ᠥᠪᠥᠷ ᠰᠤᠷᠭᠠᠨ ᠲᠠᠮᠢᠷ ᠤᠷᠠᠯᠢᠭ ﹇2024﹈ 98 ᠳ᠋ᠤᠭᠠᠷ ᠲᠣᠭᠠᠲᠤ | | ᠡᠯ᠎ᠡ ᠠᠶᠢᠮᠠᠭ ᠬᠤᠲᠠ ᠶᠢᠨ ᠰᠤᠷᠭᠠᠨ ᠬᠥᠮᠦᠵᠢᠯ ︵ᠰᠤᠷᠭᠠᠨ ᠬᠥᠮᠦᠵᠢᠯ ᠪᠡᠶ᠎ᠡ ᠶᠢᠨ ᠲᠠᠮᠢᠷ︶ ᠤᠨ ᠲᠣᠪᠴᠢᠶ᠎ᠠ᠂ ᠡᠯ᠎ᠡ | ᠶᠡᠭᠡ ᠳᠡᠭᠡᠳᠦ ᠰᠤᠷᠭᠠᠭᠤᠯᠢ ᠳᠤ᠄ | ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠳᠤ ᠭᠤᠸ᠎ᠠ ᠰᠠᠶᠢᠬᠠᠨ ᠤ | ᠬᠥᠮᠦᠵᠢᠯ ᠢ ᠠᠭᠤᠰᠬᠠᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠪᠠ᠂ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ᠂ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ | ᠠᠳᠬᠤᠬᠤ ᠬᠡᠷᠡᠭᠲᠡᠢ᠃ | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ | 2024 ᠣᠨ ᠤ 10 ᠰᠠᠷ᠎ᠠ ᠶᠢᠨ 9 ᠤ ᠡᠳᠦᠷ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠳᠤ ᠭᠤᠸ᠎ᠠ | ᠰᠠᠶᠢᠬᠠᠨ ᠤ ᠬᠥᠮᠦᠵᠢᠯ ᠢ ᠠᠭᠤᠰᠠᠬᠠᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ | | | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠲᠥᠷᠥ ᠶᠢᠨ | ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽ᠰᠢᠨ᠎ᠡ ᠴᠠᠭ ᠦᠶ᠎ᠡ ᠶᠢᠨ ᠰᠤᠷᠭᠠᠭᠤᠯᠢ ᠶᠢᠨ ᠭᠤᠸ᠎ᠠ | ᠰᠠᠶᠢᠬᠠᠨ ᠤ ᠬᠥᠮᠦᠵᠢᠯ ᠤᠨ ᠠᠵᠢᠯ ᠢ ᠪᠦᠬᠦ ᠲᠠᠯ᠎ᠠ ᠪᠠᠷ ᠴᠢᠩᠭᠠᠳᠬᠠᠨ ᠰᠠᠶᠢᠵᠢᠷᠠᠭᠤᠯᠬᠤ ᠲᠤᠬᠠᠢ ᠰᠠᠨᠠᠯ︾ ᠢ ᠪᠦᠬᠦ | ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠦᠭᠡ᠂ ︽ᠰᠤᠷᠭᠠᠨ ᠬᠥᠮᠦᠵᠢᠯ ᠤᠨ ᠶᠠᠮᠤᠨ ᠤ | ᠰᠤᠷᠭᠠᠭᠤᠯᠢ ᠳᠤ ᠭᠤᠸ᠎ᠠ ᠰᠠᠶᠢᠬᠠᠨ ᠤ ᠬᠥᠮᠦᠵᠢᠯ ᠢ ᠠᠭᠤᠰᠬᠠᠬᠤ ᠠᠵᠢᠯᠯᠠᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠬᠦ | ᠲᠤᠬᠠᠢ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ ᠮᠠᠨ ᠤ ᠣᠷᠣᠨ ᠤ ᠪᠣᠳᠠᠲᠠᠢ ᠲᠠᠢ ᠪᠠᠨ ᠤᠶᠠᠯᠳᠤᠭᠤᠯᠤᠨ᠂ | ᠣᠨᠴᠠᠭᠠᠶᠢᠯᠠᠨ ᠲᠤᠰ ᠬᠡᠷᠡᠭᠵᠢᠭᠦᠯᠬᠦ ᠲᠥᠰᠦᠯ ᠢ ᠲᠣᠭᠲᠠᠭᠠᠪᠠ᠃ | ᠨᠢᠭᠡ᠂ ᠠᠵᠢᠯ ᠤᠨ ᠵᠣᠷᠢᠯᠲᠠ | 2027 ᠣᠨ ᠪᠣᠯᠬᠤ ᠳᠤ᠂ ᠰᠤᠷᠤᠭᠴᠢᠳ ᠤᠨ ᠪᠠᠶᠢᠩᠭᠤᠵᠢᠭᠤᠯᠤᠭᠰᠠᠨ ᠪᠦᠬᠦ ᠠᠵᠢᠯᠲᠠᠨ ᠤ ᠤᠷᠠᠯᠢᠭ ᠤᠨ | ᠦᠵᠡᠭᠦᠯᠭᠡ ᠶᠢᠨ ᠲᠣᠭᠯᠠᠯᠲᠠ ᠶᠢ ᠳᠡᠯᠭᠡᠨ ᠦᠵᠡᠭᠦᠯᠬᠦ ᠲᠣᠭᠲᠠᠴᠠ ᠶᠢ ᠦᠨᠳᠦᠰᠦᠨ ᠳᠤ ᠪᠠᠨ ᠪᠠᠶᠢᠭᠤᠯᠵᠤ᠂ ᠡᠯ᠎ᠡ | ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠵᠢᠭᠠᠨ ᠰᠤᠷᠭᠠᠯᠲᠠ ᠶᠢᠨ | ᠴᠢᠨᠠᠷ ᠴᠢᠨᠰᠠᠭ᠎ᠠ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠂ ᠶᠡᠭᠡ ᠳᠡᠭᠡᠳᠦ ᠰᠤᠷᠭᠠᠭᠤᠯᠢ ᠶᠢᠨ ᠭᠤᠸ᠎ᠠ ᠰᠠᠶᠢᠬᠠᠨ ᠤ | ᠬᠥᠮᠦᠵᠢᠯ ᠤᠨ ᠮᠡᠳᠡᠯᠭᠡ ᠶᠢᠨ ᠬᠢᠴᠢᠶᠡᠯ᠂ ᠣᠯᠠᠨ ᠨᠡᠶᠢᠲᠡ ᠶᠢᠨ ᠤᠷᠠᠯᠢᠭ ᠤᠨ ᠬᠢᠴᠢᠶᠡᠯ ᠢ ᠴᠢᠳᠠᠪᠤᠷᠢᠲᠠᠨ | ᠬᠥᠮᠦᠵᠢᠭᠦᠯᠬᠦ ᠲᠥᠰᠦᠯ ᠳᠤ ᠣᠷᠣᠭᠤᠯᠵᠤ᠂ ᠪᠠᠭᠰᠢ ᠶᠢᠨ ᠲᠥᠷᠦᠯ ᠤᠨ ᠲᠤᠰᠬᠠᠢ ᠮᠡᠷᠭᠡᠵᠢᠯ ᠳᠤ ᠭᠤᠸ᠎ᠠ ᠰᠠᠶᠢᠬᠠᠨ ᠤ | ᠬᠥᠮᠦᠵᠢᠯ ᠤᠨ ᠬᠢᠴᠢᠶᠡᠯ ᠢ ᠨᠡᠭᠡᠭᠡᠬᠦ ᠶᠢ ᠨᠡᠶᠢᠳᠡᠮ ᠪᠥᠷᠬᠦᠭᠦᠯᠬᠦ ᠶᠢ ᠪᠡᠶᠡᠯᠡᠭᠦᠯᠦᠨ᠎ᠡ︔ ᠰᠢᠨᠵᠢᠯᠡᠭᠡᠨ ᠤ ᠰᠠᠯᠠᠭ᠎ᠠ | ᠠᠯᠤᠰᠯᠠᠭᠰᠠᠨ᠂ ᠲᠤᠰᠬᠠᠢ ᠮᠡᠷᠭᠡᠵᠢᠯ ᠠᠯᠤᠰᠯᠠᠭᠰᠠᠨ ᠭᠤᠸ᠎ᠠ ᠰᠠᠶᠢᠬᠠᠨ ᠤ ᠬᠥᠮᠦᠵᠢᠯ ᠤᠨ ᠰᠢᠯᠢᠳᠡᠭ ᠦᠷ᠎ᠡ | ᠪᠦᠲᠦᠭᠡᠯ ᠢ ᠨᠡᠶᠢᠯᠡᠭᠦᠯᠵᠦ ᠳᠡᠯᠭᠡᠷᠡᠭᠦᠯᠦᠨ᠎ᠡ︔ ᠪᠠᠭᠰᠢ ᠬᠥᠮᠦᠵᠢᠭᠦᠯᠬᠦ ᠠᠷᠭ᠎ᠠ ᠵᠠᠮ ᠢ ᠥᠷᠭᠡᠳᠭᠡᠨ᠎ᠡ︔ ᠬᠥᠮᠦᠨ | ᠪᠦᠬᠦᠨ ᠳᠤ ᠬᠠᠨᠳᠤᠭᠤᠯᠤᠨ ᠨᠢᠭᠡ ᠴᠣᠭᠴᠠᠵᠢᠭᠤᠯᠤᠭᠰᠠᠨ ᠭᠡᠷ᠂ ᠰᠤᠷᠭᠠᠭᠤᠯᠢ᠂ ᠨᠡᠶᠢᠭᠡᠮ ᠤᠨ ᠭᠤᠸ᠎ᠠ ᠰᠠᠶᠢᠬᠠᠨ ᠤ | ᠬᠥᠮᠦᠵᠢᠯ ᠢ ᠬᠠᠮᠵᠢᠨ ᠬᠥᠭᠵᠢᠭᠦᠯᠬᠦ ᠪᠠᠶᠢᠷᠢᠰᠢᠯᠠᠭᠤᠯᠤᠯᠲᠠ ᠶᠢ ᠠᠩᠬ᠎ᠠ ᠠᠯᠬᠤᠮ ᠪᠦᠷᠢᠯᠳᠦᠭᠦᠯᠦᠨ᠎ᠡ᠃ ᠪᠠᠰᠠ | 3 ᠠᠴᠠ 5 ᠵᠢᠯ ᠤᠨ ᠴᠠᠭ ᠢ ᠵᠠᠷᠤᠴᠠᠭᠤᠯᠵᠤ᠂ ᠴᠢᠨᠠᠷᠯᠢᠭ ᠮᠥᠷᠲᠡᠭᠡᠨ ᠲᠡᠩᠴᠡᠭᠦᠷᠢᠲᠡᠢ ᠭᠤᠸ᠎ᠠ ᠰᠠᠶᠢᠬᠠᠨ ᠤ | ᠬᠥᠮᠦᠵᠢᠯ ᠢ ᠨᠠᠩ ᠲᠥᠭᠡᠮᠡᠯᠵᠢᠭᠦᠯᠦᠨ᠂ ᠰᠤᠷᠤᠭᠴᠢᠳ ᠤᠨ ᠭᠤᠸ᠎ᠠ ᠲᠠᠭᠠᠰᠢᠶᠠᠯ ᠪᠠ ᠬᠥᠮᠦᠨ ᠨᠡᠶᠢᠭᠡᠮ ᠰᠣᠶᠣᠯ ᠤᠨ | ᠬᠡᠪ ᠪᠣᠯᠪᠠᠰᠤᠷᠠᠯ ᠢ ᠨᠡᠶᠢᠳᠡᠮ ᠳᠡᠭᠡᠭᠰᠢᠯᠡᠭᠦᠯᠵᠦ᠂ ᠪᠠᠭᠰᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠬᠡᠪ | ᠪᠣᠯᠪᠠᠰᠤᠷᠠᠯ ᠢ ᠢᠯᠡᠳᠲᠡ ᠳᠡᠭᠡᠭᠰᠢᠯᠡᠭᠦᠯᠦᠨ᠂ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠠᠵᠢᠯ ᠤᠨ | ᠪᠠᠶᠢᠭᠤᠯᠤᠯ ᠲᠣᠭᠲᠠᠴᠠ ᠶᠢ ᠨᠠᠩ ᠲᠡᠭᠦᠯᠳᠡᠷᠵᠢᠭᠦᠯᠵᠦ᠂ ᠭᠤᠸ᠎ᠠ ᠰᠠᠶᠢᠬᠠᠨ ᠤ ᠬᠥᠮᠦᠵᠢᠯ ᠤᠨ ᠠᠭᠤᠷ ᠠᠮᠢᠰᠬᠤᠯ ᠢ | ᠨᠡᠩ ᠭᠦᠨ ᠵᠤᠵᠠᠭᠠᠨ ᠪᠣᠯᠭᠠᠨ᠎ᠠ᠃ ᠦᠷᠭᠦᠯᠵᠢᠯᠡᠨ ᠴᠢᠷᠮᠠᠶᠢᠵᠤ᠂ ᠪᠦᠬᠦᠨ ᠢ ᠬᠠᠮᠤᠷᠤᠭᠰᠠᠨ᠂ ᠣᠯᠠᠨ | ᠶᠠᠩᠵᠤᠴᠢᠯᠠᠭᠰᠠᠨ᠂ ᠴᠢᠨᠠᠷᠯᠢᠭ ᠤᠮᠠᠷᠠᠲᠤ ᠬᠢᠯᠢ ᠶᠢᠨ ᠣᠨᠴᠠᠯᠢᠭ ᠲᠠᠢ ᠣᠳᠣᠬᠢᠴᠢᠯᠠᠭᠰᠠᠨ ᠰᠤᠷᠭᠠᠭᠤᠯᠢ ᠶᠢᠨ | ᠭᠤᠸ᠎ᠠ ᠰᠠᠶᠢᠬᠠᠨ ᠤ ᠬᠥᠮᠦᠵᠢᠯ ᠤᠨ ᠳᠣᠭᠲᠠᠯᠴᠠᠭ᠎ᠠ ᠶᠢ ᠪᠦᠷᠢᠯᠳᠦᠭᠦᠯᠬᠦ ᠶᠢ ᠠᠬᠢᠭᠤᠯᠤᠨ᠎ᠠ᠃ | ᠬᠤᠶᠠᠷ᠂ ᠭᠤᠣᠯᠳᠠᠯᠭ᠎ᠠ ᠲᠠᠢ ᠡᠭᠦᠷᠭᠡ | ︵ᠨᠢᠭᠡ︶ ᠭᠤᠸ᠎ᠠ ᠰᠠᠶᠢᠬᠠᠨ ᠤ ᠬᠥᠮᠥᠵᠢᠯ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠠᠵᠢᠯᠯᠠᠭ᠎ᠠ | 1. ᠭᠤᠸ᠎ᠠ ᠰᠠᠶᠢᠬᠠᠨ ᠤ ᠬᠥᠮᠥᠵᠢᠯ ᠤᠨ ᠬᠢᠴᠢᠶᠡᠯ ᠢ ᠪᠦᠷᠢᠨ ᠭᠦᠢᠴᠡᠳ ᠨᠡᠭᠡᠭᠡᠨ᠎ᠡ᠃ ᠠᠯᠪᠠᠨ ᠵᠢᠷᠤᠮ ᠤᠨ | ᠰᠤᠷᠭᠠᠨ ᠬᠥᠮᠦᠵᠢᠯ ᠤᠨ ᠱᠠᠲᠤᠨ ᠤ ᠡᠯ᠎ᠡ ᠰᠤᠷᠭᠠᠭᠤᠯᠢ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠢᠴᠢᠶᠡᠯ ᠤᠨ | ᠲᠥᠰᠦᠯ ᠳᠠᠬᠢ ︽ᠨᠢᠭᠡ ᠠᠴᠠ ᠳᠥᠷᠪᠡᠳᠦᠭᠡᠷ ᠣᠨ ᠬᠦᠷᠲᠡᠯ᠎ᠡ ᠭᠠᠷᠠᠭ ᠪᠦᠷᠢ 4 ᠬᠢᠴᠢᠶᠡᠯ ᠤᠨ ᠴᠠᠭ᠂ ᠲᠠᠪᠤ ᠠᠴᠠ | ᠵᠢᠷᠭᠤᠳᠤᠭᠠᠷ ᠣᠨ ᠪᠣᠯᠲᠠᠯ᠎ᠠ ᠭᠠᠷᠠᠭ ᠪᠦᠷᠢ 3 ᠬᠢᠴᠢᠶᠡᠯ ᠤᠨ ᠴᠠᠭ᠂ ᠳᠣᠯᠤᠭ᠎ᠠ ᠠᠴᠠ ᠶᠢᠰᠦᠳᠦᠭᠡᠷ ᠣᠨ ᠪᠣᠯᠲᠠᠯ᠎ᠠ | ᠭᠠᠷᠠᠭ ᠪᠦᠷᠢ 2 ᠬᠢᠴᠢᠶᠡᠯ ᠤᠨ ᠴᠠᠭ︾ ᠭᠡᠬᠦ ᠤᠷᠠᠯᠢᠭ ᠤᠨ ᠬᠢᠴᠢᠶᠡᠯ ᠢ ᠲᠣᠬᠢᠷᠠᠭᠤᠯᠬᠤ ᠱᠠᠭᠠᠷᠳᠠᠯᠭ᠎ᠠ ᠶᠣᠰᠣᠭᠠᠷ | ᠬᠡᠷᠡᠭᠵᠢᠭᠦᠯᠵᠦ᠂ ᠡᠯ᠎ᠡ ᠰᠤᠷᠭᠠᠭᠤᠯᠢ ᠶᠢᠨ ᠬᠢᠨ ᠣᠯᠠᠨ ᠶᠠᠩᠵᠤᠴᠢᠯᠠᠭᠰᠠᠨ᠂ ᠥᠪᠡᠷᠮᠢᠴᠡ ᠤᠷᠠᠯᠢᠭ ᠪᠥᠬᠦᠢ | ᠰᠣᠩᠭᠤᠨ ᠰᠤᠷᠬᠤ ᠬᠢᠴᠢᠶᠡᠯ ᠪᠠ ᠬᠢᠴᠢᠶᠡᠯ ᠤᠨ ᠳᠠᠷᠠᠭᠠᠬᠢ ᠦᠢᠯᠡᠴᠢᠯᠡᠭᠡ ᠶᠢ ᠢᠳᠡᠪᠬᠢᠲᠡᠢ ᠬᠠᠩᠭᠠᠵᠤ᠂ | ᠰᠤᠷᠤᠭᠴᠢᠳ ᠢ ᠬᠠᠪᠰᠤᠷᠤᠨ ᠰᠤᠷᠭᠠᠭᠤᠯᠢ ᠳᠤ 1 - 2 ᠵᠦᠢᠯ ᠤᠨ ᠤᠷᠠᠯᠢᠭ ᠤᠨ ᠲᠤᠰᠬᠠᠢ ᠮᠡᠷᠭᠡᠵᠢᠯ ᠤᠨ ᠣᠨᠴᠠ | ᠴᠢᠳᠠᠪᠤᠷᠢ ᠶᠢ ᠰᠤᠷᠭᠠᠵᠤ ᠡᠵᠡᠮᠰᠢᠭᠦᠯᠦᠨ᠎ᠡ︔ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠳᠠᠭᠤᠤ | ᠬᠥᠭᠵᠢᠮ᠂ ᠤᠷᠠᠨ ᠵᠢᠷᠤᠭ ᠢ ᠲᠤᠰ ᠪᠦᠷᠢ ᠭᠤᠷᠪᠠᠨ ᠰᠤᠷᠤᠯᠭ᠎ᠠ ᠶᠢᠨ ᠬᠤᠭᠤᠴᠠᠭ᠎ᠠ ᠨᠡᠭᠡᠭᠡᠵᠦ᠂ ᠭᠠᠷᠠᠭ ᠪᠦᠷᠢ 1 | ᠬᠢᠴᠢᠶᠡᠯ ᠤᠨ ᠴᠠᠭ ᠳᠣᠭᠲᠠᠭᠠᠵᠤ᠂ 6 ᠰᠤᠷᠤᠯᠭ᠎ᠠ ᠶᠢᠨ ᠬᠤᠪᠢ ᠡᠵᠡᠯᠡᠨ᠎ᠡ︔ ᠶᠡᠭᠡ ᠳᠡᠭᠡᠳᠦ ᠰᠤᠷᠭᠠᠭᠤᠯᠢ ᠶᠢᠨ | ᠵᠢᠩᠬᠢᠨᠢ ᠠᠩᠭᠢ᠂ ᠲᠤᠰᠬᠠᠢ ᠮᠡᠷᠭᠡᠵᠢᠯ ᠤᠨ ᠠᠩᠭᠢ ᠶᠢᠨ ᠰᠤᠷᠤᠭᠴᠢᠳ ᠡᠷᠬᠡᠪᠰᠢ ᠣᠯᠠᠨ ᠨᠡᠶᠢᠲᠡ ᠶᠢᠨ ᠤᠷᠠᠯᠢᠭ ᠤᠨ | ᠬᠢᠴᠢᠶᠡᠯ ᠤᠨ 2 ᠰᠤᠷᠤᠯᠭ᠎ᠠ ᠶᠢᠨ ᠬᠤᠪᠢ ᠶᠢ ᠪᠦᠷᠢᠨ ᠣᠯᠬᠤ ᠬᠡᠷᠡᠭᠲᠡᠢ᠃ ᠤᠷᠠᠯᠢᠭ ᠤᠨ ᠬᠢᠴᠢᠶᠡᠯ ᠢ ᠰᠣᠳᠤᠯᠬᠤ | ᠰᠤᠷᠤᠭᠴᠢ ᠶᠢᠨ ᠰᠤᠷᠭᠠᠨ ᠬᠥᠮᠦᠵᠢᠯ ᠤᠨ ᠣᠯᠠᠨ ᠨᠡᠶᠢᠲᠡ ᠶᠢᠨ ᠬᠢᠴᠢᠶᠡᠯ ᠤᠨ ᠳᠣᠭᠲᠠᠯᠴᠠᠭᠠᠨ ᠳᠤ ᠣᠷᠣᠭᠤᠯᠬᠤ ᠶᠢ | ᠵᠣᠷᠢᠭᠵᠢᠭᠤᠯᠤᠨ᠎ᠠ᠃ | 2. ᠭᠤᠸ᠎ᠠ ᠰᠠᠶᠢᠬᠠᠨ ᠤ ᠬᠥᠮᠦᠵᠢᠯ ᠤᠨ ᠬᠢᠴᠢᠶᠡᠯ ᠤᠨ ᠳᠣᠭᠲᠠᠯᠴᠠᠭ᠎ᠠ ᠶᠢ ᠨᠢᠭᠡ ᠴᠣᠭᠴᠠᠵᠢᠭᠤᠯᠬᠤ | ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠪᠠᠭ᠎ᠠ ᠰᠤᠷᠭᠠᠭᠤᠯᠢ ᠶᠢᠨ ᠱᠠᠲᠤᠨ ᠤ ᠳᠤᠷ᠎ᠠ ᠪᠠᠭ᠋ᠠᠴᠢᠯᠠᠭᠰᠠᠨ᠂ | ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠣᠯᠠᠨ ᠶᠠᠩᠵᠤᠴᠢᠯᠠᠭᠰᠠᠨ᠂ ᠳᠡᠭᠡᠳᠦ ᠵᠡᠷᠭᠡ ᠶᠢᠨ | ᠳᠤᠮᠳᠠᠳᠤ ᠰᠤᠷᠭᠠᠭᠤᠯᠢ ᠶᠢᠨ ᠱᠠᠲᠤᠨ ᠤ ᠲᠤᠰᠬᠠᠢ ᠵᠦᠢᠯᠴᠢᠯᠡᠭᠰᠡᠨ᠂ ᠶᠡᠭᠡ ᠳᠡᠭᠡᠳᠦ ᠰᠤᠷᠭᠠᠭᠤᠯᠢ ᠶᠢᠨ ᠱᠠᠲᠤᠨ ᠤ | ᠮᠡᠳᠡᠭᠡᠯᠵᠢᠭᠦᠯᠦᠭᠰᠡᠨ ᠶᠡᠭᠡ ᠳᠡᠭᠡᠳᠦ ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ ᠶᠢ ᠨᠢᠭᠡ ᠴᠣᠭᠴᠠᠵᠢᠭᠤᠯᠤᠭᠰᠠᠨ | ᠭᠤᠸ᠎ᠠ ᠰᠠᠶᠢᠬᠠᠨ ᠤ ᠬᠥᠮᠦᠵᠢᠯ ᠤᠨ ᠬᠢᠴᠢᠶᠡᠯ ᠤᠨ ᠳᠣᠭᠲᠠᠯᠴᠠᠭ᠎ᠠ ᠶᠢ ᠪᠠᠶᠢᠭᠤᠯᠤᠨ᠎ᠠ᠃ ᠠᠯᠪᠠᠨ ᠵᠢᠷᠤᠮ ᠤᠨ | ᠰᠤᠷᠭᠠᠨ ᠬᠥᠮᠦᠵᠢᠯ ᠪᠠ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠳᠤ ᠤᠷᠠᠨ ᠪᠢᠴᠢᠯᠭᠡ᠂ | ᠪᠥᠵᠢᠭ᠂ ᠰᠢ ᠵᠦᠴᠦᠭᠡ᠂ ᠺᠢᠨᠣ᠋ ᠲᠧᠯᠸᠢᠰ᠂ ᠲᠣᠭᠠᠵᠢᠭᠰᠠᠨ ᠵᠠᠭᠤᠴᠢᠯᠠᠭᠤᠷ ᠵᠡᠷᠭᠡ ᠠᠭᠤᠯᠭ᠎ᠠ ᠶᠢ ᠠᠭᠤᠰᠬᠠᠨ᠎ᠠ︔ | ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠱᠠᠲᠤᠨ ᠤ ᠰᠣᠶᠣᠯ ᠲᠡᠦᠬᠡ ᠭᠦᠨ ᠤᠬᠠᠭᠠᠨ ᠵᠢᠴᠢ ᠪᠠᠶᠢᠭᠠᠯᠢ | ᠲᠧᠭᠨᠢᠭ ᠤᠨ ᠤᠬᠠᠭᠠᠨ ᠤ ᠰᠢᠨᠵᠢᠯᠡᠭᠡᠨ ᠤ ᠰᠠᠯᠠᠭ᠎ᠠ ᠳᠤ ᠠᠭᠤᠰᠬᠠᠨ᠎ᠠ᠃ ᠭᠤᠸ᠎ᠠ ᠰᠠᠶᠢᠬᠠᠨ ᠤ ᠬᠥᠮᠦᠵᠢᠯ ᠪᠣᠯᠤᠨ | ᠶᠣᠰᠣ ᠰᠤᠷᠲᠠᠬᠤᠨ ᠤ ᠬᠥᠮᠦᠵᠢᠯ᠂ ᠣᠶᠤᠨ ᠤ ᠬᠥᠮᠦᠵᠢᠯ᠂ ᠪᠡᠶ᠎ᠡ ᠶᠢᠨ ᠲᠠᠮᠢᠷ᠂ ᠬᠥᠳᠡᠯᠮᠦᠷᠢ ᠶᠢᠨ ᠬᠥᠮᠦᠵᠢᠯ᠂ | ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠢ ᠠᠭᠤᠰᠬᠠᠬᠤ ᠶᠢ ᠴᠢᠩᠭᠠᠳᠬᠠᠵᠤ᠂ ᠡᠯ᠎ᠡ ᠰᠢᠨᠵᠢᠯᠡᠭᠡᠨ ᠤ | ᠰᠠᠯᠠᠭ᠎ᠠ ᠳᠤ ᠠᠭᠤᠯᠤᠭᠳᠠᠵᠤ ᠪᠠᠶᠢᠭ᠎ᠠ ᠭᠤᠸ᠎ᠠ ᠰᠠᠶᠢᠬᠠᠨ ᠤ ᠬᠥᠮᠦᠵᠢᠯ ᠤᠨ ᠦᠨ᠎ᠡ ᠥᠷᠲᠡᠭ ᠪᠠ ᠦᠢᠯᠡᠳᠦᠯ ᠶᠢ | ᠢᠯᠡᠷᠡᠭᠦᠯᠦᠨ᠎ᠡ᠃ ᠭᠤᠸ᠎ᠠ ᠰᠠᠶᠢᠬᠠᠨ ᠤ ᠬᠥᠮᠦᠵᠢᠯ ᠤᠨ ᠦᠢᠯᠡᠳᠦᠯᠭᠡ ᠪᠠ ᠬᠤᠶᠠᠳᠤᠭᠠᠷ ᠬᠢᠴᠢᠶᠡᠯ ᠤᠨ ᠲᠠᠩᠬᠢᠮ ᠢ | ᠪᠦᠲᠦᠮᠵᠢᠲᠡᠢ ᠤᠶᠠᠯᠳᠤᠭᠤᠯᠬᠤ ᠶᠢ ᠴᠢᠩᠭᠠᠳᠬᠠᠵᠤ᠂ ᠤᠷᠠᠯᠢᠭ ᠤᠨ ᠬᠢᠴᠢᠶᠡᠯ ᠪᠠ ᠦᠢᠯᠡᠳᠦᠯᠭᠡ ᠪᠠᠷ | ᠰᠤᠷᠤᠭᠴᠢᠳ ᠤᠨ ᠰᠤᠷᠤᠯᠴᠠᠬᠤ ᠢᠳᠡᠪᠬᠢᠵᠢᠯ ᠢ ᠬᠥᠭᠵᠢᠭᠡᠨ᠎ᠡ᠃ | 3. ᠭᠤᠸ᠎ᠠ ᠰᠠᠶᠢᠬᠠᠨ ᠤ ᠬᠥᠮᠦᠵᠢᠯ ᠤᠨ ᠬᠢᠴᠢᠶᠡᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ | ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠥᠵᠢᠯ ᠤᠨ ᠵᠢᠭᠠᠨ ᠰᠤᠷᠭᠠᠯᠲᠠ ᠪᠣᠯᠤᠨ ᠦᠢᠯᠡᠳᠦᠯᠭᠡ ᠪᠠᠷ ᠳᠤᠮᠳᠠᠳᠤ | ᠪᠠᠭ᠎ᠠ ᠰᠤᠷᠭᠠᠭᠤᠯᠢ ᠶᠢᠨ ᠭᠤᠣᠯᠯᠠᠭᠴᠢ ᠬᠡᠪ ᠪᠣᠯᠪᠠᠰᠤᠷᠠᠯ ᠢ ᠪᠤᠶᠢᠵᠢᠭᠤᠯᠬᠤ ᠶᠢ ᠠᠬᠢᠭᠤᠯᠤᠨ᠎ᠠ᠃ ᠶᠡᠭᠡ ᠳᠡᠭᠡᠳᠦ | ᠰᠤᠷᠭᠠᠭᠤᠯᠢ ᠶᠢᠨ ᠣᠯᠠᠨ ᠨᠡᠶᠢᠲᠡ ᠶᠢᠨ ᠤᠷᠠᠯᠢᠭ ᠤᠨ ᠬᠢᠴᠢᠶᠡᠯ ᠤᠨ 2 ᠰᠤᠷᠤᠯᠭ᠎ᠠ ᠶᠢᠨ ᠬᠤᠪᠢ ︵ᠵᠠᠪᠠᠯ | ᠰᠤᠷᠬᠤ︶ + N ᠰᠤᠷᠤᠯᠭ᠎ᠠ ᠶᠢᠨ ᠬᠤᠪᠢ ︵ᠰᠣᠩᠭᠤᠨ ᠰᠤᠷᠬᠤ︶ ᠶᠢᠨ ᠬᠢᠴᠢᠶᠡᠯ ᠤᠨ ᠪᠠᠶᠢᠷᠢᠯᠠᠭᠤᠯᠤᠯᠲᠠ ᠵᠢᠴᠢ | ᠰᠤᠷᠤᠯᠭ᠎ᠠ ᠶᠢᠨ ᠬᠤᠪᠢ ᠶᠢᠨ ᠴᠢᠨᠠᠷ ᠴᠢᠨᠰᠠᠭᠠᠨ ᠤ ᠬᠢᠷᠢ ᠲᠦᠪᠰᠢᠨ ᠢ ᠦᠨᠡᠯᠡᠬᠦ ᠶᠢ ᠠᠬᠢᠭᠤᠯᠵᠤ᠂ ᠶᠡᠭᠡ ᠳᠡᠭᠡᠳᠦ | ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠬᠢᠴᠢᠶᠡᠯ ᠢ ᠦᠨᠡᠯᠡᠭᠰᠡᠨ ᠭᠦᠢᠴᠡᠳᠬᠡᠯ ᠲᠤᠭ᠎ᠠ ᠶᠢ | ᠨᠡᠶᠢᠲᠡᠯᠡᠨ᠎ᠡ᠃ ᠡᠯ᠎ᠡ ᠱᠠᠲᠤᠨ ᠤ ᠡᠯ᠎ᠡ ᠲᠥᠷᠥᠯ ᠤᠨ ᠰᠢᠨᠵᠢᠯᠡᠭᠡᠨ ᠤ ᠰᠠᠯᠠᠭ᠎ᠠ ᠠᠯᠤᠰᠯᠠᠭᠰᠠᠨ᠂ ᠲᠤᠰᠬᠠᠢ ᠮᠡᠷᠭᠡᠵᠢᠯ | ᠠᠯᠤᠰᠯᠠᠭᠰᠠᠨ ᠭᠤᠸ᠎ᠠ ᠰᠠᠶᠢᠬᠠᠨ ᠤ ᠬᠥᠮᠥᠵᠢᠯ ᠤᠨ ᠵᠢᠭᠠᠨ ᠰᠤᠷᠭᠠᠯᠲᠠ᠂ ᠵᠢᠭᠠᠬᠤ ᠶᠢ ᠰᠣᠳᠤᠯᠬᠤ᠂ ᠵᠢᠭᠠᠨ | ᠰᠤᠷᠭᠠᠯᠲᠠ ᠶᠢᠨ ᠰᠢᠯᠢᠳᠡᠭ ᠬᠡᠷᠡᠭ ᠤᠨ ᠵᠢᠱᠢᠶ᠎ᠡ ᠶᠢ ᠴᠤᠭᠯᠠᠭᠤᠯᠵᠤ᠂ ᠦᠷ᠎ᠡ ᠪᠦᠲᠦᠭᠡᠯ ᠢ ᠬᠤᠪᠢᠷᠠᠭᠤᠯᠬᠤ ᠶᠢ | ᠠᠬᠢᠭᠤᠯᠤᠨ᠂ ᠡᠯ᠎ᠡ ᠰᠢᠨᠵᠢᠯᠡᠭᠡᠨ ᠤ ᠰᠠᠯᠠᠭᠠᠨ ᠤ ᠭᠤᠸ᠎ᠠ ᠰᠠᠶᠢᠬᠠᠨ ᠤ ᠬᠥᠮᠦᠵᠢᠯ ᠤᠨ ᠰᠢᠨ᠎ᠡ ᠶᠢ ᠡᠭᠦᠳᠦᠨ | ᠬᠥᠭᠵᠢᠭᠦᠯᠬᠦ ᠰᠢᠨ᠎ᠡ ᠬᠡᠯᠪᠡᠷᠢ ᠪᠠ ᠰᠢᠨ᠎ᠡ ᠬᠠᠨᠳᠤᠰᠢ ᠶᠢ ᠪᠤᠢ ᠪᠣᠯᠭᠠᠨ᠎ᠠ᠃ | ︵ᠬᠤᠶᠠᠷ︶ ᠪᠠᠭᠰᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ | ᠠᠵᠢᠯᠯᠠᠭ᠎ᠠ | 4. ᠭᠤᠸ᠎ᠠ ᠰᠠᠶᠢᠬᠠᠨ ᠤ ᠬᠥᠮᠦᠵᠢᠯ ᠤᠨ ᠵᠢᠭᠠᠬᠤ ᠶᠢ ᠰᠤᠳᠤᠯᠬᠤ ᠳᠣᠭᠲᠠᠯᠴᠠᠭᠠᠨ ᠤ ᠪᠠᠶᠢᠭᠤᠯᠤᠯᠲᠠ ᠶᠢ | ᠲᠡᠭᠦᠯᠳᠡᠷᠵᠢᠭᠦᠯᠦᠨ᠎ᠡ᠃ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠬᠠᠮᠤᠭ ᠤᠨ | ᠪᠠᠭ᠎ᠠ ᠳᠤ ᠪᠠᠨ ᠤᠷᠠᠯᠢᠭ ᠤᠨ ᠲᠤᠰᠬᠠᠢ ᠵᠢᠭᠠᠬᠤ ᠶᠢ ᠰᠤᠳᠤᠯᠤᠭᠴᠢ 1 ᠶᠢ ᠲᠣᠬᠢᠷᠠᠭᠤᠯᠵᠤ᠂ ᠣᠷᠣᠨ ᠪᠦᠰᠡ ᠶᠢᠨ | ᠰᠤᠷᠭᠠᠭᠤᠯᠢ ᠶᠢ ᠵᠢᠯᠣᠭᠤᠳᠴᠤ ᠭᠤᠸ᠎ᠠ ᠰᠠᠶᠢᠬᠠᠨ ᠤ ᠬᠥᠮᠦᠵᠢᠯ ᠤᠨ ᠵᠢᠭᠠᠬᠤ ᠶᠢ ᠰᠤᠳᠤᠯᠬᠤ ᠠᠵᠢᠯ ᠢ ᠰᠠᠶᠢᠲᠤᠷ | ᠬᠢᠬᠦ ᠶᠢ ᠬᠠᠷᠢᠭᠤᠴᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠶᠢᠨ ᠭᠤᠸ᠎ᠠ ᠰᠠᠶᠢᠬᠠᠨ ᠤ | ᠬᠥᠮᠦᠵᠢᠯ ᠤᠨ ᠵᠢᠭᠠᠨ ᠰᠤᠷᠭᠠᠯᠲᠠ ᠪᠣᠯᠤᠨ ᠦᠢᠯᠡᠳᠦᠯᠭᠡ ᠶᠢ ᠵᠢᠯᠣᠭᠤᠳᠬᠤ ᠵᠥᠪᠯᠡᠯ ᠤᠨ ᠲᠤᠰᠬᠠᠢ ᠮᠡᠷᠭᠡᠵᠢᠯᠲᠡᠨ ᠤ | ᠣᠶᠤᠨ ᠤ ᠬᠥᠮᠥᠷᠭᠡ ᠶᠢᠨ ᠬᠥᠲᠥᠯᠥᠨ ᠳᠠᠭᠠᠭᠤᠯᠬᠤ᠂ ᠳᠠᠶᠢᠴᠢᠯᠠᠬᠤ ᠪᠠ ᠨᠥᠯᠥᠭᠡᠯᠡᠬᠦ ᠦᠢᠯᠡᠳᠦᠯ ᠳᠤ ᠲᠦᠰᠢᠭᠯᠡᠨ᠂ | ᠡᠯ᠎ᠡ ᠱᠠᠲᠤᠨ ᠤ ᠤᠷᠠᠯᠢᠭ ᠤᠨ ᠲᠥᠷᠥᠯ ᠤᠨ ᠪᠠᠭᠰᠢ ᠪᠣᠯᠤᠨ ᠵᠢᠭᠠᠬᠤ ᠶᠢ ᠰᠤᠳᠤᠯᠤᠭᠴᠢᠳ ᠤᠨ ᠭᠤᠸ᠎ᠠ ᠰᠠᠶᠢᠬᠠᠨ ᠤ | ᠬᠥᠮᠦᠵᠢᠯ ᠤᠨ ᠬᠡᠪ ᠪᠣᠯᠪᠠᠰᠤᠷᠠᠯ᠂ ᠵᠢᠭᠠᠬᠤ ᠶᠢ ᠰᠤᠳᠤᠯᠬᠤ ᠪᠠ ᠦᠢᠯᠡᠳᠦᠯᠭᠡᠵᠢᠭᠦᠯᠬᠦ ᠴᠢᠳᠠᠪᠤᠷᠢ ᠶᠢ | ᠳᠡᠭᠡᠭᠰᠢᠯᠡᠭᠦᠯᠬᠦ ᠶᠢ ᠠᠬᠢᠭᠤᠯᠤᠨ᠎ᠠ᠃ ᠭᠤᠸ᠎ᠠ ᠰᠠᠶᠢᠬᠠᠨ ᠤ ᠬᠥᠮᠦᠵᠢᠯ ᠤᠨ ᠰᠢᠯᠢᠳᠡᠭ ᠪᠠᠭᠰᠢ ᠶᠢᠨ ᠰᠢᠯᠢᠳᠡᠭ | ᠬᠢᠴᠢᠶᠡᠯ ᠢ ᠰᠢᠭᠤᠳ ᠨᠡᠪᠲᠡᠷᠡᠭᠦᠯᠬᠦ᠂ ᠦᠵᠡᠭᠦᠯᠦᠨ ᠨᠡᠪᠲᠡᠷᠡᠭᠦᠯᠬᠦ ᠶᠢ ᠳᠡᠮᠵᠢᠨ᠎ᠡ᠃ ᠵᠢᠯ ᠪᠦᠷᠢ ᠬᠡᠰᠡᠭ ᠪᠦᠯᠦᠭ | ᠭᠤᠸ᠎ᠠ ᠰᠠᠶᠢᠬᠠᠨ ᠤ ᠬᠥᠮᠦᠵᠢᠯ ᠤᠨ ᠰᠢᠯᠢᠳᠡᠭ ᠬᠡᠷᠡᠭ ᠤᠨ ᠵᠢᠱᠢᠶ᠎ᠡ ᠶᠢ ᠰᠣᠩᠭᠤᠵᠤ᠂ ᠭᠤᠸ᠎ᠠ ᠰᠠᠶᠢᠬᠠᠨ ᠤ | ᠬᠥᠮᠦᠵᠢᠯ ᠤᠨ ᠡᠷᠳᠡᠮ ᠰᠢᠨᠵᠢᠯᠡᠭᠡᠨ ᠤ ᠲᠥᠷᠥᠯ ᠵᠦᠢᠯ ᠤᠨ ᠦᠷ᠎ᠡ ᠪᠦᠲᠦᠭᠡᠯ ᠢ ᠪᠤᠶᠢᠵᠢᠭᠤᠯᠬᠤ ᠪᠠ | ᠳᠡᠯᠭᠡᠷᠡᠭᠦᠯᠬᠦ ᠶᠢ ᠴᠢᠩᠭᠠᠷᠠᠭᠤᠯᠤᠨ᠎ᠠ᠃ | 5. ᠤᠷᠠᠯᠢᠭ ᠤᠨ ᠰᠢᠨᠵᠢᠯᠡᠭᠡᠨ ᠤ ᠰᠠᠯᠠᠭᠠᠨ ᠤ ᠪᠠᠭᠰᠢ ᠶᠢᠨ ᠡᠩᠨᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ | ᠴᠢᠩᠭᠠᠳᠬᠠᠨ᠎ᠠ᠃ ᠭᠤᠸ᠎ᠠ ᠰᠠᠶᠢᠬᠠᠨ ᠤ ᠬᠥᠮᠦᠵᠢᠯ ᠤᠨ ᠨᠡᠷᠡᠲᠦ ᠪᠠᠭᠰᠢ ᠰᠤᠷᠤᠯᠭ᠎ᠠ ᠶᠢᠨ ᠱᠠᠲᠤ ᠠᠯᠤᠰᠯᠠᠨ᠂ | ᠰᠢᠨᠵᠢᠯᠡᠭᠡᠨ ᠤ ᠰᠠᠯᠠᠭ᠎ᠠ ᠠᠯᠤᠰᠯᠠᠨ᠂ ᠣᠷᠣᠨ ᠪᠦᠰᠡ ᠠᠯᠤᠰᠯᠠᠨ ᠨᠢᠭᠡ ᠴᠣᠭᠴᠠᠵᠢᠭᠤᠯᠬᠤ ᠰᠣᠯᠢᠯᠴᠠᠭ᠎ᠠ ᠪᠠ | ᠰᠤᠳᠤᠯᠤᠨ ᠰᠤᠷᠤᠯᠴᠠᠯᠭ᠎ᠠ ᠬᠢᠬᠦ ᠠᠬᠢᠭᠤᠯᠤᠨ᠎ᠠ᠃ ᠤᠳᠬ᠎ᠠ ᠤᠷᠠᠯᠢᠭ ᠤᠨ ᠠᠵᠢᠯᠲᠠᠨ᠂ ᠪᠣᠳᠠᠰ ᠤᠨ ᠪᠤᠰᠤ | ᠰᠣᠶᠣᠯ ᠤᠨ ᠥᠪ ᠤᠨ ᠤᠯᠠᠮᠵᠢᠯᠠᠭᠴᠢ ᠵᠢᠴᠢ ᠤᠷᠠᠯᠢᠭ ᠤᠨ ᠲᠤᠰᠬᠠᠢ ᠮᠡᠷᠭᠡᠵᠢᠯ ᠤᠨ ᠤᠶᠤᠲᠠᠳ ᠭᠤᠸ᠎ᠠ | ᠰᠠᠶᠢᠬᠠᠨ ᠤ ᠬᠥᠮᠦᠵᠢᠯ ᠤᠨ ᠪᠠᠭᠰᠢ ᠶᠢᠨ ᠲᠤᠰᠢᠶᠠᠯ ᠢ ᠬᠠᠪᠰᠤᠷᠭᠠᠨ ᠡᠭᠦᠷᠭᠡᠯᠡᠵᠦ᠂ ᠪᠠᠭᠰᠢ ᠬᠦᠷᠦᠯᠴᠡᠬᠦ ᠦᠭᠡᠢ | ᠪᠠᠶᠢᠳᠠᠯ ᠢ ᠨᠥᠬᠦᠪᠥᠷᠢᠯᠡᠬᠦ ᠶᠢ ᠵᠣᠷᠢᠭᠵᠢᠭᠤᠯᠤᠨ᠎ᠠ᠃ ᠭᠤᠸ᠎ᠠ ᠰᠠᠶᠢᠬᠠᠨ ᠤ ᠬᠥᠮᠦᠵᠢᠯ ᠤᠨ ᠪᠠᠭᠰᠢ ᠶᠢᠨ ᠤᠷ᠎ᠠ | ᠴᠢᠳᠠᠪᠤᠷᠢ ᠶᠢᠨ ᠤᠷᠤᠯᠳᠤᠭᠠᠨ᠂ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠦᠵᠡᠭᠦᠯᠭᠡ ᠵᠢᠴᠢ | ᠦᠨᠳᠦᠰᠦᠨ ᠴᠢᠳᠠᠪᠤᠷᠢ ᠶᠢᠨ ᠦᠵᠡᠭᠦᠯᠭᠡ ᠵᠡᠷᠭᠡ ᠠᠵᠢᠯᠯᠠᠭ᠎ᠠ ᠶᠢ ᠲᠣᠭᠲᠠᠮᠠᠯ ᠬᠤᠭᠤᠴᠠᠭ᠎ᠠ ᠲᠠᠢ | ᠥᠷᠨᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠭᠤᠸ᠎ᠠ ᠰᠠᠶᠢᠬᠠᠨ ᠤ ᠬᠥᠮᠦᠵᠢᠯ ᠤᠨ ᠨᠡᠷᠡᠲᠦ ᠪᠠᠭᠰᠢ ᠶᠢᠨ | ᠠᠵᠢᠯ ᠤᠨ ᠭᠠᠵᠠᠷ ᠤᠨ ᠪᠤᠶᠢᠵᠢᠭᠤᠯᠬᠤ᠂ ᠨᠥᠯᠥᠭᠡᠯᠡᠬᠦ ᠦᠢᠯᠡᠳᠦᠯ ᠢ ᠪᠠᠳᠠᠷᠠᠭᠤᠯᠵᠤ᠂ ᠬᠡᠰᠡᠭ ᠪᠦᠯᠦᠭ ᠭᠤᠸ᠎ᠠ | ᠰᠠᠶᠢᠬᠠᠨ ᠤ ᠬᠥᠮᠦᠵᠢᠯ ᠤᠨ ᠨᠡᠷᠡᠲᠦ ᠪᠠᠭᠰᠢ ᠪᠠ ᠭᠤᠸ᠎ᠠ ᠰᠠᠶᠢᠬᠠᠨ ᠤ ᠬᠥᠮᠦᠵᠢᠯ ᠤᠨ ᠭᠤᠣᠯᠯᠠᠭᠴᠢ ᠪᠠᠭᠰᠢ ᠶᠢ | ᠬᠥᠮᠦᠵᠢᠭᠦᠯᠦᠨ᠎ᠡ᠃ | 6. ᠰᠤᠷᠭᠠᠨ ᠬᠥᠮᠦᠵᠢᠯ ᠤᠨ ᠠᠵᠢᠯᠲᠠᠳ ᠤᠨ ᠭᠤᠸ᠎ᠠ ᠰᠠᠶᠢᠬᠠᠨ ᠤ ᠬᠥᠮᠦᠵᠢᠯ ᠤᠨ ᠬᠡᠪ ᠪᠣᠯᠪᠠᠰᠤᠷᠠᠯ ᠢ | ᠳᠡᠭᠡᠭᠰᠢᠯᠡᠭᠦᠯᠬᠦ ᠶᠢ ᠠᠬᠢᠭᠤᠯᠤᠨ᠎ᠠ᠃ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠺᠠᠳ᠋ᠷ᠂ ᠰᠤᠷᠭᠠᠭᠤᠯᠢ ᠶᠢᠨ | ᠤᠳᠤᠷᠢᠳᠤᠯᠭ᠎ᠠ ᠪᠠ ᠪᠠᠭᠰᠢ ᠶᠢᠨ ᠭᠤᠸ᠎ᠠ ᠰᠠᠶᠢᠬᠠᠨ ᠤ ᠬᠥᠮᠦᠵᠢᠯ ᠢᠶᠠᠷ ᠬᠥᠮᠦᠨ ᠬᠥᠮᠦᠵᠢᠭᠦᠯᠬᠦ ᠴᠢᠳᠠᠮᠵᠢ ᠶᠢᠨ | ᠲᠤᠬᠠᠢ ᠲᠠᠨᠢᠯᠲᠠ ᠶᠢ ᠴᠢᠩᠭᠠᠳᠬᠠᠵᠤ᠂ ᠭᠤᠸ᠎ᠠ ᠰᠠᠶᠢᠬᠠᠨ ᠤ ᠬᠥᠮᠦᠵᠢᠯ ᠤᠨ ᠲᠥᠷᠥ ᠶᠢᠨ ᠪᠣᠳᠣᠯᠭ᠎ᠠ ᠶᠢᠨ | ᠲᠠᠶᠢᠯᠤᠮᠵᠢ ᠶᠢ ᠲᠣᠭᠲᠠᠮᠠᠯ ᠬᠤᠭᠤᠴᠠᠭ᠎ᠠ ᠲᠠᠢ ᠪᠣᠯᠪᠠᠰᠤᠷᠠᠭᠤᠯᠬᠤ ᠠᠭᠤᠯᠭ᠎ᠠ ᠳᠤ ᠣᠷᠣᠭᠤᠯᠵᠤ᠂ ᠪᠦᠬᠦ ᠠᠵᠢᠯᠲᠠᠨ ᠤ | ᠭᠤᠸ᠎ᠠ ᠰᠠᠶᠢᠬᠠᠨ ᠤ ᠬᠥᠮᠦᠵᠢᠯ ᠤᠨ ᠬᠡᠪ ᠪᠣᠯᠪᠠᠰᠤᠷᠠᠯ ᠢ ᠪᠦᠬᠦᠯᠢ ᠴᠣᠭᠴᠠ ᠪᠠᠷ ᠳᠡᠭᠡᠭᠰᠢᠯᠡᠭᠦᠯᠬᠦ ᠶᠢ | ᠠᠬᠢᠭᠤᠯᠤᠨ᠎ᠠ᠃ ᠪᠠᠭᠰᠢ ᠶᠢ ᠡᠬᠢᠨ ᠠᠴᠠ ᠨᠢ ᠬᠥᠮᠦᠵᠢᠭᠦᠯᠬᠦ ᠶᠢ ᠰᠠᠶᠢᠲᠤᠷ ᠠᠳᠬᠤᠵᠤ᠂ ᠭᠤᠸ᠎ᠠ ᠰᠠᠶᠢᠬᠠᠨ ᠤ | ᠬᠥᠮᠦᠵᠢᠯ ᠤᠨ ᠬᠢᠴᠢᠶᠡᠯ ᠢ ᠪᠠᠭᠰᠢ ᠶᠢᠨ ᠲᠥᠷᠥᠯ ᠤᠨ ᠲᠤᠰᠬᠠᠢ ᠮᠡᠷᠭᠡᠵᠢᠯ ᠤᠨ ᠬᠥᠮᠦᠨ ᠨᠡᠶᠢᠭᠡᠮ ᠰᠣᠶᠣᠯ ᠤᠨ | ᠬᠢᠴᠢᠶᠡᠯ ᠳᠤ ᠣᠷᠣᠭᠤᠯᠤᠨ᠎ᠠ᠃ ᠠᠵᠢᠯ ᠤᠨ ᠪᠠᠶᠢᠷᠢ ᠳᠤ ᠪᠠᠶᠢᠭ᠎ᠠ ᠪᠠᠭᠰᠢ ᠶᠢᠨ ︽ᠰᠢᠨᠵᠢᠯᠡᠭᠡᠨ ᠤ ᠰᠠᠯᠠᠭᠠᠨ ᠤ | ᠰᠤᠷᠭᠠᠨ ᠬᠥᠮᠦᠵᠢᠯ + ᠭᠤᠸ᠎ᠠ ᠰᠠᠶᠢᠬᠠᠨ ᠤ ᠬᠥᠮᠦᠵᠢᠯ︾ ᠤᠨ ᠵᠢᠭᠠᠨ ᠰᠤᠷᠭᠠᠯᠲᠠ ᠶᠢᠨ ᠣᠨᠣᠯᠵᠢᠬᠤᠨ ᠢ ᠪᠣᠢ | ᠪᠣᠯᠭᠠᠬᠤ ᠶᠢ ᠠᠬᠢᠭᠤᠯᠵᠤ᠂ ᠭᠤᠸ᠎ᠠ ᠰᠠᠶᠢᠬᠠᠨ ᠤ ᠬᠥᠮᠦᠵᠢᠯ ᠤᠨ ᠬᠡᠪ ᠪᠣᠯᠪᠠᠰᠤᠷᠠᠯ ᠤᠨ ᠬᠤᠯᠪᠣᠭᠳᠠᠯ ᠪᠦᠬᠦᠢ | ᠠᠭᠤᠯᠭ᠎ᠠ ᠶᠢ ᠰᠢᠨ᠎ᠡ ᠪᠠᠷ ᠠᠵᠢᠯ ᠳᠤ ᠣᠷᠣᠬᠤ ᠪᠠᠭᠰᠢ ᠶᠢᠨ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ | ᠪᠣᠯᠪᠠᠰᠤᠷᠠᠯ ᠤᠨ ᠵᠠᠪᠠᠯ ᠰᠤᠷᠬᠤ ᠠᠭᠤᠯᠭ᠎ᠠ ᠳᠤ ᠣᠷᠣᠭᠤᠯᠤᠨ᠎ᠠ᠃ | ︵ᠭᠤᠷᠪᠠ︶ ᠤᠷᠠᠯᠢᠭ ᠤᠨ ᠦᠢᠯᠡᠳᠦᠯᠭᠡ ᠶᠢᠨ ᠠᠵᠢᠯᠯᠠᠭ᠎ᠠ ᠶᠢ ᠲᠦᠭᠡᠮᠡᠯᠵᠢᠭᠦᠯᠬᠦ ᠠᠵᠢᠯᠯᠠᠭ᠎ᠠ | 7. ᠶᠡᠭᠡ ᠳᠡᠭᠡᠳᠦ ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ ᠶᠢ ᠨᠢᠭᠡ ᠴᠣᠭᠴᠠᠵᠢᠭᠤᠯᠬᠤ ᠤᠷᠠᠯᠢᠭ ᠤᠨ | ᠦᠵᠡᠭᠦᠯᠭᠡ ᠶᠢᠨ ᠲᠣᠭᠲᠠᠴᠠ ᠶᠢ ᠲᠡᠭᠦᠯᠳᠡᠷᠵᠢᠭᠦᠯᠦᠨ᠎ᠡ᠃ ᠬᠥᠮᠦᠨ ᠪᠣᠯᠭᠠᠨ ᠳᠤ ᠬᠠᠨᠳᠤᠭᠤᠯᠤᠭᠰᠠᠨ | ᠰᠤᠷᠭᠠᠭᠤᠯᠢ ᠶᠢᠨ ᠤᠷᠠᠯᠢᠭ ᠤᠨ ᠦᠵᠡᠭᠦᠯᠭᠡ ᠶᠢᠨ ᠲᠣᠭᠯᠠᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠠᠩᠭᠢ᠂ | ᠣᠨ᠂ ᠳᠡᠭᠡᠳᠦ ᠰᠤᠷᠭᠠᠭᠤᠯᠢ ᠰᠠᠯᠪᠤᠷᠢ᠂ ᠰᠤᠷᠭᠠᠭᠤᠯᠢ ᠶᠢᠨ ᠳᠡᠰ ᠤᠨ ᠵᠡᠷᠭᠡ ᠤᠷᠠᠯᠢᠭ ᠤᠨ ᠦᠢᠯᠡᠳᠦᠯᠭᠡ ᠶᠢᠨ | ᠠᠵᠢᠯᠯᠠᠭ᠎ᠠ ᠶᠢ ᠥᠷᠭᠡᠨ ᠢᠶᠠᠷ ᠥᠷᠨᠢᠭᠦᠯᠦᠨ᠎ᠡ᠃ ᠡᠯ᠎ᠡ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ | ᠰᠠᠯᠠᠭ᠎ᠠ ᠮᠥᠴᠢᠷ ᠤᠨ ᠬᠢᠨ ᠵᠢᠯ ᠪᠦᠷᠢ ᠰᠤᠷᠤᠭᠴᠢᠳ ᠤᠨ ᠤᠷᠠᠯᠢᠭ ᠤᠨ ᠦᠵᠡᠭᠦᠯᠭᠡ ᠶᠢᠨ ᠲᠣᠭᠯᠠᠯᠲᠠ ᠶᠢᠨ | ᠠᠵᠢᠯᠯᠠᠭ᠎ᠠ ᠶᠢ ᠡᠷᠬᠢᠯᠡᠵᠦ᠂ ᠶᠡᠭᠡ ᠳᠡᠭᠡᠳᠦ ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ ᠶᠢ ᠭᠤᠯᠳᠤ ᠪᠠᠷ | ᠨᠡᠪᠲᠡᠷᠡᠭᠦᠯᠦᠭᠰᠡᠨ᠂ ᠡᠯ᠎ᠡ ᠱᠠᠲᠤᠨ ᠤ ᠡᠯ᠎ᠡ ᠲᠥᠷᠥᠯ ᠤᠨ ᠦᠵᠡᠭᠦᠯᠭᠡ ᠶᠢᠨ ᠲᠣᠭᠯᠠᠯᠲᠠ ᠶᠢ ᠬᠥᠨᠳᠡᠯᠡᠨ ᠢᠶᠠᠷ | ᠵᠣᠯᠭᠠᠭᠤᠯᠤᠭᠰᠠᠨ᠂ ᠰᠦᠯᠵᠢᠶᠡᠨ ᠳᠠᠬᠢ ᠪᠠ ᠰᠦᠯᠵᠢᠶᠡᠨ ᠭᠠᠳᠠᠨᠠᠬᠢ ᠶ᠋᠊ ᠤᠶᠠᠯᠳᠤᠭᠤᠯᠤᠨ ᠨᠢᠭᠡ ᠴᠣᠭᠴᠠᠵᠢᠭᠤᠯᠤᠭᠰᠠᠨ | ᠰᠤᠷᠤᠭᠴᠢᠳ ᠤᠨ ᠤᠷᠠᠯᠢᠭ ᠤᠨ ᠦᠵᠡᠭᠦᠯᠭᠡ ᠶᠢᠨ ᠲᠣᠭᠲᠠᠴᠠ ᠶᠢ ᠪᠠᠶᠢᠭᠤᠯᠵᠤ᠂ ᠪᠠᠭᠰᠢ ᠪᠠ ᠰᠤᠷᠤᠭᠴᠢᠳ ᠪᠦᠬᠦ | ᠤᠯᠤᠰ ᠤᠨ ᠶᠡᠭᠡ ᠳᠡᠭᠡᠳᠦ ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ ᠶᠢᠨ ᠤᠷᠠᠯᠢᠭ ᠤᠨ ᠦᠵᠡᠭᠦᠯᠭᠡ ᠶᠢᠨ | ᠲᠣᠭᠯᠠᠯᠲᠠ ᠳᠤ ᠢᠳᠡᠪᠬᠢᠲᠡᠢ ᠣᠷᠣᠯᠴᠠᠬᠤ ᠶᠢ ᠵᠣᠷᠢᠭᠵᠢᠭᠤᠯᠵᠤ᠂ ︽ᠵᠠᠯᠠᠭᠤ ᠨᠠᠰᠤᠨ ᠳᠤ ᠪᠠᠨ ᠬᠤᠷᠠᠨ ᠴᠤᠭᠯᠠᠷᠠᠵᠤ | ᠤᠮᠠᠷᠠᠲᠤ ᠬᠢᠯᠢ ᠪᠠᠨ ᠮᠠᠭᠲᠠᠨ ᠳᠠᠭᠤᠯᠠᠬᠤ︾ ᠰᠤᠷᠭᠠᠭᠤᠯᠢ ᠶᠢᠨ ᠬᠦᠷᠢᠶᠡᠨ ᠤ ᠳᠠᠭᠤᠴᠢᠨ ᠤ ᠤᠷᠤᠯᠳᠤᠭᠠᠨ ᠵᠡᠷᠭᠡ | ᠠᠯᠢ ᠣᠯᠠᠨ ᠨᠡᠷᠡᠲᠦ ᠲᠡᠮᠳᠡᠭᠲᠦ ᠶᠢᠨ ᠤᠷᠠᠯᠢᠭ ᠤᠨ ᠦᠢᠯᠡᠳᠦᠯᠭᠡ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ | ᠰᠢᠯᠢᠳᠡᠭ ᠠᠮᠵᠢᠯᠲᠠ ᠣᠯᠤᠭᠰᠠᠨ ᠰᠤᠷᠭᠠᠭᠤᠯᠢ ᠪᠠ ᠬᠤᠪᠢ ᠬᠥᠮᠦᠨ ᠢ ᠱᠠᠩᠨᠠᠨ ᠬᠥᠬᠢᠭᠦᠯᠵᠦ᠂ ᠠᠵᠢᠯᠯᠠᠭᠠᠨ ᠤ | ᠬᠠᠮᠤᠷᠬᠤ ᠬᠡᠪᠴᠢᠶ᠎ᠡ ᠶᠢ ᠲᠠᠰᠤᠷᠠᠯᠲᠠ ᠦᠭᠡᠢ ᠥᠷᠭᠡᠳᠬᠡᠨ᠂ ᠣᠷᠣᠯᠴᠠᠬᠤ ᠬᠡᠮᠵᠢᠶ᠎ᠡ ᠪᠠ ᠳᠡᠯᠭᠡᠨ ᠦᠵᠡᠭᠦᠯᠬᠦ ᠬᠢᠷᠢ | ᠲᠦᠪᠰᠢᠨ ᠢ ᠳᠡᠭᠡᠭᠰᠢᠯᠡᠭᠦᠯᠦᠨ᠎ᠡ᠃ | 8. ᠡᠷᠬᠢᠮᠰᠦᠭ ᠤᠷᠠᠯᠢᠭ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠵᠤ ᠨᠥᠯᠥᠭᠡᠯᠡᠬᠦ ᠬᠦᠴᠦᠨ ᠢ ᠨᠢ | ᠥᠷᠭᠡᠳᠬᠡᠨ᠎ᠡ᠃ ᠣᠯᠠᠨ ᠤᠯᠤᠰ᠂ ᠮᠤᠵᠢ ᠶᠢᠨ ᠬᠤᠭᠤᠷᠣᠨᠳᠣᠬᠢ᠂ ᠠᠶᠢᠮᠠᠭ ᠬᠤᠲᠠ ᠶᠢᠨ ᠬᠤᠭᠤᠷᠣᠨᠳᠣᠬᠢ ᠵᠢᠴᠢ | ᠶᠡᠭᠡ ᠳᠡᠭᠡᠳᠦ ᠰᠤᠷᠭᠠᠭᠤᠯᠢ ᠶᠢᠨ ᠬᠤᠭᠤᠷᠣᠨᠳᠣᠬᠢ ᠭᠤᠸ᠎ᠠ ᠰᠠᠶᠢᠬᠠᠨ ᠤ ᠬᠥᠮᠦᠵᠢᠯ ᠤᠨ ᠠᠵᠢᠯᠯᠠᠭ᠎ᠠ ᠶᠢᠨ | ᠰᠣᠯᠢᠯᠴᠠᠭᠠᠨ ᠤ ᠦᠵᠡᠭᠦᠯᠭᠡ ᠶᠢ ᠠᠬᠢᠭᠤᠯᠤᠨ᠎ᠠ᠃ ᠤᠯᠤᠰ ᠤᠨ ᠳᠡᠰ ᠤᠨ ᠤᠷᠠᠯᠢᠭ ᠤᠨ ᠬᠦᠷᠢᠶᠡᠯᠡᠩ ᠪᠦᠯᠬᠦᠮ | ᠪᠣᠯᠤᠨ ᠰᠢᠯᠢᠳᠡᠭ ᠣᠷᠣᠨ ᠨᠤᠲᠤᠭ ᠤᠨ ᠤᠷᠠᠯᠢᠭ ᠤᠨ ᠬᠦᠷᠢᠶᠡᠯᠡᠩ ᠪᠦᠯᠬᠦᠮ ᠰᠤᠷᠭᠠᠭᠤᠯᠢ ᠳᠤ ᠭᠦᠨᠵᠡᠭᠡᠶᠢᠷᠡᠨ | ᠡᠷᠬᠢᠮᠰᠦᠭ ᠤᠷᠠᠯᠢᠭ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠥᠷᠨᠢᠭᠦᠯᠬᠦ ᠶᠢ ᠦᠷᠭᠦᠯᠵᠢᠯᠡᠨ | ᠠᠬᠢᠭᠤᠯᠤᠨ᠎ᠠ᠃ ᠰᠤᠷᠭᠠᠭᠤᠯᠢ ᠶᠢᠨ ᠥᠨᠳᠥᠷ ᠬᠢᠷᠢ ᠲᠦᠪᠰᠢᠨ ᠪᠦᠬᠦᠢ ᠤᠷᠠᠯᠢᠭ ᠤᠨ ᠪᠦᠯᠬᠦᠮ ᠤᠨ | ᠪᠠᠶᠢᠭᠤᠯᠤᠯᠲᠠ ᠶᠢ ᠴᠢᠩᠭᠠᠳᠬᠠᠵᠤ᠂ ᠴᠢᠨᠠᠷᠯᠢᠭ ᠮᠥᠷᠲᠡᠭᠡᠨ ᠰᠢᠯᠢᠳᠡᠭ ᠰᠤᠷᠤᠭᠴᠢ ᠶᠢᠨ ᠤᠷᠠᠯᠢᠭ ᠤᠨ ᠪᠦᠯᠬᠦᠮ᠂ | ᠵᠦᠴᠦᠭᠡ᠂ ᠪᠦᠲᠦᠭᠡᠯ ᠢ ᠤᠯᠤᠰ ᠤᠨ ᠳᠣᠲᠣᠭᠠᠳᠤ᠂ ᠣᠯᠠᠨ ᠤᠯᠤᠰ ᠯᠤᠭ᠎ᠠ ᠶᠢᠨ ᠰᠣᠯᠢᠯᠴᠠᠭ᠎ᠠ᠂ ᠦᠵᠡᠭᠦᠯᠭᠡ ᠶᠢᠨ | ᠲᠣᠭᠯᠠᠯᠲᠠ ᠶᠢᠨ ᠠᠵᠢᠯᠯᠠᠭ᠎ᠠ ᠳᠤ ᠣᠷᠣᠯᠴᠠᠭᠤᠯᠵᠤ᠂ ᠨᠡᠩ ᠣᠯᠠᠨ ᠰᠤᠷᠤᠭᠴᠢ ᠳᠤ ᠳᠡᠷᠭᠡᠳᠡᠬᠢ ᠡᠷᠬᠢᠮᠰᠦᠭ ᠰᠣᠶᠣᠯ | ᠤᠷᠠᠯᠢᠭ ᠢ ᠮᠡᠳᠡᠷᠡᠭᠦᠯᠦᠨ᠎ᠡ᠃ | ︵ᠳᠥᠷᠪᠡ︶ ᠰᠤᠷᠭᠠᠭᠤᠯᠢ ᠶᠢᠨ ᠬᠦᠷᠢᠶᠡᠨ ᠳᠤ ᠭᠤᠸ᠎ᠠ ᠰᠠᠶᠢᠬᠠᠨ ᠤ ᠰᠣᠶᠣᠯ ᠢ ᠪᠣᠢ ᠪᠣᠯᠭᠠᠬᠤ ᠠᠵᠢᠯᠯᠠᠭ᠎ᠠ | 9. ᠰᠤᠷᠭᠠᠭᠤᠯᠢ ᠶᠢᠨ ᠬᠦᠷᠢᠶᠡᠨ ᠳᠤ ᠭᠤᠸ᠎ᠠ ᠰᠠᠶᠢᠬᠠᠨ ᠤ ᠬᠥᠮᠦᠵᠢᠯ ᠤᠨ ᠰᠣᠶᠣᠯ ᠤᠨ ᠰᠠᠶᠢᠨ ᠰᠠᠶᠢᠬᠠᠨ | ᠠᠭᠤᠷ ᠠᠮᠢᠰᠬᠤᠯ ᠢ ᠪᠤᠢ ᠪᠣᠯᠭᠠᠨ᠎ᠠ᠃ ᠰᠤᠷᠭᠠᠭᠤᠯᠢ ᠶᠢᠨ ᠬᠤᠩᠭᠢᠯ᠂ ᠠᠭᠤᠳᠠᠮ ᠲᠠᠯᠠᠪᠠᠢ᠂ ᠴᠣᠩᠬᠤᠷᠤᠭ᠂ | ᠴᠡᠴᠡᠷᠯᠢᠭ ᠵᠡᠷᠭᠡ ᠣᠷᠣᠨ ᠵᠠᠢ ᠶᠢ ᠥᠷᠭᠡᠳᠬᠡᠵᠦ᠂ ᠰᠤᠷᠤᠭᠴᠢᠳ ᠲᠤ ᠬᠡᠵᠢᠶ᠎ᠡ ᠴᠤ ᠭᠡᠰᠡᠨ᠂ ᠬᠠᠮᠢᠭ᠎ᠠ ᠴᠤ ᠭᠡᠰᠡᠨ | ᠭᠤᠸ᠎ᠠ ᠰᠠᠶᠢᠬᠠᠨ ᠢ ᠮᠡᠳᠡᠷᠡᠭᠦᠯᠦᠨ᠎ᠡ᠃ ᠰᠤᠷᠭᠠᠭᠤᠯᠢ ᠶᠢᠨ ᠬᠦᠷᠢᠶᠡᠨ ᠤ ᠤᠷᠠᠯᠢᠭ ᠤᠨ ᠦᠢᠯᠡᠳᠦᠯᠭᠡ ᠶᠢᠨ | ᠦᠢᠯᠡᠳᠬᠡᠯ ᠤᠨ ᠭᠠᠵᠠᠷ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠡᠯ᠎ᠡ ᠱᠠᠲᠤᠨ ᠤ ᠡᠯ᠎ᠡ ᠲᠥᠷᠥᠯ ᠤᠨ | ᠰᠤᠷᠭᠠᠭᠤᠯᠢ ᠥᠷᠭᠡᠨ ᠳᠡᠯᠭᠡᠷ ᠣᠷᠣᠯᠴᠠᠭᠰᠠᠨ᠂ ᠢᠯᠡ ᠲᠣᠳᠣ ᠣᠨᠴᠠᠯᠢᠭ ᠲᠠᠢ ᠰᠤᠷᠭᠠᠭᠤᠯᠢ ᠶᠢᠨ ᠬᠦᠷᠢᠶᠡᠨ ᠤ | ᠨᠡᠷᠡᠲᠦ ᠲᠡᠮᠳᠡᠭᠲᠦ ᠪᠣᠯᠬᠤ ᠰᠤᠷᠤᠭᠴᠢᠳ ᠤᠨ ᠤᠷᠠᠯᠢᠭ ᠤᠨ ᠪᠦᠯᠬᠦᠮ ᠢ ᠵᠣᠬᠢᠶᠠᠨ ᠪᠠᠶᠢᠭᠤᠯᠵᠤ᠂ ︽ᠣᠶᠤᠲᠠᠨ ᠤ | ᠤᠯᠠᠭᠠᠨᠮᠥ᠋ᠴᠢᠷ︾ ᠵᠡᠷᠭᠡ ᠤᠷᠠᠯᠢᠭ ᠤᠨ ᠦᠢᠯᠡᠳᠦᠯᠭᠡ ᠶᠢᠨ ᠨᠡᠶᠢᠭᠡᠮ ᠤᠨ ᠪᠦᠯᠬᠦᠮ ᠤᠨ ᠠᠵᠢᠯᠯᠠᠭ᠎ᠠ ᠶᠢ | ᠲᠦᠭᠡᠮᠡᠯᠵᠢᠭᠦᠯᠬᠦ ᠪᠠ ᠤᠬᠠᠭᠤᠯᠬᠤ ᠶᠢ ᠢᠳᠡᠪᠬᠢᠲᠡᠢ ᠠᠬᠢᠭᠤᠯᠵᠤ᠂ ︽ᠰᠤᠷᠭᠠᠭᠤᠯᠢ ᠪᠣᠯᠭᠠᠨ ᠳᠤ ᠨᠡᠶᠢᠭᠡᠮ ᠤᠨ | ᠪᠦᠯᠬᠦᠮ ᠲᠠᠢ᠂ ᠬᠥᠮᠦᠨ ᠪᠦᠬᠦᠨ ᠨᠡᠶᠢᠭᠡᠮ ᠤᠨ ᠪᠥᠯᠬᠦᠮ ᠳᠤ ᠣᠷᠣᠯᠴᠠᠬᠤ︾ ᠬᠥᠮᠦᠨ ᠬᠥᠮᠦᠵᠢᠭᠦᠯᠬᠦ ᠬᠠᠨᠳᠤᠰᠢ ᠶᠢ | ᠪᠡᠶᠡᠯᠡᠭᠦᠯᠵᠦ᠂ ᠰᠤᠷᠤᠭᠴᠢᠳ ᠲᠤ ᠨᠡᠶᠢᠭᠡᠮ ᠤᠨ ᠪᠦᠯᠬᠦᠮ ᠤᠨ ᠠᠵᠢᠯᠯᠠᠭ᠎ᠠ ᠪᠠᠷ ᠳᠠᠮᠵᠢᠭᠤᠯᠤᠨ ᠤᠷᠠᠯᠢᠭ ᠤᠨ ᠭᠤᠸ᠎ᠠ | ᠰᠠᠶᠢᠬᠠᠨ ᠢ ᠮᠡᠳᠡᠷᠡᠭᠦᠯᠵᠦ᠂ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢ ᠬᠥᠲᠥᠯᠥᠨ ᠳᠠᠶᠢᠴᠢᠯᠠᠵᠤ | ᠳᠡᠭᠡᠳᠦ ᠡᠷᠬᠢᠮᠰᠦᠭ᠂ ᠭᠤᠶᠣ ᠰᠠᠶᠢᠬᠠᠨ᠂ ᠪᠥᠷᠢᠨ ᠲᠡᠭᠦᠯᠳᠡᠷ ᠰᠤᠷᠭᠠᠭᠤᠯᠢ ᠶᠢᠨ ᠬᠦᠷᠢᠶᠡᠨ ᠤ ᠰᠣᠶᠣᠯ ᠢ ᠪᠣᠢ | ᠪᠣᠯᠭᠠᠨ᠎ᠠ᠃ | 10. ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠬᠤ ᠶᠢ | ᠴᠢᠩᠭᠠᠳᠬᠠᠨ᠎ᠠ᠃ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠪᠠ ᠪᠣᠳᠠᠰ ᠤᠨ ᠪᠤᠰᠤ ᠰᠣᠶᠣᠯ ᠤᠨ ᠥᠪ ᠤᠨ | ᠰᠣᠶᠣᠯ ᠤᠨ ᠭᠤᠸ᠎ᠠ ᠰᠠᠶᠢᠬᠠᠨ ᠤ ᠬᠥᠮᠦᠵᠢᠯ ᠤᠨ ᠡᠬᠢ ᠪᠠᠶᠠᠯᠢᠭ ᠢ ᠭᠦᠢᠴᠡᠳ ᠢᠯᠡᠷᠡᠭᠦᠯᠵᠦ᠂ ᠴᠠᠭ ᠦᠶ᠎ᠡ ᠳᠤ | ᠵᠣᠬᠢᠴᠠᠭᠰᠠᠨ ᠠᠮᠢᠳᠤᠷᠠᠯ ᠳᠤ ᠦᠨᠳᠦᠰᠦᠯᠡᠵᠦ᠂ ᠭᠤᠸ᠎ᠠ ᠰᠠᠶᠢᠬᠠᠨ ᠤ ᠬᠥᠮᠦᠵᠢᠯ ᠤᠨ ᠣᠨᠴᠠᠯᠢᠭ ᠢ ᠵᠢᠷᠤᠮᠯᠠᠨ᠂ | ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠪᠠ ᠤᠷᠠᠯᠢᠭ ᠤᠨ ᠦᠢᠯᠡᠳᠦᠯᠭᠡ ᠵᠢᠴᠢ ᠪᠡᠶᠡᠴᠢᠯᠡᠨ | ᠣᠶᠢᠯᠠᠭᠠᠯᠲᠠ ᠳᠤ ᠠᠭᠤᠰᠬᠠᠨ᠎ᠠ᠃ ᠳᠤᠮᠳᠠᠳᠤ ᠶᠢᠨ ᠤᠯᠠᠮᠵᠢᠯᠠᠯᠲᠤ ᠰᠢᠯᠢᠳᠡᠭ ᠰᠣᠶᠣᠯ ᠢ ᠤᠯᠠᠮᠵᠢᠯᠠᠨ ᠵᠠᠯᠭᠠᠮᠵᠢᠯᠠᠬᠤ | ᠰᠤᠷᠭᠠᠭᠤᠯᠢ᠂ ᠰᠠᠭᠤᠷᠢᠨ ᠭᠠᠵᠠᠷ ᠢ ᠢᠳᠡᠪᠬᠢᠲᠡᠢ ᠪᠤᠶᠢᠵᠢᠭᠤᠯᠵᠤ᠂ ᠬᠡᠰᠡᠭ ᠪᠦᠯᠦᠭ ᠨᠡᠶᠢᠲᠡᠯᠢᠭ ᠬᠡᠷᠡᠭ ᠤᠨ | ᠵᠢᠱᠢᠶ᠎ᠡ ᠶᠢ ᠭᠠᠷᠭᠠᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠦᠲᠦᠭᠡᠯᠴᠢ ᠪᠠᠷ ᠤᠯᠠᠷᠢᠭᠤᠯᠬᠤ᠂ | ᠰᠢᠨ᠎ᠡ ᠶᠢ ᠡᠭᠦᠳᠬᠦ ᠴᠢᠨᠠᠷᠲᠠᠢ ᠪᠠᠷ ᠬᠥᠭᠵᠢᠭᠦᠯᠬᠦ ᠶᠢ ᠠᠬᠢᠭᠤᠯᠤᠨ᠎ᠠ᠃ ᠡᠯ᠎ᠡ ᠭᠠᠵᠠᠷ ᠤᠨ ᠡᠯ᠎ᠡ ᠰᠤᠷᠭᠠᠭᠤᠯᠢ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ᠂ ᠲᠤᠰ ᠭᠠᠵᠠᠷ ᠣᠷᠣᠨ᠂ ᠰᠤᠷᠭᠠᠭᠤᠯᠢ ᠶᠢᠨ ᠳᠣᠲᠤᠨ᠎ᠠ ᠭᠠᠳᠠᠨᠠᠬᠢ ᠡᠬᠢ | ᠪᠠᠶᠠᠯᠢᠭ ᠢ ᠭᠦᠨᠵᠡᠭᠡᠢ ᠢᠯᠡᠷᠡᠭᠦᠯᠵᠦ᠂ ᠪᠣᠳᠠᠰ ᠤᠨ ᠪᠤᠰᠤ ᠰᠣᠶᠣᠯ ᠤᠨ ᠥᠪ ᠤᠨ ᠭᠤᠣᠯ ᠰᠡᠳᠦᠪᠲᠦ ᠬᠢᠴᠢᠶᠡᠯ | ᠪᠣᠯᠤᠨ ᠦᠢᠯᠡᠳᠦᠯᠭᠡ ᠶᠢᠨ ᠠᠵᠢᠯᠯᠠᠭ᠎ᠠ ᠶᠢ ᠢᠳᠡᠪᠬᠢᠲᠡᠢ ᠨᠡᠭᠡᠭᠡᠨ ᠬᠥᠭᠵᠢᠭᠦᠯᠵᠦ᠂ ᠰᠤᠷᠤᠭᠴᠢᠳ ᠨᠡᠶᠢᠭᠡᠮ ᠤᠨ | ᠪᠦᠯᠬᠦᠮ ᠤᠨ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠵᠠᠯᠭᠠᠮᠵᠢᠯᠠᠬᠤ ᠳᠤ ᠣᠷᠣᠯᠴᠠᠬᠤ ᠶᠢ | ᠵᠣᠷᠢᠭᠵᠢᠭᠤᠯᠤᠨ ᠳᠡᠮᠵᠢᠵᠦ᠂ ᠰᠤᠷᠤᠭᠴᠢᠳ ᠤᠨ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠷᠠᠯᠢᠭ ᠪᠣᠯᠤᠨ | ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠨ ᠤᠯᠠᠮᠵᠢᠯᠠᠬᠤ ᠦᠵᠡᠯ ᠤᠬᠠᠮᠰᠠᠷ ᠢ ᠬᠥᠮᠥᠵᠢᠭᠦᠯᠦᠨ᠎ᠡ᠃ | ︵ᠲᠠᠪᠤ︶ ᠭᠤᠸ᠎ᠠ ᠰᠠᠶᠢᠬᠠᠨ ᠤ ᠬᠥᠮᠦᠵᠢᠯ ᠢ ᠦᠨᠡᠯᠡᠬᠦ ᠲᠣᠭᠲᠠᠴᠠ ᠶᠢ ᠰᠢᠯᠢᠳᠡᠭᠵᠢᠭᠦᠯᠬᠦ ᠠᠵᠢᠯᠯᠠᠭ᠎ᠠ | 11. ᠳᠤᠮᠳᠠᠳᠤ ᠪᠠᠭ᠎ᠠ ᠰᠤᠷᠭᠠᠭᠤᠯᠢ ᠶᠢᠨ ᠤᠷᠠᠯᠢᠭ ᠤᠨ ᠦᠨᠡᠯᠡᠯᠲᠡ ᠶᠢᠨ ᠥᠭᠡᠷᠡᠴᠢᠯᠡᠯᠲᠡ ᠶᠢ | ᠠᠬᠢᠭᠤᠯᠤᠨ᠎ᠠ᠃ ᠤᠷᠠᠯᠢᠭ ᠤᠨ ᠦᠨᠡᠯᠡᠯᠲᠡ ᠶᠢᠨ ᠳᠦᠷᠢᠮ ᠢ ᠲᠡᠭᠦᠯᠳᠡᠷᠵᠢᠭᠦᠯᠵᠦ᠂ ᠦᠨᠡᠯᠡᠬᠦ ᠤᠳᠤᠷᠢᠳᠤᠮᠵᠢ ᠶᠢᠨ | ᠦᠢᠯᠡᠳᠦᠯ ᠢ ᠭᠦᠢᠴᠡᠳ ᠪᠠᠳᠠᠷᠠᠭᠤᠯᠤᠨ᠂ ᠰᠤᠷᠤᠭᠴᠢᠳ ᠤᠨ ᠦᠰᠦᠨ ᠪᠤᠶᠢᠵᠢᠯᠲᠠ ᠶᠢ ᠠᠩᠬᠠᠷᠴᠤ᠂ | ᠰᠤᠷᠤᠭᠴᠢᠳ ᠤᠨ ᠳᠤᠷ᠎ᠠ ᠰᠣᠨᠢᠷᠬᠠᠯ ᠪᠠ ᠥᠪᠡᠷᠮᠢᠴᠡ ᠣᠨᠴᠠᠯᠢᠭ ᠢ ᠬᠦᠨᠳᠦᠳᠬᠡᠨ ᠬᠠᠮᠠᠭᠠᠯᠠᠬᠤ ᠪᠠᠷ ᠭᠤᠣᠯᠳᠠᠯᠭ᠎ᠠ | ᠪᠣᠯᠭᠠᠨ᠎ᠠ᠃ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠤᠷᠠᠯᠢᠭ ᠤᠨ ᠬᠡᠪ ᠴᠢᠨᠠᠷ ᠢ ᠬᠢᠨᠠᠨ | ᠲᠣᠭᠲᠠᠭᠠᠬᠤ ᠠᠵᠢᠯ ᠢ ᠢᠳᠡᠪᠬᠢᠲᠡᠢ ᠠᠬᠢᠭᠤᠯᠵᠤ᠂ ᠶᠠᠪᠤᠴᠠ ᠶᠢᠨ ᠦᠨᠡᠯᠡᠯᠲᠡ ᠪᠣᠯᠤᠨ ᠦᠷ᠎ᠡ ᠳ᠋ᠦᠩ ᠤᠨ | ᠦᠨᠡᠯᠡᠯᠲᠡ ᠶᠢ ᠬᠠᠷᠢᠯᠴᠠᠨ ᠤᠶᠠᠯᠳᠤᠭᠤᠯᠬᠤ ᠶᠢ ᠴᠢᠬᠤᠯᠠᠴᠢᠯᠠᠨ᠂ ᠬᠢᠨᠠᠨ ᠲᠣᠭᠲᠠᠭᠠᠭᠰᠠᠨ ᠦᠷ᠎ᠡ ᠳ᠋ᠦᠩ ᠢ ᠠᠩᠬ᠎ᠠ | ᠵᠡᠷᠭᠡ ᠶᠢᠨ ᠳᠤᠮᠳᠠᠳᠤ ᠰᠤᠷᠭᠠᠭᠤᠯᠢ᠂ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ | ᠶᠡᠷᠦᠩᠬᠡᠶᠢᠯᠡᠭᠰᠡᠨ ᠬᠡᠪ ᠴᠢᠨᠠᠷ ᠤᠨ ᠦᠨᠡᠯᠡᠯᠲᠡ ᠳᠤ ᠣᠷᠣᠭᠤᠯᠵᠤ᠂ ᠭᠤᠸ᠎ᠠ ᠰᠠᠶᠢᠬᠠᠨ ᠤ ᠬᠥᠮᠦᠵᠢᠯ ᠤᠨ | ᠦᠨᠡᠯᠡᠯᠲᠡ ᠶᠢᠨ ᠤᠳᠤᠷᠢᠳᠤᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ | 12. ᠶᠡᠭᠡ ᠳᠡᠭᠡᠳᠦ ᠰᠤᠷᠭᠠᠭᠤᠯᠢ ᠶᠢᠨ ᠣᠯᠠᠨ ᠨᠡᠶᠢᠲᠡ ᠶᠢᠨ ᠤᠷᠠᠯᠢᠭ ᠤᠨ ᠬᠢᠴᠢᠶᠡᠯ ᠢ ᠦᠨᠡᠯᠡᠨ ᠵᠢᠱᠢᠬᠦ | ᠲᠣᠭᠲᠠᠴᠠ ᠶᠢ ᠲᠡᠭᠦᠯᠳᠡᠷᠵᠢᠭᠦᠯᠦᠨ᠎ᠡ᠃ ᠶᠡᠭᠡ ᠳᠡᠭᠡᠳᠦ ᠰᠤᠷᠭᠠᠭᠤᠯᠢ ᠶᠢᠨ ᠣᠯᠠᠨ ᠨᠡᠶᠢᠲᠡ ᠶᠢᠨ ᠤᠷᠠᠯᠢᠭ ᠤᠨ | ᠬᠢᠴᠢᠶᠡᠯ ᠢ ᠴᠢᠳᠠᠪᠤᠷᠢᠲᠠᠨ ᠬᠥᠮᠦᠵᠢᠭᠦᠯᠬᠦ ᠲᠥᠰᠦᠯ ᠳᠤ ᠣᠷᠣᠭᠤᠯᠬᠤ ᠦᠨᠳᠦᠰᠦᠨ ᠱᠠᠭᠠᠷᠳᠠᠯᠭ᠎ᠠ ᠶᠢ | ᠨᠠᠶᠢᠳᠠᠪᠤᠷᠢᠵᠢᠭᠤᠯᠵᠤ᠂ ᠭᠤᠸ᠎ᠠ ᠰᠠᠶᠢᠬᠠᠨ ᠤ ᠬᠡᠪ ᠪᠣᠯᠪᠠᠰᠤᠷᠠᠯ ᠪᠠ ᠰᠢᠨ᠎ᠡ ᠶᠢ ᠡᠭᠦᠳᠬᠦ ᠤᠬᠠᠮᠰᠠᠷ ᠢ ᠬᠥᠮᠦᠵᠢᠭᠦᠯᠬᠦ | ᠪᠠ ᠦᠨᠡᠯᠡᠬᠦ ᠶᠢ ᠴᠢᠩᠭᠠᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠭᠤᠸ᠎ᠠ | ᠰᠠᠶᠢᠬᠠᠨ ᠤ ᠬᠥᠮᠦᠵᠢᠯ ᠤᠨ ᠠᠵᠢᠯ ᠢ ᠦᠨᠡᠯᠡᠨ ᠵᠢᠱᠢᠬᠦ ᠪᠠᠷᠢᠮᠵᠢᠶᠠᠵᠢᠭᠤᠯᠤᠭᠰᠠᠨ ᠭᠦᠢᠴᠡᠳᠬᠡᠯ ᠲᠣᠭᠠᠨ ᠤ | ᠲᠣᠭᠲᠠᠯᠴᠠᠭ᠎ᠠ ᠶᠢ ᠪᠠᠶᠢᠭᠤᠯᠵᠤ᠂ ᠶᠡᠭᠡ ᠳᠡᠭᠡᠳᠦ ᠰᠤᠷᠭᠠᠭᠤᠯᠢ ᠶᠢᠨ ᠣᠯᠠᠨ ᠨᠡᠶᠢᠲᠡ ᠶᠢᠨ ᠤᠷᠠᠯᠢᠭ ᠤᠨ ᠬᠢᠴᠢᠶᠡᠯ ᠢ | ᠨᠡᠭᠡᠭᠡᠭᠰᠡᠨ ᠪᠠᠶᠢᠳᠠᠯ ᠢ ᠪᠠᠶᠢᠴᠠᠭᠠᠨ ᠰᠣᠳᠤᠯᠵᠤ᠂ ᠬᠢᠨᠠᠨ ᠵᠢᠯᠣᠭᠤᠳᠬᠤ ᠪᠠ ᠰᠢᠯᠭᠠᠨ ᠦᠨᠡᠯᠡᠬᠦ ᠠᠵᠢᠯ ᠢ | ᠶᠠᠪᠤᠭᠳᠠᠭᠤᠯᠤᠨ᠎ᠠ᠃ | 13. ᠭᠤᠸ᠎ᠠ ᠰᠠᠶᠢᠬᠠᠨ ᠤ ᠬᠥᠮᠦᠵᠢᠯ ᠤᠨ ᠪᠠᠭᠰᠢ ᠶᠢ ᠦᠨᠡᠯᠡᠬᠦ ᠲᠣᠭᠲᠠᠴᠠ ᠶᠢ | ᠲᠡᠭᠦᠯᠳᠡᠷᠵᠢᠭᠦᠯᠦᠨ᠎ᠡ᠃ ᠪᠠᠭᠰᠢ ᠶᠢᠨ ᠮᠣᠷᠠᠯ ᠰᠤᠷᠲᠠᠯ ᠢ ᠭᠤᠸ᠎ᠠ ᠰᠠᠶᠢᠬᠠᠨ ᠤ ᠬᠥᠮᠦᠵᠢᠯ ᠤᠨ ᠪᠠᠭᠰᠢ ᠶᠢ ᠦᠨᠡᠯᠡᠬᠦ | ᠨᠢᠭᠡᠳᠦᠭᠡᠷ ᠪᠠᠷᠢᠮᠵᠢᠶ᠎ᠠ ᠪᠣᠯᠭᠠᠵᠤ᠂ ᠵᠢᠭᠠᠨ ᠰᠤᠷᠭᠠᠯᠲᠠ ᠶᠢᠨ ᠴᠢᠨᠠᠷ ᠴᠢᠨᠰᠠᠭ᠎ᠠ ᠶᠢ ᠦᠨᠡᠯᠡᠬᠦ ᠴᠢᠬᠤᠯᠠ ᠦᠨᠳᠦᠰᠦᠯᠡᠯ | ᠪᠣᠯᠭᠠᠨ᠂ ᠬᠥᠮᠦᠨ ᠬᠥᠮᠦᠵᠢᠭᠦᠯᠦᠭᠰᠡᠨ ᠦᠷ᠎ᠡ ᠪᠦᠲᠦᠮᠵᠢ ᠶᠢ ᠦᠨᠡᠯᠡᠵᠦ ᠬᠢᠨᠠᠨ ᠪᠠᠶᠢᠴᠠᠭᠠᠬᠤ ᠦᠷ᠎ᠡ ᠳ᠋ᠦᠩ | ᠪᠣᠯᠭᠠᠵᠤ᠂ ᠤᠷᠠᠯᠢᠭ ᠤᠨ ᠰᠢᠨᠵᠢᠯᠡᠭᠡᠨ ᠤ ᠰᠠᠯᠠᠭᠠᠨ ᠤ ᠪᠠᠭᠰᠢ ᠶᠢᠨ ᠬᠡᠪ ᠴᠢᠨᠠᠷ ᠪᠠ ᠴᠢᠳᠠᠪᠤᠷᠢ ᠶᠢ ᠬᠢᠨᠠᠨ | ᠪᠠᠶᠢᠴᠠᠭᠠᠬᠤ ᠠᠵᠢᠯ ᠢ ᠥᠷᠨᠢᠭᠦᠯᠦᠨ᠎ᠡ᠃ ᠤᠷᠠᠯᠢᠭ ᠤᠨ ᠪᠠᠭᠰᠢ ᠶᠢᠨ ᠠᠵᠢᠯ ᠤᠨ ᠬᠢᠷᠢ ᠪᠦᠲᠦᠮᠵᠢ ᠶᠢᠨ ᠴᠠᠯᠢᠩ᠂ | ᠰᠢᠯᠭᠠᠨ ᠬᠢᠨᠠᠵᠤ ᠦᠨᠡᠯᠡᠬᠦ ᠲᠣᠭᠲᠠᠴᠠ ᠪᠠ ᠮᠡᠷᠭᠡᠵᠢᠯ ᠤᠨ ᠴᠣᠯᠠ ᠲᠣᠭᠲᠠᠭᠠᠵᠤ ᠤᠷᠢᠬᠤ ᠪᠠᠷᠢᠮᠵᠢᠶ᠎ᠠ ᠶᠢ | ᠰᠢᠯᠢᠳᠡᠭᠵᠢᠭᠦᠯᠬᠦ ᠶᠢᠨ ᠬᠠᠮᠲᠤ ᠲᠡᠭᠦᠯᠳᠡᠷᠵᠢᠭᠦᠯᠵᠦ᠂ ᠭᠤᠸ᠎ᠠ ᠰᠠᠶᠢᠬᠠᠨ ᠤ ᠬᠥᠮᠦᠵᠢᠯ ᠤᠨ ᠪᠠᠭᠰᠢ ᠶᠢᠨ | ᠲᠤᠰᠢᠶᠠᠯ ᠤᠨ ᠮᠡᠷᠭᠡᠵᠢᠯ ᠤᠨ ᠴᠣᠯᠠ ᠶᠢ ᠳᠡᠪᠰᠢᠭᠦᠯᠬᠦ᠂ ᠵᠢᠭᠠᠨ ᠰᠤᠷᠭᠠᠯᠲᠠ ᠡᠷᠳᠡᠮ ᠰᠢᠨᠵᠢᠯᠡᠭᠡᠨ ᠤ ᠦᠷ᠎ᠡ | ᠪᠦᠲᠦᠭᠡᠯ ᠢ ᠦᠨᠡᠯᠡᠨ ᠲᠣᠭᠲᠠᠭᠠᠬᠤ ᠵᠡᠷᠭᠡ ᠲᠠᠯ᠎ᠠ ᠪᠠᠷ ᠪᠤᠰᠤᠳ ᠰᠢᠨᠵᠢᠯᠡᠭᠡᠨ ᠤ ᠰᠠᠯᠠᠭᠠᠨ ᠤ ᠪᠠᠭᠰᠢ ᠲᠠᠢ ᠠᠳᠠᠯᠢ | ᠲᠡᠭᠰᠢ ᠬᠠᠷᠠᠭᠠᠯᠵᠠᠯ ᠬᠦᠷᠲᠡᠬᠦ ᠶᠢ ᠦᠨᠡᠨ ᠬᠦ ᠪᠠᠲᠤᠯᠠᠨ᠎ᠠ᠃ ᠭᠤᠸ᠎ᠠ ᠰᠠᠶᠢᠬᠠᠨ ᠤ ᠬᠥᠮᠦᠵᠢᠯ ᠤᠨ ᠪᠠᠭᠰᠢ | ᠰᠤᠷᠭᠠᠭᠤᠯᠢ ᠠᠴᠠ ᠲᠣᠬᠢᠷᠠᠭᠤᠯᠤᠭᠰᠠᠨ ᠤᠷᠠᠯᠢᠭ ᠤᠨ ᠨᠡᠶᠢᠭᠡᠮ ᠤᠨ ᠪᠦᠯᠬᠦᠮ ᠤᠨ ᠵᠢᠯᠣᠭᠤᠳᠤᠯᠭ᠎ᠠ᠂ ᠬᠢᠴᠢᠶᠡᠯ ᠤᠨ | ᠭᠠᠳᠠᠨᠠᠬᠢ ᠠᠵᠢᠯᠯᠠᠭ᠎ᠠ᠂ ᠬᠢᠴᠢᠶᠡᠯ ᠤᠨ ᠳᠠᠷᠠᠭᠠᠬᠢ ᠦᠢᠯᠡᠴᠢᠯᠡᠭᠡ ᠪᠠ ᠶᠠᠪᠤᠵᠤ ᠪᠠᠭᠰᠢᠯᠠᠬᠤ ᠵᠢᠴᠢ ᠰᠤᠷᠭᠠᠨ | ᠬᠥᠮᠦᠵᠢᠯ ᠢ ᠳᠡᠮᠵᠢᠬᠦ ᠶᠢ ᠡᠭᠦᠷᠭᠡᠯᠡᠵᠦ ᠪᠠᠶᠢᠭ᠎ᠠ ᠪᠠᠶᠢᠳᠠᠯ ᠢ ᠠᠵᠢᠯ ᠤᠨ ᠬᠡᠮᠵᠢᠶ᠎ᠡ ᠳᠤ ᠪᠣᠳᠣᠵᠤ | ᠣᠷᠣᠭᠤᠯᠤᠨ᠎ᠠ᠃ ᠵᠢᠭᠠᠬᠤ ᠶᠢ ᠰᠤᠳᠤᠯᠬᠤ ᠠᠵᠢᠯ ᠤᠨ ᠰᠢᠨᠵᠢ ᠴᠢᠨᠠᠷ ᠪᠠ ᠣᠨᠴᠠᠯᠢᠭ ᠢ ᠦᠨᠳᠦᠰᠦᠯᠡᠨ ᠭᠤᠸ᠎ᠠ | ᠰᠠᠶᠢᠬᠠᠨ ᠤ ᠬᠥᠮᠦᠵᠢᠯ ᠤᠨ ᠵᠢᠭᠠᠬᠤ ᠶᠢ ᠰᠤᠳᠤᠯᠤᠭᠴᠢ ᠶᠢ ᠦᠨᠡᠯᠡᠬᠦ ᠠᠷᠭ᠎ᠠ ᠶᠢ ᠲᠡᠭᠦᠯᠳᠡᠷᠵᠢᠭᠦᠯᠦᠨ᠎ᠡ᠃ | ︵ᠵᠢᠷᠭᠤᠭ᠎ᠠ︶ ᠬᠥᠳᠡᠭᠡ ᠲᠣᠰᠬᠤᠨ ᠤ ᠭᠤᠸ᠎ᠠ ᠰᠠᠶᠢᠬᠠᠨ ᠤ ᠬᠥᠮᠦᠵᠢᠯ ᠤᠨ ᠴᠢᠨᠠᠷ ᠴᠢᠨᠰᠠᠭ᠎ᠠ ᠶᠢ | ᠳᠡᠭᠡᠭᠰᠢᠯᠡᠭᠦᠯᠦᠨ ᠬᠥᠭᠵᠢᠭᠦᠯᠬᠦ ᠠᠵᠢᠯᠯᠠᠭ᠎ᠠ | 14. ᠭᠤᠸ᠎ᠠ ᠰᠠᠶᠢᠬᠠᠨ ᠤ ᠬᠥᠮᠦᠵᠢᠯ ᠤᠨ ᠪᠠᠭᠰᠢ ᠬᠠᠮᠲᠤ ᠳᠤ ᠪᠠᠨ ᠬᠤᠪᠢᠶᠠᠯᠴᠠᠨ ᠡᠳ᠋ᠯᠡᠬᠦ ᠲᠣᠭᠲᠠᠴᠠ ᠶᠢ | ᠰᠦᠪᠡᠭᠴᠢᠯᠡᠨ ᠪᠠᠶᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠠᠴᠠ ᠵᠢᠭᠠᠨ ᠵᠢᠯᠣᠭᠤᠳᠬᠤ᠂ ᠠᠶᠢᠮᠠᠭ ᠬᠤᠲᠠ | ᠨᠢᠭᠡᠳᠦᠯᠲᠡᠢ ᠲᠥᠯᠥᠪᠯᠡᠬᠦ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠰᠢᠯᠢᠳᠡᠭ ᠭᠤᠸ᠎ᠠ ᠰᠠᠶᠢᠬᠠᠨ ᠤ | ᠬᠥᠮᠦᠵᠢᠯ ᠤᠨ ᠪᠠᠭᠰᠢ ᠶᠢᠨ ᠰᠢᠯᠵᠢᠮᠡᠯ ᠬᠢᠴᠢᠶᠡᠯ ᠣᠷᠣᠬᠤ ᠪᠤᠶᠤ ᠲᠤᠰᠢᠶᠠᠯ ᠬᠠᠪᠰᠤᠷᠭᠠᠭᠰᠠᠨ ᠠᠵᠢᠯ ᠤᠨ | ᠲᠣᠭᠲᠠᠴᠠ ᠶᠢ ᠰᠦᠪᠡᠭᠴᠢᠯᠡᠵᠦ᠂ ᠭᠤᠸ᠎ᠠ ᠰᠠᠶᠢᠬᠠᠨ ᠤ ᠬᠥᠮᠦᠵᠢᠯ ᠤᠨ ᠡᠬᠢ ᠪᠠᠶᠠᠯᠢᠭ ᠢ ᠬᠠᠮᠲᠤ ᠳᠤ ᠪᠠᠨ | ᠬᠤᠪᠢᠶᠠᠯᠴᠠᠨ ᠡᠳ᠋ᠯᠡᠬᠦ ᠶᠢ ᠠᠬᠢᠭᠤᠯᠤᠨ᠎ᠠ᠃ ︽ᠪᠡᠭᠡᠵᠢᠩ ᠥᠪᠥᠷ ᠮᠣᠩᠭᠤᠯ ᠤᠨ ᠰᠤᠷᠭᠠᠨ ᠬᠥᠮᠦᠵᠢᠯ ᠤᠨ | ᠬᠠᠮᠵᠢᠯᠴᠠᠭ᠎ᠠ︾ ᠶᠢᠨ ᠲᠣᠭᠲᠠᠴᠠ ᠳᠤ ᠲᠦᠰᠢᠭᠯᠡᠨ᠂ ᠬᠤᠰᠢᠭᠤ ᠰᠢᠶᠠᠨ ︵ᠬᠤᠲᠠ᠂ ᠲᠣᠭᠤᠷᠢᠭ︶᠂ ᠬᠥᠳᠡᠭᠡ | ᠲᠣᠰᠬᠤᠨ ᠤ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠪᠠᠭᠰᠢ ᠶᠢ ᠲᠤᠰᠬᠠᠢ ᠵᠦᠢᠯ ᠢᠶᠠᠷ ᠬᠠᠪᠰᠤᠷᠤᠨ | ᠲᠡᠳᠬᠦᠬᠦ ᠪᠣᠯᠪᠠᠰᠤᠷᠠᠭᠤᠯᠤᠯ ᠢ ᠥᠷᠨᠢᠭᠦᠯᠵᠦ᠂ ᠬᠥᠳᠡᠭᠡ ᠲᠣᠰᠬᠤᠨ ᠤ ᠰᠤᠷᠭᠠᠭᠤᠯᠢ ᠶᠢᠨ ᠡᠯ᠎ᠡ ᠬᠢᠴᠢᠶᠡᠯ | ᠲᠥᠷᠥᠯ ᠤᠨ ᠠᠵᠢᠯ ᠶᠢᠨ ᠪᠠᠶᠢᠷᠢ ᠳᠤ ᠪᠠᠶᠢᠭ᠎ᠠ ᠪᠠᠭᠰᠢ ᠳᠤ ᠭᠤᠸ᠎ᠠ ᠰᠠᠶᠢᠬᠠᠨ ᠤ ᠬᠥᠮᠦᠵᠢᠯ ᠤᠨ ᠪᠣᠯᠪᠠᠰᠤᠷᠠᠭᠤᠯᠤᠯ | ᠥᠷᠨᠢᠭᠦᠯᠬᠦ ᠶᠢ ᠵᠣᠷᠢᠭᠵᠢᠭᠤᠯᠤᠨ᠂ ᠭᠤᠸ᠎ᠠ ᠰᠠᠶᠢᠬᠠᠨ ᠤ ᠬᠥᠮᠦᠵᠢᠯ ᠤᠨ ᠵᠢᠭᠠᠨ ᠰᠤᠷᠭᠠᠯᠲᠠ ᠪᠣᠯᠤᠨ ᠠᠵᠢᠯᠯᠠᠭ᠎ᠠ ᠶᠢ | ᠵᠢᠯᠣᠭᠤᠳᠬᠤ ᠶᠢ ᠡᠭᠦᠷᠭᠡᠯᠡᠵᠦ ᠳᠡᠶᠢᠯᠬᠦᠶᠢᠴᠡ ᠲᠤᠰᠢᠶᠠᠯ ᠬᠠᠪᠰᠤᠷᠭᠠᠭᠰᠠᠨ ᠭᠤᠸ᠎ᠠ ᠰᠠᠶᠢᠬᠠᠨ ᠤ ᠬᠥᠮᠦᠵᠢᠯ ᠤᠨ | ᠪᠠᠭᠰᠢ ᠶᠢ ᠬᠥᠮᠦᠵᠢᠭᠦᠯᠦᠨ᠎ᠡ᠃ ᠵᠢᠭᠠᠨ ᠰᠤᠷᠭᠠᠯᠲᠠ ᠶᠢᠨ ᠦᠢᠯᠡᠳᠦᠯᠭᠡ ᠶᠢᠨ ᠰᠣᠯᠢᠯᠴᠠᠭᠠᠨ ᠤ ᠠᠵᠢᠯᠯᠠᠭ᠎ᠠ ᠶᠢ | ᠲᠣᠭᠲᠠᠮᠠᠯ ᠬᠤᠭᠤᠴᠠᠭ᠎ᠠ ᠲᠠᠢ ᠥᠷᠨᠢᠭᠦᠯᠵᠦ᠂ ᠬᠥᠳᠡᠭᠡ ᠲᠣᠰᠬᠤᠨ ᠤ ᠰᠤᠷᠭᠠᠭᠤᠯᠢ ᠶᠢᠨ ᠭᠤᠸ᠎ᠠ ᠰᠠᠶᠢᠬᠠᠨ ᠤ | ᠬᠥᠮᠦᠵᠢᠯ ᠤᠨ ᠵᠢᠭᠠᠨ ᠰᠤᠷᠭᠠᠯᠲᠠ ᠶᠢᠨ ᠦᠢᠯᠡᠳᠦᠯᠭᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | 15. ᠶᠡᠭᠡ ᠳᠡᠭᠡᠳᠦ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠢ ᠬᠠᠪᠰᠤᠷᠤᠨ ᠲᠡᠳᠬᠦᠬᠦ | ᠠᠵᠢᠯᠯᠠᠭ᠎ᠠ ᠶᠢ ᠠᠬᠢᠭᠤᠯᠤᠨ᠎ᠠ᠃ ᠣᠷᠣᠨ ᠤ ᠳᠣᠲᠤᠨ᠎ᠠ ᠭᠠᠳᠠᠨᠠᠬᠢ ᠶᠡᠭᠡ ᠳᠡᠭᠡᠳᠦ ᠰᠤᠷᠭᠠᠭᠤᠯᠢ ᠪᠣᠯᠤᠨ ᠠᠶᠢᠮᠠᠭ | ᠬᠤᠲᠠ ᠬᠤᠰᠢᠭᠤ ᠰᠢᠶᠠᠨ ︵ᠬᠤᠲᠠ᠂ ᠲᠣᠭᠤᠷᠢᠭ︶᠂ ᠰᠢᠶᠠᠩ ᠲᠣᠰᠬᠤᠨ ᠤ ᠳᠤᠮᠳᠠᠳᠤ ᠪᠠᠭ᠎ᠠ | ᠰᠤᠷᠭᠠᠭᠤᠯᠢ ᠯᠤᠭ᠎ᠠ ︽ᠭᠠᠷ ᠬᠤᠯᠪᠣᠵᠤ᠂ ᠬᠤᠷᠰᠢᠶᠠᠯᠠᠬᠤ︾ ᠰᠣᠯᠢᠯᠴᠠᠬᠤ ᠪᠠ ᠬᠠᠪᠰᠤᠷᠤᠨ ᠲᠡᠳᠬᠦᠬᠦ | ᠲᠣᠭᠲᠠᠴᠠ ᠶᠢ ᠪᠠᠶᠢᠭᠤᠯᠤᠨ᠎ᠠ᠃ ᠥᠪᠥᠷ ᠮᠣᠩᠭᠤᠯ ᠤᠨ ᠭᠤᠸ᠎ᠠ ᠰᠠᠶᠢᠬᠠᠨ ᠤ ᠬᠥᠮᠦᠵᠢᠯ ᠤᠨ ᠪᠣᠯᠪᠠᠰᠤᠷᠠᠯ ᠤᠨ | ᠯᠧᠺᠲ᠋ᠣᠷ ᠤᠨ ᠪᠦᠯᠬᠦᠮ ᠢ ᠵᠣᠬᠢᠶᠠᠨ ᠪᠠᠶᠢᠭᠤᠯᠵᠤ᠂ ᠨᠡᠩ ᠣᠯᠠᠨ ᠶᠡᠭᠡ ᠳᠡᠭᠡᠳᠦ ᠰᠤᠷᠭᠠᠭᠤᠯᠢ ᠶᠢᠨ ᠪᠠᠭᠰᠢ | ᠰᠤᠷᠤᠭᠴᠢᠳ ᠢ ᠬᠤᠰᠢᠭᠤ ᠰᠢᠶᠠᠨ ︵ᠬᠤᠲᠠ᠂ ᠲᠣᠭᠤᠷᠢᠭ︶ ᠪᠠ ᠬᠥᠳᠡᠭᠡ ᠲᠣᠰᠬᠤᠨ ᠤ ᠰᠤᠷᠭᠠᠭᠤᠯᠢ ᠳᠤ | ᠣᠴᠢᠭᠤᠯᠵᠤ᠂ ᠭᠤᠸ᠎ᠠ ᠰᠠᠶᠢᠬᠠᠨ ᠤ ᠬᠥᠮᠦᠵᠢᠯ ᠤᠨ ᠬᠢᠴᠢᠶᠡᠯ ᠤᠨ ᠵᠢᠭᠠᠨ ᠰᠤᠷᠭᠠᠯᠲᠠ᠂ ᠪᠠᠭᠰᠢ ᠶᠢᠨ ᠡᠩᠨᠡᠭᠡᠨ ᠤ | ᠪᠠᠶᠢᠭᠤᠯᠤᠯᠲᠠ᠂ ᠤᠷᠠᠯᠢᠭ ᠤᠨ ᠦᠢᠯᠡᠳᠦᠯᠭᠡ ᠶᠢᠨ ᠠᠵᠢᠯᠯᠠᠭ᠎ᠠ᠂ ᠰᠤᠷᠭᠠᠭᠤᠯᠢ ᠶᠢᠨ ᠬᠦᠷᠢᠶᠡᠨ ᠤ ᠰᠣᠶᠣᠯ ᠤᠨ | ᠪᠠᠶᠢᠭᠤᠯᠤᠯᠲᠠ ᠵᠡᠷᠭᠡ ᠲᠠᠯ᠎ᠠ ᠪᠠᠷ ᠨᠢᠭᠡᠳᠦᠯᠲᠡᠢ ᠲᠥᠯᠥᠪᠯᠡᠨ ᠬᠠᠪᠰᠤᠷᠤᠨ ᠲᠡᠳᠬᠦᠵᠦ᠂ ᠦᠷᠭᠦᠯᠵᠢᠯᠡᠨ ᠲᠣᠭᠲᠠᠭᠤᠨ | ᠪᠥᠭᠡᠳ ᠬᠠᠨᠳᠤᠯᠭ᠎ᠠ ᠲᠠᠢ ᠨᠥᠯᠥᠭᠡᠯᠡᠨ ᠳᠠᠶᠢᠴᠢᠯᠠᠬᠤ ᠪᠠ ᠰᠠᠶᠢᠨ ᠳᠤᠷ᠎ᠠ ᠶᠢᠨ ᠦᠢᠯᠡᠴᠢᠯᠡᠭᠡ ᠬᠠᠩᠭᠠᠵᠤ᠂ ᠬᠥᠳᠡᠭᠡ | ᠲᠣᠰᠬᠤᠨ ᠤ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠬᠥᠭᠵᠢᠯᠲᠡ ᠳᠤ ᠬᠦᠴᠦᠨ ᠨᠡᠮᠡᠷᠢᠯᠡᠨ᠎ᠡ᠃ | ︵ᠳᠤᠯᠤᠭ᠎ᠠ︶ ᠭᠤᠸ᠎ᠠ ᠰᠠᠶᠢᠬᠠᠨ ᠤ ᠬᠥᠮᠦᠵᠢᠯ ᠤᠨ ᠣᠶᠤᠨᠴᠢ ᠰᠤᠷᠭᠠᠨ ᠬᠥᠮᠦᠵᠢᠯ ᠤᠨ ᠡᠨᠧᠷᠭᠢ | ᠣᠯᠭᠤᠬᠤ ᠠᠵᠢᠯᠯᠠᠭ᠎ᠠ | 16. ᠣᠶᠤᠨᠴᠢ ᠰᠤᠷᠭᠠᠨ ᠬᠥᠮᠦᠵᠢᠯ ᠨᠢ ᠭᠤᠸ᠎ᠠ ᠰᠠᠶᠢᠬᠠᠨ ᠤ ᠬᠥᠮᠦᠵᠢᠯ ᠳᠤ ᠡᠨᠧᠷᠭᠢ | ᠣᠯᠭᠤᠨ᠎ᠠ᠃ ᠲᠣᠭᠠᠵᠢᠭᠰᠠᠨ ᠮᠡᠷᠭᠡᠵᠢᠯ ᠢᠶᠠᠷ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠳᠤ ᠡᠨᠧᠷᠭᠢ | ᠣᠯᠭᠤᠵᠤ᠂ ᠵᠢᠭᠠᠨ ᠰᠤᠷᠭᠠᠯᠲᠠ ᠶᠢᠨ ᠠᠭᠤᠯᠭ᠎ᠠ ᠶᠢ ᠠᠮᠢᠳᠤᠯᠢᠭᠵᠢᠭᠤᠯᠵᠤ᠂ ᠤᠷᠠᠯᠢᠭ ᠤᠨ ᠪᠡᠶᠡᠴᠢᠯᠡᠨ | ᠣᠶᠢᠯᠠᠭᠠᠯᠲᠠ ᠶᠢ ᠪᠠᠶᠠᠯᠢᠭᠵᠢᠭᠤᠯᠤᠨ᠂ ᠵᠢᠭᠠᠨ ᠰᠤᠷᠭᠠᠯᠲᠠ ᠶᠢᠨ ᠠᠷᠭ᠎ᠠ ᠮᠠᠶ᠋ᠢᠭ ᠤᠨ ᠰᠢᠨ᠎ᠡ ᠶᠢ ᠡᠭᠦᠳᠬᠦ ᠶᠢ | ᠪᠡᠶᠡᠯᠡᠭᠦᠯᠦᠨ᠎ᠡ᠃ ᠤᠯᠤᠰ ᠪᠠ ᠥᠪᠡᠷᠲᠡᠭᠡᠨ ᠵᠠᠰᠠᠬᠤ ᠣᠷᠣᠨ ᠤ ᠣᠶᠤᠨᠴᠢ ᠰᠤᠷᠭᠠᠨ ᠬᠥᠮᠦᠵᠢᠯ ᠤᠨ ᠣᠯᠠᠨ | ᠨᠡᠶᠢᠲᠡ ᠶᠢᠨ ᠦᠢᠯᠡᠴᠢᠯᠡᠭᠡᠨ ᠤ ᠲᠠᠪᠴᠠᠩ ᠳᠤ ᠲᠦᠰᠢᠭᠯᠡᠨ᠂ ᠭᠤᠸ᠎ᠠ ᠰᠠᠶᠢᠬᠠᠨ ᠤ ᠬᠥᠮᠦᠵᠢᠯ ᠤᠨ ᠵᠢᠭᠠᠨ ᠰᠤᠷᠭᠠᠯᠲᠠ᠂ | ᠦᠵᠡᠭᠦᠯᠭᠡ ᠶᠢᠨ ᠲᠣᠭᠯᠠᠯᠲᠠ᠂ ᠦᠢᠯᠡᠳᠦᠯᠴᠡᠵᠦ ᠪᠡᠶᠡᠴᠢᠯᠡᠨ ᠣᠶᠢᠯᠠᠭᠠᠬᠤ ᠵᠡᠷᠭᠡ ᠴᠢᠨᠠᠷᠯᠢᠭ ᠭᠤᠸ᠎ᠠ ᠰᠠᠶᠢᠬᠠᠨ ᠤ | ᠬᠥᠮᠦᠵᠢᠯ ᠤᠨ ᠲᠣᠭᠠᠵᠢᠭᠰᠠᠨ ᠰᠤᠷᠭᠠᠨ ᠬᠥᠮᠦᠵᠢᠯ ᠤᠨ ᠡᠬᠢ ᠪᠠᠶᠠᠯᠢᠭ ᠢ ᠨᠡᠭᠡᠭᠡᠨ ᠬᠥᠭᠵᠢᠭᠦᠯᠦᠨ᠎ᠡ᠃ ᠰᠢᠯᠢᠳᠡᠭ | ᠭᠤᠸ᠎ᠠ ᠰᠠᠶᠢᠬᠠᠨ ᠤ ᠬᠥᠮᠦᠵᠢᠯ ᠤᠨ ᠦᠢᠯᠡᠳᠦᠯᠭᠡ ᠶᠢᠨ ᠠᠵᠢᠯᠯᠠᠭ᠎ᠠ᠂ ᠰᠢᠯᠢᠳᠡᠭ ᠬᠢᠴᠢᠶᠡᠯ ᠤᠨ ᠲᠠᠩᠬᠢᠮ ᠤᠨ ᠵᠢᠭᠠᠨ | ᠰᠤᠷᠭᠠᠯᠲᠠ᠂ ᠭᠤᠸ᠎ᠠ ᠰᠠᠶᠢᠬᠠᠨ ᠤ ᠬᠥᠮᠦᠵᠢᠯ ᠤᠨ ᠰᠢᠯᠢᠳᠡᠭ ᠪᠢᠴᠢᠯ ᠬᠢᠴᠢᠶᠡᠯ ︵ᠰᠦᠯᠵᠢᠶᠡᠨ ᠤ ᠬᠢᠴᠢᠶᠡᠯ︶ ᠵᠡᠷᠭᠡ | ᠴᠢᠨᠠᠷᠯᠢᠭ ᠰᠦᠯᠵᠢᠶᠡᠨ ᠤ ᠡᠬᠢ ᠪᠠᠶᠠᠯᠢᠭ ᠢ ᠬᠠᠮᠲᠤ ᠳᠤ ᠪᠠᠨ ᠪᠠᠶᠢᠭᠤᠯᠵᠤ ᠬᠠᠮᠲᠤ ᠳᠤ ᠪᠠᠨ ᠬᠤᠪᠢᠶᠠᠯᠴᠠᠨ ᠡᠳ᠋ᠯᠡᠬᠦ | ᠶᠢ ᠴᠢᠩᠭᠠᠳᠬᠠᠵᠤ᠂ ᠭᠤᠸ᠎ᠠ ᠰᠠᠶᠢᠬᠠᠨ ᠤ ᠬᠥᠮᠦᠵᠢᠯ ᠤᠨ ᠡᠬᠢ ᠪᠠᠶᠠᠯᠢᠭ ᠪᠠᠭᠤᠷᠠᠢ ᠭᠠᠵᠠᠷ ᠣᠷᠣᠨ ᠤ | ᠳᠤᠲᠠᠭᠤᠳᠠᠯ ᠢ ᠨᠥᠬᠦᠪᠥᠷᠢᠯᠡᠨ᠎ᠡ᠃ | 17. ᠪᠥᠬᠦ ᠬᠥᠮᠦᠰ ᠲᠤ ᠬᠠᠨᠳᠤᠭᠤᠯᠤᠭᠰᠠᠨ ᠭᠤᠸ᠎ᠠ ᠰᠠᠶᠢᠬᠠᠨ ᠤ ᠬᠥᠮᠦᠵᠢᠯ ᠤᠨ ᠰᠦᠯᠵᠢᠶᠡᠨ ᠤ | ᠲᠠᠪᠴᠠᠩ ᠢ ᠪᠠᠶᠢᠭᠤᠯᠤᠨ᠎ᠠ᠃ ᠤᠷᠠᠯᠢᠭ ᠤᠨ ᠵᠦᠢᠯ ᠤᠨ ᠳᠡᠯᠭᠡᠨ ᠦᠵᠡᠭᠦᠯᠬᠦ ᠪᠠ ᠤᠷᠤᠯᠳᠤᠭᠠᠨ ᠢᠶᠠᠷ ᠦᠨᠡᠯᠡᠬᠦ | ᠵᠡᠷᠭᠡ ᠦᠢᠯᠡᠳᠦᠯᠭᠡ ᠶᠢᠨ ᠲᠥᠷᠦᠯ ᠤᠨ ᠰᠢᠨᠵᠢᠯᠡᠭᠡᠨ ᠤ ᠰᠠᠯᠠᠭᠠᠨ ᠤ ᠣᠨᠴᠠᠯᠢᠭ ᠢ ᠭᠦᠢᠴᠡᠳ ᠪᠠᠳᠠᠷᠠᠭᠤᠯᠵᠤ᠂ | ᠡᠭᠦᠯᠡᠨ ᠦᠵᠦᠭᠦᠷ ᠤᠨ ᠳᠠᠪᠴᠠᠩ᠂ ᠨᠡᠷᠡᠲᠦ ᠪᠠᠭᠰᠢ ᠶᠢᠨ ᠬᠢᠴᠢᠶᠡᠯᠯᠡᠭᠡ ᠵᠡᠷᠭᠡ ᠪᠤᠯᠤᠩ ᠢ ᠪᠠᠶᠢᠭᠤᠯᠵᠤ᠂ | ᠰᠦᠯᠵᠢᠶᠡᠨ ᠳᠤ ᠰᠢᠯᠭᠠᠷᠠᠭᠤᠯᠬᠤ᠂ ᠰᠤᠷᠤᠭᠴᠢᠳ ᠦᠢᠯᠡᠳᠦᠯᠴᠡᠬᠦ ᠵᠡᠷᠭᠡ ᠠᠵᠢᠯᠯᠠᠭ᠎ᠠ ᠶᠢ ᠥᠷᠨᠢᠭᠦᠯᠵᠦ᠂ | ᠤᠷᠠᠯᠢᠭ ᠤᠨ ᠲᠥᠷᠥᠯ ᠵᠦᠢᠯ ᠳᠤ ᠥᠩᠭᠡ ᠪᠤᠳᠤᠭ ᠨᠡᠮᠡᠷᠢᠯᠡᠨ᠂ ᠤᠯᠠᠮᠵᠢᠯᠠᠬᠤ ᠬᠤᠷᠳᠤᠴᠠ ᠶᠢ ᠲᠦᠷᠭᠡᠳᠬᠡᠵᠦ᠂ ᠡᠯ᠎ᠡ | ᠲᠥᠷᠥᠯ ᠤᠨ ᠠᠵᠢᠯᠯᠠᠭᠠᠨ ᠤ ᠳᠠᠪᠲᠠᠮᠵᠢ ᠤᠳᠠᠭ᠎ᠠ᠂ ᠲᠤᠭ᠎ᠠ ᠬᠡᠮᠵᠢᠶ᠎ᠡ ᠪᠣᠯᠤᠨ ᠨᠥᠯᠦᠭᠡᠯᠡᠬᠦ ᠬᠦᠴᠦᠨ ᠢ | ᠴᠢᠩᠭᠠᠷᠠᠭᠤᠯᠤᠨ᠎ᠠ᠃ ᠡᠭᠦᠨ ᠤ ᠬᠠᠮᠲᠤ ᠰᠦᠯᠵᠢᠶᠡᠨ ᠭᠠᠳᠠᠨᠠᠬᠢ ᠰᠢᠯᠢᠳᠡᠭᠵᠢᠭᠦᠯᠵᠦ ᠬᠥᠭᠵᠢᠭᠦᠯᠵᠦ | ᠪᠠᠶᠢᠩᠭᠤᠵᠢᠭᠤᠯᠤᠭᠰᠠᠨ ᠰᠤᠷᠭᠠᠭᠤᠯᠢ ᠶᠢᠨ ᠪᠠᠭᠰᠢ ᠰᠤᠷᠤᠭᠴᠢᠳ ᠤᠨ ᠭᠤᠸ᠎ᠠ ᠰᠠᠶᠢᠬᠠᠨ ᠤ ᠬᠥᠮᠦᠵᠢᠯ ᠤᠨ ᠳᠡᠯᠭᠡᠨ | ᠦᠵᠡᠭᠦᠯᠬᠦ ᠪᠤᠶᠤ ᠤᠷᠤᠯᠳᠤᠭᠠᠨ ᠢᠶᠠᠷ ᠦᠨᠡᠯᠡᠬᠦ ᠳᠣᠭᠲᠠᠯᠴᠠᠭ᠎ᠠ ᠲᠠᠢ ᠤᠶᠠᠯᠳᠤᠭᠤᠯᠤᠨ᠂ ᠨᠡᠶᠢᠭᠡᠮᠴᠢᠯᠡᠬᠦ᠂ ᠵᠠᠬ᠎ᠠ | ᠳᠡᠯᠭᠡᠭᠦᠷᠴᠢᠯᠡᠬᠦ᠂ ᠨᠠᠷᠠᠲᠤ ᠲᠡᠮᠳᠡᠭᠵᠢᠭᠦᠯᠬᠦ᠂ ᠲᠠᠪᠴᠠᠩᠵᠢᠭᠤᠯᠬᠤ ᠲᠦᠪᠰᠢᠨ ᠢ ᠲᠠᠰᠤᠷᠠᠯᠲᠠ ᠥᠬᠡᠶ | ᠴᠢᠩᠭᠠᠷᠠᠭᠤᠯᠵᠤ᠂ ᠡᠭᠦᠨ ᠤ ᠤᠯᠠᠮ ᠢᠶᠠᠷ ᠮᠠᠨ ᠤ ᠣᠷᠣᠨ ᠤ ᠭᠤᠸ᠎ᠠ ᠰᠠᠶᠢᠬᠠᠨ ᠤ ᠬᠥᠮᠦᠵᠢᠯ ᠤᠨ ᠰᠣᠶᠣᠯ ᠤᠨ | ᠨᠡᠷᠡᠲᠦ ᠲᠡᠮᠳᠡᠭᠲᠦ ᠶᠢ ᠪᠣᠢ ᠪᠣᠯᠭᠠᠵᠤ᠂ ᠰᠢᠨ᠎ᠡ ᠴᠠᠭ ᠦᠶ᠎ᠡ ᠶᠢᠨ ᠱᠠᠭᠠᠷᠳᠠᠯᠭ᠎ᠠ ᠳᠤ ᠨᠡᠶᠢᠴᠡᠬᠦ ᠰᠢᠨ᠎ᠡ ᠬᠡᠯᠪᠡᠷᠢ ᠶᠢᠨ | ᠰᠢᠨ᠎ᠡ ᠬᠠᠨᠳᠤᠰᠢ ᠪᠥᠬᠦᠢ ᠭᠤᠸ᠎ᠠ ᠰᠠᠶᠢᠬᠠᠨ ᠤ ᠬᠥᠮᠦᠵᠢᠯ ᠤᠨ ᠲᠣᠭᠲᠠᠴᠠ ᠶᠢ ᠪᠤᠢ ᠪᠣᠯᠭᠠᠨ᠎ᠠ᠃ | ︵ᠨᠠᠢᠮᠠ︶ ᠭᠤᠸ᠎ᠠ ᠰᠠᠶᠢᠬᠠᠨ ᠤ ᠬᠥᠮᠦᠵᠢᠯ ᠤᠨ ᠡᠬᠢ ᠪᠠᠶᠠᠯᠢᠭ ᠢ ᠨᠢᠭᠡᠳᠬᠡᠬᠦ ᠠᠵᠢᠯᠯᠠᠭ᠎ᠠ | 18. ᠨᠡᠶᠢᠭᠡᠮ ᠤᠨ ᠭᠤᠸ᠎ᠠ ᠰᠠᠶᠢᠬᠠᠨ ᠤ ᠬᠥᠮᠦᠵᠢᠯ ᠤᠨ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠨ | ᠡᠮᠬᠢᠯᠡᠨ ᠨᠡᠶᠢᠯᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠶᠢᠨ ᠬᠦᠷᠢᠶᠡᠨ ᠤ ᠳᠣᠲᠤᠨ᠎ᠠ ᠭᠠᠳᠠᠨᠠᠬᠢ | ᠨᠡᠶᠢᠭᠡᠮ ᠤᠨ ᠬᠦᠴᠦᠨ ᠢ ᠡᠮᠬᠢᠯᠡᠨ ᠨᠡᠶᠢᠯᠡᠭᠦᠯᠵᠦ᠂ ᠣᠷᠣᠨ ᠤ ᠭᠠᠳᠠᠨᠠᠬᠢ ᠰᠤᠷᠭᠠᠭᠤᠯᠢ ᠲᠠᠢ ᠬᠤᠯᠪᠣᠭᠠᠯᠠᠨ ᠴᠢᠨᠠᠷᠯᠢᠭ | ᠭᠤᠸ᠎ᠠ ᠰᠠᠶᠢᠬᠠᠨ ᠤ ᠬᠥᠮᠦᠵᠢᠯ ᠤᠨ ᠡᠬᠢ ᠪᠠᠶᠠᠯᠢᠭ ᠢ ︽ᠭᠠᠳᠠᠭᠰᠢ ᠭᠠᠷᠭᠠᠬᠤ᠂ ᠣᠷᠣᠭᠤᠯᠤᠨ ᠠᠪᠴᠢᠷᠠᠬᠤ︾ ᠠᠷᠭ᠎ᠠ | ᠮᠠᠶ᠋ᠢᠭ ᠢ ᠠᠪᠴᠤ᠂ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠶᠢ | ᠠᠬᠢᠭᠤᠯᠤᠨ᠎ᠠ᠃ ᠡᠯ᠎ᠡ ᠰᠤᠷᠭᠠᠭᠤᠯᠢ ᠤᠷᠠᠨ ᠵᠢᠷᠤᠭ ᠤᠨ ᠣᠷᠳᠣᠨ᠂ ᠮᠦᠽᠧᠢ᠂ ᠳᠠᠭᠤᠤ ᠬᠥᠭᠵᠢᠮ ᠤᠨ ᠲᠢᠩᠬᠢᠮ᠂ | ᠵᠦᠴᠦᠭᠡ ᠶᠢᠨ ᠬᠦᠷᠢᠶᠡᠯᠡᠩ᠂ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠵᠠᠯᠭᠠᠮᠵᠢᠯᠠᠬᠤ ᠰᠠᠭᠤᠷᠢᠨ ᠭᠠᠵᠠᠷ | ᠵᠡᠷᠭᠡ ᠣᠯᠠᠨ ᠨᠡᠶᠢᠲᠡ ᠶᠢᠨ ᠤᠳᠬ᠎ᠠ ᠤᠷᠠᠯᠢᠭ ᠤᠨ ᠲᠠᠯᠠᠪᠤᠷ ᠣᠷᠳᠣᠨ ᠪᠠ ᠤᠷᠠᠨ ᠰᠠᠶᠢᠬᠠᠨ ᠤ ᠬᠦᠷᠢᠶᠡᠯᠡᠩ | ᠪᠦᠯᠬᠦᠮ ᠲᠠᠢ ᠬᠤᠯᠪᠤᠯᠳᠤᠨ ᠬᠥᠳᠡᠯᠦᠯᠴᠡᠬᠦ ᠶᠢ ᠵᠣᠷᠢᠭᠵᠢᠭᠤᠯᠵᠤ᠂ ᠰᠤᠷᠤᠭᠴᠢᠳ ᠤᠨ ᠭᠤᠸ᠎ᠠ ᠰᠠᠶᠢᠬᠠᠨ ᠤ | ᠬᠥᠮᠦᠵᠢᠯ ᠤᠨ ᠵᠢᠭᠠᠨ ᠰᠤᠷᠭᠠᠯᠲᠠ ᠪᠠ ᠦᠢᠯᠡᠳᠦᠯᠭᠡ ᠶᠢᠨ ᠣᠯᠠᠨ ᠶᠠᠩᠵᠤᠴᠢᠯᠠᠭᠰᠠᠨ ᠬᠡᠷᠡᠭᠴᠡᠭᠡ ᠱᠠᠭᠠᠷᠳᠠᠯᠭ᠎ᠠ ᠶᠢ | ᠬᠠᠩᠭᠠᠨ᠎ᠠ᠃ ᠭᠤᠸ᠎ᠠ ᠰᠠᠶᠢᠬᠠᠨ ᠤ ᠬᠥᠮᠦᠵᠢᠯ ᠤᠨ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠬᠦ ᠶᠢᠨ | ᠬᠠᠮᠲᠤ ᠲᠡᠭᠦᠯᠳᠡᠷᠵᠢᠭᠦᠯᠵᠦ᠂ ᠨᠥᠬᠦᠴᠡᠯ ᠲᠠᠢ ᠶᠡᠭᠡ ᠳᠡᠭᠡᠳᠦ ᠰᠤᠷᠭᠠᠭᠤᠯᠢ ᠪᠣᠯᠤᠨ ᠣᠷᠣᠨ ᠨᠤᠲᠤᠭ ᠤᠨ ᠳᠤᠮᠳᠠᠳᠤ | ᠪᠠᠭ᠎ᠠ ᠰᠤᠷᠭᠠᠭᠤᠯᠢ ᠯᠤᠭ᠎ᠠ ᠭᠤᠸ᠎ᠠ ᠰᠠᠶᠢᠬᠠᠨ ᠤ ᠬᠥᠮᠦᠵᠢᠯ ᠤᠨ ᠡᠬᠢ ᠪᠠᠶᠠᠯᠢᠭ ᠤᠨ ᠬᠥᠮᠥᠷᠭᠡ ᠶᠢ ᠬᠠᠮᠲᠤ ᠳᠤ ᠪᠠᠨ | ᠪᠠᠶᠢᠭᠤᠯᠵᠤ ᠬᠠᠮᠲᠤ ᠳᠤ ᠪᠠᠨ ᠬᠤᠪᠢᠶᠠᠯᠴᠠᠨ ᠡᠳ᠋ᠯᠡᠬᠦ ᠶᠢ ᠵᠣᠷᠢᠭᠵᠢᠭᠤᠯᠵᠤ᠂ ᠶᠡᠭᠡ ᠳᠡᠭᠡᠳᠦ ᠰᠤᠷᠭᠠᠭᠤᠯᠢ ᠶᠢᠨ | ᠴᠢᠨᠠᠷᠯᠢᠭ ᠳᠠᠳᠤᠯᠭ᠎ᠠ ᠪᠣᠯᠪᠠᠰᠤᠷᠠᠯ ᠤᠨ ᠦᠢᠯᠡᠳᠦᠯᠭᠡ ᠶᠢᠨ ᠲᠥᠬᠦᠭᠡᠷᠦᠮᠵᠢ ᠶᠢ ᠠᠰᠢᠭᠯᠠᠨ᠂ ᠶᠡᠭᠡ ᠳᠡᠭᠡᠳᠦ | ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠢ ᠠᠭᠤᠰᠬᠠᠵᠤ ᠨᠢᠭᠡ | ᠴᠣᠭᠴᠠᠵᠢᠭᠤᠯᠬᠤ ᠶᠢ ᠬᠠᠮᠵᠢᠨ ᠬᠥᠭᠵᠢᠭᠦᠯᠬᠦ ᠲᠠᠪᠴᠠᠩ ᠢ ᠪᠠᠶᠢᠭᠤᠯᠤᠨ᠎ᠠ᠃ | 19. ᠰᠤᠷᠭᠠᠭᠤᠯᠢ ᠶᠢᠨ ᠬᠦᠷᠢᠶᠡᠨ ᠤ ᠳᠣᠲᠤᠨ᠎ᠠ ᠭᠠᠳᠠᠨᠠᠬᠢ ᠡᠬᠢ ᠪᠠᠶᠠᠯᠢᠭ ᠢ ᠬᠠᠮᠲᠤ ᠳᠤ ᠪᠠᠨ | ᠬᠤᠪᠢᠶᠠᠯᠴᠠᠨ ᠡᠳ᠋ᠯᠡᠬᠦ ᠲᠣᠭᠲᠠᠴᠠ ᠶᠢ ᠬᠥᠭᠵᠢᠭᠦᠯᠦᠨ᠎ᠡ᠃ ᠡᠯ᠎ᠡ ᠶᠡᠭᠡ ᠳᠡᠭᠡᠳᠦ ᠰᠤᠷᠭᠠᠭᠤᠯᠢ ᠭᠤᠸ᠎ᠠ ᠰᠠᠶᠢᠬᠠᠨ ᠤ | ᠬᠥᠮᠦᠵᠢᠯ ᠤᠨ ᠲᠥᠪ ᠢ ᠪᠠᠶᠢᠭᠤᠯᠵᠤ᠂ ᠡᠯ᠎ᠡ ᠠᠶᠢᠮᠠᠭ ᠬᠤᠲᠠ ᠭᠤᠸ᠎ᠠ ᠰᠠᠶᠢᠬᠠᠨ ᠤ ᠬᠥᠮᠦᠵᠢᠯ ᠤᠨ ᠵᠢᠭᠠᠨ | ᠰᠤᠷᠭᠠᠯᠲᠠ ᠪᠠ ᠦᠢᠯᠡᠳᠦᠯᠭᠡ ᠶᠢ ᠵᠢᠯᠣᠭᠤᠳᠬᠤ ᠵᠦᠪᠯᠡᠯ ᠢ ᠪᠠᠶᠢᠭᠤᠯᠤᠨ᠂ ᠪᠦᠬᠦ ᠰᠤᠷᠤᠭᠴᠢᠳ ᠲᠤ | ᠬᠠᠨᠳᠤᠭᠤᠯᠤᠭᠰᠠᠨ ᠭᠤᠸ᠎ᠠ ᠰᠠᠶᠢᠬᠠᠨ ᠤ ᠬᠥᠮᠦᠵᠢᠯ ᠤᠨ ᠦᠢᠯᠡᠳᠦᠯᠭᠡ ᠶᠢᠨ ᠵᠢᠭᠠᠨ ᠰᠤᠷᠭᠠᠯᠲᠠ ᠶᠢ | ᠵᠢᠯᠣᠭᠤᠳᠤᠨ᠎ᠠ᠃ ᠨᠡᠶᠢᠭᠡᠮ ᠤᠨ ᠬᠦᠴᠦᠨ ᠢ ᠨᠢᠭᠡᠳᠦᠯᠲᠡᠢ ᠲᠥᠯᠥᠪᠯᠡᠨ᠂ ᠭᠤᠸ᠎ᠠ ᠰᠠᠶᠢᠬᠠᠨ ᠤ ᠬᠥᠮᠦᠵᠢᠯ ᠪᠠ | ᠰᠢᠨ᠎ᠡ ᠶᠢ ᠡᠭᠦᠳᠬᠦ ᠵᠣᠬᠢᠴᠠᠯᠳᠤᠬᠤ ᠶᠢ ᠠᠬᠢᠭᠤᠯᠵᠤ᠂ ᠡᠯ᠎ᠡ ᠱᠠᠲᠤᠨ ᠤ ᠭᠤᠸ᠎ᠠ ᠰᠠᠶᠢᠬᠠᠨ ᠤ ᠬᠥᠮᠦᠵᠢᠯ ᠤᠨ | ᠰᠤᠷᠭᠠᠭᠤᠯᠢ ᠶᠢᠨ ᠭᠠᠳᠠᠨᠠᠬᠢ ᠵᠢᠭᠠᠨ ᠰᠤᠷᠭᠠᠯᠲᠠ ᠶᠢᠨ ᠦᠢᠯᠡᠳᠦᠯᠭᠡ ᠶᠢᠨ ᠬᠤᠯᠪᠣᠭ᠎ᠠ ᠪᠤᠶᠤ ᠬᠤᠯᠪᠣᠭᠠᠲᠤ ᠬᠤᠷᠠᠯ ᠢ | ᠵᠣᠬᠢᠶᠠᠨ ᠪᠠᠶᠢᠭᠤᠯᠵᠤ᠂ ᠰᠤᠷᠭᠠᠭᠤᠯᠢ ᠪᠠ ᠰᠤᠷᠭᠠᠭᠤᠯᠢ ᠬᠠᠮᠵᠢᠯᠴᠠᠭᠰᠠᠨ᠂ ᠰᠤᠷᠭᠠᠭᠤᠯᠢ ᠪᠠ ᠡᠷᠳᠡᠮ ᠰᠢᠨᠵᠢᠯᠡᠭᠡᠨ ᠤ | ᠪᠠᠶᠢᠭᠤᠯᠤᠮᠵᠢ ᠬᠠᠮᠵᠢᠯᠴᠠᠭᠰᠠᠨ᠂ ᠰᠤᠷᠭᠠᠭᠤᠯᠢ ᠪᠠ ᠠᠵᠤ ᠠᠬᠤᠶᠢᠯᠠᠯ ᠬᠠᠮᠵᠢᠯᠴᠠᠭᠰᠠᠨ᠂ ᠰᠤᠷᠭᠠᠭᠤᠯᠢ ᠪᠠ ᠣᠷᠣᠨ | ᠨᠤᠲᠤᠭ ᠬᠠᠮᠵᠢᠯᠴᠠᠭᠰᠠᠨ ᠰᠢᠨ᠎ᠡ ᠶᠢ ᠡᠭᠦᠳᠦᠨ ᠬᠥᠮᠦᠵᠢᠭᠦᠯᠬᠦ ᠵᠠᠭᠪᠤᠷ ᠢ ᠪᠠᠶᠢᠭᠤᠯᠵᠤ᠂ ᠶᠡᠭᠡ ᠳᠡᠭᠡᠳᠦ ᠰᠤᠷᠭᠠᠭᠤᠯᠢ | ᠪᠣᠯᠤᠨ ᠰᠣᠶᠣᠯ ᠤᠬᠠᠭᠤᠯᠭ᠎ᠠ ᠶᠢᠨ ᠰᠠᠯᠠᠭ᠎ᠠ ᠮᠥᠴᠢᠷ᠂ ᠤᠳᠬ᠎ᠠ ᠤᠷᠠᠯᠢᠭ ᠤᠨ ᠪᠦᠯᠬᠦᠮ᠂ ᠳᠤᠮᠳᠠᠳᠤ ᠪᠠᠭ᠎ᠠ | ᠰᠤᠷᠭᠠᠭᠤᠯᠢ ᠵᠡᠷᠭᠡ ᠶᠢᠨ ᠬᠠᠮᠵᠢᠯᠴᠠᠨ ᠬᠥᠮᠦᠨ ᠬᠥᠮᠦᠵᠢᠭᠦᠯᠬᠦ ᠲᠣᠭᠲᠠᠴᠠ ᠶᠢ ᠠᠯᠬᠤᠮ ᠠᠯᠬᠤᠮ ᠢᠶᠠᠷ | ᠲᠡᠭᠦᠯᠳᠡᠷᠵᠢᠭᠦᠯᠦᠨ᠎ᠡ᠃ | ᠭᠤᠷᠪᠠ᠂ ᠵᠣᠬᠢᠶᠠᠨ ᠪᠠᠶᠢᠭᠤᠯᠤᠨ ᠬᠡᠷᠡᠭᠵᠢᠭᠦᠯᠬᠦ | ᠡᠯ᠎ᠡ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠣᠯᠤᠨ ᠡᠯ᠎ᠡ ᠶᠡᠭᠡ | ᠳᠡᠭᠡᠳᠦ ᠰᠤᠷᠭᠠᠭᠤᠯᠢ ᠭᠤᠸ᠎ᠠ ᠰᠠᠶᠢᠬᠠᠨ ᠤ ᠬᠥᠮᠦᠵᠢᠯ ᠢ ᠠᠭᠤᠰᠬᠠᠬᠤ ᠠᠵᠢᠯᠯᠠᠭ᠎ᠠ ᠶᠢ ᠡᠳᠦᠷ ᠲᠤᠲᠤᠮ ᠤᠨ | ᠴᠢᠬᠤᠯᠠ ᠵᠥᠪᠯᠡᠬᠦ ᠵᠦᠢᠯ ᠳᠤ ᠪᠠᠨ ᠣᠷᠣᠭᠤᠯᠬᠤ ᠶᠢᠨ ᠬᠠᠮᠲᠤ ᠠᠵᠢᠯ ᠥᠷᠨᠢᠭᠦᠯᠦᠭᠰᠡᠨ ᠪᠠᠶᠢᠳᠠᠯ ᠢ ᠰᠤᠷᠭᠠᠭᠤᠯᠢ | ᠶᠢᠨ ᠵᠢᠭᠠᠨ ᠰᠤᠷᠭᠠᠯᠲᠠ ᠶᠢᠨ ᠠᠵᠢᠯ ᠢ ᠦᠨᠡᠯᠡᠬᠦ ᠭᠦᠢᠴᠡᠳᠭᠡᠯ ᠲᠣᠭᠠᠨ ᠤ ᠳᠣᠭᠲᠠᠯᠴᠠᠭᠠᠨ ᠳᠤ ᠣᠷᠣᠭᠤᠯᠵᠤ᠂ | ᠪᠦᠬᠦᠯᠢ ᠴᠣᠭᠴᠠ ᠪᠠᠷ ᠲᠥᠯᠥᠪᠵᠢᠭᠦᠯᠦᠨ᠂ ᠪᠦᠬᠦ ᠲᠠᠯ᠎ᠠ ᠪᠠᠷ ᠠᠬᠢᠭᠤᠯᠵᠤ᠂ ᠦᠨᠡᠨ ᠬᠦ ᠶᠠᠪᠤᠭᠳᠠᠬᠤᠶᠢᠴᠠ ᠠᠷᠭ᠎ᠠ | ᠬᠡᠮᠵᠢᠶ᠎ᠡ ᠠᠪᠴᠤ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠠᠳᠬᠤᠬᠤ ᠬᠡᠷᠡᠭᠲᠡᠢ᠃ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠤᠨ ᠭᠤᠸ᠎ᠠ ᠰᠠᠶᠢᠬᠠᠨ ᠤ ᠬᠥᠮᠦᠵᠢᠯ ᠤᠨ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ | ᠤᠷᠠᠯᠢᠭ ᠤᠨ ᠲᠥᠷᠥᠯ ᠤᠨ ᠲᠤᠰᠬᠠᠢ ᠮᠡᠷᠭᠡᠵᠢᠯ ᠤᠨ ᠪᠠᠭᠰᠢ ᠶᠢ ᠨᠥᠬᠦᠪᠥᠷᠢᠯᠡᠵᠦ᠂ ᠵᠢᠭᠠᠬᠤ ᠶᠢ ᠰᠤᠳᠤᠯᠤᠭᠴᠢ ᠶᠢ | ᠭᠦᠢᠴᠡᠳ ᠲᠣᠬᠢᠷᠠᠭᠤᠯᠵᠤ᠂ ᠭᠤᠸ᠎ᠠ ᠰᠠᠶᠢᠬᠠᠨ ᠤ ᠬᠥᠮᠦᠵᠢᠯ ᠤᠨ ᠪᠠᠭᠰᠢ ᠶᠢᠨ ᠠᠭᠤᠰᠬᠠᠬᠤ ᠠᠵᠢᠯᠯᠠᠭ᠎ᠠ ᠳᠤ | ᠣᠷᠣᠯᠴᠠᠬᠤ ᠶᠢ ᠪᠠᠶᠢᠴᠠᠭᠠᠵᠤ᠂ ᠦᠨᠡᠯᠡᠬᠦ ᠠᠷᠭ᠎ᠠ ᠶᠢ ᠲᠥᠷᠥᠯ ᠬᠤᠪᠢᠶᠠᠨ ᠲᠡᠭᠦᠯᠳᠡᠷᠵᠢᠭᠦᠯᠬᠦ ᠬᠡᠷᠡᠭᠲᠡᠢ᠃ | | | |