ᠮᠠᠨ ᠤ ᠣᠷᠣᠨ ᠤ ᠨᠢᠭᠡᠨ ᠶᠡᠭᠡ ᠳᠡᠭᠡᠳᠦ ᠰᠤᠷᠭᠠᠭᠤᠯᠢ ᠶᠢᠨ ᠲᠥᠷᠥᠯ ᠵᠦᠢᠯ ᠰᠤᠷᠭᠠᠨ ᠬᠥᠮᠦᠵᠢᠯ ᠤᠨ ᠶᠠᠮᠤᠨ ᠤ ᠠᠩᠬᠠᠳᠠᠭᠴᠢ ᠪᠦᠯᠦᠭ ᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠤ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠭᠰᠡᠨ ᠳᠠᠭᠤᠷᠢᠶᠠᠯ ᠦᠵᠡᠭᠦᠯᠬᠦ ᠢᠨᠵᠧᠨᠧᠷᠢᠩ ᠤᠨ ᠲᠥᠷᠥᠯ ᠵᠦᠢᠯ ᠤᠨ ᠨᠡᠶᠢᠲᠡᠯᠢᠭ ᠬᠡᠷᠡᠭ ᠤᠨ ᠵᠢᠱᠢᠶ᠎ᠡ ᠪᠠᠷ ᠰᠣᠩᠭᠤᠭᠳᠠᠪᠠ
ᠨᠡᠶᠢᠲᠡᠯᠡᠭᠰᠡᠨ ᠴᠠᠭ᠄
2024/10/15
      ︽ᠶᠡᠭᠡ ᠳᠡᠭᠡᠳᠦ ᠰᠤᠷᠭᠠᠭᠤᠯᠢ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠵᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠢᠯᠯᠠᠭᠠᠨ ᠤ ᠲᠥᠯᠥᠪᠯᠡᠭᠡ ︵2018 - 2022           ᠣᠨ︶︾ ᠶᠢ ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠪᠦᠬᠦ ᠲᠠᠯ᠎ᠠ ᠪᠠᠷ ᠳ᠋ᠦᠩᠨᠡᠵᠦ᠂ ︽ᠠᠷᠪᠠᠨ ᠳᠥᠷᠪᠡᠳᠦᠭᠡᠷ ᠲᠠᠪᠤᠨ ᠵᠢᠯ︾  ᠤᠨ ᠲᠥᠯᠥᠪᠵᠢᠭᠦᠯᠭᠡ ᠶᠢᠨ ᠬᠤᠭᠤᠴᠠᠭᠠᠨ ᠤ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠳᠠᠭᠤᠷᠢᠶᠠᠯ ᠦᠵᠡᠭᠦᠯᠬᠦ ᠢᠨᠵᠧᠨᠧᠷᠢᠩ ᠤᠨ ᠲᠥᠷᠥᠯ ᠵᠦᠢᠯ ᠢ ᠡᠮᠬᠢ ᠵᠢᠷᠤᠮ ᠲᠠᠢ ᠥᠷᠨᠢᠭᠦᠯᠬᠦ ᠶᠢ ᠠᠬᠢᠭᠤᠯᠬᠤ ᠶᠢᠨ ᠲᠥᠯᠥᠭᠡ᠂ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠭᠰᠡᠨ ᠠᠩᠬᠠᠳᠠᠭᠴᠢ ᠪᠦᠯᠦᠭ ᠤᠨ ᠳᠠᠭᠤᠷᠢᠶᠠᠯ ᠦᠵᠡᠭᠦᠯᠬᠦ ᠢᠨᠵᠧᠨᠧᠷᠢᠩ ᠤᠨ ᠲᠥᠷᠥᠯ ᠵᠦᠢᠯ ᠤᠨ ᠨᠡᠶᠢᠲᠡᠯᠢᠭ ᠬᠡᠷᠡᠭ ᠤᠨ ᠵᠢᠱᠢᠶ᠎ᠡ ᠳᠤ ᠣᠷᠣᠭᠰᠠᠨ ᠨᠡᠷᠡᠰ ᠢ ᠨᠡᠶᠢᠲᠡᠯᠡᠪᠡ᠂ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠴᠠᠩ ᠽᠧ ᠾᠦᠢ ᠫᠷᠤᠹᠧᠰᠰᠤᠷ ᠤᠨ ᠳᠠᠭᠠᠭᠤᠯᠤᠭᠰᠠᠨ ᠪᠦᠯᠬᠦᠮ ᠤᠨ ︽ᠨᠠᠷᠠᠨ ᠤ ᠡᠨᠧᠷᠭᠢ ᠶᠢᠨ ᠲᠥᠬᠦᠭᠡᠷᠦᠮᠵᠢᠲᠦ ᠲᠠᠷᠢᠶᠠᠯᠠᠩ ᠤᠨ ᠬᠥᠷᠥᠰᠥ ᠰᠢᠷᠣᠢ ᠶᠢᠨ ᠤᠯᠠᠷᠢᠯ ᠠᠯᠤᠰᠯᠠᠨ ᠢᠯᠴᠢ ᠬᠠᠳᠠᠭᠠᠯᠠᠨ ᠬᠠᠩᠭᠠᠬᠤ ᠮᠡᠷᠭᠡᠵᠢᠯ ᠵᠢᠴᠢ ᠠᠵᠤ ᠦᠢᠯᠡᠰᠵᠢᠭᠦᠯᠦᠭᠰᠡᠨ ᠬᠡᠷᠡᠭᠯᠡᠯᠲᠡ︾ ᠨᠢ ︽ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠥᠲᠦᠭᠡᠯ ᠢ ᠤᠯᠠᠷᠢᠭᠤᠯᠬᠤ ᠳᠠᠭᠤᠷᠢᠶᠠᠯ ᠦᠵᠡᠭᠦᠯᠬᠦ ᠢᠨᠵᠧᠨᠧᠷᠢᠩ︾ ᠳᠤ ᠠᠮᠵᠢᠯᠲᠠ ᠲᠠᠢ ᠰᠣᠩᠭᠤᠭᠳᠠᠪᠠ᠃

1.webp.png

2.webp.png

3.webp.png

4.webp.png

5.webp.png

      ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ︽ᠲᠠᠪᠤᠨ ᠶᠡᠭᠡ ᠡᠭᠦᠷᠭᠡ︾ ᠶᠢ

ᠨᠠᠶᠢᠳᠠᠪᠤᠷᠢᠵᠢᠭᠤᠯᠬᠤ ᠳᠤ ᠦᠢᠯᠡᠴᠢᠯᠡᠬᠦ ᠪᠠᠷ ᠡᠭᠦᠷᠭᠡ ᠪᠣᠯᠭᠠᠵᠤ᠂ ᠵᠣᠬᠢᠶᠠᠨ ᠪᠠᠶᠢᠭᠤᠯᠤᠯᠲᠠ ᠲᠠᠢ ᠡᠷᠳᠡᠮ

ᠰᠢᠨᠵᠢᠯᠡᠭᠡᠨ ᠢ ᠬᠡᠷᠡᠭᠵᠢᠭᠦᠯᠵᠦ᠂ ᠣᠯᠠᠨ ᠬᠡᠯᠪᠡᠷᠢ  ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ

ᠪᠦᠲᠦᠭᠡᠯ ᠢ ᠤᠯᠠᠷᠢᠭᠤᠯᠬᠤ  ᠶᠢ ᠦᠷᠭᠦᠯᠵᠢᠯᠡᠨ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ

ᠮᠠᠨᠳᠤᠭᠤᠯᠬᠤ ᠳᠤ ᠬᠦᠴᠦᠨ ᠨᠡᠮᠡᠷᠢᠯᠡᠵᠦ ᠪᠣᠳᠠᠲᠤ ᠦᠷ᠎ᠡ ᠪᠦᠲᠦᠮᠵᠢ ᠣᠯᠪᠠ᠃

      ᠤᠮᠠᠷᠠᠲᠤ ᠣᠷᠣᠨ ᠤ ᠡᠪᠦᠯ ᠤᠨ ᠤᠯᠠᠷᠢᠯ ᠤᠨ ᠦᠢᠯᠡᠳᠪᠦᠷᠢᠯᠡᠯ ᠤᠨ ᠶᠠᠪᠤᠴᠠ ᠳᠤ ︽ᠳᠤᠯᠠᠭᠠᠨ ᠤ ᠬᠡᠮᠵᠢᠶ᠎ᠡ

ᠳᠣᠣᠷ᠎ᠠ᠂ ᠡᠨᠧᠷᠭᠢ ᠶᠢᠨ ᠬᠤᠷᠣᠭᠳᠠᠯ ᠶᠡᠭᠡ᠂ ᠡᠪᠡᠳᠴᠢᠨ  ᠤ ᠬᠥᠨᠥᠭᠡᠯ ᠶᠡᠭᠡ︾ ᠠᠰᠠᠭᠤᠳᠠᠯ ᠣᠷᠣᠰᠢᠵᠤ᠂ ᠮᠠᠨ ᠤ

ᠣᠷᠣᠨ ᠤ ᠲᠥᠬᠦᠭᠡᠷᠦᠮᠵᠢᠲᠦ ᠲᠠᠷᠢᠶᠠᠯᠠᠩ ᠮᠠᠯ ᠠᠵᠤ ᠠᠬᠤᠢ ᠶᠢᠨ ᠴᠢᠨᠠᠷᠯᠢᠭ ᠬᠥᠭᠵᠢᠯᠲᠡ ᠶᠢ ᠬᠦᠨᠳᠦ ᠨᠣᠴᠢᠲᠠᠢ

ᠬᠠᠷᠰᠢᠯᠠᠵᠤ᠂ ᠲᠠᠷᠢᠵᠤ ᠲᠡᠵᠢᠭᠡᠨ ᠦᠷᠡᠵᠢᠭᠦᠯᠬᠦ ᠡᠷᠦᠬᠡ ᠶᠢᠨ ᠭᠠᠷᠤᠯᠲᠠ ᠪᠠᠨ ᠨᠡᠮᠡᠭᠳᠡᠭᠦᠯᠵᠦ ᠣᠷᠣᠯᠭ᠎ᠠ ᠪᠠᠨ

ᠨᠡᠮᠡᠭᠳᠡᠭᠦᠯᠬᠦ ᠶᠢ ᠬᠠᠷᠰᠢᠯᠠᠳᠠᠭ᠃ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠴᠠᠩ

ᠽᠧ ᠾᠦᠢ ᠫᠷᠤᠹᠧᠰᠰᠤᠷ ᠤᠨ ᠳᠠᠭᠠᠭᠤᠯᠤᠭᠰᠠᠨ ᠪᠦᠯᠬᠦᠮ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠬᠤᠰᠢᠭᠤ

ᠰᠢᠶᠠᠨ ᠳᠤ ᠭᠦᠨᠵᠡᠭᠡᠶᠢᠷᠡᠨ ᠥᠯᠢᠭᠡᠷ ᠡᠳ᠋ ᠢ ᠪᠠᠶᠢᠴᠠᠭᠠᠨ ᠰᠤᠳᠤᠯᠵᠤ᠂ ᠨᠠᠷᠠᠨ ᠡᠨᠧᠷᠭᠢ ᠪᠠᠷ ᠢᠯᠴᠢ ᠶᠢᠨ ᠢᠷᠡᠯᠲᠡ

ᠪᠣᠯᠭᠠᠭᠰᠠᠨ᠂ ᠠᠭᠠᠷ ᠢᠶᠠᠷ ᠵᠠᠭᠤᠴᠢ ᠪᠣᠯᠭᠠᠭᠰᠠᠨ᠂ ᠬᠥᠷᠥᠰᠥ ᠰᠢᠷᠣᠢ ᠪᠠᠷ ︽ᠬᠠᠳᠠᠭᠠᠯᠠᠬᠤ ᠰᠠᠪᠠ︾ ᠪᠣᠯᠭᠠᠭᠰᠠᠨ ᠨᠠᠷᠠᠨ

ᠡᠨᠧᠷᠭᠢ ᠶᠢᠨ ᠲᠥᠬᠦᠭᠡᠷᠦᠮᠵᠢᠲᠦ ᠲᠠᠷᠢᠶᠠᠯᠠᠩ ᠤᠨ ᠬᠥᠷᠥᠰᠥ ᠰᠢᠷᠣᠢ ᠶᠢᠨ ᠤᠯᠠᠷᠢᠯ ᠠᠯᠤᠰᠯᠠᠨ ᠢᠯᠴᠢ ᠬᠠᠳᠠᠭᠠᠯᠠᠨ

ᠬᠠᠩᠭᠠᠬᠤ ᠮᠡᠷᠭᠡᠵᠢᠯ  ᠢ ᠰᠤᠳᠤᠯᠤᠨ ᠨᠡᠭᠡᠭᠡᠵᠦ᠂ ᠨᠠᠷᠠᠨ ᠡᠨᠧᠷᠭᠢ ᠶᠢᠨ ᠥᠨᠳᠥᠷ ᠦᠷ᠎ᠡ ᠠᠰᠢᠭ ᠲᠠᠢ ᠭᠡᠷᠡᠯ ᠢ

ᠬᠤᠪᠢᠷᠠᠭᠤᠯᠤᠨ ᠳᠠᠮᠵᠢᠭᠤᠯᠬᠤ ᠵᠢᠴᠢ ᠬᠥᠷᠥᠰᠥ ᠰᠢᠷᠣᠢ ᠶᠢᠨ ᠤᠯᠠᠷᠢᠯ ᠠᠯᠤᠰᠯᠠᠨ ᠡᠨᠧᠷᠭᠢ ᠬᠠᠳᠠᠭᠠᠯᠠᠬᠤ ᠵᠡᠷᠭᠡ

ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠢ ᠡᠵᠡᠮᠳᠡᠭᠰᠡᠨ ᠪᠥᠭᠡᠳ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ

ᠦᠷ᠎ᠡ ᠪᠦᠲᠦᠭᠡᠯ ᠢ ᠤᠯᠠᠷᠢᠭᠤᠯᠬᠤ ᠶᠢ ᠢᠳᠡᠪᠬᠢᠲᠡᠢ ᠬᠡᠷᠡᠭᠵᠢᠭᠦᠯᠵᠦ᠂ 4 ᠵᠦᠢᠯ ᠤᠨ ᠲᠤᠰᠬᠠᠢ ᠠᠰᠢᠭ ᠤᠨ

ᠮᠡᠷᠭᠡᠵᠢᠯ ᠤᠨ ᠵᠣᠭᠤᠰ ᠤᠨ ᠲᠤᠭ᠎ᠠ 475 ᠲᠦᠮᠡᠨ ᠲᠥᠭᠦᠷᠢᠭ ᠲᠤ ᠬᠦᠷᠴᠡᠢ᠃ ᠬᠢᠩᠭᠠᠨ ᠠᠶᠢᠮᠠᠭ ᠤᠨ ᠬᠤᠷᠴᠢᠨ

ᠪᠠᠷᠠᠭᠤᠨ ᠭᠠᠷᠤᠨ ᠡᠮᠦᠨᠡᠲᠦ ᠬᠤᠰᠢᠭᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ᠂ ᠬᠥᠬᠡᠬᠤᠲᠠ ᠶᠢᠨ

ᠦᠴᠤᠸᠠᠨ ᠰᠢᠶᠠᠨ ᠵᠡᠷᠭᠡ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠬᠤᠰᠢᠭᠤ ᠰᠢᠶᠠᠨ ᠳᠤ ᠲᠤᠰ ᠲᠤᠰ

ᠳᠠᠭᠤᠷᠢᠶᠠᠯ ᠦᠵᠡᠭᠦᠯᠬᠦ ᠢᠨᠵᠧᠨᠧᠷᠢᠩ 35 ᠶᠢ ᠪᠠᠶᠢᠭᠤᠯᠵᠤ᠂ ᠨᠠᠷᠠᠨ ᠤ ᠡᠨᠧᠷᠭᠢ ᠶᠢᠨ ᠬᠥᠯᠡᠮᠵᠢᠲᠦ ᠬᠥᠳᠡᠭᠡ

ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠤ ᠦᠢᠯᠡᠰ ᠤᠨ ᠬᠦᠷᠢᠶᠡᠯᠡᠩ 3 ᠶᠢ ᠪᠠᠶᠢᠭᠤᠯᠵᠤ᠂ ᠶᠡᠷᠦᠩᠬᠡᠢ ᠠᠵᠤ

ᠠᠬᠤᠢ ᠶᠢᠨ ᠬᠡᠪᠴᠢᠶ᠎ᠡ 1.1 ᠳ᠋ᠦᠩᠰᠢᠭᠤᠷ ᠲᠥᠭᠦᠷᠢᠭ ᠲᠤ ᠬᠦᠷᠦᠨ᠂ ᠡᠯ᠎ᠡ ᠭᠠᠵᠠᠷ ᠤᠨ ᠶᠠᠳᠠᠭᠤ ᠠᠴᠠ

ᠠᠩᠭᠢᠵᠢᠷᠠᠭᠤᠯᠤᠨ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ

ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠳᠤ ᠬᠦᠴᠦᠨ ᠨᠡᠮᠡᠷᠢᠯᠡᠪᠡ᠃ ᠠᠳᠠᠯᠢ

ᠬᠤᠭᠤᠴᠠᠭᠠᠨ ᠳᠤ᠂ ᠪᠦᠯᠬᠦᠮ ᠤᠨ ᠬᠢᠨ ᠭᠤᠣᠯᠳᠠᠯᠭ᠎ᠠ ᠲᠠᠢ ᠬᠤᠰᠢᠭᠤ ᠰᠢᠶᠠᠨ ᠳᠤ ︽ᠰᠢᠨᠵᠢᠯᠡᠬᠦ ᠤᠬᠠᠭᠠᠨ

ᠲᠧᠭᠨᠢᠭ ᠮᠡᠷᠭᠡᠵᠢᠯ ᠤᠨ ᠵᠢᠵᠢᠭ ᠥᠷᠲᠡᠭᠡ︾ 5 ᠶᠢ ᠪᠠᠶᠢᠭᠤᠯᠵᠤ᠂ ᠶᠡᠭᠡ ᠳᠡᠭᠡᠳᠦ ᠰᠤᠷᠭᠠᠭᠤᠯᠢ ᠶᠢᠨ ᠡᠷᠳᠡᠮ

ᠰᠢᠨᠵᠢᠯᠡᠭᠡᠨ ᠤ ᠦᠷ᠎ᠡ ᠪᠦᠲᠦᠭᠡᠯ ᠤᠨ ᠣᠷᠣᠨ ᠪᠦᠰᠡ ᠶᠢᠨ ᠠᠵᠤ ᠠᠬᠤᠢ ᠶᠢᠨ ᠬᠥᠭᠵᠢᠯᠲᠡ ᠳᠤ ᠦᠢᠯᠡᠴᠢᠯᠡᠬᠦ

ᠳᠠᠭᠠᠭᠠᠮᠠᠭᠠᠢ ᠪᠦᠲᠦᠮᠵᠢᠲᠡᠢ ᠲᠣᠭᠲᠠᠴᠠ ᠶᠢ ᠪᠠᠶᠢᠭᠤᠯᠤᠨ᠂ ᠡᠷᠳᠡᠮ ᠰᠢᠨᠵᠢᠯᠡᠭᠡᠨ ᠤ ᠠᠵᠢᠯᠲᠠᠳ ᠢ ᠬᠥᠲᠥᠯᠥᠨ

ᠵᠢᠯᠣᠭᠤᠳᠴᠤ ᠦᠢᠯᠡᠳᠪᠦᠷᠢᠯᠡᠯ ᠤᠨ ᠨᠢᠭᠡᠳᠦᠭᠡᠷ ᠹᠷᠣᠨᠲ ᠲᠤ ᠬᠦᠷᠴᠦ᠂ ᠦᠷ᠎ᠡ ᠪᠦᠲᠦᠭᠡᠯ ᠢ ᠤᠯᠠᠷᠢᠭᠤᠯᠬᠤ ᠶᠢ

ᠠᠬᠢᠭᠤᠯᠤᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠥᠪᠡᠷᠲᠡᠭᠡᠨ ᠵᠠᠰᠠᠬᠤ

ᠣᠷᠣᠨ ᠤ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ  ᠴᠢᠨᠠᠷᠯᠢᠭ ᠬᠥᠭᠵᠢᠯᠲᠡ ᠳᠤ ᠬᠦᠴᠦᠨ

ᠨᠡᠮᠡᠷᠢᠯᠡᠵᠦ᠂ ᠤᠯᠤᠰ ᠤᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ

ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠪᠠ ᠬᠢᠯᠢ ᠬᠢᠵᠠᠭᠠᠷ ᠢ ᠪᠠᠬᠢᠵᠢᠭᠦᠯᠵᠦ ᠬᠢᠯᠢ ᠬᠢᠵᠠᠭᠠᠷ ᠢ

ᠬᠦᠴᠦᠷᠬᠡᠭᠵᠢᠭᠦᠯᠦᠨ ᠠᠷᠠᠳ ᠢ ᠪᠠᠶᠠᠵᠢᠭᠤᠯᠬᠤ ᠶᠢ ᠠᠬᠢᠭᠤᠯᠬᠤ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ

ᠲᠤᠯᠭᠠᠭᠤᠷᠢᠯᠠᠯ ᠬᠠᠩᠭᠠᠪᠠ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号