᠭ᠎ᠠ ᠮᠥᠴᠢᠷ᠂ ᠡᠯ᠎ᠡ ᠠᠵᠢᠯ ᠲᠥᠷᠥᠯ ᠪᠤᠶᠤ ᠬᠢᠷᠢ ᠭᠡᠮ ᠪᠦᠬᠦᠢ ᠨᠡᠶᠢᠭᠡᠮ ᠤᠨ | ᠵᠣᠬᠢᠶᠠᠨ ᠪᠠᠶᠢᠭᠤᠯᠤᠯᠲᠠ ᠠᠴᠠ ᠪᠣᠯᠪᠠᠰᠤᠷᠠᠯ ᠡᠷᠬᠢᠯᠡᠬᠦ ᠵᠠᠭᠪᠤᠷ ᠢ ᠠᠯᠬᠤᠮ ᠠᠯᠬᠤᠮ ᠢᠶᠠᠷ ᠬᠡᠷᠡᠭᠵᠢᠭᠦᠯᠵᠦ᠂ ᠪᠠᠴᠢᠮ | ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠪᠣᠯᠪᠠᠰᠤᠷᠠᠯ ᠤᠨ ᠨᠡᠶᠢᠭᠡᠮᠴᠢᠯᠡᠬᠦ ᠶᠢ ᠠᠯᠬᠤᠮ ᠠᠯᠬᠤᠮ ᠢᠶᠠᠷ | ᠪᠡᠶᠡᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠬᠠᠷᠢᠭᠤᠴᠠᠨ᠎ᠠ︶ | ︵ᠳᠥᠷᠪᠡ︶ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠶᠢ ᠲᠣᠭᠠᠵᠢᠭᠤᠯᠵᠤ ᠣᠶᠤᠨᠴᠢᠯᠠᠬᠤ ᠪᠠᠨ | ᠠᠬᠢᠭᠤᠯᠤᠨ᠎ᠠ᠃ | 1. ᠥᠪᠥᠷ ᠮᠣᠩᠭᠤᠯ ᠤᠨ ᠤᠯᠠᠭᠠᠨ ᠵᠠᠭᠠᠯᠮᠠᠶᠢᠲᠠᠨ ᠤ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ | ᠪᠣᠯᠪᠠᠰᠤᠷᠠᠯ ᠤᠨ ᠰᠢᠰᠲ᠋ᠧᠮ ᠢ ᠲᠦᠷᠭᠡᠳᠬᠡᠨ ᠳᠡᠯᠭᠡᠷᠡᠭᠦᠯᠦᠨ ᠬᠡᠷᠡᠭᠯᠡᠨ᠎ᠡ᠃ ᠥᠪᠥᠷ ᠮᠣᠩᠭᠤᠯ ᠤᠨ ᠤᠯᠠᠭᠠᠨ | ᠵᠠᠭᠠᠯᠮᠠᠶᠢᠲᠠᠨ ᠤ ᠮᠡᠳᠡᠭᠡ ᠵᠠᠩᠭᠢ ᠶᠢᠨ ᠨᠢᠭᠡ ᠴᠣᠭᠴᠠᠵᠢᠭᠤᠯᠤᠭᠰᠠᠨ ᠬᠡᠷᠡᠭᠯᠡᠭᠡᠨ ᠤ ᠰᠢᠰᠲ᠋ᠧᠮ ᠤᠨ ᠬᠡᠷᠡᠭᠯᠡᠯᠲᠡ ᠶᠢ | ᠲᠡᠭᠦᠯᠳᠡᠷᠵᠢᠭᠦᠯᠦᠨ ᠳᠡᠯᠭᠡᠷᠡᠭᠦᠯᠵᠦ᠂ ︽ᠮᠥᠩᠬᠡ ᠰᠤᠪᠠᠭ︾ ᠪᠠ ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠰᠦᠯᠵᠢᠶᠡᠨ ᠳᠡᠭᠡᠷ᠎ᠡ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠪᠣᠯᠪᠠᠰᠤᠷᠠᠯ ᠤᠨ | ᠦᠢᠯᠡᠴᠢᠯᠡᠭᠡ ᠭᠠᠷᠭᠠᠵᠤ᠂ ᠣᠯᠠᠨ ᠨᠡᠶᠢᠲᠡ ᠶᠢᠨ ᠰᠦᠯᠵᠢᠶᠡᠨ ᠳᠡᠭᠡᠷ᠎ᠡ᠂ ᠠᠯᠠᠭᠠᠨ ᠳᠤ ᠪᠠᠨ ᠠᠪᠤᠨ ᠰᠤᠷᠬᠤ ᠳᠤ ᠨᠢ | ᠲᠥᠬᠦᠮ ᠦᠵᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠵᠠᠰᠠᠭ ᠤᠨ | ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠬᠠᠷᠢᠭᠤᠴᠠᠨ᠎ᠠ︶ | 2. ᠣᠯᠠᠨ ᠰᠢᠰᠲ᠋ᠧᠮ ᠢ ᠰᠤᠨᠳᠠᠯᠠᠭᠰᠠᠨ ᠬᠠᠮᠵᠢᠯᠴᠠᠨ ᠠᠵᠢᠯᠯᠠᠬᠤ ᠬᠡᠷᠡᠭᠯᠡᠭᠡᠨ ᠤ ᠪᠠᠶᠢᠳᠠᠯ ᠢ ᠪᠣᠢ | ᠪᠣᠯᠭᠠᠨ᠎ᠠ᠃ 120 ᠲᠦᠷᠭᠡᠨ ᠠᠪᠤᠷᠠᠯᠲᠠ ᠶᠢᠨ ᠵᠢᠯᠤᠭᠤᠳᠬᠤ ᠰᠢᠰᠲ᠋ᠧᠮ᠂ ᠤᠯᠠᠭᠠᠨ ᠵᠠᠭᠠᠯᠮᠠᠶᠢᠲᠠᠨ ᠤ ᠠᠪᠤᠷᠠᠯᠲᠠ | ᠬᠢᠭᠴᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠪᠠ AED ᠮᠠᠰᠢᠨ ᠤ ᠮᠡᠳᠡᠭᠡ ᠵᠠᠩᠭᠢ ᠶᠢᠨ | ᠬᠠᠮᠢᠶᠠᠷᠤᠯᠲᠠ ᠶᠢᠨ ᠰᠢᠰᠲ᠋ᠧᠮ ᠤᠨ ᠬᠤᠯᠪᠣᠯᠳᠤᠨ ᠨᠡᠪᠲᠡᠷᠡᠯᠴᠡᠬᠦ᠂ ᠲᠤᠭ᠎ᠠ ᠪᠠᠷᠢᠮᠲᠠ ᠪᠠᠨ ᠬᠠᠮᠲᠤ ᠳᠤ ᠪᠠᠨ | ᠬᠦᠷᠲᠡᠬᠦ ᠶᠢ ᠠᠯᠬᠤᠮ ᠠᠯᠬᠤᠮ ᠢᠶᠠᠷ ᠠᠬᠢᠭᠤᠯᠵᠤ᠂ ︽ᠨᠢᠭᠡᠳᠦᠭᠡᠷ ᠤᠷᠢᠶᠠᠯᠠᠨ ᠳᠠᠭᠠᠨᠨᠴᠢ︾ ᠶᠢᠨ ᠦᠢᠯᠡᠳᠦᠯ ᠢ | ᠨᠡᠩ ᠪᠦᠲᠦᠮᠵᠢᠲᠡᠶ ᠪᠠᠳᠠᠷᠠᠭᠤᠯᠤᠨ᠎ᠠ᠃ A ᠳᠡᠰ ᠤᠨ ᠦᠵᠡᠮᠵᠢ ᠶᠢᠨ ᠣᠷᠣᠨ᠂ ᠳᠡᠭᠡᠳᠦ ᠰᠤᠷᠭᠠᠭᠤᠯᠢ ᠶᠡᠭᠡ | ᠰᠤᠷᠭᠠᠭᠤᠯᠢ᠂ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠬᠦᠢᠰᠦ ᠵᠡᠷᠭᠡ ᠬᠥᠮᠥᠨ ᠬᠠᠷ᠎ᠠ ᠣᠯᠠᠨᠲᠠᠢ ᠲᠠᠯᠠᠪᠤᠷ | ᠭᠠᠵᠠᠷ ᠲᠤ ᠭᠤᠣᠯᠳᠠᠯᠭ᠎ᠠ ᠲᠠᠢ ᠳᠡᠯᠭᠡᠷᠡᠭᠦᠯᠦᠨ ᠬᠡᠷᠡᠭᠯᠡᠨ᠎ᠡ᠃ ︵ᠥᠪᠡᠷᠲᠡᠭᠡᠨ ᠵᠠᠰᠠᠬᠤ ᠣᠷᠣᠨ ᠤ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠰᠣᠶᠣᠯ ᠪᠠ ᠵᠢᠭᠤᠯᠴᠢᠯᠠᠯ ᠤᠨ ᠲᠢᠩᠬᠢᠮ᠂ ᠰᠤᠷᠭᠠᠨ ᠬᠥᠮᠦᠵᠢᠯ ᠤᠨ | ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ | ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠬᠠᠷᠢᠭᠤᠴᠠᠨ᠎ᠠ︶ | 3. ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠲᠤᠭ᠎ᠠ ᠪᠠᠷᠢᠮᠲᠠ ᠶᠢ ᠰᠢᠰᠲ᠋ᠧᠮᠵᠢᠭᠦᠯᠦᠨ | ᠬᠠᠮᠢᠶᠠᠷᠬᠤ ᠶᠢ ᠠᠬᠢᠭᠤᠯᠤᠨ᠎ᠠ᠃ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠨᠢ ᠪᠠᠴᠢᠮ ᠪᠠᠶᠢᠳᠠᠯ ᠢ ᠠᠷᠭᠠᠴᠠᠭᠠᠵᠤ | ᠠᠪᠤᠷᠠᠯᠲᠠ ᠬᠢᠬᠦ ᠪᠣᠯᠪᠠᠰᠤᠷᠠᠯ ᠤᠨ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢ ᠬᠠᠷᠢᠭᠤᠴᠠᠵᠤ᠂ ᠬᠠᠮᠢᠶ᠎ᠠ ᠪᠦᠬᠦᠢ | ᠰᠠᠯᠠᠭ᠎ᠠ ᠮᠥᠴᠢᠷ ᠤᠳ ᠨᠢ ᠡᠭᠦᠷᠭᠡ ᠬᠠᠷᠢᠭᠤᠴᠠᠯᠭ᠎ᠠ ᠶᠢᠨ ᠢᠶᠠᠨ ᠬᠡᠪᠴᠢᠶᠡᠨ ᠳᠠᠬᠢ ᠣᠯᠠᠨ ᠨᠡᠶᠢᠲᠡ ᠶᠢᠨ ᠲᠠᠯᠠᠪᠤᠷ | ᠭᠠᠵᠠᠷ ᠤᠨ AED ᠮᠠᠰᠢᠨ᠂ ᠲᠦᠷᠭᠡᠨ ᠠᠪᠤᠷᠠᠯᠲᠠ ᠶᠢᠨ ᠲᠥᠬᠦᠭᠡᠷᠦᠮᠵᠢ ᠵᠡᠷᠭᠡ ᠲᠤᠭ᠎ᠠ ᠪᠠᠷᠢᠮᠲᠠ ᠶᠢᠨ | ᠬᠠᠮᠢᠶᠠᠷᠤᠯᠲᠠ ᠪᠠᠨ ᠲᠤᠰ ᠲᠤᠰ ᠬᠠᠷᠢᠭᠤᠴᠠᠨ᠎ᠠ᠃ ︵ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ | ᠨᠡᠶᠢᠭᠡᠮᠯᠢᠭ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠰᠣᠶᠣᠯ ᠪᠠ ᠵᠢᠭᠤᠯᠴᠢᠯᠠᠯ ᠤᠨ ᠲᠢᠩᠬᠢᠮ᠂ | ᠰᠤᠷᠭᠠᠨ ᠬᠥᠮᠦᠵᠢᠯ ᠤᠨ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠪᠡᠶ᠎ᠡ ᠶᠢᠨ ᠲᠠᠮᠢᠷ ᠤᠨ | ᠲᠣᠪᠴᠢᠶ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠡᠭᠦᠷᠭᠡ | ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠲᠣᠰ ᠲᠣᠰ ᠲᠦᠷᠦᠭᠦᠯᠡᠨ ᠬᠠᠷᠢᠭᠤᠴᠠᠨ᠎ᠠ︶ | ︵ᠲᠠᠪᠤ︶ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ | ᠤᠬᠠᠭᠤᠯᠭ᠎ᠠ ᠬᠥᠮᠦᠵᠢᠯ ᠤᠨ ᠠᠵᠢᠯ ᠢ ᠴᠢᠩᠭᠠᠳᠬᠠᠨ᠎ᠠ᠃ | 1. ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠤᠨ ᠲᠣᠭᠲᠠᠴᠠ ᠶᠢ | ᠲᠡᠭᠦᠯᠳᠡᠷᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠪᠠ | ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ ᠲᠠᠢ ᠬᠠᠮᠲᠤᠷᠠᠨ᠂ ᠪᠠᠴᠢᠮ ᠪᠠᠶᠢᠳᠠᠯ ᠢ ᠠᠷᠭᠠᠴᠠᠭᠠᠵᠤ | ᠠᠪᠤᠷᠠᠯᠲᠠ ᠬᠢᠬᠦ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠢᠶᠠᠨ ᠰᠢᠨ᠎ᠡ ᠴᠠᠭ ᠦᠶ᠎ᠡ ᠶᠢᠨ | ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠳᠤ ᠠᠭᠤᠰᠤᠯᠴᠠᠭᠤᠯᠬᠤ ᠪᠥᠭᠡᠳ ᠣᠶᠤᠨ ᠤ | ᠪᠣᠯᠪᠠᠰᠤᠨ ᠪᠠ ᠡᠷᠡᠭᠦᠯ ᠬᠠᠮᠠᠭᠠᠯᠠᠯ ᠡᠷᠡᠭᠦᠯ ᠮᠡᠨᠳᠦ ᠶᠢ ᠡᠭᠦᠳᠦᠨ ᠪᠠᠶᠢᠭᠤᠯᠬᠤ ᠠᠵᠢᠯᠯᠠᠭ᠎ᠠ ᠳᠤ ᠠᠭᠤᠰᠤᠯᠴᠠᠭᠤᠯᠤᠨ᠂ | ᠰᠤᠷᠭᠠᠭᠤᠯᠢ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠶᠡᠷᠦᠳᠡ ᠶᠢᠨ ᠤᠬᠠᠭᠤᠯᠭ᠎ᠠ ᠬᠥᠮᠦᠵᠢᠯ ᠤᠨ | ᠠᠭᠤᠯᠭ᠎ᠠ ᠳᠤ ᠣᠷᠣᠭᠤᠯᠵᠤ᠂ ᠰᠤᠷᠲᠠᠯᠴᠢᠯᠠᠭ᠎ᠠ ᠤᠬᠠᠭᠤᠯᠭ᠎ᠠ ᠬᠥᠮᠦᠵᠢᠯ ᠢ ᠪᠠᠶᠢᠩᠭᠤᠵᠢᠭᠤᠯᠤᠨ | ᠥᠷᠨᠢᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠰᠤᠷᠭᠠᠨ | ᠬᠥᠮᠦᠵᠢᠯ ᠤᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠨᠡᠶᠢᠭᠡᠮᠯᠢᠭ ᠬᠠᠷᠢᠭᠤᠴᠠᠨ᠎ᠠ︶ | 2. ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠤᠬᠠᠭᠠᠯᠠᠨ ᠰᠡᠳᠦᠵᠦ | ᠥᠷᠨᠢᠭᠦᠯᠦᠨ᠎ᠡ᠃ ᠳᠡᠯᠡᠬᠡᠢ ᠶᠢᠨ ᠤᠯᠠᠭᠠᠨ ᠵᠠᠭᠠᠯᠮᠠᠶᠢᠲᠠᠨ ᠤ ᠡᠳᠦᠷ᠂ ᠳᠡᠯᠡᠬᠡᠢ ᠶᠢᠨ ᠲᠦᠷᠭᠡᠨ ᠠᠪᠤᠷᠠᠯᠲᠠ ᠶᠢᠨ | ᠡᠳᠦᠷ᠂ ᠪᠥᠬᠦ ᠤᠯᠤᠰ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠡᠳᠦᠷ᠂ ᠪᠥᠬᠦ ᠤᠯᠤᠰ ᠤᠨ | ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠠᠮᠤᠷ ᠲᠦᠪᠰᠢᠨ ᠤ ᠬᠥᠮᠦᠵᠢᠯ ᠤᠨ ᠡᠳᠦᠷ᠂ ᠪᠥᠬᠦ | ᠤᠯᠤᠰ ᠤᠨ ᠠᠶᠤᠯ ᠦᠭᠡᠢ ᠦᠢᠯᠡᠳᠪᠦᠷᠢᠯᠡᠯ ᠤᠨ ᠰᠠᠷ᠎ᠠ ᠵᠡᠷᠭᠡ ᠴᠠᠭ ᠬᠤᠭᠤᠴᠠᠭ᠎ᠠ ᠲᠠᠢ ᠤᠶᠠᠯᠳᠤᠭᠤᠯᠤᠨ | ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠤᠬᠠᠭᠠᠯᠠᠨ ᠰᠡᠳᠦᠵᠦ ᠲᠥᠪᠯᠡᠷᠡᠭᠦᠯᠦᠨ | ᠥᠷᠨᠢᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠰᠤᠷᠭᠠᠨ | ᠬᠥᠮᠦᠵᠢᠯ ᠤᠨ ᠲᠢᠩᠬᠢᠮ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠬᠠᠷᠢᠭᠤᠴᠠᠨ᠎ᠠ︶ | 3. ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠤᠨ ᠠᠴᠢᠶᠠᠯᠠᠪᠤᠷᠢ ᠶᠢ ᠥᠷᠭᠡᠨ ᠢᠶᠠᠷ | ᠬᠡᠷᠡᠭᠯᠡᠨ᠎ᠡ᠃ ᠡᠯ᠎ᠡ ᠱᠠᠲᠤᠨ ᠤ ᠵᠠᠭᠤᠴᠢᠯᠠᠭᠤᠷ ᠤᠨ ᠲᠠᠪᠴᠠᠩ ᠤᠳ ᠲᠤ ᠲᠦᠰᠢᠭᠯᠡᠨ᠂ ᠣᠯᠠᠨ ᠨᠡᠶᠢᠲᠡ ᠶᠢᠨ | ᠲᠠᠯᠠᠪᠤᠷ ᠭᠠᠵᠠᠷ ᠲᠠᠬᠢ ᠵᠠᠷ ᠮᠡᠳᠡᠭᠡ ᠤᠬᠠᠭᠤᠯᠭ᠎ᠠ ᠶᠢᠨ ᠪᠡᠯᠡᠳᠬᠡᠮᠵᠢ ᠶᠢ ᠠᠰᠢᠭᠯᠠᠨ᠂ ᠪᠠᠴᠢᠮ ᠪᠠᠶᠢᠳᠠᠯ ᠢ | ᠠᠷᠭᠠᠴᠠᠭᠠᠵᠤ ᠠᠪᠤᠷᠠᠯᠲᠠ ᠬᠢᠬᠦ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠬᠢᠭᠡᠳ ᠰᠢᠨᠵᠢᠯᠡᠬᠦ ᠤᠬᠠᠭᠠᠨ ᠢ | ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠤᠨ ᠸᠢᠳᠢᠤ᠋ ᠪᠠ ᠪᠢᠴᠢᠯᠭᠡ ᠵᠢᠷᠤᠭ ᠦᠰᠦᠭ ᠪᠢᠴᠢᠭ ᠢᠶᠠᠷ ᠤᠬᠠᠭᠤᠯᠬᠤ | ᠡᠷᠴᠢᠮ ᠢᠶᠠᠨ ᠴᠢᠩᠭᠠᠷᠠᠭᠤᠯᠵᠤ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠮᠡᠳᠡᠯᠭᠡ ᠪᠠ ᠮᠡᠷᠭᠡᠰᠢᠯ ᠢ | ᠲᠥᠭᠡᠮᠡᠯᠵᠢᠯᠡᠨ ᠳᠡᠯᠭᠡᠷᠡᠭᠦᠯᠬᠦ ᠠᠷᠭ᠎ᠠ ᠮᠠᠶ᠋ᠢᠭ ᠲᠤ ᠰᠢᠨ᠎ᠡ ᠶᠢ ᠡᠭᠦᠳᠦᠨ᠎ᠡ᠃ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠨᠡᠶᠢᠭᠡᠮᠯᠢᠭ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠪᠠᠳᠠᠷᠠᠭᠤᠯᠵᠤ᠂ ︽ᠰᠢᠨᠵᠢᠯᠡᠬᠦ | ᠤᠬᠠᠭᠠᠨ ᠢ ᠲᠦᠭᠡᠮᠡᠯᠵᠢᠭᠦᠯᠬᠦ ᠠᠶᠠᠯᠠᠯ︾ ᠤᠨ ᠠᠵᠢᠯᠯᠠᠭ᠎ᠠ ᠪᠠ ︽ᠡᠭᠦᠯᠡᠨ ᠳᠡᠭᠡᠷ᠎ᠡ ᠰᠢᠨᠵᠢᠯᠡᠬᠦ ᠤᠬᠠᠭᠠᠨ ᠢ | ᠲᠦᠭᠡᠮᠡᠯᠵᠢᠭᠦᠯᠬᠦ︾ ᠲᠠᠪᠴᠠᠩ ᠢᠶᠠᠷ ᠳᠠᠮᠵᠢᠭᠤᠯᠤᠨ ᠣᠯᠠᠨ ᠨᠡᠶᠢᠲᠡ ᠳᠤ ᠪᠠᠴᠢᠮ ᠪᠠᠶᠢᠳᠠᠯ ᠢ ᠠᠷᠭᠠᠴᠠᠭᠠᠵᠤ | ᠠᠪᠤᠷᠠᠯᠲᠠ ᠬᠢᠬᠦ ᠮᠡᠳᠡᠯᠭᠡ ᠶᠢ ᠲᠦᠭᠡᠮᠡᠯᠵᠢᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠤᠯᠠᠭᠠᠨ | ᠵᠠᠭᠠᠯᠮᠠᠶᠢᠲᠠᠨ ᠤ ᠨᠡᠶᠢᠭᠡᠮᠯᠢᠭ᠂ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ᠂ ᠥᠪᠥᠷ ᠮᠣᠩᠭᠤᠯ ᠤᠨ | ᠡᠳᠦᠷ ᠤᠨ ᠰᠣᠨᠢᠨ ᠤ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠬᠠᠷᠢᠭᠤᠴᠠᠨ᠎ᠠ︶ | ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠪᠠᠴᠢᠮ ᠪᠠᠶᠢᠳᠠᠯ ᠢ ᠠᠷᠭᠠᠴᠠᠭᠠᠵᠤ | ᠠᠪᠤᠷᠠᠯᠲᠠ ᠬᠢᠬᠦ ᠪᠣᠯᠪᠠᠰᠤᠷᠠᠯ ᠥᠷᠨᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠵᠣᠬᠢᠶᠠᠨ | ᠪᠠᠶᠢᠭᠤᠯᠵᠤ ᠤᠳᠤᠷᠢᠳᠬᠤ ᠪᠠᠨ ᠴᠢᠩᠭᠠᠳᠬᠠᠨ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ | ᠪᠣᠯᠪᠠᠰᠤᠷᠠᠯ ᠤᠨ ᠰᠠᠯᠠᠭ᠎ᠠ ᠮᠥᠴᠢᠷ ᠤᠳ ᠤᠨ ᠬᠠᠷᠢᠯᠴᠠᠬᠤ ᠠᠵᠢᠯ ᠤᠨ ᠲᠣᠭᠲᠠᠴᠠ ᠶᠢ ᠪᠠᠶᠢᠭᠤᠯᠤᠨ | ᠪᠦᠷᠢᠨᠰᠢᠭᠦᠯᠵᠦ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠠᠵᠢᠯ ᠢ ᠨᠢᠭᠡᠳᠦᠯᠲᠡᠢ ᠲᠥᠯᠥᠪᠯᠡᠨ | ᠠᠬᠢᠭᠤᠯᠤᠨ᠎ᠠ᠃ ᠵᠠᠷᠤᠳᠠᠯ ᠢ ᠪᠠᠲᠤᠯᠠᠬᠤ ᠲᠣᠭᠲᠠᠴᠠ ᠪᠠᠨ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠡᠯ᠎ᠡ | ᠲᠠᠯ᠎ᠠ ᠶᠢᠨ ᠡᠬᠢ ᠪᠠᠶᠠᠯᠢᠭ ᠢ ᠳᠠᠶᠢᠴᠢᠯᠠᠵᠤ᠂ ᠡᠳ᠋ ᠤᠨ ᠵᠠᠰᠠᠭ ᠤᠨ ᠣᠷᠣᠭᠤᠯᠤᠯᠲᠠ᠂ ᠰᠠᠯᠠᠭ᠎ᠠ ᠮᠥᠴᠢᠷ ᠤᠨ | ᠲᠤᠰᠬᠠᠢ ᠵᠦᠢᠯ ᠤᠨ ᠳᠡᠮᠵᠢᠯᠭᠡ᠂ ᠬᠤᠨᠵᠢᠪᠤᠷᠢᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦᠨ ᠤ | ᠳᠡᠮᠵᠢᠯᠭᠡ᠂ ᠨᠡᠶᠢᠭᠡᠮ ᠤᠨ ᠪᠡᠯᠡ ᠮᠥᠩᠭᠦ ᠶᠢ ᠴᠤᠭᠯᠠᠭᠤᠯᠬᠤ ᠵᠡᠷᠭᠡ ᠠᠷᠭ᠎ᠠ ᠮᠠᠶ᠋ᠢᠭ ᠢᠶᠠᠷ ᠵᠠᠷᠤᠳᠠᠯ ᠤᠨ ᠢᠷᠡᠯᠲᠡ ᠪᠠᠨ | ᠥᠷᠭᠡᠳᠬᠡᠨ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠠᠵᠢᠯ ᠥᠷᠨᠢᠭᠦᠯᠬᠦ ᠳᠤ ᠪᠠᠲᠤᠯᠠᠭ᠎ᠠ | ᠬᠠᠩᠭᠠᠨ᠎ᠠ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠬᠠᠮᠢᠶ᠎ᠠ | ᠪᠦᠬᠦᠢ ᠠᠵᠢᠯ ᠥᠷᠨᠢᠭᠦᠯᠬᠦ ᠳᠤ ᠨᠢ ᠳᠡᠮᠵᠢᠯᠭᠡ ᠦᠵᠡᠬᠦᠯᠬᠦ ᠪᠠ ᠬᠠᠮᠵᠢᠯᠴᠠᠨ ᠠᠵᠢᠯᠯᠠᠵᠤ᠂ ᠪᠠᠴᠢᠮ ᠪᠠᠶᠢᠳᠠᠯ ᠢ | ᠠᠷᠭᠠᠴᠠᠭᠠᠵᠤ ᠠᠪᠤᠷᠠᠯᠲᠠ ᠬᠢᠬᠦ ᠪᠣᠯᠪᠠᠰᠤᠷᠠᠯ ᠢ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ | ᠬᠠᠮᠢᠶᠠᠷᠤᠯᠲᠠ ᠶᠢᠨ ᠡᠩᠨᠡᠭᠡ᠂ ᠭᠠᠯ ᠤᠨᠲᠠᠷᠠᠭᠠᠭᠴᠢ᠂ ᠠᠪᠤᠷᠠᠨ ᠲᠤᠰᠠᠯᠠᠬᠤ ᠠᠩᠭᠢ ᠶᠢᠨ ᠭᠡᠰᠢᠭᠦᠨ᠂ ᠠᠵᠤ | ᠠᠬᠤᠶᠢᠯᠠᠯ ᠤᠨ ᠠᠶᠤᠯ ᠦᠭᠡᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ᠂ ᠡᠵᠡᠩᠨᠡᠯᠲᠡ ᠶᠢᠨ ᠲᠡᠷᠭᠡ | ᠬᠥᠰᠬᠡ ᠶᠢᠨ ᠵᠢᠯᠣᠭᠤᠴᠢ᠂ ᠵᠢᠭᠤᠯᠴᠢᠯᠠᠯ ᠤᠨ ᠭᠠᠵᠠᠷ ᠤᠨ ᠵᠢᠭᠤᠯᠴᠢᠯᠠᠯ ᠤᠨ ᠬᠥᠲᠥᠴᠢ ᠵᠡᠷᠭᠡ ᠬᠥᠮᠥᠰ ᠤᠨ | ᠠᠵᠢᠯ ᠤᠨ ᠪᠠᠶᠢᠷᠢᠨ ᠳᠤ ᠭᠠᠷᠬᠤ ᠠᠴᠠ ᠡᠮᠦᠨᠡᠬᠢ ᠪᠣᠯᠪᠠᠰᠤᠷᠠᠯ ᠤᠨ ᠬᠢᠨᠢ ᠴᠢᠬᠤᠯᠠ ᠠᠭᠤᠯᠭ᠎ᠠ | ᠪᠣᠯᠭᠠᠨ᠎ᠠ᠃ ᠲᠡᠷᠢᠭᠦᠨ ᠤ ᠨᠡᠶᠢᠲᠡᠯᠢᠭ ᠢ ᠰᠣᠩᠭᠤᠨ ᠤᠬᠠᠭᠤᠯᠬᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ | ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠠᠪᠤᠷᠠᠯᠲᠠ ᠬᠢᠬᠦ ᠪᠠᠭᠰᠢ᠂ ᠠᠪᠤᠷᠠᠯᠲᠠ ᠬᠢᠭᠴᠢ᠂ ᠵᠢᠱᠢᠶᠡᠴᠢ | ᠨᠢᠭᠡᠴᠢ ᠶᠢ ᠴᠠᠭ ᠲᠤᠬᠠᠢ ᠳᠤ ᠨᠢ ᠨᠡᠪᠲᠡᠷᠡᠭᠦᠯᠦᠨ ᠰᠠᠶᠢᠰᠢᠶᠠᠨ᠎ᠠ᠃ ᠰᠢᠯᠢᠳᠡᠭ ᠠᠪᠤᠷᠠᠯᠲᠠ ᠬᠢᠬᠦ ᠪᠠᠭᠰᠢ᠂ | ᠠᠪᠤᠷᠠᠯᠲᠠ ᠬᠢᠭᠴᠢ ᠶᠢ ︽ᠳᠡᠷᠭᠡᠳᠡᠬᠢ ᠰᠠᠶᠢᠨ ᠬᠥᠮᠥᠨ︾᠂ ︽ᠦᠨᠡᠨ ᠶᠣᠰᠣᠨ ᠤ ᠲᠥᠯᠥᠭᠡ ᠡᠷᠡᠯᠬᠡᠭᠯᠡᠨ | ᠲᠡᠮᠡᠴᠡᠭᠴᠢ︾᠂ ︽ᠶᠣᠰᠣ ᠰᠤᠷᠲᠠᠬᠤᠨ ᠤ ᠵᠢᠱᠢᠶᠡᠴᠢ︾ ᠵᠡᠷᠭᠡ ᠶᠢᠨ ᠰᠢᠯᠭᠠᠷᠠᠭᠤᠯᠤᠯᠲᠠ ᠳᠤ ᠲᠠᠨᠢᠯᠴᠠᠭᠤᠯᠤᠨ | ᠣᠷᠣᠯᠴᠠᠭᠤᠯᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠥᠪᠡᠷ ᠢ ᠪᠠᠨ ᠪᠠ ᠥᠷᠥᠭᠡᠯ ᠬᠤᠭᠤᠷᠣᠨᠳᠤ ᠪᠠᠨ | ᠬᠠᠷᠢᠯᠴᠠᠨ ᠠᠪᠤᠷᠠᠭᠰᠠᠨ ᠰᠡᠳᠬᠢᠯ ᠬᠥᠳᠡᠯᠭᠡᠮ᠎ᠡ ᠠᠵᠢᠯᠯᠠᠭ᠎ᠠ ᠨᠤᠭᠤᠳ ᠢ ᠥᠷᠭᠡᠨ ᠢᠶᠠᠷ ᠤᠬᠠᠭᠤᠯᠵᠤ᠂ ᠨᠡᠩ ᠤᠯᠠᠨ | ᠬᠥᠮᠥᠰ ᠢ ᠬᠥᠲᠥᠯᠥᠨ ᠳᠠᠭᠠᠭᠤᠯᠬᠤ ᠪᠠ ᠤᠷᠢᠶᠠᠯᠠᠨ ᠲᠠᠶᠢᠴᠢᠯᠠᠵᠦ ᠪᠠᠶᠢᠭᠠᠳ ᠪᠠᠴᠢᠮ ᠪᠠᠶᠢᠳᠠᠯ ᠢ ᠠᠷᠭᠠᠴᠠᠭᠠᠵᠤ | ᠠᠪᠤᠷᠠᠯᠲᠠ ᠬᠢᠬᠦ ᠠᠵᠢᠯ ᠳᠤ ᠣᠷᠣᠯᠴᠠᠭᠤᠯᠤᠨ᠂ ᠪᠦᠬᠦ ᠨᠡᠶᠢᠭᠡᠮ ᠳᠤ ᠢᠳᠡᠪᠬᠢ ᠬᠦᠴᠦᠨ ᠢ ᠪᠠᠳᠠᠷᠠᠭᠤᠯᠵᠤ᠂ ᠰᠢᠨ᠎ᠡ | ᠬᠡᠪ ᠰᠤᠷᠲᠠᠯ ᠢ ᠬᠥᠲᠥᠯᠥᠨ ᠳᠠᠭᠠᠭᠤᠯᠤᠨ᠎ᠠ᠃ | 2024 ᠣᠨ ᠤ 7 ᠳ᠋ᠤᠭᠠᠷ ᠰᠠᠷ᠎ᠠ ᠶᠢᠨ 16 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠠᠯᠪᠠᠨ ᠲᠢᠩᠬᠢᠮ | 2024 ᠣᠨ ᠤ 7 ᠳ᠋ᠤᠭᠠᠷ ᠰᠠᠷ᠎ᠠ ᠶᠢᠨ 16 ᠤ ᠡᠳᠦᠷ ᠳᠠᠷᠤᠮᠠᠯᠯᠠᠨ ᠲᠠᠷᠬᠠᠭᠠᠪᠠ | | | |