ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠵᠢᠩᠬᠢᠨᠢ ᠠᠩᠭᠢᠲᠤ ᠳᠡᠭᠡᠳᠦ ᠰᠤᠷᠭᠠᠭᠤᠯᠢ ᠶᠢᠨ ᠵᠡᠷᠭᠡ ᠳᠡᠪᠰᠢᠬᠦ ᠠᠵᠢᠯ ᠢ ᠠᠬᠢᠭᠤᠯᠬᠤ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/10/14
      ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠪᠠ ᠪᠦᠬᠦ ᠤᠯᠤᠰ ᠤᠨ ᠰᠤᠷᠭᠠᠨ ᠬᠥᠮᠦᠵᠢᠯ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ 10 ᠰᠠᠷ᠎ᠠ ᠶᠢᠨ 11᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠵᠢᠩᠬᠢᠨᠢ ᠠᠩᠭᠢᠲᠤ ᠳᠡᠭᠡᠳᠦ ᠰᠤᠷᠭᠠᠭᠤᠯᠢ ᠶᠢᠨ ᠵᠡᠷᠭᠡ ᠳᠡᠪᠰᠢᠬᠦ ᠠᠵᠢᠯ ᠢ ᠠᠬᠢᠭᠤᠯᠬᠤ ᠬᠤᠷᠠᠯ ᠢ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠱᠦᠵᠢ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠶᠠᠩ ᠵᠢᠶᠧ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃   

1.webp.png

   

      ᠬᠤᠷᠠᠯ ᠳᠡᠭᠡᠷ᠎ᠡ ᠪᠤᠭᠤᠲᠤ ᠠᠨᠠᠭᠠᠬᠤ ᠤᠬᠠᠭᠠᠨ ᠤ ᠳᠡᠭᠡᠳᠦ ᠰᠤᠷᠭᠠᠭᠤᠯᠢ ᠵᠡᠷᠭᠡ ᠶᠢᠰᠦᠨ ᠵᠢᠩᠬᠢᠨᠢ ᠠᠩᠭᠢᠲᠤ

ᠳᠡᠭᠡᠳᠦ ᠰᠤᠷᠭᠠᠭᠤᠯᠢ ᠶᠢᠨ ᠵᠡᠷᠭᠡ ᠳᠡᠪᠰᠢᠬᠦ ᠠᠵᠢᠯ ᠢ ᠥᠷᠨᠢᠭᠦᠯᠦᠭᠰᠡᠨ ᠠᠴᠠ ᠨᠠᠭᠠᠰᠢᠬᠢ ᠨᠢᠭᠡ ᠵᠢᠯ ᠤᠨ ᠣᠯᠤᠭᠰᠠᠨ

ᠦᠷ᠎ᠡ ᠪᠦᠲᠦᠮᠵᠢ᠂ ᠣᠷᠣᠰᠢᠵᠤ ᠪᠠᠶᠢᠭ᠎ᠠ ᠠᠰᠠᠭᠤᠳᠠᠯ ᠪᠠ ᠳᠠᠷᠠᠭ᠎ᠠ ᠠᠯᠬᠤᠮ ᠤᠨ ᠠᠵᠢᠯ ᠢᠶᠠᠨ ᠲᠣᠬᠢᠷᠠᠭᠤᠯᠤᠭᠰᠠᠨ

ᠪᠠᠶᠢᠳᠠᠯ ᠢ ᠰᠣᠨᠣᠰᠴᠤ᠂ ᠰᠤᠷᠭᠠᠨ ᠬᠥᠮᠦᠵᠢᠯ ᠤᠨ ᠲᠢᠩᠬᠢᠮ ᠤᠨ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ

ᠪᠣᠯᠤᠨ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠤᠨ ᠭᠠᠵᠠᠷ ᠲᠠᠰᠤᠭ ᠤᠨ ᠬᠠᠷᠢᠭᠤᠴᠠᠯᠭᠠᠲᠠᠨ ᠦᠨᠡᠯᠡᠵᠦ

ᠰᠣᠯᠢᠯᠴᠠᠵᠤ᠂ ᠵᠡᠷᠭᠡ ᠳᠡᠪᠰᠢᠬᠦ ᠠᠵᠢᠯ ᠤᠨ ᠲᠤᠬᠠᠢ ᠳᠠᠬᠢᠨ ᠵᠢᠯᠣᠭᠤᠳᠴᠤ᠂ ᠳᠠᠬᠢᠨ ᠰᠢᠪᠠᠳᠠᠭᠤᠯᠵᠤ᠂ ᠳᠠᠬᠢᠨ

ᠪᠠᠶᠢᠷᠢᠯᠠᠭᠤᠯᠪᠠ᠃

   

2.webp.png

      ᠬᠤᠷᠠᠯ ᠠᠴᠠ᠂ ᠡᠯ᠎ᠡ ᠰᠤᠷᠭᠠᠭᠤᠯᠢ ᠶᠢᠨ ᠬᠢᠨ ᠤᠯᠤᠰ ᠲᠥᠷᠥ ᠶᠢᠨ ᠵᠣᠭᠰᠣᠴᠠ ᠪᠠᠨ ᠤᠯᠠᠮ ᠴᠠᠭᠠᠰᠢᠲᠠ

ᠳᠡᠭᠡᠭᠰᠢᠯᠡᠭᠦᠯᠵᠦ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠎ ᠤ ᠭᠤᠷᠪᠠᠳᠤᠭᠠᠷ ᠪᠦᠭᠦᠳᠡ

ᠬᠤᠷᠠᠯ ᠤᠨ ᠵᠣᠷᠢᠭ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠰᠤᠷᠭᠠᠨ

ᠬᠥᠮᠦᠵᠢᠯ ᠤᠨ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ

ᠲᠤᠭᠤᠰᠢᠯᠠᠭᠤᠯᠵᠤ᠂ ᠵᠡᠷᠭᠡ ᠳᠡᠪᠰᠢᠬᠦ ᠠᠵᠢᠯ ᠢ ᠥᠷᠨᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ

ᠣᠶᠢᠯᠠᠭᠠᠭᠤᠯᠵᠤ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠳᠤ ᠲᠤᠯᠭᠠᠷᠠᠵᠤ ᠪᠠᠶᠢᠭ᠎ᠠ ᠰᠢᠨ᠎ᠡ ᠬᠤᠪᠢᠷᠠᠯᠲᠠ᠂

ᠰᠢᠨ᠎ᠡ ᠠᠵᠠ ᠲᠣᠬᠢᠶᠠᠯ ᠢ ᠨᠠᠷᠢᠨ ᠨᠢᠮᠪᠠᠢ ᠠᠵᠢᠭᠯᠠᠨ᠂ ᠴᠠᠭ ᠦᠶ᠎ᠡ ᠶᠢᠨ ᠠᠯᠬᠤᠭ᠎ᠠ ᠶᠢ ᠰᠠᠯᠤᠯ ᠦᠭᠡᠢ ᠳᠠᠭᠠᠵᠤ᠂

ᠳᠠᠪᠠᠭᠤᠯᠢᠭ ᠢᠶᠠᠨ ᠦᠷᠭᠦᠯᠵᠢᠯᠡᠨ ᠪᠣᠯᠪᠠᠰᠤᠷᠠᠭᠤᠯᠵᠤ᠂ ᠳᠤᠲᠠᠭᠤᠳᠠᠯ ᠢᠶᠠᠨ ᠨᠥᠬᠦᠪᠦᠷᠢᠯᠡᠨ᠂ ᠰᠤᠷᠭᠠᠭᠤᠯᠢ ᠡᠷᠬᠢᠯᠡᠬᠦ

ᠪᠠᠶᠢᠷᠢ ᠲᠣᠭᠲᠠᠭᠠᠯᠲᠠ ᠪᠣᠯᠤᠨ ᠵᠡᠷᠭᠡ ᠳᠡᠪᠰᠢᠬᠦ ᠪᠠᠷ ᠬᠠᠷᠠᠯᠲᠠ ᠪᠠᠨ ᠣᠨᠣᠪᠴᠢᠲᠠᠢ ᠣᠯᠵᠤ᠂ ᠬᠥᠭᠵᠢᠯᠲᠡ ᠶᠢᠨ

ᠠᠷᠭ᠎ᠠ ᠵᠠᠮ ᠢ ᠨᠠᠷᠢᠨ ᠬᠢᠨᠠᠮᠠᠭᠠᠢ ᠰᠣᠳᠤᠯᠤᠨ᠂ ᠡᠯ᠎ᠡ ᠵᠦᠢᠯ ᠤᠨ ᠬᠠᠷᠠᠯᠲᠠ ᠪᠠ ᠡᠭᠦᠷᠭᠡ ᠪᠠᠨ ᠪᠡᠶᠡᠯᠡᠭᠦᠯᠬᠦ          

ᠬᠡᠷᠡᠭᠲᠡᠢ᠃ ᠵᠢᠩᠬᠢᠨᠢ ᠠᠩᠭᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠰᠠᠭᠤᠷᠢ ᠶᠢ ᠪᠠᠬᠢᠵᠢᠭᠦᠯᠵᠦ᠂ ᠰᠢᠨ᠎ᠡ

ᠲᠧᠭᠨᠢᠭ  ᠤᠨ ᠤᠬᠠᠭᠠᠨ᠂ ᠰᠢᠨ᠎ᠡ ᠡᠮᠨᠡᠯᠭᠡ ᠶᠢᠨ ᠤᠬᠠᠭᠠᠨ᠂ ᠰᠢᠨ᠎ᠡ ᠲᠠᠷᠢᠶᠠᠯᠠᠩ ᠤᠨ ᠤᠬᠠᠭᠠᠨ᠂ ᠰᠢᠨ᠎ᠡ ᠨᠡᠶᠢᠭᠡᠮ ᠤᠨ

ᠰᠢᠨᠵᠢᠯᠡᠬᠦ ᠤᠬᠠᠭᠠᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠲᠡᠭᠦᠰᠦᠭᠰᠡᠳ ᠲᠤ ᠠᠵᠢᠯ ᠣᠯᠭᠤᠬᠤ

ᠠᠵᠢᠯ ᠢ ᠪᠣᠳᠠᠲᠠᠶᠢᠵᠢᠭᠤᠯᠤᠨ ᠴᠢᠩᠭᠠᠳᠬᠠᠵᠤ᠂ ᠵᠢᠩᠬᠢᠨᠢ ᠠᠩᠭᠢ ᠶᠢᠨ ᠴᠢᠳᠠᠪᠤᠷᠢᠲᠠᠨ ᠬᠥᠮᠦᠵᠢᠭᠦᠯᠬᠦ ᠴᠢᠨᠠᠷ

ᠴᠢᠨᠰᠠᠭ᠎ᠠ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ︔ ᠰᠢᠨᠵᠢᠯᠡᠭᠡᠨ ᠤ ᠰᠠᠯᠠᠭᠠᠨ ᠤ ᠲᠤᠰᠬᠠᠢ ᠮᠡᠷᠭᠡᠵᠢᠯ ᠤᠨ

ᠪᠦᠲᠦᠴᠡ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ ᠲᠣᠬᠢᠷᠠᠭᠤᠯᠬᠤ ᠶᠢ ᠴᠢᠩᠭᠠᠳᠬᠠᠨ᠂ ᠠᠵᠤ ᠦᠢᠯᠡᠳᠪᠦᠷᠢ

ᠪᠠ ᠰᠤᠷᠭᠠᠨ ᠬᠥᠮᠦᠵᠢᠯ ᠢ ᠠᠭᠤᠰᠬᠠᠨ ᠬᠠᠮᠵᠢᠨ ᠬᠥᠮᠦᠨ ᠬᠥᠮᠦᠵᠢᠭᠦᠯᠬᠦ ᠶᠢ ᠭᠦᠨᠵᠡᠭᠡᠶᠢᠷᠡᠭᠦᠯᠵᠦ᠂ ᠣᠷᠣᠨ

ᠪᠦᠰᠡ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠶᠢ ᠲᠣᠬᠢᠷᠠᠭᠤᠯᠬᠤ ᠬᠢᠷᠢ ᠲᠦᠪᠰᠢᠨ ᠎ ᠢᠶᠠᠨ

ᠬᠦᠴᠦᠯᠡᠨ ᠳᠡᠭᠡᠭᠰᠢᠯᠡᠭᠦᠯᠬᠦ ᠬᠡᠷᠡᠭᠲᠡᠢ᠃ ᠰᠤᠷᠭᠠᠭᠤᠯᠢ ᠶᠢᠨ ᠵᠠᠰᠠᠯᠲᠠ ᠶᠢᠨ ᠬᠢᠷᠢ ᠲᠦᠪᠰᠢᠨ ᠪᠠ ᠵᠠᠰᠠᠯᠲᠠ ᠶᠢᠨ

ᠴᠢᠳᠠᠪᠤᠷᠢ ᠶᠢ ᠦᠨᠡᠨ ᠬᠦ ᠳᠡᠭᠡᠭᠰᠢᠯᠡᠭᠦᠯᠵᠦ᠂ ᠴᠢᠳᠠᠪᠤᠷᠢᠲᠠᠨ ᠢ ᠨᠠᠷᠢᠯᠢᠭ ᠣᠨᠣᠴᠠᠲᠠᠢ ᠣᠷᠣᠭᠤᠯᠤᠨ ᠠᠪᠴᠢᠷᠠᠬᠤ

ᠡᠷᠴᠢᠮ ᠢᠶᠠᠨ ᠴᠢᠩᠭᠠᠷᠠᠭᠤᠯᠤᠨ᠂ ᠥᠨᠳᠥᠷ ᠬᠢᠷᠢ ᠲᠦᠪᠰᠢᠨ ᠪᠦᠬᠦᠢ ᠪᠠᠭᠰᠢ ᠶᠢᠨ ᠡᠩᠨᠡᠭᠡ ᠶᠢ ᠪᠠᠶᠢᠭᠤᠯᠵᠤ᠂

ᠥᠪᠡᠷᠲᠡᠭᠡᠨ ᠵᠠᠰᠠᠬᠤ ᠣᠷᠣᠨ ᠤ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠴᠢᠨᠠᠷ ᠴᠢᠨᠰᠠᠭ᠎ᠠ ᠶᠢ

ᠳᠡᠭᠡᠭᠰᠢᠯᠡᠭᠦᠯᠦᠨ ᠳᠡᠰ ᠳᠡᠪᠰᠢᠭᠦᠯᠬᠦ ᠶᠢ ᠠᠬᠢᠭᠤᠯᠤᠨ᠂ ᠥᠪᠥᠷ ᠮᠣᠩᠭᠤᠯ ᠤᠨ ᠳᠡᠭᠡᠳᠦ ᠵᠡᠷᠭᠡ ᠶᠢᠨ ᠰᠤᠷᠭᠠᠨ

ᠬᠥᠮᠦᠵᠢᠯ ᠤᠨ ᠴᠢᠨᠠᠷᠯᠢᠭ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠦ

ᠴᠢᠬᠤᠯᠠᠴᠢᠯᠠᠪᠠ᠃

     ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠤᠳᠤᠷᠢᠳᠬᠤ ᠪᠠᠭ ᠤᠨ ᠭᠡᠰᠢᠭᠦᠨ᠂

ᠬᠤᠯᠪᠣᠭᠳᠠᠬᠤ ᠭᠠᠵᠠᠷ ᠲᠠᠰᠤᠭ ᠤᠨ ᠭᠤᠣᠯ ᠬᠠᠷᠢᠭᠤᠴᠠᠯᠭᠠᠲᠠᠨ᠂ ᠪᠦᠬᠦ ᠣᠷᠣᠨ ᠤ ᠶᠢᠰᠦᠨ ᠵᠢᠩᠬᠢᠨᠢ ᠠᠩᠭᠢᠲᠤ

ᠳᠡᠭᠡᠳᠦ ᠰᠤᠷᠭᠠᠭᠤᠯᠢ ᠶᠢᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号